| | ︵2016 ᠤᠨ ᠤ7 ᠰᠠᠷ᠎ᠠ ᠶᠢᠨ26 ᠤ ᠡᠳᠦᠷ ᠪᠠᠭᠠᠷᠢᠨ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ | ᠬᠤᠷᠠᠯ ᠠᠴᠠ ᠪᠠᠳᠤᠯᠠᠪᠠ︶ | | ᠪᠠᠭᠠᠷᠢᠨ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ | ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠬᠤᠶᠠᠳᠤᠭᠠᠷ ᠤᠳᠠᠭᠠᠨ ᠤ ᠬᠤᠷᠠᠯ ᠠᠴᠠ | ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠲᠠᠷᠤᠭ᠎ᠠ ᠷᠧᠨ ᠴᠢ ᠢᠦᠢ ᠶᠢᠨ ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠢᠭᠰᠡᠨ ︽ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ 2015 | ᠤᠨ ᠤ ᠪᠦᠬᠦ ᠬᠤᠰᠢᠭᠤᠨ ᠪᠠ ᠬᠤᠰᠢᠭᠤᠨ ᠲᠣᠰ ᠱᠠᠳᠣᠨ ᠤ ᠡᠳ᠋ ᠤᠨ ᠵᠠᠰᠠᠭ ᠤᠨᠲ᠋ᠦ᠋ᠰᠦᠪ ᠤᠨ ᠬᠦᠢᠴᠡᠳᠭᠡᠯ | ᠤᠨ ᠪᠠᠶᠢᠳᠠᠯ ᠤᠨ ᠮᠡᠳᠡᠬᠦᠯᠦᠯᠳᠠ︾ ᠬᠢᠬᠡᠳ ᠬᠤᠰᠢᠭᠤᠨ ᠤ ᠬᠢᠨᠠᠨ ᠪᠤᠳᠤᠬᠤ ᠲᠤᠪᠴᠢᠶ᠎ᠠ ᠶᠢᠨ ᠲᠠᠷᠤᠭ᠎ᠠ ᠡᠦ ᠶᠦᠩ | ᠰᠢᠶᠠᠩ ᠤᠨ ᠬᠤᠰᠢᠭᠤᠨ ᠤ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠢᠭᠰᠡᠨ ︽ᠬᠤᠰᠢᠭᠤᠨ ᠤ ᠠᠷᠠᠳ ᠤᠨ | ᠵᠠᠰᠠᠭ ᠤᠨ ᠤᠷᠳᠤᠨ ᠤ2015 ᠤᠨ ᠤ ᠡᠳ᠋ ᠤᠨ ᠵᠠᠰᠠᠭ ᠤᠨ ᠵᠢᠱᠢᠨ ᠪᠤᠳᠤᠯᠳᠠ ᠶᠢ ᠬᠦᠢᠴᠡᠳᠬᠡᠬᠦ ᠪᠤᠯᠤᠨ | ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠮᠡᠳᠡᠬᠦᠯᠦᠯᠳᠠ︾ ᠶᠢ | ᠰᠤᠨᠤᠰᠤᠭᠰᠠᠨ ᠪᠠᠶᠢᠨ᠎ᠠ᠃ ᠬᠤᠷᠠᠯ ᠠᠴᠠ ᠰᠡᠢᠳᠪᠦᠷᠢ ᠶᠢᠨ ᠮᠡᠳᠡᠬᠦᠯᠦᠯᠳᠠ ᠶᠢ ᠪᠠᠳᠤᠯᠠᠵᠤ᠂ ᠬᠢᠨᠠᠨ ᠪᠤᠳᠤᠬᠤ | ᠮᠡᠳᠡᠬᠦᠯᠦᠯᠳᠠ ᠲᠠᠢ ᠤᠶᠠᠯᠳᠤᠭᠤᠯᠤᠨ᠂ 2015 ᠤᠨ ᠤ ᠪᠦᠬᠦ ᠬᠤᠰᠢᠭᠤᠨ ᠤ ᠡᠳ᠋ ᠤᠨ ᠵᠠᠰᠠᠭ ᠤᠨ ᠰᠡᠢᠳᠪᠦᠷᠢ | ᠶᠢᠨ ᠪᠠᠶᠢᠳᠠᠯ ᠤᠨ ᠮᠡᠳᠡᠬᠦᠯᠦᠯᠳᠠ ᠳᠤ ᠬᠢᠨᠠᠨ ᠪᠠᠶᠢᠴᠠᠭᠠᠯᠳᠠ ᠬᠢᠵᠤ᠂2015 ᠤᠨ ᠤ ᠪᠦᠬᠦ ᠬᠤᠰᠢᠭᠤᠨ ᠤ ᠡᠳ᠋ | ᠤᠨ ᠵᠠᠰᠠᠭ ᠤᠨ ᠲᠠᠰᠤᠯᠤᠨ ᠪᠤᠳᠤᠬᠤ ᠶᠢ ᠵᠦᠪᠰᠢᠶᠡᠷᠡᠭᠰᠡᠨ ᠪᠠᠶᠢᠨ᠎ᠠ᠃ | ᠬᠤᠷᠠᠯ ᠠᠴᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ︽ ᠲᠦᠰᠦᠪ ᠤᠨ ᠬᠠᠣᠯᠢ︾ ᠶᠢ | ᠬᠢᠨᠠᠮᠠᠭᠠᠢ ᠬᠡᠷᠡᠭᠵᠢᠬᠦᠯᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠢᠨᠠᠨ ᠬᠠᠮᠢᠶᠠᠷᠤᠯᠳᠠ ᠶᠢ ᠴᠢᠩᠭᠠᠳᠬᠠᠨ᠂ | ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠳᠠ ᠶᠢ ᠴᠢᠩᠭᠠᠷᠠᠭᠤᠯᠵᠤ᠂ ᠡᠳ᠋ ᠤᠨ ᠵᠠᠰᠠᠭ ᠤᠨ ᠤᠷᠤᠯᠭ᠎ᠠ ᠶᠢᠨ | ᠠᠵᠢᠯ ᠢ ᠴᠢᠩᠭᠠᠳᠬᠠᠬᠤ ᠬᠡᠷᠡᠭᠳᠡᠢ᠃ ᠬᠢᠨᠠᠨ ᠪᠤᠳᠤᠬᠤ ᠬᠠᠮᠢᠶᠠᠷᠤᠯᠳᠠ ᠶᠢ ᠴᠢᠩᠭᠠᠳᠬᠠᠨ᠂ ᠲᠦᠰᠦᠪ ᠪᠠ ᠵᠠᠰᠠᠭ | ᠤᠨ ᠤᠷᠳᠤᠨ ᠤ ᠴᠢᠨᠠᠷᠳᠠᠢ ᠦᠷᠢ ᠰᠢᠷᠢ ᠶᠢᠨ ᠬᠠᠮᠢᠶᠠᠷᠤᠯᠳᠠ ᠶᠢ ᠲᠦᠷᠢᠮᠵᠢᠬᠦᠯᠦᠨ᠂ ᠡᠳ᠋ ᠤᠨ ᠵᠠᠰᠠᠭ ᠤᠨ ᠠᠵᠢᠯ | ᠤᠨ ᠶᠠᠷᠦᠩᠬᠡᠢ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ ᠪᠦᠬᠦ ᠲᠠᠯ᠎ᠠ ᠪᠠᠷ᠂ ᠲᠦᠷᠢᠮᠵᠢᠬᠦᠨ᠂ | ᠢᠯᠡ᠂ ᠲᠤᠳᠤᠷᠬᠠᠢ ᠪᠠᠶᠢᠬᠤ ᠤᠳᠤ ᠴᠠᠭ ᠦᠶ᠎ᠠ ᠶᠢᠨ ᠡᠳ᠋ ᠤᠨ ᠵᠠᠰᠠᠭ ᠤᠨ ᠵᠢᠱᠢᠭᠰᠡᠨ ᠬᠠᠷᠠᠯᠳᠠ ᠶᠢ | ᠪᠡᠶᠡᠯᠡᠬᠦᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠠᠬᠢᠭᠤᠯᠬᠤ ᠪᠤᠯᠤᠨ ᠠᠷᠠᠳᠮᠢᠯᠠᠯ | ᠢ ᠰᠠᠶᠢᠵᠢᠷᠠᠭᠤᠯᠬᠤ ᠪᠠᠷ ᠴᠦᠬᠦᠷᠡᠰᠢ ᠦᠬᠡᠢ ᠴᠢᠷᠮᠠᠶᠢᠬᠤ ᠬᠡᠷᠡᠭᠳᠠᠢ ᠭᠡᠵᠣ ᠱᠠᠭᠠᠷᠳᠠᠪᠠ᠃ |