| | | ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠤᠯᠠᠮ ᠨᠢᠭᠡ ᠠᠯᠬᠤᠮ ᠴᠢᠩᠭᠠᠳᠬᠠᠨ᠂ ᠬᠤᠭᠤᠴᠠᠭ᠎ᠠ | ᠰᠤᠯᠢᠬᠤ ᠠᠵᠢᠯ ᠤᠨ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠯᠳᠠ ᠪᠠᠨ ᠴᠢᠩᠭᠠᠳᠬᠠᠵᠤ᠂ ᠬᠤᠰᠢᠭᠤ ᠰᠢᠶᠠᠨ | ᠳᠤᠭᠤᠷᠢᠭ᠂ ᠰᠤᠮᠤ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨᠤᠷᠤᠭᠰᠢᠳᠡᠢ | ᠶᠠᠪᠤᠭᠳᠠᠬᠤ ᠶᠢ ᠪᠠᠳᠤᠯᠠᠬᠤ ᠶᠢᠨ ᠲᠦᠯᠦᠭᠡ᠂ ᠵᠠᠩ ᠯᠢ ᠱᠦᠵᠢ ᠶᠢᠨ ᠪᠦᠬᠦ ᠤᠷᠤᠨ᠂ ᠬᠤᠳᠠ᠂ ᠬᠤᠰᠢᠭᠤ ᠰᠢᠶᠠᠨ | ᠂ ᠰᠤᠮᠤ ᠪᠠᠯᠭᠠᠰᠤᠨ ᠤ ᠬᠤᠭᠤᠴᠠᠭ᠎ᠠ ᠰᠤᠯᠢᠬᠤ ᠬᠡᠪ ᠰᠤᠷᠳᠠᠯ ᠢ ᠬᠢᠨᠠᠨ ᠪᠠᠶᠢᠴᠠᠭᠠᠬᠤ ᠬᠤᠷᠠᠯ ᠲᠡᠭᠡᠷᠡᠬᠢ ᠶᠠᠷᠢᠶᠠᠨ | ᠤ ᠱᠠᠭᠠᠷᠳᠠᠯᠭ᠎ᠠ ᠶᠤᠰᠤᠭᠠᠷ᠂ ᠪᠠᠭᠠᠷᠢᠨ ᠪᠠᠷᠠᠭᠤᠨ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠤᠳᠤᠷᠢᠳᠬᠤ ᠲᠤᠭᠤᠶᠢᠯᠠᠩ | ᠪᠠᠶᠢᠭᠤᠯᠵᠤ᠂ ᠤᠳᠤᠷᠢᠳᠬᠤ ᠲᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠰᠠᠬᠢᠯᠭ᠎ᠠ ᠪᠠᠳᠤ ᠪᠠᠶᠢᠴᠠᠭᠠᠬᠤ | ᠬᠤᠷᠢᠶᠠᠨ ᠤ ᠨᠠᠮ ᠤᠨ ᠰᠤᠷᠳᠠᠯ ᠪᠠ ᠵᠠᠰᠠᠭ ᠵᠠᠬᠢᠷᠭᠠᠨ ᠤ ᠰᠤᠷᠳᠠᠯ ᠤᠨ ᠠᠯᠪᠠᠨ ᠬᠡᠷ ᠲᠤ ᠲᠤᠬᠢᠷᠠᠭᠤᠯᠤᠨ᠂ ᠡᠳᠤᠷ | ᠲᠤᠳᠤᠮ ᠤᠨ ᠠᠵᠢᠯ ᠢ ᠬᠠᠷᠢᠭᠤᠴᠠᠭᠤᠯᠬᠤ ᠪᠠᠷ ᠳᠤᠭᠲᠠᠪᠠ᠃ | ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠤᠳᠤᠷᠢᠳᠬᠤ ᠲᠤᠭᠤᠶᠢᠯᠠᠩ | ᠤᠨ ᠲᠤᠰᠢᠶᠠᠯ ᠬᠠᠷᠢᠭᠤᠴᠠᠯᠭ᠎ᠠ᠄ | ︵ᠨᠢᠭᠡ︶ ᠢᠯᠡᠴᠢᠯᠠᠨ ᠮᠡᠳᠡᠬᠦᠯᠬᠦ ᠠᠷᠭ᠎ᠠ ᠵᠠᠮ ᠢ ᠰᠢᠯᠤᠭᠤᠳᠬᠠᠨ᠂ ᠤᠯᠠᠨ ᠲᠦᠮᠡᠨ ᠤ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠴᠤ ᠨᠠᠷᠢᠨ ᠬᠢᠨᠠᠮᠠᠭᠠᠢ ᠰᠡᠢᠳᠪᠦᠷᠢᠯᠡᠵᠤ᠂ ᠬᠤᠭᠤᠴᠠᠭ᠎ᠠ ᠰᠤᠯᠢᠬᠤ ᠠᠵᠢᠯ ᠤᠨ | ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠢ ᠲᠤᠰᠬᠠᠭᠰᠠᠨ ᠰᠦᠪᠡᠭᠴᠢ ᠶᠢ ᠤᠷᠢᠳᠠᠪᠠᠷ ᠰᠢᠢᠳᠪᠦᠷᠢᠯᠡᠨ᠎ᠡ᠃ ︵ | ᠬᠤᠶᠠᠷ︶ ᠰᠠᠬᠢᠯᠭ᠎ᠠ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠳᠭᠡᠨ᠎ᠡ᠃ ᠬᠠᠷᠭᠤᠭᠤᠯᠤᠨ | ᠪᠠᠶᠢᠴᠠᠭᠠᠬᠤ ᠪᠠᠶᠢᠭᠤᠯᠤᠮᠵᠢ ᠶᠢ ᠪᠠᠶᠢᠭᠤᠯᠵᠤ᠂ ᠢᠯᠡᠷᠡᠭᠦᠯᠦᠭᠰᠡᠨ ᠠᠰᠠᠭᠤᠳᠠᠯ ᠢ ᠲᠠᠷᠤᠢ ᠲᠦᠷᠭᠡᠨ ᠲᠤᠰᠬᠠᠨ᠂ ᠴᠠᠭ | ᠳᠤᠬᠠᠢ ᠳᠤᠨᠢ ᠪᠠᠶᠢᠴᠠᠭᠠᠨ ᠰᠢᠳᠭᠡᠨ᠎ᠡ᠃ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢ ᠵᠦᠷᠢᠴᠡᠭᠰᠡᠨ ᠨᠡᠶᠢᠲᠡᠯᠢᠭ | ᠬᠡᠷᠡᠭ ᠢ ᠢᠯᠡᠴᠢᠯᠡᠨ ᠮᠡᠳᠡᠭᠦᠯᠬᠦ ᠡᠷᠴᠢᠮ ᠢᠶᠠᠨ ᠴᠢᠩᠭᠠᠷᠠᠭᠤᠯᠤᠨ᠂ ᠨᠢᠭᠡ ᠶᠢ ᠪᠠᠶᠢᠴᠠᠭᠠᠵᠤ ᠭᠠᠷᠭᠠᠪᠠᠯ ᠨᠢᠭᠡ ᠶᠢ | ᠮᠡᠳᠡᠭᠳᠡᠵᠦ᠂ ᠰᠡᠷᠡᠮᠵᠢᠯᠡᠭᠦᠯᠬᠦ ᠪᠠ ᠵᠢᠷᠦᠬᠡᠰᠢᠶᠡᠬᠦ ᠦᠢᠯᠡᠳᠦᠯ ᠦᠵᠡᠭᠦᠯᠦᠨ᠎ᠡ᠃ ︵ ᠭᠤᠷᠪᠠ︶ ᠰᠤᠷᠠᠭ ᠵᠠᠩᠬᠢ ᠶᠢᠨ | ᠨᠡᠪᠳᠡᠷᠡᠯᠴᠡᠭᠡ ᠪᠠᠨ ᠴᠢᠩᠭᠠᠳᠬᠠᠨ᠎ᠠ᠃ ᠬᠤᠭᠤᠴᠠᠭ᠎ᠠ ᠰᠤᠯᠢᠬᠤ ᠬᠤᠭᠤᠴᠠᠭᠠᠨ ᠳᠤ᠂ ᠬᠤᠰᠢᠭᠤᠨ ᠤ ᠨᠠᠮ ᠤᠨ | ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠲᠤᠤᠷ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠯᠭ᠎ᠠ | ᠲᠠᠢ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢᠨ ᠰᠤᠷᠠᠭ ᠵᠠᠩᠬᠢ ᠶᠢ ᠬᠠᠮᠳᠤ ᠪᠠᠷ ᠡᠳ᠋ᠯᠡᠬᠦ ᠳᠤᠭᠲᠠᠴᠠ | ᠶᠢ ᠪᠠᠶᠢᠭᠤᠯᠤᠨ᠂ ᠦᠷᠭᠦᠯᠵᠢ ᠬᠠᠷᠢᠴᠠᠵᠤ᠂ ᠬᠠᠮᠢᠶ᠎ᠠ ᠪᠦᠬᠦᠢ ᠰᠤᠷᠠᠭ ᠵᠠᠩᠬᠢ ᠶᠢ ᠴᠠᠭ ᠲᠤᠬᠠᠢ ᠳᠤᠨᠢ | ᠨᠠᠪᠳᠡᠷᠡᠯᠴᠡᠨ ᠰᠤᠯᠢᠯᠴᠠᠨ᠎ᠠ᠃ ᠵᠠᠭᠤᠴᠢᠰ ᠢᠯᠠᠩᠭᠤᠶ᠎ᠠ ᠰᠦᠯᠵᠢᠶ᠎ᠡ ᠳᠡᠭᠡᠷ᠎ᠡ ᠳᠤᠰᠬᠠᠭᠰᠠᠨ ᠠᠰᠠᠭᠤᠳᠠᠯ ᠢ ᠲᠡᠷᠡ | ᠳᠠᠷᠤᠢ ᠳᠤᠨᠢ ᠳᠤᠰᠬᠠᠵᠤ᠂ ᠳᠠᠷᠤᠢ ᠲᠦᠷᠭᠡᠨ ᠠᠷᠭᠠᠴᠠᠬᠤ ᠠᠷᠭ᠎ᠠ ᠬᠡᠮᠵᠢᠶ᠎ᠡ ᠠᠪᠤᠨ᠎ᠠ᠃ ︵ᠲᠦᠷᠪᠡ︶ ᠠᠵᠢᠯ ᠤᠨ | ᠬᠢᠨᠠᠨ ᠪᠠᠶᠢᠴᠠᠭᠠᠯᠳᠠ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ | ᠶᠢ ᠰᠤᠷᠤᠯᠴᠠᠨ ᠤᠬᠠᠭᠤᠯᠤᠭᠰᠠᠨ ᠪᠠᠶᠢᠳᠠᠯ᠂ ᠬᠤᠭᠤᠴᠠᠭ᠎ᠠ ᠰᠤᠯᠢᠬᠤ ᠠᠵᠢᠯ ᠤᠨ ᠰᠠᠬᠢᠯᠭ᠎ᠠ ᠪᠠᠳᠤ ᠶᠢ ᠵᠦᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠡᠢᠳᠬᠡᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠰᠠᠬᠢᠯᠭ᠎ᠠ ᠪᠠᠳᠤ | ᠶᠢ ᠬᠡᠷᠡᠭᠵᠢᠭᠦᠯᠬᠦ ᠪᠠᠷ ᠰᠤᠯᠠ᠂ ᠵᠠᠳᠠᠭᠠᠢ ᠪᠠᠶᠢᠳᠠᠯ ᠡᠷᠡᠰ ᠬᠤᠷᠢᠭᠯᠠᠵᠦ ᠵᠠᠯᠠᠷᠠᠭᠤᠯᠤᠨ᠎ᠠ᠃ | ᠢᠯᠡᠴᠢᠯᠡᠨ ᠮᠡᠳᠡᠭᠦᠯᠬᠦ ᠤᠳᠠᠰᠤ᠄ 0476 —6216166 18748095599 | | ᠳᠤᠮᠳᠠᠳᠤ ᠤᠯᠤᠰ ᠤᠨ ᠡᠪ ᠬᠠᠮᠳᠤ ᠨᠠᠮ ᠤᠨ ᠪᠠᠭᠠᠷᠢᠨ ᠪᠠᠷᠠᠭᠤᠨ ᠬᠤᠰᠢᠭᠤᠨ ᠤ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠯᠪᠠᠨ ᠭᠡᠷ | 2016 ᠤᠨ ᠤ 4 ᠰᠠᠷ᠎ᠠ ᠶᠢᠨ 14 ᠤ ᠡᠳᠦᠷ |