| | ᠪᠠᠭᠠᠷᠢᠨ ᠪᠠᠷᠠᠭᠤᠨ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠲᠤᠪᠴᠢᠶ᠎ᠠ ᠨᠢ 2002 ᠣᠨ ᠳᠤ ᠣᠣᠯ ᠤᠨ ᠬᠤᠰᠢᠭᠤᠨ ᠤ ᠭᠠᠵᠠᠷ | ᠰᠢᠷᠣᠢ ᠶᠢᠨ ᠬᠠᠮᠢᠶᠠᠷᠣᠯᠳᠠ ᠶᠢᠨ ᠲᠤᠪᠴᠢᠶ᠎ᠠ ᠪᠣᠯᠣᠨ ᠭᠠᠵᠠᠷ ᠰᠢᠨᠵᠢᠯᠡᠭᠡ ᠠᠭᠤᠷᠬᠠᠢ ᠶᠢᠨ ᠡᠬᠢ ᠪᠠᠶᠠᠯᠢᠭ ᠤᠨ ᠲᠣᠪᠴᠢᠶ᠎ᠠ ᠨᠡᠶᠢᠯᠡᠵᠦ ᠪᠠᠶᠢᠭᠤᠯᠣᠭᠳᠠᠵᠠᠢ᠃ ᠲᠣᠰ | ᠪᠠᠶᠢᠭᠤᠯᠭ᠎ᠠ ᠨᠢ ᠪᠦᠬᠦ ᠬᠤᠰᠢᠭᠤᠨ ᠤ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠢ ᠲᠦᠯᠦᠪᠯᠡᠬᠦ᠂ ᠬᠠᠮᠢᠶᠠᠷᠠᠬᠤ᠂ ᠬᠠᠮᠠᠭᠠᠯᠠᠬᠤ ᠪᠠ ᠵᠣᠬᠢᠰᠳᠠᠢ ᠠᠰᠢᠭᠯᠠᠬᠤ | ᠵᠢᠴᠢ ᠬᠡᠮᠵᠢᠨ ᠵᠢᠷᠣᠭᠯᠠᠬᠤ ᠳᠤ ᠵᠠᠰᠠᠭ ᠤᠨ ᠬᠠᠮᠢᠶᠠᠷᠤᠯᠳᠠ ᠬᠢᠬᠦ ᠡᠭᠦᠷᠭᠡ ᠴᠢᠳᠠᠪᠬᠢ ᠲᠠᠢ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠪᠣᠯᠣᠨ᠎ᠠ᠃ | ᠤᠳᠣᠬᠠᠨ ᠳᠤ ᠲᠣᠰ ᠲᠣᠪᠴᠢᠶ᠎ᠠ ᠨᠢ ᠲᠤᠳᠤᠭᠠᠳᠤ ᠳᠤ ᠪᠠᠨ 16 ᠠᠵᠢᠯ ᠤᠨ ᠠᠯᠪᠠᠨ ᠭᠡᠷ ᠲᠠᠰᠤᠭ ᠪᠤᠯᠤᠨ 4 ᠦᠨᠳᠦᠰᠦᠨ ᠱᠠᠳᠣᠨ ᠤ ᠭᠠᠵᠠᠷ ᠰᠢᠷᠣᠢ ᠡᠬᠢ | ᠪᠠᠶᠠᠯᠢᠭ ᠤᠨ ᠬᠠᠮᠢᠶᠠᠷᠣᠯᠳᠠ ᠶᠢᠨ ᠰᠠᠯᠪᠤᠷᠢ ᠲᠠᠢ᠂ ᠨᠡᠶᠢᠳᠡ 60 ᠭᠠᠷᠣᠢ ᠺᠠᠳ᠋ᠷ ᠠᠵᠢᠯᠳᠠᠨ ᠲᠠᠢ᠃ ᠣᠷᠴᠢᠮ ᠤᠨ ᠬᠡᠳᠦᠨ ᠵᠢᠯ ᠤᠨ ᠲᠣᠷᠰᠢ ᠲᠣᠰ ᠲᠣᠪᠴᠢᠶ᠎ᠠ ᠨᠢ | ︿︿ᠡᠬᠢ ᠪᠠᠶᠠᠯᠢᠭ ᠢ ᠬᠠᠮᠠᠭᠠᠯᠠᠵᠦ᠂ ᠬᠦᠭᠵᠢᠯᠳᠡ ᠶᠢ ᠪᠠᠳᠤᠯᠠᠬᠤ﹀﹀ ᠠᠵᠢᠯ ᠤᠨ ᠵᠠᠷᠴᠢᠮ ᠶᠤᠰᠤᠭᠠᠷ᠂ ᠬᠤᠳᠠ ᠶᠢᠨ ᠤᠯᠤᠰ ᠤᠨ ᠭᠠᠵᠠᠷ ᠰᠢᠷᠣᠢ ᠡᠬᠢ ᠪᠠᠶᠠᠯᠢᠭ | ᠤᠨ ᠲᠤᠪᠴᠢᠶ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠦᠪ ᠣᠨᠣᠪᠴᠢᠲᠠᠢ ᠵᠢᠯᠤᠭᠤᠳᠤᠯᠭ᠎ᠠ ᠲᠤᠤᠷ᠎ᠠ᠂ ᠪᠦᠬᠦ ᠬᠤᠰᠢᠭᠤᠨ ᠤ | ᠠᠵᠢᠯ ᠤᠨ ᠭᠤᠤᠯᠳᠠᠯᠭ᠎ᠠ ᠶᠢᠨ ᠲᠤᠭᠤᠷᠢᠨ ᠳᠤ᠂ ᠭᠠᠵᠠᠷ ᠰᠢᠷᠤᠢ ᠬᠡᠷᠡᠭᠯᠡᠬᠦ ᠡᠷᠬᠡ ᠶᠢ ᠪᠠᠳᠤᠯᠠᠬᠤ᠂ ᠲᠠᠷᠢᠶᠠᠨ ᠭᠠᠵᠠᠷ ᠢ ᠬᠠᠮᠠᠭᠠᠯᠠᠬᠤ᠂ ᠭᠠᠵᠠᠷ ᠰᠢᠨᠵᠢᠯᠡᠭᠡ | ᠠᠭᠤᠷᠬᠠᠢ ᠬᠠᠶᠢᠬᠤ᠂ ᠠᠷᠠᠳ ᠤᠨ ᠠᠮᠢᠳᠣᠷᠠᠯ ᠳᠤ ᠦᠢᠯᠡᠴᠢᠯᠡᠬᠦ ᠵᠢᠴᠢ ᠭᠠᠵᠠᠷ ᠰᠢᠷᠤᠢ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠠᠬᠤ ᠵᠡᠷᠭᠡ ᠠᠵᠢᠯ ᠢ | ᠰᠠᠶᠢᠳᠤᠷ ᠬᠢᠵᠦ᠂ ᠪᠦᠬᠦ ᠬᠤᠰᠢᠭᠤᠨ ᠤ ᠣᠯᠣᠰ ᠤᠨ ᠭᠠᠵᠠᠷ ᠰᠢᠷᠣᠢ ᠡᠬᠢ ᠪᠠᠶᠠᠯᠢᠭ ᠤᠨ ᠬᠠᠮᠢᠶᠠᠷᠤᠯᠳᠠ ᠶᠢᠨ ᠠᠵᠢᠯ ᠤᠨ ᠣᠷᠳᠤᠮᠵᠢ ᠶᠢᠨ ᠴᠢᠨᠠᠷᠳᠠᠢ ᠬᠦᠭᠵᠢᠯᠳᠡ | ᠶᠢ ᠪᠠᠳᠤᠯᠠᠵᠦ ᠴᠢᠳᠠᠭᠰᠠᠨ ᠪᠠᠶᠢᠨ᠎ᠠ᠃ | ᠲᠤᠪᠴᠢᠶ᠎ᠠ ᠶᠢᠨ ᠪᠦᠬᠦ ᠺᠠᠳ᠋ᠷ ᠠᠵᠢᠯᠳᠠᠨ ᠤ ᠬᠠᠮᠳᠤ ᠶᠢᠨ ᠴᠢᠷᠮᠠᠶᠢᠯᠭ᠎ᠠ ᠲᠣᠣᠷ᠎ᠠ᠂ ᠲᠣᠰ ᠲᠣᠪᠴᠢᠶ᠎ᠠ ᠨᠢ ᠤᠷᠢᠳ ᠬᠤᠵᠢᠳ ︿︿ᠬᠠᠤᠯᠢ ᠶᠤᠰᠤᠭᠠᠷ ᠵᠠᠰᠠᠭ | ᠶᠠᠪᠤᠭᠤᠯᠤᠭᠰᠠᠨ ᠲᠡᠷᠢᠭᠦᠨ ᠤ ᠨᠢᠭᠡᠴᠡ﹀﹀᠂ ︿︿ᠠᠷᠠᠳ ᠤᠨ ᠰᠡᠳᠬᠢᠯ ᠳᠤ ᠬᠠᠨᠤᠮᠵᠢᠳᠠᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ﹀﹀᠂ ︿︿ᠬᠠᠤᠯᠢ | ᠲᠦᠭᠡᠮᠡᠯᠵᠢᠭᠦᠯᠵᠦ ᠬᠠᠤᠯᠢ ᠶᠤᠰᠤᠭᠠᠷ ᠵᠠᠰᠠᠬᠤ ᠠᠵᠢᠯ ᠤᠨ ᠲᠡᠷᠢᠭᠦᠨ ᠤ ᠨᠢᠬᠡᠴᠡ﹀﹀᠂ ︿︿ᠠᠮᠤᠷ ᠲᠠᠶᠢᠪᠤᠩ ᠢ ᠴᠤᠭᠴᠠᠯᠠᠨ ᠪᠠᠶᠢᠭᠤᠯᠬᠤ ᠠᠵᠢᠯ ᠤᠨ ᠲᠡᠷᠢᠭᠦᠨ ᠤ | ᠨᠢᠭᠡᠴᠡ﹀﹀᠂ ︿︿ᠲᠡᠷᠢᠭᠦᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠢᠭᠡᠴᠡ﹀﹀ ᠵᠡᠷᠭᠡ ᠢᠷᠠᠭᠤ ᠠᠯᠳᠠᠷ ᠢ ᠬᠦᠷᠳᠡᠭᠰᠡᠨ ᠪᠠᠶᠢᠨ᠎ᠠ᠃ | |