| | ᠤᠯᠠᠭᠠᠨᠬᠠᠳᠠ ᠬᠤᠳᠠ ᠶᠢᠨ ᠵᠤᠤ ᠤᠳᠠ ᠡᠮᠡᠭᠳᠠᠶᠢᠴᠤᠳ ᠤᠨ ᠦᠷᠬᠦᠯᠵᠢᠯᠡᠨ ᠭᠦᠭᠵᠢᠬᠦᠯᠬᠦ ᠨᠡᠶᠢᠬᠡᠮᠯᠢᠭ ᠤᠨ ᠪᠠᠭᠠᠷᠢᠨ ᠪᠠᠷᠠᠭᠤᠨ ᠬᠤᠰᠢᠭᠤᠨ ᠤ ᠬᠡᠷᠡᠭ | ᠡᠷᠬᠢᠯᠡᠬᠦ ᠭᠠᠵᠠᠷ ᠨᠢ 2001 ᠤᠨ ᠤ 1ᠰᠠᠷ᠎ᠠ ᠳᠤ ᠪᠠᠶᠢᠭᠤᠯᠤᠭᠳᠠᠵᠤ᠂ ᠠᠷᠪᠠᠭᠠᠳ ᠠᠵᠢᠯᠳᠠᠨ ᠲᠠᠢ᠃ ᠬᠡᠷᠡᠭ ᠡᠷᠬᠢᠯᠡᠬᠦ ᠭᠠᠵᠠᠷ ᠨᠢ 10 ᠵᠢᠯ ᠵᠠᠯᠭᠠᠪᠠᠷ | ᠤᠯᠠᠭᠠᠨᠬᠠᠳᠠ ᠬᠤᠳᠠ ᠶᠢᠨ ᠲᠡᠷᠢᠬᠦᠨ ᠤ ᠪᠦᠯᠬᠦᠮ ᠨᠢᠬᠡᠴᠡ ᠪᠠᠷ ᠦᠨᠡᠯᠡᠭᠳᠡᠨ᠂ 4 ᠨᠡᠷ᠎ᠠ ᠠᠵᠢᠯᠳᠠᠨ ᠪᠤᠯᠤᠨ 5 ᠨᠡᠷ᠎ᠠ ᠬᠡᠷᠡᠭᠯᠡᠭᠴᠢᠳ ᠨᠢ ᠲᠤᠰ ᠲᠤᠰ ᠳᠠᠭᠠᠨ | ᠲᠤᠮᠳᠠᠳᠤ ᠤᠯᠤᠰ ᠤᠨ ᠮᠦᠩᠬᠦᠨ ᠬᠦᠢᠯᠬᠡᠬᠡᠨ ᠤ ᠦᠢᠯᠡᠰ ᠤᠨ ︵ᠬᠤᠸᠠ ᠴᠢ ᠪᠦᠯᠦᠭᠯᠡᠯ︶ ᠤᠨ ᠵᠢᠵᠢᠭ ᠬᠡᠯᠪᠡᠷᠢ ᠶᠢᠨ ᠡᠬᠦᠳᠦᠨ ᠪᠦᠳᠦᠬᠡᠬᠦ ᠱᠠᠩᠨᠠᠯ ᠤᠨ | ᠨᠢᠬᠡᠳᠦᠬᠡᠷ᠂ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠢ ᠲᠤᠰᠴᠦ ᠦᠩᠬᠡᠷᠡᠭᠰᠡᠨ ᠪᠠ ᠵᠢᠬᠡᠯᠡᠯᠬᠡ ᠲᠠᠯᠪᠢᠭᠴᠢ ᠴᠡᠯᠮᠡᠭ ᠨᠦᠬᠦᠷ ᠪᠦᠬᠦ ᠤᠯᠤᠰ ᠤᠨ ᠠᠷᠪᠠᠨ | ᠰᠤᠳᠤᠨ ︽ᠬᠦᠳᠡᠭᠡ ᠲᠤᠰᠬᠤᠨ ᠤ ᠬᠠᠮᠤᠭ ᠰᠠᠶᠢᠬᠠᠨ ᠵᠢᠬᠡᠯᠡᠯᠬᠡ ᠲᠠᠯᠪᠢᠭᠴᠢ︾ ᠶᠢᠨ ᠴᠤᠯᠠ ᠶᠢ ᠬᠦᠷᠳᠡᠭᠰᠡᠨ ᠶᠤᠮ᠃ | ᠬᠡᠷᠡᠭ ᠡᠷᠬᠢᠯᠡᠬᠦ ᠭᠠᠵᠠᠷ ᠨᠢ ᠨᠡᠶᠢᠬᠡᠮᠯᠢᠭ ᠤᠨ ᠤᠯᠤᠰ ᠤᠨ ᠲᠤᠳᠤᠭᠠᠳᠤ ᠭᠠᠳᠠᠭᠠᠳᠤ ᠶᠢᠨ ᠲᠡᠮᠵᠢᠯᠬᠡ ᠶᠢ ᠠᠰᠢᠭᠯᠠᠨ᠂ ᠵᠢᠬᠡᠯᠡᠯᠬᠡ ᠮᠡᠷᠬᠡᠵᠢᠯ ᠤᠨ ᠲᠡᠮᠵᠢᠯᠬᠡ | ᠵᠢᠴᠢ ᠵᠠᠬ᠎ᠠ ᠲᠡᠯᠬᠡᠬᠦᠷ ᠤᠨ ᠮᠡᠳᠡᠭᠡ ᠵᠠᠩᠬᠢ ᠬᠠᠩᠭᠠᠬᠤ ᠬᠡᠯᠪᠡᠷᠢ ᠪᠠᠷ ᠲᠠᠮᠵᠢᠵᠤ᠂ ᠡᠮᠡᠭᠳᠠᠶᠢᠴᠤᠳ ᠤᠨᠴᠤᠭᠤᠶᠢᠯᠠᠨ ᠶᠠᠳᠠᠭᠤ ᠬᠦᠴᠢᠷᠳᠠᠢ ᠡᠮᠡᠭᠳᠠᠶᠢᠴᠤᠳ ᠤᠨ | ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠶᠠᠳᠠᠭᠤ ᠬᠦᠴᠢᠷᠳᠠᠢ ᠬᠦᠮᠦᠰ ᠢ ᠬᠠᠪᠰᠤᠷᠤᠨ ᠦᠪᠡᠷ ᠤᠨ ᠬᠦᠴᠦᠨ ᠢᠶᠠᠷ ᠢᠶᠠᠨ ᠲᠡᠭᠵᠢᠷᠡᠵᠤ᠂ ᠤᠯᠠᠭᠠᠨᠬᠠᠳᠠ | ᠬᠤᠳᠠ ᠶᠢᠨ ᠶᠠᠳᠠᠭᠤ ᠶᠢ ᠲᠡᠳᠬᠦᠬᠦ ᠦᠢᠯᠡᠰ ᠪᠤᠯᠤᠨ ᠨᠡᠶᠢᠬᠡᠮ᠂ ᠠᠵᠤ ᠠᠬᠤᠢ᠂ ᠤᠷᠴᠢᠨ ᠲᠤᠭᠤᠷᠢᠨ ᠤ ᠭᠦᠭᠵᠢᠯᠳᠠ ᠶᠢ ᠠᠬᠢᠭᠤᠯᠬᠤ ᠵᠤᠷᠢᠯᠳᠠ ᠶᠢ | ᠪᠠᠷᠢᠮᠳᠠᠯᠠᠭᠰᠠᠭᠠᠷ ᠢᠷᠡᠪᠡ᠃ ᠤᠳᠤ ᠲᠤᠰ ᠬᠡᠷᠡᠭ ᠡᠷᠬᠢᠯᠡᠬᠦ ᠭᠠᠵᠠᠷ ᠨᠢ ᠪᠠᠭ᠎ᠠ ᠨᠤᠷᠮᠠᠳᠤ ᠵᠢᠬᠡᠯᠡᠯᠬᠡ ᠶᠢᠨ ᠲᠦᠷᠦᠯ ᠵᠦᠢᠯ ᠨᠢ 4 ᠰᠤᠮᠤ ᠪᠠᠯᠭᠠᠰᠤ᠂ 51 ᠭᠠᠴᠠᠭ᠎ᠠ | ᠲᠤᠰᠬᠤᠨ109 ᠪᠠᠶᠢᠭᠠᠯᠢᠭ ᠲᠤᠰᠬᠤᠨ᠂ 2 ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 10 ᠰᠠᠭᠤᠭᠠᠯᠢ ᠠᠷᠠᠳ ᠤᠨ ᠵᠦᠪᠯᠡᠯ ᠤᠨ 5000 ᠭᠠᠷᠤᠢ | ᠶᠠᠳᠠᠭᠤ ᠬᠦᠴᠢᠷᠳᠠᠢ ᠡᠮᠡᠭᠳᠠᠶᠢᠴᠤᠳ ᠲᠤ 1.1 ᠳ᠋ᠦᠩᠰᠢᠭᠤᠷ ᠲᠦᠬᠦᠷᠢᠭ ᠤᠨ ᠪᠠᠭ᠎ᠠ ᠲᠤᠭᠠᠨ ᠤ ᠵᠢᠬᠡᠯᠡᠯᠭᠡ ᠶᠢ ᠲᠠᠯᠪᠢᠨ᠂ 15000 ᠭᠠᠷᠤᠢ ᠡᠷᠦᠬᠡ ᠳᠤ ᠠᠰᠢᠭ | ᠬᠦᠷᠳᠡᠭᠡᠭᠰᠡᠨ ᠪᠠᠶᠢᠨ᠎ᠠ᠃ | ᠵᠢᠬᠡᠯᠡᠯᠬᠡ ᠶᠢᠨ ᠲᠦᠷᠦᠯ ᠵᠦᠢᠯ ᠳᠤ ᠡᠮᠡᠭᠳᠠᠶᠢᠴᠤᠳ ᠤᠨ ᠪᠠᠶᠠᠷᠠᠯᠠᠩᠭᠤᠢ ᠵᠢᠭᠡᠯᠡᠯᠬᠡ᠂ ᠤᠶᠢᠯᠡᠰ ᠪᠦᠳᠦᠬᠡᠬᠦ ᠵᠢᠬᠡᠯᠡᠯᠬᠡ᠂ ᠪᠠᠭ᠎ᠠ ᠲᠤᠭᠤᠶᠢᠯᠠᠩ ᠢᠶᠠᠷ ᠢᠶᠠᠨ | ᠬᠤᠯᠪᠤᠭᠠᠯᠠᠨ ᠪᠠᠳᠤᠯᠠᠭᠰᠠᠨ ᠵᠢᠬᠡᠯᠯᠡᠭᠡ᠂ ᠬᠤᠪᠢ ᠬᠦᠮᠦᠨ ᠪᠠᠳᠤᠯᠠᠭᠰᠠᠨ ᠵᠢᠬᠡᠯᠡᠯᠬᠡ ᠵᠡᠷᠬᠡ ᠪᠠᠶᠢᠵᠤ᠂ ᠵᠢᠬᠡᠯᠡᠯᠬᠡ ᠨᠢ ᠬᠦᠴᠦᠨ ᠪᠠᠷᠠᠬᠤ ᠦᠬᠡᠢ᠂ ᠶᠠᠪᠤᠳᠠᠯ ᠴᠦᠬᠡᠨ᠂ | ᠴᠠᠭ ᠲᠤ ᠭᠠᠮᠳᠠᠢ᠂ ᠰᠠᠨᠠᠭ᠎ᠠ ᠠᠮᠤᠷ ᠢᠶᠠᠷ ᠡᠮᠡᠭᠳᠠᠶᠢᠴᠤᠳ ᠲᠤ ᠦᠨᠡᠩᠬᠦ ᠲᠦᠬᠦᠮ ᠦᠢᠯᠡᠴᠢᠯᠡᠭᠡ ᠬᠠᠩᠭᠠᠵᠤ ᠴᠢᠳᠠᠭᠰᠠᠨ ᠪᠠᠶᠢᠨ᠎ᠠ᠃ |