| | ᠪᠠᠭᠠᠷᠢᠨ ᠪᠠᠷᠠᠭᠤᠨ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠮᠤᠩᠭᠤᠯ ᠦᠨᠳᠤᠰᠤᠳᠠᠨ ᠤ ᠭᠡᠤᠭᠡᠳ ᠤᠨ ᠴᠡᠴᠡᠷᠯᠢᠭ ᠨᠢ 1989 ᠤᠨ ᠤ 9 | ᠰᠠᠷ᠎ᠠ ᠳᠤ ᠪᠠᠶᠢᠭᠤᠯᠤᠭᠳᠠᠭᠰᠠᠨ ᠪᠦᠭᠦ ᠬᠤᠰᠢᠭᠤᠨ ᠤ ᠴᠤᠷᠢ ᠶᠢᠨ ᠭᠠᠭᠴᠠ ᠠᠯᠪᠠᠨ ᠠᠴᠠ ᠡᠷᠭᠢᠯᠡᠭᠰᠠᠨ ᠮᠤᠩᠭᠤᠯ ᠦᠨᠳᠤᠰᠤᠳᠠᠨ ᠤ ᠭᠡᠤᠭᠡᠳ ᠤᠨ ᠴᠡᠴᠡᠷᠯᠢᠭ | ᠪᠤᠯᠤᠨ᠎ᠠ᠃ ᠲᠤᠰ ᠴᠡᠴᠡᠷᠯᠢᠭ ᠨᠢ ᠬᠤᠰᠢᠭᠤᠨ ᠤ ᠲᠦᠪ ᠳ᠋ᠠᠪᠠᠨ ᠪᠠᠯᠭᠠᠰᠤᠨ ᠤ ᠵᠠᠭᠡᠯᠢ ᠶᠢᠨ ᠲᠤᠮᠳᠠ ᠭᠡᠰᠡᠭ ᠲᠤ ᠪᠠᠶᠢᠷᠢᠯᠠᠵᠤ ᠪᠤᠢ᠃ ᠴᠡᠴᠡᠷᠯᠢᠭ ᠤᠨ ᠡᠵᠠᠯᠠᠭᠦ | ᠲᠠᠯᠠᠪᠠᠢ ᠨᠢ 3665 ᠲᠡᠭᠰᠢ ᠲᠦᠷᠪᠠᠯᠵᠢᠨ ᠮᠧᠲᠷ ᠪᠠᠶᠢᠵᠤ᠂ 2003 ᠤᠨ ᠳᠤ᠂ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠲᠠᠮᠵᠢᠯᠭᠡ ᠲᠤᠤᠷ᠎ᠠ 1350 ᠲᠡᠭᠰᠢ | ᠲᠦᠷᠪᠠᠯᠵᠢᠨ ᠮᠧᠲᠷ ᠲᠠᠯᠠᠪᠠᠢ ᠲᠠᠢ ᠭᠢᠴᠢᠶᠠᠯᠯᠠᠭᠦ ᠠᠰᠠᠷ ᠢ ᠪᠠᠷᠢᠭᠰᠠᠨ ᠪᠠᠶᠢᠨ᠎ᠠ᠃ 2013 ᠤᠨ ᠳᠤ 90 ᠲᠡᠭᠰᠢ ᠲᠦᠷᠪᠠᠯᠵᠢᠨ ᠮᠧᠲᠷ ᠲᠠᠯᠠᠪᠠᠢ ᠲᠠᠢ ᠲᠤᠭᠤᠭᠠᠨ | ᠭᠡᠷ ᠢ ᠰᠢᠨ᠎ᠡ ᠪᠠᠷᠢᠪᠠ᠃ | ᠤᠳᠤᠬᠠᠨ ᠳᠤ᠂ ᠲᠤᠰ ᠴᠡᠴᠡᠷᠯᠢᠭ ᠨᠢ 10 ᠠᠩᠭᠢ ︵ᠡᠭᠦᠨ ᠳᠤ ᠶᠡᠭᠡ ᠠᠩᠭᠢ 5᠂ ᠲᠤᠮᠳᠠ ᠠᠩᠭᠢ 3᠂ ᠪᠠᠭ᠎ᠠ ᠠᠩᠭᠢ 2︶ 400 ᠰᠢᠬᠠᠮ ᠭᠡᠤᠭᠡᠳ | ᠲᠠᠢ ᠲᠤᠮᠤ ᠭᠡᠯᠪᠠᠷᠢ ᠶᠢᠨ ᠴᠡᠴᠡᠷᠯᠢᠭ ᠪᠤᠯᠤᠨ ᠭᠦᠭᠵᠢᠵᠠᠢ᠃ ᠴᠡᠴᠡᠷᠯᠢᠭ ᠤᠨ ᠪᠠᠭᠰᠢ ᠠᠵᠢᠯᠳᠠᠨ 30 ᠨᠠᠷᠠ ᠪᠠᠶᠢᠵᠣ᠂ ᠰᠤᠷᠤᠯᠭ᠎ᠠ ᠶᠢᠨ ᠨᠠᠮᠳᠠᠷ ᠨᠢ 100% | ᠪᠠᠷ ᠭᠢᠷᠢ ᠲᠠᠩᠴᠠᠵᠤ᠂ ᠡᠭᠦᠨ ᠳᠤ ᠶᠡᠭᠡ ᠰᠤᠷᠭᠠᠭᠤᠯᠢ ᠶᠢᠨ ᠲᠤᠰᠬᠠᠢ ᠮᠠᠷᠭᠡᠵᠢᠯ ᠤᠨ ᠠᠩᠭᠢ ᠶᠢᠨ ᠰᠤᠷᠤᠯᠭ᠎ᠠ ᠶᠢᠨ ᠨᠠᠮᠳᠠᠷ ᠲᠠᠢ ᠨᠢ 90% ᠶᠢ ᠡᠵᠠᠯᠠᠵᠤ ᠪᠤᠢ᠃ | ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠶᠢᠨ ᠦᠨᠳᠤᠷ ᠲᠠᠰ ᠤᠨ ᠪᠠᠭᠰᠢ 14 ᠨᠠᠷᠠ᠂ ᠪᠠᠭ᠎ᠠ ᠰᠤᠷᠭᠠᠭᠤᠯᠢ ᠶᠢᠨ ᠦᠨᠳᠤᠷ ᠲᠠᠰ ᠤᠨ ᠪᠠᠭᠰᠢ 18 ᠨᠠᠷᠠ᠂ | ᠪᠠᠭ᠎ᠠ ᠰᠤᠷᠭᠠᠭᠤᠯᠢ ᠶᠢᠨ ᠨᠢᠭᠡᠳᠤᠭᠡᠷ ᠲᠠᠰ ᠤᠨ ᠪᠠᠭᠰᠢ 2 ᠨᠠᠷᠠ᠂ ᠦᠨᠳᠤᠷ ᠲᠠᠰ ᠤᠨ ᠠᠵᠢᠯᠴᠢᠨ 3 ᠨᠠᠷᠠ᠂ ᠬᠤᠰᠢᠭᠤᠨ ᠲᠠᠰ ᠠᠴᠠ ᠲᠠᠭᠡᠭᠰᠢ ᠵᠢᠭᠠᠨ | ᠰᠤᠷᠭᠠᠬᠤ ᠴᠢᠳᠠᠪᠤᠷᠢᠳᠠᠨ 21 ᠨᠡᠷ᠎ᠡ ᠪᠠᠶᠢᠨ᠎ᠠ᠃ | ᠲᠤᠰ ᠴᠡᠴᠡᠷᠯᠢᠭ ᠤᠨ ᠨᠠᠮ ᠤᠨ ᠡᠭᠦᠷ ᠨᠢ 9 ᠨᠠᠷᠠ ᠨᠠᠮ ᠤᠨ ᠭᠡᠰᠢᠭᠦᠨ ᠲᠠᠢ᠂ ᠡᠭᠦᠨ ᠤ ᠬᠠᠮᠳᠤ ᠠᠵᠢᠯᠴᠢᠨ ᠤ ᠡᠪᠯᠠᠯ᠂ ᠬᠤᠶᠢᠴᠢ ᠦᠶ᠎ᠠ ᠶᠢ ᠬᠠᠯᠠᠮᠵᠢᠯᠠᠬᠤ | ᠵᠦᠪᠯᠠᠯ᠂ ᠡᠮᠡᠭᠳᠠᠶᠢᠴᠤᠳ ᠤᠨ ᠬᠤᠯᠪᠤᠭᠠᠳᠤ ᠬᠤᠷᠠᠯ᠂ ᠲᠤᠭᠤᠭᠠᠨ ᠭᠡᠷ ᠤᠨ ᠢᠳᠠᠭᠡᠨ ᠤᠮᠳᠠᠭᠠᠨ ᠢ ᠲᠤᠭᠢᠷᠠᠭᠤᠯᠬᠤ ᠵᠦᠪᠯᠠᠯ ᠵᠠᠷᠭᠡ ᠵᠤᠭᠢᠶᠠᠨ ᠪᠠᠶᠢᠭᠤᠯᠤᠯᠳᠠ | ᠪᠦᠷᠢᠨ ᠪᠠᠶᠢᠭ᠎ᠠ ᠲᠦᠷᠢᠮᠵᠢᠭᠰᠡᠨ ᠴᠡᠴᠡᠷᠯᠢᠭ ᠪᠤᠯᠤᠨ᠎ᠠ᠃ | ᠤᠷᠴᠢᠮ ᠤᠨ ᠵᠢᠯ ᠠᠴᠠ ᠲᠣᠰ ᠴᠡᠴᠡᠷᠯᠢᠭ ᠨᠢ ᠨᠦᠭᠦᠴᠠᠯ ᠪᠤᠯᠤᠯᠴᠠᠭ᠎ᠠ ᠪᠠᠨ ᠰᠠᠶᠢᠵᠢᠷᠠᠭᠤᠯᠬᠤ ᠲᠠᠭᠡᠷ᠎ᠠ ᠭᠦᠴᠤᠨ ᠢᠶᠠᠨ ᠲᠠᠯᠪᠢᠵᠤ᠂ ᠪᠠᠯᠨ ᠮᠦᠩᠭᠦ | ᠵᠠᠷᠤᠴᠠᠭᠤᠯᠤᠨ ᠲᠤᠨᠤᠭ ᠲᠦᠭᠦᠭᠡᠷᠤᠮᠵᠢ ᠪᠠᠨ ᠰᠢᠨᠡᠳᠬᠡᠨ᠂ ᠤᠯᠠᠨ ᠵᠠᠭᠤᠴᠢᠯᠠᠯᠳᠤ ᠮᠠᠰᠢᠨ 8 ᠤᠭᠰᠠᠷᠠᠵᠤ᠂ ᠰᠢᠷᠡᠭᠡ ᠰᠠᠨᠳᠠᠯᠢ᠂ ᠨᠠᠭᠠᠳᠤᠮ ᠤᠨ ᠪᠠᠭᠠᠵᠢ᠂ | ᠰᠠᠭᠦᠳᠠᠷᠯᠠᠭᠦ ᠮᠠᠰᠢᠨ᠂ DVD᠂ ᠲᠠᠭᠦᠯᠳᠠᠷ ᠬᠤᠭᠤᠷ᠂ ᠰᠢᠩᠭᠡᠭᠡᠯᠳᠠ ᠶᠢᠨ ᠮᠠᠰᠢᠨ ᠵᠠᠷᠭᠡ ᠶᠢ ᠢᠵᠢ ᠪᠦᠷᠢᠯᠳᠤᠭᠦᠯᠤᠨ᠂ ᠭᠡᠤᠭᠡᠳ ᠲᠤ ᠲᠠᠭᠠᠯᠠᠮᠵᠢᠳᠠᠢ ᠤᠷᠴᠢᠨ | ᠲᠤᠭᠤᠷᠢᠨ ᠢ ᠬᠠᠩᠭᠠᠬᠤ ᠳᠤ ᠰᠠᠭᠤᠷᠢ ᠲᠠᠯᠪᠢᠭᠰᠠᠨ ᠪᠠᠶᠢᠨ᠎ᠠ᠃ | ᠲᠤᠰ ᠴᠡᠴᠡᠷᠯᠢᠭ ᠨᠢ 2003 ᠤᠨ ᠳᠤ ᠦᠪᠠᠷᠳᠠᠭᠡᠨ ᠵᠠᠰᠠᠬᠤ ᠤᠷᠤᠨ ᠤ ︿︿ᠨᠢᠭᠡᠳᠤᠭᠡᠷ ᠲᠦᠷᠤᠯ ᠤᠨ ᠭᠦᠭᠡ ᠲᠠᠰ﹀﹀ ᠤᠨ ᠴᠡᠴᠡᠷᠯᠢᠭ ᠢᠶᠠᠷ ᠦᠨᠠᠯᠡᠭᠳᠠᠵᠤ᠂ | 2010 ᠤᠨ ᠳᠤ ᠤᠯᠠᠭᠠᠨᠬᠠᠳᠠ ᠬᠤᠳᠠ ᠶᠢᠨ ︿︿ᠵᠢᠱᠢᠶ᠎ᠠ ᠦᠵᠠᠭᠦᠯᠭᠦ ᠴᠡᠴᠡᠷᠯᠢᠭ﹀﹀ ᠢᠶᠠᠷ ᠦᠨᠠᠯᠡᠭᠳᠡᠪᠡ᠃ |