ᠪᠠᠭᠠᠷᠢᠨ ᠪᠠᠷᠠᠭᠤᠨ ᠬᠤᠰᠢᠭᠤᠨ ᠤ 2016 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠤᠭ᠎ᠠ ᠪᠦᠷᠢᠳᠭᠡᠯ ᠤᠨ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2017/8/7
    ᠨᠢᠭᠡ᠂ ᠶᠡᠷᠦᠩᠬᠡᠢ ᠪᠠᠶᠢᠳᠠᠯ    ᠠᠩᠬ᠎ᠠ ᠠᠯᠬᠤᠮ ᠤᠨ ᠲᠦᠯᠬᠢᠨ ᠪᠤᠳᠤᠯᠳᠠ ᠪᠠᠷ᠂ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 830837 ᠲᠦᠮᠡᠨ ᠲᠦᠭᠦᠷᠢᠭ ᠬᠦᠷᠴᠦ᠂ ᠬᠠᠷᠢᠴᠠᠭᠤᠯᠠᠬᠤᠶᠢᠴᠠ ᠦᠨ᠎ᠡ ᠪᠠᠷ ᠪᠤᠳᠤᠪᠠᠯ᠂ ᠲᠡᠭᠡᠷ᠎ᠡ ᠵᠢᠯ ᠠᠴᠠ 8.0 %᠎ ᠪᠠᠷ ᠨᠡᠮᠡᠭᠳᠡᠪᠡ᠃ ᠡᠭᠦᠨ ᠳᠤ᠄  ᠨᠢᠭᠡᠳᠦᠭᠡᠷ ᠠᠵᠤ  ᠦᠢᠯᠡᠰ ᠤᠨ ᠨᠡᠮᠡᠭᠳᠡᠯ ᠦᠷᠳᠡᠭ 118311 ᠲᠦᠮᠡᠨ ᠲᠦᠭᠦᠷᠢᠭ   ᠪᠠᠶᠢᠵᠤ᠂ 3.6 %  ᠎ ᠪᠠᠷ ᠨᠡᠮᠡᠭᠳᠡᠵᠦ  ︔  ᠬᠤᠶᠠᠳᠤᠭᠠᠷ ᠠᠵᠤ  ᠦᠢᠯᠡᠰ ᠤᠨ ᠨᠡᠮᠡᠭᠳᠡᠯ ᠦᠷᠳᠡᠭ 451169  ᠲᠦᠮᠡᠨ ᠲᠦᠭᠦᠷᠢᠭ  ᠪᠠᠶᠢᠵᠤ᠂ 8.9%᠎ ᠪᠠᠷ ᠨᠡᠮᠡᠭᠳᠡᠵᠦ  ︔  ᠭᠤᠷᠪᠠᠳᠤᠭᠠᠷ ᠠᠵᠤ  ᠦᠢᠯᠡᠰ ᠤᠨ ᠨᠡᠮᠡᠭᠳᠡᠯ ᠦᠷᠳᠡᠭ 261357  ᠲᠦᠮᠡᠨ ᠲᠦᠭᠦᠷᠢᠭ  ᠪᠠᠶᠢᠵᠤ᠂ 7.9%᠎ ᠪᠠᠷ ᠨᠡᠮᠡᠭᠳᠡᠪᠡ᠃  ᠪᠠᠶᠢᠩᠭᠤ ᠰᠠᠭᠤᠭ᠎ᠠ ᠬᠦᠮᠦᠨ ᠠᠮᠠ ᠪᠠᠷ ᠤᠨᠤᠭᠠᠪᠠᠯ᠂  ᠬᠦᠮᠦᠨ ᠲᠤᠮᠳᠠᠴᠢ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 48204 ᠲᠦᠭᠦᠷᠢᠭ ᠬᠦᠷᠴᠦ᠂ 7.7%᠎ ᠪᠠᠷ ᠨᠡᠮᠡᠭᠳᠡᠪᠡ᠃    ᠠᠵᠤ ᠦᠢᠯᠡᠰ ᠤᠨ ᠪᠦᠳᠦᠴᠡ ᠠᠴᠠ ᠦᠵᠡᠪᠡᠯ᠂  ᠭᠤᠷᠪᠠᠨ ᠠᠵᠤ ᠦᠢᠯᠡᠰ ᠤᠨ ᠬᠤᠪᠢ ᠶᠢᠨ ᠵᠢᠩ ᠨᠢ ᠲᠡᠭᠡᠷ᠎ᠡ ᠵᠢᠯ ᠤᠨ14.8 : 54.2 : 31.0  ᠪᠠᠶᠢᠭᠰᠠᠨ ᠠᠴᠠ ᠪᠠᠨ14.2 : 54.3 : 31.5  ᠪᠤᠯᠤᠨ ᠲᠤᠬᠢᠷᠠᠯᠴᠠᠪᠠ᠃  ᠨᠢᠭᠡᠳᠦᠭᠡᠷ ᠠᠵᠤ ᠦᠢᠯᠡᠰ ᠤᠨ ᠬᠤᠪᠢ ᠶᠢᠨ ᠵᠢᠩ 0.6 ᠵᠠᠭᠤᠨ ᠤ ᠬᠤᠪᠢ ᠪᠠᠷ  ᠲᠤᠷᠤᠭᠰᠢᠯᠠᠵᠤ᠂ ᠬᠤᠶᠠᠳᠤᠭᠠᠷ ᠠᠵᠤ ᠦᠢᠯᠡᠰ ᠤᠨ ᠬᠤᠪᠢ  ᠎ ᠶᠢᠨ ᠵᠢᠩ 0.1 ᠵᠠᠭᠤᠨ ᠤ ᠬᠤᠪᠢ ᠪᠠᠷ  ᠲᠡᠭᠡᠭᠰᠢᠯᠡᠵᠦ᠂ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ 0.5 ᠵᠠᠭᠤᠨ ᠤ ᠬᠤᠪᠢ  ᠎ ᠪᠠᠷ ᠲᠡᠭᠡᠭᠰᠢᠯᠡᠪᠡ᠃    ᠦᠰᠦᠯᠳᠡ ᠶᠢᠨ ᠬᠤᠷᠳᠤᠴᠠ ᠠᠴᠠ ᠦᠵᠡᠪᠡᠯ᠂ ᠬᠤᠶᠠᠳᠤᠭᠠᠷ ᠠᠵᠤ  ᠦᠢᠯᠡᠰ 8.9% ᠬᠦᠷᠴᠦ᠂ ᠲᠡᠷᠢᠭᠦᠨ ᠪᠠᠶᠢᠷᠢᠨ ᠳᠤ   ᠵᠢᠭᠰᠠᠭᠠᠭᠳᠠᠵᠤ᠂  ᠨᠢᠭᠡ᠂ ᠬᠤᠶᠠᠳᠤᠭᠠᠷ ᠠᠵᠤ  ᠦᠢᠯᠡᠰ ᠠᠴᠠ ᠲᠤᠰ ᠪᠦᠷᠢ 5.3 ᠪᠠ1.0 ᠵᠠᠭᠤᠨ ᠤ ᠬᠤᠪᠢ ᠦᠨᠳᠦᠷ ᠪᠤᠯᠤᠨ᠎ᠠ᠃    ᠬᠤᠪᠢ ᠨᠡᠮᠡᠷᠢ ᠦᠵᠡᠭᠦᠯᠦᠭᠰᠡᠨ ᠪᠠᠶᠢᠳᠠᠯ ᠠᠴᠠ ᠦᠵᠡᠪᠡᠯ᠂ ᠭᠤᠷᠪᠠᠨ ᠠᠵᠤ ᠦᠢᠯᠡᠰ ᠨᠢ ᠠᠵᠤ ᠠᠬᠤᠢ ᠶᠢᠨ  ᠦᠰᠦᠯᠳᠡ‌‍ᠳᠥ ᠦᠵᠡᠭᠦᠯᠦᠭᠰᠡᠨ ᠬᠤᠪᠢ ᠨᠡᠮᠡᠷᠢ  ᠎ ᠶᠢᠨ ᠨᠤᠷᠮ᠎ᠠ ᠨᠢ ᠲᠤᠰ ᠪᠦᠷᠢ 7.6%  ᠂ 55.1% ᠪᠠ 37.3 ᠪᠤᠯᠤᠨ᠎ᠠ᠃
ᠢᠷᠡᠯᠲᠡ᠄ ᠪᠠᠭᠠᠷᠢᠨ ᠰᠦᠯᠵᠢᠶ᠎ᠡ