| | ᠪᠣᠷᠣᠡᠣᠰᠣ ᠪᠠᠯᠭᠠᠰᠣ ᠨᠢ ᠪᠠᠭᠠᠷᠢᠨ ᠪᠠᠷᠠᠭᠤᠨ ᠬᠤᠰᠢᠭᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠦ᠂ ᠬᠤᠶᠢᠳᠣ ᠲᠠᠯ᠎ᠠ ᠪᠠᠷ ᠢᠶᠠᠨ ᠪᠠᠭᠠᠷᠢᠨ ᠵᠡᠭᠦᠨ | ᠬᠤᠰᠢᠭᠤ ᠲᠠᠢ ᠬᠦᠷᠰᠢᠯᠡᠵᠦ᠂ ᠡᠮᠦᠨ᠎ᠡ ᠲᠠᠯ᠎ᠠ ᠪᠠᠷ ᠢᠶᠠᠨ ᠣᠩᠨᠢᠭᠤᠳ ᠬᠤᠰᠢᠭᠤ ᠲᠠᠢ ᠭᠤᠣᠯ ᠠᠯᠣᠰᠯᠠᠨ ᠪᠠᠷᠠᠯᠠᠵᠦ᠂ ᠵᠡᠬᠦᠨ ᠲᠠᠯ᠎ᠠ ᠪᠠᠷ ᠢᠶᠠᠨ ᠠᠷᠤ ᠬᠤᠷᠴᠢᠨ | ᠬᠤᠰᠢᠭᠤ ᠲᠠᠢ ᠬᠢᠯᠢᠯᠡᠵᠦ᠂ ᠵᠠᠮ ᠬᠠᠷᠢᠯᠴᠠᠭ᠎ᠠ ᠲᠦᠭᠦᠮ ᠲᠦᠳᠡ᠂ ᠭᠠᠵᠠᠷ ᠵᠦᠢ ᠶᠢᠨ ᠪᠠᠶᠢᠷᠢᠰᠢᠯ ᠲᠠᠪᠠᠭᠤᠯᠢᠭ ᠪᠠᠶᠢᠵᠦ᠂ ︿︿ᠠᠯᠳᠠᠨ ᠠᠷᠰᠢ ᠶᠢᠨ ᠣᠷᠣᠨ﹀﹀ | ᠬᠡᠮᠡᠬᠦ ᠢᠷᠠᠭᠤ ᠨᠡᠷᠡᠶᠢᠳᠦᠯ ᠢᠶᠠᠨ ᠬᠠᠳᠠᠭᠠᠯᠠᠭᠰᠠᠭᠠᠷ ᠢᠷᠡᠭᠰᠡᠨ ᠶᠣᠮ᠃ ᠲᠣᠰ ᠪᠠᠯᠭᠠᠰᠣ ᠨᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠵᠠᠭᠤᠨ | ᠬᠦᠴᠦᠷᠬᠡᠭ ᠪᠠᠯᠭᠠᠰᠣ ᠶᠢᠨ ᠨᠢᠭᠡ᠂ ᠣᠯᠠᠭᠠᠨᠬᠠᠳᠠ ᠬᠤᠳᠠ ᠶᠢᠨ ᠭᠤᠤᠯᠳᠠᠯᠭ᠎ᠠ ᠲᠠᠢ ᠪᠦᠳᠦᠭᠡᠨ ᠪᠠᠶᠢᠭᠤᠯᠬᠤ ᠵᠢᠵᠢᠭ ᠬᠤᠳᠠ ᠪᠠᠯᠭᠠᠰᠣ ᠶᠢᠨ ᠨᠢᠭᠡ ᠪᠠᠶᠢᠵᠦ᠂ ᠮᠦᠨ | ᠴᠤ ︿︿ᠣᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠲᠡᠷᠢᠭᠦᠨ ᠤ ᠦᠨᠳᠦᠰᠦᠨ ᠱᠠᠳᠣᠨ ᠤ ᠨᠠᠮ ᠤ ᠵᠣᠬᠢᠶᠠᠨ ᠪᠠᠶᠢᠭᠤᠯᠣᠯᠳᠠ﹀﹀᠂ ︿︿ᠪᠦᠬᠦ ᠬᠤᠳᠠ ᠶᠢᠨ | ᠬᠡᠪ ᠴᠢᠨᠠᠷ ᠤᠨ ᠰᠣᠷᠭᠠᠨ ᠬᠦᠮᠦᠵᠢᠯ ᠤᠨ ᠲᠡᠷᠢᠭᠦᠨ ᠤ ᠨᠢᠭᠡᠴᠡ﹀﹀᠂ ︿︿ᠣᠯᠠᠭᠠᠬᠠᠳᠠ ᠬᠤᠳᠠ ᠶᠢᠨ ᠡᠶ᠎ᠡ ᠵᠤᠬᠢᠴᠠᠯᠳᠠᠢ ᠠᠮᠣᠷ ᠲᠦᠪᠰᠢᠨ ᠨᠠᠷᠠᠳᠦ ᠪᠠᠯᠭᠠᠰᠣ﹀﹀ | ᠵᠡᠷᠭᠡ ᠢᠷᠠᠭᠤ ᠠᠯᠳᠠᠷ ᠢ ᠬᠦᠷᠳᠡᠵᠦ ᠶᠠᠪᠣᠭ᠎ᠠ ᠪᠠᠭᠠᠷᠢᠨ ᠪᠠᠷᠠᠭᠤᠨ ᠬᠤᠰᠢᠭᠤᠨ ᠤ ᠬᠤᠶᠠᠳᠣᠭᠠᠷ ᠭᠤᠣᠯᠳᠠᠯᠭ᠎ᠠ ᠲᠠᠢ ᠬᠤᠳᠠ ᠪᠠᠯᠭᠠᠰᠣ ᠪᠣᠯᠬᠤ ᠶᠣᠮ᠃ ᠪᠦᠬᠦ | ᠪᠠᠯᠭᠠᠰᠣᠨ ᠤ ᠨᠣᠳᠤᠭ ᠲᠡᠪᠢᠰᠭᠡᠷ ᠤᠨ ᠶᠡᠷᠦᠩᠬᠡᠢ ᠲᠠᠯᠠᠪᠠᠢ ᠨᠢ 1213 ᠲᠡᠭᠰᠢ ᠲᠦᠷᠪᠡᠯᠵᠢᠨ ᠺᠢᠯᠤᠮᠧᠲᠷ ︵182 ᠲᠦᠮᠡᠨ ᠮᠤ᠋︶᠂ ᠨᠣᠳᠤᠭ ᠪᠡᠯᠴᠢᠭᠡᠷ ᠤᠨ | ᠲᠠᠯᠠᠪᠠᠢ 134.7 ᠲᠦᠮᠡᠨ ᠮᠤ᠋᠂ ᠲᠠᠷᠢᠶᠠᠨ ᠭᠠᠵᠠᠷ 22 ᠲᠦᠮᠡᠨ ᠮᠤ᠋᠂ ᠡᠭᠦᠨ ᠳᠤ ᠣᠰᠣᠯᠠᠯᠳᠠ ᠶᠢᠨ ᠲᠠᠷᠢᠶᠠᠨ ᠭᠠᠵᠠᠷ 3.8 ᠲᠦᠮᠡᠨ ᠮᠤ᠋ ᠪᠠᠶᠢᠳᠠᠭ᠃ ᠲᠣᠰ | ᠪᠠᠯᠭᠠᠰᠣᠨ ᠤ ᠬᠠᠷᠢᠶᠠᠨ ᠳᠤ 19 ᠭᠠᠴᠠᠭ᠎ᠠ ᠲᠤᠰᠬᠤᠨ᠂ 73 ᠲᠤᠭᠤᠶᠢᠯᠠᠩ᠂ 4400 ᠡᠷᠦᠬᠡ᠂ 1.83 ᠲᠦᠮᠡᠨ ᠬᠦᠮᠦᠨ ᠠᠮᠠ ᠲᠠᠢ᠃ ᠡᠭᠦᠨ ᠳᠤ ᠮᠠᠯᠴᠢᠨ | ᠲᠠᠷᠢᠶᠠᠴᠢᠨ ᠤ ᠬᠦᠮᠦᠨ ᠠᠮᠠ 1.7 ᠲᠦᠮᠡ᠃ ᠪᠦᠬᠦ ᠪᠠᠯᠭᠠᠰᠣᠨ ᠳᠤ ᠮᠤᠩᠭᠤᠯ᠂ ᠬᠢᠳᠠᠳ᠂ ᠰᠣᠯᠣᠩᠭᠤᠰ᠂ ᠡᠾᠧᠵᠧ᠂ ᠵᠤᠸᠠᠩ᠂ ᠮᠠᠨᠵᠦ ᠵᠡᠷᠭᠡ 6 | ᠦᠨᠳᠦᠰᠦᠳᠡᠨ ᠲᠠᠢ ᠪᠠᠶᠢᠵᠦ᠂ ᠡᠭᠦᠨ ᠤ ᠲᠣᠳᠣᠷ᠎ᠠ ᠮᠣᠩᠭᠤᠯ ᠦᠨᠳᠦᠰᠦᠳᠡᠨ 1.1 ᠲᠦᠮᠡ᠂ ᠬᠢᠳᠡᠳ ᠦᠡᠳᠦᠰᠦᠳᠡᠨ 0.6 ᠲᠦᠮᠡᠨ ᠬᠦᠮᠦᠨ ᠪᠣᠢ᠃ 2013 | ᠣᠨ ᠤ ᠪᠦᠬᠦ ᠪᠠᠯᠭᠠᠰᠣᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 5.3 ᠳ᠋ᠦᠩᠰᠢᠭᠤᠷ ᠲᠦᠭᠦᠷᠢᠭ ᠢ ᠲᠠᠪᠠᠵᠦ᠂ ᠮᠠᠯᠴᠢᠨ ᠲᠠᠷᠢᠶᠠᠴᠢᠳ | ᠤᠨ ᠬᠦᠮᠦᠨ ᠲᠤᠮᠳᠠᠴᠢ ᠶᠢᠨ ᠴᠡᠪᠡᠷ ᠣᠷᠣᠯᠭ᠎ᠠ 7020 ᠲᠦᠭᠦᠷᠢᠭ ᠲᠤ ᠬᠦᠷᠴᠠᠢ᠃ 2014 ᠣᠨ ᠤ 6 ᠰᠠᠷ᠎ᠠ ᠶᠢᠨ ᠰᠡᠭᠦᠯᠴᠢ ᠶᠢᠨ ᠪᠦᠷᠢᠳᠬᠡᠯ ᠳᠤ ᠪᠦᠬᠦ | ᠪᠠᠯᠭᠠᠰᠣᠨ ᠤ ᠮᠠᠯ ᠤᠨ ᠲᠤᠭ᠎ᠠ ᠲᠣᠯᠣᠭᠠᠢ 30 ᠲᠦᠮᠡ ᠶᠢ ᠲᠠᠪᠠᠵᠠᠢ᠃ | ᠪᠣᠷᠣᠡᠣᠰᠣ ᠪᠠᠯᠭᠠᠰᠣᠨ ᠤ ᠵᠠᠮ ᠬᠠᠷᠢᠯᠴᠠᠭᠠᠨ ᠤ ᠨᠦᠭᠦᠴᠡᠯ ᠣᠡᠴᠡ ᠲᠠᠪᠠᠭᠤᠯᠢᠭ ᠪᠠᠶᠢᠳᠠᠭ᠃ 305 ᠣᠯᠣᠰ ᠤᠨ ᠵᠠᠮ᠂ ᠳ᠋ᠠᠪᠡᠨ ᠠᠴᠠ ᠰᠢᠷᠠᠮᠦ᠋ᠷᠡᠨ ᠬᠦᠷᠬᠦ | ᠬᠤᠰᠢᠭᠤᠨ ᠵᠠᠮ᠂ ᠪᠣᠷᠣᠡᠣᠰᠣ ᠠᠴᠠ ᠺᠠᠶᠢᠯᠤ ᠬᠦᠷᠬᠦ ᠵᠠᠰᠠᠮᠠᠯ ᠵᠠᠮ ᠴᠦᠮ ᠲᠣᠰ ᠪᠠᠯᠭᠠᠰᠣᠨ ᠤ ᠲᠤᠭᠤᠷᠢᠭ ᠲᠤ ᠰᠣᠯᠢᠪᠴᠢᠵᠦ᠂ ᠪᠠᠯᠭᠠᠰᠣᠨ ᠤ ᠬᠢᠵᠠᠭᠠᠷ ᠠᠴᠠ | ᠵᠢᠷᠭᠤᠭᠠᠨ ᠵᠤᠷᠪᠣᠰ ᠵᠠᠰᠠᠮᠠᠯ ᠵᠠᠮ ᠭᠠᠳᠠᠭᠰᠢ ᠨᠡᠪᠳᠡᠷᠡᠵᠦ ᠲᠦᠷᠪᠡᠨ ᠵᠦᠭ ᠨᠠᠢᠮᠠᠨ ᠵᠣᠪᠬᠢᠰ ᠲᠤ ᠨᠡᠪᠳᠡᠷᠡᠯᠴᠡᠭᠰᠡᠨ ᠵᠠᠮ ᠬᠠᠷᠢᠯᠴᠠᠭᠠᠨ ᠤ ᠬᠡᠪ ᠮᠠᠶ᠋ᠢᠭ ᠢ | ᠪᠦᠷᠢᠯᠳᠦᠭᠦᠯᠦᠭᠰᠡᠨ ᠠᠴᠠ ᠶᠡᠭᠡ ᠬᠡᠮᠵᠢᠶᠠᠨ ᠤ ᠮᠠᠰᠢᠨ ᠲᠡᠷᠭᠡ ᠪᠣᠯᠣᠨ ᠨᠡᠭᠦᠳᠡᠯ ᠬᠦᠮᠦᠨ ᠠᠮᠠ ᠶᠢᠨ ᠣᠷᠣᠰᠬᠠᠯ ᠢ ᠪᠣᠢ ᠪᠣᠯᠭᠠᠵᠠᠢ᠃ ︿︿ᠠᠯᠳᠠᠨ ᠠᠷᠰᠢ ᠶᠢᠨ | ᠣᠷᠣᠨ﹀﹀ ᠵᠠᠬ᠎ᠠ ᠲᠡᠯᠭᠡᠭᠦᠷ ᠤᠨ ᠠᠷᠠᠯᠵᠢᠶᠠᠨ ᠤ ᠬᠦᠢᠯᠭᠡᠭᠡ ᠵᠢᠯ ᠪᠦᠷᠢ ᠳᠤ 5000 ᠲᠦᠮᠡᠨ ᠲᠦᠭᠦᠷᠢᠭ ᠢ ᠲᠠᠪᠠᠵᠦ᠂ ᠪᠠᠯᠭᠠᠰᠣ ᠲᠣᠭᠤᠷᠢᠭ ᠲᠤ 92 ᠬᠤᠪᠢ | ᠶᠢᠨ ᠦᠢᠯᠡᠳᠪᠦᠷᠢ ᠬᠤᠳᠠᠯᠳᠣᠭᠠᠨ ᠤ ᠡᠷᠦᠬᠡ ᠲᠠᠢ ᠪᠠᠶᠢᠵᠦ᠂ ᠵᠢᠯ ᠤᠨ ᠡᠵᠡᠩᠨᠡᠯᠳᠡ ᠶᠢᠨ ᠬᠡᠮᠵᠢᠶ᠎ᠡ 4000 ᠲᠦᠮᠡᠨ ᠲᠦᠭᠦᠷᠢᠭ ᠢ ᠲᠠᠪᠠᠵᠠᠢ᠃ ᠪᠦᠷᠢᠨ ᠪᠣᠰᠣ | ᠪᠦᠷᠢᠳᠬᠡᠯ ᠢ ᠦᠨᠳᠦᠰᠦᠯᠡᠪᠡᠯ 305 ᠣᠯᠣᠰ ᠤᠨ ᠵᠠᠮ ᠢᠶᠠᠷ ᠬᠠᠷᠠᠮᠦ᠋ᠷᠡᠨ᠂ ᠬᠢᠷᠢᠨ᠂ ᠯᠢᠶᠣᠣᠨᠢᠩ ᠵᠡᠷᠭᠡ ᠵᠡᠬᠦᠨ ᠬᠤᠶᠢᠳᠣ ᠶᠢᠨ ᠭᠤᠷᠪᠠᠨ ᠮᠣᠵᠢ ᠪᠣᠯᠣᠨ ᠬᠦᠯᠦᠨ | ᠪᠣᠶᠢᠷ᠂ ᠬᠢᠩᠭᠠᠨ᠂ ᠲᠦᠩᠯᠢᠶᠣᠣ ᠵᠡᠷᠭᠡ ᠭᠤᠷᠪᠠᠨ ᠠᠶᠢᠮᠠᠭ ᠬᠤᠳᠠ ᠶᠢᠨ ᠮᠠᠰᠢᠨ ᠲᠡᠷᠭᠡ ᠡᠳᠦᠷ ᠪᠦᠷᠢ ᠮᠢᠩᠭᠠᠳ ᠲᠡᠷᠭᠡ ︵ᠣᠳᠠᠭ᠎ᠠ︶ ᠲᠣᠰ ᠪᠠᠯᠭᠠᠰᠣ ᠶᠢᠨ | ᠵᠠᠰᠠᠭ ᠵᠠᠭᠢᠷᠭᠠᠨ ᠤ ᠰᠠᠭᠤᠭ᠎ᠠ ᠭᠠᠵᠠᠷ ᠢᠶᠠᠷ ᠦᠩᠭᠡᠷᠡᠵᠦ ᠪᠠᠶᠢᠳᠠᠭ᠃ | ᠣᠷᠴᠢᠮ ᠤᠨ ᠵᠢᠯ ᠤᠳ ᠲᠤ᠂ ᠪᠠᠯᠭᠠᠰᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠨᠢ ︿︿ᠪᠦᠬᠦ ᠨᠠᠮ ᠢᠶᠠᠷ ᠢᠶᠠᠨ ᠠᠵᠤ ᠠᠬᠤᠢ ᠶᠢ | ᠠᠳᠬᠤᠬᠤ᠂ ᠠᠵᠤ ᠦᠢᠯᠡᠳᠪᠦᠷᠢ ᠶᠢ ᠭᠤᠣᠯᠳᠠᠯᠭ᠎ᠠ ᠲᠠᠢ ᠠᠳᠬᠤᠬᠤ᠂ ᠲᠦᠷᠦᠯ ᠵᠦᠢᠯ ᠢ ᠲᠣᠪᠣᠶᠢᠮ᠎ᠠ ᠠᠳᠬᠤᠬᠤ᠂ ᠠᠷᠠᠯᠵᠢᠶᠠᠴᠢᠨ ᠣᠷᠢᠵᠤ ᠪᠡᠯᠡ ᠮᠦᠩᠬᠦ | ᠲᠠᠳᠠᠬᠤ ᠶᠢ ᠵᠠᠩᠬᠢᠯᠠᠭ᠎ᠠ ᠲᠠᠢ ᠠᠳᠬᠤᠬᠤ﹀﹀ ᠤᠶᠢᠯᠠᠭᠠᠭᠳᠠᠬᠤᠨ ᠢ ᠪᠠᠬᠢᠵᠢᠬᠦᠯᠦᠨ᠂ ︿︿ᠠᠮᠢ ᠠᠬᠤᠢ ᠪᠠᠷ ᠪᠠᠯᠭᠠᠰᠣ ᠪᠠᠨ ᠴᠤᠠᠠᠴᠠᠯᠠᠵᠦ᠂ ᠠᠵᠦ | ᠦᠢᠯᠡᠰᠵᠢᠬᠦᠯᠦᠯᠳᠡ ᠪᠠᠷ ᠪᠠᠯᠭᠠᠰᠣ ᠪᠠᠨ ᠬᠦᠴᠦᠷᠬᠡᠭᠵᠢᠬᠦᠯᠦᠨ᠂ ᠵᠢᠵᠢᠭ ᠬᠤᠳᠠ ᠪᠠᠯᠭᠠᠰᠤᠵᠢᠯᠳᠠ ᠪᠠᠷ ᠪᠠᠯᠭᠠᠰᠤ ᠪᠠᠨ ᠮᠠᠡᠳᠤᠭᠤᠯᠵᠦ᠂ ᠠᠷᠠᠯᠵᠢᠶ᠎ᠠ | ᠬᠤᠳᠠᠯᠳᠤᠭ᠎ᠠ ᠪᠠᠷ ᠪᠠᠯᠭᠠᠰᠣ ᠪᠠᠨ ᠪᠠᠶᠠᠵᠢᠭᠤᠯᠬᠤ﹀﹀ ᠬᠦᠭᠵᠢᠯᠳᠠ ᠶᠢᠨ ᠪᠠᠶᠢᠯᠳᠣᠬᠤ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ ᠠᠵᠦ ᠠᠬᠤᠢ ᠶᠢᠨ | ᠪᠦᠳᠦᠴᠡ ᠶᠢᠨ ᠲᠣᠬᠢᠷᠠᠭᠤᠯᠣᠯᠳᠠ ᠶᠢᠨ ᠠᠯᠬᠤᠴᠠ ᠪᠠᠨ ᠲᠦᠷᠭᠡᠳᠭᠡᠨ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠦ᠂ | ᠡᠳ᠋ ᠤᠨ ᠵᠠᠰᠠᠭ ᠤᠨ ᠣᠷᠣᠯᠭ᠎ᠠ ᠪᠣᠯᠣᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠵᠡᠷᠭᠡᠪᠡᠷ ᠨᠡᠮᠡᠭᠳᠡᠬᠦᠯᠦᠨ᠂ ᠳᠠᠵᠢᠬᠡᠨ ᠦᠷᠡᠵᠢᠬᠦᠯᠬᠦ ᠶᠡᠭᠡ ᠪᠠᠯᠭᠠᠰᠣ᠂ | ᠠᠷᠠᠯᠵᠢᠶ᠎ᠠ ᠬᠤᠳᠠᠯᠳᠣᠭᠠᠨ ᠤ ᠭᠤᠣᠯᠳᠠᠯᠭ᠎ᠠ ᠲᠠᠢ ᠪᠠᠯᠭᠠᠰᠣ ᠶᠢ ᠪᠦᠳᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠵᠦ᠂ ᠠᠮᠤᠷ ᠲᠦᠪᠰᠢᠨ ᠡᠶ᠎ᠡ ᠵᠣᠬᠢᠴᠠᠯᠳᠠᠢ | ᠪᠣᠷᠣᠡᠣᠰᠣ ᠪᠠᠯᠭᠠᠰᠣ ᠶᠢ ᠪᠦᠳᠦᠭᠡᠨ ᠪᠠᠶᠢᠭᠤᠯᠣᠭᠰᠠᠨ ᠪᠠᠶᠢᠨ᠎ᠠ᠃ | ᠪᠣᠷᠣᠡᠣᠰᠣ ᠪᠠᠯᠭᠠᠰᠣ ᠡᠯᠪᠡᠭ ᠪᠠᠶᠠᠯᠢᠭ ᠡᠬᠢ ᠰᠣᠷᠪᠣᠯᠵᠢ ᠲᠠᠢ ᠪᠠᠶᠢᠳᠠᠭ᠃ ᠪᠦᠬᠦ ᠪᠠᠯᠭᠠᠰᠣᠨ ᠤ ᠨᠣᠳᠤᠭ ᠲᠡᠪᠢᠰᠭᠡᠷ ᠤᠨ ᠶᠡᠷᠦᠩᠬᠡᠢ ᠲᠠᠯᠠᠪᠠᠢ 182 ᠲᠦᠮᠡᠨ | ᠮᠤ᠋᠂ ᠡᠭᠦᠨ ᠳᠤ ᠲᠠᠷᠢᠶᠠᠨ ᠭᠠᠵᠠᠷ 22 ᠲᠦᠮᠡᠨ ᠮᠤ᠋᠂ ᠨᠣᠳᠤᠭ ᠪᠡᠯᠴᠢᠭᠡᠷ 134.7 ᠲᠦᠮᠡᠨ ᠮᠤ᠋᠂ ᠬᠤᠪᠬᠠᠠᠢ ᠠᠭᠤᠯᠠ᠂ ᠲᠠᠴᠢᠷ ᠡᠯᠡᠰᠦ 20 ᠲᠦᠮᠡᠨ | ᠢᠯᠡᠬᠦᠤ ᠮᠤ᠋ ᠪᠠᠶᠢᠨ᠎ᠠ᠃ ᠪᠠᠶᠢᠭᠠᠯᠢᠭ ᠬᠡᠬᠡᠷ᠎ᠡ ᠶᠢᠨ ᠬᠦᠢᠯᠡᠰᠦ 5 ᠲᠦᠮᠡᠨ ᠮᠤ᠋᠂ ᠬᠦᠮᠦᠨ ᠤ ᠬᠦᠴᠦ ᠪᠠᠷ ᠲᠠᠷᠢᠭᠰᠠᠨ ᠬᠡᠬᠡᠷ᠎ᠡ ᠶᠢᠨ ᠬᠦᠢᠯᠡᠰᠦ 4 ᠲᠦᠮᠡᠨ ᠮᠤ᠋ | ᠪᠠᠶᠢᠵᠦ᠂ ᠵᠢᠯ ᠤᠨ ᠬᠡᠬᠡᠷ᠎ᠡ ᠶᠢᠨ ᠬᠦᠢᠯᠡᠰᠦᠨ ᠤ ᠴᠦᠮ᠎ᠡ ᠶᠢᠨ ᠣᠨᠠᠯᠳᠠ 200 ᠢᠯᠡᠬᠦᠤ ᠲᠦᠮᠡᠨ ᠺᠢᠯᠤᠭ᠍ᠷᠠᠮ᠂ ᠪᠠᠶᠢᠭᠠᠯᠢ ᠶᠢᠨ ᠵᠡᠭᠡᠷᠭᠡᠨ᠎ᠡ 10 ᠲᠦᠮᠡᠨ ᠮᠣ᠋ | ᠪᠠᠶᠢᠵᠦ ᠵᠢᠯ ᠤᠨ ᠭᠠᠷᠣᠯᠳᠠ 1000 ᠲᠦᠮᠡᠨ ᠺᠢᠯᠣᠭ᠍ᠷᠠᠮ ᠬᠦᠷᠴᠦ ᠪᠣᠢ᠃ ᠠᠭᠤᠷᠬᠠᠢ ᠶᠢᠨ ᠡᠬᠢ ᠰᠣᠷᠪᠣᠯᠵᠢ ᠡᠯᠪᠡᠭ ᠪᠠᠶᠠᠯᠢᠭ ᠪᠠᠶᠢᠵᠦ᠂ 8 ᠰᠠᠭᠤᠷᠢ ᠠᠭᠤᠷᠬᠠᠢ | ᠶᠢ ᠬᠠᠶᠢᠨ ᠰᠢᠡᠵᠢᠯᠡᠵᠦ᠂ ᠭᠤᠣᠯᠳᠠᠭᠤ ᠴᠣᠬᠤᠢ ᠶᠢᠨ ᠴᠢᠯᠠᠭᠤ᠂ ᠦᠩᠭᠡᠳᠦ ᠲᠡᠮᠦᠷᠯᠢᠭ᠂ ᠵᠡᠰ᠂ ᠲᠡᠮᠦᠷ ᠵᠡᠷᠭᠡ ᠠᠭᠤᠷᠬᠠᠢ ᠶᠢᠨ ᠪᠣᠯᠠᠭᠳᠠᠴᠠ ᠲᠠᠢ᠃ | ᠲᠠᠷᠢᠶᠠᠯᠠᠩ ᠮᠠᠯ ᠠᠵᠦ ᠠᠬᠤᠢ ᠶᠢᠨ ᠦᠢᠯᠡᠰ ᠢ ᠯᠠᠪᠳᠠᠭᠤᠨ ᠪᠠᠳᠤᠳᠠᠢ ᠬᠦᠭᠵᠢᠬᠦᠯᠦᠨ᠂ ᠦᠷᠭᠡᠨ ᠤᠯᠠᠨ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ | ᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠦ᠂ ᠪᠣᠷᠣᠡᠣᠰᠣ ᠪᠠᠯᠭᠠᠰᠣ ᠪᠠᠨ ᠲᠠᠷᠢᠵᠦ ᠣᠷᠭᠤᠭᠤᠯᠬᠤ ᠲᠣᠮᠤ ᠪᠠᠯᠭᠠᠰᠣ ᠠᠴᠠ ᠲᠡᠵᠢᠭᠡᠨ ᠦᠷᠡᠵᠢᠬᠦᠯᠬᠦ ᠲᠤᠮᠤ ᠪᠠᠯᠭᠠᠰᠣ | ᠪᠤᠯᠭᠠᠨ ᠬᠤᠪᠢᠷᠠᠭᠤᠯᠬᠤ ᠬᠠᠷᠠᠯᠳᠠ ᠶᠢᠨ ᠲᠣᠭᠤᠷᠢᠨ ᠳᠤ᠂ ᠮᠠᠯᠵᠢᠬᠤ ᠶᠢᠨ ᠲᠦᠯᠦᠭᠡ ᠲᠠᠷᠢᠶᠠᠯᠠᠵᠦ᠂ ᠲᠡᠵᠢᠬᠡᠬᠦ ᠶᠢᠨ ᠲᠦᠯᠦᠭᠡ ᠲᠠᠷᠢᠬᠤ ᠣᠶᠢᠯᠠᠭᠠᠭᠳᠠᠬᠤᠨ ᠢ | ᠦᠨᠡᠩᠬᠦ ᠪᠤᠢ ᠪᠤᠯᠭᠠᠪᠠ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠠᠯ᠎ᠠ ᠪᠠᠷ᠂ ︿︿ᠪᠣᠭ ᠮᠠᠯ ᠢ ᠪᠣᠳᠠ ᠮᠠᠯ ᠳᠠᠰᠢ ᠲᠣᠬᠢᠷᠠᠭᠤᠯᠬᠤ᠂ ᠪᠣᠳᠠ ᠮᠠᠯ ᠢ | ᠰᠢᠯᠢᠳᠡᠭ ᠡᠭᠦᠯᠳᠡᠷ ᠤᠨ ᠠᠯᠠᠰᠢᠨ ᠦᠭᠡᠷ ᠲᠡᠰᠢ ᠲᠣᠬᠢᠷᠠᠭᠤᠯᠬᠤ﹀﹀ ᠰᠡᠳᠬᠢᠮᠵᠢ ᠶᠣᠰᠣᠭᠠᠷ ᠠᠯᠠᠰᠢᠨ ᠦᠭᠡᠷ᠂ ᠠᠯᠠᠰᠢᠨ ᠬᠤᠨᠢᠨ ᠤ ᠠᠵᠦ ᠦᠢᠯᠡᠰ ᠤᠨ | ᠬᠦᠭᠵᠢᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠠᠢ᠃ ᠲᠠᠷᠢᠶᠠᠯᠠᠩ ᠤᠨ ᠲᠠᠯ᠎ᠠ ᠪᠠᠷ ᠣᠨᠠᠯᠳᠠ ᠶᠢ ᠨᠡᠮᠡᠭᠳᠡᠬᠦᠯᠬᠦ ᠪᠠᠷ ᠬᠠᠷᠠᠯᠳᠠ ᠪᠣᠯᠭᠠᠵᠦ᠂ ᠡᠷᠳᠡᠨᠢ | ᠰᠢᠰᠢ ᠶᠢ ᠪᠦᠷᠬᠦᠪᠴᠢ ᠶᠢᠨ ᠲᠤᠤᠷ᠎ᠠ ᠲᠤᠰᠤᠯᠭᠠᠨ ᠣᠰᠣᠯᠠᠬᠤ ᠪᠤᠯᠤᠨ ᠡᠷᠴᠢᠮᠵᠢᠬᠦᠯᠦᠨ ᠡᠵᠡᠩᠨᠡᠬᠦ ᠠᠵᠢᠯ ᠢ ᠭᠤᠣᠯᠳᠠᠯᠭ᠎ᠠ ᠲᠠᠢ ᠠᠳᠬᠤᠵᠦ᠂ ᠦᠡᠳᠦᠷ ᠦᠷ᠎ᠡ | ᠠᠰᠢᠭ ᠲᠠᠢ ᠣᠰᠣ ᠠᠷᠪᠢᠯᠠᠬᠤ ᠲᠠᠷᠢᠶᠠᠯᠠᠩ ᠢᠶᠠᠷ ᠴᠢᠬᠤᠯᠠ ᠰᠢᠪᠳᠣᠯᠣᠯᠳᠠ ᠶᠢᠨ ᠴᠢᠭᠯᠡᠯ ᠪᠣᠯᠭᠠᠨ ᠦᠷᠭᠡᠳᠬᠡᠵᠦ᠂ ᠰᠢᠨ᠎ᠡ ᠪᠠᠷ 60 ᠬᠤᠳᠳᠤᠭ ᠮᠠᠯᠳᠠᠵᠦ᠂ | 62000 ᠮᠧᠲᠷ ᠣᠷᠳᠣ ᠣᠰᠣᠯᠠᠯᠳᠠ ᠶᠢᠨ ᠬᠤᠭᠤᠯᠠᠢ ᠣᠭᠰᠣᠷᠴᠤ᠂ ᠦᠨᠳᠦᠷ ᠦᠷ᠎ᠡ ᠠᠰᠢᠭ ᠲᠠᠢ ᠣᠰᠣᠯᠠᠯᠳᠠ ᠶᠢᠨ ᠲᠠᠯᠠᠪᠠᠢ ᠶᠢ 12000 ᠮᠤ᠋ | ᠨᠡᠮᠡᠭᠳᠡᠬᠦᠯᠵᠠᠢ᠃ | ᠪᠠᠭᠠᠷᠢᠨ ᠪᠠᠷᠠᠭᠤᠨ ᠬᠤᠰᠢᠭᠤᠨ ᠤ ᠬᠤᠶᠠᠳᠣᠭᠠᠷ ᠭᠤᠣᠯᠳᠠᠯᠭ᠎ᠠ ᠲᠠᠢ ᠬᠤᠳᠠ ᠪᠠᠯᠭᠠᠰᠣ ᠶᠢ ᠪᠦᠳᠦᠭᠡᠨ ᠪᠠᠶᠢᠭᠤᠯᠬᠤ ᠬᠠᠷᠠᠯᠳᠠ ᠶᠢᠨ ᠲᠣᠭᠤᠷᠢᠨ ᠳᠤ᠂ ︿︿ | ᠶᠡᠷᠦᠩᠬᠡᠢ ᠪᠠᠶᠢᠷᠢᠯᠠᠭᠤᠯᠣᠯᠳᠠ ᠲᠣᠬᠢᠷᠠᠮᠵᠢᠳᠠᠢ᠂ ᠰᠠᠭᠤᠷᠢ ᠲᠦᠬᠦᠭᠡᠷᠦᠮᠵᠢ ᠪᠦᠷᠢᠨ ᠲᠡᠭᠦᠯᠳᠡᠷ᠂ ᠦᠢᠯᠡᠴᠢᠯᠡᠭᠡᠨ ᠤ ᠴᠢᠳᠠᠪᠬᠢ ᠪᠦᠷᠢᠨ ᠬᠦᠢᠴᠡᠳ᠂ ᠦᠨᠳᠦᠰᠦᠳᠡᠨ | ᠤ ᠣᠡᠴᠠᠯᠢᠭ ᠪᠢᠯᠬᠠᠮ᠎ᠠ᠂ ᠰᠠᠭᠤᠷᠢᠰᠢᠬᠤ ᠣᠷᠴᠢᠨ ᠲᠣᠭᠤᠷᠢᠨ ᠴᠡᠪᠡᠷ ᠳᠤᠬᠢᠯᠢᠭ﹀﹀ ᠪᠠᠶᠢᠬᠤ ᠵᠢᠵᠢᠭ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢᠨ | ᠬᠦᠭᠵᠢᠯᠳᠡ ᠶᠢᠨ ᠰᠡᠳᠬᠢᠮᠵᠢ ᠶᠣᠰᠣᠭᠠᠷ᠂ ᠲᠠᠷᠢᠶᠠᠯᠠᠩ ᠮᠠᠯ ᠠᠵᠦ ᠠᠬᠤᠢ ᠶᠢ ᠬᠦᠭᠵᠢᠬᠦᠯᠬᠦ ᠪᠠᠷ ᠰᠠᠭᠤᠷᠢ ᠪᠤᠯᠭᠠᠵᠦ᠂ ᠠᠷᠠᠯᠵᠢᠶ᠎ᠠ ᠬᠤᠳᠠᠯᠳᠤᠭᠠᠨ ᠤ ᠬᠦᠢᠯᠬᠡᠬᠡ | ᠪᠠᠷ ᠵᠢᠯᠤᠭᠤᠳᠤᠮᠵᠢ ᠪᠤᠯᠭᠠᠠᠠᠰᠠᠨ ᠠᠮᠢ ᠠᠬᠤᠢ ᠶᠢᠨ ᠬᠡᠯᠪᠡᠷᠢ ᠶᠢᠨ ᠵᠢᠵᠢᠭ ᠬᠤᠳᠠ ᠪᠠᠯᠭᠠᠰᠣ ᠶᠢ ᠪᠦᠳᠦᠭᠡᠨ ᠪᠠᠶᠢᠭᠤᠯᠵᠦ᠂ ᠦᠪᠡᠷᠳᠡᠭᠡᠨ ᠵᠠᠰᠠᠬᠤ ᠣᠷᠣᠨ ᠤ ︿︿ | ᠵᠠᠭᠤᠨ ᠰᠢᠶᠠᠨ ᠮᠢᠩᠭᠠᠨ ᠰᠢᠶᠠᠩ ᠤᠨ ᠢᠨᠵᠧᠨᠧᠷᠢᠩ ᠤᠨ ᠭᠤᠣᠯᠳᠠᠯᠭ᠎ᠠ ᠲᠠᠢ ᠪᠦᠳᠦᠭᠡᠨ ᠪᠠᠶᠢᠭᠤᠯᠬᠤ ᠪᠠᠯᠭᠠᠰᠣ﹀﹀ ᠳᠤ ᠵᠢᠭᠰᠠᠭᠠᠭᠳᠠᠵᠦ᠂ ᠦᠪᠡᠷᠳᠡᠭᠡᠨ ᠵᠠᠰᠠᠬᠤ | ᠣᠷᠣᠨ ᠤ ᠤᠶᠤᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢᠨ ᠵᠦᠪᠯᠡᠯ ᠠᠴᠠ ︿︿ᠠᠷᠪᠠᠨ ᠣᠳᠣᠨ ᠲᠡᠰ ᠤᠨ ᠪᠣᠯᠪᠠᠰᠣᠨ ᠪᠠᠯᠭᠠᠰᠣ﹀﹀ ᠪᠠᠷ ᠦᠨᠡᠯᠡᠵᠠᠢ᠃ | ︿︿ᠠᠮᠢ ᠠᠬᠤᠢ ᠪᠠᠷ ᠪᠠᠯᠭᠠᠰᠣ ᠪᠠᠨ ᠴᠤᠠᠠᠴᠠᠯᠠᠬᠤ﹀﹀ ᠬᠦᠭᠵᠢᠯᠳᠡ ᠶᠢᠨ ᠬᠠᠷᠠᠯᠳᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠪᠦᠬᠦ ᠪᠠᠯᠭᠠᠰᠣᠨ ᠤ ᠠᠮᠢ | ᠠᠬᠤᠢ ᠶᠢᠨ ᠪᠦᠳᠦᠭᠡᠨ ᠪᠠᠶᠢᠭᠤᠯᠣᠯᠳᠠ ᠪᠣᠯᠣᠨ ᠬᠠᠮᠠᠭᠠᠯᠠᠯᠳᠠ ᠶᠢᠨ ᠠᠵᠢᠯ ᠢ ᠪᠦᠬᠦ ᠬᠦᠴᠦᠨ ᠢᠶᠠᠷ ᠴᠢᠩᠭ᠎ᠠ ᠠᠳᠬᠤᠪᠠ᠃ ᠲᠠᠷᠢᠶᠠᠯᠠᠬᠤ ᠪᠠᠨ ᠵᠣᠭᠰᠣᠵᠦ | ᠣᠶᠢᠵᠢᠭᠤᠯᠣᠭᠰᠠᠨ ᠤᠢ 7.5 ᠲᠦᠮᠡᠨ ᠮᠤ᠋᠂ ᠭᠧᠷᠮᠠᠨ ᠠᠴᠠ ᠲᠣᠰᠠᠯᠠᠵᠦ ᠣᠶᠢᠵᠢᠭᠤᠯᠣᠭᠰᠠᠨ ᠤᠢ 1.6 ᠲᠦᠮᠡᠨ ᠮᠤ᠋᠂ ᠬᠦᠮᠦᠨ ᠤ ᠬᠦᠴᠦ ᠪᠠᠷ | ᠣᠶᠢᠵᠢᠭᠤᠯᠣᠭᠰᠠᠨ ᠤᠢ 4 ᠲᠦᠮᠡᠨ ᠮᠤ᠋᠂ ᠬᠦᠮᠦᠨ ᠤ ᠬᠦᠴᠦ ᠪᠠᠷ ᠡᠪᠡᠰᠦ ᠲᠠᠷᠢᠭᠰᠠᠨ 6 ᠲᠦᠮᠡᠨ ᠮᠤ᠋᠂ ᠨᠢᠰᠭᠡᠯ ᠢᠶᠠᠷ ᠡᠪᠡᠰᠦ ᠲᠠᠷᠢᠭᠰᠠᠨ 2.35 ᠲᠦᠮᠡᠨ ᠮᠣ᠋ | ᠳᠤ ᠬᠦᠷᠴᠦ᠂ ᠤᠷᠭᠤᠮᠠᠯ ᠤᠨ ᠪᠦᠷᠬᠦᠴᠡ ᠶᠢᠨ ᠨᠤᠷᠮ᠎ᠠ 1986 ᠤᠨ ᠤ 48% ᠪᠠᠶᠢᠠᠠᠰᠠᠨ ᠠᠴᠠ 95% ᠪᠤᠯᠤᠨ ᠳᠠᠬᠡᠭᠰᠢᠯᠡᠵᠦ᠂ ᠤᠢ ᠰᠢᠭᠤᠢ ᠶᠢᠨ | ᠪᠦᠷᠬᠦᠴᠡ ᠶᠢᠨ ᠨᠤᠷᠮ᠎ᠠ 1986 ᠤᠨ ᠤ 5% ᠪᠠᠶᠢᠠᠠᠰᠠᠨ ᠠᠴᠠ 19% ᠪᠤᠯᠤᠨ ᠳᠡᠬᠡᠭᠰᠢᠯᠡᠪᠡ᠃ | ᠠᠷᠠᠯᠵᠢᠶᠠᠴᠢᠨ ᠤᠷᠢᠵᠤ ᠪᠠᠯᠠ ᠮᠦᠩᠭᠦ ᠲᠠᠲᠠᠬᠤ ᠬᠦᠴᠦᠯᠡᠴᠡ ᠪᠠᠨ ᠨᠡᠮᠡᠭᠳᠡᠭᠦᠯᠵᠤ᠂ ᠤᠷᠤᠨ ᠨᠤᠲᠤᠭ ᠤᠨ ᠠᠵᠤ ᠦᠢᠯᠡᠳᠪᠦᠷᠢ ᠶᠢᠨ ᠠᠵᠤ ᠠᠬᠤᠢ ᠶᠢ | ᠬᠦᠭᠵᠢᠭᠦᠯᠵᠠᠢ᠃ ︿︿ᠭᠠᠳᠠᠭᠰᠢ ᠭᠠᠷᠭᠠᠬᠤ᠂ ᠲᠠᠲᠠᠨ ᠤᠷᠤᠭᠤᠯᠬᠤ﹀﹀ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠠᠶᠢᠲᠠᠪᠤᠷᠢᠵᠢᠭᠤᠯᠵᠤ᠂ ᠤᠯᠠᠨ ᠲᠠᠯ᠎ᠠ ᠂ | ᠤᠯᠠᠨ ᠳᠡᠰ ᠳᠠᠪᠬᠤᠷᠭ᠎ᠠ᠂ ᠦᠷᠭᠡᠨ ᠬᠦᠷᠢᠶ᠎ᠡ ᠬᠡᠪᠴᠢᠶ᠎ᠡ ᠲᠠᠢ ᠪᠠᠷ ᠭᠠᠳᠠᠭᠰᠢ ᠲᠠᠢ ᠴᠢᠯᠦᠭᠡᠳᠠᠢ ᠶᠠᠪᠤᠯᠴᠠᠵᠤ᠂ 2000 ᠤᠨ ᠠᠴᠠ ᠨᠠᠰᠢ᠂ ᠶᠢᠨ ᠰᠠᠨ ᠵᠢᠶᠥᠥ | ᠠᠮᠢᠳᠣ ᠮᠠᠯ ᠠᠷᠠᠯᠵᠢᠶᠠᠯᠠᠬᠤ ᠵᠠᠬ᠎ᠠ ᠲᠡᠯᠭᠡᠭᠦᠷ᠂ ᠪᠣᠷᠣ ᠢᠮᠠᠭᠠᠨ ᠨᠣᠯᠣᠣᠷ ᠤᠨ ᠪᠦᠳᠦᠭᠡᠭᠳᠡᠬᠦᠨ ᠤ ᠬᠢᠵᠠᠭᠠᠷᠳᠣ ᠺᠣᠮᠫᠠᠨᠢ ᠶᠢ ᠪᠠᠶᠢᠭᠤᠯᠵᠦ᠂ ᠪᠠᠯᠭᠠᠰᠣ ᠲᠣᠭᠤᠷᠢᠭ | ᠲᠤ 1200 ᠮᠧᠲᠷ ᠣᠷᠳᠣ ᠼᠧᠮᠧᠨ᠋ᠲ ᠵᠠᠮ᠂ 1000 ᠮᠧᠲᠷ ᠣᠷᠳᠣ ᠴᠠᠷᠳᠠᠮᠠᠯ ᠵᠠᠮ ᠢ ᠦᠷᠭᠡᠳᠬᠡᠨ ᠵᠠᠰᠠᠵᠦ᠂ ᠪᠣᠣ ᠯᠦᠩ ᠲᠣᠭᠤᠰᠬ᠎ᠠ ᠶᠢᠨ ᠦᠢᠯᠡᠳᠪᠦᠷᠢ ᠶᠢ | ᠦᠷᠭᠡᠳᠬᠡᠨ ᠪᠠᠶᠢᠭᠤᠯᠵᠠᠢ᠃ ᠰᠦᠸᠧ ᠺᠸᠤ ᠱᠠᠨ ᠤ ᠲᠡᠮᠦᠷ ᠤᠨ ᠠᠭᠤᠷᠬᠠᠢ᠂ ᠲᠡᠮᠦᠷᠳᠣ ᠠᠭᠤᠯᠠ ᠶᠢᠨ ᠵᠡᠰ ᠤᠨ ᠠᠭᠤᠷᠬᠠᠢ ᠶᠢ ᠨᠡᠭᠡᠭᠡᠨ ᠬᠦᠭᠵᠢᠬᠦᠯᠬᠦ ᠱᠠᠳᠣᠨ | ᠳᠤ ᠣᠷᠣᠵᠠᠢ᠃ ᠲᠠᠶᠢᠸᠠᠨ ᠤ ᠶᠢᠩ ᠭᠤᠸᠠᠩ ᠰᠣᠷᠭᠠᠨ ᠬᠦᠮᠦᠵᠢᠯ ᠤᠨ ᠰᠠᠭᠤᠷᠢ ᠮᠦᠩᠬᠦ 90 ᠲᠦᠮᠡᠨ ᠲᠦᠭᠦᠷᠢᠭ ᠪᠡᠯᠡ ᠣᠷᠣᠭᠤᠯᠵᠦ᠂ ᠮᠣᠩᠭᠤᠯ ᠪᠦᠷᠢᠨ | ᠪᠠᠭ᠎ᠠ ᠰᠣᠷᠭᠠᠭᠤᠯᠢ ᠶᠢ ᠪᠠᠶᠢᠭᠤᠯᠵᠦ ᠲᠦᠪᠯᠡᠷᠡᠭᠦᠯᠦᠨ ᠰᠣᠷᠭᠠᠨ ᠬᠦᠮᠦᠵᠢᠬᠦᠯᠬᠦ ᠶᠢ ᠪᠡᠶᠡᠯᠡᠬᠦᠯᠵᠠᠢ᠃ | ᠪᠦᠬᠦ ᠪᠠᠯᠭᠠᠰᠣᠨ ᠳᠤ ᠮᠣᠩᠭᠤᠯ᠂ ᠬᠢᠳᠡᠳ ᠬᠤᠶᠠᠷ ᠰᠠᠭᠤᠷᠢ ᠭᠤᠣᠯ ᠪᠠᠭ᠎ᠠ ᠰᠣᠷᠭᠠᠭᠤᠯᠢ ᠲᠠᠢ ᠪᠠᠶᠢᠵᠦ᠂ ᠨᠡᠶᠢᠳᠡ 161 ᠨᠡᠷ᠎ᠡ ᠪᠠᠭᠰᠢ ᠠᠵᠢᠯᠳᠠᠨ ᠲᠠᠢ᠂ | 845 ᠨᠡᠷ᠎ᠡ ᠰᠣᠷᠣᠭᠴᠢ ᠲᠠᠢ᠃ ᠣᠷᠴᠢᠮ ᠤᠨ ᠵᠢᠯ ᠳᠤ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢ ᠪᠦᠬᠦᠯᠢ ᠴᠣᠭᠴᠠ ᠪᠠᠷ ᠰᠢᠯᠢᠳᠡᠭᠵᠢᠬᠦᠯᠦᠨ᠂ ᠰᠣᠷᠭᠠᠨ | ᠬᠦᠮᠦᠵᠢᠯ ᠤᠨ ᠶᠠᠰᠣ ᠴᠢᠨᠠᠷ ᠢ ᠲᠠᠰᠣᠷᠠᠯᠳᠠ ᠦᠬᠡᠢ ᠲᠡᠭᠡᠭᠰᠢᠯᠡᠭᠦᠯᠵᠦ᠂ ︿︿ᠬᠤᠶᠠᠷ ᠦᠨᠳᠦᠰᠦᠨ﹀﹀ ᠤ ᠦᠷ᠎ᠡ ᠪᠦᠳᠦᠮᠵᠢ ᠶᠢ ᠪᠠᠬᠢᠵᠡᠬᠦᠯᠵᠦ ᠴᠢᠳᠠᠵᠠᠢ᠃ | ᠪᠠᠯᠭᠠᠰᠣᠨ ᠳᠤ ᠲᠣᠨᠤᠭ ᠲᠦᠬᠦᠭᠡᠷᠦᠮᠵᠢ ᠪᠦᠷᠢᠨ ᠬᠦᠢᠴᠡᠳ ᠣᠷᠣᠨ ᠨᠣᠳᠤᠭ ᠤᠨ ᠡᠮᠨᠡᠯᠭᠡ ᠶᠢᠨ ᠬᠤᠷᠢᠶ᠎ᠠ 1 ᠰᠠᠭᠤᠷᠢ᠂ ᠡᠮᠴᠢ ᠰᠣᠪᠢᠯᠠᠭᠴᠢ 25 ᠨᠡᠷ᠎ᠠ | ᠪᠠᠶᠢᠵᠦ᠂ ᠪᠦᠬᠦ ᠪᠠᠯᠭᠠᠰᠣᠨ ᠳᠤ 19 ᠡᠮᠨᠡᠯᠭᠡ ᠶᠢᠨ ᠴᠢᠭ᠋ ᠲᠠᠢ ᠪᠠᠶᠢᠵᠦ᠂ ᠣᠷᠣᠨ ᠨᠣᠳᠤᠭ ᠤᠨ ᠡᠮᠨᠡᠯᠭᠡ ᠶᠢᠨ ᠬᠤᠷᠢᠶ᠎ᠠ ᠨᠢ ᠣᠷᠳᠣ ᠬᠤᠭᠤᠴᠠᠭᠠᠨ ᠤ | ᠣᠷᠢᠳᠴᠢᠯᠠᠨ ᠰᠡᠷᠭᠡᠶᠢᠯᠡᠬᠦ ᠵᠣᠬᠢᠵᠠᠮᠵᠢ ᠶᠢ ᠪᠠᠶᠢᠭᠤᠯᠵᠦ᠂ ᠪᠦᠬᠦ ᠪᠠᠯᠭᠠᠰᠣᠨ ᠤ ᠮᠠᠯᠴᠢᠨ ᠲᠠᠷᠢᠶᠠᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠡᠳᠦ ᠳᠤ ᠪᠠᠳᠣᠯᠠᠭ᠎ᠠ | ᠬᠠᠩᠭᠠᠵᠦ ᠴᠢᠳᠠᠵᠠᠢ᠃ ᠲᠦᠯᠦᠪᠯᠡᠯᠭᠡᠳᠦ ᠦᠷᠡᠵᠢᠯ ᠤᠨ ᠠᠵᠢᠯ ᠢᠮᠠᠭᠳᠠ ᠬᠤᠰᠢᠭᠤᠨ ᠤ ᠡᠮᠦᠨ᠎ᠡ ᠨᠡᠷ᠎ᠡ ᠳᠤ ᠬᠤᠰᠢᠭᠤᠷᠠᠵᠦ᠂ ᠬᠤᠰᠢᠭᠤ ᠬᠤᠳᠠ ᠶᠢᠨ ᠱᠠᠩᠨᠠᠯ | ᠬᠦᠬᠢᠬᠦᠯᠦᠯ ᠢ ᠤᠯᠠᠨᠳᠠ ᠲᠣᠰᠴᠠᠢ᠃ | ︿︿ᠪᠣᠷᠣᠡᠣᠰᠣ ᠪᠠᠯᠭᠠᠰᠣ ᠶᠢᠨ ᠰᠣᠶᠣᠯ ᠲᠡᠣᠬᠡ﹀﹀ ᠪᠣᠯᠣᠨ ︿︿ᠦᠰᠬᠦᠪᠣᠶᠠᠨ ᠤ ᠦᠯᠢᠭᠡᠷ ᠬᠤᠯᠪᠣᠭ᠎ᠠ ᠶᠢᠨ ᠡᠮᠬᠢᠳᠬᠡᠯ﹀﹀ ᠢ ᠬᠡᠪᠯᠡᠬᠦᠯᠦᠨ ᠲᠠᠷᠬᠠᠭᠠᠵᠦ᠂ | ᠣᠷᠢᠳ ᠬᠤᠵᠢᠳ 19 ᠭᠠᠴᠠᠭ᠎ᠠ ᠲᠣᠰᠬᠤᠨ ᠳᠤ ︿︿ᠲᠠᠯ᠎ᠠ ᠨᠣᠳᠤᠭ ᠤᠨ ᠨᠤᠮ ᠤᠨ ᠦᠷᠦᠭᠡ﹀﹀ ᠨᠡᠬᠡᠬᠡᠵᠦ᠂ ᠪᠠᠯᠭᠠᠰᠤᠨ ᠤ ︿︿ᠮᠠᠯᠴᠢᠨ ᠠᠭᠤᠳᠠᠮ ᠲᠠᠯᠠᠪᠠᠢ﹀﹀ | ᠶᠢ ᠪᠠᠶᠢᠭᠤᠯᠵᠦ᠂ ᠦᠷᠭᠡᠨ ᠣᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠵᠠᠢ᠃ | ᠣᠳᠣᠬᠠᠨ ᠳᠤ ᠪᠣᠷᠣᠡᠣᠰᠣ ᠪᠠᠯᠭᠠᠰᠣ ᠨᠢ ᠶᠠᠭ ᠰᠠᠶ᠋ᠢᠬᠠᠨ ᠲᠡᠭᠡᠳᠦ ᠬᠤᠷᠳᠣᠴᠠᠳᠣ ᠬᠦᠭᠵᠢᠯᠳᠡ ᠶᠢᠨ ᠵᠠᠮ ᠳᠠᠭᠠᠨ ᠣᠷᠣᠵᠦ᠂ ᠢᠷᠡᠬᠦ ᠮᠠᠷᠭᠠᠰᠢ ᠨᠢ ᠨᠠᠩ ᠭᠤᠶᠣ | ᠰᠠᠶᠢᠬᠠᠨ᠂ ᠨᠡᠩ ᠭᠡᠷᠡᠯ ᠰᠠᠴᠣᠷᠠᠩᠭᠤᠢ᠂ ᠠᠷᠠᠳ ᠲᠦᠮᠡᠨ ᠨᠢ ᠨᠡᠩ ᠠᠵᠠ ᠵᠢᠷᠭᠠᠯ ᠲᠠᠢ ᠪᠠᠶᠢᠬᠤ ᠨᠢ ᠯᠠᠪᠳᠠᠢ ᠶᠣᠮ᠃ ︵ᠮᠠᠲ᠋ᠧᠷᠢᠶᠠᠯ ᠢ ᠡᠩᠭᠡ ᠬᠠᠩᠭᠠᠪᠠ︶ |