ᠭᠠᠮᠰᠢᠭ ᠠᠴᠠ ᠠᠪᠤᠷᠠᠬᠤ
ᠨᠡᠶᠢᠲᠡᠯᠡᠭᠰᠡᠨ ᠴᠠᠭ᠄
2017-11-13
    ︹ ᠭᠤᠤᠯ ᠠᠵᠢᠯ ᠤᠨ ᠬᠠᠷᠢᠭᠤᠴᠠᠯᠭ᠎ᠠ ᠪᠠ ᠡᠭᠦᠷᠭᠡ ︺      ᠤᠯᠤᠰ ᠤᠨ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠴᠢᠭᠯᠡᠯᠳᠡ ᠲᠦᠷᠥ ᠶᠢᠨ ᠪᠣᠳᠣᠯᠭ᠎ᠠ ᠶᠢ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠦ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ ᠢ ᠵᠢᠯᠤᠭᠤᠳᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠦᠷᠨᠢᠭᠦᠯᠦᠨ᠎ᠡ︔ ᠨᠢᠭᠡᠳᠦᠯᠲᠡᠢ ᠳᠡᠭᠡᠭᠰᠢ ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠨᠡᠶᠢᠳᠡᠯᠡᠵᠦ᠂ ᠭᠠᠮᠰᠢᠭ ᠠᠴᠠ ᠠᠪᠤᠷᠠᠬᠤ ᠵᠤᠭᠤᠰ ᠮᠥᠩᠭᠦ ᠡᠳ᠋ ᠪᠤᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ ᠭᠠᠮᠰᠢᠭᠳᠠᠭᠰᠠᠨ ᠠᠷᠠᠳ ᠢ ᠲᠣᠬᠤᠨᠢᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠮᠰᠢᠭ ᠠᠴᠠ ᠠᠪᠤᠷᠠᠬᠤ ᠳᠤ ᠵᠤᠭᠤᠰ ᠮᠦᠩᠬᠦ ᠡᠳ᠋ ᠪᠤᠳᠠᠰ ᠲᠤᠰᠠᠯᠠᠵᠦ ᠳᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠴᠤ᠂ ᠲᠤᠰᠠᠯᠠᠵᠦ ᠳᠡᠮᠵᠢᠭᠰᠡᠨ ᠵᠤᠭᠤᠰ ᠮᠥᠩᠭᠦ ᠡᠳ᠋ ᠪᠤᠳᠠᠰ ᠢ ᠬᠦᠯᠢᠶᠡᠨ ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃ ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ᠄ ᠵᠠᠰᠠᠭ ᠤᠨ ᠣᠷᠳᠣᠨ ᠢᠶᠠᠷ ᠤᠳᠤᠷᠢᠳᠤᠭᠤᠯᠬᠤ᠂ ᠳᠡᠰ ᠬᠤᠪᠢᠶᠠᠨ ᠬᠠᠮᠢᠶᠠᠷᠬᠤ᠂ ᠨᠡᠶᠢᠭᠡᠮ ᠢᠶᠠᠷ ᠢᠶᠠᠨ ᠬᠠᠷᠢᠯᠴᠠᠨ ᠲᠤᠰᠠᠯᠠᠯᠴᠠᠬᠤ ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠴᠢᠭᠯᠡᠯᠳᠡ ᠶᠢ ᠬᠡᠷᠡᠭᠵᠢᠭᠦᠯᠦᠨ᠎ᠡ᠃   ︹ ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ ︺     ᠪᠦᠬᠦ ᠣᠷᠣᠨ ᠤ ᠭᠠᠮᠰᠢᠭ ᠠᠴᠠ ᠪᠣᠯᠵᠤ ᠵᠢᠯ ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ ᠪᠠᠷᠤᠭ 300 ᠲᠦᠮᠡᠨ ᠬᠥᠮᠥᠨ ᠳᠤ ᠬᠦᠷᠴᠦ ᠪᠤᠢ᠃ 2009 ᠣᠨ ᠳᠤ᠂ ᠪᠦᠬᠦ ᠣᠷᠣᠨ ᠳᠤ 1057 ᠲᠦᠮᠡᠨ ᠬᠥᠮᠥᠨ ᠭᠠᠮᠰᠢᠭ ᠲᠤ ᠳᠠᠭᠠᠷᠢᠭᠳᠠᠵᠦ᠂ 2.92 ᠲᠦᠮᠡᠨ ᠬᠦᠮᠥᠨ ᠢ ᠪᠠᠴᠢᠮ ᠢᠶᠠᠷ ᠰᠢᠯᠵᠢᠭᠦᠯᠦᠨ ᠳᠦᠪᠬᠢᠨᠡᠭᠦᠯᠵᠦ᠂ ᠭᠠᠮᠰᠢᠭ ᠲᠤ 33 ᠬᠥᠮᠥᠨ ᠠᠳᠡᠪᠡ︔ 5757.4 ᠮᠢᠩᠭᠠᠨ ᠾᠧᠺᠲ᠋ᠠᠷ ᠲᠠᠷᠢᠮᠠᠯ ᠤᠨ ᠵᠦᠢᠯ ᠭᠠᠮᠰᠢᠭ ᠲᠤ ᠳᠠᠭᠠᠷᠢᠭᠳᠠᠵᠦ᠂ ᠭᠠᠮᠰᠢᠭᠳᠠᠭᠰᠠᠨ ᠲᠠᠯᠠᠪᠠᠢ ᠨᠢ 5029.15 ᠮᠢᠩᠭᠠᠨ ᠾᠧᠺᠲ᠋ᠠᠷ ᠲᠤ ᠬᠦᠷᠴᠤ᠂ ᠲᠤᠰᠤᠯ ᠬᠤᠷᠢᠶᠠᠯᠲᠠ ᠦᠭᠡᠢ ᠲᠠᠯᠠᠪᠠᠢ ᠨᠢ 1866 ᠮᠢᠩᠭᠠᠨ ᠾᠧᠺᠲ᠋ᠠᠷ ᠲᠤ ᠬᠦᠷᠪᠡ︔ ᠭᠠᠮᠰᠢᠭ ᠲᠤ 42000 ᠮᠢᠩᠭᠠᠨ ᠾᠧᠺᠲ᠋ᠠᠷ ᠬᠠᠳᠤᠯᠠᠩ ᠪᠡᠯᠴᠢᠭᠡᠷ ᠳᠠᠭᠠᠷᠢᠭᠳᠠᠵᠦ᠂ 96.9 ᠲᠦᠮᠡᠨ ᠮᠠᠯ ᠤᠨᠤᠭ᠎ᠠ ᠦᠬᠦᠪᠡ︔ ᠭᠠᠮᠰᠢᠭ ᠲᠤ 5547 ᠳᠠᠰᠤᠯᠭ᠎ᠠ ᠭᠡᠷ ᠪᠠᠶᠢᠰᠢᠩ ᠨᠤᠷᠠᠵᠦ᠂ 44432 ᠳᠠᠰᠤᠯᠭ᠎ᠠ ᠭᠡᠷ ᠪᠠᠶᠢᠰᠢᠩ ᠡᠪᠳᠡᠭᠳᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠪᠡᠯᠡᠳᠭᠡᠮᠵᠢ ᠴᠤ ᠬᠦᠨᠳᠦ ᠨᠣᠴᠢᠲᠠᠢ ᠡᠪᠳᠡᠯᠡᠭᠡ ᠳᠤ ᠤᠴᠠᠷᠠᠵᠤ᠂ ᠭᠠᠮᠰᠢᠭ ᠠᠴᠠ ᠪᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ 256.56 ᠳ᠋ᠦᠩᠰᠢᠭᠤᠷ ᠲᠦᠬᠦᠷᠢᠭ ᠲᠤ ᠬᠦᠷᠴᠠᠢ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠨᠢ 205.38 ᠳ᠋ᠦᠩᠰᠢᠭᠤᠷ ᠲᠦᠬᠦᠷᠢᠭ ᠲᠤ ᠬᠦᠷᠪᠡ᠃ 2009 ᠣᠨ ᠳᠤ᠂ ᠪᠦᠬᠦ ᠵᠢᠯ ᠳᠤ 2.87 ᠳ᠋ᠦᠩᠰᠢᠭᠤᠷ ᠲᠦᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠪᠠᠭᠤᠯᠭᠠᠵᠤ᠂ 2 ᠲᠦᠮᠡ ᠭᠠᠷᠤᠢ ᠬᠦᠪᠦᠩ ᠬᠦᠨᠵᠢᠯᠡ ᠳᠡᠪᠢᠰᠬᠡᠷ ᠰᠢᠯᠵᠢᠭᠦᠯᠦᠨ ᠥᠭᠴᠦ᠂ 2.92 ᠲᠦᠮᠡᠨ ᠭᠠᠮᠰᠢᠭᠳᠠᠭᠰᠠᠨ ᠠᠷᠠᠳ ᠢ ᠲᠤᠬᠢᠲᠠᠢ ᠲᠦᠪᠬᠢᠨᠡᠭᠦᠯᠵᠦ᠂ 300 ᠭᠠᠷᠤᠢ ᠲᠦᠮᠡᠨ ᠭᠠᠮᠰᠢᠭᠳᠠᠭᠰᠠᠨ ᠠᠷᠠᠳ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃     ︹ ᠨᠡᠶᠢᠭᠡᠮ ᠠᠴᠠ ᠵᠤᠭᠤᠰ ᠮᠦᠩᠬᠦ ᠡᠳ᠋ ᠪᠤᠳᠠᠰ ᠳᠤᠰᠠᠯᠠᠵᠦ ᠳᠡᠮᠵᠢᠭᠰᠡᠨ ︺      2001 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠳᠤ ᠲᠤᠰᠠᠯᠠᠵᠦ ᠳᠡᠮᠵᠢᠭᠰᠡᠨ ᠵᠤᠭᠤᠰ ᠮᠦᠩᠬᠦ ᠡᠳ᠋ ᠪᠤᠳᠠᠰ ᠢ ᠬᠦᠯᠢᠶᠡᠨ ᠠᠪᠬᠤ ᠠᠵᠢᠯ ᠤᠨ ᠦᠷᠳᠡᠭᠡ ᠪᠠᠶᠢᠭᠤᠯᠪᠠ᠃ ᠡᠳᠤᠭᠡ ᠪᠣᠯᠳᠠᠯ᠎ᠠ᠂ ᠡᠯ᠎ᠡ ᠲᠦᠷᠦᠯ ᠤᠨ ᠲᠤᠰᠠᠯᠠᠵᠦ ᠳᠡᠮᠵᠢᠭᠰᠡᠨ ᠵᠣᠭᠤᠰ ᠢ ᠨᠡᠶᠢᠲᠡ 6500 ᠲᠦᠮᠡᠨ ᠲᠦᠬᠦᠷᠢᠭ ᠲᠤᠰᠤᠨ ᠠᠪᠤᠪᠠ᠃      2009 ᠣᠨ ᠳᠤ 400 ᠲᠦᠮᠡᠨ ᠲᠦᠬᠦᠷᠢᠭ ᠤᠨ ᠲᠤᠰᠠᠯᠠᠵᠦ ᠳᠡᠮᠵᠢᠭᠰᠡᠨ ᠵᠣᠭᠤᠰ ᠢ ᠲᠤᠰᠤᠨ ᠠᠪᠤᠪᠠ᠃ ᠣᠳᠣᠬᠠᠨ ᠳᠤ᠂ ᠪᠦᠬᠦ ᠣᠷᠣᠨ ᠳᠤ ᠨᠡᠶᠢᠲᠡ 528 ᠪᠠᠶᠢᠩᠭᠤ ᠶᠢᠨ ᠴᠢᠨᠠᠷᠲᠠᠢ ᠲᠤᠰᠠᠯᠠᠵᠦ lᠳᠡᠮᠵᠢᠬᠦ ᠦᠷᠳᠡᠭᠡ ᠴᠢᠭ᠋ ᠲᠠᠢ ᠪᠣᠯᠪᠠ᠃  ︹ ᠭᠠᠮᠰᠢᠭ ᠠᠴᠠ ᠠᠪᠤᠷᠠᠬᠤ ᠨᠦᠬᠡᠴᠡ ᠶᠢᠨ ᠬᠦᠮᠦᠷᠭᠡ ᠶᠢᠨ ᠪᠠᠶᠢᠭᠤᠯᠤᠯᠲᠠ ︺      ᠪᠦᠬᠦ ᠣᠷᠣᠨ ᠳᠤ ᠭᠠᠮᠰᠢᠭ ᠠᠴᠠ ᠠᠪᠤᠷᠠᠬᠤ ᠨᠦᠬᠡᠴᠡ ᠶᠢᠨ ᠰᠠᠩ ᠬᠦᠮᠦᠷᠭᠡ ᠨᠡᠶᠢᠲᠡ 67 ᠪᠤᠢ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 1᠂ ᠠᠶᠢᠮᠠᠭ ᠬᠤᠲᠠ ᠶᠢᠨ ᠬᠢ 8᠂ ᠬᠤᠰᠢᠭᠤ ᠰᠢᠶᠠᠨ ᠤ  ᠬᠢ 58 ᠪᠤᠢ︔ ᠲᠦᠷᠢᠶᠡᠰᠦᠯᠡᠭᠰᠡᠨ ᠨᠦᠬᠡᠴᠡ ᠶᠢᠨ ᠰᠠᠩ ᠬᠦᠮᠦᠷᠭᠡ 14 ᠪᠠᠶᠢᠵᠤ᠂ ᠡᠭᠦᠨ ᠳᠤ ᠠᠶᠢᠮᠠᠭ ᠬᠤᠲᠠ ᠳᠤ 2᠂ ᠬᠤᠰᠢᠭᠤ ᠰᠢᠶᠠᠨ ᠳᠤ 12 ᠪᠤᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠦᠬᠡᠴᠡ ᠶᠢᠨ ᠰᠠᠩ ᠬᠦᠮᠦᠷᠭᠡ ᠳᠤ ᠭᠤᠣᠯᠳᠠᠭᠤ 5700 ᠰᠢᠬᠠᠮ ᠭᠠᠮᠰᠢᠭ ᠠᠴᠠ ᠠᠪᠤᠷᠠᠬᠤ ᠮᠠᠶᠢᠬᠠᠨ ︵ᠡᠭᠦᠨ ᠳᠤ 600 ᠳᠠᠩ ᠮᠠᠶᠢᠬᠠᠨ᠂ 5100 ᠬᠥᠪᠦᠩ ᠮᠠᠶᠢᠬᠠᠨ︶᠂ 6400 ᠭᠠᠮᠰᠢᠭ ᠠᠴᠠ ᠠᠪᠤᠷᠠᠬᠤ ᠬᠤᠪᠴᠠᠰᠤ ᠬᠦᠨᠵᠢᠯᠡ ᠬᠠᠳᠠᠭᠠᠯᠠᠵᠤ ᠪᠤᠢ᠃ ᠭᠠᠮᠰᠢᠭ ᠠᠴᠠ ᠠᠪᠤᠷᠠᠬᠤ ᠨᠦᠭᠡᠴᠡ ᠶᠢᠨ ᠡᠳ᠋ ᠪᠤᠳᠠᠰ ᠢ ᠰᠢᠯᠵᠢᠭᠦᠯᠦᠨ ᠵᠦᠭᠡᠭᠡᠬᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠢᠭᠡᠳᠦᠯᠲᠡᠢ ᠰᠢᠯᠵᠢᠬᠦᠯᠦᠨ ᠳᠣᠬᠢᠷᠠᠭᠤᠯᠤᠨ᠎ᠠ᠃  
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号