1-7ᠰᠠᠷ᠎ᠠ ᠳᠤ ᠪᠠᠭᠠᠷᠢᠨ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠣᠷᠤᠯᠭ᠎ᠠ ᠨᠡᠶᠢᠲᠡ 35742 ᠲᠦᠮᠡᠨ ᠲᠦᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2017/8/9
      1-7 ᠰᠠᠷ᠎ᠠ  ᠳᠤ ᠪᠦᠬᠦ ᠬᠤᠰᠢᠭᠤᠨ ᠤ ᠡᠳ᠋ ᠤᠨ ᠵᠠᠰᠠᠭ ᠤᠨ ᠶᠡᠷᠦᠩᠬᠡᠢ ᠣᠷᠤᠯᠭ᠎ᠠ ᠨᠡᠶᠢᠲᠡ 35742 ᠲᠦᠮᠡᠨ ᠲᠦᠭᠦᠷᠢᠭ ᠪᠡᠶᠡᠯᠡᠭᠦᠯᠵᠦ᠂ ᠵᠢᠯ ᠤᠨ ᠲᠦᠰᠦᠪ ᠤᠨ 49.3% ᠎ ᠶᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 10.2%  ᠎ ᠪᠠᠷ ᠨᠡᠮᠡᠭᠳᠡᠪᠡ᠃  ᠡᠭᠦᠨ ᠳᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ 25302 ᠲᠦᠮᠡᠨ ᠲᠦᠭᠦᠷᠢᠭ ᠪᠠᠶᠢᠵᠤ᠂ ᠵᠢᠯ ᠤᠨ ᠲᠦᠰᠦᠪ ᠤᠨ 55.1%᠎ ᠶᠢ ᠪᠡᠶᠡᠯᠡᠭᠦᠯᠵᠤ᠂  ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 4.2%᠎ ᠢᠶᠠᠷ ᠨᠡᠮᠡᠭᠳᠡᠪᠡ︔  ᠲᠥᠪ ᠤᠨ ᠡᠳ᠋ ᠤᠨ ᠵᠠᠰᠠᠭ ᠤᠨ ᠤᠷᠤᠯᠭ᠎ᠠ ᠳᠤ 8537 ᠲᠦᠮᠡᠨ ᠲᠥᠭᠦᠷᠢᠭ ᠲᠡᠭᠡᠭᠰᠢ ᠰᠢᠯᠵᠢᠬᠦᠯᠵᠤ᠂  ᠲᠦᠰᠦᠪ ᠤᠨ 38%᠎ ᠎ ᠶᠢ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ 31.6%᠎ ᠪᠠᠷ ᠨᠡᠮᠡᠭᠳᠡᠪᠡ  ︔ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠲᠤ ᠲᠡᠭᠡᠭᠰᠢ ᠰᠢᠯᠵᠢᠭᠦᠯᠦᠭᠰᠡᠨ ᠣᠷᠤᠯᠭ᠎ᠠ 1903 ᠲᠦᠮᠡᠨ ᠲᠦᠭᠦᠷᠢᠭ ᠪᠠᠶᠢᠵᠤ᠂ ᠲᠦᠰᠦᠪ ᠤᠨ 23.9%᠎ ᠶᠢ ᠪᠡᠶᠡᠯᠡᠭᠦᠯᠪᠡ᠃ ᠲᠤᠯᠤᠳᠤᠭᠠᠷ ᠰᠠᠷ᠎ᠠ  ᠳᠤ ᠪᠠᠭᠠᠷᠢᠨ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠣᠷᠤᠯᠭ᠎ᠠ 3581 ᠲᠦᠮᠡᠨ ᠲᠦᠭᠦᠷᠢᠭ ᠪᠡᠶᠡᠯᠡᠭᠦᠯᠪᠡ᠃ ᠡᠭᠦᠨ  ᠳᠤ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ 2205 ᠲᠦᠮᠡᠨ ᠲᠥᠭᠦᠷᠢᠭ ᠪᠠᠶᠢᠵᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠲᠤ ᠲᠡᠭᠡᠭᠰᠢ ᠰᠢᠯᠵᠢᠭᠦᠯᠦᠭᠰᠡᠨ ᠣᠷᠤᠯᠭ᠎ᠠ 284 ᠲᠦᠮᠡᠨ ᠲᠦᠭᠦᠷᠢᠭ  ᠂ ᠲᠥᠪ  ᠤᠨ ᠡᠳ᠋ ᠵᠠᠰᠠᠭ ᠎ ᠤᠨ ᠤᠷᠤᠯᠭ᠎ᠠ ᠳᠤ 1092 ᠲᠦᠮᠡᠨ ᠲᠥᠭᠦᠷᠢᠭ  ᠲᠡᠭᠡᠭᠰᠢ ᠰᠢᠯᠵᠢᠬᠦᠯᠪᠡ᠃ ︵ᠨᠠᠷᠠᠨᠰᠠᠶᠢᠨ︶
ᠢᠷᠡᠯᠲᠡ᠄ ᠪᠠᠭᠠᠷᠢᠨ ᠰᠦᠯᠵᠢᠶ᠎ᠡ