ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠰᠢᠢᠳᠪᠦᠷᠢᠯᠡᠬᠦ ᠵᠢᠭᠠᠯᠲᠠ
ᠨᠡᠶᠢᠲᠡᠯᠡᠭᠰᠡᠨ ᠴᠠᠭ᠄
2017-11-13
      ᠨᠢᠭᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠤᠶᠤᠴᠢᠯᠠᠬᠤ ᠳᠡᠰ ᠳᠠᠷᠠᠭᠠᠯᠠᠯ᠄      ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠨᠢ ᠡᠷᠦᠬᠡ ᠠᠮᠠ ᠪᠠᠶᠢᠭ᠎ᠠ ᠭᠠᠵᠠᠷ ᠤᠨ ᠰᠢᠶᠠᠩ ᠪᠠᠯᠭᠠᠰᠤᠨ ᠤ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠪᠢᠴᠢᠭ  ᠢᠶᠠᠷ ᠭᠤᠶᠤᠴᠢᠯᠠᠯ ᠭᠠᠷᠭᠠᠨ᠎ᠠ︔ ᠭᠡᠷ ᠪᠦᠯᠢ ᠶᠢᠨ ᠪᠦᠷᠢᠯᠳᠦᠭᠦᠨ ᠨᠢ ᠪᠠᠲᠤᠯᠠᠭ᠎ᠠ ᠭᠤᠶᠤᠴᠢᠯᠠᠬᠤ ᠳᠤ ᠬᠦᠴᠢᠷ ᠲᠠᠢ ᠪᠤᠯ᠂ ᠭᠠᠴᠠᠭ᠎ᠠ ᠶᠢᠨ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠳᠡᠭᠡᠨ ᠨᠠᠶᠢᠳᠠᠵᠤ ᠲᠦᠯᠦᠭᠡᠯᠡᠬᠦᠯᠤᠨ ᠭᠤᠶᠤᠴᠢᠯᠠᠵᠦ ᠪᠤᠯᠤᠨ᠎ᠠ᠃ ᠭᠤᠶᠤᠴᠢᠯᠠᠭᠴᠢ ᠨᠢ ︽ᠬᠡᠷ ᠪᠦᠯᠢ ᠶᠢᠨ ᠤᠷᠤᠯᠭ᠎ᠠ ᠪᠠ ᠡᠳ᠋ ᠬᠦᠷᠦᠩᠭᠡ ᠶᠢᠨ ᠪᠠᠶᠢᠳᠠᠯ ᠤᠨ ᠢᠯᠡᠷᠭᠡᠶᠢᠯᠡᠯᠲᠡ︾᠂ ︽ᠡᠷᠬᠡ ᠤᠯᠭᠤᠨ ᠬᠢᠨᠠᠨ ᠬᠠᠷᠭᠤᠭᠤᠯᠬᠤ ᠨᠠᠶᠢᠳᠠᠯᠭ᠎ᠠ ᠶᠢᠨ ᠪᠢᠴᠢᠭ︾ ᠪᠠ ︽ᠢᠳᠡᠭᠡᠮᠵᠢᠳᠤ ᠠᠮᠠᠯᠠᠯᠳᠠ ᠶᠢᠨ ᠪᠢᠴᠢᠭ︾ ᠳᠤ ᠭᠠᠷ ᠤᠨ ᠦᠰᠦᠭ ᠵᠢᠷᠤᠨ᠎ᠠ᠃      ᠬᠤᠶᠠᠷ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠢᠨᠠᠨ ᠵᠦᠪᠰᠢᠶᠡᠷᠡᠬᠦ ᠳᠡᠰ ᠳᠠᠷᠠᠭᠠᠯᠠᠯ᠄     1. ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠶᠢᠯ ᠡᠷᠦᠬᠡ ᠳᠤ ᠬᠦᠷᠴᠤ ᠪᠠᠶᠢᠴᠠᠭᠠᠬᠤ᠂ ᠠᠶᠢᠯ ᠵᠡᠷᠭᠡᠯᠡᠳᠡᠭᠡ ᠠᠴᠠ ᠨᠢ ᠠᠰᠠᠭᠤᠨ ᠰᠤᠷᠠᠬᠤ᠂ ᠵᠠᠬᠢᠲᠠᠯ ᠢᠶᠠᠷ ᠪᠠᠷᠢᠮᠲᠠ ᠠᠪᠬᠤ᠂ ᠤᠯᠠᠨ ᠲᠦᠮᠡᠨ ᠢᠶᠠᠷ ᠦᠨᠡᠯᠡᠬᠦᠯᠬᠦ᠂ ᠰᠤᠷᠠᠭ ᠵᠠᠩᠬᠢ ᠶᠢ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠶᠤᠴᠢᠯᠠᠭᠴᠢ ᠶᠢᠨ ᠬᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠪᠠᠶᠢᠴᠠᠭᠠᠯᠲᠠ ᠬᠢᠵᠤ ᠬᠢᠨᠠᠨ ᠮᠠᠭᠠᠳᠯᠠᠵᠦ᠂ ᠠᠩᠬᠠᠨ ᠤ ᠬᠢᠨᠠᠯᠲᠠ ᠶᠢᠨ ᠰᠠᠨᠠᠯ ᠳᠤᠷᠠᠳᠴᠤ᠂ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ ᠨᠡᠶᠢᠭᠡᠮ ᠲᠤᠭᠤᠷᠢᠭ ᠲᠤ ᠢᠯᠡ ᠵᠠᠷᠯᠠᠭᠰᠠᠨ ᠤ ᠳᠠᠷᠠᠭ᠎ᠠ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠲᠤ ᠮᠡᠳᠡᠭᠦᠯᠤᠨ ᠬᠢᠨᠠᠨ ᠵᠦᠪᠰᠢᠶᠡᠷᠡᠭᠦᠯᠦᠨ᠎ᠡ᠃     2. ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠨᠦᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠦᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ᠂ ᠨᠡᠶᠢᠭᠡᠮ ᠲᠤᠭᠤᠷᠢᠭ ᠲᠤ ᠵᠠᠷᠯᠠᠨ᠎ᠠ︔ ᠨᠦᠬᠦᠴᠡᠯ ᠳᠤ ᠨᠡᠶᠢᠴᠡᠬᠦ ᠦᠭᠡᠢ ᠭᠤᠶᠤᠴᠢᠯᠠᠯ ᠢ ᠵᠦᠪᠰᠢᠶᠡᠷᠡᠬᠦ ᠦᠭᠡᠢ ᠮᠦᠷᠲᠡᠭᠡᠨ ᠭᠤᠶᠤᠴᠢᠯᠠᠭᠴᠢ ᠳᠤ ᠤᠴᠢᠷ ᠰᠢᠯᠲᠠᠭᠠᠨ ᠢ ᠨᠢ ᠪᠢᠴᠢᠭ ᠢᠶᠠᠷ ᠲᠠᠶᠢᠯᠪᠤᠷᠢᠯᠠᠵᠦ ᠦᠭᠬᠦᠨ᠎ᠡ᠃     3. ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠵᠦᠪᠰᠢᠶᠡᠷᠡᠭᠦᠯᠦᠨ ᠤᠯᠤᠭᠰᠠᠨ ᠬᠡᠷ ᠪᠦᠯᠢ ᠳᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠲᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠵᠦᠷᠢᠶ᠎ᠡ ᠪᠠᠷ ᠨᠢ᠂ ᠰᠠᠷ᠎ᠠ ᠪᠦᠷᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭᠠᠨ ᠤ ᠮᠦᠡᠭᠭᠦ ᠤᠯᠭᠤᠨ᠎ᠠ᠃     ᠭᠤᠷᠪᠠ᠂ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠤᠯᠬᠤ ᠬᠤᠭᠤᠴᠠᠭᠠᠨ ᠳᠤ ᠪᠠᠲᠤᠯᠠᠭ᠎ᠠ ᠤᠯᠤᠭᠰᠠᠳ ᠤᠨ ᠭᠦᠢᠴᠡᠳᠭᠡᠪᠡᠰᠤ ᠵᠤᠬᠢᠬᠤ ᠡᠭᠦᠷᠭᠡ᠃    1. ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠤᠯᠤᠭᠰᠠᠨ ᠬᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠤᠪᠢᠷᠠᠯᠳᠠ ᠭᠠᠷᠤᠭᠰᠠᠨ ᠪᠤᠯ ᠴᠠᠭ ᠲᠤᠬᠠᠢ ᠳᠤᠨᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠭᠠᠨ ᠮᠡᠳᠡᠭᠳᠡᠨ᠎ᠡ᠃     2. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ ᠢᠳᠡᠪᠬᠢᠲᠠᠢ ᠠᠵᠢᠯ ᠡᠷᠢᠬᠦ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠠᠨᠢᠯᠴᠠᠭᠤᠯᠤᠭᠰᠠᠨ ᠠᠵᠢᠯ ᠢ ᠬᠦᠯᠢᠶᠡᠬᠦ ᠬᠡᠷᠡᠭᠲᠠᠢ᠃      ᠳᠦᠷᠪᠡ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠤᠯᠬᠤ ᠨᠦᠬᠦᠴᠡᠯ      ᠲᠠᠷᠢᠶᠠᠯᠠᠩ ᠤᠨ ᠡᠷᠦᠬᠡ ᠠᠮᠠ ᠶᠢᠨ ᠳᠠᠩᠰᠠ ᠲᠠᠢ ᠰᠠᠭᠤᠭᠠᠯᠢ ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠲᠠᠷᠢᠶᠠᠯᠠᠬᠤ ᠮᠠᠯᠵᠢᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠪᠠᠯ᠂ ᠲᠠᠷᠢᠶᠠᠯᠠᠬᠤ ᠮᠠᠯᠵᠢᠬᠤ ᠤᠷᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠤᠯᠤᠨ᠎ᠠ᠃ ᠲᠠᠷᠢᠶᠠᠯᠠᠩ ᠤᠨ ᠪᠤᠰᠤ ᠡᠷᠦᠭᠡ ᠠᠮᠠ ᠲᠠᠢ ᠬᠤᠲᠠ ᠶᠢᠨ ᠰᠠᠭᠤᠭᠠᠯᠢ ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠪᠠᠯ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠤᠯᠤᠨ᠎ᠠ᠃      ᠳᠤᠤᠷᠠᠬᠢ ᠬᠦᠮᠦᠰ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠦᠷᠳᠡᠵᠦ ᠪᠤᠯᠬᠤ ᠦᠭᠡᠢ᠄     1. ᠰᠲ᠋ᠤᠺ ᠬᠤᠳᠠᠯᠳᠤᠨ ᠠᠪᠤᠭᠰᠠᠨ ᠪᠤᠶᠤ ᠪᠤᠰᠤᠳ ᠪᠡᠯᠡ ᠤᠷᠤᠭᠤᠯᠤᠯᠲᠠ ᠶᠢᠨ ᠠᠵᠢᠯᠯᠠᠭ᠎ᠠ ᠲᠠᠢ ᠪᠠᠶᠢᠬᠤ︔     2. ᠵᠤᠭᠤᠰ ᠭᠠᠷᠭᠠᠨ ᠦᠷ᠎ᠡ ᠬᠡᠤᠭᠡᠳ ᠢᠶᠠᠨ ᠰᠢᠯᠵᠢᠨ ᠰᠤᠷᠤᠯᠴᠠᠭᠤᠯᠵᠦ ᠪᠠᠶᠢᠬᠤ ᠪᠤᠶᠤ ᠰᠤᠷᠭᠠᠭᠤᠯᠢ ᠰᠢᠯᠢᠨ ᠰᠤᠷᠤᠯᠴᠠᠭᠤᠯᠵᠦ ᠪᠠᠶᠢᠬᠤ︔     3. ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠬᠠᠤᠯᠢ ᠪᠤᠰᠤ ᠠᠵᠢᠯᠯᠠᠭ᠎ᠠ ᠠᠴᠠ ᠪᠤᠯᠵᠤ ᠭᠡᠷ ᠪᠦᠯᠢ ᠶᠢᠨ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ︔     4. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ᠂ ᠠᠵᠢᠯ ᠤᠯᠭᠤᠬᠤ ᠲᠠᠨᠢᠯᠴᠠᠭᠤᠯᠭ᠎ᠠ ᠶᠢ ᠵᠦᠢ ᠶᠤᠰᠤᠨ ᠤ ᠤᠴᠢᠷ ᠰᠢᠯᠳᠠᠭᠠᠨ ᠦᠬᠡᠢ ᠪᠠᠷ ᠭᠤᠷᠪᠠ ᠤᠳᠠᠭ᠎ᠠ ᠲᠡᠪᠴᠢᠭᠰᠡᠨ ᠪᠠᠶᠢᠬᠤ︔     5. ᠬᠢᠨᠠᠨ ᠪᠠᠶᠢᠴᠠᠭᠠᠬᠤ ᠪᠠᠷ ᠳᠠᠮᠵᠢᠨ᠂ ᠬᠠᠳᠠᠭᠠᠯᠠᠮᠵᠢ ᠶᠢᠨ ᠲᠤᠭ᠎ᠠ ᠶᠢ ᠨᠢ ᠲᠤᠳᠤᠯᠬᠤ ᠶᠢᠨ ᠠᠷᠭ᠎ᠠ ᠦᠬᠡᠢ ᠪᠤᠶᠤ ᠨᠢᠭᠤᠭᠳᠠᠮᠠᠯ ᠤᠷᠤᠯᠭ᠎ᠠ ᠶᠢ ᠨᠢ ᠬᠢᠨᠠᠨ ᠲᠤᠭᠳᠠᠭᠠᠬᠤ ᠶᠢᠨ ᠠᠷᠭ᠎ᠠ ᠦᠭᠡᠢ ᠮᠦᠷᠲᠡᠭᠡᠨ ᠦᠨᠳᠦᠷ ᠦᠨᠡᠲᠠᠢ ᠦᠷᠭᠡᠨ ᠬᠡᠷᠡᠭᠯᠡᠭᠡᠨ ᠤ ᠪᠠᠷᠠᠭ᠎ᠠ ᠲᠠᠢ ᠭᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠪᠤᠯᠪᠠᠴᠤ᠂ ᠪᠤᠳᠠᠲᠤ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠠᠴᠠ ᠢᠯᠡᠳᠳᠡ ᠦᠨᠳᠦᠷ ᠪᠠᠶᠢᠬᠤ᠂     6. ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠠᠵᠦ ᠦᠯᠦ ᠪᠤᠯᠬᠤ ᠪᠤᠰᠤᠳ ᠪᠠᠶᠢᠳᠠᠯ᠃  
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号