ᠬᠦᠳᠡᠭᠡ ᠲᠤᠰᠬᠤᠨ ᠳᠤ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾  ᠶᠢ ᠬᠡᠷᠡᠭᠵᠢᠬᠦᠯᠬᠦ ᠳᠦᠷᠢᠮ
ᠨᠡᠶᠢᠲᠡᠯᠡᠭᠰᠡᠨ ᠴᠠᠭ᠄
2017-11-13
   1᠂ ᠶᠡᠷᠦᠩᠬᠡᠢ ᠲᠦᠷᠢᠮ    1᠂ 1 ᠰᠠᠭᠤᠭᠠᠯᠢ ᠠᠷᠠᠳ ᠤᠨ ᠠᠮᠢᠳᠤᠷᠠᠯ ᠤᠨ ᠤᠮᠳᠠ ᠤᠰᠤᠨ ᠤ ᠴᠢᠨᠠᠷ ᠢ ᠠᠮᠤᠷ ᠲᠦᠪᠰᠢᠨ ᠠᠷᠢᠭᠤᠨ ᠴᠡᠪᠡᠷ ᠪᠠᠶᠢᠯᠭᠠᠵᠦ᠂ ᠤᠯᠤᠰ ᠤᠨ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠶᠢᠨ ᠱᠠᠭᠠᠷᠳᠠᠯᠭ᠎ᠠ ᠳᠤ ᠢᠳᠡᠭ ᠢᠳᠡᠭ ᠢᠶᠠᠷ ᠬᠦᠷᠦᠬᠦᠯᠵᠦ᠂ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠬᠦᠯ ᠮᠡᠨᠳᠤ ᠶᠢ ᠪᠠᠳᠤᠯᠠᠵᠦ᠂ ᠬᠦᠳᠡᠭᠡ ᠲᠤᠰᠬᠤᠨ ᠤ ᠤᠰᠤ ᠦᠬᠡᠷᠡᠴᠢᠯᠡᠬᠦ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠤᠰᠠᠳᠠ᠂ ᠤᠨᠴᠠᠭᠠᠶᠢᠯᠠᠨ ᠲᠤᠰ ᠲᠦᠷᠢᠮ ᠢ ᠲᠤᠭᠳᠠᠭᠠᠪᠠ᠃    1᠂ 2 ᠲᠤᠰ ᠲᠦᠷᠢᠮ ᠨᠢ ᠦᠷᠭᠡᠨ ᠤᠯᠠᠨ ᠬᠦᠳᠡᠭᠡ ᠲᠤᠰᠬᠤᠨ ᠤ ᠰᠠᠭᠤᠭᠠᠯᠢ ᠠᠷᠠᠳ ᠤᠨ ᠴᠢᠭ᠋ ᠲᠤ ᠲᠦᠪᠯᠡᠷᠡᠩᠭᠦᠢ ᠪᠠᠷ ᠤᠰᠤ ᠬᠠᠩᠭᠠᠬᠤ ᠪᠠ ᠲᠠᠷᠬᠠᠢ ᠪᠤᠳᠠᠷᠬᠠᠢ ᠪᠠᠷ ᠤᠰᠤ ᠬᠠᠩᠭᠠᠬᠤ ᠳᠤ ᠬᠡᠷᠡᠭᠯᠡᠬᠦ ᠳᠤ ᠲᠤᠬᠢᠷᠠᠨ᠎ᠠ᠃    1᠂ 3 ᠲᠦᠪᠯᠡᠷᠡᠩᠭᠦᠢ ᠪᠠᠷ ᠤᠰᠤ ᠬᠠᠩᠭᠠᠬᠤ ᠶᠢ ᠰᠢᠨ᠎ᠡ ᠪᠠᠷ ᠪᠠᠶᠢᠭᠤᠯᠬᠤ ᠪᠤᠶᠤ ᠦᠬᠡᠷᠡᠴᠢᠯᠡᠨ ᠪᠠᠶᠢᠭᠤᠯᠬᠤ ᠳᠤ ᠤᠰᠤᠨ ᠰᠤᠷᠪᠤᠯᠵᠢ ᠰᠤᠩᠭᠤᠬᠤ᠂ ᠤᠰᠤᠨ ᠰᠤᠷᠪᠤᠯᠵᠢ ᠶᠢ ᠬᠠᠮᠠᠭᠠᠯᠠᠬᠤ ᠪᠠ ᠪᠠᠷᠢᠯᠭ᠎ᠠ ᠶᠢᠨ ᠵᠢᠷᠤᠭ ᠲᠦᠯᠤᠪᠯᠡᠭᠡ ᠶᠢ ᠲᠤᠰ ᠲᠦᠷᠢᠮ ᠵᠢᠴᠢ ᠬᠠᠮᠢᠶ᠎ᠠ ᠪᠦᠬᠦᠢ ᠪᠠᠷᠢᠮᠵᠢᠶ᠎ᠠ᠂ ᠬᠠᠤᠯᠢ ᠵᠠᠷᠯᠢᠭ ᠲᠤ ᠨᠡᠶᠢᠴᠡᠬᠦᠯᠵᠦ᠂ ᠤᠷᠢᠳᠡᠪᠡᠷ ᠬᠢᠨᠠᠮᠠᠭᠠᠢ ᠬᠢᠨᠠᠨ ᠪᠠᠶᠢᠴᠠᠭᠠᠨ ᠵᠢᠷᠤᠭᠯᠠᠵᠦ᠂ ᠪᠠᠷᠢᠯᠭ᠎ᠠ ᠲᠡᠭᠦᠰᠦᠭᠰᠡᠨ ᠤ ᠰᠡᠭᠦᠯᠡᠷ ᠨᠢ ᠵᠤᠬᠢᠶᠠᠨ ᠪᠠᠶᠢᠭᠤᠯᠤᠨ ᠰᠢᠯᠭᠠᠨ ᠬᠤᠷᠢᠶᠠᠵᠦ᠂ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠤ ᠲᠠᠷᠠᠭ᠎ᠠ ᠠᠰᠢᠭᠯᠠᠯᠳᠠ ᠳᠤ ᠤᠷᠤᠭᠤᠯᠤᠨ ᠬᠡᠷᠡᠭᠯᠡᠵᠦ ᠪᠤᠯᠤᠨ᠎ᠠ᠃ ᠤᠰᠤ ᠬᠠᠩᠭᠠᠬᠤ ᠨᠢᠭᠡᠴᠡ ᠨᠢ ᠤᠰᠤᠨ ᠤ ᠴᠢᠨᠠᠷ ᠢ ᠲᠤᠰ ᠲᠦᠷᠢᠮ ᠤᠨ ᠱᠠᠭᠠᠷᠳᠠᠯᠭ᠎ᠠ ᠳᠤ ᠨᠡᠶᠢᠴᠡᠬᠦᠯᠬᠦ ᠶᠢ ᠡᠷᠬᠡᠪᠰᠢ ᠪᠠᠳᠤᠯᠠᠬᠤ ᠬᠡᠷᠡᠭᠲᠠᠢ᠃  1᠂ 4 ᠲᠠᠷᠬᠠᠢ ᠪᠤᠳᠠᠷᠬᠠᠢ ᠪᠠᠷ ᠤᠰᠤ ᠬᠠᠩᠭᠠᠬᠤ ᠳᠤ ᠤᠰᠤᠨ ᠰᠤᠷᠪᠤᠯᠵᠢ ᠶᠢ ᠰᠤᠩᠭᠤᠬᠤ᠂ ᠤᠰᠤᠨ ᠤ ᠴᠢᠨᠠᠷ ᠢ ᠬᠢᠨᠠᠨ ᠲᠤᠭᠳᠠᠭᠠᠬᠤ᠂ ᠤᠰᠤᠨ ᠰᠤᠷᠪᠤᠯᠵᠢ ᠶᠢᠨ ᠡᠷᠡᠬᠦᠯ ᠬᠠᠮᠠᠭᠠᠯᠠᠯ ᠢ ᠰᠡᠷᠭᠡᠶᠢᠯᠡᠨ ᠬᠠᠮᠠᠭᠠᠯᠠᠬᠤ ᠪᠠ ᠪᠠᠶᠢᠩᠭᠤ ᠶᠢᠨ ᠬᠠᠮᠢᠶᠠᠷᠤᠯᠳᠠ ᠶᠢᠨ ᠠᠵᠢᠯ ᠢ ᠤᠰᠤ ᠬᠠᠩᠭᠠᠵᠦ ᠪᠠᠶᠢᠭ᠎ᠠ ᠭᠠᠵᠠᠷ ᠤᠨ ᠰᠢᠶᠠᠩ᠂ ᠪᠠᠯᠭᠠᠰᠤ ᠶᠢᠨ ᠵᠠᠰᠠᠭ ᠤᠨ ᠤᠷᠳᠤᠨ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠨᠢᠭᠡᠴᠡ ᠳᠤ ᠨᠠᠶᠢᠳᠠᠨ ᠬᠠᠮᠢᠶᠠᠷᠠᠭᠤᠯᠬᠤ ᠬᠡᠷᠡᠭᠲᠠᠢ᠃    2᠂ ᠤᠰᠤᠨ ᠤ ᠴᠢᠨᠠᠷ ᠢ ᠲᠡᠰ ᠬᠤᠪᠢᠶᠠᠨ ᠦᠨᠡᠯᠡᠬᠦ ᠲᠦᠷᠢᠮ ᠪᠤᠯᠤᠨ ᠡᠷᠡᠭᠦᠯ ᠬᠠᠮᠠᠭᠠᠯᠠᠯ ᠤᠨ ᠱᠠᠭᠠᠷᠳᠠᠯᠭ᠎ᠠ    2᠂ 1 ᠬᠦᠳᠡᠭᠡ ᠲᠤᠰᠬᠤᠨ ᠤ ᠠᠮᠢᠳᠤᠷᠠᠯ ᠤᠨ ᠤᠮᠳᠠ ᠤᠰᠤᠨ ᠤ ᠴᠢᠨᠠᠷ ᠢ ᠳᠤᠤᠷᠠᠬᠢ ᠬᠦᠰᠦᠨᠦᠭᠳᠤ ᠳᠤ ᠲᠤᠭᠳᠠᠭᠠᠭᠰᠠᠨ ᠬᠢᠵᠠᠭᠠᠷᠳᠤ ᠬᠡᠮᠵᠢᠭᠳᠡᠯ ︵ᠬᠦᠰᠦᠨᠦᠭᠳᠤ ᠳᠤ ᠯᠠᠪᠯᠠ︶ ᠠᠴᠠ ᠳᠠᠪᠠᠭᠤᠯᠵᠦ ᠪᠤᠯᠬᠤ ᠦᠬᠡᠢ᠃    2᠂ 2 ᠲᠦᠪᠯᠡᠷᠡᠩᠬᠦᠢ ᠪᠠᠷ ᠤᠰᠤ ᠬᠠᠩᠭᠠᠬᠤ ᠳᠤ ᠤᠰᠤ ᠴᠡᠪᠡᠷᠰᠢᠬᠦᠯᠬᠦ ᠴᠢᠬᠤᠯᠠ ᠪᠦᠬᠦᠢ ᠪᠡᠯᠡᠳᠬᠡᠮᠵᠢ ᠶᠢ ᠪᠦᠷᠢᠳᠤᠭᠦᠯᠬᠦ ᠶᠢ ᠦᠨᠳᠤᠰᠤᠯᠡᠬᠦ ᠠᠴᠠ ᠭᠠᠳᠠᠨ᠎ᠠ ᠪᠠᠰᠠ ᠡᠷᠬᠡᠪᠰᠢ ᠠᠷᠢᠭᠤᠳᠬᠠᠯ ᠬᠢᠵᠦ᠂ ᠬᠡᠪ ᠤᠨ ᠠᠵᠢᠯᠯᠠᠭ᠎ᠠ ᠶᠢ ᠪᠠᠳᠤᠯᠠᠵᠦ᠂ ᠬᠠᠮᠢᠶᠠᠷᠤᠯᠳᠠ ᠶᠢᠨ ᠲᠦᠷᠢᠮ ᠪᠠ ᠠᠵᠢᠯᠯᠠᠬᠤ ᠵᠢᠷᠤᠮᠵᠢᠯ ᠢ ᠪᠠᠶᠢᠭᠤᠯᠤᠨ ᠲᠡᠭᠦᠯᠳᠡᠷᠵᠢᠬᠦᠯᠵᠦ᠂ ᠬᠠᠩᠭᠠᠯᠭ᠎ᠠ ᠶᠢᠨ ᠤᠰᠤᠨ ᠤ ᠴᠢᠨᠠᠷ ᠢ ᠪᠠᠳᠤᠯᠠᠬᠤ ᠬᠡᠷᠡᠭᠲᠠᠢ᠃    2᠂ 3 ᠬᠦᠳᠡᠭᠡ ᠲᠤᠰᠬᠤᠨ ᠤ ᠬᠠᠩᠭᠠᠬᠤ ᠤᠰᠤᠨ ᠤ ᠴᠢᠨᠠᠷ ᠢ ᠬᠤᠶᠠᠳᠤᠭᠠᠷ ᠲᠡᠰ ᠠᠴᠠ ᠳᠡᠭᠡᠭᠰᠢ ᠳᠤ ᠬᠦᠷᠦᠬᠦᠯᠬᠦ ᠬᠡᠷᠡᠭᠲᠠᠢ᠂ ᠭᠡᠪᠡᠴᠤ ᠤᠨᠴᠠᠭᠠᠢ ᠪᠠᠶᠢᠳᠠᠯ ᠳᠤᠤᠷ᠎ᠠ᠂ ᠵᠢᠱᠢᠶᠡᠯᠡᠪᠡᠯ ᠤᠰᠤᠨ ᠤ ᠰᠤᠷᠪᠤᠯᠵᠢ ᠰᠤᠩᠭᠤᠬᠤ ᠪᠠ ᠰᠢᠢᠳᠪᠤᠷᠢᠯᠡᠬᠦ ᠨᠦᠬᠦᠴᠡᠯ ᠨᠢ ᠬᠢᠵᠠᠭᠠᠷᠯᠠᠭᠳᠠᠵᠦ ᠪᠠᠶᠢᠭ᠎ᠠ ᠭᠠᠵᠠᠷ ᠤᠷᠤᠨ ᠳᠤ ᠪᠤᠯ ᠭᠤᠷᠪᠠᠳᠤᠭᠠᠷ ᠲᠡᠰ ᠤᠨ ᠤᠰᠤᠨ ᠤ ᠴᠢᠨᠠᠷ ᠢᠶᠠᠷ ᠰᠢᠢᠳᠪᠤᠷᠢᠯᠠᠵᠦ ᠪᠤᠯᠤᠨ᠎ᠠ᠃    2᠂ 4 ᠬᠤᠶᠠᠳᠤᠭᠠᠷ ᠲᠡᠰ᠂ ᠭᠤᠷᠪᠠᠳᠤᠭᠠᠷ ᠲᠡᠰ ᠤᠨ ᠤᠰᠤᠨ ᠤ ᠴᠢᠨᠠᠷ ᠤᠨ ᠱᠠᠭᠠᠷᠳᠠᠯᠭ᠎ᠠ ᠨᠢ ᠬᠡᠪᠡᠯ ᠭᠤᠤᠯ ᠨᠢ ᠵᠠᠷᠢᠮ ᠭᠠᠵᠠᠷ ᠤᠷᠤᠨ ᠠᠵᠦ ᠠᠬᠤᠢ᠂ ᠭᠠᠵᠠᠷ ᠵᠦᠢ ᠵᠡᠷᠭᠡ ᠰᠢᠯᠳᠠᠭᠠᠨ ᠠᠴᠠ ᠪᠤᠯᠤᠭᠠᠳ ᠤᠰᠤᠨ ᠤ ᠰᠤᠷᠪᠤᠯᠵᠢ ᠶᠢ ᠰᠤᠩᠭᠤᠬᠤ ᠪᠠ ᠰᠢᠢᠳᠪᠤᠷᠢᠯᠡᠬᠦ ᠨᠦᠬᠦᠴᠡᠯ ᠬᠢᠵᠠᠭᠠᠷᠯᠠᠭᠳᠠᠵᠦ ᠪᠠᠶᠢᠭ᠎ᠠ ᠪᠠᠶᠢᠳᠠᠯ ᠢ ᠪᠤᠳᠤᠯᠬᠢᠯᠠᠵᠦ᠂ ᠵᠠᠷᠢᠮ ᠬᠦᠢᠴᠡᠳᠭᠡᠬᠦ ᠲᠤᠭ᠎ᠠ ᠶᠢᠨ ᠱᠠᠭᠠᠷᠳᠠᠯᠭ᠎ᠠ ᠶᠢ ᠵᠤᠬᠢᠰᠲᠠᠢ ᠠᠭᠤᠵᠢᠭᠤ ᠲᠠᠯᠪᠢᠭᠰᠠᠨ ᠶᠤᠮ᠃ ᠬᠡᠬᠦ ᠳᠡᠭᠡᠨ᠂ ᠬᠤᠶᠠᠳᠤᠭᠠᠷ᠂ ᠭᠤᠷᠪᠠᠳᠤᠭᠠᠷ ᠲᠡᠰ ᠤᠨ ᠤᠰᠤᠨ ᠤ ᠱᠠᠭᠠᠷᠳᠠᠯᠭ᠎ᠠ ᠪᠠᠷ ᠰᠢᠯᠳᠠᠭ ᠪᠤᠯᠭᠠᠵᠦ᠂ ︽ᠭᠤᠷᠪᠠᠨ ᠬᠠᠶᠠᠭᠳᠠᠮᠠᠯ︾ ᠢ ᠭᠠᠳᠠᠭᠰᠢᠯᠠᠭᠤᠯᠬᠤ ᠱᠠᠭᠠᠷᠳᠠᠯᠭ᠎ᠠ ᠶᠢ ᠰᠤᠯᠠᠷᠠᠭᠤᠯᠵᠦ᠂ ᠤᠰᠤᠨ ᠰᠤᠷᠪᠤᠯᠵᠢ ᠶᠢ ᠪᠤᠬᠢᠷᠳᠤᠭᠤᠯᠬᠤ᠂ ᠤᠰᠤᠨ ᠴᠢᠨᠠᠷ ᠢ ᠮᠠᠭᠤᠳᠠᠭᠤᠯᠬᠤ ᠠᠵᠢᠯᠯᠠᠭ᠎ᠠ ᠶᠢ ᠬᠠᠤᠯᠢ ᠶᠤᠰᠤᠨ ᠤ ᠪᠤᠯᠭᠠᠵᠦ ᠤᠭᠳᠤ ᠪᠤᠯᠬᠤ ᠦᠬᠡᠢ᠃     3᠂ ᠤᠰᠤᠨ ᠤ ᠰᠤᠷᠪᠤᠯᠵᠢ ᠰᠤᠩᠭᠤᠬᠤ᠂ ᠤᠰᠤᠨ ᠤ ᠰᠤᠷᠪᠤᠯᠵᠢ ᠶᠢᠨ ᠡᠷᠡᠭᠦᠯ ᠬᠠᠮᠠᠭᠠᠯᠠᠯ ᠢ ᠰᠡᠷᠬᠡᠶᠢᠯᠡᠨ ᠬᠠᠮᠠᠭᠠᠯᠠᠬᠤ ᠵᠢᠴᠢ ᠲᠤᠰ ᠲᠦᠷᠢᠮ ᠳᠤ ᠲᠤᠳᠤᠷᠬᠠᠢ ᠲᠤᠭᠳᠠᠭᠠᠭᠰᠠᠨ ᠦᠬᠡᠢ ᠪᠤᠰᠤᠳ ᠡᠷᠡᠭᠦᠯ ᠬᠠᠮᠠᠭᠠᠯᠠᠯ ᠤᠨ ᠱᠠᠭᠠᠷᠳᠠᠯᠭ᠎ᠠ ᠶᠢ ᠪᠤᠯ ᠤᠳᠤ ᠶᠢᠨ ᠭᠡᠷᠡᠭᠵᠢᠬᠦᠯᠵᠦ ᠪᠠᠶᠢᠭ᠎ᠠ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ︵GB5749--85︶ ᠪᠤᠯᠤᠨ ︽ᠬᠦᠳᠡᠭᠡ ᠲᠤᠰᠬᠤᠨ ᠤ ᠠᠮᠢᠳᠤᠷᠠᠯ  ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠱᠠᠭᠠᠷᠳᠠᠯᠭ᠎ᠠ︾ ︵GB11730--89︶ ᠶᠢᠨ ᠬᠠᠮᠢᠶ᠎ᠠ ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠤᠨ᠎ᠠ᠃     4᠂ ᠤᠰᠤᠨ ᠤ ᠴᠢᠨᠠᠷ ᠢ ᠪᠠᠶᠢᠴᠠᠭᠠᠬᠠᠤ᠄ ︽ᠠᠮᠢᠳᠤᠷᠠᠯ ᠤᠨ ᠤᠮᠳᠠ ᠤᠰᠤᠨ ᠤ ᠡᠷᠡᠭᠦᠯ ᠬᠠᠮᠠᠭᠠᠯᠠᠯ ᠤᠨ ᠪᠠᠷᠢᠮᠵᠢᠶ᠎ᠠ︾ ᠪᠤᠯᠤᠨ ︽ᠠᠮᠢᠳᠤᠷᠠᠯ ᠤᠨ ᠤᠮᠳᠠ ᠤᠰᠤᠨ ᠤ ᠪᠠᠷᠢᠮᠵᠢᠶ᠎ᠠ ᠶᠢ ᠰᠢᠯᠭᠠᠨ ᠪᠠᠶᠢᠴᠠᠭᠠᠬᠤ ᠠᠷᠭ᠎ᠠ︾ ︵GB5750-85︶ ᠲᠠᠬᠢ ᠬᠠᠮᠢᠶ᠎ᠠ ᠪᠦᠬᠦᠢ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠤᠨ᠎ᠠ᠃ ᠠᠮᠢᠳᠤᠷᠠᠯ ᠤᠨ ᠤᠮᠳᠠ ᠤᠰᠤᠨ ᠤ ᠴᠢᠨᠠᠷ ᠤᠨ ᠲᠡᠰ ᠬᠤᠪᠢᠶᠠᠬᠤ ᠱᠠᠭᠠᠷᠳᠠᠯᠭ᠎ᠠ — — — — — — — — — — — — — — — — — — — — — — — — — — — — — — — — — — — — — — — — — ᠲᠦᠷᠦᠯ ᠵᠦᠢᠯ         ᠨᠢᠭᠡᠳᠤᠭᠡᠷ ᠲᠡᠰ ᠬᠤᠶᠠᠳᠤᠭᠠᠷ ᠲᠡᠰ       ᠭᠤᠷᠪᠠᠳᠤᠭᠠᠷ ᠲᠡᠰ — — — — — — — — — — — — — — — — — — — — — — — — — — — — — — — — — — — — — — — — — ᠰᠡᠷᠡᠯ ᠤᠨ ᠪᠡᠯᠭᠡ ᠲᠡᠮᠳᠡᠭ ᠪᠠ ᠡᠩ ᠤᠨ ᠬᠢᠮᠢ ᠶᠢᠨ ᠬᠦᠢᠴᠡᠳᠭᠡᠯ ᠲᠤᠭ᠎ᠠ᠄ ᠦᠩᠭᠡ ︵ᠬᠡᠮᠵᠢᠶ᠎ᠡ︶       15᠂ ᠪᠤᠰᠤᠳ ᠤᠨᠳᠤᠤ ᠦᠩᠬᠡ ᠢᠯᠡᠷᠡᠬᠦ ᠦᠬᠡᠢ 20 30 ᠪᠤᠯᠠᠩᠬᠢᠷ ᠤᠨ ᠬᠡᠮᠵᠢᠶ᠎ᠡ 3᠂ ᠤᠨᠴᠠᠭᠠᠢ ᠪᠠᠶᠢᠳᠠᠯ ᠤᠨ ᠳᠤᠤᠷ᠎ᠠ 51020 ᠬᠡᠳᠤᠷᠡᠭᠦ ᠦᠬᠡᠢ ᠨᠢᠳᠤᠨ ᠳᠤ ᠦᠵᠡᠭᠳᠡᠭᠦ ᠡᠳ᠋ ᠪᠠᠶᠢᠵᠦ ᠪᠤᠯᠬᠤ ᠦᠬᠡᠢ ᠪᠠᠶᠢᠵᠦ ᠪᠤᠯᠬᠤ ᠦᠬᠡᠢ ᠪᠠᠶᠢᠵᠦ ᠪᠤᠯᠬᠤ ᠦᠬᠡᠢ PH 6᠂ 5~8᠂ 5 6~9 6~9 ᠶᠡᠷᠦᠩᠬᠡᠢ ᠬᠠᠳᠠᠭᠤᠴᠠ ︵MI/L ᠨᠡᠭᠦᠷᠡᠰᠤ ᠬᠦᠴᠢᠯ ᠤᠨ ᠺᠠᠯᠼ ᠪᠠᠷ ᠪᠤᠳᠤᠨ᠎ᠠ︶ 450 550 700 ᠲᠡᠮᠤᠷ ︵MI/L︶ 0᠂ 3 0᠂ 5 1᠂ 0 ᠮᠠᠩᠭᠠᠨ ︵MI/L︶ 0᠂ 1 0᠂ 3 0᠂ 5 ᠾᠯᠤᠷᠳᠤ ᠨᠢᠭᠡᠳᠪᠤᠷᠢ ︵MI/L︶ 250 300 450 ᠬᠦᠬᠦᠷ ᠬᠦᠴᠢᠯ ᠤᠨ ᠳᠠᠪᠤᠰᠤ ︵MI/L︶ 250 300 400 ᠠᠭᠤᠰᠤᠮᠠᠭᠠᠢ ᠶᠡᠷᠦᠩᠬᠡᠢ ᠬᠠᠳᠠᠭᠤ ᠪᠡᠶᠡᠳᠤ ︵MI/L︶ 1000 1500 2000 ᠬᠤᠤᠷ ᠵᠦᠢ ᠶᠢᠨ ᠤᠬᠠᠭᠠᠨ ᠤ ᠬᠦᠢᠴᠡᠳᠭᠡᠯ ᠲᠤᠭ᠎ᠠ᠄ ᠹᠯᠤᠷᠳᠤ ᠨᠢᠭᠡᠳᠪᠤᠷᠢ ︵MI/L︶ 1᠂ 0 1᠂ 2 1᠂ 5 ᠠᠷᠰᠧᠨ ︵MI/L︶ 0᠂ 05 0᠂ 05 0᠂ 05 ᠮᠦᠩᠭᠦᠨ ᠤᠰᠤ ︵MI/L︶ 0᠂ 001 0᠂ 001 0᠂ 001 ᠺᠠᠳ᠋ᠮᠢ ︵MI/L︶ 0᠂ 01 0᠂ 01 0᠂ 01 ᠾᠷᠤᠮ ︵MI/L︶ 0᠂ 05 0᠂ 05 0᠂ 05 ᠬᠠᠷ᠎ᠠ ᠲᠤᠭᠤᠯᠭ᠎ᠠ ︵MI/L︶ 0᠂ 05 0᠂ 05 0᠂ 05 ᠠᠽᠤᠲ ᠬᠦᠴᠢᠯ ᠤᠨ ᠲᠠᠪᠤᠰᠤ ︵MI/L ᠠᠽᠤᠲ ᠪᠠᠷ ᠪᠤᠳᠤᠨ᠎ᠠ︶ 20 20 20 ᠪᠠᠺᠲ᠋ᠧᠷᠢ ᠶᠢᠨ ᠰᠤᠳᠤᠯᠤᠯ ᠤᠨ ᠬᠦᠢᠴᠡᠳᠭᠡᠬᠦ ᠲᠤᠭ᠎ᠠ᠄ ᠪᠠᠺᠲ᠋ᠧᠷᠢ ᠶᠢᠨ ᠶᠡᠷᠦᠩᠬᠡᠢ ᠲᠤᠭ᠎ᠠ ︵ᠬᠤᠪᠢ /MI︶ 100 200 500 ᠶᠡᠷᠦᠩᠬᠡᠢ ᠪᠦᠳᠤᠭᠦᠨ ᠬᠡᠳᠡᠰᠤᠨ ᠤ ᠪᠠᠺᠲ᠋ᠧᠷᠢ ᠶᠢᠨ ᠪᠦᠯᠦᠭ ︵ᠬᠤᠪᠢ /L︶ 3 11 27 ︵ᠵᠤᠯᠭᠠᠯᠳᠤᠭᠰᠠᠨ ᠤ 30 ᠮᠢᠨᠦ᠋ᠲ ᠤᠨ ᠳᠠᠷᠠᠭ᠎ᠠ︶ ᠴᠢᠯᠤᠭᠡᠳᠤ ᠦᠯᠡᠳᠡᠪᠤᠷᠢ ᠾᠯᠤᠷ ︵MI/L︶ 0᠂ 3 0᠂ 3 ᠠᠴᠠ ᠳᠤᠳᠠᠭᠤ ᠦᠬᠡᠢ 0᠂ 3 ᠠᠴᠠ ᠳᠤᠳᠠᠭᠤ ᠦᠬᠡᠢ ᠦᠵᠤᠬᠦᠷ ᠤᠰᠤ 0᠂ 05 ᠠᠴᠠ ᠳᠤᠳᠠᠭᠤ ᠦᠬᠡᠢ 0 ᠂ 05 ᠠᠴᠠ ᠳᠤᠳᠠᠭᠤ ᠦᠬᠡᠢ 0᠂ 05 ᠠᠴᠠ ᠳᠤᠲᠠᠭᠤ ᠦᠬᠡᠢ — — — — — — — — — — — — — — — — — — — — — — — — — — — — — — — — — — — — — — — — ① ᠨᠢᠭᠡᠳᠤᠭᠡᠷ ᠲᠡᠰ᠄ ᠬᠦᠰᠡᠬᠦ ᠬᠡᠮᠵᠢᠭᠳᠡᠯ︔ ᠬᠤᠶᠠᠳᠤᠭᠠᠷ ᠲᠡᠰ᠄ ᠵᠦᠪᠰᠢᠶᠡᠷᠡᠬᠦ ᠬᠡᠮᠵᠢᠭᠳᠡᠯ︔ ᠭᠤᠷᠪᠠᠳᠤᠭᠠᠷ ᠲᠡᠰ᠄ ᠰᠤᠩᠭᠤᠵᠦ ᠪᠤᠯᠬᠤ ᠪᠤᠰᠤᠳ ᠤᠰᠤᠨ ᠤ ᠰᠤᠷᠪᠤᠯᠵᠢ ᠲᠤᠳᠠᠭᠳᠠᠭᠰᠠᠨ ᠦᠶᠡᠰ ᠴᠢᠯᠤᠭᠡᠲᠠᠢ ᠲᠠᠯᠪᠢᠬᠤ ᠬᠢᠵᠠᠭᠠᠷᠳᠤ ᠬᠡᠮᠵᠢᠭᠳᠡᠯ᠃  
 
ᠢᠷᠡᠯᠲᠡ᠄ ᠪᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号