ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ
ᠨᠡᠶᠢᠲᠡᠯᠡᠭᠰᠡᠨ ᠴᠠᠭ᠄
2017-11-13
     ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ     ᠪᠦᠲᠥᠭᠡᠨ ᠬᠤᠲᠠ ︹2009︺ 158 ᠳ᠋ᠤᠭᠠᠷ ᠲᠣᠭᠠᠲᠦ ᠡᠯ᠎ᠡ ᠮᠤᠵᠢ᠂ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠲᠢᠩᠬᠢᠮ᠂ ᠪᠡᠭᠡᠵᠢᠩ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠣᠪᠴᠢᠶ᠎ᠠ᠂ ᠲᠢᠶᠠᠨᠵᠢᠨ ᠬᠤᠲᠠ ᠶᠢᠨ ᠪᠦᠲᠥᠭᠡᠨ ᠪᠠᠶᠢᠭᠤᠯᠤᠯᠲᠠ ᠵᠠᠮ ᠬᠠᠷᠢᠯᠴᠠᠭ᠎ᠠ ᠶᠢᠨ ᠵᠦᠪᠯᠡᠯ᠂ ᠬᠤᠲᠠ ᠶᠢᠨ ᠦᠵᠡᠮᠵᠢ ᠴᠡᠴᠡᠷᠯᠢᠭ ᠤᠨ ᠬᠠᠮᠢᠶᠠᠷᠤᠯᠲᠠ ᠶᠢᠨ ᠵᠦᠪᠯᠡᠯ᠂ ᠱᠠᠩᠬᠠᠢ ᠬᠤᠲᠠ ᠶᠢᠨ ᠨᠣᠭᠤᠭᠠᠷᠠᠭᠤᠯᠤᠯᠲᠠ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠦᠩᠴᠢᠩ ᠬᠤᠲᠠ ᠶᠢᠨ ᠴᠡᠴᠡᠷᠯᠢᠭ ᠤᠨ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠥᠷᠢᠯᠡᠯ ᠪᠦᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠤ ᠲᠠᠯ᠎ᠠ ᠶᠢᠨ ᠶᠡᠷᠥᠩᠬᠡᠢ ᠬᠡᠯᠲᠡᠰ ᠤᠨ ᠴᠡᠷᠢᠭ ᠤᠨ ᠬᠤᠸᠠᠷᠠᠨ ᠤ ᠪᠠᠷᠢᠯᠭ᠎ᠠ ᠶᠢᠨ ᠲᠣᠪᠴᠢᠶ᠎ᠠ ᠳᠤ᠄    ︽ᠪᠦᠭᠦᠳᠡ ᠨᠠᠶᠢᠷᠠᠮᠳᠠᠬᠤ ᠳᠤᠮᠳᠠᠳᠦ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ︾᠂ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ ᠠᠵᠢᠯ ᠤᠨ ᠳᠦᠷᠢᠮ︾ ᠢ ᠦᠨᠳᠥᠰᠥᠯᠡᠨ᠂ ᠵᠢᠴᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠪᠤᠳᠠᠲᠦ ᠪᠠᠶᠢᠳᠠᠯ ᠲᠠᠢ ᠤᠶᠠᠯᠳᠤᠭᠤᠯᠵᠦ᠂ ᠮᠡᠳᠡᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠷᠡᠭ ᠡᠷᠬᠢᠯᠡᠬᠦ ᠲᠡᠰ ᠳᠠᠷᠠᠭᠠᠯᠠᠯ ᠢ ᠳᠦᠭᠦᠮᠴᠢᠯᠡᠵᠦ᠂ ᠬᠢᠨᠠᠨ ᠵᠦᠪᠰᠢᠶᠡᠷᠡᠬᠦ ᠦᠷ᠎ᠡ ᠪᠦᠲᠥᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠶᠠᠮᠤᠨ ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ︾ ᠢ ᠲᠣᠭᠲᠠᠭᠠᠨ᠂ ᠡᠳᠥᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠥᠭᠡᠢ᠃    ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠣᠷᠣᠨ ᠰᠠᠭᠤᠴᠠ    ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ 2009 ᠣᠨ ᠤ 10 ᠳᠤ ᠳ᠋ᠤᠭᠠᠷ ᠰᠠᠷ᠎ᠠ ᠶᠢᠨ 9 ᠤ ᠡᠳᠥᠷ    ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ ᠨᠢᠭᠡᠳᠥᠭᠡᠷ ᠵᠦᠢᠯ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠦ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ︾᠂ ︽ᠬᠤᠲᠠ ᠶᠢᠨ ᠨᠣᠭᠤᠭᠠᠷᠠᠭᠤᠯᠤᠯᠲᠠ ᠶᠢᠨ ᠳᠦᠷᠢᠮ︾᠂ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ ᠠᠵᠢᠯ ᠤᠨ ᠳᠦᠷᠢᠮ︾᠂ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠰᠢᠭᠤᠳ ᠬᠡᠷᠡᠭᠵᠢᠭᠦᠯᠬᠦ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯᠡᠰ ᠤᠨ ᠬᠤᠯᠪᠤᠭᠳᠠᠯ ᠪᠦᠬᠦᠢ ᠲᠣᠭᠲᠠᠭᠠᠯ ᠪᠣᠯᠣᠨ ᠠᠭᠤᠯᠭ᠎ᠠ ᠶᠢᠨ ᠲᠤᠬᠠᠢ ᠠᠯᠪᠠᠨ ᠵᠠᠷ︾ ᠵᠡᠷᠭᠡ ᠬᠠᠣᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠦᠨᠳᠥᠰᠥᠯᠡᠨ᠂ ᠲᠤᠰ ᠳᠦᠷᠢᠮ ᠢ ᠲᠣᠭᠲᠠᠭᠠᠪᠠ᠃     ᠬᠤᠶᠠᠳᠤᠭᠠᠷ ᠵᠦᠢᠯ ᠬᠢᠷᠢ ᠴᠢᠳᠠᠮᠵᠢ ᠶᠢ ᠬᠢᠨᠠᠨ ᠵᠦᠪᠰᠢᠶᠡᠷᠡᠬᠦ ᠭᠤᠶᠤᠴᠢᠯᠠᠯ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠭᠤᠶᠤᠴᠢᠯᠠᠵᠦ ᠬᠢᠨᠠᠨ ᠲᠣᠭᠲᠠᠭᠠᠯᠭᠠᠬᠤ ᠠᠵᠦ ᠠᠬᠤᠶᠢᠯᠠᠯ ᠤᠷᠢᠳᠠᠪᠡᠷ ᠠᠵᠦ ᠠᠬᠤᠶᠢᠯᠠᠯ ᠤᠨ ᠳᠠᠩᠰᠠᠯᠠᠭᠤᠯᠤᠭᠰᠠᠨ ᠭᠠᠵᠠᠷ ᠤᠨ ᠪᠠᠶᠢᠭ᠎ᠠ ᠮᠣᠵᠢ᠂ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠲᠢᠩᠬᠢᠮ ᠪᠤᠶᠤ ᠰᠢᠭᠤᠳ ᠬᠠᠷᠢᠶ᠎ᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ︵ᠳᠣᠷᠣᠭᠰᠢ ︽ᠮᠣᠵᠢ ᠶᠢᠨ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ︾ ᠭᠡᠵᠦ ᠲᠣᠪᠴᠢᠯᠠᠨ ᠨᠡᠷᠡᠯᠡᠨ᠎ᠡ︶ ᠲᠤ ᠭᠤᠶᠤᠴᠢᠯᠠᠯ ᠢᠶᠠᠨ ᠳᠤᠷᠠᠳᠬᠤ ᠶᠢᠨ ᠬᠠᠮᠲᠦ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠨ᠎ᠠ᠃ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠦ ᠠᠬᠤᠶᠢᠯᠠᠯ ᠤᠨ ᠭᠤᠶᠣᠴᠢᠯᠠᠭᠰᠠᠨ ᠮᠠᠲ᠋ᠧᠷᠢᠶᠠᠯ ᠳᠤ ᠠᠩᠬ᠎ᠠ ᠬᠢᠨᠠᠯᠲᠠ ᠬᠢᠵᠦ᠂ ᠠᠩᠬ᠎ᠠ ᠭᠢᠨᠠᠬᠤ ᠶᠢ ᠳᠠᠭᠤᠰᠬᠠᠭᠰᠠᠨ ᠤ ᠳᠠᠷᠠᠭ᠎ᠠ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠤᠶᠤᠴᠢᠯᠠᠭᠰᠠᠨ ᠠᠵᠦ ᠠᠬᠤᠶᠢᠯᠠᠯ ᠠᠩᠬ᠎ᠠ ᠬᠢᠨᠠᠭᠰᠠᠨ ᠰᠠᠨᠠᠯ ᠪᠣᠯᠣᠨ ᠭᠤᠶᠤᠴᠢᠯᠠᠭᠰᠠᠨ ᠮᠠᠲ᠋ᠧᠷᠢᠶᠠᠯ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠳᠤ ᠮᠡᠳᠡᠭᠦᠯᠥᠨ ᠬᠦᠷᠭᠡᠨ᠎ᠡ᠃    ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠢᠨ ᠲᠦᠪᠯᠡᠷᠡᠭᠦᠯᠥᠨ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ︵ᠳᠣᠷᠣᠭᠰᠢ ︽ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ︾ ᠭᠡᠵᠦ ᠲᠣᠪᠴᠢᠯᠠᠨ ᠨᠡᠷᠡᠯᠡᠨ᠎ᠡ︶ ᠨᠢ ᠠᠵᠦ ᠠᠬᠤᠶᠢᠯᠠᠯ ᠤᠨ ᠭᠤᠶᠤᠴᠢᠯᠠᠭᠰᠠᠨ ᠮᠠᠲ᠋ᠧᠷᠢᠶᠠᠯ ᠢ ᠬᠦᠯᠢᠶᠡᠨ ᠠᠪᠬᠤ᠂ ᠭᠤᠶᠣᠴᠢᠯᠠᠭᠰᠠᠨ ᠮᠠᠲ᠋ᠧᠷᠢᠶᠠᠯ ᠤᠨ ᠭᠤᠣᠯ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ᠂ ᠬᠢᠨᠠᠨ ᠲᠣᠭᠲᠠᠭᠠᠰᠠᠨ ᠦᠷ᠎ᠡ ᠳ᠋ᠦᠩ ᠢ ᠨᠡᠶᠢᠲᠡ ᠳᠤ ᠵᠠᠷᠯᠠᠬᠤ᠂ ᠬᠢᠷᠢ ᠴᠢᠳᠠᠮᠵᠢ ᠶᠢ ᠬᠤᠪᠢᠷᠠᠭᠠᠬᠤ ᠵᠢᠴᠢ ᠬᠢᠷᠢ ᠴᠢᠳᠠᠮᠵᠢ ᠶᠢᠨ ᠦᠨᠡᠮᠯᠡᠯ ᠳᠠᠷᠤᠮᠠᠯᠯᠠᠬᠤ ᠪᠠ ᠣᠯᠭᠤᠬᠤ ᠶᠢ ᠬᠠᠷᠢᠭᠤᠴᠠᠨ᠎ᠠ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠤᠷᠭᠠᠨ ᠨᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠣᠯᠭᠤᠬᠤ ᠶᠢ ᠬᠡᠷᠡᠭᠵᠢᠭᠦᠯᠬᠦ᠂ ᠬᠢᠨᠠᠨ ᠬᠠᠮᠢᠶᠠᠷᠬᠤ ᠬᠠᠮᠢᠶ᠎ᠠ ᠪᠦᠬᠦᠢ ᠪᠠᠳᠠᠲᠠᠢ ᠠᠵᠢᠯ ᠢ ᠬᠠᠷᠢᠭᠤᠴᠠᠨ᠎ᠠ᠃     ᠭᠤᠷᠪᠠᠳᠤᠭᠠᠷ ᠵᠦᠢᠯ ᠭᠤᠶᠤᠴᠢᠯᠠᠯ ᠤᠨ ᠮᠠᠲ᠋ᠧᠷᠢᠶᠠᠯ     ︵ᠨᠢᠭᠡ︶ ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ ᠠᠵᠦ ᠠᠬᠤᠶᠢᠯᠠᠯ ᠤᠨ ᠬᠢᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠭᠤᠶᠤᠴᠢᠯᠠᠵᠦ ᠬᠢᠨᠠᠨ ᠲᠣᠭᠲᠠᠭᠠᠯᠭᠠᠬᠤ ᠳᠠᠭᠠᠨ᠂ ᠳᠣᠣᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃ ᠤᠭ ᠵᠦᠢᠯ ᠪᠣᠯᠣᠨ ᠪᠠᠭᠤᠯᠭᠠᠪᠥᠷᠢ ︵ᠪᠤᠶᠤ ᠰᠢᠷᠪᠢᠭᠰᠡᠨ ᠮᠠᠲ᠋ᠧᠷᠢᠶᠠᠯ︶ ᠶᠢ ᠬᠠᠮᠲᠦ ᠳᠤᠨᠢ ᠲᠤᠰᠢᠶᠠᠬᠤ ᠶᠢ ᠱᠠᠭᠠᠷᠳᠠᠭᠰᠠᠨ ᠮᠠᠲ᠋ᠧᠷᠢᠶᠠᠯ ᠳᠠᠬᠢ ᠪᠠᠭᠤᠯᠭᠠᠪᠥᠷᠢ ︵ᠪᠤᠶᠤ ᠰᠢᠷᠪᠢᠭᠰᠡᠨ ᠮᠠᠲ᠋ᠧᠷᠢᠶᠠᠯ︶ ᠳᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠲᠡᠭᠦᠨ ᠤ ᠨᠠᠶᠢᠳᠠᠭᠰᠠᠨ ᠲᠤᠰᠬᠠᠢ ᠣᠷᠣᠨ ᠤ ᠱᠠᠲᠤᠨ ᠠᠴᠠ ᠳᠡᠭᠡᠭᠰᠢᠬᠢ ᠬᠤᠲᠠ ᠶᠢᠨ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠤᠭ ᠵᠦᠢᠯ ᠯᠦᠭᠡ ᠨᠢ ᠬᠠᠷᠭᠤᠭᠤᠯᠬᠠᠤ ᠶᠢᠨ ᠬᠠᠮᠲᠦ ︽ᠤᠭ ᠵᠦᠢᠯ ᠯᠦᠭᠡ ᠨᠡᠶᠢᠴᠡᠨ᠎ᠡ ᠭᠡᠰᠡᠨ ᠲᠠᠮᠠᠭ᠎ᠠ︾ ᠳᠠᠷᠤᠨ᠎ᠠ᠃    1. ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠴᠢ ᠴᠢᠳᠠᠮᠵᠢ ᠭᠤᠶᠤᠴᠢᠯᠠᠠᠬᠤ ᠬᠦᠰᠥᠨᠥᠭᠲᠦ︾ ︵ᠨᠢᠭᠡ ᠶᠠᠩᠵᠦ ᠶᠢᠨ ᠭᠤᠷᠪᠠᠨ ᠬᠤᠪᠢ︶︔    2. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ ᠶᠢᠨ ᠳᠡᠳ᠋ ᠳᠡᠪᠲᠡᠷ᠂ ᠪᠡᠯᠡ ᠰᠢᠯᠭᠠᠭᠰᠠᠨ ᠭᠡᠷᠡᠴᠢ ᠪᠣᠯᠣᠨ ᠠᠵᠦ ᠠᠬᠤᠶᠢᠯᠠᠯ ᠤᠨ ᠳᠦᠷᠢᠮ ᠤᠨ ᠤᠭ ᠵᠦᠢᠯ ᠬᠢᠭᠡᠳ ᠪᠠᠭᠤᠯᠭᠠᠪᠥᠷᠢ︔      3. ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ᠂ ᠳᠡᠳ᠋ ᠳᠡᠪᠲᠡᠷ ᠤᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ︔    4. ᠠᠵᠦ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠦᠯᠥᠭᠡᠯᠡᠭᠴᠢ ᠶᠢᠨ ᠪᠡᠶ᠎ᠡ ᠶᠢᠨ ᠭᠡᠷᠡᠴᠢ ᠶᠢᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ︔    5. ᠠᠵᠦ ᠠᠬᠤᠶᠢᠯᠠᠯ ᠤᠨ ᠳᠠᠭᠠᠭᠠᠮᠠᠯ ᠤᠨ ᠲᠤᠰᠢᠶᠠᠯ ᠬᠠᠷᠢᠭᠤᠴᠠᠭᠰᠠᠨ ᠪᠢᠴᠢᠭ ᠮᠠᠲ᠋ᠧᠷᠢᠶᠠᠯ ᠬᠢᠭᠡᠳ ᠪᠠᠭᠤᠯᠭᠠᠪᠥᠷᠢ᠂ ᠮᠡᠷᠭᠡᠵᠢᠯ ᠤᠨ ᠴᠤᠯᠠ ᠶᠢᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ ᠪᠤᠶᠤ ᠪᠠᠭᠤᠯᠭᠠᠪᠥᠷᠢ᠂ ᠣᠷᠴᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ ᠤᠭ ᠵᠦᠢᠯ ᠪᠠ ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔    6. ᠠᠵᠦ ᠠᠬᠤᠶᠢᠯᠠᠯ ᠤᠨ ᠶᠡᠷᠥᠩᠬᠡᠢ ᠢᠨᠵᠧᠨᠧᠷ᠂ ᠶᠡᠷᠥᠩᠬᠡᠢ ᠨᠢᠭᠲᠠᠯᠠᠨ ᠪᠣᠳᠤᠬᠤ ᠮᠡᠷᠭᠡᠵᠢᠯᠲᠡᠨ᠂ ᠶᠡᠷᠥᠩᠬᠡᠢ ᠠᠵᠦ ᠠᠬᠤᠶᠢᠴᠢ ᠶᠢᠨ ᠲᠤᠰᠢᠶᠠᠯ ᠬᠠᠷᠢᠭᠤᠴᠠᠭᠰᠠᠨ ᠪᠢᠴᠢᠭ ᠮᠠᠲ᠋ᠧᠷᠢᠶᠠᠯ ᠤᠨ ᠤᠭ ᠵᠦᠢᠯ ᠬᠢᠭᠡᠳ ᠪᠠᠭᠤᠯᠭᠠᠪᠥᠷᠢ᠂ ᠮᠡᠷᠭᠡᠵᠢᠯ ᠤᠨ ᠴᠤᠯᠠ ᠶᠢᠨ ᠦᠨᠡᠮᠯᠡᠯ᠂ ᠰᠤᠷᠭᠠᠭᠤᠯᠢ ᠲᠡᠭᠦᠰᠥᠭᠰᠡᠨ ᠦᠨᠡᠮᠯᠡᠯ ᠪᠣᠯᠣᠨ ᠪᠡᠶ᠎ᠡ ᠶᠢᠨ ᠦᠨᠡᠮᠯᠡᠯ ᠶᠢᠨ ᠤᠭ ᠵᠦᠢᠯ ᠬᠢᠭᠡᠳ ᠰᠢᠷᠪᠢᠭᠰᠡ ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ ᠪᠠᠭᠤᠯᠭᠠᠪᠥᠷᠢ᠂ ᠣᠷᠴᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ ᠤᠭ ᠵᠦᠢᠯ ᠪᠠ ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔    7. ᠠᠵᠦ ᠠᠬᠤᠶᠢᠯᠠᠯ ᠤᠨ ᠬᠢᠷᠢ ᠴᠢᠳᠠᠮᠵᠢ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠪᠦᠬᠦ ᠢᠨᠵᠧᠨᠧᠷᠢᠭ ᠤᠨ ᠮᠡᠷᠭᠡᠵᠢᠯ ᠪᠣᠯᠣᠨ ᠠᠵᠦ ᠠᠬᠤᠢ ᠶᠢᠨ ᠬᠠᠮᠢᠶᠠᠷᠤᠯᠲᠠ ᠶᠢᠨ ᠠᠵᠢᠯᠲᠠᠨ ᠤ ᠮᠡᠷᠭᠡᠵᠢᠯ ᠤᠨ ᠴᠤᠯᠠ᠂ ᠰᠤᠷᠭᠠᠭᠤᠯᠢ ᠲᠡᠭᠦᠰᠥᠭᠰᠡᠨ ᠦᠨᠡᠮᠯᠡᠯ ᠪᠣᠯᠣᠨ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ ᠪᠠᠭᠤᠯᠭᠠᠪᠥᠷᠢ᠂ ᠣᠷᠴᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠶᠢᠨ ᠤᠭ ᠵᠦᠢᠯ ᠪᠣᠯᠣᠨ ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ᠂ ᠡᠭᠦᠨ ᠳᠤ ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠴᠤᠯᠠ ᠲᠠᠢ ᠬᠦᠮᠥᠰ ᠤᠨ ᠬᠠᠩᠭᠠᠬᠤ ᠴᠢᠬᠤᠯᠠᠲᠠᠢ ᠨᠠᠮᠲᠠᠷ ᠤᠨ ᠬᠦᠰᠥᠨᠥᠭᠲᠦ᠂ ᠴᠡᠴᠡᠷᠯᠢᠭ ᠤᠨ ᠲᠤᠰᠬᠠᠢ ᠮᠡᠷᠭᠡᠵᠢᠯ ᠤᠨ ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠴᠤᠯᠠ ᠲᠠᠢ ᠬᠦᠮᠥᠰ ᠤᠨ ᠬᠠᠩᠭᠠᠬᠤ ᠴᠢᠬᠤᠯᠠᠲᠠᠢ ᠮᠡᠷᠭᠡᠵᠢᠯ ᠤᠨ ᠴᠤᠯᠠ ᠬᠢᠨᠠᠨ ᠲᠣᠭᠲᠠᠭᠠᠬᠤ ᠬᠦᠰᠥᠨᠥᠭᠲᠦ ᠶᠢᠨ ᠤᠭ ᠵᠦᠢᠯ ᠬᠢᠭᠡᠳ ᠪᠠᠭᠤᠯᠭᠠᠪᠥᠷᠢ︔       8. ᠠᠵᠦ ᠠᠬᠤᠶᠢᠯᠠᠯ ᠤᠨ ᠬᠢᠷᠢ ᠴᠢᠳᠠᠮᠵᠢ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠪᠦᠬᠦ ᠳᠤᠮᠳᠠ ᠵᠡᠷᠭᠡ ᠠᠴᠠ ᠳᠡᠭᠡᠭᠰᠢ ᠮᠡᠷᠭᠡᠵᠢᠯ ᠤᠨ ᠠᠵᠢᠯᠴᠢᠨ ᠤ ᠠᠵᠢᠯ ᠤᠨ ᠪᠠᠶᠢᠷᠢ ᠶᠢᠨ ᠦᠨᠡᠮᠯᠡᠯ᠂ ᠪᠡᠶ᠎ᠡ ᠶᠢᠨ ᠦᠨᠡᠮᠯᠡᠯ ᠤᠨ ᠤᠭ ᠵᠦᠢᠯ ᠬᠢᠭᠡᠳ ᠰᠢᠷᠪᠢᠭᠰᠡᠨ ᠮᠠᠲ᠋ᠧᠷᠢᠶᠠᠯ᠂ ᠬᠦᠳᠡᠯᠮᠥᠷᠢ ᠶᠢᠨ ᠭᠡᠷ᠎ᠡ ᠶᠢᠨ ᠤᠭ ᠵᠦᠢᠯ ᠬᠢᠭᠡᠳ ᠪᠠᠭᠤᠯᠭᠠᠪᠥᠷᠢ᠂ ᠣᠷᠢᠮ ᠤᠨ ᠭᠤᠷᠪᠠᠨ ᠰᠠᠷ᠎ᠠ ᠶᠢᠨ ᠨᠡᠶᠢᠭᠡᠮ ᠤᠨ ᠳᠠᠭᠠᠳᠬᠠᠯ ᠤᠨ ᠲᠣᠳᠤᠷᠬᠠᠢ ᠬᠠᠭᠤᠳᠠᠰᠦ ᠪᠠ ᠰᠦᠢᠳᠭᠡᠯ ᠲᠤᠰᠢᠶᠠᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ︔    9. ᠠᠵᠦ ᠠᠬᠤᠶᠢᠯᠠᠯ ᠤᠨ ᠬᠢᠷᠢ ᠬᠡᠮ ᠭᠤᠶᠤᠴᠢᠯᠠᠬᠤ ᠬᠦᠰᠥᠨᠥᠭᠲᠦ ᠳᠤ ᠵᠢᠭᠰᠠᠭᠠᠭᠰᠠᠨ ᠣᠷᠢᠴᠮ ᠤᠨ ᠭᠤᠷᠪᠠᠨ ᠵᠢᠯ ᠤᠨ ᠪᠠᠷᠢᠯᠭ᠎ᠠ ᠶᠢᠨ ᠲᠦᠷᠥᠯ ᠵᠦᠢᠯ ᠢ ᠲᠦᠯᠥᠭᠡᠯᠡᠭᠰᠡᠨ ᠳᠠᠭᠠᠭᠠᠴᠢᠯᠠᠯᠲᠠ ᠣᠯᠣᠭᠰᠠᠨ‌ᠮᠡᠳᠡᠭᠳᠡᠯ ᠤᠨ ᠪᠢᠴᠢᠭ᠂ ᠪᠠᠷᠢᠯᠭ᠎ᠠ ᠪᠠᠷᠢᠬᠤ ᠵᠦᠪᠰᠢᠶᠡᠷᠡᠯ ᠤᠨ ᠦᠨᠡᠮᠯᠡᠯ ︵ᠠᠵᠢᠯ ᠡᠬᠢᠯᠡᠭᠦᠯᠬᠦ ᠮᠡᠳᠡᠭᠦᠯᠥᠯᠲᠡ︶᠂ ᠭᠡᠷ᠎ᠡ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠭᠡᠷᠡᠴᠢ ᠪᠠ ᠳ᠋ᠦᠩᠨᠡᠨ ᠪᠣᠳᠤᠭᠰᠠᠨ ᠲᠣᠳᠤᠷᠬᠠᠢ ᠬᠠᠭᠤᠳᠠᠰᠦ ᠶᠢᠨ ᠤᠭ ᠵᠦᠢᠯ ᠬᠢᠭᠡᠳ ᠪᠠᠭᠤᠯᠭᠠᠪᠥᠷᠢ︔    10. ᠠᠵᠦ ᠠᠬᠤᠶᠢᠯᠠᠯ ᠤᠨ ᠣᠷᠴᠢᠮ ᠤᠨ ᠭᠤᠷᠪᠠᠨ ᠵᠢᠯ ᠤᠨ ᠡᠳ᠋ ᠤᠨ ᠶᠠᠪᠤᠳᠠᠯ ᠤᠨ ᠬᠢᠨᠠᠨ ᠪᠣᠳᠤᠭᠰᠠ ᠮᠡᠳᠡᠭᠦᠯᠥᠯᠲᠡ ︵ᠠᠵᠦ ᠠᠬᠤᠶᠢᠯᠠᠯ ᠤᠨ ᠲᠣᠭᠲᠠᠮᠠᠯ ᠬᠦᠷᠥᠩᠭᠡ ᠶᠢᠨ ᠨᠠᠷᠢᠨ ᠳᠠᠩᠰᠠ ᠶᠢ ᠳᠠᠭᠠᠯᠳᠤᠭᠤᠯᠬᠤ ᠬᠡᠷᠡᠭᠲᠡᠢ︶᠂ ᠡᠳ᠋ ᠤᠨ ᠶᠠᠪᠤᠳᠠᠯ ᠤᠨ ᠳ᠋ᠦᠩᠨᠡᠨ ᠪᠣᠳᠤᠭᠰᠠᠨ ᠣᠨ ᠤ ᠮᠡᠳᠡᠭᠦᠯᠥᠯᠲᠡ ᠶᠢᠨ ᠬᠦᠰᠥᠨᠥᠭᠲᠦ ᠪᠠ ᠠᠵᠦ ᠠᠬᠤᠶᠢᠯᠠᠯ ᠤᠨ ᠡᠵᠡᠩᠨᠡᠯᠲᠡ ᠶᠢᠨ ᠭᠠᠶᠢᠯᠢ ᠶᠢᠨ ᠫᠢᠶᠤᠤ ᠶᠢᠨ ᠤᠭ ᠵᠦᠢᠯ ᠬᠢᠭᠡᠳ ᠪᠠᠭᠤᠯᠭᠠᠪᠥᠷᠢ︔    11. ᠠᠵᠦ ᠠᠬᠤᠶᠢᠯᠠᠯ ᠤᠨ ᠵᠤᠯᠵᠠᠭ᠎ᠠ ᠮᠣᠳᠤᠨ ᠤ ᠰᠠᠭᠤᠷᠢᠨ ᠭᠠᠵᠠᠷ ᠤᠨ ᠦᠪᠡᠷ ᠤᠨ ᠭᠠᠵᠠᠷ ᠰᠢᠷᠣᠢ ᠶᠢᠨ ᠭᠡᠷᠡᠴᠢ ᠶᠢᠨ ᠤᠭ ᠵᠦᠢᠯ ᠬᠢᠭᠡᠳ ᠪᠠᠭᠤᠯᠭᠠᠪᠥᠷᠢ᠂ ᠡᠰᠡᠭᠦᠯ᠎ᠡ ᠠᠵᠦ ᠠᠬᠤᠶᠢᠯᠠᠯ ᠤᠨ ᠵᠤᠯᠵᠠᠭ᠎ᠠ ᠮᠣᠳᠦ ᠦᠢᠯᠡᠳᠪᠥᠷᠢᠯᠡᠵᠦ ᠪᠤᠶᠢᠵᠢᠭᠤᠯᠬᠤ ᠰᠠᠭᠤᠷᠢᠨ ᠭᠠᠵᠠᠷ ᠤᠨ ᠭᠡᠷ᠎ᠡ ᠬᠤᠭᠤᠴᠠᠭ᠎ᠠ ᠨᠢ ᠲᠠᠪᠤᠨ ᠵᠢᠯ ᠠᠴᠠ ᠳᠡᠭᠡᠭᠰᠢᠬᠢ ᠲᠦᠷᠢᠶᠡᠰᠥᠯᠡᠭᠰᠡᠨ ᠭᠡᠷ᠎ᠡ ᠪᠣᠯᠣᠨ ᠣᠷᠴᠢᠮ ᠤᠨ ᠨᠢᠭᠡ ᠵᠢᠯ ᠤᠨ ᠲᠦᠷᠢᠶᠡᠰᠥᠨ ᠮᠦᠩᠭᠦ ᠵᠠᠷᠤᠴᠠᠭᠤᠯᠤᠭᠰᠠᠨ ᠪᠠᠷᠢᠮᠲᠠ ᠶᠢᠨ ᠤᠭ ᠵᠦᠢᠯ ᠬᠢᠭᠡᠳ ᠪᠠᠭᠤᠯᠭᠠᠪᠥᠷᠢ᠃    ︵ᠬᠤᠶᠠᠷ︶ ᠭᠤᠶᠤᠴᠢᠯᠠᠯ ᠤᠨ ᠮᠠᠲ᠋ᠧᠷᠢᠶᠠᠯ ᠤᠨ ᠱᠠᠭᠠᠷᠳᠠᠯᠭ᠎ᠠ    1. ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠭᠤᠶᠤᠴᠢᠯᠠᠬᠤ ᠬᠦᠰᠥᠨᠥᠭᠲᠦ︾ ᠨᠢᠭᠡ ᠶᠠᠩᠵᠦ ᠶᠢᠨ ᠭᠤᠷᠪᠠᠨ ᠬᠤᠪᠢ᠂ ᠳᠠᠭᠠᠯᠳᠤᠭᠤᠯᠤᠯ ᠮᠠᠲ᠋ᠧᠷᠢᠶᠠᠯ ᠨᠢᠭᠡ ᠢᠵᠢ᠃ ᠳᠠᠭᠠᠯᠳᠤᠭᠤᠯᠤᠯ ᠮᠠᠲ᠋ᠧᠷᠢᠶᠠᠯ ᠤᠨ ᠬᠡᠪ ᠪᠠᠷᠢᠮᠵᠢᠶ᠎ᠠ ᠨᠢ A4 ︵210 × 297mm︶ ᠬᠡᠯᠪᠡᠷᠢ ᠶᠢᠨ ᠴᠠᠭᠠᠰᠥᠨ ᠤ ᠪᠦᠭᠡᠳ ᠬᠠᠭᠤᠳᠠᠰᠤᠨ ᠳ᠋ᠤᠭᠠᠷ ᠢ ᠲᠣᠳᠤᠷᠬᠠᠶᠢᠯᠠᠭᠰᠠᠨ ᠶᠡᠷᠥᠩᠬᠡᠢ ᠭᠠᠷᠴᠠᠭ ᠲᠠᠢ ᠪᠠᠶᠢᠵᠦ᠂ ᠵᠦᠭᠡᠯᠡᠨ ᠭᠠᠳᠠᠷ ᠪᠠ ᠨᠢᠭᠤᠷ ᠠᠷᠤ ᠨᠢᠭᠤᠷ ᠲᠠᠢ᠂ ᠬᠠᠭᠤᠳᠠᠰᠦ ᠳᠠᠷᠠᠭᠠᠯᠠᠨ ᠨᠢᠭᠤᠷ ᠤᠨ ᠳ᠋ᠤᠭᠠᠷ ᠪᠢᠴᠢᠭᠰᠡᠨ ᠪᠠᠶᠢᠬᠤ ᠶᠢᠨ ᠬᠠᠮᠲᠦ ᠳᠣᠣᠷ᠎ᠠ ᠵᠢᠭᠰᠠᠭᠠᠰᠠᠨ ᠳᠠᠷᠠᠭᠠᠯᠠᠯ ᠶᠣᠰᠤᠭᠠᠷ ᠦᠳᠡᠭᠰᠡᠨ ᠪᠠᠶᠢᠬᠤ ᠶᠢ ᠱᠠᠭᠠᠷᠳᠠᠨ᠎ᠠ᠄ ᠨᠢᠭᠡᠳᠥᠭᠡᠷ ᠳᠡᠪᠲᠡᠷ᠄ ᠶᠡᠷᠥᠩᠬᠡᠶᠢᠯᠡᠭᠰᠡᠨ ᠮᠠᠲ᠋ᠧᠷᠢᠶᠠᠯ᠂ ᠡᠭᠦᠨ ᠳᠤ ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ ᠳᠠᠬᠢ 2 — 6᠂ 10᠂ 11 ᠳ᠋ᠤᠭᠡᠷ ᠵᠦᠢᠯ︔ ᠬᠤᠶᠠᠳᠤᠭᠠᠷ ᠳᠡᠪᠲᠡᠷ᠄ ᠬᠦᠮᠥᠰ ᠤᠨ ᠮᠠᠲ᠋ᠧᠷᠢᠶᠠᠯ᠂ ᠡᠭᠦᠨ ᠳᠤ ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ ᠳᠠᠬᠢ 7᠂ 8 ᠳ᠋ᠤᠭᠠᠷ ᠵᠦᠢᠯ ᠪᠠᠭᠲᠠᠨ᠎ᠠ︔ ᠭᠤᠷᠪᠠᠳᠤᠭᠠᠷ ᠳᠡᠪᠲᠡᠷ᠄ ᠢᠨᠵᠧᠨᠧᠷᠢᠩ ᠤᠨ ᠠᠮᠵᠢᠯᠲᠠ ᠪᠦᠲᠥᠮᠵᠢ ᠶᠢᠨ ᠮᠠᠲ᠋ᠧᠷᠢᠶᠠᠯ᠂ ᠡᠭᠦᠨ ᠳᠤ ᠭᠤᠶᠤᠴᠢᠯᠠᠯ ᠤᠨ ᠮᠠᠲ᠋ᠧᠷᠢᠶᠠᠯ ᠤᠨ ᠠᠭᠤᠯᠭ᠎ᠠ ᠳᠠᠬᠢ 9 ᠳ᠋ᠤᠭᠡᠷ ᠵᠦᠢᠯ ᠪᠠᠭᠲᠠᠨ᠎ᠠ᠃    2. ᠭᠤᠶᠤᠴᠢᠯᠠᠯ ᠤᠨ ᠮᠠᠲ᠋ᠧᠷᠢᠶᠠᠯ ᠤᠨ ᠲᠤᠭ᠎ᠠ ᠪᠠᠷᠢᠮᠲᠠ ᠨᠢ ᠪᠦᠷᠢᠨ ᠭᠦᠢᠴᠡᠳ᠂ ᠬᠦᠰᠥᠨᠥᠭᠲᠦ ᠲᠠᠭᠯᠠᠭᠰᠠᠨ ᠨᠢ ᠵᠢᠷᠤᠮᠵᠢᠯ ᠲᠠᠢ᠂ ᠲᠠᠮᠠᠭ᠎ᠠ ᠶᠢᠨ ᠬᠡᠪ ᠶᠠᠩᠵᠦ ᠨᠢ ᠲᠤᠳᠤᠷᠬᠠᠢ᠂ ᠦᠰᠥᠭ ᠨᠢ ᠲᠣᠳᠦ ᠪᠦᠭᠡᠳ ᠲᠡᠭᠰᠢ ᠪᠠᠶᠢᠵᠦ᠂ ᠰᠢᠷᠪᠢᠭᠰᠡᠨ ᠮᠠᠲ᠋ᠧᠷᠢᠶᠠᠯ ᠪᠣᠯᠣᠨ ᠪᠠᠭᠤᠯᠭᠠᠪᠥᠷᠢ ᠨᠢ ᠡᠷᠬᠡᠪᠰᠢ ᠲᠣᠳᠣ᠂ ᠢᠯᠭᠠᠪᠥᠷᠢᠲᠠᠢ ᠪᠠᠶᠢᠬᠤ ᠬᠡᠷᠡᠭᠲᠡᠢ᠃    3. ᠪᠣᠢ ᠪᠦᠬᠦᠢ ᠦᠨᠡᠮᠯᠡᠯ ︵ᠬᠢᠷᠢ ᠴᠢᠳᠠᠮᠵᠢ ᠶᠢᠨ ᠦᠨᠡᠮᠯᠡᠯ᠂ ᠪᠡᠶ᠎ᠡ ᠶᠢᠨ ᠦᠨᠡᠮᠯᠡᠯ᠂ ᠮᠡᠷᠭᠡᠵᠢᠯ ᠤᠨ ᠴᠤᠯᠠ ᠶᠢᠨ ᠦᠨᠡᠮᠯᠡᠯ᠂ ᠠᠵᠢᠯ ᠤᠨ ᠪᠠᠶᠢᠷᠢ ᠶᠢᠨ ᠦᠨᠡᠮᠯᠡᠯ᠂ ᠰᠤᠷᠭᠠᠭᠤᠯᠢ ᠲᠡᠭᠦᠰᠥᠭᠰᠡᠨ ᠦᠨᠡᠮᠯᠡᠯ ᠵᠡᠷᠭᠡ ᠪᠠᠭᠲᠠᠨ᠎ᠠ ︶ ᠢ ᠴᠦᠮ ᠰᠢᠷᠪᠢᠭᠰᠡᠨ ᠮᠠᠲ᠋ᠧᠷᠢᠶᠠᠯ ᠢᠶᠠᠷ ᠬᠠᠩᠭᠠᠬᠤ ᠬᠡᠷᠡᠭᠲᠡᠢ᠃    4. ᠮᠡᠷᠭᠡᠵᠢᠯ ᠤᠨ ᠴᠤᠯᠠ ᠶᠢᠨ ᠦᠨᠡᠮᠯᠡᠯ ᠢ ᠡᠷᠬᠡᠪᠰᠢ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠪᠤᠶᠤ ᠠᠵᠢᠯᠲᠠᠨ ᠤ ᠶᠠᠪᠤᠳᠠᠯ ᠤᠨ ᠰᠠᠯᠠᠭ᠎ᠠ ᠮᠦᠴᠢᠷ ᠤᠨ ᠡᠷᠬᠡ ᠣᠯᠭᠤᠵᠦ ᠮᠡᠳᠡᠷᠡᠭᠰᠡᠨ ᠪᠠᠶᠢᠭᠤᠯᠭ᠎ᠠ ᠣᠯᠭᠤᠭᠰᠠᠨ ᠪᠠᠶᠢᠬᠤ ᠬᠡᠷᠡᠭᠲᠡᠢ︔      5. ᠠᠵᠦ ᠠᠬᠤᠶᠢᠯᠠᠯ ᠤᠨ ᠡᠳ᠋ ᠤᠨ ᠶᠠᠪᠤᠳᠠᠯ ᠤᠨ ᠬᠢᠨᠠᠨ ᠪᠣᠳᠤᠭᠰᠠᠨ ᠮᠡᠳᠡᠭᠦᠯᠥᠯᠲᠡ ᠪᠣᠯᠣᠨ ᠡᠳ᠋ ᠤᠨ ᠶᠠᠪᠤᠳᠠᠯ ᠤᠨ ᠳ᠋ᠦᠩᠨᠡᠨ ᠪᠣᠳᠤᠭᠰᠠᠨ ᠮᠡᠳᠡᠭᠦᠯᠬᠦ ᠬᠦᠰᠥᠨᠥᠭᠲᠦ ᠨᠢ ᠡᠷᠬᠡᠪᠰᠢ ᠬᠠᠤᠯᠢ ᠪᠠᠷ ᠲᠣᠭᠲᠠᠭᠠᠭᠰᠠᠨ ᠬᠢᠷᠢ ᠬᠡᠮ ᠲᠠᠢ ᠬᠢᠨᠠᠨ ᠪᠣᠳᠤᠯᠲᠠ ᠶᠢᠨ ᠬᠡᠷᠡᠭ ᠡᠷᠬᠢᠯᠡᠬᠦ ᠭᠠᠵᠠᠷ ᠪᠤᠶᠤ ᠨᠢᠭᠲᠠᠯᠠᠨ ᠪᠣᠳᠤᠯᠲᠠ ᠶᠢᠨ ᠬᠡᠷᠡᠭ ᠡᠷᠬᠢᠯᠡᠬᠦ ᠭᠠᠵᠠᠷ ᠠᠴᠠ ᠬᠢᠭᠰᠡᠨ ᠪᠠᠶᠢᠬᠤ ᠬᠡᠷᠡᠭᠲᠡᠢ᠃      ᠳᠦᠷᠪᠡᠳᠥᠭᠡᠷ ᠵᠦᠢᠯ     ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠬᠤ      ᠶᠠᠮᠤᠨ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠴᠦ ᠰᠢᠢᠳᠪᠥᠷᠢᠯᠡᠬᠦ ᠶᠠᠪᠤᠳᠠᠯ ᠢ ᠭᠦᠢᠴᠡᠳᠭᠡᠬᠦ ᠳᠤ᠂ ᠡᠷᠬᠡᠪᠰᠢ ᠬᠦᠯᠢᠶᠡᠨ ᠠᠪᠤᠭᠰᠠᠨ ᠪᠢᠴᠢᠭᠯᠡᠭᠰᠡᠨ ᠪᠠᠷᠢᠮᠲᠠ ᠬᠢᠵᠦ ᠦᠭᠴᠦ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠤᠨ ᠲᠠᠮᠠᠭ᠎ᠠ ᠶᠢ ᠳᠠᠷᠤᠭᠰᠠᠨ ᠤ ᠳᠠᠷᠠᠭ᠎ᠠ ᠰᠠᠶ᠋ᠢ ᠬᠦᠴᠥᠨ ᠲᠠᠢ᠃     ︵ᠨᠢᠭᠡ︶ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠭᠤᠶᠤᠴᠢᠯᠠᠬᠤ ᠮᠠᠲ᠋ᠧᠷᠢᠶᠠᠯ ᠢ ᠮᠡᠳᠡᠭᠦᠯᠥᠨ ᠬᠦᠷᠭᠡᠬᠦ ᠳᠡᠭᠡᠨ᠂ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠵᠢᠩᠬᠢᠨᠢ ᠮᠡᠳᠡᠭᠦᠯᠥᠨ ᠬᠦᠷᠭᠡᠬᠦ ᠠᠯᠪᠠᠨ ᠵᠠᠬᠢᠳᠠᠯ᠂ ᠠᠩᠬ᠎ᠠ ᠬᠢᠨᠠᠭᠰᠠᠨ ᠰᠠᠨᠠᠯ᠂ ᠠᠵᠦ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠭᠰᠠᠨ ᠮᠠᠲ᠋ᠧᠷᠢᠶᠠᠯ ᠢ ᠴᠠᠭᠠᠰᠥᠨ ᠮᠠᠲ᠋ᠧᠷᠢᠶᠠᠯ ᠯᠤᠭ᠎ᠠ ᠨᠢ ᠬᠠᠷᠭᠤᠭᠤᠯᠤᠭᠠᠳ ᠨᠤᠲᠠᠯᠠᠭᠰᠠᠨ ᠬᠠᠭᠤᠳᠠᠰᠦ ᠯᠤᠭ᠎ᠠ ᠬᠠᠮᠲᠦ ᠳᠤᠨᠢ ᠲᠤᠰᠢᠶᠠᠬᠤ ᠬᠡᠷᠡᠭᠲᠡᠢ᠃      ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠭᠤᠶᠤᠴᠢᠯᠠᠯ ᠤᠨ ᠮᠠᠲ᠋ᠧᠷᠢᠶᠠᠯ ᠤᠨ ᠬᠤᠪᠢ ᠶᠢᠨ ᠲᠤᠭ᠎ᠠ ᠨᠢ ᠪᠦᠷᠢᠨ ᠭᠦᠢᠴᠡᠳ ᠪᠦᠭᠡᠳ ᠬᠠᠤᠯᠢ ᠪᠠᠷ ᠲᠣᠭᠲᠠᠭᠠᠭᠰᠠᠨ ᠬᠡᠯᠪᠡᠷᠢ ᠶᠢᠨ ᠨᠦᠬᠦᠴᠡᠯ ᠳᠤ ᠨᠡᠶᠢᠴᠡᠵᠦ ᠪᠠᠶᠢᠪᠠᠯ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠥᠷ ᠠᠴᠠ ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠬᠦᠯᠢᠶᠡᠨ ᠠᠪᠴᠦ᠂ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ ᠬᠢᠨᠠᠬᠤ ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠬᠢᠵᠦ ᠦᠭᠬᠦ ᠶᠢᠨ ᠬᠠᠮᠲᠦ ᠭᠤᠶᠤᠴᠢᠯᠠᠯ ᠤᠨ ᠮᠠᠲ᠋ᠧᠷᠢᠶᠠᠯ ᠤᠨ ᠭᠤᠣᠯ ᠮᠡᠳᠡᠭᠡ ᠵᠠᠩᠭᠢ ︵ᠠᠵᠦ ᠠᠬᠤᠶᠢᠯᠠᠯ ᠤᠨ ᠨᠡᠷᠡᠶᠢᠳᠥᠯ᠂ ᠡᠳ᠋ ᠬᠦᠷᠥᠩᠭᠡ ᠶᠢᠨ ᠪᠠᠶᠢᠳᠠᠯ᠂ ᠭᠤᠣᠯ ᠪᠣᠯᠬᠤ ᠮᠡᠷᠭᠡᠵᠢᠯ ᠬᠢᠭᠡᠳ ᠬᠠᠮᠢᠶᠠᠷᠤᠯᠲᠠ ᠶᠢᠨ ᠠᠵᠢᠯᠲᠠᠨ ᠢ ᠵᠢᠭᠰᠠᠭᠠᠭᠰᠠᠨ ᠬᠦᠰᠥᠨᠥᠭᠲᠦ᠂ ᠲᠦᠯᠥᠭᠡᠯᠡᠬᠦ ᠪᠠᠷᠢᠯᠭ᠎ᠠ ᠶᠢᠨ ᠲᠦᠷᠥᠯ ᠵᠦᠢᠯ ᠢ ᠵᠢᠭᠰᠠᠭᠠᠭᠰᠠᠨ ᠬᠦᠰᠥᠨᠥᠭᠲᠦ ᠪᠠᠭᠲᠠᠨ᠎ᠠ︶ ᠶᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠪᠠᠷ ᠨᠡᠶᠢᠲᠡ ᠳᠤ ᠵᠠᠷᠯᠠᠵᠦ᠂ ᠨᠡᠶᠢᠲᠡ ᠳᠤ ᠵᠠᠷᠯᠠᠵᠦ ᠳᠠᠭᠤᠰᠲᠠᠯ᠎ᠠ ᠲᠤᠰᠬᠠᠢ ᠮᠡᠷᠭᠡᠵᠢᠯᠲᠡᠳ ᠤᠨ ᠬᠢᠨᠠᠨ ᠲᠣᠭᠲᠠᠭᠠᠬᠤ ᠠᠵᠢᠯ ᠡᠬᠢᠯᠡᠨ᠎ᠡ᠃      ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠪᠠᠷ ᠲᠣᠭᠲᠠᠭᠠᠭᠰᠠᠨ ᠬᠡᠯᠪᠡᠷᠢ ᠶᠢᠨ ᠨᠦᠬᠦᠴᠡᠯ ᠳᠤ ᠨᠡᠶᠢᠴᠡᠬᠦ ᠦᠭᠡᠢ ᠪᠣᠯ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠥᠷ ᠠᠴᠠ ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠭᠤᠶᠤᠴᠢᠯᠠᠯ ᠤᠨ ᠮᠠᠲ᠋ᠧᠷᠢᠶᠠᠯ ᠢ ᠠᠩᠬ᠎ᠠ ᠬᠢᠨᠠᠬᠤ ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠬᠤ ᠦᠭᠡᠢ ᠭᠡᠰᠡᠨ ᠪᠠᠷᠢᠮᠲᠠ︾ ᠬᠢᠵᠦ ᠦᠭᠬᠦ ᠶᠢᠨ ᠬᠠᠮᠲᠦ ᠭᠤᠶᠤᠴᠢᠯᠠᠯ ᠤᠨ ᠮᠠᠲ᠋ᠧᠷᠢᠶᠠᠯ ᠢ ᠪᠤᠴᠠᠭᠠᠨ᠎ᠠ᠃     ᠬᠦᠯᠢᠶᠡᠨ ᠠᠪᠬᠤ ᠭᠠᠷᠳᠠᠮ ᠭᠦᠢᠴᠡᠳᠭᠡᠭᠰᠡᠨ ᠭᠤᠶᠤᠴᠢᠯᠠᠯ ᠤᠨ ᠮᠠᠲ᠋ᠧᠷᠢᠶᠠᠯ ᠳᠤ ᠲᠤᠬᠠᠶᠢᠯᠠᠭᠰᠠᠨ ᠠᠵᠢᠯ ᠤᠨ ᠵᠣᠷᠭᠠᠨ ᠱᠠᠭᠠᠷᠳᠠᠯᠭ᠎ᠠ ᠳᠤᠷᠠᠳᠬᠤ ᠶᠢ ᠭᠠᠷᠭᠠᠪᠠᠯ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠵᠠᠷᠴᠢᠮ ᠳᠡᠭᠡᠷ᠎ᠡ ᠪᠠᠨ ᠶᠠᠮᠠᠷᠪᠠ ᠬᠠᠮᠢᠶ᠎ᠠ ᠪᠦᠬᠦᠢ ᠨᠦᠬᠦᠪᠥᠷᠢᠯᠡᠬᠦ ᠮᠠᠲ᠋ᠧᠷᠢᠶᠠᠯ ᠢ ᠬᠦᠯᠢᠶᠡᠨ ᠠᠪᠬᠤ ᠦᠭᠡᠢ ᠪᠦᠭᠡᠳ ᠶᠠᠮᠠᠷᠪᠠ ᠰᠢᠯᠲᠠᠭᠠᠨ ᠤ ᠮᠠᠲ᠋ᠧᠷᠢᠶᠠᠯ ᠪᠤᠴᠠᠭᠠᠬᠤ ᠤᠴᠢᠷ ᠶᠠᠪᠤᠳᠠᠯ ᠢ ᠭᠡᠳ ᠭᠦᠢᠴᠡᠳᠭᠡᠬᠦ ᠦᠭᠡᠢ᠃       ︵ᠬᠤᠶᠠᠷ︶ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠠᠩᠬ᠎ᠠ ᠬᠢᠨᠠᠭᠤᠯᠤᠭᠰᠠᠨ ᠬᠤᠪᠢᠷᠠᠭᠠᠬᠤ ︵ᠦᠨᠡᠮᠯᠡᠯ ᠨᠦᠬᠦᠬᠦ︶ ᠮᠠᠲ᠋ᠧᠷᠢᠶᠠᠯ ᠳᠤ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠨᠢ ᠮᠠᠲ᠋ᠧᠷᠢᠶᠠᠯ ᠬᠦᠷᠭᠡᠭᠴᠢ ᠳᠤ ︽ᠬᠤᠪᠢᠷᠠᠭᠠᠬᠤ ︵ᠦᠨᠡᠮᠯᠡᠯ ᠨᠦᠬᠦᠬᠦ︶ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠶᠢ ᠳᠠᠷᠦ᠋ᠢᠬᠠᠨ ᠬᠢᠵᠦ ᠦᠭᠬᠦ ᠶᠢᠨ ᠬᠠᠮᠲᠦ ᠮᠠᠲ᠋ᠧᠷᠢᠶᠠᠯ ᠬᠦᠷᠭᠡᠭᠴᠢ ᠲᠠᠭᠦᠨ ᠢᠶᠠᠷ ᠨᠢ ᠦᠨᠡᠮᠯᠡᠯ ᠠᠪᠤᠨ᠎ᠠ᠃    ︵ᠭᠤᠷᠪᠠ︶ ᠠᠵᠦ ᠠᠬᠤᠶᠢᠯᠠᠯ ᠤᠨ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠮᠡᠳᠡᠭᠦᠯᠥᠨ ᠬᠦᠷᠭᠡᠭᠰᠡᠨ ᠲᠣᠭᠠᠴᠢᠭᠰᠠᠨ ᠮᠠᠲ᠋ᠧᠷᠢᠶᠠᠯ ᠤᠨ ᠨᠡᠶᠢᠲᠡ ᠳᠤ ᠵᠠᠷᠯᠠᠬᠤ ᠬᠤᠭᠤᠴᠠᠭᠠᠨ ᠳᠤ ᠢᠯᠡᠭᠡᠭᠰᠡᠨ ᠪᠦᠬᠦᠨ ᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ ᠠᠪᠬᠤ ᠬᠡᠷᠡᠭᠲᠡᠢ ᠪᠦᠭᠡᠳ ᠲᠣᠭᠠᠴᠢᠭᠰᠠᠨ ᠮᠠᠲ᠋ᠧᠷᠢᠶᠠᠯ ᠢ ᠠᠩᠬ᠎ᠠ ᠬᠢᠨᠠᠬᠤ ᠰᠠᠯᠠᠭ᠎ᠠ ᠮᠦᠴᠢᠷ ᠲᠤ ︽ᠪᠦᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠣᠭᠠᠴᠢᠭᠰᠠᠨ ᠮᠠᠲ᠋ᠧᠷᠢᠶᠠᠯ ᠢ ᠬᠦᠯᠢᠶᠡᠨ ᠠᠪᠤᠭᠰᠠᠨ ᠪᠠᠷᠢᠮᠲᠠ︾ ᠬᠢᠵᠦ ᠦᠭᠴᠦ᠂ ᠴᠠᠭ ᠬᠤᠭᠤᠴᠠᠭ᠎ᠠ ᠶᠢ ᠨᠢ ᠰᠢᠤᠳᠠᠨ ᠤ ᠲᠠᠮᠠᠭ᠎ᠠ ᠶᠢᠨ ᠡᠳᠥᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ᠃     ᠲᠠᠪᠤᠳᠤᠭᠠᠷ ᠵᠦᠢᠯ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠪᠠ ᠨᠡᠶᠢᠲᠡ ᠳᠤ ᠵᠠᠷᠯᠠᠬᠤ     ᠬᠤᠲᠠ ᠶᠢᠨ ᠴᠡᠴᠡᠷᠯᠢᠭ ᠤᠨ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠶᠠᠪᠤᠳᠠᠯ ᠳᠤ ᠢᠯᠡ᠂ ᠲᠦᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠂ ᠠᠵᠦ ᠠᠬᠤᠶᠢᠯᠠᠯ ᠠᠴᠠ ᠶᠠᠮᠠᠷᠪᠠ ᠵᠠᠷᠤᠳᠠᠯ ᠬᠤᠷᠢᠶᠠᠬᠤ ᠦᠭᠡᠢ᠂ ᠠᠵᠦ ᠠᠬᠤᠶᠢᠯᠠᠯ ᠢ ᠡᠭᠦᠨ ᠤ ᠲᠦᠯᠥᠭᠡ ᠶᠠᠮᠠᠷᠪᠠ ᠬᠡᠯᠪᠡᠷᠢ ᠶᠢᠨ ᠤᠬᠠᠭᠤᠯᠭ᠎ᠠ ᠬᠢᠯᠭᠡᠬᠦ ᠪᠠᠷ ᠱᠠᠭᠠᠷᠳᠠᠬᠤ ᠦᠭᠡᠢ ᠪᠠᠶᠢᠵᠦ᠂ ᠨᠡᠶᠢᠭᠡᠮ ᠤᠨ ᠶᠠᠮᠠᠷᠪᠠ ᠪᠠᠶᠢᠭᠤᠯᠤᠮᠵᠢ ᠶᠢᠨ ᠣᠷᠣᠯᠴᠠᠬᠤ ᠶᠢ ᠵᠦᠪᠰᠢᠶᠡᠷᠡᠬᠦ ᠦᠭᠡᠢ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠦ ᠠᠬᠤᠶᠢᠯᠠᠯ ᠤᠨ ᠭᠤᠶᠤᠴᠢᠯᠠᠯ ᠤᠨ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠬᠠᠷᠢᠭᠤᠴᠠᠵᠦ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠨᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ︵www.mohurd.gov.cn︶ ᠪᠠᠷ ᠨᠡᠶᠢᠲᠡ ᠳᠤ ᠵᠠᠷᠯᠠᠨ᠎ᠠ᠂ ᠨᠡᠶᠢᠲᠡ ᠳᠤ ᠵᠠᠷᠯᠠᠬᠤ ᠬᠤᠭᠤᠴᠠᠭ᠎ᠠ ᠨᠢ 10 ᠡᠳᠥᠷ ᠪᠣᠯᠤᠨ᠎ᠠ᠃     ᠨᠡᠶᠢᠲᠡ ᠳᠤ ᠵᠠᠷᠯᠠᠬᠤ ᠬᠤᠭᠤᠴᠠᠭᠠᠨ ᠳᠤ ᠡᠯ᠎ᠡ ᠬᠤᠯᠪᠤᠭᠳᠠᠯ ᠪᠦᠬᠦᠢ ᠠᠵᠦ ᠠᠬᠤᠶᠢᠯᠠᠯ ᠤᠳ ᠬᠢᠨᠠᠨ ᠲᠣᠭᠲᠠᠭᠠᠭᠰᠠᠨ ᠦᠷ᠎ᠡ ᠳ᠋ᠦᠩ ᠳᠤ ᠲᠣᠭᠠᠴᠢᠭᠰᠠᠨ ᠰᠠᠨᠠᠯ ᠢᠶᠠᠨ ᠳᠤᠷᠠᠳᠴᠦ ᠪᠣᠯᠬᠤ ᠪᠦᠭᠡᠳ ᠨᠡᠶᠢᠲᠡ ᠳᠤ ᠵᠠᠷᠯᠠᠬᠤ ᠬᠤᠭᠤᠴᠠᠭᠠᠨ ᠳᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠭᠤᠯᠤᠭᠰᠠᠨ ᠪᠢᠴᠢᠭᠯᠡᠭᠰᠡᠨ ᠲᠣᠭᠠᠴᠢᠭᠰᠠᠨ ᠮᠠᠲ᠋ᠧᠷᠢᠶᠠᠯ ᠢ ᠪᠣᠯ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠬᠦᠷᠭᠡᠨ᠎ᠡ︔ ᠬᠡᠷᠪᠡ ᠣᠨᠳᠤᠤ ᠰᠠᠨᠠᠯ ᠲᠠᠢ ᠪᠣᠯ᠂ ᠶᠠᠮᠠᠷᠪᠠ ᠨᠢᠭᠡᠴᠡ ᠪᠤᠶᠤ ᠬᠤᠪᠢ ᠬᠦᠮᠥᠨ ︵ᠰᠢᠤᠳᠠᠨ ᠤ ᠲᠠᠮᠠᠭ᠎ᠠ ᠶᠢᠨ ᠡᠳᠥᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠪᠤᠶᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠳᠤ ᠪᠤᠳᠠᠲᠠᠢ ᠪᠠᠶᠢᠳᠠᠯ ᠢᠶᠠᠨ ᠪᠢᠴᠢᠭᠯᠡᠭᠰᠡᠨ ᠬᠡᠯᠪᠡᠷᠢ ᠪᠠᠷ ᠲᠤᠰᠬᠠᠵᠦ ᠪᠣᠯᠬᠤ ᠪᠦᠭᠡᠳ ᠨᠢᠭᠡᠴᠡ ᠪᠠᠶᠢᠳᠠᠯ ᠲᠤᠰᠬᠠᠬᠤ ᠳᠤ ᠨᠢᠭᠡᠴᠡ ᠶᠢᠨ ᠲᠠᠮᠠᠭ᠎ᠠ ᠪᠠᠨ ᠳᠠᠷᠤᠵᠦ᠂ ᠬᠤᠪᠢ ᠬᠦᠮᠥᠨ ᠪᠠᠶᠢᠳᠠᠯ ᠲᠤᠰᠬᠠᠬᠤ ᠳᠤ ᠦᠨᠡᠨ ᠪᠤᠳᠠᠲᠠᠢ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢᠶᠠᠨ ᠲᠣᠳᠤᠷᠬᠠᠶᠢᠯᠠᠬᠤ ᠬᠡᠷᠡᠭᠲᠡᠢ᠃      ᠨᠡᠶᠢᠲᠡ ᠳᠤ ᠵᠠᠷᠯᠠᠬᠤ ᠬᠤᠭᠤᠴᠠᠭ᠎ᠠ ᠳᠦᠭᠦᠷᠪᠡᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠨᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠦ ᠠᠬᠤᠶᠢᠯᠠᠯ ᠤᠨ ᠲᠣᠭᠠᠴᠢᠭᠰᠠᠨ ᠮᠠᠲ᠋ᠧᠷᠢᠶᠠᠯ ᠳᠤ ᠳᠠᠬᠢᠨ ᠬᠢᠨᠠᠯᠲᠠ ᠬᠢᠬᠦ ᠶᠢᠨ ᠬᠠᠮᠲᠦ ᠬᠡᠷᠡᠭᠴᠡᠭᠡ ᠪᠠᠨ ᠦᠨᠳᠥᠰᠥᠯᠡᠨ ᠢᠯᠡᠴᠢᠯᠡᠨ ᠮᠡᠳᠡᠭᠦᠯᠥᠭᠳᠡᠭᠰᠡᠨ ᠠᠵᠦ ᠠᠬᠤᠶᠢᠯᠠᠯ ᠢ ᠵᠣᠬᠢᠶᠠᠨ ᠪᠠᠶᠢᠭᠤᠯᠤᠨ ᠪᠤᠳᠠᠲᠦ ᠭᠠᠵᠠᠷ ᠲᠤᠨᠢ ᠬᠢᠨᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠵᠢᠷᠭᠤᠳᠤᠭᠠᠷ ᠵᠦᠢᠯ ᠬᠢᠷᠢ ᠴᠢᠳᠠᠮᠵᠢ ᠶᠢ ᠠᠯᠪᠠᠨ ᠳᠤ ᠵᠠᠷᠯᠠᠬᠤ     ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠵᠦᠪᠰᠢᠶᠡᠷᠡᠯ ᠳᠤ ᠠᠯᠪᠠᠨ ᠳᠤ ᠵᠠᠷᠯᠠᠬᠤ ᠳᠦᠷᠢᠮ ᠢ ᠬᠡᠷᠡᠭᠵᠢᠭᠦᠯᠥᠨ᠎ᠡ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠨᠢ ᠬᠢᠨᠠᠨ ᠵᠦᠪᠰᠢᠶᠡᠷᠡᠭᠰᠡᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠤᠨ ᠨᠡᠷᠡᠰ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠳᠡᠭᠡᠷ᠎ᠡ ᠠᠯᠪᠠᠨ ᠳᠤ ᠵᠠᠷᠯᠠᠵᠦ᠂ ᠨᠡᠶᠢᠲᠡ ᠣᠯᠠᠨ ᠡᠷᠢᠵᠦ ᠦᠵᠡᠬᠦ ᠡᠷᠬᠡ ᠲᠠᠢ᠃ ᠳᠣᠯᠣᠳᠤᠭᠠᠷ ᠵᠦᠢᠯ ᠬᠢᠷᠢ ᠴᠢᠳᠠᠮᠵᠢ ᠶᠢᠨ ᠦᠨᠡᠮᠯᠡᠯ ᠤᠨ ᠬᠠᠮᠢᠶᠠᠷᠤᠯᠲᠠ     ︵ᠨᠢᠭᠡ︶ ᠦᠨᠡᠮᠯᠡᠯ ᠠᠪᠬᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠦᠨᠡᠮᠯᠡᠯ ᠢ ᠠᠯᠪᠠᠨ ᠵᠠᠷ ᠨᠡᠶᠢᠲᠡᠯᠡᠭᠰᠡᠨ 2 ᠠᠵᠢᠯᠯᠠᠬᠤ ᠡᠳᠥᠷ ᠤᠨ ᠳᠠᠷᠠᠭ᠎ᠠ ᠠᠴᠠ ᠡᠬᠢᠯᠡᠨ ᠣᠯᠭᠤᠨ᠎ᠠ᠂ ᠠᠵᠦ ᠠᠬᠤᠶᠢᠯᠠᠯ ᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠰᠢᠭᠤᠳ ᠬᠦᠷᠴᠦ ᠦᠨᠡᠮᠯᠡᠯ ᠠᠪᠬᠤ ᠭᠠᠷᠳᠠᠮ ᠭᠦᠢᠴᠡᠳᠭᠡᠵᠦ ᠪᠣᠯᠤᠨ᠎ᠠ᠂ ᠰᠢᠤᠳᠠᠨ ᠢᠶᠠᠷ ᠢᠯᠡᠭᠡᠯᠭᠡᠬᠦ ᠪᠠᠷ ᠭᠤᠶᠤᠴᠢᠯᠠᠭᠰᠠᠨ‌‍ᠴᠦ ᠪᠣᠯᠤᠨ᠎ᠠ᠂ ᠬᠢᠷᠢ ᠴᠢᠳᠠᠮᠵᠢ ᠶᠢᠨ ᠦᠨᠡᠮᠯᠡᠯ ᠠᠪᠬᠤ ᠳᠠᠭᠠᠨ ᠠᠵᠦ ᠠᠬᠤᠶᠢᠯᠠᠯ ᠤᠨ ᠤᠤᠯ ᠤᠨ ᠪᠠᠶᠢᠭᠰᠠᠨ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ ᠳᠡᠪᠲᠡᠷ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠲᠤᠰᠢᠶᠠᠬᠤ ᠬᠡᠷᠡᠭᠲᠡᠢ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠦᠨᠡᠮᠯᠡᠯ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠴᠠ ᠨᠢᠭᠡᠲᠥᠯᠲᠡᠢ ᠳᠠᠷᠤᠮᠠᠯᠯᠠᠨ ᠵᠣᠬᠢᠶᠠᠵᠦ᠂ ᠪᠦᠬᠦ ᠤᠯᠤᠰ ᠲᠤ ᠨᠢᠭᠡᠲᠥᠯᠲᠠᠢ ᠳ᠋ᠤᠭᠠᠷ ᠢ ᠬᠡᠷᠡᠭᠵᠢᠭᠦᠯᠥᠨ᠎ᠡ᠃ ᠬᠢᠷᠢ ᠴᠢᠳᠠᠮᠵᠢ ᠶᠢᠨ ᠦᠨᠡᠮᠯᠡᠯ ᠨᠢ ᠨᠢᠭᠡ ᠵᠢᠩᠬᠢᠨᠢ ᠳᠡᠪᠲᠡᠷ ᠲᠠᠪᠤᠨ ᠳᠡᠳ᠋ ᠳᠡᠪᠲᠡᠷ ᠪᠠᠶᠢᠵᠦ᠂ ᠵᠢᠩᠬᠢᠨᠢ ᠳᠡᠪᠲᠡᠷ ᠪᠠ ᠳᠡᠳ᠋ ᠳᠡᠪᠲᠡᠷ ᠨᠢ ᠠᠳᠠᠯᠢ ᠵᠡᠷᠭᠡ ᠶᠢᠨ ᠬᠠᠤᠯᠢ ᠴᠠᠭᠠᠵᠠ ᠶᠢᠨ ᠬᠦᠴᠥᠨ ᠲᠠᠢ ᠪᠦᠭᠡᠳ ᠬᠦᠴᠥᠨ ᠲᠠᠢ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ᠃     ︵ᠬᠤᠶᠠᠷ︶ ᠦᠨᠡᠮᠯᠡᠯ ᠬᠤᠪᠢᠷᠠᠭᠠᠬᠤ ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭᠠᠨ ᠳᠤ ᠠᠵᠦ ᠠᠬᠤᠶᠢᠯᠠᠯ ᠤᠨ ᠨᠡᠷᠡᠶᠢᠳᠥᠯ᠂ ᠬᠠᠶ᠋ᠢᠭ᠂ ᠳᠠᠩᠰᠠᠯᠠᠭᠤᠯᠤᠭᠰᠠᠨ ᠪᠡᠯᠡ ᠮᠦᠩᠭᠦ᠂ ᠬᠠᠤᠯᠢ ᠪᠠᠷ ᠲᠣᠭᠲᠠᠭᠠᠭᠰᠠᠨ ᠲᠦᠯᠥᠭᠡᠯᠡᠭᠴᠢ᠂ ᠮᠡᠷᠭᠡᠵᠢᠯ ᠤᠨ ᠬᠠᠷᠢᠭᠤᠴᠠᠯᠭᠠᠲᠠᠨ ᠵᠡᠷᠭᠡ ᠦᠨᠡᠮᠯᠡᠯ ᠤᠨ ᠮᠡᠳᠡᠭᠡ ᠵᠠᠩᠭᠢ ᠪᠠᠨ ᠬᠤᠪᠢᠷᠠᠭᠠᠬᠤ ᠳᠤ᠂ ᠠᠵᠦ ᠦᠢᠯᠡᠳᠪᠥᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠤᠪᠢᠷᠠᠭᠠᠬᠤ ᠭᠠᠷᠳᠠᠮ ᠭᠦᠢᠴᠡᠳᠭᠡᠭᠰᠡᠨ ᠤ ᠳᠠᠷᠠᠭᠠᠬᠢ 30 ᠡᠳᠥᠷ ᠤᠨ ᠲᠣᠲᠤᠷ᠎ᠠ᠂ ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠤᠪᠢᠷᠠᠭᠠᠬᠤ ᠭᠤᠶᠤᠴᠢᠯᠠᠯ ᠭᠠᠷᠭᠠᠬᠤ ᠬᠡᠷᠡᠭᠲᠡᠢ᠃ ᠮᠤᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠭᠤᠶᠤᠴᠢᠯᠠᠯ ᠢ ᠬᠦᠯᠢᠶᠡᠨ ᠠᠪᠤᠭᠰᠠᠨ ᠡᠳᠥᠷ ᠠᠴᠠ ᠡᠬᠢᠯᠡᠨ 2 ᠠᠵᠢᠯᠯᠠᠬᠤ ᠡᠳᠥᠷ ᠤᠨ ᠲᠣᠲᠤᠷ᠎ᠠ ᠬᠤᠪᠢᠷᠠᠭᠠᠬᠤ ᠬᠤᠯᠪᠤᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠮᠡᠳᠡᠭᠦᠯᠵᠦ᠂ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ ᠠᠪᠤᠭᠰᠠᠨ ᠤᠨ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠦᠨᠡᠮᠯᠡᠯ ᠬᠤᠪᠢᠷᠠᠭᠠᠬᠤ ᠭᠠᠷᠳᠠᠮ ᠢ ᠬᠢᠵᠦ ᠳᠠᠭᠤᠰᠬᠠᠬᠤ ᠬᠡᠷᠡᠭᠲᠡᠢ᠃     ᠬᠢᠷᠢ ᠴᠢᠳᠠᠮᠵᠢ ᠶᠢᠨ ᠦᠨᠡᠮᠯᠡᠯ ᠢ ᠭᠤᠶᠤᠴᠢᠯᠠᠨ ᠬᠤᠪᠢᠷᠠᠭᠠᠬᠤ ᠳᠤ᠂ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄     1. ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠢᠶᠠᠨ ᠬᠤᠪᠢᠷᠠᠭᠠᠬᠤ ᠭᠤᠶᠤᠴᠢᠯᠠᠯ ᠬᠢᠭᠡᠳ ᠲᠣᠳᠤᠷᠬᠠᠶᠢᠯᠠᠯᠲᠠ︔     2. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠭᠰᠠᠨ ᠰᠠᠨᠠᠯ︔     3. ᠬᠤᠪᠢᠷᠠᠭᠠᠬᠤ ᠶᠢᠨ ᠡᠮᠥᠨ᠎ᠡ ᠬᠤᠶᠢᠨ᠎ᠠ ᠶᠢᠨ ︽ᠠᠵᠦ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ︾ ᠤᠨ ᠳᠡᠳ᠋ ᠳᠡᠪᠲᠡᠷ ᠤᠨ ᠬᠠᠭᠤᠯᠪᠥᠷᠢ︔     4. ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠦᠨᠡᠮᠯᠡᠯ ᠤᠨ ᠪᠦᠬᠦ ᠵᠢᠩᠬᠢᠨᠢ᠂ ᠳᠡᠳ᠋ ᠳᠡᠪᠲᠡᠷ ᠤᠨ ᠤᠭ ᠵᠦᠢᠯ︔     5. ᠬᠢᠷᠢ ᠴᠢᠳᠠᠮᠵᠢ ᠬᠤᠪᠢᠷᠠᠭᠠᠬᠤ ᠵᠦᠢᠯ ᠯᠦᠭᠡ ᠬᠤᠯᠪᠤᠭᠳᠠᠯ ᠲᠠᠢ ᠭᠡᠷᠡᠴᠢᠯᠡᠬᠦ ᠮᠠᠲ᠋ᠧᠷᠢᠶᠠᠯ᠃ ᠠᠵᠦ ᠠᠬᠤᠶᠢᠯᠠᠯ ᠳᠦᠷᠢᠮ ᠢᠶᠠᠨ ᠦᠭᠡᠷᠡᠴᠢᠯᠡᠭᠰᠡᠨ᠂ ᠰᠲ᠋ᠣᠺ ᠤᠨ ᠡᠷᠬᠡ ᠪᠠᠨ ᠬᠤᠪᠢᠷᠠᠭᠠᠭᠰᠠᠨ ᠪᠤᠶᠤ ᠨᠡᠶᠢᠯᠡᠭᠦᠯᠥᠭᠰᠡᠨ ᠵᠡᠷᠭᠡ ᠠᠴᠠ ᠪᠣᠯᠵᠦ ᠬᠢᠷᠢ ᠴᠢᠳᠠᠮᠵᠢ ᠪᠠᠨ ᠬᠤᠪᠢᠷᠠᠭᠠᠬᠤ ᠳᠤ᠂ ᠠᠵᠦ ᠠᠬᠤᠶᠢᠯᠠᠯ ᠤᠨ ᠳᠦᠷᠢᠮ ᠢᠶᠠᠨ ᠦᠭᠡᠷᠡᠴᠢᠯᠡᠬᠦ ᠪᠤᠶᠤ ᠰᠲ᠋ᠣᠺ ᠤᠨ ᠡᠷᠬᠡ ᠪᠠᠨ ᠬᠤᠪᠢᠷᠠᠭᠠᠬᠤ ᠲᠤᠬᠠᠢ ᠠᠵᠦ ᠠᠬᠤᠶᠢᠯᠠᠯ ᠤᠨ ᠠᠵᠢᠯᠲᠠᠨ ᠠᠵᠢᠯᠴᠢᠨ ᠤ ᠲᠦᠯᠥᠭᠡᠯᠡᠭᠴᠢᠳ ᠤᠨ ᠶᠡᠭᠡ ᠬᠤᠷᠠᠯ ᠪᠤᠶᠤ ᠬᠤᠪᠢ ᠣᠷᠣᠭᠤᠯᠤᠭᠴᠢᠳ ᠤᠨ ᠶᠡᠭᠡ ᠬᠤᠷᠠᠯ ᠤᠨ ᠰᠢᠢᠳᠪᠥᠷᠢ᠂ ᠠᠵᠦ ᠠᠬᠤᠶᠢᠯᠠᠯ ᠤᠨ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠴᠣᠬᠤᠯᠠᠪᠥᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ ᠪᠣᠯᠣᠨ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠪᠠᠷᠢᠮᠵᠢᠶ᠎ᠠ ᠳᠤ ᠬᠤᠯᠪᠤᠭᠳᠠᠬᠤ ᠡᠯ᠎ᠡ ᠲᠦᠷᠥᠯ ᠤᠨ ᠬᠦᠮᠥᠰ ᠤᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠪᠠᠰᠠ ᠲᠤᠰᠢᠶᠠᠬᠤ ᠬᠡᠷᠡᠭᠲᠡᠢ᠃ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠬᠦᠯᠢᠶᠡᠨ ᠠᠪᠤᠭᠰᠠᠨ ᠤ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠬᠠᠮᠢᠶ᠎ᠠ ᠪᠦᠬᠦᠢ ᠮᠠᠲ᠋ᠧᠷᠢᠶᠠᠯ ᠢ ᠬᠤᠲᠠ ᠶᠢᠨ ᠪᠦᠲᠥᠭᠡᠨ ᠪᠠᠶᠢᠭᠤᠯᠤᠯᠲᠠ ᠶᠢᠨ ᠵᠣᠷᠭᠠᠨ ᠳᠤ ᠰᠢᠯᠵᠢᠭᠦᠯᠥᠨ ᠦᠭᠴᠦ ᠬᠢᠨᠠᠭᠤᠯᠬᠤ ᠬᠡᠷᠡᠭᠲᠡᠢ᠃ ᠬᠢᠨᠠᠬᠤ ᠪᠠᠷ ᠳᠠᠮᠵᠢᠭᠠᠳ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠪᠠᠷᠢᠮᠵᠢᠶ᠎ᠠ ᠳᠤ ᠮᠦᠨᠬᠦ ᠨᠡᠶᠢᠴᠡᠵᠦ ᠪᠠᠶᠢᠪᠠᠯ᠂ ᠦᠨᠡᠮᠯᠡᠯ ᠬᠤᠪᠢᠷᠠᠭᠠᠬᠤ ᠶᠢ ᠰᠢᠭᠤᠳ ᠶᠠᠪᠤᠭᠳᠠᠭᠤᠯᠤᠨ᠎ᠠ᠃ ᠬᠢᠨᠠᠬᠤ ᠪᠠᠷ ᠳᠠᠮᠵᠢᠭᠠᠳ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ᠂ ᠬᠢᠷᠢ ᠴᠢᠳᠠᠮᠵᠢ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠤᠨ ᠶᠣᠰᠤᠭᠠᠷ ᠬᠢᠷᠢ ᠴᠢᠳᠠᠮᠵᠢ ᠶᠢᠨ ᠲᠡᠰ ᠢ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠭᠤᠯᠬᠤ ᠶᠢ ᠱᠠᠭᠠᠷᠳᠠᠬᠤ ᠬᠡᠷᠡᠭᠲᠡᠢ᠃      ︵ᠭᠤᠷᠪᠠ︶ ᠦᠨᠡᠮᠯᠡᠯ ᠢᠶᠠᠨ ᠭᠡᠭᠡᠭᠰᠡᠨ ᠤ ᠨᠦᠬᠦᠵᠦ ᠠᠪᠬᠤ     ᠠᠵᠦ ᠠᠬᠤᠶᠢᠯᠠᠯ ᠨᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠦᠨᠡᠮᠯᠡᠯ ᠢᠶᠠᠨ ᠭᠡᠭᠡᠭᠰᠡᠨ ᠪᠣᠯ ᠣᠯᠠᠨ ᠨᠡᠶᠢᠲᠡ ᠶᠢᠨ ᠵᠠᠭᠤᠴᠢᠯᠠᠭᠤᠷ ᠳᠡᠭᠡᠷ᠎ᠡ ᠦᠨᠡᠮᠯᠡᠯ ᠢᠶᠠᠨ ᠭᠡᠭᠡᠭᠰᠡᠨ ᠢᠯᠡᠷᠬᠡᠶᠢᠯᠡᠯᠲᠡ ᠶᠢ ᠴᠠᠭ ᠲᠤᠬᠠᠢ ᠳᠤᠨᠢ ᠨᠡᠶᠢᠲᠡᠯᠡᠬᠦ ᠬᠡᠷᠡᠭᠲᠡᠢ᠃ ᠦᠨᠡᠮᠯᠡᠯ ᠨᠦᠬᠦᠵᠦ ᠠᠪᠬᠤ ᠪᠠᠷ ᠭᠤᠶᠤᠴᠢᠯᠠᠬᠤ ᠳᠠᠭᠠᠨ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄    1. ᠬᠢᠷᠢ ᠴᠢᠳᠠᠮᠵᠢ ᠶᠢᠨ ᠦᠨᠡᠮᠯᠡᠯ ᠢᠶᠠᠨ ᠭᠡᠭᠡᠭᠰᠡᠨ ᠪᠠᠶᠢᠳᠠᠯ ᠤᠨ ᠲᠣᠳᠤᠷᠬᠠᠶᠢᠯᠠᠯᠲᠠ ᠪᠠ ᠨᠦᠬᠦᠵᠦ ᠠᠪᠬᠤ ᠭᠤᠶᠤᠴᠢᠯᠠᠯ︔    2. ᠣᠯᠠᠨ ᠨᠡᠶᠢᠲᠡ ᠶᠢᠨ ᠵᠠᠭᠤᠴᠢᠯᠠᠭᠤᠷ ᠳᠡᠭᠡᠷ᠎ᠡ ᠠᠵᠦ ᠠᠬᠤᠶᠢᠯᠠᠯ ᠤᠨ ᠨᠡᠶᠢᠲᠡᠯᠡᠭᠰᠡᠨ ᠦᠨᠡᠮᠯᠡᠯ ᠢᠶᠠᠨ ᠭᠡᠭᠡᠭᠰᠡᠨ ᠢᠯᠡᠷᠬᠡᠶᠢᠯᠡᠯᠲᠡ︔    3. ᠠᠵᠦ ᠠᠬᠤᠶᠢᠯᠠᠯ ᠤᠨ ᠠᠵᠦ ᠦᠢᠯᠡᠳᠪᠥᠷᠢ ᠬᠤᠳᠠᠯᠳᠤᠭ᠎ᠠ ᠳᠤ ᠳᠠᠩᠰᠠᠯᠠᠭᠤᠯᠤᠭᠰᠠᠨ ᠭᠠᠵᠠᠷ ᠤᠨ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠭᠰᠠᠨ ᠰᠠᠨᠠᠯ︔ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠦᠨᠡᠮᠯᠡᠯ ᠨᠦᠬᠦᠵᠦ ᠠᠪᠬᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠰᠢᠨ᠎ᠡ ᠦᠨᠡᠮᠯᠡᠯ ᠨᠦᠬᠦᠵᠦ ᠣᠯᠭᠤᠬᠤ ᠶᠢᠨ ᠬᠠᠮᠲᠦ ᠨᠦᠬᠦᠵᠦ ᠣᠯᠭᠤᠬᠤ ᠦᠨᠡᠮᠯᠡᠯ ᠢ ᠭᠠᠷ ᠤᠨ ᠦᠰᠥᠭ ᠵᠢᠷᠤᠵᠦ ᠶᠠᠪᠤᠭᠤᠯᠤᠭᠰᠠᠨ ᠤ ᠳᠠᠷᠠᠭ᠎ᠠ 2 ᠠᠵᠢᠯᠯᠠᠬᠤ ᠡᠳᠥᠷ ᠤᠨ ᠲᠣᠲᠤᠷ᠎ᠠ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠳᠡᠭᠡᠷ᠎ᠡ ᠭᠡᠭᠡᠭᠰᠡᠨ ᠦᠨᠡᠮᠯᠡᠯ ᠤᠨ ᠬᠦᠴᠥᠨ ᠦᠭᠡᠢ ᠪᠣᠯᠣᠭᠰᠠᠨ ᠭᠡᠳᠡᠭ ᠤᠨ ᠠᠯᠪᠠᠨ ᠵᠠᠷ ᠲᠠᠯᠪᠢᠬᠤ ᠬᠡᠷᠡᠭᠲᠡᠢ᠃     ︵ᠳᠦᠷᠪᠡ︶ ᠦᠨᠡᠮᠯᠡᠯ ᠢ ᠬᠦᠴᠥᠨ ᠦᠭᠡᠢ ᠪᠣᠯᠭᠠᠬᠤ ᠬᠢᠨᠠᠨ ᠵᠦᠪᠰᠢᠶᠡᠷᠡᠭᠦᠯᠥᠭᠰᠡᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠲᠠᠮᠫᠤᠷᠠᠬᠰᠠᠨ᠂ ᠡᠭᠦᠳᠡ ᠪᠠᠨ ᠬᠠᠭᠠᠬᠰᠠᠨ ᠵᠡᠷᠭᠡ ᠰᠢᠯᠲᠠᠭᠠᠨ ᠠᠴᠠ ᠪᠣᠯᠵᠦ ᠲᠤᠬᠠᠶᠢᠯᠠᠭᠰᠠᠨ ᠠᠵᠢᠯ ᠤᠨ ᠠᠵᠢᠯᠯᠠᠭ᠎ᠠ ᠪᠠᠨ ᠵᠣᠭᠰᠤᠭᠠᠬᠤ ᠳᠤ᠂ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠭᠤᠶᠤᠴᠢᠯᠠᠯ ᠤᠨ ᠲᠡᠰ ᠳᠠᠷᠠᠭᠠᠯᠠᠯ ᠶᠣᠰᠤᠭᠠᠷ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠢᠨᠠᠨ ᠵᠦᠪᠰᠢᠶᠡᠷᠡᠬᠦ ᠪᠠᠶᠢᠭᠤᠯᠭ᠎ᠠ ᠳᠤ ᠴᠠᠭ ᠲᠤᠬᠠᠢ ᠳᠤᠨᠢ ᠬᠦᠷᠴᠦ ᠬᠢᠷᠢ ᠴᠢᠳᠠᠮᠵᠢ ᠶᠢᠨ ᠦᠨᠡᠮᠯᠡᠯ ᠢᠶᠠᠨ ᠬᠦᠴᠥᠨ ᠦᠭᠡᠢ ᠪᠣᠯᠭᠠᠬᠤ ᠭᠠᠷᠳᠠᠮ ᠭᠦᠢᠴᠡᠳᠭᠡᠵᠦ᠂ ᠤᠤᠯ ᠤᠨ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠲᠤᠰᠢᠶᠠᠵᠦ ᠨᠢᠭᠡᠲᠥᠯᠲᠡᠢ ᠤᠰᠠᠳᠬᠠᠯᠭᠠᠬᠤ ᠬᠡᠷᠡᠭᠲᠡᠢ᠃    ᠨᠠᠢᠮᠠᠳᠤᠭᠠᠷ ᠵᠦᠢᠯ ᠬᠢᠷᠢ ᠴᠢᠳᠠᠮᠵᠢ ᠶᠢ ᠬᠢᠨᠠᠨ ᠬᠠᠮᠢᠶᠠᠷᠬᠤ    ︵ᠨᠢᠭᠡ︶ ᠮᠡᠳᠡᠭᠡ ᠵᠠᠩᠭᠢ ᠬᠤᠪᠢᠷᠠᠭᠠᠬᠤ ᠶᠢ ᠳᠠᠩᠰᠠᠯᠠᠭᠤᠯᠬᠤ    ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠭᠰᠠᠨ ᠮᠠᠲ᠋ᠧᠷᠢᠶᠠᠯ ᠤᠨ ᠬᠤᠯᠪᠤᠭᠳᠠᠬᠤ ᠬᠦᠮᠥᠰ ᠲᠤ ᠬᠤᠪᠢᠷᠠᠯᠲᠠ ᠭᠠᠷᠠᠤᠭᠰᠠᠨ ᠪᠦᠬᠦᠨ ᠨᠢ ᠴᠠᠭ ᠲᠤᠬᠠᠢ ᠳᠤᠨᠢ ᠭᠤᠶᠤᠴᠢᠯᠠᠨ ᠰᠦᠯᠵᠢᠶᠡᠨ ᠳᠡᠭᠡᠷ᠎ᠡ ᠮᠡᠳᠡᠭᠡ ᠵᠠᠩᠭᠢ ᠪᠠᠨ ᠬᠤᠪᠢᠷᠠᠭᠠᠬᠤ ᠶᠢᠨ ᠬᠠᠮᠲᠦ ᠬᠤᠪᠢᠷᠭᠠᠭᠰᠠᠨ ᠪᠠᠶᠢᠳᠠᠯ ᠤᠨ ᠪᠢᠴᠢᠭᠯᠡᠭᠰᠡᠨ ᠮᠠᠲ᠋ᠧᠷᠢᠶᠠᠯ ᠢᠶᠠᠨ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ ᠶᠣᠰᠤᠭᠠᠷ ᠦᠨᠡᠮᠯᠡᠯ ᠣᠯᠭᠤᠭᠰᠠᠨ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃    ︵ᠬᠤᠶᠠᠷ︶ ᠴᠢᠳᠠᠮᠵᠢ ᠶᠢ ᠦᠷᠭᠦᠯᠵᠢᠯᠡᠭᠦᠯᠬᠦ    ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢᠲᠦ ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ ᠢᠶᠠᠨ ᠬᠦᠴᠥᠨ ᠲᠠᠢ ᠬᠤᠭᠤᠴᠠᠭ᠎ᠠ ᠳᠦᠭᠦᠷᠬᠦ ᠠᠴᠠ 30 ᠡᠳᠥᠷ ᠤᠨ ᠡᠮᠥᠨ᠎ᠡ᠂ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ ᠱᠠᠭᠠᠷᠳᠠᠯᠭ᠎ᠠ ᠶᠣᠰᠤᠭᠠᠷ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠳᠤ ᠭᠤᠶᠤᠴᠢᠯᠠᠵᠦ ᠬᠢᠷᠢ ᠴᠢᠳᠠᠮᠵᠢ ᠪᠠᠨ ᠦᠷᠭᠦᠯᠵᠢᠯᠡᠭᠦᠯᠬᠦ ᠬᠡᠷᠡᠭᠲᠡᠢ᠃ ᠬᠢᠷᠢ ᠴᠢᠳᠠᠮᠵᠢ ᠪᠠᠨ ᠦᠷᠭᠦᠯᠵᠢᠯᠡᠭᠦᠯᠬᠦ ᠪᠠᠷ ᠭᠤᠶᠤᠴᠢᠯᠠᠬᠤ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠭᠤᠶᠤᠴᠢᠯᠠᠯ ᠤᠨ ᠮᠠᠲ᠋ᠧᠷᠢᠶᠠᠯ ᠯᠤᠭ᠎ᠠ ᠠᠳᠠᠯᠢ ᠪᠠᠶᠢᠯᠭᠠᠬᠤ ᠬᠡᠷᠡᠭᠲᠡᠢ᠃    ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭ᠎ᠠ ᠨᠢ ᠳᠦᠭᠦᠷᠥᠭᠡᠳ᠂ ᠦᠷᠭᠦᠯᠵᠢᠯᠡᠭᠦᠯᠬᠦ ᠪᠠᠨ ᠬᠠᠤᠯᠢ ᠶᠣᠰᠤᠭᠠᠷ ᠭᠤᠶᠤᠴᠢᠯᠠᠭᠠᠳᠥᠢ ᠠᠵᠦ ᠠᠬᠤᠶᠢᠯᠠᠯ ᠳᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠴᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠨᠢ ᠬᠦᠴᠥᠨ ᠦᠭᠡᠢ ᠪᠣᠯᠭᠠᠬᠤ ᠶᠢᠨ ᠬᠠᠮᠲᠦ ᠬᠢᠷᠢ ᠴᠢᠳᠠᠮᠵᠢ ᠶᠢᠨ ᠦᠨᠡᠮᠯᠡᠯ ᠨᠢ ᠬᠦᠴᠥᠨ ᠦᠭᠡᠢ ᠪᠣᠯᠣᠭᠰᠠᠨ ᠢ ᠠᠯᠪᠠᠨ ᠳᠤ ᠵᠠᠷᠯᠠᠨ᠎ᠠ᠃ ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠤᠨ ᠵᠢᠩᠬᠢᠨᠢ᠂ ᠳᠡᠳ᠋ ᠳᠡᠪᠲᠡᠷ ᠤᠨ ᠤᠭ ᠵᠦᠢᠯ ᠢ ᠬᠠᠮᠲᠦ ᠳᠤᠨᠢ ᠶᠠᠮᠤᠨ ᠤ ᠬᠦᠯᠢᠶᠡᠨ ᠠᠪᠴᠦ ᠰᠢᠢᠳᠪᠥᠷᠢᠯᠡᠬᠦ ᠠᠯᠪᠠᠨ ᠭᠡᠷ ᠲᠤ ᠲᠤᠰᠢᠶᠠᠵᠦ ᠨᠢᠭᠡᠲᠥᠯᠲᠡᠢ ᠤᠰᠠᠳᠬᠠᠯᠭᠠᠬᠤ ᠬᠡᠷᠡᠭᠲᠡᠢ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠪᠤᠶᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠦ ᠠᠬᠤᠶᠢᠯᠠᠯ ᠤᠨ ᠭᠤᠶᠤᠴᠢᠯᠠᠯ ᠢ ᠦᠨᠳᠥᠰᠥᠯᠡᠨ ᠬᠢᠷᠢ ᠴᠢᠳᠠᠮᠵᠢ ᠶᠢᠨ ᠲᠡᠰ ᠢ ᠨᠢ ᠳᠠᠬᠢᠵᠦ ᠬᠢᠨᠠᠨ ᠲᠣᠭᠲᠠᠭᠠᠨ᠎ᠠ᠃     ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ᠂ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠵᠠᠬ᠎ᠠ ᠳᠡᠯᠭᠡᠭᠦᠷ ᠤᠨ ᠡᠷᠡᠭᠦᠯ ᠪᠣᠰᠦ ᠦᠢᠯᠡ ᠠᠵᠢᠯᠯᠠᠭ᠎ᠠ ᠶᠢᠨ ᠲᠡᠮᠳᠡᠭᠯᠡᠯ ᠦᠭᠡᠢ ᠪᠦᠭᠡᠳ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠢᠶᠠᠷ ᠬᠢᠨᠠᠭᠤᠯᠤᠭᠠᠳ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠪᠠᠷᠢᠮᠵᠢᠶ᠎ᠠ ᠳᠤ ᠨᠡᠶᠢᠴᠡᠭᠰᠡᠨ ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭ᠎ᠠ ᠶᠢ ᠨᠢ 3 ᠵᠢᠯ ᠤᠷᠲᠤᠳᠬᠠᠵᠦ ᠦᠭᠭᠦᠨ᠎ᠡ᠃    ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠶᠤ ᠵᠠᠬ᠎ᠠ ᠳᠡᠯᠭᠡᠭᠦᠷ ᠤᠨ ᠡᠷᠡᠭᠦᠯ ᠪᠣᠰᠦ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ ᠠᠵᠦ ᠠᠬᠤᠶᠢᠯᠠᠯ ᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠪᠤᠶᠤ ᠵᠠᠬ᠎ᠠ ᠳᠡᠯᠭᠡᠭᠦᠷ ᠤᠨ ᠡᠷᠡᠭᠦᠯ ᠪᠣᠰᠦ ᠦᠢᠯᠡ ᠠᠵᠢᠯᠯᠠᠭ᠎ᠠ ᠭᠠᠷᠭᠠᠭᠰᠠᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠣᠰᠤᠭᠠᠷ ᠪᠠᠶᠢᠴᠠᠭᠠᠨ ᠰᠢᠢᠳᠪᠥᠷᠢᠯᠡᠬᠦ ᠶᠢᠨ ᠬᠠᠮᠲᠦ ᠬᠠᠤᠯᠢ ᠠᠴᠠ ᠵᠦᠷᠢᠴᠡᠭᠰᠡᠨ ᠪᠤᠲᠠᠳᠦ ᠬᠡᠷᠡᠭ᠂ ᠰᠢᠢᠳᠪᠥᠷᠢᠯᠡᠭᠰᠡᠨ ᠦᠷ᠎ᠡ ᠳ᠋ᠦᠩ ᠪᠤᠶᠤ ᠰᠢᠢᠳᠪᠥᠷᠢᠯᠡᠬᠦ ᠰᠠᠨᠠᠭᠤᠯᠭ᠎ᠠ ᠶᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃     ︵ᠭᠤᠷᠪᠠ︶ ᠬᠢᠷᠢ ᠴᠢᠳᠠᠮᠵᠢ ᠶᠢ ᠬᠠᠰᠤᠬᠤ     ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠰᠢᠭ ᠬᠤᠣᠷ ᠤᠨ ᠬᠠᠷᠢᠴᠠᠭ᠎ᠠ ᠲᠠᠢ ᠬᠦᠮᠥᠨ ᠤ ᠭᠤᠶᠤᠴᠢᠯᠠᠭᠰᠠᠨ ᠢ ᠦᠨᠳᠥᠰᠥᠯᠠᠬᠦ ᠪᠤᠶᠤ ᠡᠷᠬᠡ ᠲᠤᠰᠢᠶᠠᠯ ᠢᠶᠠᠨ ᠦᠨᠳᠥᠰᠥᠯᠡᠨ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠠᠰᠤᠨ᠎ᠠ᠄    1. ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠠᠵᠢᠯᠲᠠᠨ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠨ᠂ ᠲᠤᠰᠢᠶᠠᠯ ᠤᠨ ᠰᠠᠬᠢᠯᠭ᠎ᠠ ᠪᠠᠲᠦ ᠶᠢ ᠤᠮᠳᠤᠭᠠᠶᠢᠯᠠᠨ ᠬᠤᠲᠠ ᠶᠢᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠢ ᠵᠦᠪᠰᠢᠶᠡᠷᠡᠭᠰᠡᠨ︔    2. ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢ ᠵᠦᠷᠢᠴᠡᠨ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠵᠦᠪᠰᠢᠶᠡᠷᠡᠯ ᠢ ᠵᠦᠪᠰᠢᠶᠡᠷᠡᠭᠰᠡᠨ︔    3. ᠵᠦᠪᠰᠢᠶᠡᠷᠡᠯ ᠣᠯᠭᠤᠬᠤ ᠨᠦᠬᠦᠴᠡᠯ ᠳᠤ ᠨᠡᠶᠢᠴᠡᠬᠦ ᠦᠭᠡᠢ ᠠᠵᠦ ᠠᠬᠤᠶᠢᠯᠠᠯ ᠳᠤ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠵᠦᠪᠰᠢᠶᠡᠷᠡᠯ ᠢ ᠵᠦᠪᠰᠢᠶᠡᠷᠡᠭᠰᠡᠨ︔    4. ᠠᠵᠦ ᠠᠬᠤᠶᠢᠯᠠᠯ ᠤᠨ ᠬᠢᠷᠢ ᠴᠢᠳᠠᠮᠵᠢ ᠶᠢ ᠬᠠᠤᠯᠢ ᠶᠣᠰᠤᠭᠠᠷ ᠬᠠᠰᠤᠵᠦ ᠪᠣᠯᠬᠤ ᠪᠤᠰᠤᠳ ᠪᠠᠶᠢᠳᠠᠯ᠃    ︵ᠳᠦᠷᠪᠡ︶ ᠬᠢᠷᠢ ᠴᠢᠳᠠᠮᠵᠢ ᠶᠢ ᠬᠦᠴᠥᠨ ᠦᠭᠡᠢ ᠪᠣᠯᠭᠠᠬᠤ    ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠨᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢ ᠬᠠᠤᠯᠢ ᠶᠣᠰᠤᠭᠠᠷ ᠬᠦᠴᠥᠨ ᠦᠭᠡᠢ ᠪᠣᠯᠭᠠᠬᠤ ᠶᠢᠨ ᠬᠠᠮᠲᠦ ᠬᠢᠷᠢ ᠴᠢᠳᠠᠮᠵᠢ ᠶᠢᠨ ᠦᠨᠡᠮᠯᠡᠯ ᠢ ᠨᠢ ᠬᠦᠴᠥᠨ ᠦᠭᠡᠢ ᠪᠣᠯᠭᠠᠭᠰᠨ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠤ ᠰᠦᠯᠵᠢᠶᠡᠨ ᠦᠷᠲᠡᠭᠡ ᠳᠡᠭᠡᠷ᠎ᠡ ᠠᠯᠪᠠᠨ ᠳᠤ ᠵᠠᠷᠯᠠᠨ᠎ᠠ᠄    1. ᠬᠢᠷᠢ ᠴᠢᠳᠠᠮᠵᠢ ᠶᠢᠨ ᠦᠨᠡᠮᠯᠡᠯ ᠤᠨ ᠬᠦᠴᠥᠨ ᠲᠠᠢ ᠬᠤᠭᠤᠴᠠᠭ᠎ᠠ ᠨᠢ ᠳᠦᠭᠦᠷᠥᠭᠰᠡᠨ ᠪᠠᠶᠢᠲᠠᠯ᠎ᠠ ᠦᠷᠭᠦᠯᠵᠢᠯᠡᠭᠦᠯᠬᠦ ᠪᠠᠷ ᠬᠠᠤᠯᠢ ᠶᠣᠰᠤᠭᠠᠷ ᠭᠤᠶᠤᠴᠢᠯᠠᠭᠰᠠᠨ ᠦᠭᠡᠢ︔    2. ᠠᠵᠦ ᠠᠬᠤᠶᠢᠯᠠᠯ ᠲᠠᠮᠫᠤᠷᠠᠭᠰᠠᠨ᠂ ᠡᠭᠦᠳᠡ ᠪᠠᠨ ᠬᠠᠭᠠᠭᠰᠠᠨ ᠵᠡᠷᠭᠡ ᠰᠢᠯᠲᠠᠭᠠᠨ ᠠᠴᠠ ᠪᠣᠯᠵᠦ ᠬᠠᠤᠯᠢ ᠶᠣᠰᠤᠭᠠᠷ ᠳᠠᠭᠤᠰᠤᠭᠰᠠᠨ︔    3. ᠠᠵᠦ ᠠᠬᠤᠶᠢᠯᠠᠯ ᠬᠢᠷᠢ ᠴᠢᠳᠠᠮᠵᠢ ᠶᠢᠨ ᠦᠨᠡᠮᠯᠡᠯ ᠢᠶᠠᠨ ᠬᠠᠰᠤᠭᠤᠯᠤᠭᠰᠠᠨ᠂ ᠪᠤᠴᠠᠭᠠᠯᠭᠠᠭᠰᠠᠨ ᠪᠤᠶᠤ ᠬᠤᠷᠢᠶᠠᠯᠭᠠᠭᠠᠳ ᠬᠦᠴᠥᠨ ᠦᠭᠡᠢ ᠪᠣᠯᠭᠠᠭᠳᠠᠭᠰᠠᠨ︔    4. ᠬᠢᠷᠢ ᠴᠢᠳᠠᠮᠵᠢ ᠶᠢ ᠬᠦᠴᠥᠨ ᠦᠭᠡᠢ ᠪᠣᠯᠭᠠᠬᠤ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃    ︵ᠲᠠᠪᠤ︶ ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠳᠠᠬᠢᠵᠦ ᠬᠢᠨᠠᠨ ᠲᠣᠭᠲᠠᠭᠠᠬᠤ ᠬᠢᠷᠢ ᠴᠢᠳᠠᠮᠵᠢ ᠣᠯᠣᠭᠰᠠᠨ ᠤᠨ ᠳᠠᠷᠠᠭ᠎ᠠ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠠᠦ᠋ᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠪᠣᠯᠤᠭᠰᠠᠨ ᠪᠣᠯ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠠᠰᠢᠭ ᠬᠤᠣᠷ ᠤᠨ ᠬᠠᠷᠢᠴᠠᠭ᠎ᠠ ᠲᠠᠢ ᠬᠦᠮᠥᠨ ᠤ ᠭᠤᠶᠤᠴᠢᠯᠠᠭᠰᠠᠨ ᠢ ᠦᠨᠳᠥᠰᠥᠯᠡᠬᠦ ᠪᠤᠶᠤ ᠡᠷᠬᠡ ᠲᠤᠰᠢᠶᠠᠯ ᠢᠶᠠᠨ ᠦᠨᠳᠥᠰᠥᠯᠡᠨ ᠵᠠᠷᠯᠢᠭᠳᠠᠵᠦ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠭ᠎ᠠ ᠬᠢᠯᠭᠡᠨ᠎ᠡ︔ ᠬᠤᠭᠤᠴᠠᠭ᠎ᠠ ᠬᠡᠲᠥᠷᠡᠲᠡᠯ᠎ᠡ ᠵᠠᠯᠠᠷᠠᠭᠤᠯᠬᠤ ᠦᠭᠡᠢ ᠪᠣᠯ ᠣᠷᠣᠨ ᠰᠠᠭᠤᠴᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠬᠢᠷᠢ ᠴᠢᠳᠠᠮᠵᠢ ᠶᠢ ᠨᠢ ᠪᠤᠴᠠᠭᠠᠵᠦ ᠠᠪᠤᠨ᠎ᠠ᠃ ᠬᠢᠷᠢ ᠴᠢᠳᠠᠮᠵᠢ ᠪᠠᠨ ᠪᠤᠴᠠᠭᠠᠯᠭᠠᠭᠰᠠᠨ ᠠᠵᠦ ᠠᠬᠤᠶᠢᠯᠠᠯ ᠪᠤᠳᠠᠲᠠᠢ ᠬᠦᠷᠥᠭᠰᠡᠨ ᠬᠢᠷᠢ ᠴᠢᠳᠠᠮᠵᠢ ᠶᠢᠨ ᠢᠶᠠᠨ ᠪᠠᠷᠢᠮᠵᠢᠶ᠎ᠠ ᠪᠣᠯᠣᠨ ᠬᠢᠷᠢ ᠴᠢᠳᠠᠮᠵᠢ ᠬᠢᠨᠠᠨ ᠵᠦᠪᠰᠢᠶᠡᠷᠡᠬᠦ ᠲᠡᠰ ᠳᠠᠷᠠᠭᠠᠯᠠᠯ ᠤᠨ ᠱᠠᠭᠠᠷᠳᠠᠯᠭ᠎ᠠ ᠶᠣᠰᠤᠭᠠᠷ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠪᠤᠶᠤ ᠮᠣᠵᠢ ᠶᠢᠨ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠷᠢ ᠴᠢᠳᠠᠮᠵᠢ ᠶᠢᠨ ᠢᠶᠠᠨ ᠲᠡᠰ ᠢ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠦ ᠪᠣᠯᠤᠨ᠎ᠠ᠃ ᠬᠢᠷᠢ ᠴᠢᠳᠠᠮᠵᠢ ᠶᠢᠨ ᠬᠦᠴᠥᠨ ᠲᠠᠢ ᠬᠤᠭᠤᠴᠠᠭᠠᠨ ᠳᠤ ᠳᠦᠷᠢᠮ ᠢᠶᠠᠨ ᠦᠭᠡᠷᠡᠴᠢᠯᠡᠭᠰᠡᠨ᠂ ᠳᠠᠬᠢᠨ ᠵᠣᠬᠢᠶᠠᠨ ᠪᠠᠶᠢᠭᠤᠯᠤᠭᠰᠠᠨ ᠪᠤᠶᠤ ᠰᠠᠯᠭᠠᠵᠦ ᠪᠠᠶᠢᠭᠤᠯᠤᠭᠰᠠᠨ ᠠᠵᠦ ᠠᠬᠤᠶᠢᠯᠠᠯ ᠬᠡᠷᠪᠡ ᠬᠢᠷᠢ ᠴᠢᠳᠠᠮᠵᠢ ᠪᠠᠨ ᠬᠤᠪᠢᠷᠠᠭᠠᠬᠤ ᠨᠦᠬᠦᠴᠡᠯ ᠳᠤ ᠨᠡᠶᠢᠴᠡᠬᠦ ᠦᠭᠡᠢ ᠪᠣᠯ ᠬᠢᠷᠢ ᠴᠢᠳᠠᠮᠵᠢ ᠬᠢᠨᠠᠨ ᠵᠦᠪᠰᠢᠶᠡᠷᠡᠭᠦᠯᠬᠦ ᠲᠡᠰ ᠳᠠᠷᠠᠭᠠᠯᠠᠯ ᠤᠨ ᠶᠣᠰᠤᠭᠠᠷ᠂ ᠬᠢᠷᠢ ᠴᠢᠳᠠᠮᠵᠢ ᠶᠢᠨ ᠲᠡᠰ ᠢᠶᠠᠨ ᠳᠠᠬᠢᠵᠦ ᠬᠢᠨᠠᠨ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃     ᠶᠢᠰᠥᠳᠥᠭᠡᠷ ᠵᠦᠢᠯ ᠪᠤᠰᠤᠳ ᠬᠤᠯᠪᠤᠭᠳᠠᠯ ᠪᠦᠬᠦᠢ ᠤᠴᠢᠷ ᠢ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠠᠵᠢᠯ ᠤᠨ ᠳᠦᠷᠢᠮ︾ ᠤᠨ ᠶᠣᠰᠤᠭᠠᠷ ᠬᠡᠷᠡᠭᠵᠢᠭᠦᠯᠥᠨ᠎ᠡ᠃     ᠠᠷᠪᠠᠳᠤᠭᠠᠷ ᠵᠦᠢᠯ ᠲᠤᠰ ᠳᠦᠷᠢᠮ ᠢ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ ᠬᠠᠷᠢᠭᠤᠴᠠᠨ ᠲᠠᠶᠢᠯᠪᠥᠷᠢᠯᠡᠵᠦ᠂ ᠨᠡᠶᠢᠲᠡᠯᠡᠭᠰᠡᠨ ᠡᠳᠥᠷ ᠠᠴᠠ ᠡᠬᠢᠯᠡᠵᠦ ᠬᠡᠷᠡᠭᠵᠢᠭᠦᠯᠥᠨ᠎ᠡ ᠃ ᠤᠤᠯ ᠤᠨ ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠬᠢᠷᠢ ᠴᠢᠳᠠᠮᠵᠢ ᠶᠢᠨ ᠬᠠᠮᠢᠶᠠᠷᠤᠯᠲᠠ ᠶᠢᠨ ᠠᠷᠭ᠎ᠠ︾ ︵ᠪᠦᠲᠥᠭᠡᠨ ᠬᠤᠲᠠ ︹1995︺ 383 ᠳ᠋ᠤᠭᠠᠷ ᠲᠣᠭᠠᠲᠦ︶ ᠪᠣᠯᠣᠨ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠴᠡᠴᠡᠷᠯᠢᠭ ᠤᠨ ᠨᠣᠭᠤᠭᠠᠷᠠᠭᠤᠯᠬᠤ ᠨᠢᠭᠡᠳᠥᠭᠡᠷ ᠲᠡᠰ ᠤᠨ ᠠᠵᠦ ᠠᠬᠤᠶᠢᠯᠠᠯ ᠤᠨ ᠬᠢᠷᠢ ᠴᠢᠳᠠᠮᠵᠢ ᠪᠠᠷ ᠮᠡᠳᠡᠭᠦᠯᠬᠦ ᠪᠠ ᠬᠢᠨᠠᠨ ᠵᠦᠪᠰᠢᠶᠡᠷᠡᠬᠦ ᠳᠦᠷᠢᠮ︾ ︵ᠪᠦᠲᠥᠭᠡᠨ ᠬᠤᠲᠠ ︹2007︺ 27 ᠳ᠋ᠤᠭᠠᠷ ᠲᠣᠭᠠᠲᠦ︶ ᠢ ᠡᠭᠦᠨ ᠤ ᠬᠠᠮᠲᠦ ᠬᠦᠴᠥᠨ ᠦᠭᠡᠢ ᠪᠣᠯᠭᠠᠨ᠎ᠠ᠃  
 
ᠢᠷᠡᠯᠲᠡ᠄ ᠪᠠᠭᠠᠷᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号