ᠳᠠᠷᠬᠠᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016/4/29
     ᠪᠠᠭᠠᠷᠢᠨ ᠪᠠᠷᠠᠭᠤᠨ ᠬᠤᠰᠢᠭᠤᠨ ᠤ ᠳᠠᠷᠬᠠᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ 2012 ᠣᠨ ᠤ 12 ᠰᠠᠷ᠎ᠠ ᠳᠤ ᠪᠠᠶᠢᠭᠤᠯᠣᠭᠳᠠᠵᠦ᠂ ᠵᠠᠰᠠᠭ ᠵᠠᠭᠢᠷᠭᠠᠨ ᠤ ᠬᠠᠷᠢᠶ᠎ᠠ ᠨᠢ ᠬᠤᠰᠢᠭᠤᠨ ᠲᠦᠪ ᠳ᠋ᠠᠪᠠᠨ ᠪᠠᠯᠭᠠᠰᠣ ᠶᠢᠨ ᠪᠠᠭᠠᠷᠢᠨ ᠵᠠᠮ ᠠᠴᠠ ᠵᠡᠭᠦᠨᠰᠢ ᠬᠤᠳᠠ ᠪᠠᠯᠭᠠᠰᠣᠨ ᠤ ᠬᠠᠮᠢᠶᠠᠷᠣᠯᠳᠠ ᠳᠤ ᠪᠠᠭᠳᠠᠨ᠎ᠠ᠃ ᠶᠡᠷᠦᠩᠬᠡᠢ ᠲᠠᠯᠠᠪᠠᠢ ᠨᠢ 12.1 ᠳᠡᠭᠰᠢ ᠲᠦᠷᠪᠡᠯᠵᠢᠨ ᠺᠢᠯᠤᠮᠧᠲᠷ᠂ ᠨᠡᠶᠢᠳᠡ ᠲᠠᠪᠣᠨ ᠨᠡᠶᠢᠭᠡᠮ ᠲᠣᠭᠤᠷᠢᠭ ᠢ ᠪᠠᠭᠲᠠᠭᠠᠵᠦ᠂ ᠡᠳᠦᠭᠡ ᠶᠡᠷᠦᠩᠬᠡᠢ ᠡᠷᠦᠬᠡ ᠶᠢᠨ ᠲᠤᠭ᠎ᠠ 16043᠂ ᠶᠡᠷᠦᠩᠬᠡᠢ ᠬᠦᠮᠦᠨ ᠠᠮᠠ 44196᠂ ᠡᠭᠦᠨ ᠳᠤ ᠪᠠᠶᠢᠩᠭᠤ ᠰᠠᠭᠤᠭ᠎ᠠ ᠬᠦᠮᠦᠨ ᠤ ᠲᠤᠭ᠎ᠠ 39955᠂ ᠶᠠᠪᠣᠭᠤᠯ ᠬᠦᠮᠦᠨ ᠤ ᠲᠤᠭ᠎ᠠ 4241᠂ ᠴᠦᠬᠡᠨ ᠲᠣᠭᠠᠳᠦ ᠦᠨᠳᠦᠰᠦᠳᠡᠨ ᠤ ᠡᠵᠡᠯᠡᠭᠦ ᠬᠦᠮᠣᠨ ᠤ ᠲᠤᠭ᠎ᠠ 19379 ᠪᠠᠶᠢᠵᠦ᠂ ᠪᠦᠬᠦ ᠬᠦᠮᠦᠨ ᠠᠮᠠ ᠶᠢᠨ 48.5%᠎ ᠶᠢ ᠡᠵᠡᠯᠡᠨ᠎ᠡ᠃ ᠲᠣᠰ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶᠠᠨ ᠳᠤ ᠨᠡᠶᠢᠳᠡ 69 ᠬᠤᠪᠢ ᠶᠢᠨ ᠡᠵᠡᠩᠨᠡᠯᠳᠡ ᠶᠢᠨ ᠠᠵᠦ ᠠᠬᠤᠶᠢᠯᠡᠯ ᠪᠠ ᠠᠵᠢᠯ ᠦᠢᠯᠡᠰ ᠤᠨ ᠪᠠᠶᠢᠭᠤᠯᠭ᠎ᠠ ᠨᠢᠭᠡᠴᠡ᠂ 9 ᠰᠠᠭᠤᠷᠢ ᠬᠡᠥᠬᠡᠳ ᠤᠨ ᠴᠡᠴᠡᠷᠯᠢᠭ ᠪᠠ ᠰᠣᠷᠭᠠᠭᠤᠯᠢ᠂ ᠵᠢᠴᠢ ᠪᠦᠬᠦ ᠬᠤᠰᠢᠭᠤᠨ ᠤ ᠬᠠᠮᠤᠭ ᠤᠨ ᠲᠣᠮᠣ ᠱᠠᠰᠢᠨ ᠰᠣᠷᠳᠠᠬᠤᠨ ᠤ ᠲᠦᠪ ᠪᠣᠯᠣᠭᠰᠠᠨ ᠪᠣᠶᠠᠨ ᠴᠤᠭᠯᠠᠭᠤᠯᠣᠭᠴᠢ ᠰᠦᠮ᠎ᠡ ᠪᠠ ᠡᠩᠬᠡ ᠠᠮᠤᠭᠤᠯᠠᠩ ᠬᠠᠭᠠᠨ ᠤ ᠲᠣᠭᠤᠷᠢᠨ ᠰᠠᠭᠠᠳᠠᠭᠰᠠᠨ ᠣᠷᠳᠣᠨ᠂ ᠪᠠᠭᠠᠷᠢᠨ ᠸᠠᠩ ᠤᠨ ᠣᠷᠳᠣᠨ ᠵᠡᠷᠭᠡ ᠰᠣᠶᠣᠯ ᠲᠡᠦᠬᠡ ᠶᠢᠨ ᠲᠣᠷᠠᠰᠬᠠᠯᠳᠦ ᠭᠠᠵᠠᠷ ᠪᠣᠢ᠃ ᠡᠨᠡ ᠨᠢ ᠲᠣᠰ ᠲᠣᠰ ᠾᠦᠢ ᠹᠦ᠋ ᠲᠤᠭᠤᠷᠢᠭ ᠪᠠ ᠭᠦᠷᠦᠨ ᠲᠤᠭᠤᠷᠢᠭ ᠲᠤ ᠬᠠᠷᠢᠶᠠᠯᠠᠭᠳᠠᠵᠦ ᠪᠠᠶᠢᠨ᠎ᠠ᠃   ᠵᠡᠭᠡᠯᠢ ᠶᠢᠨ ᠭᠤᠣᠯ ᠳᠤ ᠪᠠᠶᠢᠷᠢᠯᠠᠵᠣ ᠪᠠᠶᠢᠭ᠎ᠠ ᠰᠣᠶᠣᠯ ᠤᠨ ᠠᠭᠤᠳᠠᠮ ᠲᠠᠯᠠᠪᠠᠢ ᠨᠢ ᠦᠷᠭᠡᠨ ᠣᠯᠠᠨ ᠲᠦᠮᠡᠨ ᠤ ᠰᠣᠯᠠ ᠰᠡᠯᠡᠭᠦᠴᠡᠯ ᠪᠠ ᠪᠡᠶ᠎ᠡ ᠮᠠᠬᠠᠪᠣᠳ ᠢᠶᠠᠨ ᠲᠠᠪᠳᠠᠨ ᠪᠣᠯᠪᠠᠰᠣᠷᠠᠭᠤᠯᠬᠤ ᠳᠤ ᠠᠰᠢᠭᠳᠠᠢ ᠰᠠᠶᠢᠬᠠᠨ ᠣᠷᠴᠢᠨ ᠲᠣᠭᠤᠷᠢᠨ ᠢ ᠬᠠᠩᠭᠠᠨ ᠦᠭᠴᠦ ᠪᠠᠶᠢᠨ᠎ᠠ᠃    ᠳᠠᠷᠬᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠪᠦᠬᠦ ᠺᠠᠳ᠋ᠷ ᠠᠵᠢᠯᠳᠠᠨ ᠠᠷᠠᠳ ᠤᠯᠠᠨ ᠳᠤ ᠰᠢᠭᠤᠳ᠂ ᠲᠦᠭᠦᠮ ᠲᠦᠷᠭᠡᠨ᠂ ᠨᠠᠷᠢᠯᠢᠭ ᠦᠢᠯᠡᠴᠢᠯᠡᠭᠡ ᠬᠠᠩᠭᠠᠬᠤ ᠶᠢᠨ ᠲᠦᠯᠦᠭᠡ ︿︿ᠲᠠᠪᠤᠨ ᠨᠢᠭᠡ﹀﹀ ︵ᠬᠠᠯᠠᠭᠤᠨ ᠲᠣᠳᠣᠨᠣᠰᠤᠭ ᠢᠶᠠᠷ ᠣᠭᠳᠣᠨ ᠮᠡᠨᠳᠣᠴᠢᠯᠡᠨ᠎ᠡ᠂ ᠬᠠᠶᠢᠷ᠎ᠠ ᠶᠢᠨ ᠰᠡᠳᠬᠢᠯ ᠢᠶᠠᠷ ᠠᠰᠠᠭᠤᠵᠦ ᠮᠡᠨᠳᠦᠴᠢᠯᠡᠨ᠎ᠡ᠂ ᠦᠨᠡᠨᠴᠢ ᠬᠡᠴᠢᠶᠡᠩᠭᠦᠢ ᠪᠠᠷ ᠠᠰᠠᠭᠤᠳᠠᠯ ᠰᠢᠢᠳᠪᠦᠷᠢᠯᠡᠨ᠎ᠡ᠂ ᠠᠭᠤᠴᠢᠯᠡᠯ ᠬᠠᠶᠢᠷ᠎ᠠ ᠪᠠᠷ ᠢᠳᠡᠭᠡᠯ ᠣᠯᠣᠨ᠎ᠠ᠂ ᠲᠡᠷᠢᠭᠦᠨ ᠤ ᠦᠢᠯᠡᠴᠢᠯᠡᠭᠡ ᠪᠠᠷ ᠵᠤᠭᠰᠣᠯᠳᠠ ᠪᠣᠯᠭᠠᠨ᠎ᠠ︶᠎ ᠶᠢᠨ ᠦᠢᠯᠡᠴᠢᠯᠡᠬᠦ ᠤᠪᠤᠷ ᠢ ᠰᠣᠷᠳᠠᠯᠴᠢᠯᠡᠨ ᠨᠠᠶᠢᠳᠠᠪᠦᠷᠢᠵᠢᠭᠤᠯᠵᠦ᠂ ᠣᠳᠣᠬᠢᠴᠢᠯᠠᠭᠰᠠᠨ ᠲᠣᠣᠷ ᠰᠦᠯᠵᠢᠶᠡᠨ ᠤ ᠬᠠᠮᠢᠶᠠᠷᠣᠯᠳᠠ ᠪᠠ ᠨᠠᠷᠢᠯᠢᠭᠵᠢᠭᠤᠯᠣᠭᠰᠠᠨ ᠦᠢᠯᠡᠴᠢᠯᠡᠭᠡᠨ ᠤ ᠠᠵᠢᠯ ᠤᠨ ᠬᠡᠪ ᠰᠣᠷᠳᠠᠯ ᠢ ᠪᠤᠢ ᠪᠤᠯᠭᠠᠵᠦ᠂ ᠴᠣ ᠰᠢᠨ᠎ᠡ ᠲᠦᠷᠢ ᠲᠦᠷᠬᠦ ᠪᠠᠷ ᠬᠤᠳᠠ ᠪᠠᠯᠭᠠᠰᠣᠨ ᠤ ᠰᠠᠭᠤᠭᠠᠯᠢ ᠠᠷᠠᠳ ᠎ ᠲᠠᠭᠠᠨ ᠦᠢᠯᠡᠴᠢᠯᠡᠵᠦ ᠪᠠᠶᠢᠨ᠎ᠠ᠃    ᠲᠠᠷᠬᠠᠨ ᠵᠡᠭᠡᠯᠢ  ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠦᠢᠯᠡᠴᠢᠯᠡᠭᠡᠨ ᠤ ᠠᠵᠢᠯ    ᠨᠢᠭᠡ᠂ ᠨᠡᠶᠢᠭᠡᠮ ᠤᠨ ᠪᠠᠳᠤᠯᠠᠭ᠎ᠠ᠂ ᠨᠡᠶᠢᠭᠡᠮ ᠤᠨ ᠲᠡᠳᠬᠦᠮᠵᠢ᠂ ᠠᠵᠢᠯ ᠣᠯᠭᠤᠬᠤ ᠵᠡᠷᠭᠡ ᠠᠵᠢᠯ ᠢᠶᠠᠷ ᠰᠢᠪᠳᠣᠯᠣᠯᠳᠠ ᠪᠣᠯᠭᠠᠵᠦ ᠵᠡᠭᠡᠯᠢ ᠭᠤᠳᠣᠮᠵᠢ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠭᠦᠷᠭᠡ ᠴᠢᠳᠠᠮᠵᠢ ᠪᠠᠨ ᠴᠢᠩᠭᠠᠳᠬᠠᠨ᠎ᠠ᠃    ᠬᠤᠶᠠᠷ᠂ ᠬᠦᠮᠦᠨ ᠠᠮᠠ ᠪᠠ ᠲᠦᠯᠦᠪᠯᠡᠭᠡᠳᠦ ᠦᠷᠡᠵᠢᠯ ᠤᠨ ᠠᠵᠢᠯ ᠤᠨ ᠦᠢᠯᠡᠴᠢᠯᠡᠭᠡ ᠶᠢ ᠰᠠᠶᠢᠳᠣᠷ ᠬᠢᠨ᠎ᠡ᠃    ᠭᠤᠷᠪᠠ᠂ ᠦᠢᠯᠡᠴᠢᠯᠡᠭᠡᠨ ᠢ ᠡᠭᠦᠳᠡᠨ ᠳᠤᠨᠢ ᠬᠦᠷᠭᠡᠬᠦ ᠠᠵᠢᠯᠯᠠᠭᠠᠨ ᠢ ᠰᠠᠶᠢᠳᠣᠷ ᠦᠷᠨᠢᠭᠦᠯᠦᠨ᠎ᠡ᠃    ᠲᠦᠷᠪᠠ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠬᠠᠮᠢᠶᠠᠷᠣᠯᠳᠠ ᠶᠢᠨ ᠠᠵᠢᠯ ᠢ  ᠴᠢᠩᠭᠠᠳᠬᠠᠵᠦ᠂ ᠨᠡᠶᠢᠭᠡᠮ ᠤᠨ ᠠᠮᠣᠷ  ᠲᠣᠭᠳᠠᠭᠤᠨ ᠢ ᠬᠠᠮᠠᠭᠠᠯᠠᠬᠤ ᠳᠤ  ᠢᠳᠡᠪᠬᠢᠴᠢ ᠦᠢᠯᠡᠳᠣᠯ ᠦᠵᠡᠭᠦᠯᠦᠨ᠎ᠡ᠃            ᠲᠠᠪᠤ᠂ ᠰᠠᠭᠤᠭᠠᠯᠢ ᠠᠷᠠᠳ ᠤᠨ ᠬᠠᠮᠤᠭ ᠲᠣᠣᠷ᠎ᠠ ᠠᠮᠢᠳᠣᠷᠠᠯ ᠤᠨ ᠪᠠᠳᠤᠯᠠᠭ᠎ᠠ ᠶᠢ ᠬᠠᠩᠭᠠᠵᠦ᠂ ︿︿ᠬᠢᠮᠳᠠ ᠦᠨ᠎ᠡ ᠶᠢᠨ ᠲᠦᠷᠢᠶᠡᠰᠦᠨ ᠭᠡᠷ﹀﹀᠎ ᠤᠨ ᠨᠦᠬᠦᠪᠦᠷᠢ ᠮᠦᠩᠭᠦ ᠤᠯᠭᠤᠬᠤ᠂ ᠠᠮᠢᠳᠣᠷᠠᠯ ᠬᠦᠴᠢᠷᠳᠠᠢ᠂ ᠰᠠᠭᠤᠬᠤ ᠭᠡᠷ ᠣᠯᠬᠤ ᠳᠤ ᠬᠦᠴᠢᠷᠲᠠᠢ ᠪᠠᠶᠢᠭ᠎ᠠ ᠬᠦᠮᠦᠰ ᠤᠨ ᠠᠮᠢᠳᠣᠷᠠᠯ ᠳᠤ ᠶᠡᠬᠡᠬᠡᠨ ᠲᠣᠰᠠ ᠲᠡᠮᠵᠢᠯᠭᠡ ᠬᠠᠩᠭᠠᠨ᠎ᠠ᠃    ᠵᠢᠷᠭᠤᠭ᠎ᠠ᠂ ᠵᠡᠮᠳᠡᠭᠴᠣᠳ ᠲᠤ ᠦᠢᠯᠡᠴᠢᠯᠡᠬᠦ ᠪᠠ ᠵᠡᠮᠳᠡᠭᠴᠤᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ ᠪᠠᠶᠢᠴᠠᠭᠠᠬᠤ ᠦᠢᠯᠡᠴᠢᠯᠡᠭᠡᠨ ᠶᠢ ᠦᠷᠨᠢᠭᠦᠯᠦᠨ᠎ᠡ᠃  ᠲᠠᠷᠬᠠᠨ ᠵᠡᠭᠡᠯᠢ  ᠭᠤᠳᠤᠮᠵᠢ ᠶᠢᠨ ᠠᠵᠢᠯᠯᠠᠬᠤ ᠲᠦᠷᠢᠮ ᠲᠣᠭᠳᠠᠭᠠᠯ    ᠲᠠᠷᠬᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠠᠮᠢᠶ᠎ᠠ ᠪᠦᠬᠦᠢ ᠬᠠᠦᠯᠢ ᠴᠠᠭᠠᠵᠠ᠂ ᠬᠠᠦᠯᠢ ᠲᠦᠷᠢᠮ ᠢᠶᠠᠷ ᠦᠨᠳᠦᠰᠦᠯᠡᠯ ᠪᠣᠯᠭᠠᠵᠦ ᠦᠪᠡᠷ ᠎ ᠤᠨ ᠬᠦᠷᠢᠶ᠎ᠡ ᠬᠡᠪᠴᠢᠶᠡᠨ ᠲᠣᠳᠣᠷ᠎ᠠ ᠪᠠᠨ ᠵᠤᠬᠢᠬᠤ ᠵᠠᠰᠠᠭ ᠵᠠᠬᠢᠷᠭᠠᠨ ᠤ  ᠬᠠᠮᠢᠶᠠᠷᠣᠯᠳᠠ ᠶᠢᠨ ᠡᠭᠦᠷᠭᠡ ᠴᠢᠳᠠᠪᠬᠢ ᠶᠢ ᠪᠠᠳᠠᠷᠠᠭᠤᠯᠵᠤ᠂ ᠬᠤᠰᠢᠭᠤᠨ ᠤ ᠵᠠᠰᠠᠭ ᠤ ᠣᠷᠳᠣᠨ ᠠᠴᠠ ᠲᠣᠭᠳᠠᠭᠠᠭᠰᠠᠨ ︿︿ᠪᠠᠭᠠᠷᠢᠨ ᠪᠠᠷᠠᠭᠤᠨ ᠬᠤᠰᠢᠭᠤᠨ ᠤ ᠨᠡᠶᠢᠭᠡᠮ ᠲᠣᠭᠤᠷᠢᠭ ᠤᠨ ᠠᠵᠢᠯᠯᠠᠬᠤ ᠨᠠᠷᠢᠨ ᠵᠤᠷᠪᠣᠰ﹀﹀᠎ ᠢ ᠵᠢᠷᠦᠮᠯᠡᠨ ᠠᠵᠢᠯᠯᠠᠨ᠎ᠠ᠃    ᠨᠢᠭᠡ᠂ ᠬᠠᠷᠢᠶᠠᠨ ᠤ ᠦᠨᠳᠦᠰᠦᠨ ᠰᠣᠷᠠᠭ ᠵᠠᠩᠬᠢ ᠶᠢᠨ ᠬᠦᠮᠦᠷᠭᠡ ᠪᠠᠶᠢᠭᠤᠯᠬᠤ    ᠲᠠᠷᠤᠢ ᠬᠠᠮᠢᠶᠠᠷᠣᠯᠳᠠ ᠶᠢᠨ ᠬᠠᠷᠢᠶᠠᠨ ᠲᠤᠳᠤᠷᠠᠬᠢ ᠡᠯ᠎ᠡ ᠵᠡᠭᠡᠯᠢ ᠭᠤᠳᠣᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠰᠤᠷᠠᠭ ᠵᠠᠩᠬᠢ ᠶᠢᠨ ᠬᠦᠮᠦᠷᠭᠡ ᠪᠠᠶᠢᠭᠤᠯᠬᠤ᠂ ᠰᠠᠭᠤᠭᠠᠯᠢ ᠠᠷᠠᠳ ᠤᠨ ᠰᠣᠷᠠᠭ ᠵᠠᠩᠬᠢ ᠶᠢᠨ ᠬᠦᠮᠦᠷᠭᠡ ᠪᠠᠶᠢᠭᠤᠯᠵᠦ ᠰᠠᠭᠤᠭᠠᠯᠢ ᠠᠷᠠᠳ ᠤᠨ ᠦᠨᠳᠦᠰᠦᠨ ᠪᠠᠶᠢᠳᠠᠯ ᠢ ᠡᠵᠡᠮᠳᠡᠬᠦ᠂ ᠬᠠᠷᠢᠶᠠᠨ ᠲᠣᠳᠣᠷᠠᠬᠢ ᠪᠠᠶᠢᠭᠤᠯᠭ᠎ᠠ ᠨᠢᠭᠡᠴᠡ᠂ ᠠᠵᠦ ᠠᠬᠤᠶᠢᠯᠡᠯ᠂ ᠠᠵᠢᠯ ᠦᠢᠯᠡᠰ ᠤᠨ ᠨᠢᠭᠡᠴᠡ ᠶᠢᠨ ᠰᠣᠷᠠᠭ ᠵᠠᠩᠬᠢ ᠶᠢ ᠡᠵᠡᠮᠳᠡᠬᠦ ᠵᠡᠷᠭᠡ ᠪᠣᠯᠣᠨ᠎ᠠ᠃    ᠬᠤᠶᠠᠷ᠂ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠣᠯᠳᠠ ᠶᠢᠨ ᠠᠵᠢᠯ ᠢ ᠰᠠᠶᠢᠳᠣᠷ ᠬᠢᠬᠦ    ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠣᠯᠳᠠ ᠶᠢᠨ ᠲᠦᠷᠢᠮᠵᠢᠭᠰᠡᠨ ᠪᠠᠶᠢᠭᠤᠯᠣᠯᠳᠠ᠂ ᠣᠷᠣᠨᠴᠢᠯᠠᠯᠳᠠ ᠶᠢᠨ ᠨᠠᠮ ᠤᠨ ᠪᠦᠳᠦᠭᠡᠨ ᠪᠠᠶᠢᠭᠤᠯᠣᠯᠳᠠ᠂ ᠨᠠᠮ ᠤ ᠭᠡᠰᠢᠭᠦᠨ ᠤ ᠲᠣᠣᠷᠴᠢᠯᠠᠭᠰᠠᠨ ᠬᠠᠮᠢᠶᠠᠷᠣᠯᠳᠠ ᠪᠠ ᠨᠠᠮ ᠤᠨ ᠭᠡᠰᠢᠭᠦᠨ ᠤ ᠰᠠᠶᠢᠨ ᠲᠣᠷ᠎ᠠ ᠶᠢᠨ ᠦᠢᠯᠡᠴᠢᠯᠡᠭᠡᠨ ᠤ ᠠᠵᠢᠯ ᠢ ᠵᠣᠬᠢᠶᠠᠨ ᠪᠠᠶᠢᠭᠤᠯᠬᠤ᠂ ᠨᠠᠮ ᠤᠨ ᠲᠦᠯᠦᠭᠡᠯᠡᠭᠴᠢ ᠶᠢᠨ ᠬᠠᠷᠢᠯᠴᠠᠬᠤ ᠠᠵᠢᠯ ᠢ ᠰᠠᠶᠢᠳᠣᠷ ᠬᠢᠨ᠎ᠡ᠃    ᠭᠤᠷᠪᠠ᠂ ᠨᠡᠶᠢᠭᠡᠮ ᠲᠣᠭᠤᠷᠢᠭ ᠤᠨ ᠪᠦᠯᠬᠦᠮ ᠨᠡᠶᠢᠳᠡ ᠶᠢᠨ ᠠᠵᠢᠯ    ᠨᠡᠶᠢᠭᠡᠮ ᠲᠣᠭᠤᠷᠢᠭ ᠤᠨ ᠡᠮᠡᠭᠳᠠᠶᠢᠴᠣᠳ ᠤᠨ ᠠᠵᠢᠯ ᠨᠢ᠂ ᠭᠤᠣᠯᠳᠠᠭᠤ ᠡᠮᠡᠭᠳᠠᠶᠢᠴᠣᠳ ᠪᠠ ᠬᠡᠦᠬᠡᠳ ᠤᠨ ᠬᠠᠦᠯᠢ ᠶᠣᠰᠣᠨ ᠤ ᠡᠷᠬᠡ ᠠᠰᠢᠭ ᠢ ᠬᠠᠮᠠᠭᠠᠯᠠᠵᠦ ᠂ ᠨᠡᠶᠢᠭᠡᠮ ᠲᠣᠭᠤᠷᠢᠭ ᠤᠨ ᠡᠮᠡᠭᠲᠠᠶᠢᠴᠣᠳ ᠤᠨ ᠰᠢᠨ᠎ᠡ ᠶᠢ ᠡᠭᠦᠳᠬᠦ ᠠᠵᠢᠯ ᠢ ᠬᠠᠪᠰᠣᠷᠦᠨ ᠲᠡᠮᠵᠢᠨ᠎ᠡ᠃ ᠵᠠᠯᠠᠭᠤ ᠪᠠᠭᠠᠴᠣᠳ ᠤᠨ ᠰᠣᠷᠭᠠᠨ ᠬᠦᠮᠦᠵᠢᠯ ᠤᠨ ᠠᠵᠢᠯ ᠎ ᠢ ᠰᠠᠶᠢᠳᠣᠷ ᠬᠢᠵᠦ᠂ ᠵᠠᠯᠠᠭᠤ ᠪᠠᠭᠠᠴᠣᠳ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠣᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠠᠵᠢᠯ ᠢ ᠬᠠᠪᠰᠣᠷᠣᠨ ᠳᠡᠮᠵᠢᠵᠦ᠂ ᠡᠷᠦᠬᠡ ᠶᠢᠨ ᠴᠡᠷᠢᠭ ᠤᠨ ᠪᠣᠯᠪᠠᠰᠣᠷᠠᠯ ᠢ ᠴᠢᠩᠭᠠᠳᠬᠠᠨ᠎ᠠ᠃    ᠲᠦᠷᠪᠠ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠠᠵᠢᠯ    ᠠᠷᠠᠳ ᠤᠨ ᠰᠠᠨᠠᠯ ᠢ ᠰᠣᠨᠣᠰᠴᠦ᠂ ᠰᠠᠭᠤᠭᠠᠯᠢ ᠠᠷᠠᠳ ᠤᠨ ᠵᠡᠭᠡᠯᠢ ᠭᠤᠳᠣᠮᠵᠢ ᠶᠢᠨ ᠬᠡᠷᠡᠭ ᠡᠷᠬᠢᠯᠡᠬᠦ ᠭᠠᠵᠠᠷ ᠪᠠ ᠠᠷᠠᠳ ᠤᠨ ᠵᠠᠰᠠᠭ ᠤᠨ ᠣᠷᠳᠣᠨ ᠳᠤ ᠲᠣᠰᠬᠠᠭᠰᠠᠨ ᠠᠯᠢᠪᠠ ᠰᠠᠨᠠᠯ ᠢ ᠬᠦᠯᠢᠶᠡᠨ ᠠᠪᠴᠦ ᠰᠢᠢᠳᠪᠦᠷᠢᠯᠡᠨ᠎ᠡ᠃ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ᠦᠷᠳᠡᠭᠡ ᠪᠠᠶᠢᠭᠤᠯᠣᠨ᠎ᠠ᠃ ᠨᠡᠶᠢᠭᠡᠮ ᠲᠤᠭᠤᠷᠢᠭ ᠲᠠᠬᠢ ᠠᠵᠢᠯ ᠠᠯᠳᠠᠭᠰᠠᠳ᠂ ᠠᠵᠢᠯ ᠬᠦᠯᠢᠶᠡᠵᠦ ᠪᠠᠶᠢᠭ᠎ᠠ ᠬᠦᠮᠦᠰ᠂ ᠶᠠᠪᠣᠭᠤᠯ ᠬᠦᠮᠦᠰ ᠵᠢᠴᠢ ᠠᠵᠢᠯ ᠠᠴᠠ ᠪᠠᠨ ᠠᠮᠠᠷᠠᠭᠰᠠᠳ ᠲᠤ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠎ᠠ᠃  ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠨ᠎ᠡ᠃ ᠨᠡᠶᠢᠭᠡᠮ ᠤᠨ ᠲᠡᠳᠬᠦᠮᠵᠢ ᠶᠢᠨ ᠮᠦᠩᠭᠦ ᠪᠠᠷ ᠲᠠᠮᠵᠢᠨ ᠠᠮᠢᠳᠣᠷᠠᠯ ᠬᠦᠴᠢᠷᠲᠠᠢ ᠬᠦᠮᠦᠰ ᠲᠤ ᠬᠠᠪᠰᠣᠷᠣᠮᠵᠢ ᠤᠯᠤᠭᠤᠨ᠎ᠠ᠃ ᠬᠦᠮᠦᠨ ᠠᠮᠠ ᠪᠠ ᠲᠦᠯᠦᠪᠯᠡᠭᠡᠳᠦ ᠦᠷᠡᠵᠢᠯ ᠤᠨ ᠠᠵᠢᠯ ᠢ ᠰᠠᠶᠢᠳᠣᠷ ᠬᠢᠨ᠎ᠡ᠃ ︿︿12349﹀﹀᠎ ᠶᠢᠨ ᠨᠡᠶᠢᠭᠡᠮ ᠲᠣᠭᠤᠷᠢᠭ ᠤᠨ ᠰᠣᠷᠠᠭ ᠵᠠᠩᠬᠢ ᠶᠢᠨ ᠰᠢᠰᠲ᠋ᠧᠮ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠣᠳᠠᠰᠣ ᠶᠢ ᠠᠰᠢᠭᠯᠠᠵᠦ ᠣᠷᠢᠳᠴᠢᠯᠡᠨ ᠪᠣᠯᠵᠣᠬᠤ᠂ ᠦᠢᠯᠡᠴᠢᠯᠡᠭᠡ ᠶᠢ ᠡᠭᠦᠳᠡᠨ ᠳᠤᠨᠢ ᠬᠦᠷᠭᠡᠬᠦ ᠵᠡᠷᠭᠡ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠶᠢ ᠬᠢᠨ᠎ᠡ᠃  ᠬᠠᠮᠢᠶ᠎ᠠ ᠪᠦᠬᠦᠢ ᠬᠠᠦᠯᠢ ᠲᠦᠷᠢᠮ ᠳᠤ ᠨᠡᠶᠢᠴᠡᠭᠰᠡᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠬᠠᠦᠯᠢ ᠴᠠᠭᠠᠵᠠ ᠶᠢᠨ ᠲᠡᠳᠬᠦᠮᠵᠢ ᠡᠷᠡᠮᠡᠯᠵᠡᠯᠡᠨ ᠦᠭᠭᠦᠨ᠎ᠡ᠃    ᠲᠠᠪᠤ᠂ ᠨᠡᠶᠢᠭᠡᠮ ᠲᠣᠭᠤᠷᠢᠭ ᠤᠨ ᠣᠶᠣᠨ ᠤ ᠪᠣᠯᠪᠠᠰᠣᠨ ᠤ ᠪᠦᠳᠦᠭᠡᠨ ᠪᠠᠶᠢᠭᠤᠯᠣᠯᠳᠠ ᠶᠢᠨ ᠠᠵᠢᠯ    ᠰᠠᠭᠤᠭᠠᠯᠢ ᠠᠷᠠᠳ ᠢ ᠣᠳᠣᠷᠢᠳᠣᠨ ︿︿ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠲᠦᠷᠢᠮ﹀﹀᠂ ︿︿ᠰᠠᠭᠤᠭᠠᠯᠢ ᠠᠷᠠᠳ ᠤᠨ ᠨᠡᠶᠢᠳᠡ ᠶᠢᠨ ᠭᠡᠷ᠎ᠡ﹀﹀᠎ ᠶᠢ ᠵᠢᠷᠦᠮᠯᠡᠨ ᠬᠠᠦᠯᠢ ᠶᠣᠰᠣᠭᠠᠷ ᠦᠪᠡᠷᠳᠡᠭᠡᠨ ᠵᠠᠰᠠᠬᠤ ᠵᠣᠬᠢᠶᠠᠨ ᠪᠠᠶᠢᠭᠤᠯᠣᠯᠳᠠ ᠶᠢ ᠰᠣᠩᠭᠤᠵᠦ᠂ ᠬᠠᠦᠯᠢ ᠶᠣᠰᠣᠭᠠᠷ ᠦᠪᠡᠷᠳᠡᠭᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ  ᠎ ᠲᠤ ᠶᠣᠰᠣ ᠰᠣᠷᠳᠠᠬᠤᠨ ᠤ ᠰᠣᠷᠭᠠᠨ ᠬᠦᠮᠦᠵᠢᠯ ᠢ ᠣᠬᠠᠭᠤᠯᠵᠣ᠂ ᠶᠣᠰᠣ ᠰᠣᠷᠳᠠᠬᠤᠨ ᠤ ᠬᠢᠴᠢᠶᠠᠯ ᠢ ᠡᠷᠬᠢᠯᠡᠨ᠎ᠡ᠃ ᠪᠣᠯᠪᠠᠰᠣᠨ᠂ ᠡᠷᠡᠭᠦᠯ ᠴᠠᠬᠢᠷᠠᠭ᠂ ᠣᠷᠣᠭᠰᠢ ᠲᠠᠪᠰᠢᠭᠰᠠᠨ ᠠᠮᠢᠳᠣᠷᠠᠯ ᠤᠨ ᠬᠡᠯᠪᠡᠷᠢ ᠶᠢ ᠣᠬᠠᠭᠤᠯᠵᠦ᠂ ︿︿ᠲᠠᠪᠣᠨ ᠰᠠᠶᠢᠨᠳᠠᠢ ᠭᠡᠷ ᠪᠦᠯᠢ ᠂ ᠪᠣᠯᠪᠠᠰᠣᠨ ᠰᠠᠭᠤᠭᠠᠯᠢ ᠠᠷᠠᠳ﹀﹀᠎ ᠢ ᠰᠣᠩᠭᠤᠨ ᠰᠢᠯᠭᠠᠷᠠᠭᠤᠯᠣᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠣᠨ ᠣᠯᠠᠨ ᠲᠦᠮᠡᠨᠴᠢ ᠴᠢᠨᠠᠷᠲᠠᠢ ᠰᠣᠶᠣᠯ ᠤᠨ ᠬᠦᠳᠡᠯᠭᠡᠭᠡᠨ ᠢ ᠦᠷᠨᠢᠭᠦᠯᠦᠨ᠎ᠡ᠃   ᠵᠢᠷᠭᠤᠭ᠎ᠠ᠂ ᠨᠡᠶᠢᠭᠡᠮ ᠤᠨ ᠠᠮᠣᠷ ᠲᠦᠪᠰᠢᠨ ᠤ ᠠᠵᠢᠯ    ᠬᠠᠦᠯᠢ ᠴᠠᠭᠠᠵᠠ᠂ ᠬᠠᠦᠯᠢ ᠲᠦᠷᠢᠮ ᠢ ᠣᠬᠠᠭᠤᠯᠣᠨ᠂ ᠵᠦᠷᠢᠴᠡᠯ ᠢ ᠨᠠᠮᠳᠠᠭᠤᠯᠵᠦ᠂ ᠠᠮᠣᠷ ᠲᠣᠭᠳᠠᠭᠤᠨ ᠨᠡᠶᠢᠭᠡᠮ ᠲᠣᠭᠤᠷᠢᠭ ᠢ ᠪᠦᠳᠦᠭᠡᠨ ᠪᠠᠶᠢᠭᠤᠯᠬᠤ ᠠᠵᠢᠯ ᠢ ᠲᠦᠯᠬᠢᠨ ᠠᠬᠢᠭᠤᠯᠣᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠠᠴᠢᠮ ᠪᠠᠶᠢᠳᠠᠯ ᠢ ᠠᠷᠭᠠᠴᠠᠬᠤ ᠪᠠ ᠭᠡᠨᠡᠳᠳᠡ ᠶᠢᠨ ᠶᠠᠪᠣᠳᠠᠯ ᠢ ᠠᠷᠭᠠᠴᠠᠬᠤ ᠴᠢᠳᠠᠪᠣᠷᠢ ᠶᠢ ᠳᠡᠭᠡᠭᠰᠢᠯᠡᠭᠦᠯᠦᠨ᠎ᠡ᠃    ᠲᠣᠯᠤᠭ᠎ᠠ᠂ ᠨᠡᠶᠢᠭᠡᠮ ᠲᠣᠭᠤᠷᠢᠭ ᠤᠨ ᠨᠡᠶᠢᠳᠡ ᠶᠢᠨ ᠠᠰᠠᠷᠠᠮᠵᠢ ᠶᠢᠨ ᠠᠵᠢᠯ    ᠨᠡᠶᠢᠭᠡᠮ ᠲᠣᠭᠤᠷᠢᠭ ᠤᠨ ᠦᠳᠡᠯᠦᠭᠡ ᠨᠠᠰᠣᠳᠠᠶᠢᠴᠣᠳ ᠲᠤ ᠡᠳᠦᠷ ᠲᠣᠳᠣᠮ ᠤᠨ ᠦᠢᠯᠡᠴᠢᠯᠡᠭᠡ ᠬᠠᠩᠭᠠᠨ᠎ᠠ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠎ ᠢ ᠵᠣᠬᠢᠶᠠᠨ ᠪᠠᠶᠢᠭᠤᠯᠵᠦ ᠡᠶ᠎ᠡ ᠵᠣᠬᠢᠴᠠᠯᠳᠣ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠣᠯᠳᠠ ᠳᠤ ᠢᠳᠡᠪᠬᠢᠳᠠᠢ ᠣᠷᠣᠯᠴᠠᠭᠤᠯᠣᠨ᠎ᠠ᠃ ︿︿ᠲᠦᠷᠦ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ᠂ ᠬᠠᠦᠯᠢ ᠴᠠᠭᠠᠵᠠ ᠶᠢ ᠣᠬᠠᠭᠤᠯᠬᠤ᠂ ᠰᠢᠨᠵᠢᠯᠡᠭᠡ᠂ ᠰᠣᠶᠣᠯ ᠤᠨ ᠦᠢᠯᠡᠴᠢᠯᠡᠭᠡᠨ ᠢ ᠬᠦᠷᠭᠡᠬᠦ᠂ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠬᠠᠩᠭᠠᠬᠤ﹀﹀ ᠠᠵᠢᠯᠯᠠᠭᠠᠨ ᠢ ᠰᠠᠭᠤᠭᠠᠯᠢ ᠠᠷᠠᠳ ᠤᠨ ᠡᠷᠦᠬᠡ ᠪᠣᠯᠭᠠᠨ ᠳᠤ ᠲᠣᠣᠱᠯᠠᠭᠤᠯᠣᠨ᠎ᠠ᠃ ᠨᠡᠶᠢᠳᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠣᠯᠳᠠ ᠶᠢ ᠰᠠᠶᠢᠳᠣᠷ ᠬᠢᠵᠦ ᠪᠠᠭ᠎ᠠ ᠲᠣᠭᠤᠷᠢᠭ ᠤᠨ ᠡᠷᠡᠭᠦᠯ ᠬᠠᠮᠠᠭᠠᠯᠠᠯ ᠤᠨ ᠠᠵᠢᠯ ᠲᠠᠢ ᠤᠶᠠᠯᠳᠣᠭᠤᠯᠵᠦ ᠳᠡᠳᠡᠨ ᠳᠤ ᠬᠢᠨᠠᠯᠳᠠ ᠲᠠᠯᠪᠢᠨ᠎ᠠ᠃ ᠨᠡᠶᠢᠭᠡᠮ ᠲᠣᠭᠤᠷᠢᠭ ᠤᠨ ᠨᠡᠶᠢᠳᠡ ᠶᠢᠨ ᠡᠳ᠋ ᠪᠣᠳᠠᠰ ᠤᠨ ᠬᠠᠮᠢᠶᠠᠷᠣᠯᠳᠠ ᠶᠢᠨ ᠠᠵᠢᠯ ᠢ ᠴᠢᠩᠭᠠᠳᠬᠠᠬᠤ ᠵᠡᠷᠭᠡ ᠲᠣᠯᠣᠭᠠᠨ ᠶᠡᠭᠡ ᠲᠠᠯ᠎ᠠ ᠭᠤᠴᠢᠨ ᠨᠠᠷᠢᠨ ᠵᠣᠶᠢᠯ ᠢ ᠵᠢᠷᠦᠮᠯᠡᠨ ᠠᠵᠢᠯᠯᠠᠨ᠎ᠠ᠃ ︵ᠮᠠᠲ᠋ᠧᠷᠢᠶᠠᠯ ᠢ ᠨᠣᠮᠢᠨ ᠬᠠᠩᠭᠠᠪᠠ︶
ᠢᠷᠡᠯᠲᠡ᠄ ᠲᠣᠲᠣᠷᠬᠠᠢ ᠦᠭᠡᠢ