ᠪᠠᠶᠠᠨᠳᠠᠯ᠎ᠠ ᠰᠣᠮᠣ ᠶᠢᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/29
                                       ᠪᠠᠭᠠᠷᠢᠨ ᠪᠠᠷᠠᠭᠤᠨ ᠬᠤᠰᠢᠭᠤᠨ ᠤ ᠪᠠᠶᠠᠨᠳᠠᠯ᠎ᠠ ᠰᠣᠮᠣ 1957 ᠤᠨ ᠳᠤ ᠪᠠᠶᠢᠭᠤᠯᠤᠭᠳᠠᠵᠤ᠂ ︽ᠦᠨᠢᠷ ᠪᠠᠶᠠᠯᠢᠭ ᠲᠠᠯ᠎ᠠ ᠨᠤᠳᠤᠭ︾ ᠭᠡᠰᠡᠨ ᠰᠠᠶᠢᠬᠠᠨ ᠠᠯᠳᠠᠷ ᠲᠠᠢ ᠪᠢᠯᠡ᠃ ᠬᠤᠰᠢᠭᠤᠨ ᠲᠦᠪ ᠪᠠᠶᠢᠰᠢᠩ ᠪᠠᠯᠭᠠᠰᠤᠨ ᠠᠴᠠ ᠵᠡᠭᠦᠨᠰᠢ 10km᠎ ᠤᠨ ᠵᠠᠢ ᠳᠤ ᠪᠠᠶᠢᠷᠢᠰᠢᠵᠤ᠂ ᠪᠦᠬᠦ ᠨᠤᠳᠤᠭ ᠲᠡᠪᠢᠰᠭᠡᠷ ᠤᠨ ᠲᠠᠯᠠᠪᠠᠢ 124.5 ᠲᠦᠮᠡᠨ ᠮᠤ᠋᠂ 11 ᠭᠠᠴᠠᠭ᠎ᠠ᠂ 47 ᠲᠤᠭᠤᠶᠢᠯᠠᠩ ᠲᠠᠢ᠃ 3272 ᠡᠷᠦᠬᠡ᠂ 10207 ᠠᠮᠠ ᠬᠦᠮᠦᠨ ᠲᠠᠢ ᠮᠠᠯ ᠠᠵᠤ ᠠᠬᠤᠢ ᠪᠠᠷ ᠭᠤᠤᠯ ᠪᠤᠯᠭᠠᠵᠤ᠂ ᠤᠯᠠᠨ ᠲᠦᠷᠦᠯ ᠢ ᠡᠵᠡᠩᠨᠡᠭᠰᠡᠨ ᠰᠤᠮᠤ ᠪᠤᠯᠤᠨ᠎ᠠ᠃ ᠡᠭᠦᠨ ᠳᠤ ᠮᠤᠩᠭᠤᠯ ᠦᠨᠳᠦᠰᠦᠳᠡᠨ ᠤ ᠬᠦᠮᠦᠨ ᠠᠮᠠ 7440 ᠪᠠᠶᠢᠵᠤ᠂ ᠪᠦᠬᠦ  ᠬᠦᠮᠦᠨ ᠠᠮᠠ ᠎ ᠶᠢᠨ 72.8%  ᠎ ᠶᠢ ᠡᠵᠡᠯᠡᠵᠤ ᠪᠤᠢ᠃ 2013 ᠣᠨ ᠤ ᠮᠠᠯᠴᠢᠨ ᠲᠠᠷᠢᠶᠠᠴᠢᠳ ᠤᠨ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠣᠷᠣᠯᠭ᠎ᠠ 7300 ᠲᠦᠭᠦᠷᠢᠭ ᠲᠤ ᠬᠦᠷᠴᠡᠢ᠃    ᠪᠠᠶᠠᠨᠳᠠᠯ᠎ᠠ ᠰᠤᠮᠤ ᠡᠬᠢ ᠪᠠᠶᠠᠯᠢᠭ ᠡᠯᠪᠡᠭ᠂ ᠬᠦᠭᠵᠢᠯᠳᠡ ᠶᠢᠨ ᠲᠠᠯᠳᠠ ᠬᠦᠴᠦᠨ ᠶᠡᠭᠡ ᠶᠤᠮ᠃ ᠦᠷᠭᠡᠨ ᠠᠭᠤᠳᠠᠮ ᠨᠤᠳᠤᠭ ᠲᠡᠪᠢᠰᠭᠡᠷ ᠲᠤ ᠭᠤᠷᠭᠤᠤᠯᠳᠠᠢ ᠎ ᠶᠢᠨ ᠭᠤᠤᠯ ᠨᠢ ᠣᠰᠣ ᠰᠢᠮ᠎ᠡ ᠪᠠᠨ ᠬᠠᠩᠭᠠᠨ᠂ ᠡᠪᠡᠰᠤ ᠪᠡᠯᠴᠢᠭᠡᠷ ᠢ ᠰᠢᠮᠡᠵᠢᠭᠦᠯᠦᠨ ᠬᠦᠷᠦᠰᠵᠢᠭᠦᠯᠵᠤ᠂ ᠠᠪᠳᠠᠷᠠᠨᠳᠠᠢ ᠠᠭᠤᠯᠠ ᠨᠢ ᠲᠦᠰᠢᠭ ᠬᠡᠶᠢᠮᠤᠷᠢ ᠪᠤᠯᠵᠤ᠂ ᠤᠷᠭᠤᠮᠠᠯ ᠠᠮᠢᠳᠠᠨ ᠵᠡᠷᠭᠡᠪᠡᠷ ᠣᠷᠣᠰᠢᠨ᠂ ᠬᠦᠢᠯᠡᠰᠤ᠂ ᠮᠦᠭᠦ᠂ ᠲᠠᠯᠳᠠᠤ ᠮᠡᠳᠤ ᠶᠢᠨ ᠤᠨᠴᠠ ᠭᠠᠷᠤᠯᠳᠠ ᠪᠠ ᠰᠢᠬᠢᠷ ᠡᠪᠡᠰᠤ᠂ ᠵᠡᠭᠡᠷᠭᠡᠨ᠎ᠡ᠂ ᠬᠤᠨᠴᠢᠷ ᠵᠡᠷᠭᠡ ᠡᠮᠳᠤ ᠤᠷᠭᠤᠮᠠᠯ ᠵᠢᠴᠢ ᠬᠤᠨ ᠭᠠᠯᠠᠭᠤ᠂ ᠭᠤᠷᠭᠤᠤᠯ᠂ ᠢᠳᠠᠭᠤ᠂ ᠲᠠᠤᠯᠠᠢ᠂ ᠦᠨᠡᠭᠡ ᠵᠡᠷᠭᠡ ᠠᠷᠪᠠ ᠭᠠᠷᠤᠢ ᠲᠦᠷᠦᠯ ᠤᠨ ᠬᠡᠭᠡᠷ᠎ᠡ ᠶᠢᠨ ᠠᠮᠢᠳᠠᠨ ᠨᠢ ᠠᠮᠢ ᠠᠬᠤᠢ ᠎ ᠶᠢᠨ ᠲᠡᠩᠴᠡᠭᠦᠷᠢ ᠶᠢ ᠬᠠᠷᠠᠭᠤᠯᠵᠤ ᠪᠠᠶᠢᠬᠤ ᠶᠤᠮ᠃    ᠪᠠᠶᠠᠨᠳᠠᠯ᠎ᠠ ᠰᠤᠮᠤ ᠨᠢ ᠵᠠᠮ ᠬᠠᠷᠢᠯᠴᠠᠭ᠎ᠠ ᠲᠦᠭᠦᠮ᠂ ᠤᠷᠤᠨ ᠪᠠᠶᠢᠷᠢᠰᠢᠯ ᠲᠠᠪᠠᠭᠤᠯᠢᠭ᠃ 303 ᠤᠯᠤᠰ ᠤᠨ ᠵᠠᠮ᠂ ᠤᠷᠤᠨ ᠰᠤᠨᠳᠠᠯᠠᠭᠰᠠᠨ ᠶᠡᠭᠡ ᠵᠠᠰᠠᠮᠠᠯ ᠵᠠᠮ ᠪᠠ ᠵᠢᠨᠢᠩ — ᠲᠦᠩᠯᠢᠶᠤᠤ᠂ ᠣᠯᠠᠭᠠᠨᠬᠠᠳᠠ — ᠳ᠋ᠠᠪᠠᠨ — ᠪᠠᠶᠠᠨᠬᠤᠸᠠ᠂ ᠪᠠᠶ᠋ᠬᠠᠠᠭᠤᠯᠠ — ᠰᠢᠨᠴᠢᠦ ᠬᠦᠷᠬᠦ ᠲᠡᠮᠦᠷ ᠵᠠᠮ ᠨᠢ ᠲᠦᠷᠪᠡᠨ ᠵᠦᠭ ᠨᠠᠢᠮᠠᠨ ᠵᠤᠪᠬᠢᠰ ᠲᠤ ᠨᠡᠪᠳᠡᠷᠡᠵᠤ ᠪᠠᠶᠢᠳᠠᠭ᠃ ᠠᠵᠤ ᠦᠢᠯᠡᠳᠪᠤᠷᠢ ᠶᠢᠨ ᠲᠤᠭᠤᠷᠢᠭ ᠴᠦ ᠲᠤᠰ ᠨᠤᠳᠤᠭ ᠤᠨ ᠬᠦᠷᠦᠰᠦᠨ ᠳᠤ ᠰᠠᠭᠤᠷᠢᠰᠢᠵᠤ᠂ ︽ᠪᠠᠭᠠᠷᠢᠨ ᠤᠯᠠᠭᠠᠨ︾ ᠢᠳᠡᠭᠡᠨ ᠤ ᠬᠢᠵᠠᠭᠠᠷᠳᠤ ᠺᠤᠮᠫᠠᠨᠢ ᠨᠢ ᠴᠦ ᠡᠨᠡ ᠨᠤᠳᠤᠭ ᠲᠤ ᠬᠦᠭᠵᠢᠨ ᠪᠤᠵᠠᠭᠠᠶᠢᠷᠠᠵᠤ ᠪᠠᠶᠢᠨ᠎ᠠ᠃    1982 ᠣᠨ ᠳᠤ ᠨᠠᠮ ᠤᠨ ᠲᠦᠪ ᠬᠤᠷᠢᠶ᠎ᠠ ᠶᠢᠨ ᠶᠡᠷᠦᠩᠬᠢ ᠱᠦᠵᠢ ᠬᠤ᠋ ᠶᠤᠤ ᠪᠠᠩ ᠵᠡᠷᠭᠡ ᠨᠠᠮ ᠪᠠ ᠲᠦᠷᠦ ᠶᠢᠨ ᠤᠳᠤᠷᠢᠳᠤᠯᠭ᠎ᠠ ᠪᠠᠶᠠᠨᠳᠠᠯ᠎ᠠ ᠰᠤᠮᠤᠨ ᠳᠤ ᠮᠤᠷᠢᠯᠠᠨ ᠰᠠᠭᠠᠳᠠᠵᠤ᠂ ᠪᠠᠶᠢᠴᠠᠭᠠᠨ ᠦᠵᠡᠭᠰᠡᠨ ᠠᠴᠠ ᠲᠠᠯ᠎ᠠ ᠨᠤᠳᠤᠭ ᠤᠨ ᠠᠷᠠᠳ ᠲᠦᠮᠡᠨ ᠤ ᠦᠵᠡᠯ ᠰᠠᠨᠠᠭ᠎ᠠ ᠪᠠᠨ ᠴᠢᠯᠦᠭᠡᠯᠡᠨ᠂ ᠰᠢᠷᠭᠠᠭᠤ ᠠᠵᠢᠯᠯᠠᠵᠤ᠂ ᠪᠠᠶᠠᠨ ᠬᠦᠴᠦᠷᠬᠡᠭ ᠪᠠᠶᠠᠨᠳᠠᠯ᠎ᠠ ᠶᠢ ᠴᠤᠭᠴᠠᠯᠠᠨ ᠪᠠᠶᠢᠭᠤᠯᠬᠤ ᠢᠳᠡᠭᠡᠯ ᠵᠤᠷᠢᠭ ᠢ ᠤᠯᠠᠮ ᠨᠡᠮᠡᠭᠳᠡᠭᠦᠯᠪᠡ᠃    ᠤᠳᠤᠬᠠᠨ ᠳᠤ᠂ ᠰᠤᠮᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠤᠨ ︽ᠰᠢᠨ᠎ᠡ ᠶᠢ ᠡᠭᠦᠳᠬᠦ᠂ ᠪᠤᠳᠠᠳᠤ ᠠᠵᠢᠯᠯᠠᠭ᠎ᠠ ᠶᠢ ᠡᠷᠭᠢᠯᠡᠬᠦ᠂ ᠠᠷᠠᠳ ᠎ ᠢ ᠪᠠᠶᠠᠵᠢᠭᠤᠯᠬᠤ᠂ ᠡᠶ᠎ᠡ ᠵᠤᠬᠢᠴᠠᠯᠳᠠᠢ ᠪᠠᠶᠢᠬᠤ︾ ᠤᠨᠤᠯ ᠢᠶᠠᠷ ᠪᠦᠬᠦ ᠲᠠᠯ᠎ᠠ ᠶᠢ ᠬᠠᠮᠤᠷᠴᠤ᠂ ᠡᠬᠢ ᠪᠠᠶᠠᠯᠢᠭ ᠤᠨ ᠲᠠᠪᠠᠭᠤᠯᠢᠭ ᠬᠢᠭᠡᠳ ᠤᠷᠤᠨ ᠪᠠᠶᠢᠷᠢ ᠶᠢᠨ ᠲᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠪᠠᠷ ᠭᠤᠤᠯᠳᠠᠯᠭ᠎ᠠ ᠪᠤᠯᠭᠠᠵᠤ᠂ ᠰᠠᠭᠤᠷᠢ ᠲᠦᠭᠦᠭᠡᠷᠦᠮᠵᠢ ᠶᠢ ᠰᠠᠶᠢᠵᠢᠷᠠᠭᠤᠯᠬᠤ᠂ ᠠᠵᠤ ᠠᠬᠤᠢ ᠶᠢᠨ ᠪᠦᠳᠦᠴᠡ ᠳᠤ ᠲᠤᠬᠢᠷᠠᠭᠤᠯᠤᠯᠳᠠ ᠬᠢᠬᠦ᠂ ᠲᠤᠯᠤᠭᠠᠶᠢᠯᠠᠭᠴᠢ ᠠᠵᠤ ᠠᠬᠤᠶᠢᠯᠠᠯ ᠢ  ᠬᠦᠴᠦᠷᠬᠡᠭᠵᠢᠭᠦᠯᠬᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠭᠦᠭᠵᠢᠭᠦᠯᠬᠦ ᠵᠡᠷᠭᠡ ᠠᠵᠢᠯ ᠢ ᠪᠦᠳᠦᠮᠵᠢᠳᠡᠢ ᠬᠢᠵᠤ ᠪᠤᠢ᠃ ᠪᠠᠰᠠ ︽ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ︾᠎ ᠤ ᠦᠷ᠎ᠡ ᠪᠦᠳᠦᠮᠵᠢ ᠶᠢ ᠪᠠᠬᠢᠵᠢᠬᠦᠯᠦᠨ᠂ ᠨᠠᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠠᠵᠢᠯ ᠤᠨ ᠰᠤᠷᠳᠠᠯ ᠎ ᠢᠶᠠᠨ ᠰᠠᠶᠢᠵᠢᠷᠠᠭᠤᠯᠤᠨ᠂ ᠠᠷᠠᠳ ᠲᠦᠮᠡᠨ ᠲᠠᠢ ᠨᠢᠭᠳᠠ ᠬᠠᠷᠢᠴᠠᠵᠤ᠂ ᠰᠢᠨ᠎ᠡ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ︽ᠦᠵᠡᠰᠭᠦᠯᠡᠩᠳᠤ ᠰᠠᠶᠢᠬᠠᠨ ᠦᠨᠢᠷ ᠪᠠᠶᠠᠯᠢᠭ ᠪᠠᠶᠠᠨᠳᠠᠯ᠎ᠠ︾᠎ ᠶᠢ ᠴᠤᠭᠴᠠᠯᠠᠨ ᠪᠠᠶᠢᠭᠤᠯᠬᠤ ᠪᠠᠷ ᠮᠡᠷᠡᠶᠢᠨ ᠴᠢᠷᠮᠠᠶᠢᠵᠤ ᠪᠤᠢ᠃ ︵ᠮᠠᠲ᠋ᠧᠷᠢᠶᠠᠯ ᠢ  ᠪᠦᠷᠢᠨᠴᠡᠴᠡᠭ ᠬᠠᠩᠭᠠᠪᠠ︶    
ᠢᠷᠡᠯᠲᠡ᠄ ᠲᠣᠲᠣᠷᠬᠠᠢ ᠦᠭᠡᠢ