ᠦᠨᠳᠥᠷ ᠨᠠᠰᠤᠨ ᠤ ᠨᠡᠮᠡᠭᠦᠷᠢ ᠠᠪᠬᠤ ᠶᠢ ᠭᠦᠢᠴᠡᠳᠬᠡᠬᠦ
ᠨᠡᠶᠢᠲᠡᠯᠡᠭᠰᠡᠨ ᠴᠠᠭ᠄
2017-11-13
      2011 ᠣᠨ ᠳᠤ᠂ ︽ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠠᠢ ᠨᠠᠰᠤᠲᠠᠶᠢᠴᠤᠳ ᠲᠤ ᠦᠨᠳᠥᠷ ᠨᠠᠰᠤᠨ ᠤ ᠨᠡᠮᠡᠭᠦᠷᠢ ᠣᠯᠭᠤᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠪᠠ᠂ ᠳᠣᠷᠣᠭᠰᠢ ᠨᠡᠮᠡᠭᠦᠷᠢ ᠣᠯᠭᠤᠬᠤ ᠳᠡᠰ ᠳᠠᠷᠠᠭᠠᠯᠠᠯ᠂ ᠣᠯᠭᠤᠬᠤ ᠪᠠᠷᠢᠮᠵᠢᠶ᠎ᠠ ᠬᠢᠭᠡᠳ ᠬᠡᠪᠴᠢᠶ᠎ᠡ ᠶᠢᠨ ᠬᠡᠯᠡᠯᠴᠡᠭᠡᠨ ᠶᠡᠬᠡᠲᠡᠢ ᠠᠰᠠᠭᠤᠯᠲᠠ ᠳᠤ ᠬᠠᠷᠢᠭᠤᠯᠲᠠ ᠬᠢᠨ᠎ᠡ᠃ᠦᠨᠳᠥᠷ ᠨᠠᠰᠤᠨ ᠤ ᠨᠡᠮᠡᠭᠦᠷᠢ ᠠᠪᠬᠤ ᠨᠦᠬᠦᠴᠡᠯ᠄       ᠣᠳᠣᠬᠠᠨ ᠳᠤ᠂ ᠠᠵᠢᠯ ᠠᠴᠠ ᠠᠮᠠᠷᠠᠵᠤ ᠠᠵᠢᠯ ᠠᠴᠠ ᠪᠠᠭᠤᠭᠰᠠᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠠᠵᠢᠯ ᠠᠴᠠ ᠪᠠᠭᠤᠭᠰᠠᠨ ᠤ ᠴᠠᠯᠢᠩ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠦᠩᠭᠦ ᠠᠪᠴᠤ ᠪᠠᠶᠢᠭ᠎ᠠ ᠦᠨᠳᠥᠷ ᠨᠠᠰᠤᠲᠠᠢ ᠨᠠᠰᠤᠲᠠᠶᠢᠴᠤᠳ ᠦᠨᠳᠥᠷ ᠨᠠᠰᠤᠨ ᠤ ᠨᠡᠮᠡᠭᠦᠷᠢ ᠶᠢ ᠲᠦᠷ ᠬᠦᠷᠲᠡᠬᠦ ᠦᠭᠡᠢ᠃ ᠳᠡᠭᠡᠷ᠎ᠡ ᠳᠤᠷᠠᠲᠤᠭᠰᠠᠨ ᠭᠤᠷᠪᠠᠨ ᠵᠦᠢᠯ ᠤᠨ ᠪᠠᠶᠢᠳᠠᠯ ᠢ ᠭᠠᠷᠭᠠᠪᠠᠯ᠂ ᠪᠤᠰᠤᠳ ᠦᠨᠳᠥᠷ ᠨᠠᠰᠤᠲᠠᠢ ᠨᠠᠰᠤᠲᠠᠶᠢᠴᠤᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠪᠦᠭᠡᠳ ᠪᠦᠬᠦᠯᠢ 80 ︵ᠪᠦᠬᠦᠯᠢ 80 ᠨᠠᠰᠤᠨ ᠤ ᠬᠢ ᠪᠠᠭᠲᠠᠨ᠎ᠠ︶ ᠨᠠᠰᠤᠨ ᠠᠴᠠ ᠳᠡᠭᠡᠭᠰᠢ ᠪᠠᠶᠢᠪᠠᠯ᠂ ᠴᠦᠮ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠨᠡᠮᠡᠭᠦᠷᠢ ᠠᠪᠴᠤ ᠪᠣᠯᠣᠨ᠎ᠠ᠃       ᠦᠨᠳᠥᠷ ᠨᠠᠰᠤᠨ ᠤ ᠨᠡᠮᠡᠭᠦᠷᠢ ᠣᠯᠭᠤᠬᠤ ᠪᠠᠷᠢᠮᠵᠢᠶ᠎ᠠ᠄ ᠨᠥᠬᠦᠴᠡᠯ ᠳᠤ ᠨᠡᠶᠢᠴᠡᠬᠦ ᠦᠨᠳᠥᠷ ᠨᠠᠰᠤᠲᠠᠢ ᠨᠠᠰᠤᠲᠠᠶᠢᠴᠤᠳ ᠨᠠᠰᠤ ᠵᠢᠯ ᠤᠨ ᠦᠶᠡᠯᠡᠯ ᠶᠣᠰᠣᠭᠠᠷ ᠨᠡᠮᠡᠭᠦᠷᠢ ᠠᠪᠴᠤ ᠪᠣᠯᠣᠨ᠎ᠠ᠃ ᠪᠠᠷᠢᠮᠵᠢᠶ᠎ᠠ ᠨᠢ ᠪᠦᠬᠦᠯᠢ 80 ᠠᠴᠠ 99 ᠨᠠᠰᠤ ᠬᠦᠷᠲᠡᠯ᠎ᠡ᠂ ᠬᠥᠮᠥᠨ ᠪᠣᠯᠭᠠᠨ ᠤ ᠰᠠᠷ᠎ᠠ ᠪᠦᠷᠢ 100 ᠲᠥᠬᠦᠷᠢᠭ︔ ᠪᠦᠬᠦᠯᠢ 100 ᠨᠠᠰᠤᠨ ᠠᠴᠠ ᠳᠡᠭᠡᠭᠰᠢᠬᠢ ︵ᠪᠦᠬᠦᠯᠢ 100 ᠨᠠᠰᠤᠨ ᠤ ᠬᠢ ᠪᠠᠭᠲᠠᠨ᠎ᠠ︶ ᠶᠢᠨ ᠬᠥᠮᠥᠨ ᠪᠣᠯᠭᠠᠨ ᠤ ᠰᠠᠷ᠎ᠠ ᠪᠦᠷᠢ 300 ᠲᠥᠬᠦᠷᠢᠭ ᠪᠣᠯᠣᠨ᠎ᠠ᠃       ᠨᠥᠬᠦᠴᠡᠯ ᠳᠤ ᠨᠡᠶᠢᠴᠡᠬᠦ ᠦᠨᠳᠥᠷ ᠨᠠᠰᠤᠲᠠᠢ ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ ᠠᠪᠬᠤ ᠪᠠᠷ ᠮᠡᠳᠡᠭᠦᠯᠬᠦ ᠮᠠᠲ᠋ᠧᠷᠢᠶᠠᠯ᠄       ᠲᠤᠰ ᠬᠦᠮᠥᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠤᠭ ᠵᠦᠢᠯ᠂ ᠲᠤᠰ ᠬᠦᠮᠥᠨ ᠤ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ ᠤᠨ ᠬᠠᠭᠤᠯᠪᠤᠷᠢ 3 ᠬᠤᠪᠢ᠂ ᠨᠠᠰᠤᠲᠠᠨ ᠤ ᠣᠶᠢᠷ᠎ᠠ ᠶᠢᠨ ᠬᠤᠭᠤᠴᠠᠭᠠᠨ ᠤ ᠬᠤᠶᠠᠷ ᠢᠮᠠᠬᠤ ᠶᠢᠨ ᠲᠥᠪ ᠭᠡᠷᠡᠯ ᠵᠢᠷᠤᠭ 3 ᠬᠤᠪᠢ︔       ᠠᠩᠬᠠᠷᠬᠤ ᠴᠢᠬᠤᠯᠠᠲᠠᠢ ᠨᠢ᠂ ᠬᠡᠷᠪᠡ ᠨᠠᠰᠤᠲᠠᠨ ᠤ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ  ᠨᠢ ᠪᠠᠶᠢᠩᠭᠤ ᠰᠠᠭᠤᠭ᠎ᠠ ᠭᠠᠵᠠᠷ ᠯᠤᠭ᠎ᠠ ᠪᠠᠨ ᠨᠢᠭᠡᠲᠥᠯ ᠦᠭᠡᠢ ᠪᠣᠯ ᠪᠠᠰᠠ ᠪᠠᠶᠢᠩᠭᠤ ᠰᠠᠭᠤᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠤᠨ ᠬᠢᠵᠦ ᠦᠭᠭᠦᠭᠰᠡᠨ ᠣᠷᠣᠰᠢᠨ ᠰᠠᠭᠤᠭ᠎ᠠ ᠶᠢᠨ ᠭᠡᠷᠡᠴᠢ ᠪᠠ ᠬᠦᠴᠦᠨ ᠪᠦᠬᠦᠢ ᠬᠠᠷᠢᠯᠴᠠᠬᠤ ᠠᠷᠭ᠎ᠠ ᠵᠠᠮ ᠪᠠ ᠬᠠᠷᠢᠯᠴᠠᠬᠤ ᠠᠷᠭ᠎ᠠ ᠮᠠᠶ᠋ᠢᠭ ᠪᠠᠶᠢᠬᠤ ᠬᠡᠷᠡᠭᠲᠡᠢ︔ ᠬᠡᠷᠪᠡ ᠪᠡᠶ᠎ᠡ ᠶᠢᠨ ᠦᠨᠡᠮᠯᠡᠯ ᠤᠨ ᠨᠣᠮᠧᠷ ᠪᠤᠶᠤ ᠨᠠᠰᠦ ᠵᠢᠯ ᠤᠨ ᠮᠡᠳᠡᠭᠡ ᠵᠠᠩᠭᠢ ᠳᠤᠨᠢ ᠤᠨᠳᠣᠤ ᠰᠠᠨᠠᠯ ᠲᠠᠢ ᠪᠣᠯ ᠪᠠᠰᠠ ᠡᠷᠦᠭᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠵᠦ ᠥᠭᠭᠦᠭᠰᠡᠨ ᠡᠷᠦᠭᠡ ᠠᠮᠠ ᠶᠢᠨ ᠬᠠᠷᠢᠶ᠎ᠠ ᠶᠢᠨ ᠭᠡᠷᠡᠴᠢ ᠪᠠᠶᠢᠬᠤ ᠬᠡᠷᠡᠭᠲᠡᠢ︔ ᠪᠤᠰᠤᠳ ᠲᠤ ᠨᠠᠶᠢᠳᠠᠵᠤ ᠭᠦᠢᠴᠡᠳᠭᠡᠯᠭᠡᠪᠡᠯ᠂ ᠪᠠᠰᠠ ᠭᠤᠶᠣᠴᠢᠯᠠᠭᠴᠢ ᠲᠤᠰ ᠬᠦᠮᠥᠨ ᠤ ᠨᠠᠶᠢᠳᠠᠯᠭ᠎ᠠ ᠶᠢᠨ ᠪᠢᠴᠢᠭ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠭᠤᠷᠪᠠᠨ ᠬᠤᠪᠢ ᠬᠠᠭᠤᠯᠪᠤᠷᠢ ᠶᠢ ᠬᠠᠩᠭᠠᠬᠤ ᠬᠡᠷᠡᠭᠲᠡᠢ᠃       ᠭᠤᠶᠤᠴᠢᠯᠠᠬᠤ ᠭᠠᠵᠠᠷ᠄ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶       ᠬᠥᠰᠥᠨᠥᠭᠲᠦ ᠲᠠᠭᠯᠠᠬᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 80 ᠨᠠᠰᠤᠨ ᠠᠴᠠ ᠳᠡᠭᠡᠭᠰᠢᠬᠢ ᠣᠷᠣᠯᠭ᠎ᠠ ᠪᠠᠭᠠᠲᠢ ᠨᠠᠰᠤᠲᠠᠶᠢᠴᠤᠳ ᠤᠨ ᠦᠨᠳᠥᠷ ᠨᠠᠰᠤᠨ ᠤ ᠨᠡᠮᠡᠭᠦᠷᠢ ᠭᠤᠶᠤᠴᠢᠯᠠᠬᠤ ᠬᠦᠰᠥᠨᠥᠭᠲᠦ︾ ᠨᠢᠭᠡ ᠶᠠᠩᠵᠤ ᠶᠢᠨ ᠭᠤᠷᠪᠠᠨ ᠬᠤᠪᠢ ︵ᠬᠡᠷᠡᠭᠰᠡᠬᠦ ᠬᠦᠰᠥᠨᠥᠭᠲᠦ ᠶᠢ ᠭᠤᠶᠣᠴᠢᠯᠠᠬᠤ ᠭᠠᠵᠠᠷ ᠠᠴᠠ ᠠᠪᠬᠤ ᠪᠤᠶᠤ ᠲᠤᠰ ᠨᠢᠭᠤᠷ ᠤᠨ ᠳᠣᠣᠷᠠᠲᠦ ᠲᠠᠯ᠎ᠠ ᠶᠢᠨ ᠳᠠᠭᠠᠯᠳᠤᠭᠤᠯᠤᠯ ᠠᠴᠠ ᠪᠠᠭᠤᠯᠭᠠᠵᠤ ᠠᠪᠤᠨ᠎ᠠ︶       ᠭᠤᠶᠤᠴᠢᠯᠠᠨ ᠮᠡᠳᠡᠭᠦᠯᠬᠦ ᠲᠡᠰ ᠳᠠᠷᠠᠭᠠᠯᠠᠯ ᠤᠨ ᠴᠤᠪᠤᠷᠠᠯ︖      ᠭᠤᠭᠴᠤᠭ᠎ᠠ 1᠄ ᠭᠠᠴᠠᠭ᠎ᠠ ᠲᠤᠰᠬᠤᠨ ᠤ ᠠᠷᠠᠳ ᠤᠨ ᠵᠥᠪᠯᠡᠯ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠭᠤᠶᠤᠴᠢᠯᠠᠯ ᠢ ᠬᠦᠯᠢᠶᠡᠨ ᠠᠪᠤᠭᠠᠳ ᠬᠢᠨᠠᠮᠠᠭᠠᠢ ᠬᠢᠨᠠᠵᠦ᠂ ᠲᠠᠪᠤᠨ ᠠᠵᠢᠯᠯᠠᠬᠤ ᠡᠳᠦᠷ ᠤᠨ ᠳᠤᠲᠤᠷ᠎ᠠ ᠠᠩᠬ᠎ᠠ ᠬᠢᠨᠠᠵᠦ ᠵᠥᠪᠯᠡᠨ ᠲᠣᠭᠳᠠᠭᠠᠬᠤ ᠶᠢ ᠪᠡᠶᠡᠯᠡᠭᠦᠯᠥᠨ᠂ ᠠᠯᠪᠠᠨ ᠲᠠᠮᠠᠭ᠎ᠠ ᠪᠠᠨ ᠳᠠᠷᠤᠭᠠᠳ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠠᠭᠠᠨ ᠮᠡᠳᠡᠭᠦᠯᠵᠦ ᠳᠠᠬᠢᠨ ᠬᠢᠨᠠᠭᠤᠯᠤᠨ᠎ᠠ︔     ᠭᠤᠭᠴᠤᠭ᠎ᠠ 2᠄ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠣᠰ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠠᠳ ᠲᠠᠪᠤᠨ ᠠᠵᠢᠯᠯᠠᠬᠤ ᠡᠳᠦᠷ ᠤᠨ ᠲᠤᠳᠤᠷ᠎ᠠ ᠭᠤᠶᠤᠴᠢᠯᠠᠯ ᠤᠨ ᠮᠠᠲ᠋ᠧᠷᠢᠶᠠᠯ ᠢ ᠬᠢᠨᠠᠬᠤ᠂ ᠲᠡᠮᠳᠡᠭᠯᠡᠬᠦ ᠪᠠ ᠳᠠᠩᠰᠠᠯᠠᠬᠤ ᠶᠢ ᠪᠡᠶᠡᠯᠡᠭᠦᠯᠥᠨ᠂ ᠠᠯᠳᠠᠭ᠎ᠠ ᠪᠤᠷᠤᠭᠤ ᠦᠭᠡᠢ ᠪᠣᠯ ᠰᠠᠨᠠᠯ ᠢᠶᠠᠨ ᠪᠢᠴᠢᠵᠦ ᠲᠠᠮᠠᠭ᠎ᠠ ᠪᠠᠨ ᠳᠠᠷᠤᠭᠠᠳ᠂ ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠲᠤ ᠬᠦᠷᠭᠡᠨ ᠬᠢᠨᠠᠨ ᠵᠥᠪᠰᠢᠶᠡᠷᠡᠭᠦᠯᠦᠨ᠎ᠡ︔     ᠭᠤᠭᠴᠤᠭ᠎ᠠ 3: ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠠᠳ ᠲᠠᠪᠤᠨ ᠠᠵᠢᠯᠯᠠᠬᠤ ᠡᠳᠦᠷ ᠲᠤ ᠬᠢᠨᠡᠨ ᠵᠥᠪᠰᠢᠶᠡᠷᠡᠬᠦ ᠶᠢ ᠭᠦᠢᠴᠡᠳᠬᠡᠵᠦ ᠳᠠᠭᠤᠰᠬᠠᠨ᠂ ᠨᠥᠬᠦᠴᠡᠯ ᠳᠤ ᠨᠡᠶᠢᠴᠡᠬᠦ ᠭᠤᠶᠤᠴᠢᠯᠠᠭᠴᠢᠳ ᠢ ᠨᠢᠭᠡᠳᠦᠯᠲᠡᠢ ᠲᠡᠮᠳᠡᠭᠯᠡᠨ ᠳᠠᠩᠰᠠᠯᠠᠵᠤ᠂ ᠦᠨᠳᠥᠷ ᠨᠠᠰᠤᠨ ᠤ ᠨᠡᠮᠡᠭᠦᠷᠢ ᠣᠯᠭᠤᠬᠤ ᠬᠡᠪᠴᠢᠶᠡᠨ ᠳᠤ ᠣᠷᠣᠭᠤᠯᠤᠨ᠎ᠠ᠃ ᠨᠥᠬᠦᠴᠡᠯ ᠳᠤ ᠨᠡᠶᠢᠴᠡᠬᠦ ᠦᠭᠡᠢ ᠳᠤᠨᠢ᠂ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠰᠢᠯᠲᠠᠭᠠᠨ ᠢ ᠨᠢ ᠲᠤᠳᠤᠷᠬᠠᠶᠢᠯᠠᠵᠤ ᠦᠭᠭᠦᠨ᠎ᠡ᠃      ᠦᠨᠳᠥᠷ ᠨᠠᠰᠤᠨ ᠤ ᠨᠡᠮᠡᠭᠦᠷᠢ ᠠᠪᠬᠤ ᠴᠠᠭ ᠬᠤᠭᠤᠴᠠᠭ᠎ᠠ᠄ ᠬᠡᠷᠪᠡ ᠨᠥᠬᠦᠴᠡᠯ ᠳᠤ ᠨᠡᠶᠢᠴᠡᠵᠦ ᠪᠠᠶᠢᠪᠠᠯ᠂ ᠬᠤᠰᠢᠭᠤ ᠰᠢᠶᠠᠨ ᠬᠤᠲᠠ ᠲᠣᠭᠤᠷᠢᠭ ᠤᠨ ᠦᠳᠡᠭᠦᠰ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠵᠦᠪᠰᠢᠶᠡᠷᠡᠭᠰᠡᠨ ᠰᠠᠷ᠎ᠠ ᠠᠴᠠ ᠡᠬᠢᠯᠡᠵᠦ ᠨᠡᠮᠡᠭᠦᠷᠢ ᠠᠪᠤᠨ᠎ᠠ᠃  
 
ᠢᠷᠡᠯᠲᠡ᠄ ᠪᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号