2016 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ ᠵᠢᠴᠢ 2017 | ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠲᠥᠯᠥᠪᠵᠢᠭᠦᠯᠭᠡ ︵ᠲᠥᠰᠥᠯ︶ ᠶᠢᠨ ᠮᠡᠳᠡᠭᠦᠯᠦᠯᠲᠡ ︵ᠳᠡᠭᠡᠳᠦ︶ | —— 2017 ᠣᠨ ᠤ 2 ᠰᠠᠷ᠎ᠠ ᠶᠢᠨ 9 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭ᠎ᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠢᠷᠭᠤᠳᠤᠭᠠᠷ ᠤᠳᠠᠭᠠᠨ ᠤ ᠬᠤᠷᠠᠯᠳᠤᠭᠠᠨ ᠪᠠᠭᠠᠷᠢᠨ ᠪᠠᠷᠠᠭᠤᠨ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠲᠣᠪᠴᠢᠶ᠎ᠠ | ᠲᠥᠯᠥᠭᠡᠯᠡᠭᠴᠢ ᠨᠥᠬᠦᠳ ᠡ᠄ | ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠳᠣᠣᠷ᠎ᠠ 2016 ᠣᠨ ᠤ ᠤᠯᠤᠰ ᠠᠷᠠᠳ ᠤᠨ ᠠᠵᠤ ᠠᠬᠤᠢ | ᠪᠠ ᠨᠡᠶᠢᠭᠡᠮ ᠤᠨ ᠬᠥᠭᠵᠢᠯᠲᠡ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ ᠵᠢᠴᠢ 2017 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ | ᠬᠥᠭᠵᠢᠯᠲᠡ ᠲᠥᠯᠥᠪᠵᠢᠭᠦᠯᠭᠡ ︵ᠲᠥᠰᠥᠯ︶ ᠶᠢᠨ ᠮᠡᠳᠡᠭᠦᠯᠦᠯᠲᠡ ᠶᠢ ᠶᠡᠭᠡ ᠬᠤᠷᠠᠯ ᠳᠤ ᠳᠡᠪᠰᠢᠭᠦᠯᠦᠨ ᠬᠢᠨᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠤᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2016 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠲᠥᠯᠥᠪᠵᠢᠭᠦᠯᠭᠡ ᠶᠢ ᠭᠦᠢᠴᠡᠳᠬᠡᠭᠰᠡᠨ ᠪᠠᠶᠢᠳᠠᠯ | 2016 ᠣᠨ ᠳᠤ ᠬᠤᠰᠢᠭᠤ ᠳᠠᠶᠠᠭᠠᠷ ᠢᠶᠠᠨ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤ ᠶᠢ ᠴᠣᠭᠴᠠᠯᠠᠬᠤ ᠬᠠᠷᠠᠯᠲᠠ ᠶᠢᠨ ᠲᠣᠭᠤᠷᠢᠨ ᠳᠤ ᠨᠢᠭᠲᠠ | ᠪᠦᠯᠬᠦᠮᠳᠡᠨ᠂ ᠬᠥᠭᠵᠢᠯᠲᠡ᠂ ᠠᠮᠢ ᠠᠬᠤᠢ ᠪᠠ ᠠᠷᠠᠳᠮᠢᠯᠠᠯ ᠤᠨ ᠳᠣᠣᠷᠠᠳᠤ ᠪᠠᠷᠢᠮᠵᠢᠶ᠎ᠠ ᠶᠢ ᠪᠠᠲᠤ ᠰᠠᠬᠢᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ | ᠪᠠᠶᠢᠳᠠᠯ ᠲᠠᠢ ᠢᠳᠡᠪᠬᠢᠲᠡᠢ ᠵᠣᠬᠢᠴᠠᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠠᠷᠠᠳᠮᠢᠯᠠᠯ ᠢ ᠪᠦᠬᠦ | ᠬᠦᠴᠦᠨ ᠢᠶᠠᠷ ᠰᠠᠶᠢᠵᠢᠷᠠᠭᠤᠯᠬᠤ ᠶᠢ ᠪᠠᠲᠤᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ︽ᠶᠡᠷᠦᠩᠬᠡᠢ ᠬᠡᠮᠵᠢᠶ᠎ᠡ ᠳᠡᠭᠡᠭᠰᠢᠯᠡᠵᠦ᠂ ᠪᠦᠲᠦᠴᠡ ᠰᠢᠯᠢᠳᠡᠭᠵᠢᠨ᠂ | ᠨᠥᠭᠡᠴᠡ ᠬᠦᠴᠦ ᠨᠡᠮᠡᠭᠳᠡᠵᠦ᠂ ᠠᠷᠠᠳᠮᠢᠯᠠᠯ ᠰᠠᠶᠢᠵᠢᠷᠠᠭᠰᠠᠨ︾ ᠮᠠᠰᠢ ᠰᠠᠶᠢᠨ ᠪᠠᠶᠢᠳᠠᠯ ᠢ ᠪᠣᠢ ᠪᠣᠯᠭᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠠᠰᠤᠷᠤ ᠰᠠᠶᠢᠨ ᠡᠬᠢᠯᠡᠯᠲᠡ ᠶᠢ ᠪᠡᠶᠡᠯᠡᠭᠦᠯᠵᠡᠢ᠃ | ︵ᠨᠢᠭᠡ︶ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ᠂ ᠪᠦᠲᠦᠴᠡ ᠶᠢᠨ ᠲᠣᠬᠢᠷᠠᠭᠤᠯᠤᠯᠲᠠ ᠨᠡᠩ ᠵᠦᠢ ᠵᠣᠬᠢᠰᠲᠠᠢ ᠪᠣᠯᠵᠠᠢ᠃ | 2016 ᠣᠨ ᠳᠤ᠂ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 83.08 ᠳ᠋ᠦᠩᠰᠢᠭᠤᠷ ᠲᠥᠭᠦᠷᠢᠭ ᠲᠤ ᠬᠦᠷᠴᠦ᠂ | 8% ᠢᠶᠠᠷ ᠨᠡᠮᠡᠭᠳᠡᠪᠡ᠂ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ 11.83 ᠳ᠋ᠦᠩᠰᠢᠭᠤᠷ ᠲᠥᠭᠦᠷᠢᠭ ᠪᠠᠶᠢᠵᠤ᠂ 3.6% ᠨᠡᠮᠡᠭᠳᠡᠵᠡᠢ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ 45.11 ᠳ᠋ᠦᠩᠰᠢᠭᠤᠷ ᠲᠥᠭᠦᠷᠢᠭ ᠪᠠᠶᠢᠵᠤ᠂ 8.9% ᠨᠡᠮᠡᠭᠳᠡᠵᠡᠢ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ | 26.14 ᠳ᠋ᠦᠩᠰᠢᠭᠤᠷ ᠲᠥᠭᠦᠷᠢᠭ ᠪᠠᠶᠢᠵᠤ᠂ 7.9% ᠨᠡᠮᠡᠭᠳᠡᠵᠡᠢ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ 14.2᠄ 54.3᠄ 31.5 ᠳᠤ | ᠬᠦᠷᠴᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ 4.42 ᠳ᠋ᠦᠩᠰᠢᠭᠤᠷ ᠲᠥᠭᠦᠷᠢᠭ ᠶᠢ ᠪᠡᠶᠡᠯᠡᠭᠦᠯᠵᠦ᠂ 6.5% ᠨᠡᠮᠡᠭᠳᠡᠪᠡ᠃ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 69.8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 15.7% ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠥᠷᠲᠡᠭ ᠵᠢᠱᠢᠯᠲᠡ ᠪᠠᠷ 24.7 ᠳ᠋ᠦᠩᠰᠢᠭᠤᠷ ᠲᠥᠭᠦᠷᠢᠭ ᠬᠦᠷᠴᠦ᠂ 10% | ᠨᠡᠮᠡᠭᠳᠡᠪᠡ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ 22820 ᠲᠥᠭᠦᠷᠢᠭ ᠪᠠᠶᠢᠵᠤ᠂ | 10% ᠨᠡᠮᠡᠭᠳᠡᠪᠡ᠃ ᠬᠥᠳᠡᠭᠡ ᠲᠣᠰᠬᠤᠨ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠣᠯᠬᠤ ᠣᠷᠣᠯᠭ᠎ᠠ ᠵᠢᠱᠢᠯᠲᠡ ᠪᠠᠷ | 8910 ᠲᠥᠭᠦᠷᠢᠭ ᠪᠠᠶᠢᠵᠤ᠂ 10.4% ᠨᠡᠮᠡᠭᠳᠡᠪᠡ᠃ ᠬᠤᠲᠠ ᠪᠠᠯᠭᠠᠰᠤᠴᠢᠯᠠᠯᠲᠠ ᠶᠢᠨ ᠨᠣᠷᠮ᠎ᠠ 50.1% ᠬᠦᠷᠴᠦ᠂ ᠣᠢ ᠰᠢᠭᠤᠢ ᠶᠢᠨ ᠪᠦᠷᠬᠦᠴᠡ ᠶᠢᠨ | ᠨᠣᠷᠮ᠎ᠠ 26% ᠬᠦᠷᠴᠡᠢ᠃ ᠨᠢᠭᠡ ᠳᠤ ᠮᠠᠯ ᠲᠠᠷᠢᠶᠠᠯᠠᠩ ᠠᠵᠤ ᠦᠢᠯᠡᠳᠪᠦᠷᠢᠯᠡᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠮᠠᠯ ᠲᠠᠷᠢᠶᠠᠯᠠᠩ | ᠠᠵᠤ ᠠᠬᠤᠢ ᠶᠢᠨ "2862" ᠢᠨᠵᠧᠨᠧᠷᠢᠩ ᠲᠦᠷᠭᠡᠨ ᠠᠬᠢᠴᠠ ᠲᠠᠢ ᠪᠣᠯᠵᠤ᠂ ᠵᠢᠯ ᠤᠨ ᠠᠯᠠᠰᠢᠨ ᠦᠬᠡᠷ ᠤᠨ ᠪᠣᠷᠳᠣᠵᠤ ᠪᠣᠷᠣᠯᠠᠭᠤᠯᠬᠤ ᠲᠤᠭ᠎ᠠ 4.5 ᠲᠦᠮᠡᠨ | ᠲᠣᠯᠣᠭᠠᠢ᠂ ᠠᠯᠠᠰᠢᠨ ᠬᠤᠨᠢ 120 ᠲᠦᠮᠡᠨ ᠲᠣᠯᠣᠭᠠᠢ ᠬᠦᠷᠪᠡ᠃ ︽ᠪᠠᠭᠠᠷᠢᠨ ᠦᠬᠡᠷ ᠤᠨ ᠮᠢᠬ᠎ᠠ︾ ︽ᠪᠠᠭᠠᠷᠢᠨ ᠬᠤᠨᠢᠨ ᠮᠢᠬ᠎ᠠ︾ ︽ᠪᠠᠭᠠᠷᠢᠨ ᠳᠣᠲᠤᠷᠭ᠎ᠠ︾ | ᠨᠢ ᠪᠦᠬᠦ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ ᠢ ᠣᠯᠪᠠ᠃ 29.87 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠡᠶᠡᠯᠡᠭᠦᠯᠪᠡ᠃ | ᠬᠤᠶᠠᠷ ᠲᠤ᠂ ᠦᠢᠯᠡᠳᠪᠦᠷᠢ ᠠᠵᠤ ᠠᠬᠤᠢ ᠶᠢᠨ ᠶᠠᠰᠤ ᠴᠢᠨᠠᠷ ᠳᠡᠭᠡᠭᠰᠢᠯᠡᠪᠡ᠃ ᠪᠦᠬᠦ ᠬᠤᠰᠢᠭᠤᠨ ᠤ ᠦᠢᠯᠡᠳᠪᠦᠷᠢ ᠠᠵᠤ ᠦᠢᠯᠡᠳᠪᠦᠷᠢ ᠶᠢᠨ ᠨᠡᠮᠡᠭᠳᠡᠯ ᠤᠨ | ᠥᠷᠲᠡᠭ 36.79 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 9.2% ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠣᠷᠣᠯᠠᠭᠤᠯᠭ᠎ᠠ ᠶᠢᠨ ᠣᠷᠣᠯᠭ᠎ᠠ 134.2 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 8% ᠨᠡᠮᠡᠭᠳᠡᠨ᠂ ᠦᠢᠯᠡᠳᠪᠦᠷᠢᠯᠡᠯ ᠪᠣᠷᠣᠯᠠᠭᠤᠯᠭ᠎ᠠ ᠶᠢᠨ | ᠨᠣᠷᠮ᠎ᠠ 98.2% ᠳᠤ ᠬᠦᠷᠴᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠠᠬᠤᠶᠢᠯᠠᠯ 47 ᠡᠷᠦᠬᠡ ᠪᠠᠶᠢᠵᠤ᠂ ᠠᠵᠤ | ᠦᠢᠯᠡᠳᠪᠦᠷᠢ ᠶᠢᠨ ᠲᠥᠪᠯᠡᠷᠡᠯ ᠤᠨ ᠬᠢᠷᠢ ᠲᠦᠪᠰᠢᠨ ᠥᠷᠭᠦᠯᠵᠢᠯᠡᠨ ᠳᠡᠭᠡᠭᠰᠢᠯᠡᠪᠡ᠃ ᠭᠤᠷᠪᠠ ᠳᠤ᠂ ᠦᠢᠯᠡᠴᠢᠯᠡᠭᠡᠨ ᠤ ᠦᠢᠯᠡᠰ ᠰᠠᠶᠢᠨ ᠬᠥᠭᠵᠢᠯᠲᠡ ᠶᠢᠨ | ᠪᠠᠶᠢᠳᠠᠯ ᠢ ᠪᠠᠷᠢᠮᠲᠠᠯᠠᠵᠤ ᠪᠣᠢ᠃ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢᠨ ᠨᠡᠶᠢᠲᠡ ᠶᠢᠨ ᠦᠢᠯᠡᠴᠢᠯᠡᠭᠡᠨ ᠤ ᠲᠥᠪ ᠪᠠ ᠪᠠᠭᠠᠷᠢᠨ ᠰᠢᠶᠠᠨ ᠳ᠋ᠠ ᠬᠦᠢᠲᠡᠨ | ᠬᠡᠯᠬᠢᠶᠡᠲᠦ ᠲᠠᠸᠠᠷ ᠤᠨ ᠭᠦᠢᠯᠭᠡᠭᠡ ᠨᠢ ᠡᠵᠡᠩᠨᠡᠯᠲᠡ ᠳᠤ ᠣᠷᠣᠵᠤ᠂ ᠣᠳᠣᠬᠢᠴᠢᠯᠠᠭᠰᠠᠨ ᠠᠷᠠᠯᠵᠢᠶ᠎ᠠ ᠬᠤᠳᠠᠯᠳᠤᠭ᠎ᠠ ᠲᠠᠸᠠᠷ ᠤᠨ ᠭᠦᠢᠯᠭᠡᠭᠡ ᠶᠢᠨ ᠬᠦᠷᠢᠶᠡᠯᠡᠩ | ᠲᠣᠭᠤᠷᠢᠭ᠂ ᠯᠦᠩ ᠰᠢᠶᠠᠩ ᠰᠣᠶᠣᠯ ᠵᠢᠭᠤᠯᠴᠢᠯᠠᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠯᠡᠩ ᠲᠣᠭᠤᠷᠢᠭ ᠨᠢ ᠪᠠᠷᠢᠯᠭ᠎ᠠ ᠡᠬᠢᠯᠡᠪᠡ᠃ ᠵᠢᠭᠤᠯᠴᠢᠯᠠᠯ ᠤᠨ | ᠦᠢᠯᠡᠰ ᠲᠦᠷᠭᠡᠨ ᠬᠥᠭᠵᠢᠵᠦ᠂ ᠵᠢᠭᠤᠯᠴᠢᠯᠠᠯ ᠤᠨ ᠦᠢᠯᠡᠰ ᠤᠨ ᠣᠷᠣᠯᠭ᠎ᠠ 3.43 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 40.9 ᠲᠦᠮᠡᠨ ᠬᠥᠮᠥᠨ | ᠤᠳᠠᠭ᠎ᠠ ᠶᠢᠨ ᠵᠢᠭᠤᠯᠴᠢᠯᠠᠭᠴᠢᠳ ᠤᠨ ᠬᠦᠯᠢᠶᠡᠨ ᠠᠪᠴᠤ᠂ ᠲᠣᠰ ᠪᠦᠷᠢ 34% ᠪᠠ 16.5% ᠨᠡᠮᠡᠭᠳᠡᠵᠡᠢ᠃ | ︵ᠬᠤᠶᠠᠷ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠬᠥᠭᠵᠢᠯᠲᠡ ᠶᠢᠨ ᠨᠥᠭᠡᠴᠡ ᠬᠦᠴᠦᠨ ᠦᠷᠭᠦᠯᠵᠢᠯᠡᠨ | ᠴᠢᠩᠭᠠᠷᠠᠪᠠ᠃ ︽ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠯᠤᠯᠳᠤᠭᠠᠨ ᠤ ᠣᠨ︾ ᠤ ᠠᠵᠢᠯᠯᠠᠭᠠᠨ ᠢ ᠬᠦᠴᠦᠯᠡᠨ ᠥᠷᠨᠢᠭᠦᠯᠵᠦ᠂ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠂ ᠪᠡᠯᠡ ᠣᠷᠣᠭᠤᠯᠤᠯᠲᠠ ᠶᠢᠨ ᠬᠡᠪᠴᠢᠶ᠎ᠡ ᠲᠠᠰᠤᠷᠠᠯᠲᠠ ᠦᠭᠡᠢ ᠨᠡᠮᠡᠭᠳᠡᠪᠡ᠃ ᠨᠢᠭᠡ ᠳᠤ᠂ | ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠣᠭᠤᠯᠤᠯᠲᠠ ᠲᠠᠰᠤᠷᠠᠯ ᠦᠭᠡᠢ ᠨᠡᠮᠡᠭᠳᠡᠪᠡ᠃ ᠪᠦᠬᠦ ᠬᠤᠰᠢᠭᠤᠨ ᠤ ᠶᠡᠷᠦᠩᠬᠡᠢ ᠪᠡᠯᠡ ᠣᠷᠤᠭᠤᠯᠤᠯᠲᠠ 500 | ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ᠲᠤᠭ᠎ᠠ 87 ᠪᠠᠶᠢᠵᠤ᠂ 69.8 ᠳ᠋ᠦᠩᠰᠢᠭᠤᠷ | ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭ᠎ᠠ ᠶᠢᠨ ᠨᠡᠮᠡᠭᠳᠡᠯ 15.7% ᠬᠥᠷᠪᠡ᠃ ᠵᠢᠩ ᠣᠤ ᠭᠡᠷᠡᠯ ᠴᠡᠨᠡᠭ ᠤᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠲᠣᠣᠷ ᠲᠤ ᠵᠠᠯᠭᠠᠨ ᠴᠠᠬᠢᠯᠭᠠᠨ ᠭᠠᠷᠭᠠᠵᠤ᠂ ᠶᠤᠸᠠᠨ ᠭᠦ᠋ ᠠᠮᠢ ᠠᠬᠤᠢ ᠲᠠᠷᠢᠶᠠᠯᠠᠩ ᠦᠢᠯᠡᠰ ᠤᠨ ᠤᠰᠤᠨ ᠲᠣᠲᠣᠷᠭ᠎ᠠ ᠪᠠ | ᠡᠯᠳᠡᠪ ᠠᠮᠤ ᠶᠢᠨ ᠭᠦᠨᠵᠡᠭᠡᠢ ᠡᠳ᠋ᠰᠢᠭᠦᠯᠭᠡ᠂ ᠾᠦᠩ ᠹᠠ ᠪᠠᠭᠠᠷᠢᠨ ᠮᠠᠯ ᠠᠵᠤ ᠠᠬᠤᠢ ᠦᠢᠯᠡᠰ ᠤᠨ ᠠᠯᠠᠰᠢᠨ ᠬᠤᠨᠢ ᠡᠳ᠋ᠰᠢᠭᠦᠯᠬᠦ ᠲᠥᠷᠥᠯ ᠵᠦᠢᠯ ᠤᠨ ᠭᠤᠣᠯ | ᠴᠣᠭᠴᠠ ᠶᠢᠨ ᠪᠠᠷᠢᠯᠭ᠎ᠠ ᠠᠵᠢᠯ ᠳᠠᠭᠤᠰᠤᠨ᠂ ᠵᠢᠩ ᠣᠤ ᠭᠡᠷᠡᠯ ᠴᠡᠨᠡᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ᠂ ᠳ᠋ᠠᠢ ᠬᠤᠸᠠᠩ ᠭᠸᠥ 5000 ᠲᠣᠨ ᠬᠠᠷ᠎ᠠ | ᠲᠤᠭᠤᠯᠭ᠎ᠠ ᠴᠠᠶᠢᠷ ᠮᠠᠯᠲᠠᠵᠤ ᠰᠣᠩᠭᠤᠬᠤ᠂ ᠸᠠ ᠬᠠ ᠬᠠ ᠬᠥᠨᠥᠭ ᠲᠤ ᠰᠠᠪᠠᠯᠠᠭᠰᠠᠨ ᠴᠡᠩᠭᠡᠭ ᠤᠰᠤ ᠦᠢᠯᠡᠳᠪᠦᠷᠢᠯᠡᠬᠦ ᠰᠠᠭᠤᠷᠢᠨ ᠭᠠᠵᠠᠷ᠂ ᠳ᠋ᠠᠪᠠᠨ ᠶᠢᠰᠦᠨ | ᠵᠢᠯ ᠤᠨ ᠳᠦᠷᠢᠮᠲᠦ ᠰᠤᠷᠭᠠᠭᠤᠯᠢ ᠵᠡᠷᠭᠡ ᠲᠥᠷᠥᠯ ᠵᠦᠢᠯ ᠤᠨ ᠪᠠᠶᠢᠭᠤᠯᠤᠯᠲᠠ ᠪᠠᠷᠢᠯᠭ᠎ᠠ ᠡᠬᠢᠯᠡᠪᠡ︔ ᠬᠤᠶᠠᠷ ᠲᠤ᠂ ᠪᠡᠯᠡ ᠮᠥᠩᠭᠦ ᠣᠯᠬᠤ ᠬᠦᠴᠦᠯᠡᠴᠡ ᠶᠢᠨ | ᠨᠡᠮᠡᠭᠳᠡᠭᠦᠯᠪᠡ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠲᠥᠰᠥᠪ ᠳᠣᠲᠣᠷᠠᠬᠢ ᠪᠡᠯᠡ ᠣᠷᠤᠭᠤᠯᠤᠯᠲᠠ ᠶᠢᠨ ᠴᠢᠭᠯᠡᠯ ᠢ ᠠᠩᠬᠠᠷᠤᠨ᠂ ᠠᠷᠭ᠎ᠠ ᠪᠦᠬᠦᠨ ᠢ | ᠰᠦᠪᠡᠭᠴᠢᠯᠡᠵᠦ᠂ ᠪᠡᠯᠡ ᠲᠠᠲᠠᠬᠤ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ᠂ ᠪᠡᠯᠡ ᠮᠥᠩᠭᠦ ᠪᠠ ᠲᠥᠷᠥᠯ ᠵᠦᠢᠯ ᠡᠷᠡᠮᠡᠯᠵᠡᠯᠡᠨ ᠣᠯᠬᠤ ᠲᠠᠯ᠎ᠠ ᠳᠤ ᠰᠢᠨ᠎ᠡ | ᠰᠢᠪᠲᠤᠯᠤᠯᠲᠠ ᠶᠢ ᠣᠯᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤ ᠶᠢ ᠴᠣᠭᠴᠠᠯᠠᠬᠤ ᠳᠤ ᠬᠦᠴᠦᠲᠡᠢ ᠳᠡᠮᠵᠢᠯᠭᠡ ᠪᠣᠯᠪᠠ᠃ ᠭᠤᠷᠪᠠ ᠳᠤ᠂ ᠭᠤᠣᠯᠳᠠᠯᠭ᠎ᠠ | ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠲᠦᠷᠭᠡᠨ ᠠᠬᠢᠴᠠ ᠲᠠᠢ ᠪᠣᠯᠪᠠ᠃ ᠱᠧᠨ ᠡᠣ ᠪᠦᠯᠦᠭᠯᠡᠯ ᠤᠨ ᠵᠢᠯ ᠤᠨ 70 ᠲᠦᠮᠡᠨ ᠲᠣᠨ | ᠨᠡᠭᠦᠷᠡᠰᠦ ᠪᠠᠷ ᠭᠯᠢᠺᠦᠯ ᠡᠭᠦᠰᠬᠡᠬᠦ ᠲᠥᠷᠥᠯ ᠵᠦᠢᠯ ᠤᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢ ᠨᠠᠶᠢᠷᠠᠭᠤᠯᠵᠤ ᠳᠠᠭᠤᠰᠤᠭᠰᠠᠨ᠂ ᠳ᠋ᠠᠪᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢ ᠡᠨᠧᠷᠭᠢ ᠶᠢᠨ ᠲᠥᠷᠥᠯ ᠵᠦᠢᠯ ᠨᠢ ᠤᠯᠤᠰ ᠤᠨ ᠴᠠᠬᠢᠯᠭᠠᠨ ᠬᠦᠴᠦᠨ ᠤ ᠪᠡᠯᠡ ᠣᠷᠤᠭᠤᠯᠤᠯᠲᠠ ᠶᠢᠨ | ᠪᠦᠯᠦᠭᠯᠡᠯ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯᠯᠠᠭᠠᠨ ᠤ ᠲᠥᠰᠥᠯ ᠳᠤ ᠣᠷᠣᠭᠤᠯᠤᠭᠰᠠᠨ᠂ ᠳ᠋ᠠᠪᠠᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ | ᠪᠠᠭᠤᠳᠠᠯ ᠤᠨ ᠣᠷᠣᠨ ᠪᠠᠶᠢᠷᠢ ᠶᠢ ᠬᠢᠨᠠᠨ ᠲᠣᠭᠲᠠᠭᠠᠬᠤ ᠠᠵᠢᠯ ᠢ ᠳᠠᠭᠤᠰᠬᠠᠵᠤ᠂ ᠠᠭᠠᠷ ᠤᠨ ᠣᠷᠣᠨ ᠤ ᠨᠤᠲᠠᠯᠠᠯᠲᠠ ᠨᠢ ᠪᠣᠯᠣᠮᠵᠢᠲᠤ ᠰᠤᠳᠤᠯᠭᠠᠨ ᠤ | ᠮᠡᠳᠡᠭᠦᠯᠦᠯᠲᠡ ᠨᠠᠶᠢᠷᠠᠭᠤᠯᠬᠤ ᠱᠠᠲᠤᠨ ᠳᠤ ᠬᠦᠷᠦᠭᠰᠡᠨ ᠪᠠ ᠴᠠᠬᠢᠯᠭᠠᠨ ᠵᠠᠳᠠᠯᠤᠯ ᠤᠨ ᠴᠠᠶᠢᠷ ᠵᠡᠷᠭᠡ ᠥᠨᠳᠥᠷ ᠡᠨᠧᠷᠭᠢᠲᠦ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠡᠮᠬᠢ ᠳᠠᠷᠠᠭ᠎ᠠ ᠲᠠᠢ ᠶᠠᠪᠤᠭᠳᠠᠵᠤ ᠪᠤᠢ᠃ ᠳᠥᠷᠪᠡ ᠳᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠦᠷ᠎ᠡ ᠪᠦᠲᠦᠮᠵᠢ | ᠲᠣᠪᠣᠶᠢᠮ᠎ᠠ᠃ ︽ᠪᠠᠭᠠᠷᠢᠨ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠷᠠᠯᠵᠢᠶᠠᠴᠢᠨ ᠤᠷᠢᠵᠤ ᠪᠡᠯᠡ ᠲᠠᠲᠠᠬᠤ ᠱᠠᠩᠨᠠᠨ ᠬᠥᠬᠢᠭᠦᠯᠬᠦ | ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠨᠡᠶᠢᠲᠡᠯᠡᠵᠦ᠂ ᠪᠡᠯᠡ ᠣᠷᠤᠭᠤᠯᠤᠯᠲᠠ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠠᠵᠤ ᠦᠢᠯᠡᠰ ᠤᠨ ᠠᠷᠠᠯᠵᠢᠶᠠᠴᠢᠨ ᠤᠷᠢᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ | ᠲᠠᠲᠠᠬᠤ ᠠᠵᠢᠯ ᠢᠶᠠᠷ ᠳᠠᠮᠵᠢᠨ ᠪᠣᠳᠠᠲᠠᠶᠢᠵᠢᠭᠤᠯᠤᠭᠰᠠᠨ ᠪᠡᠯᠡ ᠮᠥᠩᠭᠦ 41.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭ᠎ᠠ ᠶᠢᠨ ᠨᠡᠮᠡᠭᠳᠡᠯ 20. | 3% ᠬᠥᠷᠪᠡ᠃ | ︵ᠭᠤᠷᠪᠠ︶ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ | ᠪᠠᠲᠤᠳᠬᠠᠪᠠ᠃ ᠨᠢᠭᠡ ᠳᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠪᠡ᠃ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 23.07 ᠲᠦᠮᠡᠨ ᠮᠤ᠋ ᠣᠶᠢᠵᠢᠭᠤᠯᠬᠤ ᠡᠭᠦᠷᠭᠡ ᠶᠢ ᠪᠡᠶᠡᠯᠡᠭᠦᠯᠦᠨ᠂ 1 ᠲᠦᠮᠡᠨ ᠮᠤ᠋ ᠵᠢᠵᠢᠭ | ᠰᠠᠪᠠ ᠭᠠᠵᠠᠷ ᠢ ᠵᠠᠰᠠᠵᠤ᠂ 5 ᠲᠦᠮᠡᠨ ᠮᠤ᠋ ᠲᠠᠷᠢᠮᠠᠯ ᠪᠡᠯᠴᠢᠭᠡᠷ ᠢ ᠪᠦᠲᠦᠭᠡᠵᠦ ᠪᠠᠶᠢᠭᠤᠯᠤᠨ᠂ 38 ᠲᠦᠮᠡᠨ ᠮᠤ᠋ ᠬᠡᠪᠴᠢᠶᠡᠨ ᠤ ᠪᠡᠯᠴᠢᠭᠡᠷ ᠲᠤ ᠬᠤᠯᠤᠭᠠᠨ᠎ᠠ | ᠠᠷᠢᠯᠭᠠᠵᠤ ᠴᠠᠷᠴᠠᠬᠠᠢ ᠤᠰᠠᠳᠬᠠᠬᠤ ᠠᠵᠢᠯᠯᠠᠭ᠎ᠠ ᠥᠷᠨᠢᠭᠦᠯᠪᠡ᠃ ᠬᠤᠶᠠᠷ ᠲᠤ᠂ ᠬᠤᠲᠠ ᠪᠠᠯᠭᠠᠰᠤ ᠶᠢᠨ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠪᠡ᠃ ᠪᠠᠭᠠᠷᠢᠨ ᠵᠠᠮ ᠪᠠ ᠴᠠᠭᠠᠨᠮᠦ᠋ᠷᠡᠨ ᠵᠡᠭᠡᠯᠢ ᠶᠢᠨ ᠳᠤᠮᠳᠠ ᠬᠡᠰᠡᠭ ᠤᠨ ᠵᠠᠰᠠᠮᠠᠯ ᠵᠠᠮ ᠢ ᠰᠢᠨᠡᠳᠬᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ | ᠰᠢᠨ᠎ᠡ ᠶᠢᠨ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠢ 11.7 ᠲᠦᠮᠡᠨ ᠲᠡᠭᠰᠢ ᠳᠥᠷᠪᠡᠯᠵᠢᠨ ᠮᠧᠲᠷ᠂ ᠵᠡᠭᠡᠯᠢ ᠭᠤᠳᠤᠮᠵᠢ ᠶᠢᠨ ᠬᠠᠲᠠᠭᠤᠷᠠᠭᠤᠯᠤᠭᠰᠠᠨ | ᠲᠠᠯᠠᠪᠠᠢ 6.8 ᠲᠦᠮᠡᠨ ᠲᠡᠭᠰᠢ ᠳᠥᠷᠪᠡᠯᠵᠢᠨ ᠮᠧᠲᠷ᠂ ᠬᠠᠭᠤᠴᠢᠨ ᠠᠰᠠᠷ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ 19.54 ᠲᠦᠮᠡᠨ ᠲᠡᠭᠰᠢ | ᠳᠥᠷᠪᠡᠯᠵᠢᠨ ᠮᠧᠲᠷ ᠪᠠᠶᠢᠵᠤ᠂ ᠳ᠋ᠠᠪᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠡᠢ ᠰᠤᠷᠤᠨ ᠢᠯᠴᠢ ᠬᠠᠩᠭᠠᠬᠤ ᠢᠨᠵᠧᠨᠧᠷᠢᠩ ᠪᠦᠬᠦ ᠲᠠᠯ᠎ᠠ ᠪᠠᠷ ᠠᠵᠢᠯᠯᠠᠭ᠎ᠠ | ᠡᠬᠢᠯᠡᠪᠡ᠃ ᠭᠤᠷᠪᠠ ᠳᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠶᠢ ᠴᠢᠩᠭᠠᠳᠬᠠᠪᠠ᠃ ᠲᠣᠰᠬᠤᠨ ᠳᠤ | ᠨᠡᠪᠲᠡᠷᠡᠬᠦ ᠵᠠᠰᠠᠮᠠᠯ ᠵᠠᠮ 529.5 ᠺᠢᠯᠣᠮᠧᠲᠷ᠂ ᠭᠠᠴᠠᠭ᠎ᠠ ᠲᠣᠰᠬᠤᠨ ᠤ ᠵᠡᠭᠡᠯᠢ ᠭᠤᠳᠤᠮᠵᠢ ᠶᠢᠨ ᠬᠠᠲᠠᠭᠤᠷᠠᠭᠤᠯᠤᠭᠰᠠᠨ ᠵᠠᠮ 1350 ᠺᠢᠯᠣᠮᠧᠲᠷ᠃ 303 | ᠤᠯᠤᠰ ᠤᠨ ᠵᠠᠮ ᠱᠤᠭᠤᠮ ᠤᠨ ᠳ᠋ᠠᠪᠠᠨ ᠠᠴᠠ ᠯᠢᠨᠰᠢ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠨᠢᠭᠡᠨᠲᠡ ᠪᠠᠷᠢᠯᠭ᠎ᠠ ᠳᠠᠭᠤᠰᠴᠤ᠂ ᠮᠤᠵᠢ ᠶᠢᠨ | ᠵᠠᠮ ᠤᠨ 205 ᠱᠤᠭᠤᠮ ᠤᠨ ᠳ᠋ᠠᠪᠠᠨ ᠠᠴᠠ ᠪᠠᠭᠠᠷᠢᠨ ᠬᠥᠭᠦᠷᠭᠡ ᠬᠦᠷᠬᠦ ᠬᠡᠰᠡᠭ ᠤᠨ ᠰᠢᠨᠡᠳᠬᠡᠨ ᠵᠠᠰᠠᠬᠤ ᠠᠵᠢᠯ ᠢ ᠭᠦᠢᠴᠡᠳᠬᠡᠪᠡ᠃ ᠳᠥᠷᠪᠡ ᠳᠤ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠬᠢ ᠳᠡᠭᠡᠭᠰᠢᠯᠡᠯᠲᠡ ᠲᠠᠢ ᠪᠣᠯᠵᠠᠢ᠃ ︽ᠳ᠋ᠠᠪᠠᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠦᠨᠳᠦᠰᠦᠨ ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠰᠢᠨ᠎ᠡ ᠶᠢᠨ ᠨᠡᠮᠡᠭᠳᠡᠭᠦᠯᠦᠭᠰᠡᠨ ᠭᠠᠵᠠᠷ | ᠰᠢᠷᠣᠢ ᠶᠢᠨ ᠨᠥᠭᠡᠴᠡ ᠲᠠᠯᠠᠪᠠᠢ 3100 ᠮᠤ᠋᠂ ᠰᠢᠨ᠎ᠡ ᠶᠢᠨ ᠵᠠᠰᠠᠭᠰᠠᠨ ᠬᠦᠷᠢᠶᠡᠯᠡᠩ ᠲᠣᠭᠤᠷᠢᠭ ᠤᠨ ᠵᠠᠰᠠᠮᠠᠯ ᠵᠠᠮ 6.467 ᠺᠢᠯᠣᠮᠧᠲᠷ᠂ | ᠨᠣᠭᠤᠭᠠᠷᠠᠭᠤᠯᠤᠭᠰᠠᠨ ᠲᠠᠯᠠᠪᠠᠢ 7.3 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ ᠳ᠋ᠠᠪᠠᠨ ᠤ ᠬᠤᠶᠠᠳᠤᠭᠠᠷ ᠪᠣᠬᠢᠷ ᠤᠰᠤ ᠴᠡᠪᠡᠷᠰᠢᠭᠦᠯᠬᠦ ᠦᠢᠯᠡᠳᠪᠦᠷᠢ ᠨᠢ | ᠪᠠᠷᠢᠯᠭ᠎ᠠ ᠡᠬᠢᠯᠡᠪᠡ᠃ | ︵ᠳᠥᠷᠪᠡ︶ ᠠᠷᠠᠳᠮᠢᠯᠠᠯ ᠤᠨ ᠰᠠᠶᠢᠵᠢᠷᠠᠭᠤᠯᠤᠯᠲᠠ ᠳᠤ ᠬᠦᠴᠦᠲᠡᠢ ᠪᠠᠲᠤᠯᠠᠭ᠎ᠠ ᠬᠠᠩᠭᠠᠵᠤ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠤᠯᠠᠮ ᠨᠢᠭᠡ ᠠᠯᠬᠤᠮ ᠠᠬᠢᠯᠲᠠ ᠲᠠᠢ ᠪᠣᠯᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠳᠣᠣᠷ᠎ᠠ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠡᠮᠡᠭᠳᠡᠨ᠂ ᠰᠠᠷ᠎ᠠ ᠪᠦᠷᠢ 498 ᠲᠥᠭᠦᠷᠢᠭ ᠪᠣᠯᠵᠤ᠂ ᠬᠥᠳᠡᠭᠡ ᠲᠣᠰᠬᠤᠨ ᠮᠠᠯᠵᠢᠬᠤ ᠣᠷᠣᠨ ᠤ ᠬᠠᠮᠤᠭ ᠳᠣᠣᠷ᠎ᠠ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠨᠡᠮᠡᠭᠳᠡᠨ᠂ ᠵᠢᠯ ᠪᠦᠷᠢ 3308 ᠲᠥᠭᠦᠷᠢᠭ ᠪᠣᠯᠵᠠᠢ᠃ ᠬᠤᠲᠠ ᠪᠠᠯᠭᠠᠰᠤ ᠶᠢᠨ ᠰᠢᠨ᠎ᠡ ᠪᠠᠷ ᠠᠵᠢᠯ ᠣᠯᠭᠤᠭᠰᠠᠨ | ᠬᠥᠮᠥᠨ 1533 ᠪᠠᠶᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 517 ᠬᠥᠮᠥᠨ ᠪᠠᠶᠢᠵᠤ᠂ ᠬᠤᠲᠠ ᠪᠠᠯᠭᠠᠰᠤ ᠶᠢᠨ ᠠᠵᠢᠯ | ᠠᠯᠳᠠᠭᠰᠠᠳ ᠤᠨ ᠨᠣᠷᠮ᠎ᠠ ᠶᠢ 3.87% ᠳᠤ ᠬᠢᠵᠠᠭᠠᠷᠯᠠᠪᠠ᠃ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠲᠣᠭᠲᠠᠪᠤᠷᠢᠲᠠᠢ ᠶᠠᠳᠠᠭᠤ ᠠᠴᠠ | ᠠᠩᠭᠢᠵᠢᠷᠠᠭᠤᠯᠤᠭᠰᠠᠨ 2728 ᠬᠥᠮᠥᠨ᠂ ᠶᠠᠳᠠᠭᠤ ᠠᠴᠠ ᠠᠩᠭᠢᠵᠢᠷᠠᠭᠰᠠᠨ ᠪᠠᠶᠢᠳᠠᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ 7829 ᠬᠥᠮᠥᠨ᠂ 6799 ᠬᠥᠮᠥᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠢ ᠰᠢᠢᠳᠪᠦᠷᠢᠯᠡᠵᠡᠢ᠃ ᠠᠯᠪᠠᠨ ᠵᠢᠷᠤᠮ ᠤᠨ ᠰᠤᠷᠭᠠᠨ ᠬᠥᠮᠥᠵᠢᠯ ᠨᠢ ᠤᠯᠤᠰ ᠤᠨ ︽ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠪᠠᠶᠢᠬᠤ ᠰᠢᠶᠠᠨ︾ ᠤ ᠦᠨᠡᠯᠡᠯᠲᠡ ᠶᠢ ᠬᠦᠷᠲᠡᠵᠦ᠂ ᠪᠠᠭ᠎ᠠ ᠰᠤᠷᠭᠠᠭᠤᠯᠢ ᠶᠢᠨ ᠰᠤᠷᠬᠤ | ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠭᠰᠠᠨ ᠨᠤᠷᠮ᠎ᠠ 100% ᠳᠤ ᠬᠦᠷᠴᠦ᠂ ᠳᠤᠮᠳᠠᠳᠤ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ | ᠰᠤᠷᠭᠠᠭᠤᠯᠢ ᠳᠤ ᠣᠷᠣᠭᠰᠠᠨ ᠨᠣᠷᠮ᠎ᠠ 98.99% ᠳᠤ ᠬᠦᠷᠴᠦ᠂ ᠳᠡᠭᠡᠳᠦ ᠰᠢᠯᠭᠠᠯᠲᠠ ᠪᠠᠷ ᠶᠡᠭᠡ ᠰᠤᠷᠭᠠᠭᠤᠯᠢ ᠶᠢᠨ ᠵᠢᠩᠬᠢᠨᠢ ᠠᠩᠭᠢ ᠳᠤ ᠣᠷᠣᠭᠰᠠᠨ ᠨᠣᠷᠮ᠎ᠠ | 79.22% ᠳᠤ ᠬᠦᠷᠪᠡ᠃ ᠬᠤᠰᠢᠭᠤᠨ ᠤ ᠡᠮᠨᠡᠯᠭᠡ ᠶᠢᠨ ᠬᠤᠷᠢᠶ᠎ᠠ ᠨᠢ ᠤᠯᠤᠰ ᠤᠨ ᠬᠤᠶᠠᠳᠤᠭᠠᠷ ᠵᠡᠷᠭᠡ ᠶᠢᠨ ᠬᠥᠬᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ | ᠬᠤᠷᠢᠶ᠎ᠠ ᠪᠣᠯᠵᠤ ᠳᠡᠭᠡᠭᠰᠢᠯᠡᠨ᠂ ᠬᠤᠰᠢᠭᠤᠨ ᠤ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠰᠢᠭᠤᠨ ᠤ ᠮᠣᠩᠭᠤᠯ ᠡᠮᠨᠡᠯᠭᠡ ᠶᠢᠨ | ᠬᠤᠷᠢᠶᠠᠨ ᠤ ᠡᠪᠡᠳᠴᠢᠲᠡᠨ ᠤ ᠠᠰᠠᠷ ᠢ ᠥᠷᠭᠡᠳᠬᠡᠨ ᠪᠠᠷᠢᠬᠤ ᠪᠠᠷᠢᠯᠭ᠎ᠠ ᠡᠬᠢᠯᠡᠵᠦ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠬᠦᠨ ᠢ ᠪᠦᠷᠬᠦᠭᠦᠯᠬᠦ ᠶᠢ | ᠪᠡᠶᠡᠯᠡᠭᠦᠯᠦᠨ᠂ ᠬᠤᠶᠠᠷ ᠬᠡᠦᠬᠡᠳ ᠠᠪᠬᠤ ᠲᠥᠷᠥ ᠶᠢᠨ ᠪᠣᠳᠣᠯᠭ᠎ᠠ ᠶᠢ ᠯᠠᠪᠳᠠᠭᠤᠨ ᠬᠡᠷᠡᠭᠵᠢᠭᠦᠯᠵᠦ᠂ ᠬᠥᠮᠥᠨ ᠠᠮᠠ ᠶᠢᠨ ᠲᠥᠷᠥᠯᠲᠡ ᠶᠢᠨ ᠨᠣᠷᠮ᠎ᠠ 8.78‰᠂ | ᠪᠠᠶᠢᠭᠠᠯᠢ ᠶᠢᠨ ᠥᠰᠦᠯᠲᠡ ᠶᠢᠨ ᠨᠣᠷᠮ᠎ᠠ 3.8‰ ᠳᠤ ᠬᠦᠷᠴᠡᠢ᠃ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠦᠨᠳᠦᠰᠦᠲᠡᠨ | ᠱᠠᠰᠢᠨ ᠰᠤᠷᠲᠠᠬᠤᠨ᠂ ᠬᠢᠨᠠᠨ ᠪᠣᠳᠣᠯᠲᠠ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠭ᠎ᠠ ᠵᠡᠷᠭᠡ ᠡᠯ᠎ᠡ ᠲᠥᠷᠥᠯ ᠤᠨ ᠠᠵᠢᠯ ᠦᠢᠯᠡᠰ ᠶᠡᠬᠡᠬᠡᠨ ᠠᠬᠢᠯᠲᠠ ᠲᠠᠢ | ᠪᠣᠯᠵᠠᠢ᠃ ᠭᠡᠪᠡᠴᠦ ᠠᠵᠤ ᠠᠬᠤᠢ ᠨᠡᠶᠢᠭᠡᠮ ᠤᠨ ᠬᠥᠭᠵᠢᠯᠲᠡ ᠮᠥᠨ ᠬᠦ ᠬᠦᠴᠢᠷᠳᠡᠯ ᠪᠠ ᠠᠰᠠᠭᠤᠳᠠᠯ ᠣᠷᠣᠰᠢᠵᠤ᠂ ᠳᠠᠷᠠᠭᠠᠴᠢ ᠶᠢᠨ ᠠᠵᠢᠯ ᠳᠤ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠬᠢᠨᠠᠮᠠᠭᠠᠢ ᠰᠢᠢᠳᠪᠦᠷᠢᠯᠡᠬᠦ ᠴᠢᠬᠤᠯᠠ ᠲᠠᠢ ᠪᠠᠶᠢᠨ᠎ᠠ᠃ |