ᠰᠠᠶᠢᠬᠠᠨ ᠵᠡᠭᠡᠯᠢ ᠭᠤᠳᠣᠮᠵᠢ ᠶᠢᠨ ᠨᠠᠮ ᠤᠨ ᠠᠵᠢᠯ ᠤᠨ ᠵᠦᠪᠯᠡᠯ᠂ ᠬᠡᠷᠡᠭ ᠡᠷᠬᠢᠯᠡᠬᠦ ᠭᠠᠵᠠᠷ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/29
   ᠪᠠᠭᠠᠷᠢᠨ ᠪᠠᠷᠠᠭᠤᠨ ᠬᠤᠰᠢᠭᠤᠨ ᠤ ᠰᠠᠶᠢᠬᠠᠨ ᠵᠡᠭᠡᠯᠢ ᠭᠤᠳᠣᠮᠵᠢ ᠶᠢᠨ ᠨᠡᠮ ᠤᠨ ᠠᠵᠢᠯ ᠤᠨ ᠵᠦᠪᠯᠡᠯ᠂ ᠬᠡᠷᠡᠭ ᠡᠷᠬᠢᠯᠡᠬᠦ ᠭᠠᠵᠠᠷ ᠨᠢ 2009 ᠤᠨ ᠤ 1 ᠰᠠᠷ᠎ᠠ ᠳᠤ ᠪᠠᠶᠢᠭᠤᠯᠤᠡᠡᠳᠠᠵᠦ᠂ ᠳ᠋ᠠᠪᠠᠨ ᠪᠠᠯᠭᠠᠰᠤᠨ ᠬᠤᠲᠠ ᠲᠦᠪ ᠲᠤ ᠪᠠᠶᠢᠷᠢᠰᠢᠨ᠂ ᠪᠦᠬᠦ ᠲᠠᠯᠠᠪᠠᠢ ᠨᠢ 9 ᠺᠤᠸᠠᠳ᠋ ᠺᠢᠯᠤᠮᠧᠲᠷ᠂ 6 ᠨᠡᠶᠢᠭᠡᠮ ᠲᠤᠭᠤᠷᠢᠭ᠂ 14790 ᠡᠷᠦᠬᠡ ᠰᠠᠭᠤᠭᠠᠯᠢ ᠠᠷᠠᠳ᠂ 42220 ᠬᠦᠮᠤᠨ ᠠᠮᠠ᠂  ᠡᠬᠦᠨ ᠳᠤ ᠨᠡᠭᠦᠳᠡᠯ ᠬᠦᠮᠤᠨ ᠠᠮᠠ4615  ᠂ ᠪᠠᠶᠢᠭᠤᠯᠠᠯᠭ᠎ᠠ ᠠᠵᠢᠯ ᠦᠢᠯᠡᠰ ᠤᠨ ᠨᠢᠭᠡᠴᠡ 260᠂ ᠬᠤᠪᠢ ᠶᠢᠨ ᠬᠤᠳᠠᠯᠳᠤᠭᠠᠴᠢᠨ ᠤ ᠡᠷᠦᠭᠡ 2290  ᠪᠠᠶᠢᠨ᠎ᠠ  ᠃ ᠨᠠᠮ ᠤᠨ ᠠᠵᠢᠯ ᠤᠨ  ᠵᠦᠪᠯᠡᠯ ᠨᠢ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠰᠠᠬᠢᠯᠭ᠎ᠠ ᠪᠠᠲᠦ ᠪᠠᠶᠢᠴᠠᠭᠠᠬᠤ ᠠᠵᠢᠯ᠂ ᠵᠡᠪᠰᠡᠭᠲᠤ ᠬᠦᠴᠦᠨ ᠤ ᠠᠵᠢᠯ᠂ ᠵᠤᠬᠢᠶᠠᠨ ᠪᠠᠶᠢᠭᠤᠯᠬᠤ ᠠᠵᠢᠯ᠂ ᠤᠬᠠᠭᠤᠯᠬᠤ ᠠᠵᠢᠯ᠂ ᠤᠶᠤᠨ ᠤ ᠪᠤᠯᠪᠠᠰᠤᠨ ᠎ ᠤ ᠠᠵᠢᠯ᠂ ᠨᠢᠬᠡᠳᠤᠮᠡᠯ ᠹᠷᠤᠨᠲ ᠤᠨ ᠠᠵᠢᠯ᠂ ᠡᠪᠯᠡᠯ᠂ ᠡᠮᠡᠭᠲᠠᠶᠢᠴᠤᠤᠨ ᠤᠨ ᠠᠵᠢᠯ ᠢ ᠬᠠᠷᠢᠭᠤᠴᠠᠵᠦ᠂ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠵᠦᠪᠯᠡᠯ ᠨᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠠᠵᠢᠯ  ᠎ ᠢ ᠬᠠᠷᠢᠭᠤᠴᠠᠨ᠂ ᠬᠡᠷᠡᠭ ᠡᠷᠬᠢᠯᠡᠬᠦ ᠭᠠᠵᠠᠷ ᠨᠢ ᠵᠠᠰᠠᠭ ᠤᠨ ᠶᠠᠪᠤᠳᠠᠯ᠂ ᠡᠳ᠋ ᠤᠨ ᠶᠠᠪᠤᠳᠠᠯ᠂ ᠠᠷᠠᠳ ᠤᠨ ᠶᠠᠪᠤᠳᠠᠯ᠂ ᠲᠦᠯᠥᠪᠯᠡᠭᠡᠲᠤ  ᠦᠷᠡᠵᠢᠯ ᠤᠨ ᠠᠵᠢᠯ᠂ ᠨᠡᠶᠢᠭᠡᠮ ᠤᠨ ᠪᠠᠲᠤᠯᠠᠭ᠎ᠠ ᠶᠢᠨ ᠠᠵᠢᠯ᠂ ᠨᠡᠶᠢᠭᠡᠮ ᠎ ᠤᠨ ᠠᠮᠦᠷ ᠲᠦᠪᠰᠢᠨ ᠢ ᠶᠡᠷᠥᠩᠬᠡᠶᠢᠯᠡᠨ ᠵᠠᠰᠠᠬᠤ ᠠᠵᠢᠯ᠂ ᠵᠠᠬᠢᠳᠠᠯ ᠰᠤᠷᠪᠤᠯᠵᠢᠯᠭ᠎ᠠ ᠶᠢᠨ ᠠᠵᠢᠯ᠂ ᠬᠠᠤᠯᠢ ᠴᠠᠭᠠᠵᠠ ᠶᠢᠨ ᠠᠵᠢᠯ᠂ ᠦᠨᠳᠦᠰᠦᠲᠡᠨ ᠱᠠᠰᠢᠨ ᠰᠤᠷᠳᠠᠬᠤᠨ ᠤ ᠠᠵᠢᠯ᠂ ᠰᠤᠶᠤᠯ ᠲᠠᠮᠢᠷ ᠤᠨ ᠠᠵᠢᠯ᠂ ᠵᠡᠮᠳᠡᠭᠴᠤᠳ ᠤᠨ ᠠᠵᠢᠯ᠂ ᠲᠤᠭ᠎ᠠ ᠪᠦᠷᠢᠳᠬᠡᠯ ᠤᠨ ᠠᠵᠢᠯ᠂ ᠤᠷᠤᠨ ᠰᠠᠭᠤᠴᠠ ᠶᠢᠨ ᠪᠠᠲᠤᠯᠠᠭ᠎ᠠ᠂ ᠠᠮᠤᠷ ᠲᠦᠪᠰᠢᠨ ᠤ ᠠᠵᠢᠯ᠂ ᠤᠷᠴᠢᠨ ᠲᠤᠭᠤᠷᠢᠨ ᠢ ᠬᠠᠮᠠᠭᠠᠯᠠᠬᠤ᠂ ᠨᠠᠰᠤᠲᠠᠶᠢᠴᠤᠳ ᠤᠨ  ᠪᠡᠶ᠎ᠡ ᠲᠠᠮᠢᠷ ᠤᠨ ᠨᠡᠶᠢᠭᠡᠮᠯᠢᠭ ᠵᠡᠷᠭᠡ ᠠᠵᠢᠯ ᠢ ᠬᠠᠷᠢᠭᠤᠴᠠᠵᠦ᠂ ᠨᠠᠮ ᠵᠠᠰᠠᠭ ᠎ ᠤᠨ ᠶᠡᠷᠤᠩᠬᠡᠶᠢᠯᠡᠭᠰᠡᠨ ᠠᠯᠪᠠᠨ ᠭᠡᠷ᠂ ᠡᠳ᠋ ᠤᠨ ᠵᠠᠰᠠᠭ ᠤᠨ ᠠᠯᠪᠠᠨ ᠭᠡᠷ᠂ ᠠᠷᠠᠳ ᠤᠨ ᠶᠠᠪᠤᠳᠠᠯ ᠤᠨ ᠠᠯᠪᠠᠨ ᠭᠡᠷ᠂ ᠲᠦᠯᠤᠪᠯᠡᠭᠡᠲᠦ ᠦᠷᠡᠵᠢᠯ ᠤᠨ ᠠᠯᠪᠠᠨ ᠭᠡᠷ᠂ ᠨᠡᠶᠢᠭᠡᠮ ᠤᠨ ᠶᠡᠷᠤᠩᠬᠡᠶᠢᠯᠡᠨ ᠵᠠᠰᠠᠬᠤ ᠠᠯᠪᠠᠨ ᠭᠡᠷ᠂ ᠨᠡᠶᠢᠭᠡᠮ ᠤᠨ  ᠪᠠᠳᠤᠯᠠᠭ᠎ᠠ ᠶᠢᠨ ᠠᠯᠪᠠᠨ ᠭᠡᠷ᠂ ᠲᠤᠭ᠎ᠠ ᠪᠦᠷᠢᠳᠭᠡᠯ ᠤᠨ ᠦᠷᠲᠡᠭᠡ᠂ ᠬᠠᠤᠯᠢ ᠴᠠᠭᠠᠵᠠ ᠶᠢᠨ ᠰᠠᠯᠪᠤᠷᠢ ᠵᠡᠷᠭᠡ ᠪᠠᠶᠢᠨ᠎ᠠ᠃    ᠰᠠᠶᠢᠬᠠᠨ ᠵᠡᠭᠡᠯᠢ ᠭᠤᠳᠤᠮᠵᠢ ᠨᠢ ᠲᠤᠯᠠᠭᠠᠨ ᠨᠡᠶᠢᠭᠡᠮ ᠲᠤᠭᠤᠷᠢᠭ᠂ ᠪᠠᠶᠠᠬᠠᠨ ᠨᠡᠶᠢᠭᠡᠮ ᠲᠤᠭᠤᠷᠢᠭ᠂ ᠠᠮᠤᠷ ᠨᠡᠶᠢᠭᠡᠮ ᠲᠤᠭᠤᠷᠢᠭ᠂ ᠰᠠᠷᠠᠨ᠎ᠠ ᠨᠡᠶᠢᠭᠡᠮ ᠲᠤᠭᠤᠷᠢᠭ᠂ ᠪᠠᠶᠠᠨ ᠨᠡᠶᠢᠭᠡᠮ ᠲᠤᠭᠤᠷᠢᠭ᠂ ᠲᠡᠮᠤᠷ ᠵᠠᠮ ᠨᠡᠶᠢᠭᠡᠮ ᠲᠣᠭᠤᠷᠢᠭ  ᠵᠡᠷᠭᠡ 6 ᠨᠡᠶᠢᠭᠡᠮ ᠲᠤᠭᠤᠷᠢᠭ ᠲᠠᠢ ᠪᠠᠶᠢᠵᠦ᠂ 38 ᠺᠠᠳ᠋ᠷ ᠠᠵᠢᠯᠲᠠᠨ ᠲᠠᠢ᠂ 52 ᠨᠡᠶᠢᠭᠡᠮ ᠲᠤᠭᠤᠷᠢᠭ ᠤᠨ ᠠᠵᠢᠯᠯᠬᠠᠴᠢ ᠲᠠᠢ᠃
ᠢᠷᠡᠯᠲᠡ᠄ ᠲᠣᠲᠣᠷᠬᠠᠢ ᠦᠭᠡᠢ