| | ᠪᠠᠭᠠᠷᠢᠨ ᠪᠠᠷᠠᠭᠤᠨ ᠬᠤᠰᠢᠭᠤᠨ ᠤ ᠲᠠᠷᠬᠠᠨ ᠬᠡᠦᠬᠡᠳ ᠤᠨ ᠴᠡᠴᠡᠷᠯᠢᠭ ᠪᠤᠯ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠪᠡᠯᠡ ᠤᠷᠤᠭᠤᠯᠵᠤ | ᠰᠢᠨ᠎ᠡ ᠪᠠᠷ ᠪᠠᠶᠢᠭᠤᠯᠤᠭᠰᠠᠨ ᠮᠤᠩᠭᠤᠯ ᠬᠡᠦᠬᠡᠳ ᠤᠨ ᠴᠡᠴᠡᠷᠯᠢᠭ ᠶᠤᠮ᠃ ᠲᠤᠰ ᠴᠡᠴᠡᠷᠯᠢᠭ ᠳ᠋ᠠᠪᠠᠨ ᠪᠠᠯᠭᠠᠰᠤᠨ ᠤ ᠰᠤᠷᠭᠠᠨ ᠬᠦᠮᠦᠵᠢᠯ ᠤᠨ ᠲᠤᠭᠤᠷᠢᠭ ᠲᠤ | ᠪᠠᠶᠢᠷᠢᠯᠠᠵᠤ᠂ ᠡᠵᠡᠯᠡᠵᠤ ᠪᠦᠬᠦᠢ ᠭᠠᠵᠠᠷ ᠤᠨ ᠲᠠᠯᠠᠪᠠᠢ ᠨᠢ 8000 ᠲᠡᠭᠰᠢ ᠲᠦᠷᠪᠡᠯᠵᠢᠨ ᠮᠧᠲᠷ᠂ ᠬᠡᠷ ᠪᠠᠷᠢᠯᠭ᠎ᠠ ᠶᠢᠨ ᠲᠠᠯᠠᠪᠠᠢ ᠨᠢ 2680 ᠲᠡᠭᠰᠢ | ᠲᠦᠷᠪᠡᠯᠵᠢᠨ ᠮᠧᠲᠷ᠂ ᠦᠨᠳᠦᠰᠦᠨ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠨᠢ 610 ᠲᠦᠮᠡᠨ ᠲᠦᠬᠦᠷᠢᠭ ᠲᠤ ᠬᠦᠷᠴᠦ᠂ ᠪᠡᠯᠡᠳᠬᠡᠯ | ᠲᠦᠬᠦᠬᠡᠷᠦᠮᠵᠢ ᠵᠢᠭᠠᠬᠤ ᠬᠡᠷᠡᠭᠰᠡᠯ ᠳᠤ 78 ᠲᠦᠮᠡᠨ ᠲᠦᠬᠦᠷᠢᠭ ᠵᠠᠷᠤᠴᠠᠭᠤᠯᠵᠤ᠂ ᠤᠶᠤᠨ ᠴᠢᠳᠠᠪᠬᠢ᠂ ᠡᠨᠧᠷᠬᠢ ᠠᠷᠪᠢᠯᠠᠬᠤ᠂ ᠨᠤᠭᠤᠭᠠᠷᠠᠭᠤᠯᠬᠤ᠂ | ᠭᠤᠶᠤᠵᠢᠭᠤᠯᠬᠤ᠂ ᠠᠷᠢᠭᠤᠨ ᠴᠡᠪᠡᠷ ᠢ ᠨᠢᠬᠡ ᠴᠤᠭᠴᠠᠵᠢᠭᠤᠯᠤᠭᠰᠠᠨ ᠲᠤᠬᠢᠯᠢᠭ ᠴᠡᠪᠡᠷ ᠬᠦᠮᠦᠵᠢᠯ ᠤᠨ ᠤᠷᠴᠢᠨ᠂ ᠰᠤᠷᠬᠤ ᠨᠠᠰᠤᠨ ᠠᠴᠠ ᠡᠮᠦᠨᠡᠬᠢ ᠬᠡᠦᠬᠡᠳ ᠤᠨ | ᠪᠡᠶ᠎ᠠ ᠰᠡᠳᠬᠢᠯ᠂ ᠤᠶᠤᠨ ᠤᠬᠠᠭᠠᠨ᠂ ᠡᠷᠡᠬᠦᠯ ᠰᠠᠶᠢᠬᠠᠨ ᠦᠰᠦᠨ ᠪᠤᠶᠢᠵᠢᠬᠤ ᠨᠦᠭᠦᠴᠡᠯ ᠪᠦᠷᠢᠳᠦᠭᠰᠡᠨ ᠦᠨᠳᠦᠰᠦᠳᠡᠨ ᠤ ᠬᠡᠦᠬᠡᠳ ᠪᠠᠭᠠᠴᠤᠳ ᠤᠨ ᠤᠬᠢ | ᠰᠢᠯᠢᠳᠡᠭ ᠰᠤᠷᠭᠠᠨ ᠬᠦᠮᠦᠵᠢᠯ ᠬᠦᠷᠳᠡᠬᠦ ᠬᠦᠰᠡᠯᠡᠩ ᠤᠨ ᠤᠷᠤᠨ ᠪᠤᠯᠤᠭᠰᠠᠨ ᠪᠠᠶᠢᠨ᠎ᠠ᠃ | ᠲᠤᠰ ᠴᠡᠴᠡᠷᠯᠢᠭ ᠨᠢ 2015 ᠣᠨ ᠤ 3 ᠰᠠᠷ᠎ᠠ ᠶᠢᠨ 9 ᠤ ᠡᠳᠦᠷ ᠵᠢᠩᠬᠢᠨᠢ ᠪᠠᠷ ᠡᠬᠦᠳᠠ ᠪᠠᠨ ᠨᠡᠭᠡᠭᠡᠵᠤ ᠡᠷᠦᠬᠡ ᠪᠠᠨ ᠪᠣᠰᠬᠠᠵᠣ᠂ ᠤᠳᠤ ᠪᠤᠯᠬᠤ ᠳᠤ | ᠨᠡᠶᠢᠳᠠ 8 ᠠᠩᠬᠢ 176 ᠬᠡᠦᠬᠡᠳᠲ᠋ᠠᠢ᠂ 39 ᠨᠡᠷ᠎ᠠ ᠪᠠᠭᠰᠢ ᠠᠵᠢᠯᠳᠠᠨ ᠲᠠᠢ᠂ ᠡᠬᠦᠨ ᠳᠤ ᠲᠤᠰᠬᠠᠢ ᠬᠢᠴᠢᠶᠡᠯᠯᠡᠭᠴᠢ ᠪᠠᠭᠰᠢ 26 ᠨᠡᠷ᠎ᠠ ᠪᠠᠶᠢᠵᠤ᠂ ᠲᠤᠰᠬᠠᠢ | ᠮᠡᠷᠬᠡᠵᠢᠯ ᠤᠨ ᠬᠢᠷᠢ ᠲᠡᠩᠴᠡᠭᠰᠡᠨ ᠨᠤᠷᠮ᠎ᠠ 100% ᠳᠤ ᠬᠦᠷᠦᠭᠰᠡᠨ ᠪᠠᠶᠢᠨ᠎ᠠ᠃ | ᠡᠶᠢᠨᠬᠦ ᠪᠠᠭᠠᠷᠢᠨ ᠨᠤᠳᠤᠭ ᠤᠨ ᠢᠶᠠᠨ ᠰᠤᠶᠤᠯ ᠤᠨ ᠬᠦᠷᠦᠰᠦᠨ ᠳᠤ ᠰᠢᠨ᠎ᠡ ᠨᠢᠬᠡᠨ ᠰᠤᠶᠤᠯ ᠤᠨ ᠭᠤᠯᠤᠮᠳᠠ ᠶᠢ ᠨᠤᠴᠤᠭᠠᠨ ᠭᠦᠭᠵᠢᠬᠡᠭᠰᠡᠨ ᠲᠠᠷᠬᠠᠨ ᠬᠡᠦᠬᠡᠳ | ᠤᠨ ᠴᠡᠴᠡᠷᠯᠢᠭ ᠨᠢ᠂ ᠬᠤᠶᠢᠰᠢᠳᠠ ᠪᠠᠨ ︽ᠬᠦᠮᠦᠨ ᠢᠶᠠᠷ ᠦᠨᠳᠦᠰᠦ ᠪᠤᠯᠭᠠᠵᠤ᠂ ᠬᠡᠦᠬᠡᠳ ᠪᠠᠭᠰᠢ ᠬᠠᠮᠳᠤᠪᠠᠷ ᠬᠦᠮᠦᠵᠢᠨ ᠡᠶ᠎ᠡ ᠵᠤᠬᠢᠴᠠᠯᠳᠢ ᠭᠦᠭᠵᠢᠬᠦ︾ | ᠴᠡᠴᠡᠷᠯᠢᠭ ᠡᠷᠬᠢᠯᠡᠬᠦ ᠤᠶᠢᠯᠠᠭᠠᠭᠳᠠᠬᠤᠨ ᠤ ᠲᠤᠭᠤᠷᠢᠨ ᠳᠤ ᠰᠠᠭᠤᠷᠢ ᠪᠦᠳᠦᠬᠡᠨ ᠪᠠᠶᠢᠭᠤᠯᠤᠯᠳᠠ ᠪᠠᠨ ᠤᠯᠠᠮ ᠨᠢᠬᠡ ᠠᠯᠬᠤᠮ ᠴᠢᠩᠭᠠᠳᠬᠠᠨ᠂ ᠬᠠᠮᠢᠶᠠᠷᠤᠯᠳᠠ ᠪᠠᠨ | ᠲᠦᠷᠢᠮᠵᠢᠬᠦᠯᠦᠨ᠂ ᠲᠦᠷᠢᠮ ᠲᠤᠭᠳᠠᠭᠠᠯ ᠢᠶᠠᠨ ᠲᠡᠬᠦᠯᠳᠡᠷᠵᠢᠬᠦᠯᠵᠤ᠂ ᠠᠰᠠᠷᠠᠬᠤ᠂ ᠬᠦᠮᠦᠵᠢᠬᠦᠯᠬᠦ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠦᠨ᠂ ᠴᠡᠴᠡᠷᠯᠢᠭ ᠡᠷᠬᠢᠯᠡᠬᠦ | ᠦᠪᠡᠷᠮᠢᠴᠡ ᠤᠨᠴᠠᠯᠢᠭ ᠢᠶᠠᠨ ᠲᠤᠪᠤᠶᠢᠯᠭᠠᠨ᠂ ᠦᠢᠯᠡᠴᠢᠯᠡᠬᠡᠨ ᠤ ᠲᠠᠨᠢᠯᠳᠠ ᠪᠠᠨ ᠲᠡᠭᠡᠭᠰᠢᠯᠡᠬᠦᠯᠦᠨ ︽ᠮᠡᠷᠡᠶᠢᠨ ᠠᠵᠢᠯᠯᠠᠵᠤ᠂ ᠬᠠᠶᠢᠷ᠎ᠠ ᠪᠠᠷ ᠬᠦᠮᠦᠵᠢᠬᠦᠯᠦᠨ᠂ | ᠦᠨᠡᠨᠴᠢ ᠪᠠᠷ ᠦᠢᠯᠡᠴᠢᠯᠡᠬᠦ︾ ᠠᠵᠢᠯ ᠤᠨ ᠰᠣᠷᠳᠠᠯ ᠢ ᠪᠤᠢ ᠪᠤᠯᠭᠠᠨ᠂ ᠬᠡᠦᠬᠡᠳ ᠤᠳ ᠪᠠᠭ᠋ᠠᠳᠤᠯᠳᠠᠢ᠂ ᠬᠡᠷ ᠤᠨ ᠠᠬᠠᠮᠠᠳ ᠬᠠᠨᠤᠮᠵᠢᠳᠠᠢ᠂ ᠨᠡᠶᠢᠬᠡᠮ ᠨᠡᠶᠢᠳᠠ ᠳᠤ | ᠮᠡᠳᠡᠷᠡᠭᠳᠡᠭᠰᠡᠨ ᠰᠢᠯᠢᠳᠡᠭ ᠬᠦᠮᠦᠵᠢᠯ ᠤᠨ ᠤᠷᠴᠢᠨ ᠢ ᠪᠦᠳᠦᠬᠡᠨ ᠪᠠᠶᠢᠭᠤᠯᠬᠤ ᠪᠠᠷ ᠴᠢᠷᠮᠠᠶᠢᠨ ᠠᠵᠢᠯᠯᠠᠬᠤ ᠪᠣᠯᠣᠨ᠎ᠠ᠃ |