ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ  ᠲᠤᠭᠳᠠᠭᠠᠯ
ᠨᠡᠶᠢᠲᠡᠯᠡᠭᠰᠡᠨ ᠴᠠᠭ᠄
2017/9/7
   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ        207 ᠳ᠋ᠤᠭᠠᠷ ᠲᠤᠭᠠᠳᠤ   ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ  ᠲᠤᠭᠳᠠᠭᠠᠯ︾ ᠢ 2014 ᠤᠨ ᠤ 11 ᠳ᠋ᠤᠭᠡᠷ ᠰᠠᠷ᠎ᠠ ᠶᠢᠨ13 ᠤ ᠡᠳᠦᠷ ‍ᠣᠨ‌ᠦᠪᠡᠷᠳᠡᠭᠡᠨ ᠵᠠᠰᠠᠬᠤ ᠤᠷᠤᠨ ᠤ  ᠠᠷᠠᠳ ᠤᠨ ᠵᠠᠰᠠᠭ ᠤᠨ ᠤᠷᠳᠤᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ  ᠪᠠᠳᠤᠯᠠᠭᠠᠳ᠂ ᠡᠳᠦᠭᠡ ᠨᠡᠶᠢᠳᠡᠯᠡᠪᠡ᠂ 2015 ᠤᠨ ᠤ 1 ᠳ᠋ᠤᠭᠡᠷ ᠰᠠᠷ᠎ᠠ  ᠶᠢᠨ 1 ᠤ ᠡᠳᠦᠷ ᠠᠴᠠ ᠡᠬᠢᠯᠡᠵᠦ  ᠬᠡᠷᠡᠭᠵᠢᠭᠦᠯᠦᠨ᠎ᠡ᠃                                     ᠦᠪᠡᠷᠳᠡᠭᠡᠨ ᠵᠠᠰᠠᠬᠤ ᠤᠷᠤᠨ  ᠤ ᠲᠡᠷᠢᠭᠦᠯᠡᠭᠴᠢ     ᠪᠠᠭᠠᠳᠤᠷ                                     2014 ᠤᠨ ᠤ 11 ᠳ᠋ᠤᠭᠡᠷ ᠰᠠᠷ᠎ᠠ  ᠶᠢᠨ 24  ᠤ ᠡᠳᠦᠷ                     ᠨᠢᠭᠡᠳᠦᠭᠡᠷ ᠪᠦᠯᠦᠭ    ᠶᠡᠷᠦᠩᠬᠡᠢ ᠳᠦᠷᠢᠮ  ᠨᠢᠭᠡᠳᠦᠭᠡᠷ ᠵᠦᠢᠯ   ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢ ᠴᠢᠩᠭᠠᠳᠬᠠᠵᠤ᠂ ᠭᠠᠵᠠᠷ ᠤᠨ  ᠨᠡᠷᠡᠶᠢᠳᠦᠯ ᠤᠨ ᠬᠠᠮᠢᠶᠠᠷᠤᠯᠳᠠ ᠶᠢᠨ ᠵᠢᠷᠣᠮᠵᠢᠯ᠂ ᠪᠠᠷᠢᠮᠵᠢᠶᠠᠵᠢᠯ ᠢ ᠪᠡᠶᠡᠯᠡᠬᠦᠯᠬᠦ ᠶᠢᠨ ᠲᠤᠰᠠᠳᠠ᠂ ᠲᠦᠷᠦ ᠶᠢᠨ  ᠶᠠᠪᠤᠳᠠᠯ ᠤᠨ  ᠬᠤᠷᠢᠶ᠎ᠠ ᠶᠢᠨ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠲᠦᠷᠢᠮ︾ ᠪᠤᠯᠤᠨ ᠬᠤᠯᠪᠤᠭᠳᠠᠯ  ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠤᠳ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ   ᠲᠠᠢ  ᠤᠶᠠᠯᠳᠤᠭᠤᠯᠵᠤ᠂ ᠲᠤᠰ ᠲᠤᠭᠳᠠᠭᠠᠯ ᠢ ᠲᠤᠭᠳᠠᠭᠠᠪᠠ᠃     ᠬᠤᠶᠠᠳᠤᠭᠠᠷ ᠵᠦᠢᠯ      ᠲᠤᠰ ᠲᠤᠭᠳᠠᠭᠠᠯ ᠳᠤ ᠬᠡᠯᠡᠵᠦ ᠪᠠᠶᠢᠭ᠎ᠠ ᠭᠠᠵᠠᠷ ᠤᠨ ᠨᠡᠷᠡᠶᠢᠳᠦᠯ ᠭᠡᠳᠡᠭ ᠨᠢ  ᠨᠡᠶᠢᠭᠡᠮ ᠠᠴᠠ ᠤᠷᠤᠨ  ᠪᠠᠶᠢᠷᠢᠰᠢᠯ ᠢ ᠲᠤᠳᠤᠷᠬᠠᠶᠢᠯᠠᠨ ᠢᠯᠡᠳᠭᠡᠬᠦ᠂ ᠤᠷᠤᠨ ᠪᠦᠰᠡ ᠶᠢᠨ ᠬᠦᠷᠢᠶ᠎ᠡ ᠭᠡᠪᠴᠢᠶ᠎ᠡ ᠳᠤ  ᠲᠤᠭᠳᠠᠭᠠᠨ ᠬᠡᠷᠡᠭᠯᠡᠭᠰᠡᠨ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠪᠤᠯᠤᠨ ᠬᠦᠮᠦᠨ  ᠨᠡᠶᠢᠭᠡᠮ ᠤᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠢ ᠵᠢᠭᠠᠵᠤ ᠪᠤᠢ᠂ ᠡᠭᠦᠨ ᠳᠤ ᠳᠣᠣᠷᠠᠬᠢ  ᠵᠦᠢᠯᠡᠰ ᠪᠠᠭᠲᠠᠨ᠎ᠠ᠄       ︵ᠨᠢᠭᠡ︶ ᠠᠭᠤᠯᠠ᠂ ᠭᠤᠤᠯ᠂ ᠨᠠᠭᠤᠷ᠂ ᠭᠤᠤᠯ ᠤᠨ ᠰᠠᠶᠢᠷᠭᠠᠯ᠂ ᠲᠠᠯ᠎ᠠ ᠭᠠᠵᠠᠷ᠂ ᠲᠠᠯ᠎ᠠ ᠨᠤᠳᠤᠭ᠂  ᠡᠯᠡᠰᠦ ᠮᠠᠩᠬ᠎ᠠ᠂ ᠤᠰᠤᠯᠢᠭ ᠨᠤᠭ ᠭᠠᠵᠠᠷ ᠵᠡᠷᠭᠡ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ  ᠨᠡᠷᠡᠶᠢᠳᠦᠯ︔       ︵ᠬᠤᠶᠠᠷ︶ ᠵᠠᠰᠠᠭ ᠵᠠᠬᠢᠷᠭᠠᠨ ᠤ  ᠣᠷᠣᠨ ᠤ ᠨᠡᠷᠡᠶᠢᠳᠦᠯ᠂ ᠰᠠᠭᠤᠭᠠᠯᠢ ᠠᠷᠠᠳ ᠤᠨ ᠵᠦᠪᠯᠡᠯ ᠤᠨ  ᠨᠡᠷᠡᠶᠢᠳᠦᠯ᠂ ᠭᠠᠴᠠᠭ᠎ᠠ ᠲᠤᠰᠬᠤᠨ ᠤ ᠵᠦᠪᠯᠡᠯ ᠤᠨ ᠨᠡᠷᠡᠶᠢᠳᠦᠯ︔      ︵ᠭᠤᠷᠪᠠ︶ ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ᠂ ᠬᠦᠷᠢᠶ᠎ᠡ᠂ ᠠᠰᠠᠷ᠂ ᠡᠭᠦᠳᠡᠨ ᠨᠤᠮᠧᠷ ᠢ  ᠨᠤᠮᠧᠷᠯᠠᠬᠤ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ ᠲᠤᠭᠤᠷᠢᠭ ᠤᠨ ᠨᠡᠷᠡᠶᠢᠳᠦᠯ ᠪᠠ ᠭᠠᠵᠠᠷ ᠤᠨ  ᠨᠡᠷᠡᠶᠢᠳᠦᠯ ᠤᠨ  ᠤᠳᠬ᠎ᠠ ᠲᠠᠢ ᠭᠡᠷ ᠪᠠᠷᠢᠯᠭ᠎ᠠ ᠶᠢᠨ ᠨᠡᠷᠡᠶᠢᠳᠦᠯ︔      ︵ᠳᠦᠷᠪᠡ︶ ᠭᠠᠵᠠᠷ ᠤᠨ ᠨᠡᠷᠡᠶᠢᠳᠦᠯ ᠤᠨ  ᠤᠳᠬ᠎ᠠ ᠲᠠᠢ ᠬᠤᠷᠢᠶ᠎ᠠ᠂ ᠦᠷᠳᠡᠭᠡ᠂ ᠲᠠᠯᠠᠪᠤᠷ᠂ ᠲᠡᠮᠦᠷ ᠵᠠᠮ᠂ ᠵᠠᠰᠠᠮᠠᠯ ᠵᠠᠮ᠂ ᠬᠦᠭᠦᠷᠭᠡ᠂ ᠨᠦᠭᠡᠨ ᠵᠠᠮ᠂ ᠤᠰᠤᠨ ᠴᠦᠬᠦᠷᠤᠮ᠂ ᠭᠠᠷᠠᠮ᠂ ᠤᠰᠤᠨ ᠵᠠᠮ ᠵᠡᠷᠭᠡ ᠶᠢᠨ ᠨᠡᠷᠡᠶᠢᠳᠦᠯ  ︔     ︵ᠲᠠᠪᠤ︶ ᠴᠡᠴᠡᠷᠯᠢᠭ᠂ ᠲᠤᠷᠠᠰᠬᠠᠯ  ᠤᠨ ᠭᠠᠵᠠᠷ᠂ ᠵᠤᠭᠠᠴᠠᠯ ᠤᠨ ᠦᠵᠡᠮᠵᠢᠲᠦ ᠤᠷᠤᠨ ᠵᠡᠷᠭᠡ ᠶᠢᠨ  ᠨᠡᠷᠡᠶᠢᠳᠦᠯ︔      ︵ᠵᠢᠷᠭᠤᠭ᠎ᠠ︶ ᠠᠵᠤ ᠦᠢᠯᠡᠳᠪᠦᠷᠢ ᠶᠢᠨ ᠲᠤᠭᠤᠷᠢᠭ᠂ ᠨᠡᠭᠡᠭᠡᠯᠳᠡ ᠶᠢᠨ ᠲᠤᠭᠤᠷᠢᠭ᠂ ᠵᠢᠱᠢᠶ᠎ᠡ ᠦᠵᠡᠭᠦᠯᠬᠦ  ᠲᠤᠭᠤᠷᠢᠭ᠂ ᠲᠤᠷᠰᠢᠯᠳᠠ ᠶᠢᠨ ᠲᠤᠭᠤᠷᠢᠭ ᠵᠡᠷᠭᠡ ᠲᠤᠰᠬᠠᠢ ᠲᠤᠭᠤᠷᠢᠭ ᠤᠨ ᠨᠡᠷᠡᠶᠢᠳᠦᠯ︔      ︵ᠲᠤᠯᠤᠭ᠎ᠠ︶ ᠭᠠᠵᠠᠷ ᠤᠨ ᠨᠡᠷᠡᠶᠢᠳᠦᠯ ᠤᠨ ᠤᠳᠬ᠎ᠠ ᠲᠠᠢ ᠪᠤᠰᠤᠳ ᠨᠡᠷᠡᠶᠢᠳᠦᠯ︔       ᠭᠤᠷᠪᠠᠳᠤᠭᠠᠷ ᠵᠦᠢᠯ    ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠳᠣᠷᠠᠬᠢ  ᠭᠠᠵᠠᠷ ᠤᠨ ᠨᠡᠷᠡᠶᠢᠳᠦᠯ ᠢ ᠨᠡᠷᠡᠶᠢᠳᠦᠭᠰᠡᠨ᠂  ᠬᠠᠯᠠᠭᠰᠠᠨ᠂ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠬᠡᠷᠡᠭᠯᠡᠭᠰᠡᠨ  ᠂ ᠭᠠᠵᠠᠷ ᠤᠨ ᠨᠡᠷᠡᠶᠢᠳᠦᠯ ᠤᠨ ᠲᠡᠮᠳᠡᠭ ᠪᠠᠶᠢᠷᠢᠯᠠᠭᠤᠯᠣᠭᠰᠡᠨ ᠵᠢᠴᠢ ᠬᠠᠮᠢᠶ᠎ᠠ ᠪᠦᠬᠦᠢ ᠭᠠᠵᠠᠷ ᠤᠨ ᠨᠡᠷᠡᠶᠢᠳᠦᠯ ᠤᠨ  ᠬᠠᠮᠢᠶᠠᠷᠤᠯᠳᠠ ᠶᠢᠨ  ᠠᠵᠢᠯᠯᠠᠭ᠎ᠠ ᠳᠤ ᠲᠤᠰ ᠲᠤᠭᠳᠠᠭᠠᠯ  ᠬᠡᠷᠡᠭᠯᠡᠭᠳᠡᠨ᠎ᠡ᠃       ᠲᠦᠷᠪᠡᠳᠦᠭᠡᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ‌ᠮᠦ᠋ᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠲᠣᠳᠣᠷᠠᠬᠢ  ᠭᠠᠵᠠᠷ ᠤᠨ ᠨᠡᠷᠡᠶᠢᠳᠦᠯ ‍ᠣᠨ‌ᠬᠠᠮᠢᠶᠠᠷᠤᠯᠳᠠ ᠶᠢᠨ ᠠᠵᠢᠯ ᠢ ᠭᠤᠤᠯᠴᠢᠯᠠᠨ ᠬᠠᠮᠢᠶᠠᠷᠤᠨ᠎ᠠ︔      ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ  ᠰᠠᠯᠠᠭ᠎ᠠ ᠮᠦᠴᠢᠷ ᠠᠴᠠ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠭᠠᠵᠠᠷ ᠤᠨ  ᠨᠡᠷᠡᠶᠢᠳᠦᠯ ‍ᠣᠨ‌ᠬᠠᠮᠢᠶᠠᠷᠤᠯᠳᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ᠃       ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠤᠳᠠ ᠬᠦᠳᠡᠭᠡ ᠶᠢᠨ ᠲᠦᠯᠦᠪᠵᠢᠭᠦᠯᠭᠡ ᠪᠠᠨ  ᠦᠨᠳᠦᠰᠦᠯᠡᠵᠤ ᠪᠠᠶᠢᠭᠠᠳ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠲᠤᠷᠠᠯᠴᠠᠵᠤ ᠲᠤᠰ ᠵᠠᠰᠠᠭ  ᠵᠠᠬᠢᠷᠭᠠᠨ ᠤ  ᠣᠷᠣᠨ ᠤ  ᠭᠠᠵᠠᠷ ᠤᠨ ᠨᠡᠷᠡᠶᠢᠳᠦᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠭᠠᠳ ᠲᠤᠰ  ᠱᠠᠳᠣᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠵᠤᠬᠢᠶᠠᠨ ᠪᠠᠶᠢᠭᠤᠯᠵᠤ  ᠬᠡᠷᠡᠭᠵᠢᠭᠦᠯᠬᠦ ᠬᠡᠷᠡᠭᠳᠡᠢ᠃      ᠭᠠᠵᠠᠷ ᠤᠨ ᠨᠡᠷᠡᠶᠢᠳᠦᠯ ᠤᠨ ᠲᠦᠯᠦᠪᠵᠢᠭᠦᠯᠭᠡ ᠨᠢ ᠬᠤᠳᠠ ᠬᠦᠳᠡᠭᠡ  ᠶᠢᠨ ᠲᠦᠯᠦᠪᠵᠢᠭᠦᠯᠭᠡ ᠯᠦᠭᠡ   ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠳᠡᠢ᠃       ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ  ᠨᠤᠭᠤᠳ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠲᠤᠰ  ᠱᠠᠳᠣᠨ ᠤ ᠡᠳ᠋ ᠤᠨ ᠵᠠᠰᠠᠭ ᠤᠨ  ᠲᠦᠰᠦᠪ  ᠲᠡᠭᠡᠨ ᠪᠤᠳᠤᠵᠤ ᠤᠷᠤᠭᠤᠯᠬᠤ ᠬᠡᠷᠡᠭᠳᠡᠢ᠃     ᠲᠤᠯᠤᠳᠤᠭᠠᠷ ᠵᠦᠢᠯ    ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠤᠯᠤᠰ  ᠤᠨ ᠲᠣᠭᠳᠠᠭᠠᠯ ᠶᠣᠰᠣᠭᠠᠷ ᠭᠠᠵᠠᠷ ᠤᠨ  ᠨᠡᠷᠡᠶᠢᠳᠦᠯ ᠢᠶᠠᠨ ᠪᠠᠷᠢᠮᠵᠢᠶᠠᠵᠢᠭᠤᠯᠬᠤ ᠶᠢ ᠶᠠᠪᠤᠭᠳᠠᠭᠤᠯᠵᠤ᠂ ᠭᠠᠵᠠᠷ ᠤᠨ ᠨᠡᠷᠡᠶᠢᠳᠦᠯ ᠤᠨ ᠲᠠᠯ᠎ᠠ ᠪᠠᠷ ᠬᠢ  ᠰᠤᠶᠤᠯ ᠤᠨ ᠦᠪ ᠢ ᠬᠠᠮᠠᠭᠠᠯᠠᠬᠤ ᠪᠠᠨ ᠴᠢᠩᠭᠠᠳᠬᠠᠬᠤ ᠬᠡᠷᠡᠭᠳᠡᠢ᠃      ᠬᠤᠶᠠᠳᠤᠭᠠᠷ ᠪᠦᠯᠦᠭ     ᠭᠠᠵᠠᠷ ᠤᠨ ᠨᠡᠷᠡᠶᠢᠳᠦᠯ ᠢ ᠨᠡᠷᠡᠶᠢᠳᠬᠦ᠂     ᠬᠠᠯᠠᠬᠤ᠂ ᠦᠭᠡᠢ ᠪᠣᠯᠭᠠᠬᠤ      ᠨᠠᠢᠮᠠᠳᠤᠭᠠᠷ ᠵᠦᠢᠯ   ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠲᠤᠤᠷᠠᠬᠢ ᠵᠠᠷᠴᠢᠮ ᠤᠳ ᠢ  ᠵᠢᠷᠤᠮᠯᠠᠬᠤ  ᠬᠡᠷᠡᠭᠲᠡᠢ᠄      ︵ᠨᠢᠭᠡ︶ ᠤᠯᠤᠰ ᠤᠨ ᠨᠢᠭᠡᠳᠦᠯ ᠪᠠ ᠨᠤᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ ᠬᠠᠮᠠᠭᠠᠯᠠᠬᠤ   ᠳᠤ ᠠᠰᠢᠭᠳᠠᠢ ᠪᠠᠶᠢᠬᠤ︔     ︵ᠬᠤᠶᠠᠷ︶ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠤᠬᠢᠴᠠᠯ ᠲᠠᠢ ᠲᠤᠭᠳᠠᠭᠤᠨ ᠪᠠᠶᠢᠬᠤ ᠶᠢ  ᠬᠠᠮᠠᠭᠠᠯᠠᠬᠤ ᠳᠤ ᠠᠰᠢᠭᠳᠠᠢ ᠪᠠᠶᠢᠬᠤ︔      ︵ᠭᠤᠷᠪᠠ︶ ᠲᠤᠬᠠᠢ ᠶᠢᠨ ᠭᠠᠵᠠᠷ ᠤᠨ ᠲᠡᠤᠬᠡ᠂ ᠰᠤᠶᠤᠯ ᠪᠠ ᠭᠠᠵᠠᠷ ᠵᠦᠢ ᠶᠢᠨ ᠤᠨᠴᠠᠯᠢᠭ ᠰᠢᠨᠵᠢ ᠶᠢ  ᠬᠠᠷᠠᠭᠤᠯᠣᠭᠰᠡᠨ ᠪᠠᠶᠢᠬᠤ︔      ︵ᠳᠦᠷᠪᠡ︶ ᠴᠦᠬᠡᠨ ᠲᠤᠭᠠᠳᠤ ᠦᠨᠳᠦᠰᠦᠳᠡᠨ ᠤ ᠵᠠᠩ ᠲᠠᠳᠬᠠᠯ ᠪᠠ ᠤᠯᠠᠨ ᠲᠦᠮᠡᠨ ᠤ ᠬᠦᠰᠡᠯ ᠪᠤᠳᠤᠯ   ᠢ ᠬᠦᠨᠳᠦᠳᠬᠡᠭᠰᠡᠨ ᠪᠠᠶᠢᠬᠤ︔      ︵ᠲᠠᠪᠤ︶  ᠭᠠᠵᠠᠷ ᠤᠨ ᠨᠡᠷᠡᠶᠢᠳᠦᠯ ᠨᠢ ᠬᠠᠷᠢᠴᠠᠩᠭᠤᠢ ᠪᠠᠷ ᠲᠤᠭᠳᠠᠪᠤᠷᠢᠳᠠᠢ ᠪᠠᠶᠢᠬᠤ ᠶᠢ ᠪᠠᠳᠤᠯᠠᠭᠰᠠᠨ  ᠪᠠᠶᠢᠬᠤ︔       ᠶᠢᠰᠦᠳᠦᠭᠡᠷ ᠵᠦᠢᠯ    ᠭᠠᠵᠠᠷ ᠤᠨ ᠨᠡᠷᠡᠶᠢᠳᠦᠯ ᠢ ᠨᠡᠷᠡᠶᠢᠳᠬᠦ ᠳᠤ ᠲᠤᠤᠷᠠᠬᠢ ᠲᠤᠭᠳᠠᠭᠠᠯ ᠤᠳ ᠲᠤ  ᠨᠡᠶᠢᠴᠡᠭᠦᠯᠪᠡᠯ ᠵᠤᠬᠢᠨ᠎ᠠ᠄      ︵ᠨᠢᠭᠡ︶ ᠨᠢᠭᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠲᠣᠳᠣᠷᠠᠬᠢ ᠰᠤᠮᠤ ᠰᠢᠶᠠᠩ ᠪᠠᠯᠭᠠᠰᠤ᠂  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠭᠤᠭᠠᠯᠢ ᠠᠷᠠᠳ ᠤᠨ ᠵᠦᠪᠯᠡᠯ ᠤᠨ ᠨᠡᠷᠡᠶᠢᠳᠦᠯ᠂ ᠨᠢᠭᠡ ᠰᠤᠮᠤ  ᠰᠢᠶᠠᠩ ᠪᠠᠯᠭᠠᠰᠤ ᠶᠢᠨ ᠲᠣᠳᠣᠷᠠᠬᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠨᠡᠷᠡᠶᠢᠳᠦᠯ᠂ ᠨᠢᠭᠡ ᠬᠤᠳᠠ  ᠪᠠᠯᠭᠠᠰᠤ ᠶᠢᠨ ᠲᠣᠳᠣᠷᠠᠬᠢ ᠵᠡᠭᠡᠯᠢ᠂ ᠵᠠᠮ᠂ ᠭᠤᠳᠤᠮᠵᠢ᠂ ᠤᠷᠤᠨ ᠰᠠᠭᠤᠴᠠ ᠶᠢᠨ ᠲᠤᠭᠤᠷᠢᠭ  ᠪᠠ ᠭᠠᠵᠠᠷ ᠤᠨ  ᠨᠡᠷᠡᠶᠢᠳᠦᠯ ᠤᠨ ᠤᠳᠬ᠎ᠠ   ᠲᠠᠢ ᠭᠡᠷ ᠪᠠᠷᠢᠯᠭ᠎ᠠ  ᠶᠢᠨ ᠵᠦᠢᠯᠡᠰ ᠵᠡᠷᠭᠡ ᠶᠢᠨ ᠨᠡᠷᠡᠶᠢᠳᠦᠯ ᠤᠳ ᠢ ᠲᠠᠪᠬᠤᠴᠠᠭᠤᠯᠵᠤ  ᠪᠤᠯᠬᠤ ᠦᠭᠡᠢ︔      ︵ᠬᠤᠶᠠᠷ︶ ᠰᠤᠮᠤ ᠰᠢᠶᠠᠩ ᠪᠠᠯᠭᠠᠰᠤ ᠶᠢᠨ ᠨᠡᠷᠡᠶᠢᠳᠦᠯ ᠢ ᠲᠡᠳᠡᠭᠡᠷ ᠤᠨ ᠵᠠᠰᠠᠭ ᠤᠨ ᠤᠷᠳᠤᠨ ᠤ ᠬᠢᠨ ᠤ   ᠰᠠᠭᠤᠭ᠎ᠠ ᠭᠠᠵᠠᠷ ᠤᠨ ᠨᠡᠷᠡᠶᠢᠳᠦᠯ ᠯᠦᠭᠡ ᠢᠵᠢᠯ ᠪᠠᠶᠢᠯᠭᠠᠪᠠᠯ ᠵᠤᠬᠢᠨ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠤᠨ ᠨᠡᠷᠡᠶᠢᠳᠦᠯ ᠢ ᠲᠡᠳᠡᠭᠡᠷ ᠤᠨ ᠪᠠᠶᠢᠭ᠎ᠠ ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ ᠯᠦᠭᠡ ᠢᠵᠢᠯ  ᠪᠠᠶᠢᠯᠭᠠᠪᠠᠯ ᠵᠤᠬᠢᠨ᠎ᠠ︔     ︵ᠭᠤᠷᠪᠠ︶ ᠨᠡᠷ᠎ᠡ ᠴᠣᠣᠲᠠᠢ ᠠᠭᠤᠯᠠ ᠨᠢᠷᠤᠭᠤ᠂ ᠭᠤᠤᠯ ᠣᠷᠣᠰᠬᠠᠯ ᠵᠡᠷᠭᠡ ᠪᠠᠶᠢᠭᠠᠯᠢ ᠶᠢᠨ ᠭᠠᠵᠠᠷ ᠵᠦᠢ   ᠶᠢᠨ ᠪᠤᠳᠠᠳᠤ ᠴᠤᠭᠴᠠ ᠶᠢᠨ ᠨᠡᠷᠡᠶᠢᠳᠦᠯ ᠢᠶᠠᠷ ᠵᠠᠰᠠᠭ ᠵᠠᠬᠢᠷᠭᠠᠨ ᠤ ᠣᠷᠣᠨ ᠤ ᠲᠤᠰᠬᠠᠢ ᠨᠡᠷ᠎ᠡ ᠪᠤᠯᠭᠠᠵᠤ ᠪᠤᠯᠬᠤ  ᠦᠭᠡᠢ︔ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠬᠦᠷᠢᠶ᠎ᠡ ᠬᠡᠪᠴᠢᠶ᠎ᠡ ᠨᠢ ᠲᠤᠰ ᠵᠠᠰᠠᠭ  ᠵᠠᠬᠢᠷᠭᠠᠨ ᠤ ᠣᠷᠣᠨ ᠤ ᠬᠡᠪᠴᠢᠶᠡᠨ ᠠᠴᠠ ᠬᠡᠳᠦᠷᠡᠭᠰᠡᠨ ᠴᠦ ᠲᠡᠳᠡᠭᠡᠷ ᠤᠨ ᠨᠡᠷᠡᠶᠢᠳᠦᠯ ᠢᠶᠠᠷ ᠲᠤᠰ ᠵᠠᠰᠠᠭ  ᠵᠠᠬᠢᠷᠭᠠᠨ ᠤ ᠣᠷᠣᠨ ᠤ ᠲᠤᠰᠬᠠᠢ ᠨᠡᠷ᠎ᠡ ᠪᠤᠯᠭᠠᠵᠤ ᠪᠤᠯᠬᠤ ᠦᠭᠡᠢ︔      ︵ᠳᠦᠷᠪᠡ︶ ᠭᠠᠵᠠᠷ ᠤᠨ ᠨᠡᠷᠡᠶᠢᠳᠦᠯ ᠳᠤ ᠬᠡᠷᠡᠭᠯᠡᠬᠦ ᠦᠰᠦᠭ ᠢ ᠤᠯᠤᠰ ᠠᠴᠠ ᠨᠡᠶᠢᠳᠡᠯᠡᠵᠣ  ᠵᠢᠷᠤᠮᠵᠢᠭᠤᠯᠤᠭᠰᠠᠨ ᠬᠢᠳᠠᠳ ᠦᠰᠦᠭ ᠢ ᠬᠡᠷᠡᠭᠯᠡᠵᠦ᠂ ᠴᠦᠭᠡᠨ ᠲᠤᠭᠠᠳᠤ ᠦᠨᠳᠤᠰᠦᠳᠡᠨ ᠤ ᠬᠡᠯᠡ ᠶᠢᠨ ᠭᠠᠵᠠᠷ ᠤᠨ  ᠨᠡᠷᠡᠶᠢᠳᠦᠯ ᠳᠠᠬᠢ ᠬᠢᠳᠡᠳ ᠦᠰᠦᠭ  ᠤᠨ ᠤᠷᠴᠢᠭᠤᠯᠭ᠎ᠠ ᠨᠢ ᠵᠢᠷᠤᠮᠵᠢᠯ ᠲᠠᠢ᠂ ᠤᠨᠤᠪᠴᠢᠳᠠᠢ ᠪᠠᠶᠢᠵᠤ᠂ ᠴᠥᠭᠡᠨ  ᠬᠡᠷᠡᠭᠯᠡᠭᠳᠡᠬᠦ ᠬᠦᠰᠢᠭᠦᠨ ᠦᠰᠦᠭ᠂ ᠤᠯᠠᠨ ᠲᠠᠭᠤᠳᠠᠯᠭ᠎ᠠ ᠲᠠᠢ ᠦᠰᠦᠭ  ᠪᠠ ᠰᠠᠯᠪᠤᠷᠢ ᠤᠳᠬ᠎ᠠ ᠭᠠᠷᠴᠤ ᠮᠡᠳᠡᠬᠦ  ᠦᠰᠦᠭ ᠢ ᠬᠡᠷᠡᠭᠯᠡᠬᠦ ᠠᠴᠠ ᠵᠠᠶᠢᠯᠠᠰᠬᠢᠬᠦ ᠬᠡᠷᠡᠭᠳᠡᠢ︔      ︵ᠲᠠᠪᠤ︶ ᠲᠤᠷᠠᠰᠬᠠᠯ ᠤᠨ ᠴᠢᠨᠠᠷᠳᠠᠢ ᠭᠠᠵᠠᠷ ᠤᠨ ᠨᠡᠷᠡᠶᠢᠳᠦᠯ ᠠᠴᠠ ᠪᠤᠰᠤᠳ ᠭᠠᠵᠠᠷ ᠤᠨ ᠨᠡᠷᠡᠶᠢᠳᠦᠯ ᠢ  ᠨᠡᠷᠡᠯᠡᠬᠦ ᠳᠤ ᠬᠦᠮᠦᠨ ᠤ ᠨᠡᠷ᠎ᠡ ᠪᠠᠷ ᠨᠡᠷᠡᠶᠢᠳᠴᠦ ᠪᠤᠯᠬᠤ ᠦᠭᠡᠢ᠂ ᠭᠠᠳᠠᠭᠠᠳᠤ ᠣᠯᠣᠰ ᠤᠨ ᠭᠠᠵᠠᠷ ᠤᠨ ᠨᠡᠷᠡᠶᠢᠳᠦᠯ᠂ ᠬᠦᠮᠦᠨ ᠤ ᠨᠡᠷ᠎ᠡ ᠪᠠᠷ ᠨᠡᠷᠡᠶᠢᠳᠬᠦ ᠶᠢ ᠴᠠᠭᠠᠵᠠᠯᠠᠨ᠎ᠠ︔     ︵ᠵᠢᠷᠭᠤᠭ᠎ᠠ︶ ᠭᠠᠵᠠᠷ ᠤᠨ ᠨᠡᠷᠡᠶᠢᠳᠦᠯ ᠤᠨ ᠤᠳᠬ᠎ᠠ ᠠᠭᠤᠯᠭ᠎ᠠ ᠲᠠᠢ ᠬᠤᠷᠢᠶ᠎ᠠ᠂ ᠦᠷᠳᠡᠭᠡ᠂ ᠲᠠᠯᠠᠪᠤᠷ  ᠵᠡᠷᠭᠡ ᠶᠢᠨ ᠨᠡᠷᠡᠶᠢᠳᠦᠯ ᠢ ᠡᠩ ᠤᠨ ᠪᠠᠶᠢᠳᠠᠯ ᠲᠤᠤᠷ᠎ᠠ ᠰᠠᠭᠤᠭ᠎ᠠ ᠭᠠᠵᠠᠷ ᠤᠨ ᠲᠤᠰᠬᠠᠢ ᠨᠡᠷ᠎ᠡ ᠯᠦᠭᠡ ᠢᠵᠢᠯ  ᠪᠠᠶᠢᠯᠭᠠᠪᠠᠯ ᠵᠤᠬᠢᠨ᠎ᠠ︔      ᠠᠷᠪᠠᠳᠤᠭᠠᠷ ᠵᠦᠢᠯ   ᠲᠤᠰ ᠲᠤᠭᠳᠠᠭᠠᠯ ᠤᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ  ᠵᠤᠷᠪᠤᠰ ᠪᠠ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ ᠲᠤᠭᠳᠠᠭᠠᠭᠰᠠᠨ ᠭᠠᠵᠠᠷ ᠤᠨ  ᠨᠡᠷ᠎ᠡ ᠯᠦᠭᠡ ᠨᠡᠶᠢᠴᠡᠭᠦ ᠦᠭᠡᠢ ᠪᠠᠶᠢᠪᠠᠯ ᠬᠠᠯᠠᠬᠤ ᠬᠡᠷᠡᠭᠳᠡᠢ︔       ᠠᠷᠪᠠᠨ ᠨᠢᠭᠡᠳᠦᠭᠡᠷ ᠵᠦᠢᠯ  ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠭᠠᠵᠠᠷ ᠤᠨ ᠨᠡᠷᠡᠶᠢᠳᠦᠯ ᠢᠶᠠᠨ  ᠬᠠᠯᠠᠵᠤ ᠪᠤᠯᠤᠨ᠎ᠠ᠄      ︵ᠨᠢᠭᠡ︶ ᠲᠤᠰ ᠲᠤᠭᠳᠠᠭᠠᠯ ᠤᠨ ᠨᠠᠢᠮᠠᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠲᠦᠷᠪᠡᠳᠦᠭᠡᠷ  ᠵᠤᠷᠪᠤᠰ ᠪᠠ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ ᠲᠦᠷᠪᠡᠳᠦᠭᠡᠷ ᠵᠤᠷᠪᠤᠰ᠂  ᠵᠢᠷᠭᠤᠳᠤᠭᠠᠷ ᠵᠤᠷᠪᠤᠰ ᠤᠨ ᠲᠤᠭᠳᠠᠭᠠᠯ ᠯᠤᠭ᠎ᠠ ᠨᠡᠶᠢᠴᠡᠬᠦ ᠦᠭᠡᠢ ᠪᠣᠯᠣᠭᠰᠠᠨ︔      ︵ᠬᠤᠶᠠᠷ︶ ᠣᠷᠣᠨ ᠤ ᠬᠤᠪᠢᠶᠠᠷᠢᠯᠡᠯ ᠳᠤ ᠲᠤᠬᠢᠷᠠᠭᠤᠯᠤᠯᠳᠠ ᠬᠢᠭᠰᠡᠨ ᠠᠴᠠ ᠪᠤᠯᠤᠭᠠᠳ ᠵᠠᠰᠠᠭ ᠵᠠᠬᠢᠷᠭᠠᠨ   ᠤ ᠣᠷᠣᠨ ᠤ   ᠨᠡᠷᠡᠶᠢᠳᠦᠯ ᠢ ᠬᠤᠪᠢᠷᠠᠭᠤᠯᠬᠤ ᠴᠢᠬᠤᠯᠠᠲᠠᠢ  ᠪᠣᠯᠣᠭᠰᠠᠨ︔     ︵ᠭᠤᠷᠪᠠ︶ ᠵᠠᠮ ᠵᠠᠰᠠᠵᠤ ᠬᠤᠪᠢᠷᠠᠯᠳᠠ ᠭᠠᠷᠤᠭᠰᠠᠨ ᠠᠴᠠ ᠪᠤᠯᠤᠭᠠᠳ ᠵᠠᠮ ᠤᠨ ᠨᠡᠷᠡᠶᠢᠳᠦᠯ ᠢ ᠨᠢ  ᠬᠤᠪᠢᠷᠠᠭᠤᠯᠬᠤ‌‍ᠴᠢᠬᠤᠯᠠᠲᠠᠢ ᠪᠣᠯᠣᠭᠰᠠᠨ︔      ︵ᠳᠦᠷᠪᠡ︶ ᠤᠷᠤᠨ ᠰᠠᠭᠤᠴᠠ ᠶᠢᠨ ᠲᠤᠭᠤᠷᠢᠭ ᠪᠣᠶᠣ ᠭᠡᠷ ᠪᠠᠷᠢᠯᠭ᠎ᠠ ᠶᠢᠨ ᠵᠦᠢᠯᠡᠰ ᠢ ᠦᠭᠡᠷᠡᠴᠢᠯᠡᠨ  ᠪᠠᠶᠢᠭᠤᠯᠬᠤ᠂ ᠦᠷᠭᠡᠳᠭᠡᠨ ᠪᠠᠶᠢᠭᠤᠯᠬᠤ ᠠᠴᠠ ᠪᠤᠯᠤᠭᠠᠳ ᠨᠡᠷᠡᠶᠢᠳᠦᠯ ᠢ ᠨᠢ ᠬᠤᠪᠢᠷᠠᠭᠤᠯᠬᠤ ᠴᠢᠬᠤᠯᠠᠲᠠᠢ  ᠪᠣᠯᠣᠭᠰᠠᠨ︔        ᠠᠷᠪᠠᠨ ᠬᠤᠶᠠᠳᠤᠭᠠᠷ ᠵᠦᠢᠯ   ᠨᠢᠭᠡ ᠭᠠᠵᠠᠷ ᠲᠤ ᠤᠯᠠᠨ ᠨᠡᠷᠡᠶᠢᠳᠦᠯ ᠲᠠᠢ᠂ ᠨᠢᠭᠡ ᠨᠡᠷᠡᠶᠢᠳᠦᠯ ᠢ ᠤᠯᠠᠨ  ᠶᠠᠩᠵᠤ ᠪᠠᠷ ᠪᠢᠴᠢᠵᠤ ᠪᠠᠶᠢᠬᠤ ᠳᠤ ᠬᠦᠷᠪᠡᠯ᠂ ᠨᠢᠭᠡᠳᠦᠯᠳᠡᠢ ᠪᠠᠷ ᠬᠡᠷᠡᠭᠯᠡᠬᠦ‍ ᠨᠢᠭᠡ ᠨᠡᠷᠡᠶᠢᠳᠦᠯ ᠪᠠ ᠬᠡᠷᠡᠭᠯᠡᠬᠦ ᠦᠰᠦᠭ   ᠢ ᠲᠤᠭᠳᠠᠭᠠᠬᠤ ᠬᠡᠷᠡᠭᠳᠡᠢ᠃      ᠠᠷᠪᠠᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠣᠷᠣᠨ ᠤ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ  ᠤᠯᠤᠰ ᠤᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠡᠯ ᠤᠨ ᠬᠠᠮᠢᠶᠠᠷᠤᠯᠳᠠ ᠶᠢᠨ  ᠲᠤᠭᠳᠠᠭᠠᠯ ᠢᠶᠠᠷ ᠭᠦᠢᠴᠡᠳᠭᠡᠬᠦ ᠬᠡᠷᠡᠭᠳᠡᠢ᠃     ᠠᠷᠪᠠᠨ ᠲᠦᠷᠪᠡᠳᠦᠭᠡᠷ ᠵᠦᠢᠯ   ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ ᠠᠷᠠᠳ ᠤᠨ  ᠵᠦᠪᠯᠡᠯ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ  ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ᠃     ᠠᠷᠪᠠᠨ ᠲᠠᠪᠤᠳᠤᠭᠠᠷ ᠵᠦᠢᠯ  ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠢ  ᠨᠡᠷᠡᠶᠢᠳᠬᠦ᠂ ᠬᠠᠯᠠᠬᠤ  ᠳᠤ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ︔ ᠵᠠᠰᠠᠭ ᠵᠠᠬᠢᠷᠭᠠᠨ ᠤ ᠣᠷᠣᠨ ᠠᠯᠣᠰᠯᠠᠵᠤ ᠪᠠᠶᠢᠬᠤ ᠪᠣᠯ ᠬᠠᠮᠳᠤ ᠶᠢᠨ  ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ᠃     ᠠᠷᠪᠠᠨ ᠵᠢᠷᠭᠤᠳᠤᠭᠠᠷ ᠵᠦᠢᠯ    ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ ᠢ ᠨᠡᠷᠡᠶᠢᠳᠬᠦ᠂ ᠬᠠᠯᠠᠬᠤ   ᠳᠤ᠂ ᠲᠤᠭᠤᠷᠢᠭ ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶  ᠤ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠭᠤᠶᠤᠴᠢᠯᠠᠯ ᠭᠠᠷᠭᠠᠵᠤ᠂ ᠲᠤᠰ ᠱᠠᠳᠤᠨ ᠤ  ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠣᠨ ᠵᠦᠪᠰᠢᠶᠡᠷᠡᠭᠦᠯᠬᠦ ᠬᠡᠷᠡᠭᠳᠡᠢ᠃      ᠠᠷᠪᠠᠨ ᠲᠤᠯᠤᠳᠤᠭᠠᠷ ᠵᠦᠢᠯ   ᠬᠦᠷᠢᠶ᠎ᠡ᠂ ᠠᠰᠠᠷ᠂ ᠡᠭᠦᠳᠡᠨ ᠨᠤᠮᠧᠷ ᠢ ᠨᠤᠮᠧᠷᠯᠠᠬᠤ ᠳᠤ᠂ ᠲᠤᠭᠤᠷᠢᠭ  ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶  ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ  ᠶᠠᠪᠤᠳᠠᠯ ᠤᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠬᠤ ᠬᠡᠷᠡᠭᠳᠡᠢ᠃      ᠠᠷᠪᠠᠨ ᠨᠠᠢᠮᠠᠳᠤᠭᠠᠷ ᠵᠦᠢᠯ   ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ  ᠳᠤ᠂ ᠬᠤᠯᠪᠤᠭᠳᠠᠯ  ᠪᠦᠬᠦᠢ ᠰᠠᠯᠠᠭ᠎ᠠ ᠮᠦᠴᠢᠷ᠂ ᠲᠤᠰᠬᠠᠢ ᠮᠡᠷᠭᠡᠵᠢᠯᠳᠡᠨ ᠪᠠ ᠤᠯᠠᠨ ᠨᠡᠶᠢᠳᠡ ᠶᠢᠨ ᠰᠠᠨᠠᠯ ᠢ ᠬᠤᠷᠢᠶᠠᠵᠤ᠂ ᠴᠢᠬᠤᠯᠠ ᠲᠠᠢ  ᠦᠶᠡᠰ ᠲᠤ ᠭᠡᠷᠡᠴᠢᠯᠡᠭᠡ ᠰᠤᠨᠤᠰᠬᠤ ᠬᠤᠷᠠᠯ ᠬᠤᠷᠠᠯᠳᠤᠭᠤᠯᠬᠤ ᠬᠡᠷᠡᠭᠳᠡᠢ᠃ ᠴᠢᠬᠤᠯᠠ ᠴᠢᠬᠤᠯᠠ ᠭᠠᠵᠠᠷ ᠤᠨ  ᠨᠡᠷᠡᠶᠢᠳᠦᠯ ᠢ ᠨᠡᠷᠡᠶᠢᠳᠬᠦ᠂ ᠬᠠᠯᠠᠬᠤ  ᠳᠤ᠂ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠲᠠᠮᠵᠢᠨ ᠨᠡᠶᠢᠭᠡᠮ ᠨᠡᠶᠢᠳᠡ   ᠠᠴᠠ ᠢᠯᠡ ᠪᠠᠷ ᠰᠠᠨᠠᠯ ᠬᠤᠷᠢᠶᠠᠬᠤ ᠬᠡᠷᠡᠭᠳᠡᠢ᠃      ᠠᠷᠪᠠ ᠶᠢᠰᠦᠳᠦᠭᠡᠷ ᠵᠦᠢᠯ   ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ   ᠪᠠᠷ ᠭᠤᠶᠤᠴᠢᠯᠠᠭᠰᠠᠨ  ᠮᠠᠲ᠋ᠧᠷᠢᠶᠠᠯ ᠳᠤ᠂ ᠲᠤᠤᠷᠠᠬᠢ ᠠᠭᠤᠯᠭ᠎ᠠ ᠶᠢ ᠪᠠᠭᠳᠠᠭᠠᠬᠤ ᠬᠡᠷᠡᠭᠲᠡᠢ᠄      ︵ᠨᠢᠭᠡ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ︔      ︵ᠬᠤᠶᠠᠷ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ ᠤᠨ ᠪᠤᠳᠠᠳᠤ ᠴᠤᠭᠴᠠ ᠶᠢᠨ  ᠲᠦᠷᠦᠯ ᠢᠯᠭᠠᠯ᠂ ᠤᠷᠤᠨ ᠪᠠᠶᠢᠷᠢ᠂ ᠬᠦᠷᠢᠶ᠎ᠡ ᠬᠡᠪᠴᠢᠶ᠎ᠡ  ︔      ︵ᠭᠤᠷᠪᠠ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ ᠳᠤ ᠬᠡᠷᠡᠭᠯᠡᠬᠦ ᠬᠡᠯᠡᠨ ᠤ  ᠲᠦᠷᠦᠯ ᠂ ᠠᠭᠤᠯᠤᠭᠳᠠᠬᠤᠨ᠂ ᠢᠷᠡᠯᠳᠡ ᠵᠢᠴᠢ ᠨᠡᠷᠡᠶᠢᠳᠬᠦ᠂ ᠬᠠᠯᠠᠬᠤ ᠶᠢᠨ ᠤᠴᠢᠷ ᠰᠢᠯᠳᠠᠭᠠᠨ︔     ︵ᠳᠦᠷᠪᠡ︶ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠪᠠ ᠬᠠᠮᠢᠶ᠎ᠠ ᠪᠦᠬᠦᠢ ᠮᠠᠲ᠋ᠧᠷᠢᠶᠠᠯ᠃       ᠬᠤᠷᠢᠳᠤᠭᠠᠷ ᠵᠦᠢᠯ   ᠵᠦᠪᠰᠢᠶᠡᠷᠡᠬᠦ ᠪᠠᠶᠢᠭᠤᠯᠭ᠎ᠠ ᠨᠢ ᠭᠠᠵᠠᠷ ᠤᠨ ᠨᠡᠷᠡᠶᠢᠳᠦᠯ ᠢ ᠨᠡᠷᠡᠶᠢᠳᠬᠦ᠂  ᠬᠠᠯᠠᠬᠤ  ᠭᠤᠶᠤᠴᠢᠯᠠᠯ  ᠢ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠵᠤ ᠬᠤᠷᠢᠨ ᠡᠳᠦᠷ ᠤᠨ ᠲᠤᠳᠤᠷ᠎ᠠ ᠰᠢᠢᠳᠪᠦᠷᠢ  ᠭᠠᠷᠭᠠᠬᠤ ᠬᠡᠷᠡᠭᠳᠡᠢ᠃     ᠬᠤᠷᠢᠨ ᠨᠢᠭᠡᠳᠦᠭᠡᠷ ᠵᠦᠢᠯ  ᠵᠦᠪᠰᠢᠶᠡᠷᠡᠭᠳᠡᠭᠰᠡᠨ ᠭᠠᠵᠠᠷ ᠤᠨ ᠨᠡᠷᠡᠶᠢᠳᠦᠯ ᠢ ᠵᠦᠪᠰᠢᠶᠡᠷᠡᠭᠰᠡᠨ ᠪᠠᠶᠢᠭᠤᠯᠭ᠎ᠠ   ᠶᠢᠨ ᠵᠦᠪᠰᠢᠶᠡᠷᠡᠭᠰᠡᠨ ᠡᠳᠦᠷ ᠠᠴᠠ ᠡᠬᠢᠯᠡᠵᠤ ᠭᠤᠴᠢᠨ ᠡᠳᠦᠷ ᠤᠨ ᠲᠤᠳᠤᠷ᠎ᠠ᠂ ᠲᠡᠭᠡᠷ᠎ᠡ ᠨᠢᠭᠡ ᠱᠠᠳᠤᠨ ᠤ  ᠠᠷᠠᠳ ᠤᠨ ᠵᠠᠰᠠᠭ  ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠲᠠᠩᠰᠠᠯᠠᠭᠤᠯᠬᠤ ᠶᠢᠨ  ᠬᠠᠮᠳᠤ᠂ ᠨᠡᠶᠢᠭᠡᠮ ᠳᠤ ᠨᠡᠶᠢᠳᠡᠯᠡᠬᠦ ᠬᠡᠷᠡᠭᠳᠡᠢ᠃    ᠬᠤᠷᠢᠨ ᠬᠤᠶᠠᠳᠤᠭᠠᠷ ᠵᠦᠢᠯ    ᠵᠠᠰᠠᠭ ᠵᠠᠬᠢᠷᠭᠠᠨ ᠤ  ᠣᠷᠣᠨ ᠤ ᠬᠤᠪᠢᠶᠠᠷᠢᠯᠡᠯ ᠤᠨ ᠲᠤᠬᠢᠷᠠᠭᠤᠯᠤᠯᠳᠠ᠂ ᠬᠤᠳᠠ ᠬᠦᠳᠡᠭᠡ   ᠶᠢᠨ ᠪᠦᠳᠦᠭᠡᠨ ᠪᠠᠶᠢᠭᠤᠯᠣᠯᠳᠠ ᠶᠢᠨ ᠦᠭᠡᠷᠡᠴᠢᠯᠡᠯ ᠪᠣᠶᠣ ᠪᠠᠶᠢᠭᠠᠯᠢ ᠶᠢᠨ ᠬᠤᠪᠢᠷᠠᠯᠳᠠ ᠵᠡᠷᠭᠡ  ᠰᠢᠯᠳᠠᠭᠠᠨ ᠠᠴᠠ ᠪᠤᠯᠤᠭᠠᠳ ᠤᠤᠯ ᠤᠨ ᠨᠡᠷᠡᠶᠢᠳᠴᠦ ᠪᠠᠶᠢᠭᠰᠠᠨ ᠭᠠᠵᠠᠷ ᠵᠦᠢ ᠶᠢᠨ ᠪᠤᠳᠠᠳᠤ ᠴᠤᠭᠴᠠ ᠨᠢ  ᠤᠰᠠᠳᠤᠭᠰᠠᠨ ᠭᠠᠵᠠᠷ ᠤᠨ ᠨᠡᠷᠡᠶᠢᠳᠦᠯ ᠢ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠴᠠᠭ ᠲᠤᠬᠠᠢ  ᠳᠤᠨᠢ  ᠬᠠᠤᠯᠢ ᠶᠤᠰᠤᠭᠠᠷ ᠬᠦᠴᠦᠨ ᠦᠭᠡᠢ ᠪᠤᠯᠭᠠᠬᠤ ᠶᠢᠨ ᠬᠠᠮᠳᠤ ᠨᠡᠶᠢᠭᠡᠮ ᠳᠤ ᠨᠡᠶᠢᠳᠡᠯᠡᠬᠦ  ᠬᠡᠷᠡᠭᠳᠡᠢ᠃       ᠭᠤᠷᠪᠠᠳᠤᠭᠠᠷ ᠪᠦᠯᠦᠭ    ᠪᠠᠷᠢᠮᠵᠢᠶᠠᠯᠠᠭᠰᠠᠨ ᠭᠠᠵᠠᠷ  ᠤᠨ ᠨᠡᠷᠡᠶᠢᠳᠦᠯ ᠤᠨ   ᠬᠡᠷᠡᠭᠯᠡᠯᠳᠡ ᠪᠠ ᠬᠠᠮᠢᠶᠠᠷᠤᠯᠳᠠ      ᠬᠤᠷᠢᠨ ᠭᠤᠷᠪᠠᠳᠤᠭᠠᠷ ᠵᠦᠢᠯ    ᠲᠤᠤᠷᠠᠬᠢ ᠪᠠᠶᠢᠳᠠᠯ ᠲᠠᠢ ᠪᠣᠯ ᠪᠠᠷᠢᠮᠵᠢᠶᠠᠯᠠᠭᠰᠠᠨ ᠭᠠᠵᠠᠷ ᠤᠨ  ᠨᠡᠷᠡᠶᠢᠳᠦᠯ ᠢ ᠬᠡᠷᠡᠭᠯᠡᠬᠦ ᠬᠡᠷᠡᠭᠳᠡᠢ᠄     ︵ᠨᠢᠭᠡ︶ ᠲᠦᠷᠦ ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ  ᠪᠤᠰᠤᠳ ᠵᠤᠬᠢᠶᠠᠨ ᠪᠠᠶᠢᠭᠤᠯᠤᠯᠳᠠ ᠶᠢᠨ ᠠᠯᠪᠠᠨ ᠵᠠᠷ᠂ ᠪᠢᠴᠢᠭ ᠮᠠᠲ᠋ᠧᠷᠢᠶᠠᠯ ᠵᠡᠷᠭᠡ︔     ︵ᠬᠤᠶᠠᠷ︶ ᠤᠯᠠᠨ ᠨᠡᠶᠢᠳᠡ ᠶᠢᠨ ᠲᠠᠯᠠᠪᠤᠷ ᠲᠤ ᠪᠠᠶᠢᠷᠢᠯᠠᠭᠤᠯᠵᠤ ᠲᠤᠬᠢᠷᠠᠭᠤᠯᠤᠭᠰᠠᠨ ᠭᠠᠵᠠᠷ ᠤᠨ  ᠨᠡᠷᠡᠶᠢᠳᠦᠯ ᠤᠨ ᠲᠡᠮᠳᠡᠭ᠂ ᠵᠠᠮ ᠬᠠᠷᠢᠯᠴᠠᠭᠠᠨ ᠤ ᠲᠡᠮᠳᠡᠭ᠂ ᠵᠠᠷ ᠮᠡᠳᠡᠭᠡ ᠵᠡᠷᠭᠡ︔     ︵ᠭᠤᠷᠪᠠ︶ ᠤᠯᠠᠨ ᠨᠡᠶᠢᠳᠡ ᠶᠢᠨ ᠵᠠᠭᠤᠴᠢᠯᠠᠭᠤᠷ ᠤᠨ ᠬᠢᠨ ᠤ ᠨᠡᠶᠢᠳᠡᠯᠡᠭᠰᠡᠨ ᠮᠡᠳᠡᠭᠡ ᠵᠠᠩᠭᠢ︔     ︵ᠳᠦᠷᠪᠡ︶ ᠢᠯᠡ ᠪᠠᠷ ᠬᠡᠪᠯᠡᠭᠰᠡᠨ ᠭᠠᠵᠠᠷ ᠤᠨ ᠵᠢᠷᠤᠭ᠂ ᠵᠢᠭᠠᠬᠤ ᠮᠠᠲ᠋ᠧᠷᠢᠶᠠᠯ᠂ ᠲᠣᠯᠢ ᠪᠢᠴᠢᠭ ᠵᠡᠷᠭᠡ︔     ︵ᠲᠠᠪᠤ︶ ᠬᠠᠤᠯᠢ ᠴᠠᠭᠠᠵᠠ ᠶᠢᠨ ᠪᠢᠴᠢᠭ ᠬᠠᠷ᠎ᠠ᠂ ᠪᠡᠶ᠎ᠡ ᠶᠢᠨ ᠦᠨᠡᠮᠯᠡᠯ ᠭᠡᠷᠡᠴᠢ ᠵᠡᠷᠭᠡ︔     ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠳᠠᠭᠠᠯ ᠳᠤ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ  ᠬᠡᠷᠡᠭᠯᠡᠬᠦ ᠬᠡᠷᠡᠭᠲᠡᠢ ᠬᠡᠮᠡᠨ ᠲᠣᠭᠲᠠᠭᠠᠭᠰᠠᠨ ᠪᠤᠰᠤᠳ ᠪᠠᠶᠢᠳᠠᠯ︔     ᠬᠤᠷᠢᠨ ᠲᠦᠷᠪᠡᠳᠦᠭᠡᠷ ᠵᠦᠢᠯ   ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠨᠢ ᠡᠩ ᠤᠨ ᠪᠠᠶᠢᠳᠠᠯ ᠳᠤ  ᠲᠤᠰᠬᠠᠢ ᠨᠡᠷᠡᠶᠢᠳᠦᠯ ᠪᠠ ᠨᠡᠶᠢᠳᠡᠮ ᠬᠡᠷᠡᠭᠯᠡᠬᠦ ᠨᠡᠷᠡᠶᠢᠳᠦᠯ ᠭᠡᠵᠦ ᠬᠤᠶᠠᠷ ᠬᠡᠰᠡᠭ  ᠢᠶᠠᠷ ᠪᠦᠷᠢᠯᠳᠦᠵᠤ᠂ ᠮᠤᠩᠭᠤᠯ  ᠬᠢᠳᠠᠳ ᠬᠤᠶᠠᠷ ᠵᠦᠢᠯ ᠤᠨ ᠦᠰᠦᠭ ᠪᠢᠴᠢᠭ ᠵᠢᠴᠢ ᠬᠢᠳᠠᠳ ᠬᠡᠯᠡᠨ ᠤ ᠠᠪᠢᠶᠠᠨ ᠤ ᠦᠰᠦᠭ ᠢᠶᠠᠷ ᠪᠠᠷᠢᠮᠵᠢᠶ᠎ᠠ  ᠪᠤᠯᠭᠠᠵᠤ ᠪᠢᠴᠢᠭᠯᠡᠬᠦ ᠬᠡᠯᠪᠡᠷᠢ ᠶᠢ ᠠᠪᠬᠤ ᠬᠡᠷᠡᠭᠳᠡᠢ᠃      ︵ᠨᠢᠭᠡ︶  ᠭᠠᠵᠠᠷ ᠤᠨ ᠨᠡᠷᠡᠶᠢᠳᠦᠯ ᠤᠨ ᠬᠢᠳᠠᠳ ᠦᠰᠦᠭ ᠢ ᠤᠯᠤᠰ ᠠᠴᠠ ᠨᠡᠶᠢᠳᠡᠯᠡᠵᠣ  ᠲᠦᠷᠢᠮᠵᠢᠭᠦᠯᠦᠭᠰᠡᠨ ᠬᠢᠳᠠᠳ ᠦᠰᠦᠭ ᠢᠶᠠᠷ ᠪᠢᠴᠢᠭᠯᠡᠬᠦ ᠬᠡᠷᠡᠭᠳᠡᠢ︔      ︵ᠬᠤᠶᠠᠷ︶ ᠭᠠᠵᠠᠷ ᠤᠨ ᠨᠡᠷᠡᠶᠢᠳᠦᠯ ᠤᠨ ᠮᠤᠩᠭᠤᠯ ᠦᠰᠦᠭ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ  ᠤᠷᠤᠨ ᠳᠤ ᠨᠡᠶᠢᠳᠡᠮ ᠬᠡᠷᠡᠭᠯᠡᠵᠦ ᠪᠠᠶᠢᠭ᠎ᠠ ᠮᠤᠩᠭᠤᠯ ᠦᠭᠡ ᠬᠡᠯᠡ ᠦᠰᠦᠭ ᠪᠢᠴᠢᠭ ᠢᠶᠠᠷ ᠪᠢᠴᠢᠭᠯᠡᠬᠦ ᠬᠡᠷᠡᠭᠳᠡᠢ︔     ︵ᠭᠤᠷᠪᠠ︶  ᠮᠤᠩᠭᠤᠯ ᠭᠠᠵᠠᠷ ᠤᠨ ᠨᠡᠷᠡᠶᠢᠳᠦᠯ ᠢ ᠬᠢᠳᠠᠳ ᠦᠰᠦᠭ ᠢᠶᠠᠷ ᠤᠷᠴᠢᠭᠤᠯᠵᠤ ᠪᠢᠴᠢᠬᠦ ᠳᠡᠭᠡᠨ  ᠮᠤᠩᠭᠤᠯ ᠦᠭᠡ ᠬᠡᠯᠡ ᠦᠰᠦᠭ ᠪᠢᠴᠢᠭ ᠵᠢᠴᠢ ᠪᠠᠷᠢᠮᠵᠢᠶ᠎ᠠ ᠠᠪᠢᠶᠠᠨ ᠤ ᠰᠠᠭᠤᠷᠢᠨ ᠲᠡᠭᠡᠷ᠎ᠡ᠂ ᠬᠢᠳᠠᠳ ᠬᠡᠯᠡᠨ ᠤ  ᠨᠡᠶᠢᠲᠡᠯᠢᠭ ᠬᠡᠯᠡ ᠶᠢᠨ ᠲᠠᠭᠤᠳᠠᠯᠭ᠎ᠠ ᠶᠤᠰᠤᠭᠠᠷ ᠲᠦᠷᠢᠮᠵᠢᠭᠦᠯᠦᠭᠰᠡᠨ ᠬᠢᠳᠠᠳ ᠦᠰᠦᠭ   ᠢᠶᠠᠷ ᠤᠷᠴᠢᠭᠤᠯᠵᠤ  ᠪᠢᠴᠢᠭᠯᠡᠬᠦ ᠬᠡᠷᠡᠭᠳᠡᠢ︔      ︵ᠳᠦᠷᠪᠡ︶  ᠭᠠᠵᠠᠷ ᠤᠨ ᠨᠡᠷᠡᠶᠢᠳᠦᠯ ᠢ ᠠᠪᠢᠶᠠᠴᠢᠯᠠᠨ ᠪᠢᠴᠢᠬᠦ᠂ ᠪᠠᠭᠤᠯᠭᠠᠨ ᠪᠢᠴᠢᠬᠦ ᠳᠡᠭᠡᠨ ︽ᠲᠤᠮᠳᠠᠳᠤ  ᠤᠯᠤᠰ ᠤᠨ ᠭᠠᠵᠠᠷ ᠤᠨ ᠨᠡᠷᠡᠶᠢᠳᠦᠯ ᠤᠨ ᠬᠢᠳᠠᠳ ᠬᠡᠯᠡᠨ ᠤ ᠠᠪᠢᠶᠠᠨ ᠤ ᠦᠰᠦᠭ ᠤᠨ ᠠᠪᠢᠶᠠᠴᠢᠯᠠᠨ ᠪᠢᠴᠢᠬᠦ  ᠲᠦᠷᠢᠮ ︵ᠬᠢᠳᠠᠳ ᠬᠡᠯᠡᠨ ᠤ ᠭᠠᠵᠠᠷ ᠤᠨ ᠨᠡᠷᠡᠶᠢᠳᠦᠯ ᠤᠨ ᠬᠡᠰᠡᠭ︶︾ ᠪᠤᠯᠤᠨ ︽ᠴᠦᠬᠡᠨ ᠲᠤᠭᠠᠳᠤ  ᠦᠨᠳᠦᠰᠦᠳᠡᠨ ᠤ ᠬᠡᠯᠡᠨ ᠤ ᠭᠠᠵᠠᠷ ᠤᠨ ᠨᠡᠷᠡᠶᠢᠳᠦᠯ ᠢ ᠬᠢᠳᠠᠳ‌‍ᠬᠡᠯᠡᠨ ᠤ ᠠᠪᠢᠶᠠᠨ ᠤ ᠦᠰᠦᠭ ᠢᠶᠠᠷ ᠠᠪᠢᠶᠠᠴᠢᠯᠠᠨ  ᠤᠷᠴᠢᠭᠤᠯᠵᠤ ᠪᠠᠭᠤᠯᠭᠠᠨ ᠪᠢᠴᠢᠬᠦ ᠠᠷᠭ᠎ᠠ︾ ᠶᠢ ᠵᠢᠷᠤᠮᠯᠠᠬᠤ ᠬᠡᠷᠡᠭᠳᠡᠢ᠃       ᠲᠦᠷᠪᠡᠳᠤᠭᠡᠷ ᠪᠦᠯᠦᠭ    ᠭᠠᠵᠠᠷ ᠤᠨ ᠨᠡᠷᠡᠶᠢᠳᠦᠯ ᠤᠨ ᠲᠡᠮᠳᠡᠭ ᠤᠨ   ᠪᠠᠶᠢᠷᠢᠯᠠᠭᠤᠯᠤᠯᠳᠠ ᠪᠠ ᠬᠠᠮᠢᠶᠠᠷᠤᠯᠳᠠ        ᠬᠤᠷᠢᠨ ᠲᠠᠪᠤᠳᠤᠭᠠᠷ ᠵᠦᠢᠯ    ᠵᠠᠰᠠᠭ ᠵᠠᠬᠢᠷᠭᠠᠨ ᠤ ᠣᠷᠣᠨ ᠤ ᠵᠠᠬ᠎ᠠ ᠵᠠᠭᠠᠭ ᠤᠨ ᠪᠠᠶᠢᠷᠢ᠂ ᠵᠡᠭᠡᠯᠢ᠂ ᠵᠠᠮ᠂  ᠭᠤᠳᠤᠮᠵᠢ᠂ ᠬᠦᠷᠢᠶ᠎ᠡ ︵ᠬᠤᠷᠢᠶ᠎ᠠ︶᠂ ᠠᠰᠠᠷ᠂ ᠡᠭᠦᠳᠡ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ  ᠲᠤᠭᠤᠷᠢᠭ᠂ ᠴᠡᠴᠡᠷᠯᠢᠭ᠂ ᠠᠭᠤᠳᠠᠮ ᠲᠠᠯᠠᠪᠠᠢ᠂ ᠭᠠᠵᠠᠷ ᠤᠨ ᠨᠡᠷᠡᠶᠢᠳᠦᠯ ᠤᠨ ᠤᠳᠬ᠎ᠠ ᠲᠠᠢ ᠵᠠᠮ ᠬᠠᠷᠢᠯᠴᠠᠭ᠎ᠠ  ᠲᠡᠭᠡᠭᠡᠪᠦᠷᠢ᠂ ᠤᠰᠤᠨ ᠠᠰᠢᠭᠯᠠᠯᠳᠠ᠂ ᠴᠠᠬᠢᠯᠭᠠᠨ ᠬᠦᠴᠦᠨ ᠤ ᠪᠡᠯᠡᠳᠭᠡᠮᠵᠢ ᠵᠢᠴᠢ ᠴᠢᠬᠤᠯᠠ ᠪᠤᠯᠬᠤ ᠪᠠᠶᠢᠭᠠᠯᠢ ᠶᠢᠨ  ᠭᠠᠵᠠᠷ ᠵᠦᠢ ᠶᠢᠨ ᠪᠤᠳᠠᠳᠤ ᠴᠤᠭᠴᠠ ᠵᠡᠷᠭᠡ ᠭᠠᠵᠠᠷ ᠤᠳ ᠲᠤ ᠭᠠᠵᠠᠷ ᠤᠨ ᠨᠡᠷᠡᠶᠢᠳᠦᠯ ᠤᠨ ᠲᠡᠮᠳᠡᠭ ᠪᠤᠰᠬᠠᠬᠤ  ᠬᠡᠷᠡᠭᠳᠡᠢ᠃      ᠬᠤᠷᠢᠨ ᠵᠢᠷᠭᠤᠳᠤᠭᠠᠷ ᠵᠦᠢᠯ    ᠭᠠᠵᠠᠷ ᠤᠨ ᠨᠡᠷᠡᠶᠢᠳᠦᠯ ᠤᠨ ᠲᠡᠮᠳᠡᠭ ᠢ ᠦᠢᠯᠡᠳᠴᠦ ᠵᠤᠬᠢᠶᠠᠬᠤ᠂  ᠪᠠᠶᠢᠷᠢᠯᠠᠭᠤᠯᠵᠤ ᠲᠤᠬᠢᠷᠠᠭᠤᠯᠬᠤ ᠳᠠᠭᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠪᠠᠷᠢᠮᠵᠢᠶ᠎ᠠ ᠳᠤ ᠨᠡᠶᠢᠴᠡᠭᠦᠯᠭᠦ  ᠬᠡᠷᠡᠭᠳᠡᠢ᠃      ᠭᠠᠵᠠᠷ ᠤᠨ ᠨᠡᠷᠡᠶᠢᠳᠦᠯ ᠤᠨ ᠲᠡᠮᠳᠡᠭ ᠲᠤ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠬᠡᠷᠡᠭᠯᠡᠬᠦ ᠭᠡᠷᠡᠭᠳᠡᠢ᠃      ᠬᠤᠷᠢᠨ ᠲᠤᠯᠤᠳᠤᠭᠠᠷ ᠵᠦᠢᠯ    ᠭᠠᠵᠠᠷ ᠤᠨ ᠨᠡᠷᠡᠶᠢᠳᠦᠯ ᠤᠨ ᠲᠡᠮᠳᠡᠭ ᠤᠨ ᠪᠠᠶᠢᠷᠢᠯᠠᠭᠤᠯᠤᠯᠲᠠ᠃     ︵ᠨᠢᠭᠡ︶  ᠵᠠᠰᠠᠭ ᠵᠠᠬᠢᠷᠭᠠᠨ ᠤ ᠣᠷᠣᠨ ᠤ ᠵᠠᠬ᠎ᠠ ᠵᠠᠭᠠᠭ ᠤᠨ ᠪᠠᠶᠢᠷᠢ᠂ ᠵᠡᠭᠡᠯᠢ᠂ ᠵᠠᠮ᠂ ᠭᠤᠳᠤᠮᠵᠢ᠂  ᠬᠦᠷᠢᠶ᠎ᠡ᠂ ᠠᠰᠠᠷ  ᠂ ᠡᠭᠦᠳᠡ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ ᠲᠤᠭᠤᠷᠢᠭ᠂ ᠲᠤᠰᠬᠠᠢ ᠲᠤᠭᠤᠷᠢᠭ᠂ ᠴᠢᠬᠤᠯᠠ ᠪᠤᠯᠬᠤ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠭᠠᠵᠠᠷ ᠤᠨ ᠨᠡᠷᠡᠶᠢᠳᠦᠯ ᠤᠨ  ᠲᠡᠮᠳᠡᠭ ᠢ ᠪᠣᠯ ᠲᠤᠭᠤᠷᠢᠭ ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶ ᠤ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠷᠢᠭᠤᠴᠠᠨ᠎ᠠ︔       ︵ᠬᠤᠶᠠᠷ︶  ᠲᠠᠷᠢᠶᠠᠯᠠᠬᠤ ᠮᠠᠯᠵᠢᠬᠤ ᠤᠷᠤᠨ ᠤ ᠭᠠᠵᠠᠷ ᠤᠨ ᠨᠡᠷᠡᠶᠢᠳᠦᠯ ᠤᠨ ᠲᠡᠮᠳᠡᠭ ᠢ ᠪᠣᠯ ᠰᠤᠮᠤ  ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︔     ︵ᠭᠤᠷᠪᠠ︶  ᠪᠤᠰᠤᠳ ᠭᠠᠵᠠᠷ ᠤᠨ ᠨᠡᠷᠡᠶᠢᠳᠦᠯ ᠤᠨ ᠲᠡᠮᠳᠡᠭ ᠢ ᠪᠣᠯ ᠬᠤᠯᠪᠤᠭᠳᠠᠯ ᠪᠦᠬᠦᠢ ᠲᠤᠰᠬᠠᠢ  ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠶᠣ ᠲᠤᠰᠬᠠᠢ ᠪᠡᠯᠡᠳᠭᠡᠮᠵᠢ ᠶᠢ ᠪᠦᠳᠦᠭᠡᠨ ᠪᠠᠶᠢᠭᠤᠯᠤᠭᠰᠠᠨ᠂  ᠡᠵᠡᠩᠨᠡᠨ ᠬᠠᠮᠢᠶᠠᠷᠴᠤ ᠪᠠᠶᠢᠭ᠎ᠠ ᠨᠢᠭᠡᠴᠡ ᠠᠴᠠ ᠬᠠᠷᠢᠭᠤᠴᠠᠨ᠎ᠠ᠃     ᠬᠤᠷᠢᠨ ᠨᠠᠢᠮᠠᠳᠤᠭᠠᠷ ᠵᠦᠢᠯ    ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠭᠠᠵᠠᠷ ᠤᠨ ᠨᠡᠷᠡᠶᠢᠳᠦᠯ ᠤᠨ  ᠲᠡᠮᠳᠡᠭ ᠢ ᠲᠤᠷ᠎ᠠ ᠲᠠᠪᠠ ᠪᠠᠷ ᠢᠶᠠᠨ ᠰᠢᠯᠵᠢᠭᠦᠯᠬᠦ᠂ ᠪᠠᠯᠯᠠᠨ ᠦᠭᠡᠷᠡᠴᠢᠯᠡᠬᠦ᠂ ᠡᠪᠳᠡᠯᠬᠦ᠂ ᠪᠤᠵᠠᠷᠳᠠᠭᠤᠯᠬᠤ ᠪᠠ  ᠬᠠᠯᠬᠠᠯᠠᠵᠤ ᠪᠤᠯᠬᠤ ᠦᠭᠡᠢ᠃     ᠦᠨᠡᠨᠬᠦ ᠰᠢᠯᠵᠢᠭᠦᠯᠬᠦ ᠪᠣᠶᠣ ᠠᠪᠴᠤ ᠬᠠᠶᠠᠬᠤ ᠴᠢᠬᠤᠯᠠᠲᠠᠢ ᠪᠤᠯ ᠭᠠᠵᠠᠷ ᠤᠨ ᠨᠡᠷᠡᠶᠢᠳᠦᠯ ᠤᠨ ᠲᠡᠮᠳᠡᠭ ᠢ  ᠪᠠᠶᠢᠷᠢᠯᠠᠭᠤᠯᠵᠤ ᠲᠤᠬᠢᠷᠠᠭᠤᠯᠤᠭᠰᠠᠨ ᠨᠢᠭᠡᠴᠡ ᠶᠢᠨ ᠵᠦᠪᠰᠢᠶᠡᠷᠡᠯ ᠢ ᠤᠯᠬᠤ ᠬᠡᠷᠡᠭᠳᠡᠢ᠃     ᠲᠠᠪᠤᠳᠤᠭᠠᠷ ᠪᠦᠯᠦᠭ    ᠭᠠᠵᠠᠷ ᠤᠨ ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡ     ᠬᠤᠷᠢ ᠶᠢᠰᠦᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠤᠯᠤᠰ ᠤᠨ ᠬᠤᠯᠪᠤᠭᠳᠠᠯ ᠪᠦᠬᠦᠢ ᠲᠤᠭᠳᠠᠭᠠᠯ  ᠶᠤᠰᠤᠭᠠᠷ ᠲᠠᠩᠰᠠ‌ᠡᠪᠬᠡᠮᠡᠯ ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠲᠠᠩᠰᠠ ᠡᠪᠬᠡᠮᠡᠯ   ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂  ᠲᠦᠷᠦᠯ ᠬᠤᠪᠢᠶᠠᠬᠤ᠂ ᠲᠠᠩᠰᠠ ᠡᠪᠬᠡᠮᠡᠯ ᠳᠤ ᠤᠷᠤᠭᠤᠯᠬᠤ ᠪᠠ  ᠬᠠᠳᠠᠭᠠᠯᠠᠬᠤ ᠠᠵᠢᠯ ᠢᠶᠠᠨ ᠴᠢᠩᠭᠠᠳᠬᠠᠵᠤ᠂ ᠭᠠᠵᠠᠷ ᠤᠨ ᠨᠡᠷᠡᠶᠢᠳᠦᠯ ᠤᠨ ᠲᠠᠩᠰᠠ ᠡᠪᠬᠡᠮᠡᠯ ᠤᠨ ᠪᠦᠷᠢᠨ ᠪᠦᠳᠦᠨ᠂  ᠰᠢᠰᠲ᠋ᠧᠮ ᠲᠠᠢ᠂ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠬᠡᠷᠡᠭᠳᠡᠢ᠃     ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠩᠰᠠ ᠡᠪᠬᠡᠮᠡᠯ ᠤᠨ  ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠭᠠᠵᠠᠷ ᠤᠨ ᠨᠡᠷᠡᠶᠢᠳᠦᠯ ᠤᠨ ᠲᠠᠩᠰᠠ ᠡᠪᠬᠡᠮᠡᠯ ᠤᠨ ᠬᠠᠮᠢᠶᠠᠷᠣᠯᠳᠠ ᠶᠢᠨ  ᠠᠵᠢᠯ ᠢ ᠵᠢᠯᠤᠭᠤᠳᠬᠤ ᠪᠠ ᠬᠢᠨᠠᠯᠳᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃       ᠭᠤᠴᠢᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ  ᠤᠳ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠵᠠᠷ   ᠤᠨ ᠨᠡᠷᠡᠶᠢᠳᠦᠯ ᠤᠨ ᠳ᠋ᠠᠶᠢᠲ᠋ᠠ ᠬᠦᠮᠦᠷᠭᠡ ᠶᠢ ᠪᠠᠶᠢᠭᠤᠯᠵᠤ᠂ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠪᠠᠨ ᠴᠠᠭ  ᠲᠤᠬᠠᠢ ᠳᠤᠨᠢ ᠰᠢᠨᠡᠳᠭᠡᠵᠤ᠂ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠶᠢᠨ ᠦᠨᠡᠨ ᠪᠤᠳᠠᠳᠠᠢ᠂ ᠤᠨᠤᠪᠴᠢᠳᠠᠢ  ᠪᠠᠶᠢᠬᠤ ᠶᠢ ᠪᠠᠳᠤᠯᠠᠬᠤ ᠬᠡᠷᠡᠭᠳᠡᠢ᠃      ᠭᠤᠴᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠠᠵᠤ ᠠᠬᠤᠢ ᠨᠡᠶᠢᠭᠡᠮ ᠤᠨ ᠬᠦᠭᠵᠢᠯᠳᠡ ᠶᠢᠨ  ᠬᠡᠷᠡᠭᠴᠡᠭᠡ ᠶᠢ ᠦᠨᠳᠤᠰᠦᠯᠡᠵᠦ ᠪᠠᠶᠢᠭᠠᠳ ᠭᠠᠵᠠᠷ ᠤᠨ ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ  ᠰᠢᠰᠲ᠋ᠧᠮᠵᠢ ᠪᠠᠶᠢᠭᠤᠯᠬᠤ ᠶᠢᠨ ᠬᠠᠮᠳᠤ᠂ ᠨᠡᠶᠢᠭᠡᠮ ᠤᠨ ᠬᠢᠨ ᠳᠤ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠶᠢᠨ  ᠪᠠᠶᠢᠴᠠᠭᠠᠨ ᠯᠠᠪᠯᠠᠬᠤ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠬᠡᠷᠡᠭᠳᠡᠢ᠃      ᠭᠤᠴᠢᠨ ᠬᠤᠶᠠᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠠ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ  ᠰᠠᠯᠠᠭ᠎ᠠ ᠮᠦᠴᠢᠷ ᠤᠳ ᠭᠠᠵᠠᠷ ᠤᠨ ᠨᠡᠷᠡᠶᠢᠳᠦᠯ ᠲᠠᠢ ᠬᠤᠯᠪᠣᠭᠳᠠᠬᠤ ᠰᠠᠭᠤᠷᠢ ᠮᠡᠳᠡᠭᠡ ᠵᠠᠩᠬᠢ ᠪᠠᠨ ᠴᠠᠭ ᠲᠤᠬᠠᠢ   ᠳᠤᠨᠢ ᠬᠠᠷᠢᠯᠴᠠᠨ ᠨᠡᠪᠳᠡᠷᠡᠯᠴᠡᠵᠤ᠂ ᠡᠬᠢ ᠪᠠᠶᠠᠯᠢᠭ   ᠢᠶᠠᠨ ᠬᠠᠮᠳᠤ ᠪᠠᠷ ᠡᠳ᠋ᠯᠡᠬᠦ ᠶᠢ ᠪᠡᠶᠡᠯᠡᠭᠦᠯᠵᠦ᠂ ᠭᠠᠵᠠᠷ ᠤᠨ  ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡ ᠶᠢᠨ ᠦᠨᠳᠦᠰᠦᠨ ᠪᠦᠳᠦᠭᠡᠨ ᠪᠠᠶᠢᠭᠤᠯᠤᠯᠳᠠ ᠶᠢ ᠬᠠᠮᠳᠤ ᠪᠠᠷ  ᠰᠠᠶᠢᠳᠤᠷ ᠬᠢᠭᠦ ᠬᠡᠷᠡᠭᠳᠡᠢ᠃     ᠵᠢᠷᠭᠤᠳᠤᠭᠠᠷ ᠪᠦᠯᠦᠭ      ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠭᠤᠷᠪᠠᠳᠤᠭᠠᠷ ᠵᠦᠢᠯ    ᠲᠤᠰ ᠲᠤᠭᠳᠠᠭᠠᠯ ᠠᠴᠠ ᠵᠦᠷᠢᠴᠡᠭᠰᠡᠨ ᠲᠤᠤᠷᠠᠬᠢ  ᠦᠢᠯᠡ‌ᠠᠵᠢᠯᠯᠠᠭ᠎ᠠ ᠶᠢᠨ ᠨᠢᠭᠡ ᠨᠢ  ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ  ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ   ᠪᠠᠷ ᠵᠠᠷᠯᠢᠭᠳᠠᠬᠤ ᠬᠡᠷᠡᠭᠳᠡᠢ︔ ᠬᠤᠭᠤᠴᠠᠭ᠎ᠠ ᠨᠢ ᠬᠡᠲᠦᠷᠡᠭᠰᠡᠨ ᠪᠠᠶᠢᠳᠠᠯ᠎ᠠ  ᠵᠠᠯᠠᠷᠠᠭᠤᠯᠣᠭᠰᠡᠨ ᠦᠭᠡᠢ ᠪᠠᠶᠢᠪᠠᠯ  1000 ᠲᠦᠭᠦᠷᠢᠭ ᠢᠶᠠᠷ ᠲᠤᠷᠭᠠᠨ᠎ᠠ᠄     ︵ᠨᠢᠭᠡ︶ ᠵᠦᠪᠰᠢᠶᠡᠷᠡᠯ ᠤᠯᠤᠭᠰᠠᠨ ᠦᠭᠡᠢ ᠭᠠᠵᠠᠷ ᠤᠨ ᠨᠡᠷᠡᠶᠢᠳᠦᠯ ᠢ ᠢᠯᠡ ᠪᠠᠷ ᠬᠡᠷᠡᠭᠯᠡᠭᠰᠡᠨ︔     ︵ᠬᠤᠶᠠᠷ︶ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠤᠯᠤᠰ ᠤᠨ ᠲᠤᠭᠳᠠᠭᠠᠯ ᠶᠣᠰᠣᠭᠠᠷ ᠪᠢᠴᠢᠭᠯᠡᠵᠤ᠂ ᠤᠷᠴᠢᠭᠤᠯᠣᠨ ᠪᠢᠴᠢᠵᠤ᠂ ᠠᠪᠢᠶᠠᠴᠢᠯᠠᠨ ᠪᠢᠴᠢᠭᠰᠡᠨ ᠦᠭᠡᠢ  ︔              ︵ᠭᠤᠷᠪᠠ︶ ᠭᠠᠵᠠᠷ ᠤᠨ ᠨᠡᠷᠡᠶᠢᠳᠦᠯ ᠢ ᠲᠤᠷ᠎ᠠ ᠲᠠᠪᠠ ᠪᠠᠷ ᠢᠶᠠᠨ ᠨᠡᠷᠡᠶᠢᠳᠴᠤ  ᠬᠠᠯᠠᠭᠰᠠᠨ︔      ︵ᠳᠦᠷᠪᠡ︶ ᠭᠠᠳᠠᠭᠠᠳᠤ ᠶᠢᠨ ᠭᠠᠵᠠᠷ ᠤᠨ ᠨᠡᠷᠡᠶᠢᠳᠦᠯ᠂ ᠬᠦᠮᠦᠨ ᠤ ᠨᠡᠷ᠎ᠡ ᠪᠠᠷ ᠭᠠᠵᠠᠷ ᠢ ᠨᠡᠷᠡᠶᠢᠳᠦᠭᠰᠡᠨ︔     ︵ᠲᠠᠪᠤ︶ ᠭᠠᠵᠠᠷ ᠤᠨ ᠨᠡᠷᠡᠶᠢᠳᠦᠯ ᠤᠨ ᠲᠡᠮᠳᠡᠭ ᠢ ᠲᠤᠷ᠎ᠠ ᠲᠠᠪᠠ ᠪᠠᠷ ᠢᠶᠠᠨ ᠰᠢᠯᠵᠢᠭᠦᠯᠦᠭᠰᠡᠨ᠂ ᠪᠠᠯᠯᠠᠵᠤ  ᠦᠭᠡᠷᠡᠴᠢᠯᠡᠭᠰᠡᠨ᠂ ᠡᠪᠳᠡᠯᠡᠭᠰᠡᠨ᠂ ᠪᠤᠵᠠᠷᠳᠠᠭᠤᠯᠤᠭᠰᠠᠨ ᠪᠠ ᠬᠠᠯᠬᠠᠯᠠᠭᠰᠠᠨ  ᠃     ᠭᠤᠴᠢᠨ ᠲᠦᠷᠪᠡᠳᠦᠭᠡᠷ ᠵᠦᠢᠯ    ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ  ᠪᠦᠬᠦᠢ ᠰᠠᠯᠠᠭ᠎ᠠ ᠮᠦᠴᠢᠷ ᠤᠨ ᠠᠵᠢᠯᠳᠠᠳ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠠᠵᠢᠯ ᠤᠨ  ᠲᠤᠮᠳᠠ ᠪᠠᠨ ᠠᠯᠪᠠᠨ ᠲᠤᠰᠢᠶᠠᠯ ᠳᠤ  ᠠᠯᠮᠠᠶᠢᠷᠠᠨ ᠣᠰᠣᠯᠳᠣᠭᠰᠠᠨ᠂ ᠡᠷᠭᠡ ᠲᠤᠰᠢᠶᠠᠯ ᠢᠶᠠᠨ ᠲᠤᠷ᠎ᠠ ᠪᠠᠷ  ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ  ᠪᠦᠬᠦᠢ ᠭᠤᠤᠯ ᠬᠠᠮᠢᠶᠠᠷᠤᠭᠴᠢ ᠪᠠ ᠪᠣᠰᠣᠳ ᠰᠢᠭᠤᠳ ᠬᠠᠷᠢᠭᠤᠴᠠᠯᠭ᠎ᠠ ᠲᠠᠢ  ᠬᠦᠮᠦᠰ ᠲᠤ ᠬᠠᠤᠯᠢ ᠶᠤᠰᠤᠭᠠᠷ  ᠰᠢᠳᠭᠡᠯ ᠦᠭᠬᠦ ᠬᠡᠷᠡᠭᠳᠡᠢ᠃      ᠲᠤᠯᠤᠳᠤᠭᠠᠷ ᠪᠦᠯᠦᠭ      ᠳᠠᠭᠠᠯᠳᠤᠭᠤᠯᠤᠯ ᠳᠦᠷᠢᠮ      ᠭᠤᠴᠢᠨ ᠲᠠᠪᠤᠳᠤᠭᠠᠷ ᠵᠦᠢᠯ     ᠲᠤᠰ ᠲᠤᠭᠳᠠᠭᠠᠯ ᠳᠤ ᠬᠡᠯᠡᠵᠦ ᠪᠠᠶᠢᠭ᠎ᠠ ᠪᠠᠷᠢᠮᠵᠢᠶᠠᠯᠠᠭᠰᠠᠨ ᠭᠠᠵᠠᠷ ᠤᠨ  ᠨᠡᠷᠡᠶᠢᠳᠦᠯ ᠭᠡᠳᠡᠭ ᠨᠢ ᠬᠠᠤᠯᠢ ᠶᠤᠰᠤᠭᠠᠷ ᠨᠡᠷᠡᠶᠢᠳᠦᠭᠰᠡᠨ᠂ ᠬᠤᠪᠢᠷᠠᠭᠤᠯᠣᠭᠰᠡᠨ ᠭᠠᠵᠠᠷ ᠤᠨ ᠨᠡᠷᠡᠶᠢᠳᠦᠯ ᠪᠠ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ  ᠰᠠᠯᠠᠭ᠎ᠠ ᠮᠦᠴᠢᠷ ᠢᠶᠠᠷ ᠨᠤᠲᠠᠯᠠᠭᠤᠯᠭᠰᠠᠨ ᠪᠠᠶᠢᠬᠤ ᠶᠢᠨ ᠬᠠᠮᠳᠤ ᠨᠡᠶᠢᠲᠡᠯᠡᠨ ᠬᠡᠷᠡᠭᠯᠡᠵᠦ ᠪᠠᠶᠢᠭ᠎ᠠ ᠤᠳᠤᠬᠢ  ᠭᠠᠵᠠᠷ ᠤᠨ ᠨᠡᠷᠡᠶᠢᠳᠦᠯ ᠢ ᠵᠢᠭᠠᠵᠤ ᠪᠠᠶᠢᠨ᠎ᠠ᠃      ᠭᠤᠴᠢᠨ ᠵᠢᠷᠭᠤᠳᠤᠭᠠᠷ ᠵᠦᠢᠯ    ᠲᠤᠰ ᠲᠤᠭᠳᠠᠭᠠᠯ ᠢ 2015 ᠤᠨ ᠤ 1 ᠳ᠋ᠤᠭᠡᠷ ᠰᠠᠷ᠎ᠠ  ᠶᠢᠨ 1 ᠤ  ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠨ  ᠨᠡᠷᠡᠶᠢᠳᠦᠯ  ᠤᠨ ᠬᠠᠮᠢᠶᠠᠷᠤᠯᠳᠠ ᠶᠢᠨ ᠲᠤᠭᠳᠠᠭᠠᠯ︾ ︵ᠦᠪᠤᠷ ᠵᠠᠰᠠᠭ ᠲᠠᠷᠬᠠᠭᠠᠭᠰᠠᠨ ﹇1987﹈ 157 ᠳ᠋ᠤᠭᠠᠷ  ᠲᠤᠭᠠᠳᠤ ᠪᠢᠴᠢᠭ ᠮᠠᠲ᠋ᠧᠷᠢᠶᠠᠯ︶ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃        
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2