| | ᠪᠠᠭᠠᠷᠢᠨ ᠪᠠᠷᠠᠭᠤᠨ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠨᠢ 1984 ᠤᠨ ᠳᠤ ᠪᠠᠶᠢᠭᠤᠯᠤᠭᠳᠠᠵᠦ᠂ ᠤᠳᠦ ᠤᠢ ᠰᠢᠭᠤᠢ ᠶᠢᠨ ᠪᠦᠬᠦ ᠰᠢᠰᠲ᠋ᠧᠮ | ᠳᠤ ᠠᠵᠢᠯᠳᠠᠨ ᠠᠵᠢᠯᠴᠢᠨ 199 ᠬᠦᠮᠦᠨ ᠪᠠᠶᠢᠵᠦ᠂ ᠡᠭᠦᠨ ᠳᠤ ᠵᠠᠰᠠᠭ ᠵᠠᠬᠢᠷᠭᠠᠨ ᠤ ᠠᠵᠢᠯᠳᠠᠨ 84᠂ ᠰᠤᠳᠤᠯᠠᠬᠤ ᠰᠤᠷᠤᠭᠴᠢ ᠶᠢᠨ ᠦᠨᠡᠮᠯᠡᠯ ᠲᠠᠢ ᠠᠵᠢᠯᠳᠠᠨ | 1 ᠬᠦᠮᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠨᠠᠮᠲᠠᠷ ᠲᠠᠢ ᠠᠵᠢᠯᠳᠠᠨ 109 ᠬᠦᠮᠦᠨ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠬᠢ | ᠶᠢᠨ ᠨᠠᠮᠲᠠᠷ ᠲᠠᠢ ᠠᠵᠢᠯᠳᠠᠨ 44 ᠬᠦᠮᠦᠨ᠂ ᠲᠤᠮᠳᠠ ᠲᠡᠰ ᠤᠨᠲ᠋ᠤᠰᠬᠠᠢ ᠮᠡᠷᠭᠡᠵᠢᠯ ᠤᠨ ᠠᠩᠬᠢ ᠶᠢᠨ ᠨᠠᠮᠲᠠᠷ ᠲᠠᠢ ᠠᠵᠢᠯᠳᠠᠨ 16 ᠬᠦᠮᠦᠨ ᠪᠠᠶᠢᠵᠦ᠂ ᠦᠨᠳᠦᠷ | ᠲᠤᠮᠳᠠᠳᠤ ᠶᠢᠨ ᠰᠤᠷᠤᠯᠭ᠎ᠠ ᠶᠢᠨ ᠨᠠᠮᠳᠠᠷ ᠲᠠᠢ ᠠᠵᠢᠯᠳᠠᠨ 3 ᠬᠦᠮᠦᠨ ᠪᠠᠶᠢᠨ᠎ᠠ᠃ | ᠤᠢ ᠰᠢᠭᠤᠢ ᠶᠢᠨ ᠲᠤᠪᠴᠢᠶ᠎ᠠ ᠨᠢ ᠤᠳᠤᠬᠠᠨ ᠳᠤ ᠪᠠᠨ ᠲᠤᠲᠤᠭᠠᠳᠤ ᠳᠠᠭᠠᠨ 4 ᠦᠷᠳᠡᠭᠡ ᠲᠠᠰᠤᠭ ᠲᠠᠢ᠂ ᠲᠤᠬᠠᠶᠢᠯᠠᠪᠠᠯ ᠠᠯᠪᠠᠨ ᠭᠡᠷ᠂ ᠡᠳ᠋ ᠤᠨ ᠶᠠᠪᠤᠳᠠᠯ | ᠤᠨ ᠲᠠᠰᠤᠭ᠂ ᠶᠡᠷᠥᠩᠬᠡᠶᠢᠯᠡᠭᠰᠡᠨ ᠠᠵᠢᠯ ᠤᠨ ᠲᠠᠰᠤᠭ᠂ ᠨᠠᠶᠢᠳᠠ ᠶᠢᠨ ᠠᠰᠠᠷᠠᠮᠵᠢ ᠶᠢᠨ ᠤᠢ ᠶᠢᠨ ᠦᠷᠳᠡᠭᠡ ᠪᠤᠯᠤᠨ᠎ᠠ᠃ ᠰᠢᠭᠤᠳ ᠬᠠᠷᠢᠶᠠᠲᠦ ᠠᠵᠢᠯ ᠦᠢᠯᠡᠰ | ᠤᠨ ᠪᠠᠶᠢᠭᠤᠯᠭ᠎ᠠ ᠨᠢ ᠤᠢ ᠰᠢᠭᠤᠢ ᠤᠨ ᠡᠪᠡᠳᠴᠢᠨ ᠬᠢᠵᠢᠭ ᠢ ᠰᠡᠷᠭᠡᠶᠢᠯᠡᠬᠦ ᠦᠷᠳᠡᠭᠡ᠂ ᠤᠢ ᠰᠢᠭᠤᠢ ᠶᠢᠨ ᠠᠵᠢᠯᠯᠠᠬᠤ ᠦᠷᠳᠡᠭᠡ᠂ ᠲᠠᠷᠢᠶᠠᠯᠠᠬᠤ ᠶᠢ | ᠵᠤᠭᠰᠤᠭᠠᠵᠦ ᠤᠶᠢᠵᠢᠭᠤᠯᠬᠤ ᠠᠯᠪᠠᠨ ᠭᠡᠷ᠂ ᠡᠵᠡᠩᠨᠠᠨ ᠬᠠᠮᠢᠶᠠᠷᠤᠯᠳᠠ ᠶᠢᠨ ᠦᠷᠳᠡᠭᠡ᠂ ᠴᠢᠬᠢ ᠮᠤᠳᠤ ᠶᠢᠨ ᠬᠠᠮᠢᠶᠠᠷᠤᠯᠳᠠ ᠶᠢᠨ ᠦᠷᠳᠡᠭᠡ᠂ ᠤᠢ ᠰᠢᠭᠤᠢ ᠶᠢᠨ | ᠡᠬᠢ ᠪᠠᠶᠠᠯᠢᠭ ᠤᠨ ᠬᠠᠮᠢᠶᠠᠷᠤᠯᠳᠠ ᠶᠢᠨ ᠦᠷᠳᠡᠭᠡ᠂ ᠤᠢ ᠰᠢᠭᠤᠢ ᠶᠢᠨ ᠠᠵᠢᠯ ᠤᠨ ᠶᠡᠷᠥᠩᠬᠡᠢ ᠦᠷᠳᠡᠭᠡ᠂ ᠤᠢ ᠰᠢᠭᠤᠢ ᠶᠢᠨ ᠲᠦᠰᠦᠪᠯᠡᠨ ᠵᠢᠷᠤᠭᠯᠠᠬᠤ ᠶᠡᠭᠡ | ᠠᠩᠬᠢ᠂ ᠭᠠᠳᠠᠭᠠᠳᠦ ᠲᠡᠮᠵᠢᠯᠭᠡ ᠶᠢᠨ ᠲᠦᠷᠦᠯ ᠵᠦᠢᠯ ᠤᠨ ᠠᠯᠪᠠᠨ ᠭᠡᠷ ᠲᠠᠢ᠃ | ᠤᠷᠴᠢᠮ ᠤᠨ ᠵᠢᠯ᠂ ᠪᠠᠭᠠᠷᠢᠨ ᠪᠠᠷᠠᠭᠤᠨ ᠬᠤᠰᠢᠭᠤᠨ ᠤ ᠤᠢ ᠰᠢᠭᠤᠢ ᠶᠢᠨ ᠲᠤᠪᠴᠢᠶ᠎ᠠ ᠠᠷᠠᠳ ᠤᠨ ᠲᠦᠯᠦᠭᠡ ᠵᠠᠰᠠᠭ ᠪᠠᠷᠢᠬᠤ ᠵᠠᠷᠴᠢᠮ ᠢ ᠪᠠᠷᠢᠮᠲᠠᠯᠠᠵᠦ᠂ | ᠢᠳᠡᠪᠬᠢᠲᠠᠢ ᠪᠠᠷ ᠰᠢᠨ᠎ᠡ ᠶᠢ ᠡᠭᠦᠳᠬᠦ ᠱᠠᠭᠠᠷᠳᠠᠯᠭ᠎ᠠ ᠲᠠᠢ ᠵᠤᠬᠢᠴᠠᠯᠳᠤᠵᠤ᠂ ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯᠳᠠ ᠶᠢ ᠪᠠᠳᠤᠳᠬᠠᠵᠦ᠂ ᠠᠮᠢ | ᠠᠬᠤᠢ ᠶᠢᠨ ᠪᠦᠲᠦᠭᠡᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠭᠰᠠᠨ ᠤᠢ ᠰᠢᠭᠤᠢ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠢ ᠪᠦᠬᠦ ᠲᠠᠯ᠎ᠠ ᠢᠶᠠᠷ | ᠲᠤᠤᠱᠠᠯᠠᠭᠤᠯᠤᠨ ᠨᠠᠶᠢᠳᠠᠪᠤᠷᠢᠵᠢᠭᠤᠯᠵᠦ᠂ ᠠᠮᠵᠢᠯᠳᠠ ᠤᠯᠵᠠᠢ᠃ | ᠭᠤᠤᠯ ᠡᠭᠦᠷᠭᠡ ᠴᠢᠳᠡᠪᠬᠢ᠄ | ︵1︶ ᠤᠯᠤᠰ ᠤᠨ ᠤᠢ ᠰᠢᠭᠤᠢ ᠶᠢᠨ ᠦᠢᠯᠡᠰ ᠤᠨ ᠴᠢᠭᠯᠡᠯᠳᠠ᠂ ᠲᠦᠷᠦ ᠶᠢᠨ ᠪᠤᠳᠤᠯᠭ᠎ᠠ ᠬᠢᠭᠡᠳ ᠬᠠᠤᠯᠢ ᠴᠠᠭᠠᠵᠠ᠂ ᠬᠠᠤᠯᠢ ᠲᠦᠷᠢᠮ ᠢ | ᠲᠤᠤᠱᠠᠯᠠᠭᠤᠯᠤᠨ ᠬᠡᠷᠡᠭᠵᠢᠬᠦᠯᠬᠦ︔ ᠬᠤᠰᠢᠭᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠳᠠ᠂ ᠤᠢ ᠰᠢᠭᠤᠢ ᠶᠢᠨ ᠡᠬᠢ ᠪᠠᠶᠠᠯᠢᠭ ᠪᠠ | ᠤᠯᠤᠰ ᠤᠨ ᠨᠤᠳᠤᠭ ᠲᠡᠪᠢᠰᠭᠡᠷ ᠤᠨ ᠨᠤᠭᠤᠭᠠᠷᠠᠭᠤᠯᠤᠯᠳᠠ ᠶᠢᠨ ᠪᠠᠶᠢᠯᠳᠤᠬᠤ ᠪᠤᠳᠤᠯᠭ᠎ᠠ ᠲᠤᠮᠳᠠ ᠤᠷᠳᠦ ᠬᠤᠭᠤᠴᠠᠭᠠᠨ ᠤ ᠬᠦᠭᠵᠢᠯᠳᠠ ᠶᠢᠨ ᠲᠦᠯᠦᠪᠵᠢᠭᠦᠯᠭᠡ | ᠬᠢᠭᠡᠳᠤᠢ ᠰᠢᠭᠤᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠲᠦᠰᠦᠯ ᠢ ᠨᠠᠶᠢᠷᠠᠭᠤᠯᠵᠦ ᠲᠡᠭᠡᠭᠰᠢ ᠮᠡᠳᠡᠭᠦᠯᠵᠦ ᠦᠢᠯᠡᠳᠦᠯᠭᠡᠵᠢᠭᠦᠯᠬᠦ ᠶᠢᠨ | ᠬᠠᠮᠳᠦ ᠲᠦᠰᠦᠯ ᠶᠤᠰᠤᠭᠠᠷ ᠬᠢᠨᠠᠨ ᠪᠠᠶᠢᠴᠠᠭᠠᠨ᠎ᠠ᠃ | ︵2︶ ᠮᠤᠳᠤ ᠵᠠᠶᠢᠯᠠᠵᠦ ᠤᠶᠢᠵᠢᠭᠤᠯᠬᠤ᠂ ᠠᠭᠤᠯᠠ ᠶᠢ ᠪᠢᠳᠡᠭᠦᠮᠵᠢᠯᠡᠨ ᠤᠶᠢᠵᠢᠭᠤᠯᠬᠤ ᠠᠵᠢᠯ ᠢ ᠵᠤᠬᠢᠶᠠᠨ ᠪᠠᠶᠢᠭᠤᠯᠬᠤ︔ ᠮᠤᠳᠤ ᠲᠡᠷᠢᠬᠤ ᠵᠡᠷᠭᠡ | ᠠᠮᠢᠳᠤ ᠪᠤᠳᠠᠰ ᠤᠨ ᠠᠷᠭ᠎ᠠ ᠠᠪᠴᠢᠯ ᠢᠶᠠᠷ ᠬᠦᠷᠦᠰᠦ ᠰᠢᠷᠤᠢ ᠢᠳᠡᠭᠳᠡᠬᠦ ᠶᠢ ᠰᠡᠷᠭᠡᠶᠢᠯᠡᠨ ᠵᠠᠰᠠᠬᠤ ︔ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ | ᠠᠵᠢᠯ ᠪᠠ ᠦᠨᠳᠦᠰᠦᠨ ᠱᠠᠳᠤᠨ ᠤ ᠤᠢ ᠰᠢᠭᠤᠢ ᠵᠢᠨᠪᠠᠶᠢᠭᠤᠯᠤᠮᠵᠢ ᠶᠢᠨ ᠪᠦᠳᠦᠭᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ | ᠭᠦᠢᠴᠡᠳᠬᠡᠨ᠎ᠡ᠃ | ︵3︶ ᠪᠦᠬᠦ ᠬᠤᠰᠢᠭᠤᠨ ᠤ ᠤᠢ ᠰᠢᠭᠤᠢ ᠶᠢᠨ ᠡᠬᠢ ᠪᠠᠶᠠᠯᠢᠭ ︵ᠮᠤᠳᠤᠨ ᠮᠠᠲ᠋ᠧᠷᠢᠶᠠᠯ ᠤᠨ ᠤᠢ᠂ ᠠᠵᠦ ᠠᠬᠤᠢ ᠶᠢᠨ ᠤᠢ᠂ ᠲᠦᠯᠡᠰᠢᠨ ᠤᠢ᠂ | ᠬᠠᠯᠠᠬᠠᠪᠴᠢ ᠤᠢ ᠪᠠ ᠪᠤᠰᠤᠳ ᠤᠨᠴᠠᠭᠠᠢ ᠬᠡᠷᠡᠭᠯᠡᠯ ᠤᠨ ᠤᠢ︶ ᠤᠨ ᠬᠠᠮᠢᠶᠠᠷᠤᠯᠳᠠ ᠶᠢᠨ ᠠᠵᠢᠯ ᠢ ᠵᠢᠭᠠᠨ ᠵᠢᠯᠤᠭᠤᠳᠬᠤ︔ ᠪᠦᠬᠦ ᠬᠤᠰᠢᠭᠤᠨ ᠤ ᠤᠢ ᠰᠢᠭᠤᠢ | ᠶᠢᠨ ᠡᠬᠢ ᠪᠠᠶᠠᠯᠢᠭ ᠢ ᠪᠠᠶᠢᠴᠠᠭᠠᠬᠤ᠂ ᠬᠤᠪᠢᠷᠠᠯᠳᠠ ᠶᠢᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠬᠦ ᠪᠠ ᠪᠦᠷᠢᠳᠬᠡᠨ ᠲᠠᠩᠰᠠᠯᠠᠬᠤ ᠠᠵᠢᠯ ᠢ ᠵᠤᠬᠢᠶᠠᠨ ᠪᠠᠶᠢᠭᠤᠯᠬᠤ | ︔ ᠮᠤᠳᠤᠨ ᠮᠠᠲ᠋ᠧᠷᠢᠶᠠᠯ ᠢ ᠤᠭᠳᠤᠯᠬᠤ ᠶᠢ ᠰᠢᠯᠭᠠᠨ ᠲᠤᠭᠲᠠᠭᠠᠬᠤ ᠪᠠ ᠬᠢᠨᠠᠨ ᠬᠡᠷᠡᠭᠵᠢᠭᠦᠯᠬᠦ︔ ᠭᠡᠷᠡᠴᠢ ᠪᠠᠷᠢᠮᠳᠠ ᠲᠠᠢ ᠤᠭᠳᠤᠯᠬᠤ᠂ ᠵᠦᠭᠡᠭᠡᠪᠦᠷᠢᠯᠡᠬᠦ ᠶᠢ ᠬᠢᠨᠠᠨ | ᠬᠠᠮᠢᠶᠠᠷᠬᠤ︔ ᠬᠠᠤᠯᠢ ᠶᠤᠰᠤᠭᠠᠷ ᠤᠶᠢᠳᠤ ᠭᠠᠵᠠᠷ᠂ ᠤᠢ ᠮᠤᠳᠤᠨ ᠤ ᠦᠮᠴᠢᠯᠡᠬᠦ ᠡᠷᠬᠡ ᠶᠢᠨ ᠬᠠᠮᠢᠶᠠᠷᠤᠯᠳᠠ ᠶᠢ ᠬᠠᠷᠢᠭᠤᠴᠠᠵᠦ᠂ ᠤᠶᠢᠳᠤ ᠭᠠᠵᠠᠷ ᠢ | ᠲᠡᠳᠡᠪᠦᠷᠢᠯᠡᠨ ᠬᠡᠷᠡᠭᠯᠡᠬᠦ ᠳᠤ ᠲᠡᠭᠡᠭᠰᠢ ᠮᠡᠳᠡᠭᠦᠯᠬᠦ ᠠᠵᠢᠯ ᠢ ᠵᠤᠬᠢᠶᠠᠨ ᠪᠠᠶᠢᠭᠤᠯᠬᠤ︔ ᠤᠢ ᠰᠢᠭᠤᠢ ᠶᠢᠨ ᠡᠬᠢ ᠪᠠᠶᠠᠯᠢᠭ ᠢ ᠦᠨ᠎ᠡ ᠲᠦᠯᠦᠪᠦᠷᠢ ᠲᠠᠢ ᠬᠡᠷᠡᠭᠯᠡᠬᠦ᠂ | ᠤᠶᠢᠳᠤ ᠭᠠᠵᠠᠷ ᠢ ᠨᠠᠭᠡᠭᠡᠨ ᠠᠰᠢᠭᠯᠠᠬᠤ ᠳᠤ ᠬᠠᠮᠢᠶᠠᠷᠤᠯᠳᠠ ᠲᠠᠯᠪᠢᠬᠤ ᠪᠠ ᠬᠢᠨᠠᠨ ᠪᠠᠶᠢᠴᠠᠭᠠᠬᠤ︔ ᠠᠭᠤᠯᠠᠨ ᠤᠢ ᠶᠢᠨ ᠡᠷᠬᠡ ᠶᠢᠨ ᠵᠢᠭᠤᠷᠠᠯᠳᠤᠭᠠᠨ ᠳᠤ | ᠡᠶᠡᠳᠡᠭᠦᠯᠦᠯᠳᠠ ᠬᠢᠬᠦ᠃ ︵4︶ ᠪᠦᠬᠦ ᠬᠤᠰᠢᠭᠤᠨ ᠤ ᠤᠢ ᠰᠢᠭᠤᠢ ᠶᠢᠨ ᠭᠠᠯ ᠠᠴᠠ ᠰᠡᠷᠭᠡᠶᠢᠯᠡᠬᠦ ᠠᠵᠢᠯ ᠢ ᠲᠤᠬᠢᠷᠠᠭᠤᠯᠤᠨ ᠵᠤᠬᠢᠶᠠᠨ ᠪᠠᠶᠢᠭᠤᠯᠬᠤ︔ ᠪᠦᠬᠦ | ᠬᠤᠰᠢᠭᠤᠨ ᠤ ᠤᠢ ᠰᠢᠭᠤᠢ ᠶᠢᠨ ᠲᠤᠲᠤᠭᠠᠳᠤ ᠶᠢ ᠬᠠᠮᠠᠭᠠᠯᠠᠬᠤ ᠠᠵᠢᠯ ᠢ ᠵᠢᠭᠠᠨ ᠵᠢᠯᠤᠭᠤᠳᠬᠤ︔ ᠪᠦᠬᠦ ᠬᠤᠰᠢᠭᠤᠨ ᠤ ᠤᠢ ᠰᠢᠭᠤᠢ ᠶᠢᠨ ᠡᠪᠡᠳᠴᠢᠨ | ᠬᠤᠷᠤᠬᠠᠢ᠂ ᠬᠤᠯᠤᠭᠠᠨ᠎ᠠ ᠵᠤᠷᠠᠮ᠎ᠠ ᠶᠢᠨ ᠬᠤᠤᠷ ᠬᠦᠨᠦᠭᠡᠯ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠠᠵᠢᠯ ᠢ ᠵᠢᠭᠠᠨ ᠵᠢᠯᠤᠭᠤᠳᠬᠤ᠃ | ︵5︶ ᠤᠢ ᠰᠢᠭᠤᠢ ᠶᠢᠨ ᠦᠢᠯᠡᠰ ᠤᠨ ᠬᠦᠭᠵᠢᠯᠳᠠ ᠶᠢᠨ ᠠᠵᠦ ᠠᠬᠤᠢ ᠶᠢᠨ ᠲᠤᠬᠢᠷᠠᠯᠴᠠᠭᠤᠯᠬᠤ ᠰᠠᠨᠠᠯ ᠵᠦᠪᠳᠡᠯᠴᠡᠭᠡ᠂ ᠤᠢ ᠰᠢᠭᠤᠢ ᠶᠢᠨ ᠠᠵᠦ ᠦᠢᠯᠡᠰ | ᠤᠨ ᠬᠦᠭᠵᠢᠯᠳᠠ ᠲᠠᠢ ᠬᠤᠯᠪᠤᠭᠳᠠᠬᠤ ᠲᠦᠷᠦ ᠶᠢᠨ ᠪᠤᠳᠤᠯᠭ᠎ᠠ ᠰᠠᠨᠠᠯ ᠲᠤᠷᠠᠳᠤᠯᠭ᠎ᠠ ᠶᠢ ᠰᠤᠳᠤᠯᠤᠨ ᠲᠤᠷᠠᠳᠬᠤ︔ ᠤᠯᠤᠰ ᠤᠨ ᠦᠮᠴᠢᠯᠡᠯᠳᠦ ᠤᠢ ᠰᠢᠭᠤᠢ ᠶᠢᠨ | ᠦᠢᠯᠡᠰ ᠤᠨ ᠬᠦᠷᠥᠩᠭᠡ ᠶᠢ ᠬᠢᠨᠠᠨ ᠬᠠᠮᠢᠶᠠᠷᠬᠤ︔ ᠤᠢ ᠰᠢᠭᠤᠢ ᠶᠢᠨ ᠠᠵᠦ ᠦᠢᠯᠡᠰ ᠤᠨ ᠬᠦᠭᠵᠢᠯᠳᠠ ᠶᠢ ᠵᠢᠭᠠᠨ ᠵᠢᠯᠤᠭᠤᠳᠬᠤ︔ ᠴᠢᠬᠤᠯᠠ ᠪᠦᠬᠦᠢ ᠤᠢ | ᠰᠢᠭᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠲᠡᠭᠡᠭᠰᠢ ᠮᠡᠳᠡᠭᠦᠯᠬᠦ᠃ | ︵6︶ ᠤᠢ ᠰᠢᠭᠤᠢ ᠶᠢᠨ ᠦᠢᠯᠡᠰ ᠤᠨ ᠰᠢᠨᠵᠢᠯᠭᠡ ᠮᠡᠷᠭᠡᠵᠢᠯ᠂ ᠬᠦᠮᠦᠵᠢᠯ ᠪᠤᠯᠪᠠᠰᠤᠷᠠᠯ᠂ ᠭᠠᠳᠠᠭᠠᠳᠤ ᠬᠠᠷᠢᠯᠴᠠᠭ᠎ᠠ ᠪᠠ ᠤᠬᠠᠭᠤᠯᠭ᠎ᠠ ᠶᠢᠨ ᠠᠵᠢᠯ ᠢ | ᠵᠢᠯᠤᠭᠤᠳᠬᠤ ᠪᠠ ᠵᠤᠬᠢᠶᠠᠨ ᠪᠠᠶᠢᠭᠤᠯᠬᠤ︔ ᠪᠦᠬᠦ ᠬᠤᠰᠢᠭᠤᠨ ᠤ ᠤᠢ ᠰᠢᠭᠤᠢ ᠶᠢᠨ ᠦᠢᠯᠡᠰ ᠤᠨ ᠪᠦᠲᠦᠭᠡᠨ ᠪᠠᠶᠢᠭᠤᠯᠤᠯᠳᠠ ᠶᠢ ᠵᠢᠭᠠᠨ ᠵᠢᠯᠤᠭᠤᠳᠬᠤ᠃ | ︵7︶ ᠡᠯ᠎ᠡ ᠵᠦᠢᠯ ᠤᠨ ᠲᠠᠸᠠᠷ ᠤᠨᠤᠢ ᠰᠢᠭᠤᠢ ︵ᠮᠤᠳᠤᠨ ᠮᠠᠲ᠋ᠧᠷᠢᠶᠠᠯ ᠤᠨ ᠤᠢ᠂ ᠠᠵᠦ ᠠᠬᠤᠢ ᠶᠢᠨ ᠤᠢ᠂ ᠪᠤᠰᠤᠳ ᠤᠨᠴᠠᠭᠠᠢ ᠬᠡᠷᠡᠭᠯᠡᠯ ᠤᠨ ᠤᠢ︶ | ᠂ ᠬᠠᠮᠠᠭᠠᠯᠠᠯᠳᠠ ᠶᠢᠨ ᠤᠢ ᠪᠠ ᠦᠵᠡᠮᠵᠢ ᠶᠢᠨ ᠤᠢ ᠰᠢᠭᠤᠢ ᠶᠢᠨ ᠬᠦᠭᠵᠢᠯᠳᠠ ᠬᠢᠭᠡᠳ ᠪᠤᠶᠢᠵᠢᠭᠤᠯᠬᠤ ᠠᠵᠢᠯ ᠢ ᠵᠢᠭᠠᠨ ᠵᠢᠯᠤᠭᠤᠳᠬᠤ᠃ | ︵8︶ ᠡᠬᠡ ᠬᠠᠭᠤᠷᠠᠢ ᠶᠢᠨ ᠬᠡᠬᠡᠷ᠎ᠠ ᠶᠢᠨ ᠵᠡᠷᠯᠢᠭ ᠠᠮᠢᠳᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢᠨ ᠠᠵᠢᠯ ᠢ ᠵᠤᠬᠢᠶᠠᠨ ᠪᠠᠶᠢᠭᠤᠯᠵᠦ | ᠵᠢᠯᠤᠭᠤᠳᠬᠤ᠃ ᠤᠢ ᠰᠢᠭᠤᠢ ᠪᠠ ᠡᠬᠡ ᠬᠠᠭᠤᠷᠠᠢ ᠶᠢᠨ ᠵᠡᠷᠯᠢᠭ ᠠᠮᠢᠳᠠᠳ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠪᠦᠲᠦᠭᠡᠨ ᠪᠠᠶᠢᠭᠤᠯᠤᠯᠳᠠ ᠪᠠ | ᠬᠠᠮᠢᠶᠠᠷᠤᠯᠳᠠ ᠶᠢ ᠵᠢᠭᠠᠨ ᠵᠢᠯᠤᠭᠤᠳᠬᠤ ᠃ | ︵9︶ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠭᠰᠠᠨ ᠪᠤᠰᠤᠳ ᠠᠵᠢᠯ ᠲᠦᠷᠤᠯ ᠢ ᠭᠦᠢᠴᠡᠳᠬᠡᠨ ᠪᠡᠶᠡᠯᠡᠭᠦᠯᠬᠦ | ᠃ | |