ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ
ᠨᠡᠶᠢᠲᠡᠯᠡᠭᠰᠡᠨ ᠴᠠᠭ᠄
2017/9/7
       ︵1986 ᠤᠨ ᠤ 6 ᠰᠠᠷ᠎ᠠ ᠶᠢᠨ 25 ᠡᠳᠦᠷ ᠤᠨ ᠵᠢᠷᠭᠤᠳᠣᠭᠠᠷ ᠬᠤᠭᠤᠴᠠᠭᠠᠨ ᠤ ᠪᠦᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ  ᠬᠤᠷᠠᠯᠳᠣᠭᠠᠨ ᠠᠴᠠ ᠪᠠᠳᠣᠯᠠᠪᠠ᠂ 1988 ᠤᠨ ᠤ 12 ᠰᠠᠷ᠎ᠡ ᠶᠢᠨ 29 ᠤ ᠡᠳᠦᠷ ᠤᠨ ᠲᠤᠯᠤᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠲᠠᠪᠤᠳᠤᠭᠠᠷ ᠬᠤᠷᠠᠯᠳᠤᠭᠠᠨ ᠤ  ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠭᠠᠵᠠᠷ  ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ︾ ᠢ ᠦᠨᠳᠦᠰᠦᠯᠡᠵᠦ ᠠᠩᠬ᠎ᠠ  ᠤᠳᠠᠭ᠎ᠠ ᠵᠠᠰᠠᠪᠠ᠂ 1998 ᠤᠨ ᠤ 8 ᠰᠠᠷ᠎ᠡ ᠶᠢᠨ 29 ᠤ ᠡᠳᠦᠷ ᠶᠢᠰᠦᠳᠦᠭᠡᠷ ᠬᠤᠭᠤᠴᠭᠠᠠᠨ ᠤ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠪᠡᠳᠦᠭᠡᠷ  ᠬᠤᠷᠠᠯᠳᠤᠭᠠᠨ ᠠᠴᠠ ᠵᠠᠰᠠᠪᠤᠷᠢ ᠤᠷᠤᠭᠤᠯᠪᠠ᠂ 2004 ᠤᠨ ᠤ 8 ᠰᠠᠷ᠎ᠡ ᠶᠢᠨ 28 ᠤ ᠡᠳᠦᠷ ᠤᠨ ᠠᠷᠪᠠᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠭᠳᠠᠭᠠᠯ  ︾ ᠢ ᠦᠨᠳᠦᠰᠦᠯᠡᠨ  ᠬᠤᠶᠠᠳᠡᠬᠢ ᠤᠳᠠᠭ᠎ᠠ ᠵᠠᠰᠠᠪᠠ︶               ᠭᠠᠷᠴᠠᠭ               ᠨᠢᠭᠡᠳᠦᠭᠡᠷ ᠪᠦᠯᠦᠭ  ᠶᠠᠷᠦᠩᠭᠡᠢ ᠲᠦᠷᠢᠮ               ᠬᠤᠶᠠᠳᠣᠭᠠᠷ ᠪᠦᠯᠦᠭ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ        ᠭᠤᠷᠪᠠᠳᠤᠭᠠᠷ ᠪᠦᠯᠦᠭ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ        ᠲᠦᠷᠪᠡᠳᠦᠭᠡᠷ ᠪᠦᠯᠦᠭ  ᠲᠠᠷᠢᠶᠠᠨ ᠭᠠᠵᠠᠷ ᠢ ᠬᠠᠮᠠᠭᠠᠯᠠᠬᠤ        ᠲᠠᠪᠤᠳᠤᠭᠠᠷ ᠪᠦᠯᠦᠭ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ        ᠵᠢᠷᠭᠤᠳᠤᠭᠠᠷ ᠪᠦᠯᠦᠭ  ᠬᠢᠨᠠᠯᠳᠠ ᠲᠠᠯᠪᠢᠵᠦ ᠪᠠᠶᠢᠴᠠᠭᠠᠬᠤ        ᠲᠤᠯᠤᠳᠤᠭᠠᠷ ᠪᠦᠯᠦᠭ  ᠬᠠᠤᠯᠢ ᠶᠢᠨ ᠬᠠᠷᠢᠭᠤᠴᠠᠯᠭ᠎ᠠ        ᠨᠠᠢᠮᠠᠳᠤᠭᠠᠷ ᠪᠦᠯᠦᠭ  ᠲᠠᠭᠠᠯᠳᠣᠭᠤᠯᠣᠭᠰᠠᠨ ᠲᠦᠷᠢᠮ      ᠨᠢᠭᠡᠳᠦᠭᠡᠷ ᠪᠦᠯᠦᠭ     ᠶᠠᠷᠦᠩᠭᠡᠢ ᠲᠦᠷᠢᠮ        ᠨᠢᠭᠡᠳᠦᠭᠡᠷ ᠵᠦᠢᠯ   ᠭᠠᠵᠠᠷ ᠰᠢᠷᠦᠢ ᠶᠢᠨ ᠬᠠᠮᠢᠶᠠᠷᠤᠯᠳᠠ ᠶᠢ ᠴᠢᠩᠭᠠᠳᠬᠠᠵᠦ᠂ ᠭᠠᠵᠠᠷ ᠰᠢᠷᠦᠢ ᠶᠢᠨ ᠨᠡᠶᠢᠭᠡᠮ  ᠵᠢᠷᠦᠮ ᠤᠨ ᠨᠡᠶᠢᠳᠡ ᠶᠢᠨ ᠦᠮᠴᠢᠯᠡᠯ ᠢ ᠬᠠᠮᠠᠭᠠᠯᠠᠨ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ  ᠨᠡᠭᠡᠭᠡᠨ ᠠᠰᠢᠭᠯᠠᠵᠦ᠂ ᠭᠠᠵᠠᠷ ᠰᠢᠷᠦᠢ ᠶᠢ ᠵᠦᠢ ᠵᠤᠬᠢᠰᠲᠠᠢ ᠪᠠᠷ ᠠᠰᠢᠭᠯᠠᠨ᠂ ᠲᠠᠷᠢᠶᠠᠨ ᠭᠠᠵᠠᠷ ᠢ ᠦᠨᠡᠨ ᠬᠦ  ᠬᠠᠮᠠᠭᠠᠯᠠᠵᠦ᠂ ᠨᠡᠶᠢᠭᠡᠮ ᠠᠵᠦ ᠠᠬᠤᠢ ᠶᠢᠨ ᠦᠷᠬᠦᠯᠵᠢᠯᠡᠬᠦ ᠬᠦᠭᠵᠢᠯᠳᠡ ᠶᠢ ᠠᠬᠢᠭᠤᠯᠬᠤ ᠶᠢᠨ ᠲᠦᠯᠦᠭᠡ᠂  ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃        ᠬᠤᠶᠠᠳᠣᠭᠠᠷ ᠵᠦᠢᠯ   ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠭᠠᠵᠠᠷ ᠰᠢᠷᠦᠢ ᠶᠢᠨ ᠨᠡᠶᠢᠭᠡᠮ  ᠵᠢᠷᠦᠮ ᠤᠨ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠠᠷᠠᠳ ᠨᠡᠶᠢᠳᠡ ᠶᠢᠨ ᠦᠮᠴᠢᠯᠡᠯ ᠪᠠ ᠬᠦᠳᠡᠯᠮᠦᠷᠢᠴᠢᠨ  ᠲᠦᠮᠡᠨ ᠤ ᠬᠠᠮᠳᠦ ᠶᠢᠨ ᠦᠮᠴᠢᠯᠡᠯ ᠢ ᠬᠡᠷᠡᠭᠵᠢᠬᠦᠯᠦᠨ᠎ᠡ᠃      ᠠᠷᠠᠳ ᠨᠡᠶᠢᠳᠡ ᠶᠢᠨ ᠦᠮᠴᠢᠯᠡᠯ᠂ ᠲᠤᠬᠠᠶᠢᠯᠠᠪᠠᠯ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ  ᠦᠮᠴᠢᠯᠡᠯ ᠤᠨ ᠡᠷᠭᠡ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠤᠯᠤᠰ ᠢ ᠲᠦᠯᠦᠭᠡᠯᠡᠨ ᠬᠡᠷᠡᠭᠵᠢᠬᠦᠯᠦᠨ᠎ᠡ᠃       ᠶᠠᠮᠠᠷᠪᠠ ᠨᠢᠭᠡᠴᠢ᠂ ᠬᠤᠪᠢ ᠬᠦᠮᠦᠨ ᠭᠠᠵᠠᠷ ᠰᠢᠷᠦᠢ ᠶᠢ ᠡᠵᠡᠯᠡᠵᠦ᠂ ᠮᠠᠶᠢᠮᠠᠶᠢᠯᠠᠬᠤ ᠪᠤᠶᠤ ᠪᠤᠰᠤᠳ ᠬᠡᠯᠪᠡᠷᠢ   ᠪᠠᠷ ᠬᠠᠣᠯᠢ ᠪᠣᠰᠣ ᠪᠠᠷ ᠰᠢᠯᠵᠢᠬᠦᠯᠦᠪ ᠦᠭᠴᠦ ᠪᠤᠯᠬᠤ ᠦᠭᠡᠢ᠃ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ  ᠶᠤᠰᠤᠭᠠᠷ ᠰᠢᠯᠵᠢᠬᠦᠯᠦᠨ ᠦᠭᠴᠦ ᠪᠤᠯᠤᠨ᠎ᠠ᠃       ᠤᠯᠤᠰ ᠠᠴᠠ ᠤᠯᠠᠨ ᠨᠡᠶᠢᠳᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠦᠯᠦᠭᠡ ᠭᠠᠵᠠᠷ ᠰᠢᠷᠦᠢ ᠶᠢ  ᠬᠠᠤᠯᠢ ᠶᠤᠰᠤᠭᠠᠷ ᠲᠠᠳᠠᠪᠤᠷᠢᠯᠠᠬᠤ ᠪᠤᠶᠤ ᠲᠠᠳᠠᠪᠤᠷᠢᠯᠠᠨ ᠬᠡᠷᠡᠭᠯᠡᠵᠦ ᠪᠤᠯᠬᠤ ᠪᠦᠭᠡᠳ ᠨᠦᠬᠦᠪᠦᠷᠢ ᠦᠭᠬᠦᠨ᠎ᠡ᠃       ᠤᠯᠤᠰ ᠠᠴᠠ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠦᠨ᠎ᠡ ᠲᠦᠯᠦᠪᠤᠷᠢ ᠲᠠᠢ ᠪᠠᠷ ᠬᠡᠷᠡᠭᠯᠡᠬᠦ  ᠲᠦᠷᠢᠮ ᠢ ᠬᠠᠤᠯᠢ ᠶᠤᠰᠤᠭᠠᠷ ᠬᠡᠷᠡᠭᠵᠢᠬᠦᠯᠦᠨ᠎ᠡ᠃ ᠭᠡᠪᠡᠴᠦ ᠤᠯᠤᠰ ᠠᠴᠠ ᠬᠠᠤᠯᠢ ᠴᠠᠭᠠᠵᠠ ᠳᠤ ᠲᠤᠭᠳᠠᠭᠠᠭᠰᠠᠨ  ᠬᠡᠪᠴᠢᠶᠠᠨ ᠲᠤᠳᠤᠷ᠎ᠡ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ  ᠤᠯᠭᠤᠭᠰᠠᠨ ᠪᠠᠶᠢᠪᠠᠯ ᠡᠬᠦᠨ ᠳᠤ ᠪᠠᠭᠳᠠᠬᠤ ᠦᠭᠡᠢ᠃       ᠭᠤᠷᠪᠠᠳᠤᠭᠠᠷ ᠵᠦᠢᠯ  ᠭᠠᠵᠠᠷ ᠰᠢᠷᠦᠢ ᠶᠢ ᠲᠦᠢᠯ ᠢᠶᠠᠷ ᠨᠠᠨᠳᠢᠩᠨᠠᠵᠦ᠂ ᠵᠦᠢ ᠵᠤᠬᠢᠰᠲᠠᠢ ᠠᠰᠢᠭᠯᠠᠬᠤ ᠪᠠ  ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ ᠪᠤᠯ ᠮᠠᠨ ᠤ ᠤᠯᠤᠰ ᠤᠨ ᠦᠨᠳᠦᠰᠦᠨ ᠪᠤᠳᠤᠯᠭ᠎ᠠ ᠮᠦᠨ᠃ ᠡᠯ᠎ᠡ  ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ ᠬᠡᠮᠵᠢᠶ᠎ᠡ ᠠᠪᠴᠦ ᠪᠠᠶᠢᠭᠠᠳ ᠪᠦᠬᠦ ᠲᠠᠯ᠎ᠠ ᠪᠠᠷ  ᠲᠦᠯᠦᠪᠵᠢᠬᠦᠯᠦᠨ᠂ ᠴᠢᠩᠭ᠎ᠠ ᠬᠠᠮᠢᠶᠠᠷᠴᠦ᠂ ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠨ᠂ ᠨᠡᠭᠡᠭᠡᠨ  ᠠᠰᠢᠭᠯᠠᠵᠦ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠠᠵᠢᠯᠯᠠᠭ᠎ᠠ ᠶᠢ ᠬᠤᠷᠢᠭᠯᠠᠨ ᠵᠤᠭᠰᠤᠭᠠᠬᠤ  ᠬᠡᠷᠡᠭᠲᠠᠢ᠃       ᠲᠦᠷᠪᠡᠳᠦᠭᠡᠷ ᠵᠦᠢᠯ  ᠤᠯᠤᠰ ᠠᠴᠠ ᠭᠠᠵᠠᠷ ᠰᠢᠷᠦᠢ ᠶᠢᠨ ᠬᠡᠷᠡᠭᠯᠡᠯᠳᠡ ᠶᠢ ᠵᠠᠬᠢᠷᠤᠨ ᠬᠠᠮᠢᠶᠠᠷᠬᠤ ᠲᠦᠷᠢᠮ ᠢ  ᠬᠡᠷᠡᠭᠵᠢᠬᠦᠯᠦᠨ᠎ᠡ᠃      ᠤᠯᠤᠰ ᠠᠴᠠ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ᠂  ᠭᠠᠵᠠᠷ ᠰᠢᠷᠦᠢ ᠶᠢᠨ ᠬᠡᠷᠡᠭᠯᠡᠯᠳᠡ ᠶᠢ ᠲᠤᠭᠳᠠᠭᠠᠵᠦ᠂ ᠭᠠᠵᠠᠷ ᠰᠢᠷᠦᠢ ᠶᠢ ᠲᠡᠷᠢᠶᠠᠯᠠᠩ ᠳᠤ ᠬᠡᠷᠡᠭᠯᠡᠬᠦ ᠭᠠᠵᠠᠷ᠂  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠢ ᠭᠠᠵᠠᠷ ᠭᠡᠵᠦ ᠬᠤᠪᠢᠶᠠᠨ᠎ᠠ᠃ ᠲᠠᠷᠢᠶᠠᠯᠠᠩ ᠳᠤ  ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠢ ᠴᠢᠩᠭ᠎ᠠ  ᠬᠢᠵᠠᠭᠠᠷᠯᠠᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠵᠦ᠂  ᠲᠠᠷᠢᠶᠠᠨ ᠭᠠᠵᠠᠷ ᠲᠤ ᠤᠨᠴᠠᠭᠠᠢ ᠬᠠᠮᠠᠭᠠᠯᠠᠯᠳᠠ ᠶᠠᠪᠤᠭᠤᠯᠤᠨ᠎ᠠ᠃     ᠡᠮᠦᠨᠡᠬᠢ ᠪᠠᠳᠠᠭ ᠲᠤ ᠭᠡᠯᠡᠵᠦ ᠪᠠᠶᠢᠭ᠎ᠠ ᠲᠠᠷᠢᠶᠠᠯᠠᠩ ᠳᠤ ᠬᠡᠷᠡᠭᠯᠡᠬᠦ ᠭᠠᠵᠠᠷ ᠭᠡᠳᠡᠭ ᠨᠢ ᠲᠠᠷᠢᠶᠠᠨ ᠭᠠᠵᠠᠷ᠂  ᠰᠢᠭᠤᠶᠢᠳᠦ ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠤᠰᠤᠨ ᠠᠰᠢᠭᠯᠠᠯᠳᠠ ᠳᠤ ᠬᠡᠷᠡᠭᠯᠡᠬᠦ ᠭᠠᠵᠠᠷ᠂ ᠲᠡᠵᠢᠭᠡᠨ  ᠦᠷᠡᠵᠢᠬᠦᠯᠬᠦ ᠤᠰᠤᠨ ᠤ ᠭᠠᠳᠠᠷᠭᠤ ᠵᠡᠷᠭᠡ ᠶᠢ ᠪᠠᠭᠳᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ  ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠬᠡᠳᠡᠭ ᠨᠢ  ᠬᠤᠳᠠ ᠬᠦᠳᠡᠭᠡ ᠶᠢᠨ ᠤᠷᠤᠨ ᠰᠠᠭᠤᠴᠠ ᠪᠠ ᠨᠠᠶᠢᠳᠡ ᠶᠢᠨ ᠬᠡᠷᠡᠭᠯᠡᠬᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂  ᠦᠢᠯᠡᠳᠪᠦᠷᠢ ᠠᠭᠤᠷᠬᠠᠢ ᠳᠤ ᠬᠡᠷᠡᠭᠯᠡᠬᠦ ᠭᠠᠵᠠᠷ᠂ ᠵᠠᠮ ᠬᠠᠷᠢᠯᠴᠠᠭ᠎ᠠ ᠤᠰᠤᠨ ᠠᠰᠢᠭᠯᠠᠯᠳᠠ ᠶᠢᠨ ᠲᠦᠬᠦᠭᠡᠷᠦᠮᠵᠢ ᠳᠤ  ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠵᠤᠭᠠᠴᠠᠯ ᠳᠤ ᠬᠡᠷᠡᠭᠯᠡᠬᠦ ᠭᠠᠵᠠᠷ᠂ ᠴᠡᠷᠢᠭ ᠤᠨ ᠶᠠᠪᠤᠳᠠᠯ ᠤᠨ  ᠲᠦᠬᠦᠭᠡᠷᠦᠮᠵᠢ ᠳᠤ ᠬᠡᠷᠡᠭᠯᠡᠬᠦ ᠭᠠᠵᠠᠷ ᠵᠡᠷᠭᠡ ᠶᠢ ᠪᠠᠭᠳᠠᠭᠠᠭᠰᠠᠨ ᠪᠠᠷᠢᠯᠭ᠎ᠠ᠂ ᠪᠠᠷᠢᠯᠭ᠎ᠠ ᠶᠢᠨ ᠡᠳ᠋ ᠢ ᠪᠠᠶᠢᠭᠤᠯᠬᠤ ᠳᠤ  ᠬᠡᠷᠡᠭᠯᠡᠬᠦ ᠭᠠᠵᠠᠷ ᠰᠢᠷᠦᠢ ᠶᠢ ᠵᠢᠭᠠᠵᠦ ᠪᠠᠶᠢᠨ᠎ᠠ︔ ᠠᠰᠢᠭᠯᠠᠭᠠᠳᠦᠢ ᠭᠠᠵᠠᠷ ᠭᠡᠳᠡᠭ ᠨᠢ ᠲᠠᠷᠢᠶᠠᠯᠠᠩ ᠳᠤ ᠬᠡᠷᠡᠭᠯᠡᠬᠦ  ᠭᠠᠵᠠᠷ ᠪᠠ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠰᠢᠷᠦᠢ ᠶᠢ ᠵᠢᠭᠠᠵᠦ ᠪᠠᠶᠢᠨ᠎ᠠ᠃      ᠭᠠᠵᠠᠷ ᠰᠢᠷᠦᠢ ᠬᠡᠷᠡᠭᠯᠡᠬᠦ ᠨᠢᠭᠡᠴᠢ ᠪᠤᠯᠤᠨ ᠬᠤᠪᠢ ᠬᠦᠮᠦᠨ ᠡᠷᠭᠡᠪᠰᠢ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠶᠢ ᠴᠢᠩᠭ᠎ᠠ ᠵᠢᠷᠦᠮᠯᠠᠨ ᠭᠠᠵᠠᠷ ᠰᠢᠷᠦᠢ ᠶᠢ ᠬᠡᠷᠡᠭᠯᠡᠬᠦ  ᠬᠡᠷᠡᠭᠲᠠᠢ᠃     ᠲᠠᠪᠤᠳᠤᠭᠠᠷ ᠵᠦᠢᠯ  ᠲᠦᠷᠦ ᠶᠢᠨ ᠶᠠᠪᠤᠳᠠᠯ ᠤᠨ ᠬᠤᠷᠢᠶᠠᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ  ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠪᠦᠬᠦ ᠤᠯᠤᠰ ᠤᠨ ᠭᠠᠵᠠᠷ ᠰᠢᠷᠦᠢ ᠶᠢ ᠬᠠᠮᠢᠶᠠᠷᠴᠦ ᠬᠢᠨᠠᠬᠤ ᠠᠵᠢᠯ ᠢ  ᠨᠢᠭᠡᠳᠦᠯᠲᠠᠢ ᠬᠠᠷᠢᠭᠤᠴᠠᠨ᠎ᠠ᠃       ᠰᠢᠶᠠᠨ ᠤ ᠱᠠᠳᠤᠨ ᠠᠴᠠ ᠲᠡᠭᠡᠭᠰᠢᠬᠢ ᠣᠷᠣᠨ ᠨᠤᠳᠤᠭ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ ᠪᠠᠶᠢᠭᠤᠯᠬᠤ ᠵᠢᠴᠢ ᠲᠠᠬᠦᠨ ᠤ ᠲᠤᠰᠢᠶᠠᠯ  ᠬᠠᠷᠢᠭᠤᠴᠠᠯᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ  ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠲᠤᠭᠳᠠᠭᠠᠯ ᠢ  ᠦᠨᠳᠦᠰᠦᠯᠡᠨ ᠲᠤᠭᠳᠠᠭᠠᠨ᠎ᠠ᠃       ᠵᠢᠷᠭᠤᠳᠤᠭᠠᠷ ᠵᠦᠢᠯ  ᠶᠠᠮᠠᠷᠪᠠ ᠨᠢᠭᠡᠴᠢ᠂ ᠬᠤᠪᠢ ᠬᠦᠮᠦᠨ ᠴᠦᠮ ᠭᠠᠵᠠᠷ ᠰᠢᠷᠦᠢ ᠶᠢᠨ ᠬᠠᠮᠢᠶᠠᠷᠤᠯᠳᠠ ᠶᠢᠨ  ᠬᠠᠤᠯᠢ ᠴᠠᠭᠠᠵᠠ᠂ ᠬᠠᠤᠯᠢ ᠲᠦᠷᠢᠮ ᠢ ᠵᠢᠷᠦᠮᠯᠠᠨ ᠰᠠᠬᠢᠬᠤ ᠡᠬᠦᠷᠭᠡ ᠲᠠᠢ ᠪᠦᠭᠡᠳ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ  ᠵᠠᠭᠠᠯᠳᠤᠬᠤ ᠡᠷᠭᠡ ᠲᠠᠢ᠃      ᠲᠤᠯᠤᠳᠤᠭᠠᠷ ᠵᠦᠢᠯ   ᠭᠠᠵᠠᠷ ᠰᠢᠷᠦᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ᠂  ᠭᠠᠵᠠᠷ ᠰᠢᠷᠦᠢ ᠶᠢ ᠵᠦᠢ ᠵᠤᠬᠢᠰᠲᠠᠢ ᠠᠰᠢᠭᠯᠠᠬᠤ ᠵᠢᠴᠢ ᠬᠤᠯᠪᠤᠭᠳᠠᠯ ᠪᠦᠬᠦᠢ ᠰᠢᠨᠵᠢᠯᠡᠬᠦ ᠤᠬᠠᠭᠠᠨ ᠤ ᠰᠣᠳᠣᠯᠭᠠᠨ  ᠬᠢᠬᠦ ᠵᠡᠷᠭᠡ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠨᠢᠭᠡᠴᠢ ᠪᠤᠯᠤᠨ ᠬᠤᠪᠢ ᠬᠦᠮᠦᠨ ᠢ ᠠᠷᠠᠳ ᠤᠨ  ᠵᠠᠰᠠᠭ ᠤᠨ ᠤᠷᠳᠤᠨ ᠠᠴᠠ ᠬᠦᠬᠢᠬᠦᠯᠦᠨ ᠱᠠᠩᠨᠠᠨ᠎ᠠ᠃           ᠬᠤᠶᠠᠳᠣᠭᠠᠷ ᠪᠦᠯᠦᠭ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ      ᠨᠠᠢᠮᠠᠳᠣᠭᠠᠷ ᠵᠦᠢᠯ   ᠬᠤᠳᠠ ᠶᠢᠨ ᠲᠤᠭᠤᠷᠢᠭ ᠤᠨ ᠭᠠᠵᠠᠷ ᠰᠢᠷᠦᠢ ᠪᠤᠯ ᠤᠯᠤᠰ ᠤᠨ ᠦᠮᠴᠢᠯᠡᠯ ᠳᠤ  ᠬᠠᠷᠢᠶᠠᠯᠠᠭᠳᠠᠨ᠎ᠠ᠃      ᠬᠦᠳᠡᠭᠡ ᠲᠤᠰᠬᠤᠨ ᠪᠠ ᠬᠤᠳᠠ ᠶᠢᠨ ᠲᠡᠬᠦᠷᠭᠡ ᠶᠢᠨ ᠭᠠᠵᠠᠷ ᠰᠢᠷᠦᠢ ᠶᠢᠨ ᠤᠯᠤᠰ ᠤᠨ ᠦᠮᠴᠢᠯᠡᠯ ᠳᠤ  ᠬᠠᠷᠢᠶᠠᠯᠠᠭᠳᠠᠨ᠎ᠠ ᠭᠡᠵᠦ ᠬᠠᠤᠯᠢ ᠴᠠᠭᠠᠵᠠ ᠳᠤ ᠲᠤᠭᠳᠠᠭᠠᠭᠰᠠᠨ ᠠᠴᠠ ᠪᠤᠰᠣᠳ ᠨᠢ ᠲᠠᠷᠢᠶᠠᠴᠢᠳ ᠤᠨ ᠬᠠᠮᠳᠦ ᠶᠢᠨ  ᠦᠮᠴᠢᠯᠡᠯ ᠳᠤ ᠬᠠᠷᠢᠶᠠᠯᠠᠭᠳᠠᠨ᠎ᠠ︔ ᠤᠷᠤᠨ ᠰᠠᠭᠤᠴᠠ ᠶᠢᠨ ᠭᠠᠵᠠᠷ ᠪᠠ ᠬᠤᠪᠢᠨ ᠳᠠᠭᠠᠨ ᠦᠯᠡᠳᠡᠭᠡᠭᠰᠡᠨ ᠲᠡᠷᠢᠶ᠎ᠡ᠂  ᠬᠤᠪᠢᠨ ᠳᠠᠭᠠᠨ ᠦᠯᠡᠳᠡᠭᠡᠭᠰᠡᠨ ᠠᠭᠤᠯᠠ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠨ᠎ᠠ᠃        ᠶᠢᠰᠦᠳᠦᠭᠡᠷ ᠵᠦᠢᠯ  ᠣᠯᠣᠰ ᠤᠨ ᠦᠮᠴᠢᠯᠡᠯ ᠤᠨ ᠭᠠᠵᠠᠷ ᠰᠢᠷᠦᠢ ᠪᠠ ᠲᠠᠷᠢᠶᠠᠴᠢᠳ ᠤᠨ ᠬᠠᠮᠳᠦ ᠶᠢᠨ  ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠨᠢᠭᠡᠴᠢ ᠪᠤᠶᠤ ᠬᠤᠪᠢ ᠬᠦᠮᠦᠨ ᠳᠤ ᠦᠭᠴᠦ ᠬᠡᠷᠡᠭᠯᠡᠬᠦᠯᠬᠦ   ᠪᠠᠷ ᠲᠤᠭᠳᠠᠭᠠᠵᠦ ᠪᠤᠯᠤᠨ᠎ᠠ᠃ ᠭᠠᠵᠠᠷ ᠰᠢᠷᠦᠢ ᠶᠢ ᠬᠡᠷᠡᠭᠯᠡᠬᠦ ᠨᠢᠭᠡᠴᠢ ᠪᠠ ᠬᠤᠪᠢ ᠬᠦᠮᠦᠨ ᠭᠠᠵᠠᠷ ᠰᠢᠷᠦᠢ ᠶᠢ  ᠬᠠᠮᠠᠭᠠᠯᠠᠬᠤ᠂ ᠬᠠᠮᠢᠶᠠᠷᠬᠤ ᠪᠠ ᠵᠦᠢ ᠵᠤᠬᠢᠰᠲᠠᠢ ᠪᠠᠷ ᠠᠰᠢᠭᠯᠠᠬᠤ ᠡᠬᠦᠷᠭᠡ ᠲᠠᠢ᠃        ᠠᠷᠪᠠᠳᠣᠭᠠᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠨᠢ ᠬᠠᠤᠯᠢ ᠶᠤᠰᠤᠭᠠᠷ  ᠭᠠᠴᠠᠭᠠᠨ ᠤ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠵᠦᠪᠯᠡᠯ ᠠᠴᠠ ᠡᠵᠡᠩᠨᠡᠵᠦ  ᠬᠠᠮᠢᠶᠠᠷᠤᠨ᠎ᠠ︔ ᠨᠢᠭᠡᠨᠳᠡ ᠭᠠᠴᠠᠭ᠎ᠠ ᠶᠢᠨ ᠲᠤᠳᠤᠷᠠᠬᠢ ᠬᠤᠶᠠᠷ ᠠᠴᠠ ᠲᠡᠭᠡᠰᠢᠬᠢ ᠬᠦᠳᠡᠭᠡ ᠲᠤᠰᠬᠤᠨ ᠤ  ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠲᠤᠰ  ᠲᠤᠰ ᠬᠠᠷᠢᠶᠠᠯᠠᠭᠳᠠᠵᠦ ᠪᠠᠶᠢᠪᠠᠯ᠂ ᠭᠠᠴᠠᠭ᠎ᠠ ᠶᠢᠨ ᠲᠤᠳᠤᠷᠠᠬᠢ ᠲᠡᠳᠡᠭᠡᠷ ᠬᠦᠳᠡᠭᠡ ᠲᠤᠰᠬᠤᠨ ᠤ ᠬᠠᠮᠳᠦ ᠶᠢᠨ ᠠᠵᠦ  ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠭᠠᠴᠠᠭᠠᠨ ᠤ ᠠᠷᠠᠳ ᠤᠨ ᠲᠤᠭᠤᠶᠢᠯᠠᠩ ᠠᠴᠠ ᠡᠵᠡᠩᠨᠡᠵᠦ ᠬᠠᠮᠢᠶᠠᠷᠤᠨ᠎ᠠ  ︔ ᠨᠢᠭᠡᠨᠳᠡ ᠰᠤᠮᠤ ︵ᠪᠠᠯᠭᠠᠰᠦ︶ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠬᠠᠷᠢᠶᠠᠯᠠᠭᠳᠠᠵᠦ ᠪᠠᠶᠢᠪᠠᠯ᠂  ᠰᠤᠮᠤ ︵ᠪᠠᠯᠭᠠᠰᠦ︶ ᠶᠢᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ  ᠡᠵᠡᠩᠨᠡᠵᠦ ᠬᠠᠮᠢᠶᠠᠷᠤᠨ᠎ᠠ᠃      ᠠᠷᠪᠠᠨ ᠨᠢᠭᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤ ᠭᠠᠵᠠᠷ ᠰᠢᠷᠦᠢ ᠶᠢ ᠰᠢᠶᠠᠨ  ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ  ᠤᠯᠭᠤᠨ᠂ ᠦᠮᠴᠢᠯᠡᠯ ᠤᠨ ᠡᠷᠭᠡ ᠶᠢ ᠨᠢ ᠨᠤᠳᠠᠯᠠᠨ ᠲᠤᠭᠳᠠᠭᠠᠨ᠎ᠠ᠃       ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠠᠤᠯᠢ ᠶᠤᠰᠤᠭᠠᠷ ᠲᠠᠷᠢᠶᠠᠯᠠᠩ ᠤᠨ ᠪᠤᠰᠤ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ  ᠣᠷᠳᠤᠨ ᠠᠴᠠ ᠲᠠᠩᠰᠠᠯᠠᠨ ᠲᠡᠮᠳᠡᠭᠯᠡᠵᠦ᠂ ᠬᠢᠨᠠᠵᠦ ᠬᠠᠷᠭᠤᠭᠤᠯᠤᠭᠠᠳ ᠦᠨᠡᠮᠯᠡᠯ ᠤᠯᠭᠤᠨ᠂ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ᠃      ᠨᠢᠭᠡᠴᠢ ᠪᠠ ᠬᠤᠪᠢ ᠬᠦᠮᠦᠨ ᠬᠠᠤᠯᠢ ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ  ᠬᠡᠷᠡᠭᠯᠡᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠲᠠᠩᠰᠠᠯᠠᠨ  ᠲᠡᠮᠳᠡᠭᠯᠡᠵᠦ᠂ ᠬᠢᠨᠠᠨ ᠬᠠᠷᠭᠤᠭᠤᠯᠤᠭᠠᠳ ᠦᠨᠡᠮᠯᠡᠯ ᠤᠯᠭᠤᠨ᠂ ᠬᠡᠷᠡᠭᠯᠡᠬᠦ ᠡᠷᠭᠡ ᠶᠢ ᠨᠢ ᠨᠤᠳᠠᠯᠠᠨ ᠲᠤᠭᠳᠠᠭᠠᠨ᠎ᠠ︔  ᠡᠬᠦᠨ ᠤ ᠲᠤᠳᠤᠷ᠎ᠡ᠂ ᠲᠦᠪ ᠤᠨ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠪᠤᠳᠠᠳᠠᠢ ᠪᠠᠷ ᠲᠠᠩᠰᠠᠯᠠᠨ ᠲᠠᠮᠳᠡᠭᠯᠡᠵᠦ ᠬᠡᠷᠡᠴᠢ ᠪᠢᠴᠢᠭ ᠤᠯᠭᠤᠬᠤ ᠪᠠᠶᠢᠭᠤᠯᠭ᠎ᠠ ᠶᠢ ᠲᠦᠷᠦ ᠶᠢᠨ  ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃ ᠰᠢᠭᠤᠶᠢᠳᠦ ᠭᠠᠵᠠᠷ᠂ ᠨᠤᠳᠤᠭ ᠪᠡᠯᠴᠢᠭᠡᠷ ᠤᠨ ᠦᠮᠴᠢᠯᠡᠬᠦ ᠡᠷᠭᠡ ᠪᠤᠶᠤ ᠬᠡᠷᠡᠭᠯᠡᠬᠦ ᠡᠷᠭᠡ ᠶᠢ ᠨᠤᠳᠠᠯᠠᠨ ᠲᠤᠭᠳᠠᠭᠠᠬᠤ᠂ ᠤᠰᠤᠨ ᠤ ᠭᠠᠳᠠᠷᠭᠤ᠂ ᠲᠠᠯᠠᠢ ᠶᠢᠨ ᠲᠠᠩ ᠢ ᠠᠰᠢᠭᠯᠠᠨ ᠲᠡᠵᠢᠭᠡᠨ ᠦᠷᠡᠵᠢᠬᠦᠯᠬᠦ ᠠᠵᠢᠯ ᠳᠤ ᠬᠡᠷᠡᠭᠯᠡᠬᠦ ᠡᠷᠭᠡ ᠶᠢ  ᠨᠤᠳᠠᠯᠠᠨ ᠲᠤᠭᠳᠠᠭᠠᠬᠤ ᠳᠤ《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠢ ᠰᠢᠭᠤᠢ ᠶᠢᠨ ᠬᠠᠤᠯᠢ  》᠂《 ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠤᠯᠢ 》ᠪᠤᠯᠤᠨ《  ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠵᠢᠭᠠᠰᠤᠨ ᠠᠵᠦ ᠠᠬᠤᠢ ᠶᠢᠨ ᠬᠠᠤᠯᠢ 》 ᠶᠢᠨ ᠬᠤᠯᠪᠤᠭᠳᠠᠯ  ᠪᠦᠬᠦᠢ ᠲᠤᠭᠳᠠᠭᠠᠯ ᠶᠤᠰᠤᠭᠠᠷ ᠲᠤᠰ ᠲᠤᠰ ᠰᠢᠢᠳᠪᠦᠷᠢᠯᠡᠨ᠎ᠡ᠃       ᠠᠷᠪᠠᠨ ᠬᠤᠶᠠᠳᠦᠭᠠᠷ ᠵᠦᠢᠯ  ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ ᠪᠠ ᠬᠡᠷᠡᠭᠯᠡᠯᠳᠡ ᠶᠢ ᠬᠠᠤᠯᠢ  ᠶᠤᠰᠤᠭᠠᠷ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ ᠡᠷᠭᠡ ᠶᠢᠨ ᠬᠠᠷᠢᠶᠠᠯᠠᠯ᠂ ᠬᠡᠷᠡᠭᠯᠡᠯᠳᠡ ᠶᠢ  ᠬᠤᠪᠢᠷᠠᠭᠠᠬᠤ ᠲᠠᠩᠰᠠᠯᠠᠯᠳᠠ ᠶᠢᠨ ᠭᠠᠷ ᠬᠦᠢᠴᠡᠳᠭᠡᠯ ᠬᠢᠬᠦ ᠬᠡᠷᠡᠭᠲᠠᠢ᠃        ᠠᠷᠪᠠᠨ ᠭᠤᠷᠪᠠᠳᠦᠭᠠᠷ ᠵᠦᠢᠯ  ᠬᠠᠤᠯᠢ ᠶᠤᠰᠤᠭᠠᠷ ᠲᠠᠩᠰᠠᠯᠠᠭᠤᠯᠤᠭᠰᠠᠨ ᠭᠠᠵᠠᠷ ᠰᠢᠷᠦᠢ ᠶᠢᠨ ᠦᠮᠴᠢᠯᠡᠬᠦ  ᠡᠷᠬᠡ ᠪᠠ ᠬᠡᠷᠡᠭᠯᠡᠬᠦ ᠡᠷᠭᠡ ᠶᠢ ᠬᠠᠤᠯᠢ ᠪᠠᠷ ᠬᠠᠮᠠᠭᠠᠯᠠᠨ᠎ᠠ᠂ ᠶᠠᠮᠠᠷᠪᠠ ᠨᠢᠭᠡᠴᠢ ᠪᠤᠯᠤᠨ ᠬᠤᠪᠢ ᠬᠦᠮᠦᠨ ᠬᠠᠯᠳᠠᠵᠦ  ᠪᠤᠯᠬᠤ ᠦᠭᠡᠢ᠃         ᠠᠷᠪᠠᠨ ᠲᠦᠷᠪᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ  ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠦᠷᠢᠯᠳᠦᠬᠦᠨ ᠨᠠᠷ ᠲᠠᠭᠠᠭᠠᠴᠢᠯᠠᠨ ᠡᠵᠡᠩᠨᠡᠵᠦ᠂  ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ  ᠦᠢᠯᠡᠳᠪᠦᠷᠢᠯᠡᠯ ᠬᠢᠨ᠎ᠡ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭ᠎ᠠ ᠨᠢ ᠭᠤᠴᠢᠨ ᠵᠢᠯ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠬᠡᠷ᠎ᠡ  ᠲᠤᠭᠳᠠᠭᠠᠵᠦ᠂ ᠬᠤᠶᠠᠷ ᠡᠳᠡᠭᠡᠳ ᠤᠨ ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ  ᠰᠢᠷᠦᠢ ᠶᠢ ᠲᠠᠭᠠᠭᠠᠴᠢᠯᠠᠨ ᠡᠵᠡᠩᠨᠡᠭᠰᠡᠨ ᠲᠠᠷᠢᠶᠠᠴᠢᠳ ᠭᠠᠵᠠᠷ ᠰᠢᠷᠦᠢ ᠶᠢ ᠬᠠᠮᠠᠭᠠᠯᠠᠬᠤ᠂ ᠭᠠᠵᠠᠷ ᠰᠢᠷᠦᠢ ᠶᠢᠨ  ᠲᠠᠭᠠᠭᠠᠴᠢᠯᠠᠯᠳᠠ ᠶᠢᠨ ᠭᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠵᠦᠢ  ᠵᠤᠬᠢᠰᠲᠠᠢ ᠠᠰᠢᠭᠯᠠᠬᠤ ᠡᠬᠦᠷᠭᠡ ᠲᠠᠢ᠃ ᠲᠠᠷᠢᠶᠠᠴᠢᠳ ᠤᠨ ᠭᠠᠵᠷ ᠰᠢᠷᠦᠢ ᠲᠠᠭᠠᠭᠠᠴᠢᠯᠠᠨ ᠡᠵᠡᠩᠨᠡᠬᠦ ᠡᠷᠭᠡ ᠶᠢ  ᠬᠠᠤᠯᠢ ᠪᠠᠷ ᠬᠠᠮᠠᠭᠠᠯᠠᠨ᠎ᠠ᠃       ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ ᠬᠤᠭᠤᠴᠠᠭᠠᠨ ᠳᠤ ᠤᠨᠴᠠ ᠵᠠᠷᠢᠮ ᠲᠠᠭᠠᠭᠠᠴᠢᠯᠠᠨ  ᠡᠵᠡᠩᠨᠡᠭᠴᠢᠳ ᠤᠨ ᠬᠤᠭᠤᠷᠤᠨᠳᠤᠬᠢ ᠲᠠᠭᠠᠭᠠᠴᠢᠯᠠᠭᠰᠠᠨ ᠭᠠᠵᠠᠷ ᠰᠢᠷᠦᠢ ᠳᠤ ᠵᠤᠬᠢᠰᠲᠠᠢ ᠲᠤᠬᠢᠷᠠᠭᠤᠯᠤᠯᠳᠠ ᠬᠢᠬᠦ ᠳᠤ  ᠬᠦᠷᠪᠡᠯ᠂ ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ  ᠪᠦᠷᠢᠯᠳᠦᠬᠦᠨ ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ  ᠲᠦᠯᠦᠭᠡᠯᠡᠭᠴᠢᠳ ᠢᠶᠠᠷ ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ᠠᠴᠠ ︵ᠪᠠᠯᠭᠠᠰᠦ︶ ᠶᠢᠨ ᠠᠷᠠᠳ ᠤᠨ  ᠵᠠᠰᠠᠭ ᠤᠨ ᠤᠷᠳᠤᠨ ᠪᠠ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠲᠠᠷᠢᠶᠠᠯᠠᠩ ᠤᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃     ᠠᠷᠪᠠᠨ ᠲᠠᠪᠤᠳᠤᠭᠠᠷ ᠵᠦᠢᠯ  ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠨᠢᠭᠡᠴᠢ ᠪᠤᠶᠤ ᠬᠤᠪᠢ  ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ  ᠂ ᠵᠢᠭᠠᠰᠤᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ  ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ  ᠬᠤᠪᠢ ᠬᠦᠮᠦᠨ ᠲᠠᠭᠠᠭᠠᠴᠢᠯᠠᠨ ᠡᠵᠡᠩᠨᠡᠵᠦ᠂ ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ  ᠠᠬᠤᠢ᠂ ᠵᠢᠭᠠᠰᠣᠨ ᠠᠵᠦ ᠠᠬᠤᠢ ᠶᠢᠨ ᠦᠢᠯᠡᠳᠪᠦᠷᠢᠯᠡᠯ ᠬᠢᠵᠦ ᠪᠤᠯᠤᠨ᠎ᠠ᠃ ᠲᠠᠭᠠᠭᠠᠴᠢᠯᠠᠭᠤᠯᠬᠤ ᠡᠳᠡᠭᠡᠳ ᠪᠠ  ᠲᠠᠭᠠᠭᠠᠴᠢᠯᠠᠬᠤ ᠡᠳᠡᠭᠡᠳ ᠬᠤᠭᠤᠷᠤᠨᠳᠦ ᠪᠠᠨ ᠲᠠᠭᠠᠭᠠᠴᠢᠯᠠᠯᠳᠠ ᠶᠢᠨ ᠭᠡᠷ᠎ᠡ ᠲᠤᠭᠳᠠᠭᠠᠵᠦ᠂ ᠬᠤᠶᠠᠷ ᠡᠳᠡᠭᠡᠳ ᠤᠨ  ᠡᠷᠭᠡ ᠪᠠ ᠡᠬᠦᠷᠭᠡ ᠶᠢ ᠪᠤᠯᠵᠤᠨ ᠲᠤᠭᠳᠠᠭᠠᠬᠤ ᠬᠡᠷᠡᠭᠲᠠᠢ᠃ ᠭᠠᠵᠠᠷ ᠰᠢᠷᠦᠢ ᠶᠢ ᠲᠠᠭᠠᠭᠠᠴᠢᠯᠠᠨ ᠡᠵᠡᠩᠨᠡᠬᠦ  ᠬᠤᠭᠤᠴᠠᠭ᠎ᠠ ᠶᠢ ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠨ᠎ᠠ︔ ᠭᠠᠵᠠᠷ ᠰᠢᠷᠦᠢ ᠶᠢ ᠲᠠᠭᠠᠭᠠᠴᠢᠯᠠᠨ  ᠡᠵᠡᠩᠨᠡᠭᠰᠡᠨ ᠨᠢᠭᠡᠴᠢ ᠪᠠ ᠬᠤᠪᠢ ᠬᠦᠮᠦᠨ ᠭᠠᠵᠷ ᠰᠢᠷᠦᠢ ᠶᠢ ᠬᠠᠮᠠᠭᠠᠯᠠᠬᠤ ᠪᠠ ᠭᠠᠵᠠᠷ ᠰᠢᠷᠦᠢ ᠶᠢᠨ  ᠲᠠᠭᠠᠭᠠᠴᠢᠯᠠᠯᠳᠠ ᠶᠢᠨ ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠯᠳᠡ ᠶᠤᠰᠤᠭᠠᠷ ᠵᠦᠢ ᠵᠤᠬᠢᠰᠲᠠᠢ ᠠᠰᠢᠭᠯᠠᠬᠤ  ᠡᠬᠦᠷᠭᠡ ᠲᠠᠢ᠃       ᠲᠠᠷᠢᠶᠡᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠤᠰ ᠬᠠᠮᠳᠦ ᠶᠢᠨ ᠠᠵᠦ ᠠᠬᠤᠢ ᠶᠢᠨ  ᠵᠤᠬᠢᠶᠠᠨ ᠪᠠᠶᠢᠭᠤᠯᠤᠯᠳᠠ ᠠᠴᠠ ᠭᠠᠳᠠᠨᠠᠬᠢ ᠨᠢᠭᠡᠴᠢ ᠪᠤᠶᠤ ᠬᠤᠪᠢ ᠬᠦᠮᠦᠨ ᠲᠠᠭᠠᠭᠠᠴᠢᠯᠠᠨ ᠡᠵᠡᠩᠨᠡᠬᠦ ᠳᠤ ᠬᠦᠷᠪᠡᠯ᠂  ᠡᠷᠭᠡᠪᠰᠢ ᠭᠠᠴᠠᠭᠠᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠪᠦᠷᠢᠯᠳᠦᠬᠦᠨ  ᠪᠤᠶᠤ ᠭᠤᠷᠪᠠᠨ ᠤ ᠬᠤᠶᠠᠷ ᠬᠤᠪᠢ ᠠᠴᠠ ᠲᠡᠭᠡᠭᠰᠢᠬᠢ ᠭᠠᠴᠠᠭᠠᠨ ᠤ ᠠᠷᠠᠳ ᠤᠨ ᠲᠦᠯᠦᠭᠡᠯᠡᠭᠴᠢᠳ ᠢᠶᠠᠷ  ᠵᠦᠪᠰᠢᠶᠡᠷᠡᠬᠦᠯᠬᠦ ᠬᠡᠷᠡᠭᠲᠠᠢ ᠪᠦᠭᠡᠳ ᠰᠤᠮᠤ ︵ᠪᠠᠯᠭᠠᠰᠦ︶ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠬᠦᠯᠬᠦ ᠬᠡᠷᠡᠭᠲᠠᠢ᠃     ᠠᠷᠪᠠᠨ ᠵᠢᠷᠭᠤᠳᠤᠭᠠᠷ ᠵᠦᠢᠯ  ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ  ᠮᠠᠷᠭᠤᠯᠳᠤᠭᠠᠨ ᠢ ᠲᠤᠬᠠᠢ ᠶᠢᠨ ᠬᠦᠮᠦᠰ ᠨᠢ ᠵᠦᠪᠳᠡᠯᠴᠡᠵᠦ ᠪᠠᠶᠢᠭᠠᠳ ᠰᠢᠢᠳᠪᠦᠷᠢᠯᠡᠨ᠎ᠡ︔ ᠵᠦᠪᠳᠡᠯᠴᠡᠭᠡᠳ ᠪᠦᠳᠦᠬᠦ  ᠦᠭᠡᠢ ᠪᠤᠯ ᠠᠷᠠᠳ ᠤᠨ ᠵᠠᠰᠠᠭ ᠤᠨ ᠤᠷᠳᠤᠨ ᠠᠴᠠ ᠰᠢᠢᠳᠪᠦᠷᠢᠯᠡᠨ᠎ᠡ᠃      ᠨᠢᠭᠡᠴᠢ ᠶᠢᠨ ᠬᠤᠭᠤᠷᠤᠨᠳᠦᠬᠢ ᠮᠠᠷᠭᠤᠯᠳᠤᠭᠠᠨ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ  ᠵᠠᠰᠠᠭ ᠤᠨ ᠤᠷᠳᠤᠨ ᠰᠢᠢᠳᠪᠦᠷᠢᠯᠡᠨ᠎ᠡ︔ ᠬᠤᠪᠢ ᠬᠦᠮᠦᠨ ᠤ ᠬᠤᠭᠤᠷᠤᠨᠳᠦᠬᠢ᠂ ᠬᠤᠪᠢ ᠬᠦᠮᠦᠨ ᠪᠤᠯᠤᠨ  ᠨᠢᠭᠡᠴᠢ ᠶᠢᠨ ᠬᠤᠭᠤᠷᠤᠨᠳᠤᠬᠢ ᠮᠠᠷᠭᠤᠯᠳᠤᠭᠠᠨ ᠢ ᠰᠤᠮᠤᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ  ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠰᠢᠢᠳᠪᠦᠷᠢᠯᠡᠨ᠎ᠡ᠃      ᠲᠤᠬᠠᠢ ᠶᠢᠨ ᠬᠦᠮᠦᠨ ᠨᠢ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠭᠰᠡᠨ  ᠲᠤᠭᠳᠠᠭᠠᠯ ᠢ ᠬᠦᠯᠢᠶᠡᠭᠦ ᠦᠭᠡᠢ ᠪᠤᠯ ᠰᠢᠢᠳᠪᠦᠷᠢᠯᠡᠭᠰᠡᠨ ᠲᠤᠭᠳᠠᠭᠠᠯ ᠤᠨ ᠮᠡᠳᠡᠭᠳᠡᠯ ᠢ ᠤᠯᠤᠭᠰᠠᠨ ᠡᠳᠦᠷ ᠠᠴᠠ  ᠡᠬᠢᠯᠡᠵᠦ ᠭᠤᠴᠢᠨ ᠡᠳᠦᠷ ᠤᠨ ᠲᠤᠳᠤᠷ᠎ᠡ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃      ᠭᠠᠵᠠᠷ ᠰᠢᠷᠦᠢ ᠶᠢᠨ ᠦᠮᠴᠢᠯᠡᠬᠦ ᠡᠷᠭᠡ ᠪᠠ ᠬᠡᠷᠡᠭᠯᠡᠬᠦ ᠡᠷᠭᠡ ᠶᠢᠨ ᠲᠤᠬᠠᠢ ᠮᠠᠷᠭᠤᠯᠳᠤᠭᠠᠨ ᠢ  ᠰᠢᠢᠳᠪᠦᠷᠢᠯᠡᠬᠦ ᠠᠴᠠ ᠡᠮᠦᠨ᠎ᠡ᠂ ᠠᠯᠢ ᠡᠳᠡᠭᠡᠳ ᠨᠢ ᠴᠦ ᠭᠡᠳ ᠭᠠᠵᠠᠷ ᠰᠢᠷᠦᠢ ᠶᠢ ᠠᠰᠢᠭᠯᠠᠵᠦ ᠪᠠᠶᠢᠭ᠎ᠠ ᠤᠳᠤᠬᠢ  ᠪᠠᠶᠢᠳᠠᠯ ᠢ ᠬᠤᠪᠢᠷᠠᠭᠤᠯᠵᠦ ᠪᠤᠯᠬᠤ ᠦᠭᠡᠢ᠃           ᠭᠤᠷᠪᠠᠳᠤᠭᠠᠷ ᠪᠦᠯᠦᠭ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ      ᠠᠷᠪᠠᠨ ᠲᠤᠯᠤᠳᠤᠭᠠᠷ ᠵᠦᠢᠯ  ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠤᠨ ᠨᠤᠭᠤᠳ ᠤᠯᠤᠰ  ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠬᠦᠯᠭᠡ᠂ ᠤᠯᠤᠰ ᠤᠨ ᠭᠠᠵᠠᠷ ᠰᠢᠷᠦᠢ ᠶᠢ  ᠵᠠᠰᠠᠬᠤ ᠪᠠ ᠡᠬᠢ ᠪᠠᠶᠠᠯᠢᠭ᠂ ᠤᠷᠴᠢᠨ ᠠᠬᠤᠢ ᠶᠢ ᠬᠠᠮᠠᠭᠠᠯᠠᠬᠤ ᠱᠠᠭᠠᠷᠳᠠᠯᠭ᠎ᠠ᠂ ᠭᠠᠵᠠᠷ ᠰᠢᠷᠦᠢ ᠶᠢᠨ  ᠬᠠᠩᠭᠠᠯᠳᠠ ᠶᠢᠨ ᠴᠢᠳᠠᠪᠤᠷᠢ ᠵᠢᠴᠢ ᠡᠯ᠎ᠡ ᠵᠦᠢᠯ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠰᠡᠬᠦ  ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ  ᠵᠤᠬᠢᠶᠠᠬᠤ ᠠᠵᠢᠯ ᠢ ᠵᠤᠬᠢᠶᠠᠨ ᠪᠠᠶᠢᠭᠤᠯᠬᠤ ᠬᠡᠷᠡᠭᠲᠠᠢ᠃       ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠦᠯᠦᠪᠵᠢᠬᠦᠯᠬᠦ ᠬᠤᠭᠤᠴᠠᠭ᠎ᠠ  ᠬᠢᠵᠠᠭᠠᠷ ᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃      ᠠᠷᠪᠠᠨ ᠨᠠᠢᠮᠠᠳᠤᠭᠠᠷ ᠵᠦᠢᠯ  ᠲᠤᠤᠷᠠᠳᠦ ᠱᠠᠳᠣᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠪᠠᠨ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ  ᠦᠨᠳᠦᠰᠦᠯᠡᠨ ᠨᠠᠶᠢᠷᠠᠭᠤᠯᠵᠦ ᠵᠤᠬᠢᠶᠠᠬᠤ ᠬᠡᠷᠡᠭᠲᠠᠢ᠃       ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠷᠠᠭᠤᠯᠤᠨ ᠵᠤᠬᠢᠶᠠᠭᠰᠠᠨ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢᠨ ᠲᠤᠳᠤᠷᠡᠬᠢ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠬᠡᠳᠦᠷᠡᠵᠦ ᠪᠤᠯᠬᠤ ᠦᠭᠡᠢ᠂  ᠦᠯᠡᠳᠡᠭᠡᠬᠦ ᠲᠠᠷᠢᠶᠠᠨ ᠭᠠᠵᠠᠷ ᠤᠨ ᠬᠡᠮᠵᠢᠶ᠎ᠡ ᠨᠢ ᠲᠡᠭᠡᠷ᠎ᠡ ᠨᠢᠭᠡ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠢᠵᠠᠭᠠᠷᠯᠠᠬᠤ ᠬᠦᠢᠴᠡᠳᠭᠡᠯ ᠲᠤᠭ᠎ᠠ ᠠᠴᠠ ᠲᠤᠳᠠᠭᠤ ᠪᠠᠶᠢᠵᠦ ᠪᠤᠯᠬᠤ ᠦᠭᠡᠢ  ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ  ᠤᠷᠳᠤᠨ ᠤ ᠨᠠᠶᠢᠷᠠᠭᠤᠯᠤᠨ ᠵᠤᠬᠢᠶᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠬᠡ  ᠨᠢ ᠲᠤᠰ  ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ ᠬᠠᠰᠣᠭᠳᠠᠬᠤ ᠦᠭᠡᠢ  ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ᠃      ᠠᠷᠪᠠ ᠶᠢᠰᠦᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠲᠤᠤᠷ᠎ᠡ  ᠵᠢᠭᠰᠠᠭᠠᠭᠰᠠᠨ ᠵᠠᠷᠴᠢᠮ ᠶᠤᠰᠤᠭᠠᠷ ᠨᠠᠶᠢᠷᠠᠭᠤᠯᠤᠨ ᠵᠤᠬᠢᠶᠠᠨ᠎ᠠ᠄      ︵ᠨᠢᠭᠡ︶ ᠦᠨᠳᠦᠰᠦᠨ ᠲᠠᠷᠢᠶᠠᠨ ᠭᠠᠵᠠᠷ ᠢ ᠴᠢᠩᠭ᠎ᠠ ᠬᠠᠮᠠᠭᠠᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ  ᠡᠵᠡᠯᠡᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠶᠢ ᠬᠢᠵᠠᠭᠠᠷᠯᠠᠨ᠎ᠠ︔       ︵ᠬᠤᠶᠠᠷ︶ ᠭᠠᠵᠠᠷ ᠰᠢᠷᠦᠢ ᠶᠢᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠦᠨ᠎ᠡ︔      ︵ᠭᠤᠷᠪᠠ︶ ᠡᠯ᠎ᠡ ᠲᠦᠷᠦᠯ ᠤᠨ᠂ ᠡᠯ᠎ᠡ ᠤᠷᠤᠨ ᠲᠤᠭᠤᠷᠢᠭ ᠤᠨ ᠬᠡᠷᠡᠭᠯᠡᠬᠦ ᠭᠠᠵᠠᠷ ᠢ ᠨᠢᠭᠡᠳᠦᠯᠲᠠᠢ  ᠲᠦᠯᠦᠪᠯᠡᠨ ᠲᠤᠬᠢᠷᠠᠭᠤᠯᠤᠨ᠎ᠠ︔      ︵ᠲᠦᠷᠪᠡ︶ ᠠᠮᠢ ᠠᠬᠤᠢ ᠶᠢᠨ ᠤᠷᠴᠢᠨ ᠠᠬᠤᠢ ᠶᠢ ᠬᠠᠮᠠᠭᠠᠯᠠᠨ ᠰᠠᠶᠢᠵᠢᠷᠠᠭᠤᠯᠵᠦ᠂ ᠭᠠᠵᠠᠷ ᠰᠢᠷᠦᠢ ᠶᠢᠨ  ᠦᠷᠬᠦᠯᠵᠢᠯᠡᠬᠦ ᠠᠰᠢᠭᠯᠠᠯᠳᠠ ᠶᠢ ᠪᠠᠳᠤᠯᠠᠨ᠎ᠠ︔      ︵ᠲᠠᠪᠤ︶ ᠲᠠᠷᠢᠶᠠᠨ ᠭᠠᠵᠠᠷ ᠢ ᠡᠵᠡᠯᠡᠵᠦ ᠬᠡᠷᠡᠭᠯᠡᠬᠦ ᠬᠡᠮᠵᠢᠶ᠎ᠡ ᠶᠢ ᠲᠠᠷᠢᠶᠠᠨ ᠭᠠᠵᠠᠷ ᠢ ᠨᠡᠭᠡᠭᠡᠨ ᠠᠰᠢᠭᠯᠠᠵᠦ  ᠰᠡᠷᠬᠦᠭᠡᠨ ᠬᠠᠭᠠᠯᠪᠤᠷᠢᠯᠠᠬᠤ ᠬᠡᠮᠵᠢᠶ᠎ᠡ ᠲᠠᠢ ᠲᠡᠩᠴᠡᠬᠦᠷᠢᠲᠠᠢ ᠪᠠᠶᠢᠯᠭᠠᠨ᠎ᠠ᠃       ᠬᠤᠷᠢᠳᠤᠭᠠᠷ ᠵᠦᠢᠯ  ᠰᠢᠶᠠᠨ ᠱᠠᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ  ᠭᠠᠵᠠᠷ ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠶᠢᠨ  ᠬᠡᠷᠡᠭᠯᠡᠯᠳᠡ ᠶᠢ ᠲᠤᠳᠤᠷᠬᠠᠢ ᠪᠤᠯᠭᠠᠬᠤ ᠬᠡᠷᠡᠭᠲᠠᠢ᠃     ᠰᠤᠮᠤ ︵ᠪᠠᠯᠭᠠᠰᠤ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠭᠠᠵᠠᠷ  ᠰᠢᠷᠦᠢ ᠶᠢᠨ ᠠᠰᠢᠭᠯᠠᠯᠳᠠ ᠶᠢᠨ ᠲᠤᠭᠤᠷᠢᠭ ᠢ ᠵᠠᠭᠠᠭᠯᠠᠨ ᠬᠤᠪᠢᠶᠠᠷᠢᠯᠠᠵᠦ᠂ ᠭᠠᠵᠠᠷ ᠰᠢᠷᠦᠢ ᠬᠡᠷᠡᠭᠯᠡᠬᠦ ᠨᠦᠬᠦᠴᠡᠯ ᠢ  ᠦᠨᠳᠦᠰᠦᠯᠡᠨ ᠬᠡᠰᠡᠭ ᠭᠠᠵᠠᠷ ᠰᠢᠷᠦᠢ ᠨᠢᠭᠡᠪᠦᠷᠢ ᠶᠢᠨ ᠬᠡᠷᠡᠭᠯᠡᠯᠳᠡ ᠶᠢ ᠲᠤᠳᠤᠷᠬᠠᠢ ᠲᠤᠭᠳᠠᠭᠠᠭᠠᠳ ᠢᠯᠡ ᠪᠠᠷ  ᠵᠠᠷᠯᠠᠨ ᠨᠡᠶᠢᠳᠡᠯᠡᠬᠦ ᠬᠡᠷᠡᠭᠲᠠᠢ᠃      ᠬᠤᠷᠢᠨ ᠨᠢᠭᠡᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠲᠦᠯᠦᠪᠵᠢᠬᠦᠯᠭᠡ ᠶᠢ ᠱᠠᠳᠤ ᠬᠤᠪᠢᠶᠠᠵᠦ  ᠬᠢᠨᠠᠨ ᠵᠦᠪᠰᠢᠶᠡᠷᠡᠨ᠎ᠡ᠃     ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠶᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃      ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠬᠤᠳᠠ᠂ ᠵᠠᠭᠤᠨ  ᠲᠦᠮᠡ ᠠᠴᠠ ᠲᠡᠭᠡᠭᠰᠢᠬᠢ ᠬᠦᠮᠦᠨ ᠠᠮᠠ ᠲᠠᠢ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠠᠴᠠ ᠵᠢᠭᠠᠨ  ᠲᠤᠭᠳᠠᠭᠠᠭᠰᠠᠨ ᠬᠤᠳᠠ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠮᠤᠵᠢ᠂  ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠪᠠᠶᠢᠴᠠᠭᠠᠯᠭᠠᠵᠦ  ᠵᠦᠪᠰᠢᠶᠡᠷᠡᠬᠦᠯᠦᠭᠰᠡᠨ ᠤ ᠲᠠᠷᠠᠭ᠎ᠠ ᠲᠦᠷᠦ ᠶᠢᠨ ᠶᠠᠪᠤᠳᠠᠯ ᠤ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠨ᠎ᠡ᠃       ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ ᠲᠤᠭᠳᠠᠭᠠᠭᠰᠠᠨ ᠠᠴᠠ ᠭᠠᠳᠠᠨᠠᠬᠢ  ᠭᠠᠵᠠᠷ ᠰᠢᠷᠦᠢ ᠶᠢ ᠠᠰᠢᠭᠯᠠᠵᠦ ᠶᠡᠷᠦᠩᠭᠡᠢ ᠲᠦᠯᠦᠪᠵᠢᠬᠦᠯᠭᠡ ᠶᠢ ᠲᠡᠭᠡᠭᠰᠢ ᠪᠠᠨ ᠱᠠᠳᠣ ᠲᠠᠷᠠᠭᠠᠯᠠᠨ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠭᠦᠯᠦᠨ᠎ᠡ︔ ᠡᠬᠦᠨ ᠤ ᠲᠤᠳᠤᠷ᠎ᠡ᠂ ᠰᠤᠮᠤ ︵ᠪᠠᠯᠭᠠᠰᠦ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠶᠢ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠡᠷᠭᠡ ᠤᠯᠭᠤᠭᠰᠠᠨ  ᠲᠤᠭᠤᠷᠢᠭ ᠲᠠᠢ ᠬᠤᠳᠠ᠂ ᠦᠪᠡᠷᠳᠡᠭᠡᠨ ᠵᠠᠰᠠᠬᠤ ᠵᠸᠤ ᠶᠢᠨ ᠠᠷᠠᠳ ᠤᠨ ᠵᠠᠰᠠᠭ ᠤᠨ ᠤᠷᠳᠤᠨ ᠠᠴᠠ ᠵᠦᠪᠰᠢᠶᠡᠷᠡᠵᠦ  ᠪᠤᠯᠤᠨ᠎ᠠ᠃       ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦᠯᠦᠭᠰᠡᠨ ᠤ ᠲᠠᠷᠠᠭ᠎ᠠ ᠡᠷᠭᠡᠪᠰᠢ  ᠴᠢᠩᠭ᠎ᠠ ᠬᠡᠷᠡᠭᠵᠢᠬᠦᠯᠬᠦ ᠬᠡᠷᠡᠭᠲᠠᠢ᠃       ᠬᠤᠷᠢᠨ ᠬᠤᠶᠠᠳᠤᠭᠠᠷ ᠵᠦᠢᠯ  ᠬᠤᠳᠠ ᠶᠢᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ   ᠨᠢ ᠤᠯᠤᠰ ᠠᠴᠠ ᠲᠤᠭᠳᠠᠭᠠᠭᠰᠠᠨ ᠪᠡᠷᠢᠮᠵᠢᠶ᠎ᠠ ᠳᠤ ᠨᠡᠶᠢᠴᠡᠭᠰᠡᠨ ᠪᠠᠶᠢᠵᠦ᠂ ᠤᠳᠤ ᠪᠠᠶᠢᠭ᠎ᠠ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠦᠢᠴᠡᠳ ᠠᠰᠢᠭᠯᠠᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠬᠦ ᠦᠭᠡᠢ  ᠪᠤᠶᠤ ᠠᠯᠢ ᠴᠢᠳᠠᠬᠤ ᠪᠠᠷ ᠪᠠᠭ᠎ᠠ ᠡᠵᠡᠯᠡᠬᠦ ᠬᠡᠷᠡᠭᠲᠠᠢ᠃      ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ ᠠᠪᠴᠠᠯᠳᠤᠭᠰᠠᠨ ᠪᠠᠶᠢᠬᠤ ᠬᠡᠷᠡᠭᠲᠠᠢ᠂  ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ ᠲᠦᠯᠦᠪᠵᠢᠬᠦᠯᠭᠡ ᠲᠤᠳᠤᠷᠠᠬᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠡᠪᠴᠢᠶ᠎ᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠤᠳᠠ ᠪᠠ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠬᠡᠳᠦᠷᠡᠵᠦ ᠪᠤᠯᠬᠤ ᠦᠭᠡᠢ᠃     ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠠᠶᠢᠯ ᠲᠤᠰᠬᠤᠨ ᠪᠠ ᠪᠠᠯᠭᠠᠰᠦ ᠶᠢᠨ  ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ᠂ ᠬᠤᠳᠠ ᠪᠤᠯᠤᠨ ᠠᠶᠢᠯ ᠲᠤᠰᠬᠤᠨ᠂ ᠪᠠᠯᠭᠠᠰᠦ ᠶᠢᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠨᠢ ᠬᠤᠳᠠ ᠶᠢᠨ ᠲᠦᠯᠦᠪᠵᠢᠬᠦᠯᠭᠡ᠂ ᠠᠶᠢᠯ ᠲᠤᠰᠬᠤᠨ ᠪᠠ ᠪᠠᠯᠭᠠᠰᠦ ᠶᠢᠨ  ᠲᠦᠯᠦᠪᠵᠢᠬᠦᠯᠭᠡ ᠳᠤ ᠨᠡᠶᠢᠴᠡᠭᠰᠡᠨ ᠪᠠᠶᠢᠬᠤ ᠬᠡᠷᠡᠭᠲᠠᠢ᠃      ᠬᠤᠷᠢᠨ ᠭᠤᠷᠪᠠᠳᠦᠭᠠᠷ ᠵᠦᠢᠯ  ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ ᠪᠠ  ᠨᠡᠭᠡᠭᠡᠨ ᠠᠰᠢᠭᠯᠠᠬᠤ ᠲᠦᠯᠦᠪᠵᠢᠬᠦᠯᠭᠡ ᠨᠢ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠲᠠᠢ  ᠠᠪᠴᠠᠯᠳᠤᠭᠰᠠᠨ ᠪᠠᠶᠢᠬᠤ ᠬᠡᠷᠡᠭᠲᠠᠢ᠃ ᠭᠤᠤᠯ ᠮᠦᠷᠡᠨ᠂ ᠨᠠᠭᠤᠷ ᠲᠤᠭᠤᠷᠢᠮ᠂ ᠤᠰᠤᠨ ᠴᠦᠬᠦᠷᠦᠮ ᠤᠨ  ᠬᠠᠮᠢᠶᠠᠷᠤᠯᠳᠠ ᠪᠠ ᠬᠠᠮᠠᠭᠠᠯᠠᠯᠳᠠ ᠶᠢᠨ ᠬᠡᠪᠴᠢᠶᠡᠨ ᠲᠤᠳᠤᠷ᠎ᠡ ᠵᠢᠴᠢ ᠦᠶᠡᠷ ᠢ ᠲᠤᠭᠳᠠᠭᠠᠨ ᠬᠤᠷᠠᠭᠤᠯᠬᠤ ᠤᠷᠤᠨ ᠤ  ᠲᠤᠳᠤᠷᠠᠬᠢ ᠭᠠᠵᠠᠷ ᠰᠢᠷᠦᠢ ᠶᠢᠨ ᠠᠰᠢᠭᠯᠠᠯᠳᠠ ᠨᠢ ᠭᠤᠤᠯ ᠮᠦᠷᠡᠨ᠂ ᠨᠠᠭᠤᠷ ᠲᠤᠭᠤᠷᠢᠮ ᠢ ᠶᠡᠷᠦᠩᠭᠡᠶᠢᠯᠡᠨ ᠵᠠᠰᠠᠬᠤ  ᠪᠠ ᠨᠡᠭᠡᠭᠡᠨ ᠠᠰᠢᠭᠯᠠᠬᠤ ᠲᠦᠯᠦᠪᠵᠢᠬᠦᠯᠭᠡ ᠲᠠᠢ ᠨᠡᠶᠢᠴᠡᠵᠦ᠂ ᠭᠤᠤᠯ ᠤᠨ ᠵᠠᠮ᠂ ᠨᠠᠭᠤᠷ ᠲᠤᠭᠤᠷᠢᠮ ᠤᠨ ᠦᠶᠡᠷ ᠢ  ᠤᠷᠤᠰᠬᠠᠨ ᠦᠩᠭᠡᠷᠡᠬᠦᠯᠬᠦ᠂ ᠦᠶᠡᠷ ᠬᠤᠷᠠᠭᠤᠯᠬᠤ ᠪᠠ ᠤᠰᠤ ᠲᠠᠮᠵᠢᠭᠤᠯᠬᠤ ᠱᠠᠭᠠᠷᠳᠠᠯᠭ᠎ᠠ ᠲᠠᠢ ᠨᠡᠶᠢᠴᠡᠭᠰᠡᠨ  ᠪᠠᠶᠢᠬᠤ ᠬᠡᠷᠡᠭᠲᠠᠢ᠃      ᠬᠤᠷᠢᠨ ᠲᠦᠷᠪᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ  ᠰᠢᠷᠦᠢ ᠶᠢᠨ ᠠᠰᠢᠭᠯᠠᠯᠳᠠ ᠶᠢᠨ ᠲᠤᠬᠠᠢ ᠲᠦᠯᠦᠪᠯᠡᠭᠡᠳᠦ ᠬᠠᠮᠢᠶᠠᠷᠤᠯᠳᠠ ᠪᠠᠨ ᠴᠢᠩᠭᠠᠳᠬᠠᠵᠦ᠂ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠭᠡᠢ ᠬᠡᠮᠵᠢᠶ᠎ᠡ ᠶᠢ ᠬᠢᠵᠠᠭᠠᠷᠯᠠᠬᠤ ᠬᠡᠷᠡᠭᠲᠠᠢ᠃      ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠤᠯᠤᠰ ᠠᠷᠠᠳ ᠤᠨ ᠠᠵᠦ ᠠᠬᠤᠢ ᠪᠠ  ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ᠂ ᠤᠯᠤᠰ ᠤᠨ ᠠᠵᠦ ᠦᠢᠯᠡᠰ ᠤᠨ ᠲᠦᠷᠦ ᠶᠢᠨ ᠪᠤᠳᠤᠯᠭ᠎ᠠ᠂ ᠭᠠᠵᠠᠷ  ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠵᠢᠴᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠤᠨ  ᠭᠠᠵᠠᠷ ᠰᠢᠷᠦᠢ ᠶᠢᠨ ᠠᠰᠢᠭᠯᠠᠯᠳᠠ ᠶᠢᠨ ᠪᠤᠳᠠᠳᠦ ᠪᠠᠶᠢᠳᠠᠯ ᠢ ᠦᠨᠳᠦᠰᠦᠯᠡᠵᠦ ᠨᠠᠶᠢᠷᠠᠭᠤᠯᠤᠨ ᠵᠤᠬᠢᠶᠠᠨ᠎ᠠ᠃ ᠭᠠᠵᠠᠷ  ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ ᠵᠢᠷᠦᠮ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠦ ᠬᠢᠨᠠᠨ ᠵᠦᠪᠰᠢᠶᠡᠷᠡᠬᠦ  ᠵᠢᠷᠦᠮ ᠲᠠᠢ ᠠᠳᠠᠯᠢ᠂ ᠬᠢᠨᠠᠨ ᠵᠦᠪᠰᠢᠶᠡᠷᠡᠵᠦ ᠪᠠᠭᠤᠯᠭᠠᠭᠰᠠᠨ ᠤ ᠲᠠᠷᠠᠭ᠎ᠠ ᠡᠷᠭᠡᠪᠰᠢ ᠴᠢᠩᠭ᠎ᠠ ᠵᠢᠷᠦᠮᠯᠠᠨ  ᠬᠡᠷᠡᠭᠵᠢᠬᠦᠯᠬᠦ ᠬᠡᠷᠡᠭᠲᠠᠢ᠃      ᠬᠤᠷᠢᠨ ᠲᠠᠪᠤᠳᠤᠭᠠᠷ ᠵᠦᠢᠯ  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠣᠷᠳᠤᠨ ᠨᠤᠭᠤᠳ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠵᠢᠬᠦᠯᠭᠡ ᠶᠢ  ᠬᠡᠷᠡᠭᠵᠢᠬᠦᠯᠦᠭᠰᠡᠨ ᠪᠠᠶᠢᠳᠠᠯ ᠢ ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ  ᠲᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠢᠶᠠᠨ ᠠᠭᠤᠯᠭ᠎ᠠ ᠪᠤᠯᠭᠠᠭᠠᠳ ᠠᠳᠠᠯᠢ ᠱᠠᠳᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠬᠦ ᠬᠡᠷᠡᠭᠲᠠᠢ᠃      ᠬᠤᠷᠢᠨ ᠵᠢᠷᠭᠤᠳᠤᠭᠠᠷ ᠵᠦᠢᠯ  ᠨᠢᠭᠡᠨᠳᠡ ᠵᠦᠪᠰᠢᠶᠡᠷᠡᠬᠦᠯᠦᠭᠰᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠰᠠᠪᠤᠷᠢ ᠤᠷᠤᠭᠤᠯᠬᠤ ᠳᠤ ᠬᠦᠷᠪᠡᠯ ᠡᠷᠭᠡᠪᠰᠢ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ  ᠵᠦᠪᠰᠢᠶᠡᠷᠡᠬᠦᠯᠬᠦ ᠬᠡᠷᠡᠭᠲᠠᠢ︔ ᠵᠦᠪᠰᠢᠶᠡᠷᠡᠬᠦᠯᠦᠭᠰᠡᠨ ᠦᠭᠡᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠭᠠᠵᠠᠷ ᠰᠢᠷᠦᠢ ᠶᠢᠨ ᠬᠡᠷᠡᠭᠯᠡᠯᠳᠡ ᠶᠢ ᠬᠤᠪᠢᠷᠠᠭᠤᠯᠵᠦ ᠪᠤᠯᠬᠤ ᠦᠭᠡᠢ᠃       ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠡᠨᠧᠷᠬᠢ ᠶᠢᠨ ᠰᠣᠷᠪᠤᠯᠵᠢ᠂ ᠵᠠᠮ ᠬᠠᠷᠢᠯᠴᠠᠭ᠎ᠠ᠂  ᠤᠰᠤᠨ ᠠᠰᠢᠭᠯᠠᠯᠳᠠ ᠵᠡᠷᠭᠡ ᠲᠤᠮᠤ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ  ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ  ᠴᠢᠬᠤᠯᠠ ᠲᠠᠢ ᠪᠤᠯ᠂ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ  ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃        ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ  ᠤᠷᠳᠤᠨ ᠤ ᠵᠦᠪᠰᠢᠶᠡᠷᠡᠭᠰᠡᠨ ᠡᠨᠧᠷᠬᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ  ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠠᠴᠠ ᠪᠤᠯᠵᠦ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠬᠤᠪᠢᠷᠠᠭᠤᠯᠬᠤ ᠴᠢᠬᠤᠯᠠ ᠲᠠᠢ ᠪᠤᠯ᠂ ᠮᠤᠵᠢ ᠶᠢᠨ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠬᠦ  ᠡᠷᠭᠡ ᠶᠢᠨ ᠬᠡᠪᠴᠢᠶᠡᠨ ᠳᠤ ᠬᠠᠷᠢᠶᠠᠯᠠᠭᠳᠠᠵᠦ ᠪᠠᠶᠢᠪᠠᠯ᠂ ᠮᠤᠵᠢ ᠶᠢᠨ ᠱᠠᠳᠤᠨ ᠤ ᠠᠷᠠᠳ ᠤᠨ ᠵᠠᠰᠠᠭ ᠤᠨ ᠣᠷᠳᠤᠨ ᠤ  ᠵᠦᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠰᠠᠪᠤᠷᠢ ᠤᠷᠤᠭᠤᠯᠤᠨ᠎ᠠ᠃      ᠬᠤᠷᠢᠨ ᠲᠤᠯᠤᠳᠤᠭᠠᠷ ᠵᠦᠢᠯ  ᠤᠯᠤᠰ ᠠᠴᠠ ᠭᠠᠵᠠᠷ ᠰᠢᠷᠦᠢ ᠶᠢᠨ ᠪᠠᠶᠢᠴᠠᠭᠠᠯᠳᠠ ᠬᠢᠬᠦ ᠲᠦᠷᠢᠮ ᠢ  ᠪᠠᠶᠢᠭᠤᠯᠤᠨ᠎ᠠ᠃      ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠪᠠᠨ ᠬᠤᠯᠪᠤᠭᠳᠠᠯ ᠪᠦᠬᠦᠢ ᠰᠠᠯᠠᠭ᠎ᠠ  ᠮᠦᠴᠢᠷ ᠲᠠᠢ ᠬᠠᠮᠳᠤᠷᠠᠨ ᠭᠠᠵᠠᠷ ᠰᠢᠷᠦᠢ ᠶᠢᠨ ᠪᠠᠶᠢᠴᠠᠭᠠᠯᠳᠠ ᠬᠢᠨ᠎ᠡ᠃ ᠭᠠᠵᠷ ᠰᠢᠷᠦᠢ ᠦᠮᠴᠢᠯᠡᠭᠴᠢ ᠪᠤᠶᠤ  ᠬᠡᠷᠡᠭᠯᠡᠭᠴᠢ ᠨᠢ ᠪᠠᠶᠢᠴᠠᠭᠠᠯᠳᠠ ᠳᠤ ᠬᠠᠮᠵᠢᠯᠴᠠᠬᠤ ᠶᠢᠨ ᠬᠠᠮᠳᠦ ᠬᠤᠯᠪᠤᠭᠳᠠᠯ ᠪᠦᠬᠦᠢ ᠮᠠᠲ᠋ᠧᠷᠢᠶᠠᠯ ᠢ ᠬᠠᠩᠭᠠᠵᠦ  ᠦᠭᠬᠦ ᠬᠡᠷᠡᠭᠲᠠᠢ᠃      ᠬᠤᠷᠢᠨ ᠨᠠᠢᠮᠠᠳᠦᠭᠠᠷ ᠵᠦᠢᠯ  ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠣᠨ ᠤ ᠪᠠᠨ  ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠣᠷᠠᠵᠦ᠂ ᠭᠠᠵᠠᠷ ᠰᠢᠷᠦᠢ ᠶᠢ ᠪᠠᠶᠢᠴᠠᠭᠠᠭᠰᠠᠨ ᠦᠷ᠎ᠡ ᠪᠦᠳᠦᠭᠡᠯ᠂  ᠲᠦᠯᠦᠪᠵᠢᠬᠦᠯᠦᠭᠰᠡᠨ ᠭᠠᠵᠠᠷ ᠰᠢᠷᠦᠢ ᠶᠢᠨ ᠬᠡᠷᠡᠭᠯᠡᠯᠳᠡ ᠪᠠ ᠤᠯᠤᠰ ᠠᠴᠠ ᠲᠤᠭᠳᠠᠭᠠᠭᠰᠠᠨ ᠨᠢᠭᠡᠳᠦᠯᠲᠠᠢ  ᠪᠠᠷᠢᠮᠵᠢᠶ᠎ᠡ ᠶᠢ ᠦᠨᠳᠦᠰᠦᠯᠡᠵᠦ ᠪᠠᠶᠢᠭᠠᠳ ᠭᠠᠵᠷ ᠰᠢᠷᠦᠢ ᠶᠢᠨ ᠵᠡᠷᠭᠡ ᠲᠡᠰ ᠢ ᠦᠨᠡᠯᠡᠨ ᠲᠤᠭᠳᠠᠭᠠᠨ᠎ᠠ᠃      ᠬᠤᠷᠢ ᠶᠢᠰᠦᠳᠦᠭᠡᠷ ᠵᠦᠢᠯ  ᠣᠯᠣᠰ ᠠᠴᠠ ᠭᠠᠵᠠᠷ ᠰᠢᠷᠦᠢ ᠶᠢᠨ ᠲᠤᠭ᠎ᠠ ᠪᠦᠷᠢᠳᠭᠡᠯ ᠤᠨ ᠲᠦᠷᠢᠮ ᠢ  ᠪᠠᠶᠢᠭᠤᠯᠤᠨ᠎ᠠ᠃      ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠠᠳᠠᠯᠢ ᠱᠠᠳᠤᠨ ᠤ ᠲᠤᠭ᠎ᠠ ᠪᠦᠷᠢᠳᠭᠡᠯ ᠤᠨ ᠰᠠᠯᠠᠭ᠎ᠠ  ᠮᠦᠴᠢᠷ ᠲᠤᠭ᠎ᠠ ᠪᠦᠷᠢᠳᠭᠡᠯ ᠤᠨ ᠪᠠᠶᠢᠴᠠᠭᠠᠯᠳᠠ ᠬᠢᠬᠦ ᠲᠦᠰᠦᠯ ᠢ ᠬᠠᠮᠳᠦ ᠪᠠᠷ ᠲᠤᠭᠳᠠᠭᠠᠭᠠᠳ ᠭᠠᠵᠠᠷ ᠰᠢᠷᠦᠢ ᠶᠢᠨ  ᠲᠤᠭ᠎ᠠ ᠪᠦᠷᠢᠳᠭᠡᠯ ᠢ ᠬᠠᠤᠯᠢ ᠶᠤᠰᠤᠭᠠᠷ ᠬᠢᠵᠦ᠂ ᠭᠠᠵᠷ ᠰᠢᠷᠦᠢ ᠶᠢᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ  ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠡ᠃ ᠭᠠᠵᠠᠷ ᠰᠢᠷᠦᠢ ᠦᠮᠴᠢᠯᠡᠭᠴᠢ ᠪᠤᠶᠤ ᠬᠡᠷᠡᠭᠯᠡᠭᠴᠢ ᠬᠤᠯᠪᠤᠭᠳᠠᠯ  ᠪᠦᠬᠦᠢ ᠮᠠᠲ᠋ᠧᠷᠢᠶᠠᠯ ᠢ ᠬᠠᠩᠭᠠᠵᠦ ᠦᠭᠬᠦ ᠬᠡᠷᠡᠭᠲᠠᠢ᠂ ᠬᠤᠳᠠᠯ ᠮᠡᠳᠡᠬᠦᠯᠵᠦ᠂ ᠲᠠᠷᠤᠭᠠᠳ ᠮᠡᠳᠡᠬᠦᠯᠬᠦ ᠦᠭᠡᠢ ᠪᠠᠶᠢᠵᠦ᠂  ᠮᠡᠳᠡᠬᠦᠯᠬᠦ ᠶᠢ ᠲᠡᠪᠴᠢᠵᠦ᠂ ᠤᠳᠠᠭᠠᠰᠢᠷᠠᠭᠤᠯᠤᠨ ᠮᠡᠳᠡᠬᠦᠯᠵᠦ ᠪᠤᠯᠬᠤ ᠦᠭᠡᠢ᠃      ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠤᠯᠤᠨ ᠲᠤᠭ᠎ᠠ  ᠪᠦᠷᠢᠳᠭᠡᠯ ᠤᠨ ᠰᠠᠯᠠᠭ᠎ᠠ ᠮᠦᠴᠢᠷ ᠤᠨ ᠬᠠᠮᠳᠦᠪᠡᠷ ᠨᠡᠶᠢᠳᠡᠯᠡᠭᠰᠡᠨ ᠭᠠᠵᠠᠷ ᠰᠢᠷᠦᠢ ᠶᠢᠨ ᠲᠠᠯᠠᠪᠠᠢ ᠶᠢᠨ ᠲᠤᠭ᠎ᠠ  ᠪᠦᠷᠢᠳᠭᠡᠯ ᠤᠨ ᠮᠠᠲ᠋ᠧᠷᠢᠶᠠᠯ ᠪᠤᠯ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠨᠠᠶᠢᠷᠠᠭᠤᠯᠤᠨ ᠵᠤᠬᠢᠶᠠᠬᠤ ᠦᠨᠳᠦᠰᠦ ᠪᠠᠷᠢᠮᠳᠠ ᠮᠦᠨ᠃      ᠭᠤᠴᠢᠳᠤᠭᠠᠷ ᠵᠦᠢᠯ  ᠤᠯᠤᠰ ᠠᠴᠠ ᠪᠦᠬᠦ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠮᠡᠳᠡᠭᠡ  ᠵᠠᠩᠬᠢ ᠶᠢᠨ ᠰᠢᠰᠲ᠋ᠧᠮ ᠢ ᠪᠠᠶᠢᠭᠤᠯᠵᠦ᠂ ᠭᠠᠵᠠᠷ ᠰᠢᠷᠦᠢ ᠠᠰᠢᠭᠯᠠᠵᠦ ᠪᠠᠶᠢᠭ᠎ᠠ ᠪᠠᠶᠢᠳᠠᠯ ᠢ ᠬᠦᠳᠡᠯᠦᠩᠬᠦᠢ ᠪᠠᠷ  ᠬᠢᠨᠠᠵᠦ ᠬᠡᠮᠵᠢᠨ᠎ᠡ᠃          ᠲᠦᠷᠪᠡᠳᠦᠭᠡᠷ ᠪᠦᠯᠦᠭ   ᠲᠠᠷᠢᠶᠠᠨ ᠭᠠᠵᠠᠷ ᠢ ᠬᠠᠮᠠᠭᠠᠯᠠᠬᠤ       ᠭᠤᠴᠢᠨ ᠨᠢᠭᠡᠳᠦᠭᠡᠷ ᠵᠦᠢᠯ ᠣᠯᠣᠰ ᠠᠴᠠ ᠲᠠᠷᠢᠶᠠᠨ ᠭᠠᠵᠠᠷ ᠢ ᠬᠠᠮᠠᠭᠠᠯᠠᠵᠦ᠂ ᠲᠠᠷᠢᠶᠠᠨ ᠭᠠᠵᠠᠷ ᠢ ᠲᠠᠷᠢᠶᠠᠨ  ᠭᠠᠵᠠᠷ ᠪᠤᠰᠤ ᠪᠤᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃      ᠣᠯᠣᠰ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠪᠡᠯ ᠨᠦᠬᠦᠪᠦᠷᠢ ᠦᠭᠬᠦ ᠲᠦᠷᠢᠮ ᠢ ᠬᠡᠷᠡᠭᠵᠢᠬᠦᠯᠦᠨ᠎ᠡ᠃  ᠵᠦᠪᠰᠢᠶᠡᠷᠡᠯ ᠢᠶᠠᠷ ᠲᠠᠮᠵᠢᠨ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠪᠠᠶᠢᠪᠠᠯ᠂《 ᠬᠡᠳᠦᠢ ᠡᠵᠡᠯᠡᠪᠡᠯ ᠤᠷᠤᠨ ᠳᠤᠨᠢ ᠲᠡᠳᠦᠢ ᠭᠠᠵᠠᠷ ᠬᠠᠭᠠᠯᠪᠤᠷᠢᠯᠠᠬᠤ 》ᠵᠠᠷᠴᠢᠮ ᠤᠨ  ᠶᠤᠰᠤᠭᠠᠷ᠂ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠠᠴᠠ ᠬᠠᠷᠢᠭᠤᠴᠠᠵᠦ ᠪᠠᠶᠢᠭᠠᠳ ᠡᠵᠡᠯᠡᠵᠦ  ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠲᠠᠢ ᠲᠡᠩᠴᠡᠬᠦ ᠲᠠᠷᠢᠶᠠᠨ ᠭᠠᠵᠠᠷ ᠢ  ᠬᠠᠭᠠᠯᠪᠤᠷᠢᠯᠠᠬᠤ ᠬᠡᠷᠡᠭᠲᠠᠢ︔ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠬᠠᠭᠠᠯᠪᠤᠷᠢᠯᠠᠭᠰᠠᠨ ᠲᠠᠷᠢᠶᠠᠨ ᠭᠠᠵᠠᠷ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ  ᠬᠤᠳᠠ ᠶᠢᠨ ᠲᠤᠭᠳᠠᠭᠠᠯ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠰᠦᠢᠳᠭᠡᠯ ᠲᠤᠰᠢᠶᠠᠬᠤ ᠬᠡᠷᠡᠭᠲᠠᠢ᠂ ᠲᠤᠰ  ᠰᠦᠢᠳᠭᠡᠯ ᠤᠨ ᠵᠤᠭᠤᠰ ᠢ ᠰᠢᠨ᠎ᠡ ᠲᠠᠷᠢᠶᠠᠨ ᠭᠠᠵᠠᠷ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ᠃       ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ  ᠤᠷᠳᠤᠨ ᠨᠤᠭᠤᠳ ᠲᠠᠷᠢᠶᠠᠨ ᠭᠠᠵᠠᠷ ᠬᠠᠭᠠᠯᠪᠤᠷᠢᠯᠠᠬᠤ ᠲᠦᠯᠦᠪᠯᠡᠭᠡ ᠲᠤᠭᠳᠠᠭᠠᠵᠦ᠂ ᠲᠠᠷᠢᠶᠠᠨ ᠭᠠᠵᠠᠷ ᠢ ᠡᠵᠡᠯᠡᠵᠦ  ᠬᠡᠷᠡᠭᠯᠡᠭᠰᠡᠨ ᠨᠢᠭᠡᠴᠢ ᠶᠢᠨ ᠲᠦᠯᠦᠪᠯᠡᠭᠡ ᠶᠤᠰᠤᠭᠠᠷ ᠲᠠᠷᠢᠶᠠᠨ ᠭᠠᠵᠠᠷ ᠬᠠᠭᠠᠯᠪᠤᠷᠢᠯᠠᠬᠤ ᠪᠤᠶᠤ ᠲᠦᠯᠦᠪᠯᠡᠭᠡ ᠶᠤᠰᠤᠭᠠᠷ  ᠲᠠᠷᠢᠶᠠᠨ ᠭᠠᠵᠠᠷ ᠬᠠᠭᠠᠯᠪᠤᠷᠢᠯᠠᠬᠤ ᠠᠵᠢᠯ ᠢ ᠵᠤᠬᠢᠶᠠᠨ ᠪᠠᠶᠢᠭᠤᠯᠬᠤ ᠳᠤᠨᠢ ᠬᠢᠨᠠᠯᠳᠠ ᠲᠠᠯᠪᠢᠬᠤ ᠶᠢᠨ ᠬᠠᠮᠳᠦ ᠲᠠᠬᠦᠨ ᠢ   ᠨᠢ ᠰᠢᠯᠭᠠᠨ ᠠᠪᠬᠤ ᠬᠡᠷᠡᠭᠲᠠᠢ᠃         ᠭᠤᠴᠢᠨ ᠬᠤᠶᠠᠳᠣᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠠᠴᠠ ᠲᠠᠷᠢᠶᠠᠨ ᠭᠠᠵᠠᠷ ᠢ ᠡᠵᠡᠯᠡᠵᠦ ᠬᠡᠷᠡᠭᠯᠡᠭᠰᠡᠨ ᠨᠢᠭᠡᠴᠢ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ  ᠲᠠᠷᠢᠯᠠᠭ᠎ᠠ ᠶᠢᠨ ᠬᠦᠷᠦᠰᠦ ᠰᠢᠷᠦᠢ ᠶᠢ ᠰᠢᠨ᠎ᠡ ᠬᠠᠭᠠᠯᠪᠤᠷᠢᠯᠠᠬᠤ ᠲᠠᠷᠢᠶᠠᠨ ᠭᠠᠵᠠᠷ᠂ ᠴᠢᠨᠠᠷ ᠮᠠᠭᠤᠲᠠᠢ ᠭᠠᠵᠠᠷ ᠲᠤ  ᠬᠡᠷᠡᠭᠯᠡᠬᠦᠯᠬᠦ ᠪᠤᠶᠤ ᠪᠤᠰᠤᠳ ᠲᠠᠷᠢᠶᠠᠨ ᠭᠠᠵᠠᠷ ᠤᠨ ᠬᠦᠷᠦᠰᠦ ᠰᠢᠷᠦᠢ ᠶᠢ ᠰᠠᠶᠢᠵᠢᠷᠠᠭᠤᠯᠬᠤ ᠳᠤ ᠬᠡᠷᠡᠭᠯᠡᠬᠦᠯᠬᠦ ᠪᠠᠷ  ᠱᠠᠭᠠᠷᠳᠠᠯᠭ᠎ᠠ ᠲᠠᠯᠪᠢᠵᠦ ᠪᠤᠯᠤᠨ᠎ᠠ᠃        ᠭᠤᠴᠢᠨ ᠭᠤᠷᠪᠠᠳᠤᠭᠠᠷ ᠵᠦᠢᠯ  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠤᠷᠳᠤᠨ ᠨᠤᠭᠤᠳ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠪᠠ  ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠶᠢ ᠴᠢᠩᠭ᠎ᠠ ᠬᠡᠷᠡᠭᠵᠢᠬᠦᠯᠵᠦ᠂ ᠠᠷᠭ᠎ᠠ ᠬᠡᠮᠵᠢᠶ᠎ᠡ  ᠠᠪᠴᠦ ᠪᠠᠶᠢᠭᠠᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠲᠤᠳᠤᠷᠠᠬᠢ ᠲᠠᠷᠢᠶᠠᠨ ᠭᠠᠵᠠᠷ ᠤᠨ ᠪᠦᠬᠦ ᠬᠡᠮᠵᠢᠶ᠎ᠡ  ᠬᠠᠰᠣᠭᠳᠠᠬᠤ ᠦᠭᠡᠢ ᠪᠠᠶᠢᠬᠤ ᠶᠢ ᠦᠨᠡᠨ ᠬᠦ ᠪᠠᠳᠤᠯᠠᠬᠤ ᠬᠡᠷᠡᠭᠲᠠᠢ︔ ᠲᠠᠷᠢᠶᠠᠨ ᠭᠠᠵᠠᠷ ᠤᠨ ᠪᠦᠬᠦ ᠬᠡᠮᠵᠢᠶ᠎ᠡ ᠨᠢ  ᠬᠠᠰᠣᠭᠳᠠᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠵᠠᠷᠯᠢᠭᠳᠠᠵᠦ ᠪᠠᠶᠢᠭᠠᠳ ᠬᠠᠰᠣᠭᠳᠠᠭᠰᠠᠨ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠣ ᠴᠢᠨᠠᠷ ᠯᠤᠭ᠎ᠠ ᠠᠳᠠᠯᠢᠬᠠᠨ ᠲᠠᠷᠢᠶᠠᠨ ᠭᠠᠵᠠᠷ ᠢ ᠲᠤᠭᠳᠠᠭᠰᠠᠨ  ᠬᠤᠭᠤᠴᠠᠭᠠᠨ ᠤ ᠲᠤᠳᠤᠷ᠎ᠡ ᠵᠤᠬᠢᠶᠠᠨ ᠪᠠᠶᠢᠭᠤᠯᠵᠦ ᠬᠠᠭᠠᠯᠪᠤᠷᠢᠯᠠᠭᠤᠯᠬᠤ ᠪᠦᠭᠡᠳ ᠲᠦᠷᠦ ᠶᠢᠨ ᠶᠠᠪᠤᠳᠠᠯ ᠤᠨ  ᠬᠤᠷᠢᠶᠡᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠲᠠᠷᠢᠶᠠᠯᠠᠩ ᠤᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠣᠷᠠᠨ ᠰᠢᠯᠭᠠᠵᠦ ᠠᠪᠤᠨ᠎ᠠ᠃ ᠤᠨᠴᠠ ᠵᠠᠷᠢᠮ  ᠮᠤᠵᠢ᠂ ᠰᠢᠭᠤᠳ ᠬᠠᠷᠢᠶ᠎ᠠ ᠬᠤᠳᠠ ᠶᠢᠨ ᠭᠠᠵᠠᠷ ᠰᠢᠷᠦᠢ ᠶᠢᠨ ᠪᠡᠯᠡᠳᠭᠡᠯ ᠡᠬᠢ ᠰᠣᠷᠪᠤᠯᠵᠢ ᠨᠢ ᠦᠨᠡᠭᠡᠷ ᠲᠤᠳᠠᠮᠠᠭ  ᠪᠠᠶᠢᠵᠦ᠂ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠬᠦᠯᠦᠭᠰᠡᠨ ᠤ ᠲᠠᠷᠠᠭ᠎ᠠ᠂ ᠰᠢᠨ᠎ᠡ   ᠪᠠᠷ ᠬᠠᠭᠠᠯᠪᠤᠷᠢᠯᠠᠭᠰᠠᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ ᠤᠨ  ᠲᠤᠭ᠎ᠠ ᠬᠡᠮᠵᠢᠶ᠎ᠡ ᠶᠢ ᠨᠦᠬᠦᠵᠦ ᠬᠦᠷᠬᠦ ᠦᠭᠡᠢ ᠪᠠᠶᠢᠪᠠᠯ᠂ ᠡᠷᠭᠡᠪᠰᠢ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠵᠦᠪᠰᠢᠶᠡᠷᠡᠬᠦᠯᠦᠭᠡᠳ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠳᠤᠷᠠᠬᠢ ᠬᠠᠭᠠᠯᠪᠤᠷᠢᠯᠠᠬᠤ  ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠨ ᠬᠠᠰᠣᠭᠤᠯᠵᠦ ᠬᠡᠯᠳᠦᠷᠢᠬᠦᠯᠦᠭᠡᠳ᠂ ᠦᠭᠡᠷ᠎ᠡ ᠭᠠᠵᠠᠷ ᠲᠤ ᠣᠴᠢᠵᠦ  ᠬᠠᠭᠠᠯᠪᠤᠷᠢᠯᠠᠬᠤ ᠬᠡᠷᠡᠭᠲᠠᠢ᠃         ᠭᠤᠴᠢᠨ ᠲᠦᠷᠪᠡᠳᠦᠭᠡᠷ ᠵᠦᠢᠯ ᠣᠯᠣᠰ ᠠᠴᠠ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ  ᠬᠡᠷᠡᠭᠵᠢᠬᠦᠯᠦᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ ᠲᠤᠤᠷ᠎ᠡ  ᠵᠢᠭᠰᠠᠭᠠᠭᠰᠠᠨ ᠲᠠᠷᠢᠶᠠᠨ ᠭᠠᠵᠠᠷ ᠤᠳ ᠢ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠳᠤ  ᠤᠷᠤᠭᠤᠯᠵᠦ ᠴᠢᠩᠭ᠎ᠠ ᠬᠠᠮᠢᠶᠠᠷᠬᠤ ᠬᠡᠷᠡᠭᠲᠠᠢ᠄      ︵ᠨᠢᠭᠡ︶ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠪᠤᠶᠤ ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠵᠦ ᠲᠤᠭᠳᠠᠭᠠᠭᠰᠠᠨ ᠠᠮᠤ ᠪᠤᠳᠠᠭ᠎ᠠ᠂ ᠬᠦᠪᠦᠩ᠃ ᠲᠤᠰᠤᠯᠢᠭ ᠲᠠᠷᠢᠮᠠᠯ ᠤᠨ ᠦᠢᠯᠡᠳᠪᠦᠷᠢᠯᠡᠯ ᠤᠨ  ᠰᠠᠭᠤᠷᠢᠨ ᠭᠠᠵᠠᠷ ᠤᠨ ᠲᠤᠳᠤᠷᠠᠬᠢ ᠲᠠᠷᠢᠶᠠᠨ ᠭᠠᠵᠠᠷ︔       ︵ᠬᠤᠶᠠᠷ︶ ᠤᠰᠤᠨ ᠠᠰᠢᠭᠯᠠᠯᠳᠠ ᠶᠢᠨ ᠪᠠ ᠬᠦᠷᠦᠰᠦ ᠰᠢᠷᠦᠢ ᠶᠢᠨ ᠬᠠᠮᠠᠭᠠᠯᠠᠯᠳᠠ ᠶᠢᠨ ᠲᠤᠬᠢᠲᠠᠢ ᠰᠠᠶᠢᠨ  ᠲᠦᠬᠦᠭᠡᠷᠦᠮᠵᠢ ᠲᠠᠢ ᠲᠠᠷᠢᠶᠠᠨ ᠭᠠᠵᠠᠷ᠂ ᠤᠳᠤ ᠶᠠᠭ ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ ᠪᠠᠶᠢᠬᠤ ᠪᠠ  ᠰᠠᠶᠢᠵᠢᠷᠠᠭᠤᠯᠵᠦ ᠪᠤᠯᠬᠤ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ︔      ︵ᠭᠤᠷᠪᠠ︶ ᠢᠳᠡᠰᠢᠨ ᠨᠤᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ︔      ︵ᠲᠦᠷᠪᠡ︶ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠣᠳᠣᠯᠭᠠᠨ ᠬᠢᠬᠦ᠂ ᠵᠢᠭᠠᠨ ᠰᠤᠷᠭᠠᠬᠤ ᠲᠤᠷᠰᠢᠯᠳᠠ  ᠬᠢᠬᠦ ᠲᠠᠷᠢᠶᠠᠨ ᠭᠠᠵᠠᠷ︔      ︵ᠲᠠᠪᠤ︶ ᠲᠦᠷᠦ ᠶᠢᠨ ᠶᠠᠪᠤᠳᠠᠯ ᠤᠨ ᠬᠤᠷᠢᠶᠠᠨ ᠠᠴᠠ ᠦᠨᠳᠦᠰᠦᠨ ᠲᠠᠷᠢᠶᠠᠨ ᠭᠠᠵᠠᠷ ᠤᠨ  ᠬᠠᠮᠠᠭᠠᠯᠠᠯᠳᠠ ᠶᠢᠨ ᠤᠷᠤᠨ ᠳᠤ ᠤᠷᠤᠭᠤᠯᠬᠤ ᠶᠤᠰᠤᠲᠠᠢ ᠭᠡᠵᠦ ᠲᠤᠭᠳᠠᠭᠠᠭᠰᠠᠨ ᠪᠤᠰᠤᠳ ᠲᠠᠷᠢᠶᠠᠨ ᠭᠠᠵᠠᠷ᠃       ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠵᠠᠭᠠᠭᠯᠠᠨ ᠲᠤᠭᠳᠠᠭᠠᠭᠰᠠᠨ  ᠦᠨᠳᠦᠰᠦᠨ ᠲᠠᠷᠢᠶᠠᠨ ᠭᠠᠵᠠᠷ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠲᠠᠷᠢᠶᠠᠨ ᠭᠠᠵᠠᠷ ᠤᠨ80  % ᠠᠴᠠ ᠲᠡᠭᠡᠭᠰᠢᠬᠢ ᠶᠢ ᠡᠵᠡᠯᠡᠭᠰᠡᠨ ᠪᠠᠶᠢᠬᠤ ᠬᠡᠷᠡᠭᠲᠠᠢ᠃      ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠤᠷᠤᠨ ᠢ ᠰᠤᠮᠤ ︵ᠪᠠᠯᠭᠠᠰᠦ︶ ᠪᠠᠷ ᠨᠢᠭᠡᠴᠢ  ᠪᠤᠯᠭᠠᠨ ᠵᠠᠭᠠᠭᠯᠠᠨ ᠲᠤᠭᠳᠠᠭᠠᠵᠦ᠂ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ  ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠲᠠᠷᠢᠶᠠᠯᠠᠩ ᠤᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠷᠠᠨ ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃        ᠭᠤᠴᠢᠨ ᠲᠠᠪᠤᠳᠤᠭᠠᠷ ᠵᠦᠢᠯ  ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠠᠷᠭ᠎ᠠ  ᠬᠡᠮᠵᠢᠶ᠎ᠡ ᠠᠪᠴᠦ ᠪᠠᠶᠢᠭᠠᠳ ᠤᠰᠤ ᠵᠠᠯᠠᠬᠤ ᠪᠠᠷᠢᠯᠭ᠎ᠠ ᠶᠢᠨ ᠲᠦᠬᠦᠭᠡᠷᠦᠮᠵᠢ ᠶᠢ ᠬᠠᠮᠠᠭᠠᠯᠠᠵᠦ᠂ ᠬᠦᠷᠦᠰᠦ ᠰᠢᠷᠦᠢ ᠶᠢ  ᠰᠠᠶᠢᠵᠢᠷᠠᠭᠤᠯᠤᠨ᠂ ᠭᠠᠵᠠᠷ ᠤᠨ ᠰᠢᠮ᠎ᠡ ᠶᠢ ᠨᠡᠮᠡᠭᠳᠡᠬᠦᠯᠵᠦ᠂ ᠭᠠᠵᠠᠷ ᠰᠢᠷᠦᠢ ᠡᠯᠡᠰᠦᠵᠢᠬᠦ᠂ ᠬᠤᠵᠢᠷᠰᠢᠬᠤ᠂  ᠬᠦᠷᠦᠰᠦ ᠰᠢᠷᠦᠢ ᠢᠳᠡᠭᠳᠡᠬᠦ ᠪᠠ ᠭᠠᠵᠠᠷ ᠰᠢᠷᠦᠢ ᠪᠤᠬᠢᠷᠳᠤᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠠᠢ᠃        ᠭᠤᠴᠢᠨ ᠵᠢᠷᠭᠤᠳᠤᠭᠠᠷ ᠵᠦᠢᠯ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠬᠢᠬᠦ ᠳᠡᠭᠡᠨ ᠡᠷᠭᠡᠪᠰᠢ  ᠭᠠᠵᠠᠷ ᠰᠢᠷᠦᠢ ᠶᠢ ᠭᠠᠮᠨᠠᠨ ᠬᠡᠷᠡᠭᠯᠡᠬᠦ ᠬᠡᠷᠡᠭᠲᠠᠢ᠂ ᠠᠳᠠᠷ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠲᠠᠷᠢᠶᠠᠨ  ᠭᠠᠵᠠᠷ ᠢ ᠡᠵᠡᠯᠡᠨ ᠬᠡᠷᠡᠭᠯᠡᠵᠦ ᠪᠤᠯᠬᠤ ᠦᠭᠡᠢ︔ ᠮᠠᠭᠤ ᠭᠠᠵᠠᠷ ᠢ ᠠᠰᠢᠭᠯᠠᠵᠦ ᠪᠤᠯᠬᠤ ᠳᠤ ᠬᠦᠷᠪᠡᠯ ᠰᠠᠶᠢᠨ ᠭᠠᠵᠠᠷ ᠢ  ᠡᠵᠡᠯᠡᠨ ᠬᠡᠷᠡᠭᠯᠡᠵᠦ ᠪᠤᠯᠬᠤ ᠦᠭᠡᠢ᠃        ᠲᠠᠷᠢᠶᠠᠨ ᠭᠠᠵᠠᠷ ᠢ ᠡᠵᠡᠯᠡᠨ ᠶᠤᠤ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ ᠲᠡᠭᠡᠷ᠎ᠡ  ᠲᠤᠷ᠎ᠡ ᠪᠠᠷ ᠢᠶᠠᠨ ᠭᠡᠷ ᠪᠠᠷᠢᠬᠤ᠂ ᠡᠯᠡᠰᠦ ᠮᠠᠯᠳᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠳᠠᠬᠤ᠂ ᠰᠢᠷᠦᠢ  ᠠᠪᠬᠤ ᠶᠢ ᠴᠠᠭᠠᠵᠠᠯᠠᠨ᠎ᠠ᠃      ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠵᠢᠮᠢᠰ ᠤᠨ ᠦᠢᠯᠡᠰ ᠢ ᠬᠦᠭᠵᠢᠬᠦᠯᠬᠦ ᠪᠡ ᠨᠠᠭᠤᠷ  ᠮᠠᠯᠳᠠᠵᠦ ᠵᠢᠭᠠᠰᠣ ᠲᠡᠵᠢᠭᠡᠬᠦ ᠶᠢ ᠴᠠᠭᠠᠵᠠᠯᠠᠨ᠎ᠠ᠃      ᠭᠤᠴᠢᠨ ᠲᠤᠯᠤᠳᠤᠭᠠᠷ ᠵᠦᠢᠯ  ᠶᠠᠮᠠᠷᠪᠠ ᠨᠢᠭᠡᠴᠢ ᠪᠤᠯᠤᠨ ᠬᠤᠪᠢ ᠬᠦᠮᠦᠨ ᠤ ᠲᠠᠷᠢᠶᠠᠨ ᠭᠠᠵᠠᠷ ᠢ ᠰᠣᠯᠠ  ᠪᠠᠶᠢᠯᠭᠠᠬᠤ᠂ ᠠᠳᠠᠷᠰᠢᠭᠤᠯᠬᠤ ᠶᠢ ᠴᠠᠭᠠᠵᠠᠯᠠᠨ᠎ᠠ᠃ ᠨᠢᠭᠡᠨᠳᠡ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠭᠰᠡᠨ  ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠲᠠᠷᠢᠶᠠᠨ ᠭᠠᠵᠠᠷ ᠢ ᠨᠢᠭᠡ ᠵᠢᠯ ᠤᠨ  ᠲᠤᠳᠤᠷ᠎ᠡ ᠬᠡᠷᠡᠭᠯᠡᠭᠰᠡᠨ ᠦᠭᠡᠢ ᠪᠦᠭᠡᠳ ᠲᠡᠷᠡ ᠭᠠᠵᠠᠷ ᠲᠤ ᠲᠠᠷᠢᠶ᠎ᠠ ᠲᠠᠷᠢᠵᠦ ᠬᠤᠷᠢᠶᠠᠯᠳᠠ ᠠᠪᠴᠦ ᠪᠤᠯᠬᠤ ᠪᠠᠶᠢᠪᠠᠯ  ᠂ ᠤᠤᠯ ᠤᠨ ᠡᠨᠡ ᠲᠠᠷᠢᠶᠠᠨ ᠭᠠᠵᠠᠷ ᠲᠡᠭᠡᠷ᠎ᠡ ᠲᠠᠷᠢᠶ᠎ᠠ ᠲᠠᠷᠢᠵᠦ ᠪᠠᠶᠢᠭᠰᠠᠨ ᠬᠠᠮᠳᠦ ᠨᠡᠶᠢᠳᠡ ᠪᠤᠶᠤ ᠬᠤᠪᠢ ᠬᠦᠮᠦᠨ  ᠲᠠᠬᠢᠵᠦ ᠲᠠᠷᠢᠶ᠎ᠠ ᠲᠠᠷᠢᠬᠤ ᠬᠡᠷᠡᠭᠲᠠᠢ᠂ ᠭᠠᠵᠠᠷ ᠬᠡᠷᠡᠭᠯᠡᠬᠦ ᠨᠢᠭᠡᠴᠢ ᠠᠴᠠ ᠵᠤᠬᠢᠶᠠᠨ ᠪᠠᠶᠢᠭᠤᠯᠵᠦ ᠪᠠᠶᠢᠭᠠᠳ ᠲᠠᠷᠢᠵᠦ  ᠴᠦ ᠪᠤᠯᠤᠨ᠎ᠠ︔ ᠨᠢᠭᠡ ᠵᠢᠯ ᠭᠠᠷᠦᠢ ᠪᠤᠯᠤᠭᠠᠳ ᠪᠦᠳᠦᠭᠡᠨ ᠪᠠᠶᠢᠭᠤᠯᠤᠯᠳᠠ ᠶᠢᠨ ᠠᠵᠢᠯ ᠢᠶᠠᠨ ᠡᠬᠢᠯᠡᠬᠦᠯᠦᠭᠰᠡᠨ  ᠦᠭᠡᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠯ ᠶᠤᠰᠤᠭᠠᠷ  ᠭᠠᠵᠠᠷ ᠰᠢᠷᠦᠢ ᠶᠢ ᠰᠣᠯᠠ ᠪᠠᠶᠢᠯᠭᠠᠭᠰᠠᠨ ᠰᠦᠢᠳᠭᠡᠯ ᠲᠤᠰᠢᠶᠠᠬᠤ ᠬᠡᠷᠡᠭᠲᠠᠢ︔ ᠬᠤᠶᠠᠷ ᠵᠢᠯ ᠲᠠᠷᠠᠭᠠᠯᠠᠨ ᠬᠡᠷᠡᠭᠯᠡᠭᠰᠡᠨ  ᠦᠭᠡᠢ ᠪᠠᠶᠢᠪᠠᠯ᠂ ᠤᠤᠯ ᠤᠨ ᠵᠦᠪᠰᠢᠶᠡᠷᠡᠭᠰᠡᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠭᠡᠳ ᠰᠢᠶᠠᠨ ᠤ ᠱᠠᠳᠤᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢᠨ ᠭᠠᠵᠠᠷ ᠰᠢᠷᠦᠢ ᠬᠡᠷᠡᠭᠯᠡᠬᠦ  ᠡᠷᠭᠡ ᠶᠢ ᠨᠢ ᠦᠨ᠎ᠡ ᠲᠦᠯᠦᠪᠤᠷᠢ ᠦᠭᠡᠢ ᠪᠠᠷ ᠬᠤᠷᠢᠶᠠᠨ ᠠᠪᠤᠨ᠎ᠠ︔ ᠡᠨᠡ ᠭᠠᠵᠠᠷ ᠰᠢᠷᠦᠢ ᠤᠤᠯ ᠨᠢ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠬᠢ ᠪᠠᠶᠢᠭᠰᠠᠨ ᠪᠤᠯ ᠤᠤᠯ ᠤᠨ ᠬᠦᠳᠡᠭᠡ ᠲᠤᠰᠬᠤᠨ ᠤ ᠬᠠᠮᠳᠦ ᠶᠢᠨ  ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠳᠤ ᠲᠤᠰᠢᠶᠠᠨ ᠦᠭᠴᠦ ᠲᠠᠷᠢᠶᠠᠯᠠᠯᠭ᠎ᠠ ᠶᠢ ᠨᠢ ᠰᠡᠷᠬᠦᠭᠡᠬᠦ ᠬᠡᠷᠡᠭᠲᠠᠢ᠃      ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠭᠡᠪᠴᠢᠶᠡᠨ ᠲᠤᠳᠤᠷ᠎ᠡ ᠰᠢᠯᠵᠢᠬᠦᠯᠦᠨ ᠬᠤᠳᠠᠯᠳᠤᠬᠤ  ᠬᠡᠯᠪᠡᠷᠢ ᠪᠠᠷ ᠭᠠᠵᠠᠷ ᠰᠢᠷᠦᠢ ᠬᠡᠷᠡᠭᠯᠡᠬᠦ ᠡᠷᠭᠡ ᠶᠢ ᠤᠯᠤᠭᠠᠳ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢ  ᠨᠡᠭᠡᠭᠡᠨ ᠬᠦᠭᠵᠢᠬᠦᠯᠬᠦ ᠪᠠᠷ ᠪᠠᠶᠢᠭ᠎ᠠ ᠰᠣᠯᠠ ᠪᠠᠶᠢᠯᠭᠠᠭᠰᠠᠨ ᠭᠠᠵᠠᠷ ᠰᠢᠷᠦᠢ ᠶᠢ ᠪᠤᠯ《 ᠪᠦᠬᠦᠳᠡ ᠨᠠᠶᠢᠷᠠᠮᠳᠠᠬᠤ  ᠲᠤᠮᠳᠠᠳᠦ ᠠᠷᠠᠳ ᠤᠯᠤᠰ ᠤᠨ ᠬᠤᠳᠠ ᠶᠢᠨ ᠬᠡᠷ ᠪᠠᠶᠢᠰᠢᠩ ᠭᠠᠵᠠᠷ ᠰᠢᠷᠦᠢ ᠶᠢᠨ ᠬᠦᠷᠦᠩᠭᠡ ᠶᠢᠨ  ᠬᠠᠮᠢᠶᠠᠷᠤᠯᠳᠠ ᠶᠢᠨ ᠬᠠᠤᠯᠢ 》 ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠢᠳᠪᠦᠷᠢᠯᠡᠨ᠎ᠡ᠃     ᠲᠠᠷᠢᠶᠠᠨ ᠭᠠᠵᠠᠷ ᠢ ᠲᠠᠭᠠᠭᠠᠴᠢᠯᠠᠨ ᠡᠵᠡᠩᠨᠡᠭᠰᠡᠨ ᠨᠢᠭᠡᠴᠢ ᠪᠤᠶᠤ ᠬᠤᠪᠢ ᠬᠦᠮᠦᠨ ᠬᠤᠶᠠᠷ ᠵᠢᠯ ᠲᠠᠷᠠᠭᠠᠯᠠᠨ  ᠲᠠᠷᠢᠶᠠᠯᠠᠬᠤ ᠦᠭᠡᠢ ᠪᠠᠷ ᠲᠠᠷᠢᠶᠠᠨ ᠭᠠᠵᠠᠷ ᠢ ᠠᠳᠠᠷᠰᠢᠭᠤᠯᠤᠭᠰᠠᠨ ᠪᠠᠶᠢᠪᠠᠯ᠂ ᠤᠤᠯ ᠤᠨ ᠲᠠᠭᠠᠭᠠᠴᠢᠯᠠᠭᠤᠯᠤᠭᠰᠠᠨ  ᠨᠢᠭᠡᠴᠢ ᠨᠢ ᠲᠠᠭᠠᠭᠠᠴᠢᠯᠠᠯᠳᠠ ᠶᠢᠨ ᠬᠡᠷ᠎ᠡ ᠪᠠᠨ ᠲᠠᠭᠤᠰᠬᠠᠵᠦ᠂ ᠲᠠᠭᠠᠭᠠᠴᠢᠯᠠᠭᠤᠯᠤᠭᠰᠠᠨ ᠲᠠᠷᠢᠶᠠᠨ ᠭᠠᠵᠠᠷ ᠢᠶᠠᠨ  ᠬᠤᠷᠢᠶᠠᠨ ᠠᠪᠬᠤ ᠬᠡᠷᠡᠭᠲᠠᠢ᠃        ᠭᠤᠴᠢᠨ ᠨᠠᠢᠮᠠᠳᠣᠭᠠᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ᠂  ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠰᠠᠶᠢᠵᠢᠷᠠᠭᠤᠯᠬᠤ᠂ ᠬᠦᠷᠦᠰᠦ ᠰᠢᠷᠦᠢ ᠢᠳᠡᠭᠳᠡᠬᠦ ᠪᠠ ᠭᠠᠵᠠᠷ  ᠰᠢᠷᠦᠢ ᠡᠯᠡᠰᠦᠵᠢᠬᠦ ᠶᠢ ᠰᠡᠷᠭᠡᠶᠢᠯᠡᠨ ᠵᠤᠭᠰᠤᠭᠠᠬᠤ ᠤᠷᠢᠳᠠᠯ ᠲᠤᠤᠷ᠎ᠡ᠂ ᠠᠰᠢᠭᠯᠠᠭᠠᠳᠦᠢ ᠭᠠᠵᠠᠷ ᠰᠢᠷᠦᠢ ᠶᠢ ᠨᠢᠭᠡᠴᠢ  ᠪᠠ ᠬᠤᠪᠢ ᠬᠦᠮᠦᠨ ᠤ ᠨᠡᠭᠡᠭᠡᠨ ᠠᠰᠢᠭᠯᠠᠬᠤ ᠶᠢ ᠤᠯᠤᠰ ᠠᠴᠠ ᠵᠤᠷᠢᠭᠵᠢᠭᠤᠯᠤᠨ᠎ᠠ︔ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠵᠦ ᠨᠡᠭᠡᠭᠡᠨ ᠠᠰᠢᠭᠯᠠᠬᠤ ᠳᠤ ᠲᠤᠬᠢᠷᠠᠮᠵᠢᠲᠠᠢ ᠪᠠᠶᠢᠪᠠᠯ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ  ᠭᠠᠵᠠᠷ ᠪᠤᠯᠭᠠᠨ ᠨᠡᠭᠡᠭᠡᠨ ᠠᠰᠢᠭᠯᠠᠬᠤ ᠬᠡᠷᠡᠭᠲᠠᠢ᠃         ᠤᠯᠤᠰ ᠠᠴᠠ ᠨᠡᠭᠡᠭᠡᠨ ᠠᠰᠢᠭᠯᠠᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ  ᠬᠠᠮᠠᠭᠠᠯᠠᠨ᠎ᠠ᠃        ᠭᠤᠴᠢ ᠶᠢᠰᠦᠳᠦᠭᠡᠷ ᠵᠦᠢᠯ  ᠠᠰᠢᠭᠯᠠᠭᠠᠳᠦᠢ ᠭᠠᠵᠠᠷ ᠰᠢᠷᠦᠢ ᠶᠢ ᠬᠠᠭᠠᠯᠪᠤᠷᠢᠯᠠᠬᠤ ᠳᠤ ᠡᠷᠭᠡᠪᠰᠢ ᠰᠢᠨᠵᠢᠯᠡᠬᠦ  ᠤᠬᠠᠭᠠᠨᠴᠢ ᠨᠤᠳᠠᠯᠠᠯᠳᠠ ᠪᠠ ᠦᠨᠡᠯᠡᠨ ᠵᠢᠱᠢᠯᠳᠠ ᠬᠢᠵᠦ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠵᠠᠭᠠᠭᠯᠠᠨ ᠲᠤᠭᠳᠠᠭᠠᠭᠰᠠᠨ ᠬᠠᠭᠠᠯᠪᠤᠷᠢᠯᠠᠵᠦ ᠪᠤᠯᠬᠤ ᠤᠷᠤᠨ ᠤ ᠲᠤᠳᠤᠷ᠎ᠡ᠂ ᠬᠠᠤᠯᠢ  ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ ᠬᠠᠭᠠᠯᠪᠤᠷᠢᠯᠠᠬᠤ ᠬᠡᠷᠡᠭᠲᠠᠢ᠃ ᠣᠢ ᠰᠢᠭᠤᠢ᠂ ᠡᠪᠡᠰᠦ ᠪᠡᠯᠴᠢᠭᠡᠷ ᠢ  ᠡᠪᠳᠡᠵᠦ ᠲᠠᠷᠢᠶᠠᠨ ᠭᠠᠵᠠᠷ ᠪᠤᠯᠭᠠᠨ ᠬᠠᠭᠠᠯᠪᠤᠷᠢᠯᠠᠬᠤ ᠶᠢ ᠴᠠᠭᠠᠵᠠᠯᠠᠨ᠎ᠠ᠂ ᠨᠠᠭᠤᠷ ᠢ ᠬᠦᠷᠢᠶᠡᠯᠡᠨ ᠲᠠᠷᠢᠶᠠᠨ ᠭᠠᠵᠠᠷ  ᠭᠠᠷᠭᠠᠬᠤ ᠪᠠ ᠭᠤᠤᠯ ᠮᠦᠷᠡᠨ ᠤ ᠲᠠᠩ ᠭᠠᠵᠠᠷ ᠢ ᠡᠵᠡᠯᠡᠬᠦ ᠶᠢ ᠴᠠᠭᠠᠵᠠᠯᠠᠨ᠎ᠠ᠃      ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠨ ᠬᠠᠭᠠᠯᠪᠤᠷᠢᠯᠠᠭᠰᠠᠨ ᠪᠠ ᠬᠦᠷᠢᠶᠡᠯᠡᠨ ᠬᠠᠭᠠᠯᠪᠤᠷᠢᠯᠠᠭᠰᠠᠨ  ᠭᠠᠵᠠᠷ ᠰᠢᠷᠦᠢ ᠶᠢ ᠪᠤᠯ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠦᠨᠳᠦᠰᠦᠯᠡᠨ᠂  ᠲᠦᠯᠦᠪᠯᠡᠭᠡ ᠲᠠᠢ ᠠᠯᠬᠤᠮ ᠲᠠᠷᠠᠭ᠎ᠠ ᠲᠠᠢ ᠪᠠᠷ ᠲᠠᠷᠢᠶᠠᠯᠠᠬᠤ ᠶᠢ ᠨᠢ ᠵᠤᠭᠰᠤᠭᠠᠨ᠂ ᠲᠠᠬᠢᠨ ᠤᠢ ᠰᠢᠭᠤᠢ᠂ ᠡᠪᠡᠰᠦ  ᠪᠡᠯᠴᠢᠭᠡᠷ ᠨᠠᠭᠤᠷ ᠲᠤᠭᠤᠷᠢᠮ ᠪᠤᠯᠭᠠᠬᠤ ᠬᠡᠷᠡᠭᠲᠠᠢ᠃        ᠲᠦᠴᠢᠳᠦᠭᠡᠷ ᠵᠦᠢᠯ  ᠬᠡᠷᠡᠭᠯᠡᠬᠦ ᠡᠷᠭᠡ ᠶᠢ ᠨᠢ ᠲᠤᠳᠤᠷᠬᠠᠢ ᠲᠤᠭᠳᠠᠭᠠᠭᠰᠠᠨ ᠦᠭᠡᠢ ᠤᠯᠤᠰ ᠤᠨ  ᠦᠮᠴᠢᠯᠡᠯ ᠤᠨ ᠠᠭᠯᠠᠭ ᠠᠭᠤᠯᠠ᠂ ᠠᠳᠠᠷ ᠭᠠᠵᠠᠷ᠂ ᠬᠤᠭᠤᠰᠤᠨ ᠲᠠᠩ ᠭᠠᠵᠠᠷ ᠢ ᠨᠡᠭᠡᠭᠡᠨ ᠠᠰᠢᠭᠯᠠᠭᠠᠳ  ᠲᠠᠷᠢᠮᠠᠯ ᠤᠨ ᠦᠢᠯᠡᠰ᠂ ᠤᠢ ᠰᠢᠭᠤᠢ ᠶᠢᠨ ᠠᠵᠦ ᠠᠬᠤᠢ᠂ ᠮᠠᠯ ᠠᠵᠦ ᠠᠬᠤᠢ᠂ ᠵᠢᠭᠠᠰᠤᠨ ᠠᠵᠦ ᠠᠬᠤᠢ ᠶᠢᠨ  ᠦᠢᠯᠡᠳᠪᠦᠷᠢᠯᠡᠯ ᠬᠢᠬᠦ ᠳᠤ ᠬᠦᠷᠪᠡᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ  ᠬᠠᠤᠯᠢ ᠶᠤᠰᠤᠭᠠᠷ ᠵᠦᠪᠰᠢᠶᠡᠷᠡᠬᠦᠯᠦᠭᠡᠳ᠂ ᠨᠡᠭᠡᠭᠡᠨ ᠠᠰᠢᠭᠯᠠᠬᠤ ᠨᠢᠭᠡᠴᠢ ᠪᠤᠶᠤ ᠬᠤᠪᠢ ᠬᠦᠮᠦᠨ ᠳᠤ ᠦᠭᠴᠦ  ᠤᠷᠳᠦ ᠬᠤᠭᠤᠴᠠᠭ᠎ᠠ ᠬᠡᠷᠡᠭᠯᠡᠬᠦᠯᠬᠦ ᠪᠠᠷ ᠲᠤᠭᠳᠠᠭᠠᠵᠦ ᠪᠤᠯᠤᠨ᠎ᠠ᠃         ᠲᠦᠴᠢᠨ ᠨᠢᠭᠡᠳᠦᠭᠡᠷ ᠵᠦᠢᠯ  ᠤᠯᠤᠰ ᠠᠴᠠ ᠭᠠᠵᠠᠷ ᠰᠢᠷᠦᠢ ᠶᠢ ᠵᠠᠰᠠᠵᠦ ᠰᠠᠶᠢᠵᠢᠷᠠᠭᠤᠯᠬᠤ ᠶᠢ  ᠵᠤᠷᠢᠭᠵᠢᠭᠤᠯᠤᠨ᠎ᠠ᠃ ᠰᠢᠶᠠᠨ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠨᠤᠭᠤᠳ ᠬᠦᠳᠡᠭᠡ  ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠵᠦ ᠪᠠᠶᠢᠭᠠᠳ ᠭᠠᠵᠠᠷ  ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠤᠰᠤᠭᠠᠷ ᠲᠠᠷᠢᠶ᠎ᠠ᠂ ᠤᠰᠤ᠂ ᠵᠠᠮ᠂ ᠤᠢ᠂ ᠲᠤᠰᠬᠤᠨ ᠢ  ᠶᠡᠷᠦᠩᠭᠡᠶᠢᠯᠡᠨ ᠵᠠᠰᠠᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠰᠠᠶᠢᠵᠢᠷᠠᠭᠤᠯᠤᠨ᠂ ᠦᠷ᠎ᠡ ᠠᠰᠢᠭ ᠲᠠᠢ ᠲᠠᠷᠢᠶᠠᠨ  ᠭᠠᠵᠠᠷ ᠤᠨ ᠲᠠᠯᠠᠪᠠᠢ ᠶᠢ ᠨᠡᠮᠡᠭᠳᠡᠬᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠨᠦᠬᠦᠴᠡᠯ ᠪᠠ ᠠᠮᠢ ᠠᠬᠤᠢ ᠶᠢᠨ  ᠤᠷᠴᠢᠨ ᠲᠤᠭᠤᠷᠢᠨ ᠢ ᠰᠠᠶᠢᠵᠢᠷᠠᠭᠤᠯᠬᠤ ᠬᠡᠷᠡᠭᠲᠠᠢ᠃      ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠷᠭ᠎ᠠ ᠬᠡᠮᠵᠢᠶ᠎ᠡ  ᠠᠪᠴᠦ ᠪᠠᠶᠢᠭᠠᠳ ᠲᠤᠮᠳᠠ᠂ ᠲᠤᠤᠷ᠎ᠡ ᠤᠨᠠᠯᠳᠠ ᠲᠠᠢ ᠲᠠᠷᠢᠶᠠᠨ ᠭᠠᠵᠠᠷ ᠢ ᠦᠭᠡᠷᠡᠴᠢᠯᠠᠨ ᠰᠠᠶᠢᠵᠢᠷᠠᠭᠤᠯᠵᠦ᠂ ᠰᠣᠯᠠ  ᠭᠠᠵᠠᠷ ᠪᠠ ᠬᠠᠶᠠᠭᠳᠠᠮᠠᠯ ᠭᠠᠵᠠᠷ ᠢ ᠵᠠᠰᠠᠬᠤ ᠬᠡᠷᠡᠭᠲᠠᠢ᠃        ᠲᠦᠴᠢᠨ ᠬᠤᠶᠠᠳᠤᠭᠠᠷ ᠵᠦᠢᠯ  ᠮᠠᠯᠳᠠᠵᠦ ᠡᠪᠳᠡᠭᠰᠡᠨ᠂ ᠴᠦᠮᠦᠷᠴᠦ ᠢᠪᠡᠷᠡᠭᠰᠡᠨ᠂ ᠲᠠᠷᠤᠵᠦ ᠡᠵᠡᠯᠡᠭᠰᠡᠨ  ᠵᠡᠷᠭᠡ ᠠᠴᠠ ᠪᠤᠯᠵᠦ ᠭᠠᠵᠠᠷ ᠰᠢᠷᠦᠢ ᠳᠤ ᠡᠪᠳᠡᠯᠡᠭᠡ ᠤᠴᠠᠷᠠᠭᠤᠯᠤᠭᠰᠠᠨ ᠪᠠᠶᠢᠪᠠᠯ᠂ ᠭᠠᠵᠠᠷ ᠬᠡᠷᠡᠭᠯᠡᠭᠰᠡᠨ ᠨᠢᠭᠡᠴᠢ ᠪᠠ  ᠬᠤᠪᠢ ᠬᠦᠮᠦᠨ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠡᠷᠬᠦᠭᠡᠨ ᠬᠠᠭᠠᠯᠪᠤᠷᠢᠯᠠᠬᠤ ᠠᠵᠢᠯ ᠢ  ᠬᠠᠷᠢᠭᠤᠴᠠᠬᠤ ᠬᠡᠷᠡᠭᠲᠠᠢ︔ ᠰᠡᠷᠭᠦᠭᠡᠨ ᠬᠠᠭᠠᠯᠪᠤᠷᠢᠯᠠᠬᠤ ᠨᠦᠬᠦᠴᠡᠯ ᠦᠭᠡᠢ ᠪᠤᠶᠤ ᠰᠡᠷᠬᠦᠭᠡᠨ ᠬᠠᠭᠠᠯᠪᠤᠷᠢᠯᠠᠭᠰᠠᠨ ᠨᠢ  ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠰᠦᠢᠳᠭᠡᠯ  ᠲᠤᠰᠢᠶᠠᠵᠦ᠂ ᠲᠤᠰ ᠰᠦᠢᠳᠭᠡᠯ ᠢ ᠭᠠᠵᠠᠷ ᠰᠢᠷᠦᠢ ᠶᠢ ᠰᠡᠷᠬᠦᠭᠡᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠬᠦ ᠬᠡᠷᠡᠭᠲᠠᠢ  ᠃ ᠰᠡᠷᠬᠦᠭᠡᠨ ᠬᠠᠭᠠᠯᠪᠤᠷᠢᠯᠠᠭᠰᠠᠨ ᠭᠠᠵᠠᠷ ᠢ ᠡᠩ ᠲᠠᠷᠢᠬᠦᠨ ᠳᠤ ᠲᠠᠷᠢᠶᠠᠯᠠᠩ ᠳᠤ ᠬᠡᠷᠡᠭᠯᠡᠬᠦ ᠬᠡᠷᠡᠭᠲᠠᠢ᠃                    ᠲᠠᠪᠤᠳᠤᠭᠠᠷ ᠪᠦᠯᠦᠭ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ      ᠲᠦᠴᠢᠨ ᠭᠤᠷᠪᠠᠳᠣᠭᠠᠷ ᠵᠦᠢᠯ  ᠶᠠᠮᠠᠷᠪᠠ ᠨᠢᠭᠡᠴᠢ ᠪᠤᠶᠤ ᠬᠤᠪᠢ ᠬᠦᠮᠦᠨ ᠪᠦᠳᠦᠭᠡᠨ ᠪᠠᠶᠢᠭᠤᠯᠤᠯᠳᠠ ᠳᠤ  ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠪᠠᠯ᠂ ᠡᠷᠭᠡᠪᠰᠢ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ  ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠬᠤ ᠬᠡᠷᠡᠭᠲᠠᠢ︔ ᠭᠡᠪᠡᠴᠦ ᠰᠣᠮᠤ ᠪᠠᠯᠭᠠᠰᠤᠨ ᠤ ᠠᠵᠦ ᠠᠬᠤᠶᠢᠯᠠᠯ  ᠡᠷᠬᠢᠯᠡᠬᠦ ᠪᠠ ᠭᠠᠴᠠᠭᠠᠨ ᠤ ᠠᠷᠠᠳ ᠤᠨ ᠤᠷᠤᠨ ᠰᠠᠭᠤᠴᠠ ᠪᠠᠷᠢᠬᠤ ᠳᠤ ᠲᠤᠰ ᠬᠠᠮᠳᠦ ᠶᠢᠨ ᠠᠵᠦ ᠠᠬᠤᠢ ᠶᠢᠨ  ᠵᠤᠬᠢᠶᠠᠨ ᠪᠠᠶᠢᠭᠤᠯᠤᠯᠳᠠ ᠶᠢᠨ ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ  ᠬᠠᠤᠯᠢ ᠶᠤᠰᠤᠭᠠᠷ ᠵᠦᠪᠰᠢᠶᠡᠷᠡᠬᠦᠯᠦᠭᠰᠡᠨ ᠪᠠᠶᠢᠪᠠᠯ᠂ ᠡᠰᠡᠬᠦᠯ᠎ᠡ ᠰᠤᠮᠤ ︵ᠪᠠᠯᠭᠠᠰᠤ︶ ᠭᠠᠴᠠᠭ᠎ᠠ ᠶᠢᠨ ᠨᠠᠶᠢᠳᠡ ᠶᠢᠨ  ᠬᠡᠷᠡᠭᠯᠡᠭᠡᠨ ᠤ ᠲᠦᠬᠦᠭᠡᠷᠦᠮᠵᠢ ᠪᠠ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠷ ᠬᠠᠤᠯᠢ ᠶᠤᠰᠤᠭᠠᠷ  ᠵᠦᠪᠰᠢᠶᠡᠷᠡᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃     ᠡᠮᠦᠨᠡᠬᠢ ᠪᠠᠳᠠᠭ ᠲᠤ ᠲᠤᠷᠠᠳᠤᠭᠰᠠᠨ ᠬᠡᠷᠡᠭᠯᠡᠬᠦ ᠪᠠᠷ ᠬᠠᠤᠯᠢ ᠶᠤᠰᠤᠭᠠᠷ ᠭᠤᠶᠤᠴᠢᠯᠠᠭᠰᠠᠨ ᠤᠯᠤᠰ ᠤᠨ  ᠦᠮᠴᠢᠯᠡᠯ ᠤᠨ ᠭᠠᠵᠠᠷ ᠰᠢᠷᠦᠢ ᠳᠤ ᠤᠯᠤᠰ ᠤᠨ ᠦᠮᠴᠢᠯᠡᠯ ᠤᠨ ᠭᠠᠵᠠᠷ ᠰᠢᠷᠦᠢ ᠪᠤᠯᠤᠨ ᠤᠯᠤᠰ ᠠᠴᠠ  ᠲᠠᠳᠠᠪᠤᠷᠢᠯᠠᠭᠰᠠᠨ ᠤᠤᠯ ᠨᠢ ᠲᠠᠷᠢᠶᠠᠴᠢᠳ ᠤᠨ ᠬᠠᠮᠳᠦ ᠶᠢᠨ ᠦᠮᠴᠢᠯᠡᠯ ᠳᠤ ᠪᠠᠶᠢᠭᠰᠠᠨ ᠭᠠᠵᠠᠷ ᠰᠢᠷᠦᠢ ᠪᠠᠭᠳᠠᠨ᠎ᠠ᠃       ᠲᠦᠴᠢᠨ ᠲᠦᠷᠪᠡᠳᠦᠭᠡᠷ ᠵᠦᠢᠯ  ᠪᠦᠳᠦᠭᠡᠨ ᠪᠠᠶᠢᠭᠤᠯᠤᠯᠳᠠ ᠳᠤ ᠡᠵᠡᠯᠡᠨ ᠬᠡᠷᠡᠭᠯᠡᠬᠦ ᠭᠠᠵᠠᠷ ᠰᠢᠷᠦᠢ ᠨᠢ  ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ  ᠶᠠᠪᠤᠳᠠᠯ ᠳᠤ ᠬᠤᠯᠪᠤᠭᠳᠠᠪᠠᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠳ ᠬᠡᠷᠡᠭᠯᠡᠬᠦ ᠪᠠᠷ ᠬᠢᠨᠠᠨ  ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ  ᠣᠷᠳᠣᠨ ᠠᠴᠠ ᠵᠦᠪᠰᠢᠶᠡᠷᠡᠭᠰᠡᠨ ᠵᠠᠮ᠂ ᠬᠤᠭᠤᠯᠠᠢ ᠤᠳᠠᠰᠦ ᠶᠢᠨ ᠪᠠᠷᠢᠯᠭ᠎ᠠ ᠪᠠ ᠲᠤᠮᠤ ᠬᠡᠯᠪᠡᠷᠢ ᠶᠢᠨ ᠰᠠᠭᠤᠷᠢ  ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ  ᠵᠦᠪᠰᠢᠶᠡᠷᠡᠭᠰᠡᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ  ᠲᠠᠷᠢᠶᠠᠯᠠᠩ ᠳᠤ ᠬᠡᠷᠡᠭᠯᠡᠬᠦ ᠭᠠᠵᠠᠷ ᠢ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠵᠦ ᠬᠤᠪᠢᠷᠠᠭᠠᠬᠤ  ᠶᠠᠪᠤᠳᠠᠯ ᠳᠤ ᠬᠤᠯᠪᠤᠭᠳᠠᠬᠤ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠃      ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠲᠤᠳᠠᠭᠠᠭᠰᠠᠨ ᠬᠤᠳᠠ ᠪᠠ ᠠᠶᠢᠯ  ᠲᠤᠰᠬᠤᠨ᠂ ᠪᠠᠯᠭᠠᠰᠣᠨ ᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠬᠡᠪᠴᠢᠶ᠎ᠡ ᠬᠦᠷᠢᠶᠠᠨ ᠤ  ᠲᠤᠳᠤᠷ᠎ᠡ᠂ ᠲᠤᠰ ᠲᠦᠯᠦᠪᠵᠢᠬᠦᠯᠭᠡ ᠶᠢ ᠬᠡᠷᠡᠭᠵᠢᠬᠦᠯᠬᠦ ᠶᠢᠨ ᠲᠤᠰᠠᠳᠠ ᠲᠠᠷᠢᠶᠠᠯᠠᠩ ᠳᠤ ᠬᠡᠷᠡᠭᠯᠡᠬᠦ ᠭᠠᠵᠠᠷ ᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠪᠤᠯᠭᠠᠵᠦ ᠬᠤᠪᠢᠷᠠᠭᠠᠬᠤ ᠳᠤ ᠬᠦᠷᠪᠡᠯ᠂ ᠭᠠᠵᠠᠷ ᠰᠢᠷᠦᠢ ᠶᠢᠨ  ᠠᠰᠢᠭᠯᠠᠯᠳᠠ ᠶᠢᠨ ᠤᠨ ᠤ ᠲᠦᠯᠦᠪᠯᠡᠭᠡ ᠶᠢᠨ ᠶᠤᠰᠤᠭᠠᠷ ᠪᠦᠯᠦᠭ ᠤᠳᠠᠭ᠎ᠠ ᠬᠤᠪᠢᠶᠠᠨ ᠭᠠᠵᠠᠷ ᠰᠢᠷᠦᠢ ᠶᠢ  ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ ᠵᠦᠪᠰᠢᠶᠡᠷᠡᠭᠰᠡᠨ ᠤᠤᠯ ᠤᠨ ᠪᠠᠶᠢᠭᠤᠯᠭ᠎ᠠ ᠪᠠᠷ ᠨᠢ ᠵᠦᠪᠰᠢᠶᠡᠷᠡᠬᠦᠯᠦᠨ᠎ᠡ  ᠃ ᠨᠢᠭᠡᠨᠳᠡ ᠵᠦᠪᠰᠢᠶᠡᠷᠡᠬᠦᠯᠦᠭᠰᠡᠨ ᠬᠤᠪᠢᠷᠠᠭᠠᠨ ᠬᠡᠷᠡᠭᠯᠡᠬᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠡᠪᠴᠢᠶᠡᠨ  ᠲᠤᠳᠤᠷᠠᠬᠢ ᠪᠤᠳᠠᠳᠠᠢ ᠪᠦᠳᠦᠭᠡᠨ ᠪᠠᠶᠢᠭᠤᠯᠤᠯᠳᠠ ᠶᠢᠨ ᠵᠦᠢᠯᠡᠰ ᠲᠤ ᠬᠡᠷᠡᠭᠯᠡᠬᠦ ᠭᠠᠵᠠᠷ ᠢ ᠬᠤᠳᠠ᠂ ᠰᠢᠶᠠᠨ ᠤ  ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠵᠦ ᠪᠤᠯᠤᠨ᠎ᠠ᠃      ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠣᠭᠠᠷ ᠪᠠᠳᠠᠭ ᠤᠨ ᠲᠤᠭᠳᠠᠭᠠᠯ ᠠᠴᠠ ᠪᠤᠰᠤᠳ ᠪᠦᠳᠦᠭᠡᠨ  ᠪᠠᠶᠢᠭᠤᠯᠤᠯᠳᠠ ᠶᠢᠨ ᠵᠦᠢᠯᠡᠰ ᠤᠨ ᠡᠵᠡᠯᠡᠨ ᠬᠡᠷᠡᠭᠯᠡᠬᠦ ᠭᠠᠵᠠᠷ ᠰᠢᠷᠦᠢ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ  ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠬᠤ ᠶᠠᠪᠤᠳᠠᠯ ᠳᠤ ᠬᠤᠯᠪᠤᠭᠳᠠᠪᠠᠯ᠂ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠᠯ ᠶᠢᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠦᠨ᠎ᠡ᠃        ᠲᠦᠴᠢᠨ ᠲᠠᠪᠤᠳᠤᠭᠠᠷ ᠵᠦᠢᠯ  ᠲᠤᠤᠷ᠎ᠡ ᠵᠢᠭᠰᠠᠭᠠᠭᠰᠠᠨ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂  ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠨ᠎ᠡ᠄     ︵ᠨᠢᠭᠡ︶ ᠦᠨᠳᠦᠰᠦᠨ ᠲᠠᠷᠢᠶᠠᠨ ᠭᠠᠵᠠᠷ︔      ︵ᠬᠤᠶᠠᠷ︶ ᠦᠨᠳᠦᠰᠦᠨ ᠲᠠᠷᠢᠶᠠᠨ ᠭᠠᠵᠠᠷ ᠠᠴᠠ ᠭᠠᠳᠠᠨᠠᠬᠢ 35 ᠡᠾᠧᠺᠲ᠋ᠠᠷ ᠠᠴᠠ ᠬᠡᠳᠤᠷᠡᠭᠰᠡᠨ ᠲᠠᠷᠢᠶᠠᠨ  ᠭᠠᠵᠠᠷ︔       ︵ᠭᠤᠷᠪᠠ︶ 70 ᠡᠾᠧᠺᠲ᠋ᠠᠷ ᠠᠴᠠ ᠬᠡᠳᠤᠷᠡᠭᠰᠡᠨ ᠪᠤᠰᠤᠳ ᠭᠠᠵᠠᠷ ᠰᠢᠷᠦᠢ᠃      ᠡᠮᠦᠨᠡᠬᠢ ᠪᠠᠳᠠᠭ ᠤᠨ ᠲᠤᠭᠳᠠᠭᠠᠯ ᠳᠠᠬᠢ ᠭᠠᠵᠠᠷ ᠰᠢᠷᠦᠢ ᠠᠴᠠ ᠭᠠᠳᠠᠨᠠᠬᠢ ᠭᠠᠵᠠᠷ ᠰᠢᠷᠦᠢ ᠶᠢ  ᠲᠠᠳᠠᠪᠤᠷᠢᠯᠠᠬᠤ ᠳᠤ ᠬᠦᠷᠪᠡᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ  ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠬᠦ ᠶᠢᠨ ᠬᠠᠮᠳᠦ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠲᠠᠩᠰᠠᠯᠠᠭᠤᠯᠤᠨ᠎ᠠ᠃      ᠲᠠᠷᠢᠶᠠᠯᠠᠩ ᠳᠤ ᠬᠡᠷᠡᠭᠯᠡᠬᠦ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠲᠤᠰ ᠬᠠᠤᠯᠢ ᠶᠢᠨ ᠲᠦᠴᠢᠨ  ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠲᠡᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠣᠷᠢᠳᠠᠪᠡᠷ ᠬᠢᠬᠦ ᠬᠡᠷᠡᠭᠲᠠᠢ᠃ ᠡᠬᠦᠨ ᠤ ᠲᠤᠳᠤᠷ᠎ᠡ᠂ ᠲᠠᠷᠢᠶᠠᠯᠠᠩ ᠳᠤ  ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠠᠷ ᠵᠦᠪᠰᠢᠶᠡᠷᠡᠬᠦᠯᠦᠭᠰᠡᠨ  ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ  ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠲᠠᠬᠢᠵᠦ ᠬᠢᠬᠦ ᠦᠭᠡᠢ︔ ᠮᠤᠵᠢ᠂  ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ  ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠲᠤᠳᠤᠷ᠎ᠡ ᠪᠠᠨ ᠲᠠᠷᠢᠶᠠᠯᠠᠩ ᠳᠤ ᠬᠡᠷᠡᠭᠯᠡᠬᠦ ᠭᠠᠵᠠᠷ ᠢ  ᠬᠤᠪᠢᠷᠠᠭᠠᠨ ᠬᠡᠷᠡᠭᠯᠡᠬᠦ ᠶᠢ ᠵᠦᠪᠰᠢᠶᠡᠷᠡᠭᠰᠡᠨ ᠪᠠᠶᠢᠪᠠᠯ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ  ᠬᠦᠢᠴᠡᠳᠭᠡᠯ ᠢ ᠵᠡᠷᠭᠡ ᠳᠤᠨᠢ ᠬᠢᠵᠦ᠂ ᠭᠠᠵᠠᠷ ᠲᠠᠳᠠᠪᠤᠷᠢᠯᠠᠬᠤ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠠᠰ   ᠲᠤᠨᠢ ᠲᠠᠬᠢᠵᠦ ᠬᠢᠬᠦ ᠦᠭᠡᠢ᠃ ᠭᠠᠵᠠᠷ ᠲᠠᠳᠠᠪᠤᠷᠢᠯᠠᠬᠤ ᠶᠢ ᠵᠦᠪᠰᠢᠶᠡᠷᠡᠬᠦ ᠡᠷᠭᠡ ᠮᠡᠳᠡᠯ ᠤᠨ ᠬᠡᠪᠴᠢᠶᠡᠨ ᠠᠴᠠ  ᠲᠠᠪᠠᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠲᠠᠳᠠᠪᠤᠷᠢᠯᠠᠬᠤ ᠶᠢ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠢ ᠠᠰ ᠲᠤᠨᠢ ᠬᠢᠬᠦ ᠬᠡᠷᠡᠭᠲᠠᠢ᠃      ᠲᠦᠴᠢᠨ ᠵᠢᠷᠭᠤᠳᠤᠭᠠᠷ ᠵᠦᠢᠯ  ᠤᠯᠤᠰ ᠠᠴᠠ ᠭᠠᠵᠠᠷ ᠰᠢᠷᠦᠢ ᠶᠢ ᠲᠠᠳᠠᠪᠤᠷᠢᠯᠠᠬᠤ ᠳᠤ ᠬᠦᠷᠪᠡᠯ᠂  ᠬᠠᠤᠯᠢ ᠳᠤ ᠲᠤᠭᠳᠠᠭᠠᠭᠰᠠᠨ ᠵᠢᠷᠦᠮ ᠶᠤᠰᠤᠭᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠰᠢᠶᠠᠨ ᠤ ᠱᠠᠳᠣᠨ ᠠᠴᠠ  ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠠᠷ ᠨᠡᠶᠢᠳᠡᠯᠡᠬᠦ ᠶᠢᠨ ᠬᠠᠮᠳᠦ  ᠵᠤᠬᠢᠶᠠᠨ ᠪᠠᠶᠢᠭᠤᠯᠵᠦ ᠬᠡᠷᠡᠭᠵᠢᠬᠦᠯᠦᠨ᠎ᠡ᠃       ᠭᠠᠵᠠᠷ ᠰᠢᠷᠦᠢ ᠪᠠᠨ ᠲᠠᠳᠠᠪᠤᠷᠢᠯᠠᠭᠳᠠᠭᠰᠠᠨ ᠦᠮᠴᠢᠯᠡᠯ ᠤᠨ ᠡᠷᠭᠡ ᠪᠦᠬᠦᠢ ᠬᠦᠮᠦᠨ᠂ ᠬᠡᠷᠡᠭᠯᠡᠬᠦ ᠡᠷᠭᠡ ᠪᠦᠬᠦᠢ  ᠬᠦᠮᠦᠨ ᠠᠯᠪᠠᠨ ᠵᠠᠷ ᠲᠤ ᠲᠤᠭᠳᠠᠭᠠᠭᠰᠠᠨ ᠬᠤᠭᠤᠴᠠᠭᠠᠨ ᠤ ᠲᠤᠳᠤᠷ᠎ᠡ ᠭᠠᠵᠠᠷ ᠰᠢᠷᠦᠢ ᠶᠢᠨ ᠡᠷᠭᠡ ᠶᠢᠨ  ᠬᠠᠷᠢᠶᠠᠯᠠᠯ ᠤᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠭᠠᠵᠠᠷ ᠰᠢᠷᠦᠢ  ᠲᠠᠳᠠᠪᠤᠷᠢᠯᠠᠭᠰᠠᠨ ᠲᠦᠯᠦᠪᠦᠷᠢ ᠠᠪᠬᠤ ᠲᠠᠩᠰᠠᠯᠠᠯᠳᠠ ᠬᠢᠯᠭᠡᠬᠦ ᠬᠡᠷᠡᠭᠲᠠᠢ᠃             ᠲᠦᠴᠢᠨ ᠲᠤᠯᠤᠳᠤᠭᠠᠷ ᠵᠦᠢᠯ  ᠭᠠᠵᠠᠷ ᠰᠢᠷᠦᠢ ᠶᠢ ᠲᠠᠳᠠᠪᠤᠷᠢᠯᠠᠭᠰᠠᠨ ᠪᠠᠶᠢᠪᠠᠯ᠂ ᠲᠠᠳᠠᠪᠤᠷᠢᠯᠠᠨ ᠠᠪᠤᠭᠰᠠᠨ  ᠭᠠᠵᠠᠷ ᠰᠢᠷᠦᠢ ᠶᠢᠨ ᠤᠤᠯ ᠬᠡᠷᠡᠭᠯᠡᠯᠳᠡ ᠶᠤᠰᠤᠭᠠᠷ ᠲᠦᠯᠦᠪᠤᠷᠢ ᠦᠭᠬᠦ ᠬᠡᠷᠡᠭᠲᠠᠢ᠃       ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠳᠤ ᠭᠠᠵᠠᠷ ᠰᠢᠷᠦᠢ ᠶᠢᠨ ᠲᠦᠯᠦᠪᠤᠷᠢ᠂  ᠲᠦᠪᠬᠢᠨᠡᠬᠦᠯᠬᠦ ᠨᠦᠬᠦᠪᠦᠷᠢ ᠰᠦᠢᠳᠭᠡᠯ ᠵᠢᠴᠢ ᠭᠠᠵᠠᠷ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ  ᠲᠦᠯᠦᠪᠤᠷᠢ ᠰᠦᠢᠳᠭᠡᠯ ᠪᠠᠭᠳᠠᠨ᠎ᠠ᠃ ᠲᠠᠷᠢᠶᠠᠨ ᠭᠠᠵᠠᠷ ᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ ᠬᠡᠮᠵᠢᠶ᠎ᠡ   ᠨᠢ ᠲᠤᠰ ᠲᠠᠷᠢᠶᠠᠨ ᠭᠠᠵᠠᠷ ᠢ ᠲᠠᠳᠠᠪᠤᠷᠢᠯᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ  ᠦᠢᠯᠡᠳᠬᠦᠨ ᠤ ᠦᠷᠳᠡᠭ ᠤ ᠬᠢᠨᠢ ᠵᠢᠷᠭᠤᠭᠠᠨ ᠲᠠᠬᠢᠨ ᠠᠴᠠ ᠠᠷᠪᠠᠨ ᠲᠠᠬᠢᠨ ᠪᠤᠯᠤᠨ᠎ᠠ᠃ ᠲᠠᠷᠢᠶᠠᠨ ᠭᠠᠵᠠᠷ ᠢ  ᠲᠠᠳᠠᠪᠤᠷᠢᠯᠠᠭᠰᠠᠨ ᠤ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠲᠦᠪᠬᠢᠨᠡᠬᠦᠯᠬᠦ ᠴᠢᠬᠤᠯᠠ ᠲᠠᠢ ᠲᠠᠷᠢᠶᠠᠯᠠᠩ ᠤᠨ  ᠬᠦᠮᠦᠨ ᠠᠮᠠ ᠶᠢᠨ ᠲᠤᠭ᠎ᠠ ᠪᠠᠷ ᠪᠤᠳᠤᠨ᠎ᠠ᠃ ᠲᠦᠪᠬᠢᠨᠡᠬᠦᠯᠬᠦ ᠴᠢᠬᠤᠯᠠ ᠲᠠᠢ ᠬᠦᠮᠦᠨ ᠠᠮᠠ ᠶᠢᠨ ᠲᠤᠭ᠎ᠠ ᠶᠢ ᠪᠤᠯ  ᠲᠠᠳᠠᠪᠤᠷᠢᠯᠠᠬᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠲᠠᠷᠢᠶᠠᠨ ᠭᠠᠵᠠᠷ ᠪᠠᠨ ᠲᠠᠳᠠᠪᠤᠷᠢᠯᠠᠭᠳᠠᠭᠰᠠᠨ  ᠨᠢᠭᠡᠴᠢ ᠶᠢᠨ ᠲᠠᠷᠢᠶᠠᠨ ᠭᠠᠵᠠᠷ ᠢᠶᠠᠨ ᠲᠠᠳᠠᠪᠤᠷᠢᠯᠠᠭᠳᠠᠬᠤ ᠠᠴᠠ ᠡᠮᠦᠨᠡᠬᠢ ᠬᠦᠮᠦᠨ ᠪᠦᠷᠢ ᠳᠤ ᠨᠤᠭᠳᠠᠵᠦ ᠪᠠᠶᠢᠭᠰᠠᠨ  ᠲᠤᠮᠳᠠᠴᠢ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠷ ᠬᠤᠪᠢᠶᠠᠭᠠᠳ ᠪᠤᠳᠤᠵᠦ ᠭᠠᠷᠭᠠᠨ᠎ᠠ᠃ ᠲᠦᠪᠬᠢᠨᠡᠬᠦᠯᠬᠦ  ᠴᠢᠬᠤᠯᠠ ᠲᠠᠢ ᠲᠠᠷᠢᠶᠠᠯᠠᠩ ᠤᠨ ᠬᠦᠮᠦᠨ ᠠᠮᠠ ᠨᠢᠭᠡᠪᠤᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ  ᠪᠠᠷᠢᠮᠵᠢᠶ᠎ᠡ ᠨᠢ ᠲᠤᠰ ᠲᠠᠷᠢᠶᠠᠨ ᠭᠠᠵᠠᠷ ᠤᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ  ᠵᠢᠯ ᠤᠨ ᠦᠢᠯᠡᠳᠬᠦᠨ ᠤ ᠦᠷᠳᠡᠭ ᠤᠨ ᠬᠢᠨᠢ ᠲᠦᠷᠪᠡ ᠠᠴᠠ ᠵᠢᠷᠭᠤᠭᠠᠨ ᠲᠠᠬᠢᠨ ᠪᠤᠯᠤᠨ᠎ᠠ᠃ ᠭᠡᠪᠡᠴᠦ  ᠲᠠᠳᠠᠪᠤᠷᠢᠯᠠᠭᠳᠠᠰᠠᠨ ᠲᠠᠷᠢᠶᠠᠨ ᠭᠠᠵᠠᠷ ᠤᠨ ᠡᠾᠧᠺᠲ᠋ᠠᠷ ᠪᠦᠷᠢ ᠶᠢᠨ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ  ᠬᠠᠮᠤᠭ ᠦᠨᠳᠦᠷ ᠬᠡᠮᠵᠢᠶ᠎ᠡ ᠨᠢ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ  ᠦᠢᠯᠡᠳᠬᠦᠨ ᠤ ᠦᠷᠳᠡᠭ ᠤᠨ ᠠᠷᠪᠠᠨ ᠲᠠᠪᠤᠨ ᠲᠠᠬᠢᠨ ᠠᠴᠠ ᠭᠡᠳᠦᠷᠡᠵᠦ ᠪᠤᠯᠬᠤ ᠦᠭᠡᠢ᠃      ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ ᠲᠦᠯᠦᠪᠤᠷᠢ ᠰᠦᠢᠳᠭᠡᠯ ᠪᠠ  ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ  ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ  ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃       ᠲᠠᠳᠠᠪᠤᠷᠢᠯᠠᠭᠳᠠᠭᠰᠠᠨ ᠭᠠᠵᠠᠷ ᠰᠢᠷᠦᠢ ᠲᠡᠭᠡᠷᠡᠬᠢ ᠲᠠᠭᠠᠯᠳᠠ ᠶᠠᠭᠤᠮ᠎ᠠ ᠪᠠ ᠲᠠᠷᠢᠶᠠᠨ ᠴᠢᠬᠢ ᠶᠢᠨ  ᠲᠦᠯᠦᠪᠤᠷᠢ ᠶᠢᠨ ᠪᠠᠷᠢᠮᠵᠢᠶ᠎ᠡ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ  ᠲᠤᠭᠳᠠᠭᠠᠨ᠎ᠠ᠃      ᠬᠤᠳᠠ ᠶᠢᠨ ᠲᠡᠬᠦᠷᠭᠡ ᠶᠢᠨ ᠢᠳᠡᠰᠢᠨ ᠨᠤᠭᠤᠭᠠᠨ ᠤ ᠭᠠᠵᠠᠷ ᠢ ᠲᠠᠳᠠᠪᠤᠷᠢᠯᠠᠬᠤ ᠳᠤ ᠬᠦᠷᠪᠡᠯ᠂ ᠭᠠᠵᠠᠷ  ᠬᠡᠷᠡᠭᠯᠡᠬᠦ ᠨᠢᠭᠡᠴᠢ ᠨᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠨ᠎ᠡ ᠢᠳᠡᠰᠢᠨ ᠨᠤᠭᠤᠭᠠᠨ ᠤ  ᠭᠠᠵᠠᠷ ᠭᠠᠷᠭᠠᠬᠤ ᠪᠦᠳᠦᠭᠡᠨ ᠪᠠᠶᠢᠭᠤᠯᠤᠯᠳᠠ ᠶᠢᠨ ᠰᠠᠭᠤᠷᠢ ᠮᠦᠩᠬᠦ ᠲᠤᠰᠢᠶᠠᠬᠤ ᠬᠡᠷᠡᠭᠲᠠᠢ᠃      ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠲᠦᠯᠦᠪᠤᠷᠢ  ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠦᠭᠬᠦᠭᠰᠡᠨ ᠪᠠᠶᠢᠳᠠᠯ᠎ᠠ ᠲᠦᠪᠬᠢᠨᠡᠬᠦᠯᠬᠦ ᠴᠢᠬᠤᠯᠠ ᠲᠠᠢ  ᠲᠠᠷᠢᠶᠠᠴᠢᠳ ᠤᠨ ᠤᠤᠯ ᠤᠨ ᠠᠮᠢᠳᠣᠷᠠᠯ ᠤᠨ ᠬᠢᠷᠢ ᠬᠡᠮᠵᠢᠶ᠎ᠡ ᠶᠢ ᠪᠠᠰᠠ ᠪᠠᠳᠤᠯᠠᠵᠦ ᠴᠢᠳᠠᠬᠤ ᠦᠭᠡᠢ ᠪᠠᠶᠢᠪᠠᠯ᠂  ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠢᠶᠠᠷ  ᠵᠦᠪᠰᠢᠶᠡᠷᠡᠬᠦᠯᠦᠭᠡᠳ ᠲᠦᠪᠬᠢᠨᠡᠬᠦᠯᠬᠦ ᠨᠦᠬᠦᠪᠦᠷᠢ ᠰᠦᠢᠳᠭᠡᠯ ᠢ ᠨᠡᠮᠡᠭᠳᠡᠬᠦᠯᠵᠦ ᠪᠤᠯᠤᠨ᠎ᠠ᠃ ᠭᠡᠪᠡᠴᠦ ᠭᠠᠵᠠᠷ  ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠨᠡᠶᠢᠯᠡᠪᠤᠷᠢ ᠨᠢ ᠭᠠᠵᠠᠷ  ᠰᠢᠷᠦᠢ ᠶᠢᠨ ᠲᠠᠳᠠᠪᠤᠷᠢᠯᠠᠭᠳᠠᠬᠤ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠵᠢᠯ ᠤᠨ ᠦᠢᠯᠡᠳᠬᠦᠨ ᠤ  ᠦᠷᠳᠡᠭ ᠤᠨ ᠬᠢᠨᠢ ᠭᠤᠴᠢᠨ ᠲᠠᠬᠢᠨ ᠠᠴᠠ ᠬᠡᠳᠦᠷᠡᠵᠦ ᠪᠤᠯᠬᠤ ᠦᠭᠡᠢ᠃        ᠤᠨᠴᠠᠭᠠᠢ ᠪᠠᠶᠢᠳᠠᠯ ᠤᠨ ᠲᠤᠤᠷ᠎ᠡ᠂ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠨᠡᠶᠢᠭᠡᠮ᠂ ᠠᠵᠦ  ᠠᠬᠤᠢ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠨ ᠲᠠᠷᠢᠶᠠᠨ ᠭᠠᠵᠠᠷ ᠢ ᠲᠠᠳᠠᠪᠤᠷᠢᠯᠠᠬᠤ ᠶᠢᠨ ᠭᠠᠵᠠᠷ  ᠰᠢᠷᠦᠢ ᠶᠢᠨ ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠡ ᠶᠢ  ᠲᠡᠭᠡᠭᠰᠢᠯᠡᠬᠦᠯᠵᠦ ᠪᠤᠯᠤᠨ᠎ᠠ᠃         ᠲᠦᠴᠢᠨ ᠨᠠᠢᠮᠠᠳᠣᠭᠠᠷ ᠵᠦᠢᠯ  ᠪᠤᠰᠤᠳ ᠭᠠᠵᠠᠷ ᠰᠢᠷᠦᠢ ᠶᠢ ᠲᠠᠳᠠᠪᠤᠷᠢᠯᠠᠬᠤ ᠶᠢᠨ ᠭᠠᠵᠠᠷ ᠰᠢᠷᠦᠢ ᠶᠢᠨ  ᠲᠦᠯᠦᠪᠤᠷᠢ ᠰᠦᠢᠳᠭᠡᠯ ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠶᠢ ᠮᠤᠵᠢ᠂ ᠦᠪᠡᠷᠳᠡᠭᠡᠨ  ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠠᠴᠠ ᠲᠠᠷᠢᠶᠠᠨ ᠭᠠᠵᠠᠷ ᠢ ᠲᠠᠳᠠᠪᠤᠷᠢᠯᠠᠬᠤ ᠲᠦᠯᠦᠪᠤᠷᠢ ᠰᠦᠢᠳᠭᠡᠯ  ᠪᠠ ᠲᠦᠪᠬᠢᠨᠡᠬᠦᠯᠬᠦ ᠨᠦᠬᠦᠪᠦᠷᠢ ᠰᠦᠢᠳᠭᠡᠯ ᠤᠨ ᠪᠠᠷᠢᠮᠵᠢᠶ᠎ᠠ ᠪᠠᠷ ᠯᠠᠪᠯᠠᠯᠳᠠ ᠪᠤᠯᠭᠠᠵᠦ ᠲᠤᠭᠳᠠᠭᠠᠨ᠎ᠠ᠃       ᠲᠦᠴᠢ ᠶᠢᠰᠦᠳᠦᠭᠡᠷ ᠵᠦᠢᠯ  ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ  ᠠᠬᠤᠢ ᠶᠢᠨ ᠵᠤᠬᠢᠶᠠᠨ ᠪᠠᠶᠢᠭᠤᠯᠤᠯᠳᠠ ᠨᠤᠭᠤᠳ ᠭᠠᠵᠠᠷ ᠰᠢᠷᠦᠢ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠤᠨ  ᠤᠷᠤᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢᠨ  ᠪᠦᠷᠢᠯᠳᠦᠬᠦᠨ ᠨᠠᠷ ᠲᠠᠭᠠᠨ ᠨᠡᠶᠢᠳᠡᠯᠡᠵᠦ᠂ ᠬᠢᠨᠠᠯᠳᠠ ᠶᠢ ᠨᠢ ᠬᠦᠯᠢᠶᠡᠬᠦ ᠬᠡᠷᠡᠭᠲᠠᠢ᠃        ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ  ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠠᠪᠬᠤ᠂ ᠨᠡᠬᠦᠯᠭᠡᠨ ᠬᠡᠷᠡᠭᠯᠡᠬᠦ ᠶᠢ ᠴᠠᠭᠠᠵᠠᠯᠠᠨ᠎ᠠ᠃         ᠲᠠᠪᠢᠳᠣᠭᠠᠷ ᠵᠦᠢᠯ  ᠣᠷᠣᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ  ᠭᠠᠵᠠᠷ ᠢᠶᠠᠨ ᠲᠠᠳᠠᠪᠤᠷᠢᠯᠠᠭᠳᠠᠭᠰᠠᠨ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ ᠪᠠ ᠲᠠᠷᠢᠶᠠᠴᠢᠳ ᠤᠨ ᠨᠡᠭᠡᠭᠡᠨ ᠡᠵᠡᠩᠨᠡᠬᠦ᠂ ᠠᠵᠦ ᠠᠬᠤᠶᠢᠯᠠᠯ ᠡᠷᠬᠢᠯᠡᠬᠦ ᠶᠢ ᠲᠡᠮᠵᠢᠬᠦ ᠬᠡᠷᠡᠭᠲᠠᠢ᠃         ᠲᠠᠪᠢᠨ ᠨᠢᠭᠡᠳᠦᠭᠡᠷ  ᠵᠦᠢᠯ ᠲᠤᠮᠤ ᠲᠤᠮᠳᠠ ᠬᠡᠯᠪᠡᠷᠢ ᠶᠢᠨ ᠤᠰᠤᠨ ᠠᠰᠢᠭᠯᠠᠯᠳᠠ᠂ ᠤᠰᠤᠨ ᠴᠠᠬᠢᠯᠭᠠᠨ ᠤ  ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ ᠳᠤ ᠲᠠᠳᠠᠪᠤᠷᠢᠯᠠᠭᠰᠠᠨ ᠭᠠᠵᠠᠷ ᠰᠢᠷᠦᠢ ᠳᠤ ᠦᠭᠬᠦ ᠲᠦᠯᠦᠪᠤᠷᠢ  ᠰᠦᠢᠳᠭᠡᠯ ᠤᠨ ᠪᠠᠷᠢᠮᠵᠢᠶ᠎ᠡ ᠪᠠ ᠨᠡᠬᠦᠳᠡᠯᠴᠢᠨ ᠠᠷᠠᠳ ᠢ ᠲᠦᠪᠬᠢᠨᠡᠬᠦᠯᠬᠦ ᠠᠷᠭ᠎ᠠ ᠶᠢ ᠲᠦᠷᠦ ᠶᠢᠨ ᠶᠠᠪᠤᠳᠠᠯ ᠤᠨ  ᠬᠤᠷᠢᠶ᠎ᠡ ᠠᠴᠠ ᠠᠰ ᠲᠤᠨᠢ ᠲᠤᠭᠳᠠᠭᠠᠨ᠎ᠠ᠃       ᠲᠠᠪᠢᠨ ᠬᠤᠶᠠᠳᠣᠭᠠᠷ ᠵᠦᠢᠯ  ᠪᠦᠳᠦᠭᠡᠨ ᠪᠠᠶᠢᠭᠤᠯᠬᠤ ᠵᠦᠢᠯᠡᠰ ᠤᠨ ᠪᠤᠯᠤᠮᠵᠢ ᠶᠢᠨ ᠲᠤᠬᠠᠢ ᠰᠣᠳᠤᠯᠭᠠᠨ ᠤ  ᠨᠤᠳᠠᠯᠠᠯᠳᠠ ᠬᠢᠬᠦ ᠦᠶ᠎ᠡ ᠳᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠨᠢ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠯᠡᠭᠡ᠂ ᠭᠠᠵᠠᠷ ᠰᠢᠷᠦᠢ ᠶᠢᠨ ᠠᠰᠢᠭᠯᠠᠯᠳᠠ ᠶᠢᠨ ᠣᠨ ᠤ  ᠲᠦᠯᠦᠪᠯᠡᠭᠡ ᠪᠤᠯᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠪᠠᠷᠢᠮᠵᠢᠶ᠎ᠡ ᠶᠢ ᠦᠨᠳᠦᠰᠦᠯᠡᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠲᠤᠬᠠᠢ ᠬᠤᠯᠪᠤᠭᠳᠠᠯ ᠪᠦᠬᠦᠢ ᠶᠠᠪᠤᠳᠠᠯ ᠤᠳ ᠢ ᠬᠢᠨᠠᠨ ᠪᠠᠶᠢᠴᠠᠭᠠᠬᠤ ᠶᠢᠨ  ᠬᠠᠮᠳᠦ ᠰᠠᠨᠠᠯ ᠢᠶᠠᠨ ᠲᠤᠷᠠᠳᠴᠦ ᠪᠤᠯᠤᠨ᠎ᠠ᠃        ᠲᠠᠪᠢᠨ ᠭᠤᠷᠪᠠᠳᠣᠭᠠᠷ ᠵᠦᠢᠯ  ᠨᠢᠭᠡᠨᠳᠡ ᠵᠦᠪᠰᠢᠶᠡᠷᠡᠬᠦᠯᠦᠭᠰᠡᠨ ᠪᠦᠳᠦᠭᠡᠨ ᠪᠠᠶᠢᠭᠤᠯᠤᠯᠳᠠ ᠶᠢᠨ  ᠵᠦᠢᠯᠡᠰ ᠲᠤ ᠤᠯᠤᠰ ᠤᠨ ᠦᠮᠴᠢᠯᠡᠯ ᠤᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠡᠷᠡᠭᠯᠡᠬᠦ ᠴᠢᠬᠤᠯᠠ   ᠲᠠᠢ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ  ᠲᠤᠭᠳᠠᠭᠠᠭᠰᠠᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠪᠴᠦ᠂ ᠵᠦᠪᠰᠢᠶᠡᠷᠡᠬᠦ ᠡᠷᠭᠡ ᠪᠦᠬᠦᠢ ᠰᠢᠶᠠᠨ ᠤ  ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ ᠪᠦᠳᠦᠭᠡᠨ ᠪᠠᠶᠢᠭᠤᠯᠤᠯᠳᠠ ᠳᠤ ᠭᠠᠵᠠᠷ ᠬᠡᠷᠡᠭᠯᠡᠬᠦ ᠭᠤᠶᠤᠴᠢᠯᠠᠯ  ᠭᠠᠷᠭᠠᠵᠦ᠂ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ  ᠪᠠᠶᠢᠴᠠᠭᠠᠯᠭᠠᠭᠠᠳ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ  ᠃      ᠲᠠᠪᠢᠨ ᠲᠦᠷᠪᠡᠳᠦᠭᠡᠷ ᠵᠦᠢᠯ  ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠬᠡᠷᠡᠭᠯᠡᠬᠦ ᠳᠡᠭᠡᠨ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ ᠪᠠᠷ  ᠭᠠᠵᠠᠷ ᠰᠢᠷᠦᠢ ᠶᠢ ᠤᠯᠬᠤ ᠬᠡᠷᠡᠭᠲᠠᠢ︔ ᠭᠡᠪᠡᠴᠦ ᠲᠤᠤᠷ᠎ᠡ ᠵᠢᠭᠰᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ  ᠭᠠᠵᠠᠷ ᠢ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠢᠶᠠᠷ ᠬᠠᠤᠯᠢ ᠶᠤᠰᠤᠭᠠᠷ  ᠵᠦᠪᠰᠢᠶᠡᠷᠡᠬᠦᠯᠦᠭᠡᠳ ᠰᠢᠯᠵᠢᠬᠦᠯᠦᠨ ᠤᠯᠭᠤᠬᠤ ᠬᠡᠯᠪᠡᠷᠢ ᠪᠠᠷ ᠤᠯᠵᠦ ᠪᠤᠯᠤᠨ᠎ᠠ᠄      ︵ᠨᠢᠭᠡ︶ ᠲᠦᠷᠦ ᠶᠢᠨ ᠪᠠᠶᠢᠭᠤᠯᠭ᠎ᠠ ᠶᠢᠨ ᠬᠡᠷᠡᠭᠯᠡᠬᠦ ᠭᠠᠵᠠᠷ ᠪᠠ ᠴᠡᠷᠢᠭ ᠤᠨ ᠶᠠᠪᠤᠳᠠᠯ ᠳᠤ ᠬᠡᠷᠡᠭᠯᠡᠬᠦ ᠭᠠᠵᠠᠷ︔       ︵ᠬᠤᠶᠠᠷ︶ ᠬᠤᠳᠠ ᠶᠢᠨ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠ ᠨᠡᠶᠢᠳᠡ ᠶᠢᠨ  ᠠᠰᠠᠷᠠᠮᠵᠢ ᠶᠢᠨ ᠦᠢᠯᠡᠰ ᠲᠤ ᠬᠡᠷᠡᠭᠯᠡᠬᠦ ᠭᠠᠵᠠᠷ︔      ︵ᠭᠤᠷᠪᠠ︶ ᠤᠯᠤᠰ ᠠᠴᠠ ᠭᠤᠤᠯᠳᠠᠯᠭ᠎ᠠ ᠲᠠᠢ ᠪᠠᠷ ᠲᠡᠳᠬᠦᠨ ᠲᠡᠮᠵᠢᠵᠦ ᠪᠠᠶᠢᠭ᠎ᠠ ᠡᠨᠧᠷᠬᠢ ᠶᠢᠨ ᠰᠣᠷᠪᠤᠯᠵᠢ  ᠂ ᠵᠠᠮ ᠬᠠᠷᠢᠯᠴᠠᠭ᠎ᠠ᠂ ᠤᠰᠤᠨ ᠠᠰᠢᠭᠯᠠᠯᠳᠠ ᠵᠡᠷᠭᠡ ᠰᠠᠭᠤᠷᠢ ᠲᠦᠬᠦᠭᠡᠷᠦᠮᠵᠢ ᠳᠤ ᠬᠡᠷᠡᠭᠯᠡᠬᠦ ᠭᠠᠵᠠᠷ︔      ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ  ᠵᠦᠢᠯ ᠤᠨ ᠬᠡᠷᠡᠭᠯᠡᠬᠦ ᠭᠠᠵᠠᠷ᠃       ᠲᠠᠪᠢᠨ ᠲᠠᠪᠤᠳᠤᠭᠠᠷ ᠵᠦᠢᠯ  ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ ᠪᠠᠷ ᠬᠡᠷᠡᠭᠯᠡᠬᠦ ᠬᠡᠯᠪᠡᠷᠢ   ᠪᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠡᠷᠭᠡ ᠶᠢ ᠤᠯᠤᠭᠰᠠᠨ ᠪᠦᠳᠦᠭᠡᠨ ᠪᠠᠶᠢᠭᠤᠯᠬᠤ  ᠨᠢᠭᠡᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠭᠰᠠᠨ ᠪᠠᠷᠢᠮᠵᠢᠶ᠎ᠡ ᠪᠠ ᠠᠷᠭ᠎ᠠ ᠶᠤᠰᠤᠭᠠᠷ ᠭᠠᠵᠷ  ᠰᠢᠷᠦᠢ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠮᠦᠩᠬᠦ ᠵᠡᠷᠭᠡ ᠭᠠᠵᠠᠷ ᠰᠢᠷᠦᠢ ᠶᠢ ᠲᠦᠯᠦᠪᠤᠷᠢ ᠲᠠᠢ ᠪᠠᠷ  ᠬᠡᠷᠡᠭᠯᠡᠬᠦ ᠰᠦᠢᠳᠭᠡᠯ ᠪᠤᠯᠤᠨ ᠪᠤᠰᠤᠳ ᠰᠦᠢᠳᠭᠡᠯ ᠢ ᠲᠤᠰᠢᠶᠠᠭᠰᠠᠨ ᠤ ᠲᠠᠷᠠᠭ᠎ᠠ ᠰᠠᠶ᠋ᠢ ᠭᠠᠵᠠᠷ ᠰᠢᠷᠦᠢ ᠶᠢ  ᠬᠡᠷᠡᠭᠯᠡᠵᠦ ᠪᠤᠯᠤᠨ᠎ᠠ᠃      ᠲᠤᠰ ᠬᠠᠤᠯᠢ ᠶᠢ ᠬᠡᠷᠡᠭᠵᠢᠬᠦᠯᠦᠭᠰᠡᠨ ᠡᠳᠦᠷ ᠠᠴᠠ ᠡᠬᠢᠯᠡᠵᠦ᠂ ᠰᠢᠨ᠎ᠡ ᠪᠠᠷ ᠨᠡᠮᠡᠭᠳᠡᠭᠰᠡᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠭᠠᠵᠠᠷ ᠰᠢᠷᠦᠢ ᠶᠢ ᠲᠦᠯᠦᠪᠤᠷᠢ ᠲᠠᠢ ᠪᠠᠷ ᠬᠡᠷᠡᠭᠯᠡᠬᠦ ᠰᠦᠢᠳᠭᠡᠯ ᠤᠨ 30  % ᠬᠤᠪᠢ ᠶᠢ ᠲᠡᠭᠡᠭᠰᠢ ᠲᠦᠪ ᠤᠨ ᠡᠳ᠋ ᠤᠨ ᠵᠠᠰᠠᠭ ᠲᠤ ᠲᠤᠰᠢᠶᠠᠵᠦ᠂ 70 % ᠬᠤᠪᠢ ᠶᠢ ᠬᠤᠯᠪᠤᠭᠳᠠᠯ ᠪᠦᠬᠦᠢ  ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠯᠡᠳᠡᠭᠡᠨ ᠦᠭᠬᠦᠨ᠎ᠡ᠂ ᠡᠳᠡᠭᠡᠷ ᠢ ᠴᠦᠮ ᠲᠠᠷᠢᠶᠠᠨ  ᠭᠠᠵᠠᠷ ᠢ ᠨᠡᠭᠡᠭᠡᠨ ᠠᠰᠢᠭᠯᠠᠬᠤ ᠳᠤ ᠲᠤᠰᠬᠠᠢ ᠬᠡᠷᠡᠭᠯᠡᠨ᠎ᠡ᠃        ᠲᠠᠪᠢᠨ ᠵᠢᠷᠭᠤᠳᠤᠭᠠᠷ ᠵᠦᠢᠯ  ᠪᠦᠳᠦᠭᠡᠨ ᠪᠠᠶᠢᠭᠤᠯᠬᠤ ᠨᠢᠭᠡᠴᠢ ᠨᠢ ᠤᠯᠤᠰ ᠤᠨ ᠦᠮᠴᠢᠯᠡᠯ ᠤᠨ ᠭᠠᠵᠠᠷ  ᠰᠢᠷᠦᠢ ᠶᠢ ᠬᠡᠷᠡᠭᠯᠡᠬᠦ ᠶᠢ ᠬᠦᠷᠪᠡᠯ᠂ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ ᠬᠤᠳᠠᠯᠳᠤᠬᠤ ᠵᠡᠷᠭᠡ  ᠲᠦᠯᠦᠪᠤᠷᠢ ᠲᠠᠢ ᠪᠠᠷ ᠬᠡᠷᠡᠭᠯᠡᠬᠦ ᠬᠡᠷ᠎ᠡ ᠶᠢᠨ ᠪᠤᠯᠵᠤᠯ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠰᠢᠯᠵᠢᠬᠦᠯᠦᠨ  ᠤᠯᠭᠤᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠲᠤᠭᠳᠠᠭᠠᠯ ᠶᠤᠰᠤᠭᠠᠷ ᠭᠠᠵᠠᠷ ᠰᠢᠷᠦᠢ ᠶᠢ ᠬᠡᠷᠡᠭᠯᠡᠬᠦ  ᠬᠡᠷᠡᠭᠲᠠᠢ︔ ᠡᠨᠡ ᠭᠠᠵᠠᠷ ᠰᠢᠷᠦᠢ ᠶᠢᠨ ᠪᠦᠳᠦᠭᠡᠨ ᠪᠠᠶᠢᠭᠤᠯᠤᠯᠳᠠ ᠶᠢᠨ ᠬᠡᠷᠡᠭᠯᠡᠯᠳᠡ ᠶᠢ ᠦᠨᠡᠭᠡᠷ ᠬᠤᠪᠢᠷᠠᠭᠤᠯᠬᠤ  ᠴᠢᠬᠤᠯᠠ ᠲᠠᠢ  ᠪᠠᠶᠢᠪᠠᠯ᠂ ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠵᠦ᠂ ᠭᠠᠵᠠᠷ ᠬᠡᠷᠡᠭᠯᠡᠬᠦ ᠶᠢ  ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠬᠦ ᠬᠡᠷᠡᠭᠲᠠᠢ᠃  ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ ᠤᠨ ᠲᠤᠳᠤᠷ᠎ᠡ ᠭᠠᠵᠠᠷ ᠰᠢᠷᠦᠢ ᠶᠢᠨ ᠬᠡᠷᠡᠭᠯᠡᠯᠳᠡ ᠶᠢ  ᠬᠤᠪᠢᠷᠠᠭᠤᠯᠬᠤ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳ ᠢᠶᠠᠷ ᠬᠤᠯᠪᠤᠭᠳᠠᠯ  ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ  ᠵᠦᠪᠰᠢᠶᠡᠷᠡᠯ ᠢ ᠤᠯᠬᠤ ᠬᠡᠷᠡᠭᠲᠠᠢ᠃       ᠲᠠᠪᠢᠨ ᠲᠤᠯᠤᠳᠦᠭᠠᠷ ᠵᠦᠢᠯ  ᠪᠦᠳᠦᠭᠡᠨ ᠪᠠᠶᠢᠭᠤᠯᠤᠯᠳᠠ ᠶᠢᠨ ᠵᠦᠢᠯᠡᠰ ᠤᠨ ᠪᠠᠷᠢᠯᠭ᠎ᠠ ᠪᠠᠷᠢᠬᠤ ᠪᠠ ᠭᠠᠵᠠᠷ  ᠰᠢᠨᠵᠢᠯᠡᠭᠡᠨ ᠤ ᠬᠠᠶᠢᠨ ᠪᠠᠶᠢᠴᠠᠭᠠᠯᠳᠠ ᠬᠢᠬᠦ ᠳᠤ ᠤᠯᠤᠰ ᠤᠨ ᠦᠮᠴᠢᠯᠡᠯ ᠤ ᠭᠠᠵᠠᠷ ᠰᠢᠷᠦᠢ ᠪᠤᠶᠤ ᠲᠠᠷᠢᠶᠠᠴᠢᠳ ᠤᠨ  ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢ ᠲᠦᠷ ᠬᠡᠷᠡᠭᠯᠡᠬᠦ ᠴᠢᠬᠤᠯᠠ ᠲᠠᠢ ᠪᠤᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠦᠪᠰᠢᠶᠡᠷᠡᠯ ᠤᠯᠭᠤᠨ᠎ᠠ᠃ ᠡᠬᠦᠨ ᠳᠤ ᠬᠤᠳᠠ ᠶᠢᠨ ᠲᠦᠯᠦᠪᠵᠢᠬᠦᠯᠭᠡ ᠶᠢᠨ ᠲᠤᠭᠤᠷᠢᠭ  ᠲᠤᠳᠤᠷᠠᠬᠢ ᠭᠠᠵᠠᠷ ᠢ ᠲᠦᠷ ᠬᠡᠷᠡᠭᠯᠡᠬᠦ ᠳᠤ ᠬᠦᠷᠪᠡᠯ᠂ ᠮᠡᠳᠡᠬᠦᠯᠵᠦ ᠵᠦᠪᠰᠢᠶᠡᠷᠡᠬᠦᠯᠬᠦ ᠠᠴᠠ ᠪᠠᠨ ᠡᠮᠦᠨ᠎ᠡ ᠤᠷᠢᠳᠠᠪᠡᠷ  ᠬᠤᠯᠪᠤᠭᠳᠠᠯ ᠪᠦᠬᠦᠢ ᠬᠤᠳᠠ ᠶᠢᠨ ᠲᠦᠯᠦᠪᠵᠢᠬᠦᠯᠭᠡ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠤᠨ ᠵᠦᠪᠰᠢᠶᠡᠷᠡᠯ ᠢ ᠤᠯᠬᠤ ᠬᠡᠷᠡᠭᠲᠠᠢ᠃ ᠭᠠᠵᠠᠷ ᠰᠢᠷᠦᠢ ᠶᠢ ᠬᠡᠷᠡᠭᠯᠡᠭᠴᠢᠳ ᠭᠠᠵᠠᠷ ᠰᠢᠷᠦᠢ ᠶᠢᠨ  ᠡᠷᠭᠡ ᠶᠢᠨ ᠬᠠᠷᠢᠶᠠᠯᠠᠯ ᠢ ᠦᠨᠳᠦᠰᠦᠯᠡᠨ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠪᠤᠶᠤ ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ᠂ ᠭᠠᠴᠠᠭᠠᠨ ᠤ ᠠᠷᠠᠳ ᠤᠨ ᠵᠦᠪᠯᠡᠯ ᠯᠦᠭᠡ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ  ᠲᠤᠭᠳᠠᠭᠠᠬᠤ ᠶᠢᠨ ᠬᠠᠮᠳᠦ ᠬᠡᠷ᠎ᠡ ᠳᠤ ᠪᠤᠯᠵᠤᠨ ᠲᠤᠭᠳᠠᠭᠠᠭᠰᠠᠨ ᠶᠤᠰᠤᠭᠠᠷ ᠭᠠᠵᠠᠷ ᠰᠢᠷᠦᠢ ᠶᠢ ᠲᠦᠷ ᠬᠡᠷᠡᠭᠯᠡᠬᠦ  ᠲᠦᠯᠦᠪᠤᠷᠢ ᠰᠦᠢᠳᠭᠡᠯ ᠦᠭᠬᠦ ᠬᠡᠷᠡᠭᠲᠠᠢ᠃      ᠭᠠᠵᠠᠷ ᠰᠢᠷᠦᠢ ᠶᠢ ᠲᠦᠷ ᠬᠡᠷᠡᠭᠯᠡᠭᠴᠢᠳ ᠭᠠᠵᠠᠷ ᠰᠢᠷᠦᠢ ᠶᠢ ᠲᠦᠷ ᠬᠡᠷᠡᠭᠯᠡᠬᠦ ᠬᠡᠷ᠎ᠡ ᠳᠤ ᠪᠤᠯᠵᠤᠨ  ᠲᠤᠭᠳᠠᠭᠠᠭᠰᠠᠨ ᠬᠡᠷᠡᠭᠯᠡᠯᠳᠡ ᠶᠤᠰᠤᠭᠠᠷ ᠭᠠᠵᠠᠷ ᠰᠢᠷᠦᠢ ᠶᠢ ᠬᠡᠷᠡᠭᠯᠡᠬᠦ ᠬᠡᠷᠡᠭᠲᠠᠢ᠂ ᠡᠬᠦᠷᠢᠳᠡ ᠶᠢᠨ ᠴᠢᠨᠠᠷᠲᠠᠢ ᠪᠠᠷᠢᠯᠭ᠎ᠠ  ᠪᠠᠷᠢᠵᠦ ᠪᠤᠯᠬᠤ ᠦᠭᠡᠢ᠃      ᠭᠠᠵᠠᠷ ᠰᠢᠷᠦᠢ ᠶᠢ ᠲᠦᠷ ᠬᠡᠷᠡᠭᠯᠡᠬᠦ ᠬᠤᠭᠤᠴᠠᠭ᠎ᠠ ᠶᠢ ᠡᠩ ᠤᠨ ᠪᠠᠶᠢᠳᠠᠯ ᠳᠤ ᠬᠤᠶᠠᠷ ᠵᠢᠯ ᠠᠴᠠ ᠬᠡᠳᠦᠷᠡᠬᠦᠯᠬᠦ  ᠦᠭᠡᠢ᠃      ᠲᠠᠪᠢᠨ ᠨᠠᠢᠮᠠᠳᠦᠭᠠᠷ ᠵᠦᠢᠯ  ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂  ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ  ᠣᠷᠳᠤᠨ ᠪᠤᠶᠤ ᠵᠦᠪᠰᠢᠶᠡᠷᠡᠬᠦ ᠡᠷᠭᠡ ᠪᠦᠬᠦᠢ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ  ᠵᠦᠪᠰᠢᠶᠡᠷᠡᠬᠦᠯᠦᠭᠡᠳ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ  ᠪᠤᠯᠤᠨ᠎ᠠ᠄      ︵ᠨᠢᠭᠡ︶ ᠨᠡᠶᠢᠳᠡ ᠶᠢᠨ ᠠᠰᠢᠭ ᠲᠤᠰᠠ ᠶᠢᠨ ᠲᠦᠯᠦᠭᠡ ᠭᠠᠵᠠᠷ ᠰᠢᠷᠦᠢ ᠬᠡᠷᠡᠭᠯᠡᠬᠦ ᠴᠢᠬᠤᠯᠠ ᠲᠠᠢ  ᠪᠤᠯᠤᠭᠰᠠᠨ︔      ︵ᠬᠤᠶᠠᠷ︶ ᠬᠤᠳᠠ ᠶᠢᠨ ᠲᠦᠯᠦᠪᠵᠢᠬᠦᠯᠭᠡ ᠶᠢ ᠬᠡᠷᠡᠭᠵᠢᠬᠦᠯᠵᠦ ᠬᠤᠳᠠ ᠶᠢᠨ ᠬᠠᠭᠤᠴᠢᠨ ᠲᠤᠭᠤᠷᠢᠭ ᠢ  ᠦᠭᠡᠷᠡᠴᠢᠯᠡᠨ ᠪᠠᠶᠢᠭᠤᠯᠬᠤ ᠶᠢᠨ ᠲᠦᠯᠦᠭᠡ ᠭᠠᠵᠠᠷ ᠰᠢᠷᠦᠢ ᠶᠢ ᠲᠤᠬᠢᠷᠠᠭᠤᠯᠤᠨ ᠬᠡᠷᠡᠭᠯᠡᠬᠦ ᠴᠢᠬᠤᠯᠠ  ᠲᠠᠢ ᠪᠤᠯᠤᠭᠰᠠᠨ  ︔      ︵ᠭᠤᠷᠪᠠ︶ ᠭᠠᠵᠠᠷ ᠰᠢᠷᠦᠢ ᠶᠢ ᠰᠢᠯᠵᠢᠬᠦᠯᠦᠨ ᠬᠤᠳᠠᠯᠳᠤᠬᠤ ᠵᠡᠷᠭᠡ ᠲᠦᠯᠦᠪᠤᠷᠢ ᠲᠠᠢ  ᠪᠠᠷ ᠬᠡᠷᠡᠭᠯᠡᠬᠦ  ᠬᠡᠷ᠎ᠡ ᠳᠤ ᠪᠤᠯᠵᠤᠨ ᠲᠤᠭᠳᠠᠭᠠᠭᠰᠠᠨ ᠬᠡᠷᠡᠭᠯᠡᠬᠦ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ ᠭᠠᠵᠠᠷ ᠰᠢᠷᠦᠢ  ᠬᠡᠷᠡᠭᠯᠡᠭᠴᠢ ᠬᠤᠭᠤᠴᠠᠭ᠎ᠠ ᠤᠷᠳᠤᠳᠬᠠᠬᠤ ᠪᠠᠷ ᠭᠤᠶᠤᠴᠢᠯᠠᠭᠰᠠᠨ ᠦᠭᠡᠢ ᠪᠤᠶᠤ ᠬᠤᠭᠤᠴᠠᠭ᠎ᠠ ᠤᠷᠳᠤᠳᠬᠠᠬᠤ  ᠭᠤᠶᠤᠴᠢᠯᠠᠯ ᠨᠢ ᠡᠰᠡ ᠵᠦᠪᠰᠢᠶᠡᠷᠡᠭᠳᠡᠭᠰᠡᠨ︔      ︵ᠲᠦᠷᠪᠡ︶ ᠨᠢᠭᠡᠴᠢ ᠨᠢ ᠬᠠᠰᠣᠭᠳᠠᠭᠰᠠᠨ ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠤᠤᠯ ᠤᠨ  ᠬᠤᠪᠢᠶᠠᠷᠢᠯᠠᠨ ᠤᠯᠤᠭᠰᠠᠨ ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠬᠡᠷᠡᠭᠯᠡᠬᠦ ᠪᠠᠨ ᠪᠤᠯᠢᠭᠰᠠᠨ︔      ︵ᠲᠠᠪᠤ︶ ᠵᠠᠰᠠᠮᠠᠯ ᠵᠠᠮ᠂ ᠲᠠᠮᠦᠷ ᠵᠠᠮ᠂ ᠨᠢᠰᠭᠡᠯ ᠤᠨ ᠪᠠᠭᠤᠳᠠᠯ᠂ ᠠᠭᠤᠷᠬᠠᠢ ᠵᠡᠷᠭᠡ ᠶᠢ ᠬᠢᠨᠠᠨ  ᠵᠦᠪᠰᠢᠶᠡᠷᠡᠯ ᠢᠶᠠᠷ ᠲᠠᠮᠵᠢᠭᠤᠯᠤᠭᠠᠳ ᠬᠡᠷᠡᠭᠴᠡᠭᠡ ᠠᠴᠠ ᠭᠠᠷᠭᠠᠭᠰᠠᠨ᠃      ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ᠂ ︵ᠬᠤᠶᠠᠷ︶ ᠳ᠋ᠤᠭᠠᠷ ᠵᠤᠷᠪᠤᠰ ᠤᠨ ᠲᠤᠭᠳᠠᠭᠠᠯ  ᠶᠤᠰᠤᠭᠠᠷ ᠤᠯᠤᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠵᠦ ᠠᠪᠬᠤ ᠳᠤ ᠬᠦᠷᠪᠡᠯ᠂  ᠭᠠᠵᠠᠷ ᠰᠢᠷᠦᠢ ᠶᠢᠨ ᠬᠡᠷᠡᠭᠯᠡᠬᠦ ᠡᠷᠭᠡ ᠲᠠᠢ ᠬᠦᠮᠦᠨ ᠳᠤ ᠵᠤᠬᠢᠬᠤ ᠲᠦᠯᠦᠪᠤᠷᠢ ᠦᠭᠬᠦ ᠬᠡᠷᠡᠭᠲᠠᠢ᠃        ᠲᠠᠪᠢ ᠶᠢᠰᠦᠳᠦᠭᠡᠷ ᠵᠦᠢᠯ ᠰᠣᠮᠤ ᠪᠠᠯᠭᠠᠰᠣᠨ ᠤ ᠠᠵᠦ ᠠᠬᠤᠶᠢᠯᠠᠯ᠂ ᠰᠤᠮᠤ ︵ᠪᠠᠯᠭᠠᠰᠣ︶ ᠭᠠᠴᠠᠭ᠎ᠠ ᠶᠢᠨ  ᠤᠯᠠᠨ ᠨᠡᠶᠢᠳᠡ ᠶᠢᠨ ᠲᠦᠬᠦᠭᠡᠷᠦᠮᠵᠢ᠂ ᠨᠡᠶᠢᠳᠡ ᠶᠢᠨ ᠠᠰᠠᠷᠠᠮᠵᠢ ᠶᠢᠨ ᠦᠢᠯᠡᠰ᠂ ᠬᠦᠳᠡᠭᠡ ᠲᠤᠰᠬᠤᠨ ᠤ ᠠᠷᠠᠳ ᠤᠨ  ᠣᠷᠣᠨ ᠰᠠᠭᠤᠴᠠ ᠵᠡᠷᠭᠡ ᠰᠤᠮᠤ ︵ᠪᠠᠯᠭᠠᠰᠣ︶ ᠭᠠᠴᠠᠭ᠎ᠠ ᠶᠢᠨ ᠪᠦᠳᠦᠭᠡᠨ ᠪᠠᠶᠢᠭᠤᠯᠤᠯᠳᠠ ᠬᠢᠬᠦ ᠳᠡᠭᠡᠨ ᠠᠶᠢᠯ  ᠲᠤᠰᠬᠤᠨ ᠪᠠ ᠪᠠᠯᠭᠠᠰᠣᠨ ᠤ ᠲᠦᠯᠦᠪᠵᠢᠬᠦᠯᠭᠡ ᠶᠤᠰᠤᠭᠠᠷ ᠵᠦᠢ ᠵᠤᠬᠢᠰᠲᠠᠢ ᠪᠠᠶᠢᠷᠢᠰᠢᠭᠤᠯᠤᠨ᠂ ᠪᠦᠬᠦ ᠲᠠᠯ᠎ᠠ ᠪᠠᠷ  ᠨᠡᠭᠡᠭᠡᠨ ᠬᠦᠭᠵᠢᠬᠦᠯᠵᠦ᠂ ᠢᠵᠢ ᠪᠦᠷᠢᠯᠳᠦᠬᠦᠯᠦᠨ ᠪᠦᠳᠦᠭᠡᠨ ᠪᠠᠶᠢᠭᠤᠯᠬᠤ ᠬᠡᠷᠡᠭᠲᠠᠢ︔ ᠪᠦᠳᠦᠭᠡᠨ  ᠪᠠᠶᠢᠭᠤᠯᠤᠯᠳᠠ ᠳᠤ ᠭᠠᠵᠠᠷ ᠬᠡᠷᠡᠭᠯᠡᠬᠦ ᠳᠡᠭᠡᠨ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠪᠤᠯᠤᠨ ᠭᠠᠵᠠᠷ ᠰᠢᠷᠦᠢ ᠶᠢᠨ ᠠᠰᠢᠭᠯᠠᠯᠳᠠ ᠶᠢᠨ ᠤᠨ ᠤ ᠲᠦᠯᠦᠪᠯᠡᠭᠡ ᠳᠤ ᠨᠡᠶᠢᠴᠡᠬᠦᠯᠬᠦ ᠬᠡᠷᠡᠭᠲᠠᠢ  ᠪᠦᠭᠡᠳ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ᠂ ᠵᠢᠷᠠᠳᠤᠭᠠᠷ ᠵᠦᠢᠯ᠂ ᠵᠢᠷᠠᠨ ᠨᠢᠭᠡᠳᠦᠭᠡᠷ ᠵᠦᠢᠯ᠂  ᠵᠢᠷᠠᠨ ᠬᠤᠶᠠᠳᠤᠭᠠᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃       ᠵᠢᠷᠠᠳᠤᠭᠠᠷ ᠵᠦᠢᠯ  ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ  ᠪᠠᠶᠢᠭᠤᠯᠤᠯᠳᠠ ᠨᠤᠭᠤᠳ ᠰᠤᠮᠤ ︵ᠪᠠᠯᠭᠠᠰᠣ︶ ᠶᠢᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠠᠰᠢᠭᠯᠠᠨ ᠠᠵᠦ  ᠠᠬᠤᠶᠢᠯᠠᠯ ᠡᠷᠬᠢᠯᠡᠬᠦ ᠪᠤᠶᠤ ᠭᠠᠵᠠᠷ ᠰᠢᠷᠦᠢ ᠶᠢᠨ ᠬᠡᠷᠡᠭᠯᠡᠬᠦ ᠡᠷᠭᠡ ᠪᠠᠷ ᠢᠶᠠᠨ ᠬᠤᠪᠢ ᠤᠷᠤᠬᠤ᠂ ᠬᠤᠯᠪᠤᠭᠠᠯᠠᠨ  ᠡᠵᠡᠩᠨᠡᠬᠦ ᠵᠡᠷᠭᠡ ᠬᠡᠯᠪᠡᠷᠢ ᠪᠠᠷ ᠪᠤᠰᠤᠳ ᠨᠢᠭᠡᠴᠢ᠂ ᠬᠤᠪᠢ ᠬᠦᠮᠦᠨ ᠲᠠᠢ ᠬᠠᠮᠳᠤᠷᠠᠨ ᠠᠵᠦ ᠠᠬᠤᠶᠢᠯᠠᠯ  ᠡᠷᠬᠢᠯᠡᠬᠦ ᠳᠤ ᠬᠦᠷᠪᠡᠯ᠂ ᠬᠤᠯᠪᠤᠭᠳᠠᠯ ᠪᠦᠬᠦᠢ ᠵᠦᠪᠰᠢᠶᠡᠷᠡᠬᠦᠯᠦᠭᠰᠡᠨ ᠪᠢᠴᠢᠭ ᠮᠠᠲ᠋ᠧᠷᠢᠶᠠᠯ ᠢ ᠠᠪᠴᠦ᠂ ᠰᠢᠶᠠᠨ ᠤ  ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠬᠤ ᠬᠡᠷᠡᠭᠲᠠᠢ᠂ ᠰᠢᠶᠠᠨ ᠤ  ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠣᠷᠳᠤᠨ ᠨᠢ ᠮᠤᠵᠢ᠂ ᠦᠪᠡᠷᠳᠡᠭᠡᠨ  ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠭᠡᠪᠴᠢᠶ᠎ᠡ  ᠶᠤᠰᠤᠭᠠᠷ ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠬᠦ ᠲᠠᠢ  ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ  ᠵᠦᠪᠰᠢᠶᠡᠷᠡᠬᠦᠯᠬᠦ ᠭᠠᠷ ᠬᠦᠢᠴᠡᠳᠭᠡᠯ ᠬᠢᠬᠦ ᠬᠡᠷᠡᠭᠲᠠᠢ᠃      ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠠᠵᠦ ᠠᠬᠤᠶᠢᠯᠠᠯ ᠡᠷᠬᠢᠯᠡᠬᠦ ᠪᠦᠳᠦᠭᠡᠨ ᠪᠠᠶᠢᠭᠤᠯᠤᠯᠳᠠ ᠳᠤ  ᠬᠡᠷᠡᠭᠯᠡᠬᠦ ᠭᠠᠵᠠᠷ ᠢ ᠡᠷᠭᠡᠪᠰᠢ ᠴᠢᠩᠭ᠎ᠠ ᠬᠢᠵᠠᠭᠠᠷᠯᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂  ᠰᠢᠭᠤᠳ ᠬᠠᠷᠢᠶ᠎ᠠ ᠬᠤᠳᠠ ᠨᠤᠭᠤᠳ ᠰᠣᠮᠣ ᠪᠠᠯᠭᠠᠰᠣᠨ ᠤ ᠠᠵᠦ ᠠᠬᠤᠶᠢᠯᠠᠯ ᠤᠨ ᠠᠳᠠᠯᠢ ᠪᠤᠰᠤ ᠠᠵᠢᠯ ᠲᠦᠷᠦᠯ  ᠪᠤᠯᠤᠨ ᠡᠵᠡᠩᠨᠡᠬᠦ ᠬᠡᠪᠴᠢᠶ᠎ᠡ ᠶᠢ ᠦᠨᠳᠦᠰᠦᠯᠡᠵᠦ ᠭᠠᠵᠠᠷ ᠬᠡᠷᠡᠭᠯᠡᠬᠦ ᠪᠠᠷᠢᠮᠵᠢᠶ᠎ᠡ ᠶᠢ ᠲᠤᠰ ᠲᠤᠰ ᠲᠤᠭᠳᠠᠭᠠᠵᠦ  ᠪᠤᠯᠤᠨ᠎ᠠ᠃       ᠵᠢᠷᠠᠨ ᠨᠢᠭᠡᠳᠦᠭᠡᠷ ᠵᠦᠢᠯ  ᠰᠣᠮᠣ ︵ᠪᠠᠯᠭᠠᠰᠣ︶ ᠭᠠᠴᠠᠭ᠎ᠠ ᠶᠢᠨ ᠤᠯᠠᠨ ᠨᠠᠶᠢᠳᠡ ᠶᠢᠨ ᠲᠦᠬᠦᠭᠡᠷᠦᠮᠵᠢ᠂  ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ  ᠪᠠᠶᠢᠪᠠᠯ᠂ ᠰᠤᠮᠤ ︵ᠪᠠᠯᠭᠠᠰᠤ︶ ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠤᠯᠤᠭᠠᠳ᠂  ᠰᠢᠶᠠᠨ ᠤ ᠱᠠᠳᠣᠨ ᠠᠴᠠ ᠲᠡᠭᠡᠭᠰᠢᠬᠢ ᠣᠷᠣᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠵᠦ᠂ ᠰᠢᠶᠠᠨ ᠤ  ᠱᠠᠳᠤᠨ ᠠᠴᠠ ᠲᠡᠭᠡᠭᠰᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠨᠢ ᠮᠤᠵᠢ᠂ ᠦᠪᠡᠷᠳᠡᠭᠡᠨ ᠵᠠᠰᠠᠬᠤ  ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠶᠤᠰᠤᠭᠠᠷ  ᠵᠦᠪᠰᠢᠶᠡᠷᠡᠯ ᠤᠯᠭᠤᠨ᠎ᠠ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠵᠦ ᠬᠡᠷᠡᠭᠯᠡᠬᠦ ᠲᠠᠢ ᠬᠤᠯᠪᠤᠭᠳᠠᠪᠠᠯ  ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠢᠨᠠᠨ ᠵᠦᠪᠰᠢᠶᠡᠷᠡᠬᠦᠯᠬᠦ ᠭᠠᠷ  ᠬᠦᠢᠴᠡᠳᠭᠡᠯ ᠬᠢᠨ᠎ᠡ᠃        ᠵᠢᠷᠠᠨ ᠬᠤᠶᠠᠳᠦᠭᠠᠷ ᠵᠦᠢᠯ  ᠬᠦᠳᠡᠭᠡ ᠲᠤᠰᠬᠤᠨ ᠤ ᠭᠠᠴᠠᠭᠠᠨ ᠤ ᠠᠷᠠᠳ ᠤᠨ ᠨᠢᠭᠡ ᠡᠷᠦᠭᠡ ᠳᠤ ᠨᠢᠭᠡ ᠯᠡ  ᠤᠷᠤᠨ ᠰᠠᠭᠤᠴᠠ ᠶᠢᠨ ᠭᠠᠵᠠᠷ ᠲᠠᠢ ᠪᠠᠶᠢᠵᠦ ᠪᠤᠯᠤᠨ᠎ᠠ᠂ ᠲᠠᠬᠦᠨ ᠤ ᠤᠷᠤᠨ ᠰᠠᠭᠤᠴᠠ ᠶᠢᠨ ᠭᠠᠵᠠᠷ ᠤᠨ ᠲᠠᠯᠠᠪᠠᠢ   ᠨᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ  ᠭᠡᠳᠦᠷᠡᠵᠦ ᠪᠤᠯᠬᠤ ᠦᠭᠡᠢ᠃   ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠷᠢᠬᠤ ᠳᠠᠭᠠᠨ ᠰᠤᠮᠤ ︵ᠪᠠᠯᠭᠠᠰᠣ︶ ᠶᠢᠨ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦᠯᠬᠦ ᠬᠡᠷᠡᠭᠲᠠᠢ ᠪᠦᠭᠡᠳ ᠠᠯᠢ ᠪᠤᠯᠬᠤ ᠪᠠᠷ  ᠤᠭ ᠤᠨ ᠤᠷᠤᠨ ᠰᠠᠭᠤᠴᠠ ᠶᠢᠨ ᠭᠠᠵᠠᠷ ᠪᠤᠯᠤᠨ ᠲᠤᠰᠬᠤᠨ ᠤ ᠲᠤᠳᠤᠷᠠᠬᠢ ᠰᠤᠯᠠ ᠭᠠᠵᠠᠷ ᠢ ᠬᠡᠷᠡᠭᠯᠡᠬᠦ ᠬᠡᠷᠡᠭᠲᠠᠢ᠃      ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠳᠤ ᠬᠡᠷᠡᠭᠯᠡᠬᠦ ᠭᠠᠵᠠᠷ ᠢ ᠰᠤᠮᠤ ︵ᠪᠠᠯᠭᠠᠰᠣ︶  ᠶᠢᠨ ᠠᠷᠠᠳ ᠤᠨ ᠵᠠᠰᠠᠭ ᠤᠨ ᠤᠷᠳᠤᠨ ᠢᠶᠠᠷ ᠬᠢᠨᠠᠨ ᠬᠠᠷᠭᠤᠭᠤᠯᠤᠭᠠᠳ᠂ ᠰᠢᠶᠠᠨ ᠱᠠᠳᠣᠨ ᠤ ᠠᠷᠠᠳ ᠤᠨ  ᠵᠠᠰᠠᠭ ᠤᠨ ᠣᠷᠳᠤᠨ ᠢᠶᠠᠷ ᠵᠦᠪᠰᠢᠶᠡᠷᠡᠬᠦᠯᠦᠨ᠎ᠡ︔ ᠡᠬᠦᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ  ᠬᠡᠷᠡᠭᠯᠡᠬᠦ ᠳᠤ ᠬᠤᠯᠪᠤᠭᠳᠠᠪᠠᠯ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠤᠭᠳᠠᠭᠠᠯ ᠶᠤᠰᠤᠭᠠᠷ  ᠬᠢᠨᠠᠨ ᠵᠦᠪᠰᠢᠶᠡᠷᠡᠬᠦᠯᠬᠦ ᠭᠠᠷ ᠬᠦᠢᠴᠡᠳᠭᠡᠯ ᠬᠢᠨ᠎ᠡ᠃      ᠬᠦᠳᠡᠭᠡ ᠲᠤᠰᠬᠤᠨ ᠤ ᠭᠠᠴᠠᠭᠠᠨ ᠤ ᠠᠷᠠᠳ ᠣᠷᠣᠨ ᠰᠠᠭᠤᠴᠠ ᠪᠠᠨ ᠬᠤᠳᠠᠯᠳᠤᠵᠦ᠂  ᠲᠦᠷᠢᠶᠡᠰᠦᠯᠡᠬᠦᠯᠦᠭᠰᠡᠨ ᠤ ᠲᠠᠷᠠᠭ᠎ᠠ ᠲᠠᠬᠢᠨ ᠤᠷᠤᠨ ᠰᠠᠭᠤᠴᠠ ᠶᠢᠨ ᠭᠠᠵᠠᠷ ᠠᠪᠬᠤ ᠪᠠᠷ ᠭᠤᠶᠤᠴᠢᠯᠠᠯ ᠭᠠᠷᠭᠠᠪᠠᠯ  ᠵᠦᠪᠰᠢᠶᠡᠷᠡᠬᠦ ᠦᠭᠡᠢ᠃        ᠵᠢᠷᠠᠨ ᠭᠤᠷᠪᠠᠳᠤᠭᠠᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ  ᠡᠷᠭᠡ ᠶᠢ ᠰᠢᠯᠵᠢᠬᠦᠯᠦᠨ ᠬᠤᠳᠠᠯᠳᠤᠬᠤ᠂ ᠰᠢᠯᠵᠢᠬᠦᠯᠦᠨ ᠦᠭᠬᠦ ᠪᠤᠶᠤ ᠲᠠᠷᠢᠶᠠᠯᠠᠩ ᠤᠨ ᠪᠤᠰᠤ ᠪᠦᠳᠦᠭᠡᠨ  ᠪᠠᠶᠢᠭᠤᠯᠤᠯᠳᠠ ᠳᠤ ᠲᠦᠷᠢᠶᠡᠰᠦᠯᠡᠨ ᠬᠡᠷᠡᠭᠯᠡᠬᠦᠯᠵᠦ ᠪᠤᠯᠬᠤ ᠦᠭᠡᠢ︔ ᠭᠡᠪᠡᠴᠦ ᠭᠠᠵᠠᠷ ᠰᠢᠷᠦᠢ ᠶᠢ ᠠᠰᠢᠭᠯᠠᠬᠤ  ᠶᠡᠷᠦᠩᠭᠡᠢ ᠲᠦᠯᠦᠪᠵᠢᠬᠦᠯᠭᠡ ᠳᠤ ᠨᠡᠶᠢᠴᠡᠬᠦ ᠪᠦᠭᠡᠳ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠢ ᠬᠠᠤᠯᠢ  ᠶᠤᠰᠤᠭᠠᠷ ᠤᠯᠤᠭᠰᠠᠨ ᠠᠵᠦ ᠠᠬᠤᠶᠢᠯᠠᠯ ᠲᠠᠮᠪᠠᠷᠠᠬᠤ᠂ ᠨᠡᠶᠢᠯᠡᠬᠦ ᠵᠡᠷᠭᠡ ᠪᠠᠶᠢᠳᠠᠯ ᠠᠴᠠ ᠪᠤᠯᠵᠦ ᠭᠠᠵᠠᠷ ᠰᠢᠷᠦᠢ ᠶᠢᠨ  ᠬᠡᠷᠡᠭᠯᠡᠬᠦ ᠡᠷᠭᠡ ᠪᠠᠨ ᠬᠠᠤᠯᠢ ᠶᠤᠰᠤᠭᠠᠷ ᠰᠢᠯᠵᠢᠬᠦᠯᠦᠭᠰᠡᠨ ᠪᠠᠶᠢᠪᠠᠯ ᠡᠬᠦᠨ ᠳᠤ ᠪᠠᠭᠳᠠᠬᠤ ᠦᠭᠡᠢ᠃       ᠵᠢᠷᠠᠨ ᠲᠦᠷᠪᠡᠳᠦᠭᠡᠷ ᠵᠦᠢᠯ  ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠶᠢ  ᠲᠤᠭᠳᠠᠭᠠᠬᠤ ᠠᠴᠠ ᠡᠮᠦᠨ᠎ᠡ ᠨᠢᠭᠡᠨᠳᠡ ᠪᠠᠶᠢᠭᠤᠯᠤᠭᠳᠠᠭᠰᠠᠨ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠳᠤ ᠦᠯᠦ ᠨᠡᠶᠢᠴᠡᠬᠦ ᠪᠠᠷᠢᠯᠭ᠎ᠠ᠂ ᠪᠠᠷᠢᠯᠭ᠎ᠠ ᠶᠢᠨ ᠡᠳ᠋ ᠢ ᠲᠠᠬᠢᠨ  ᠪᠠᠶᠢᠭᠤᠯᠵᠦ᠂ ᠦᠷᠭᠡᠳᠭᠡᠨ ᠪᠠᠶᠢᠭᠤᠯᠵᠦ ᠪᠤᠯᠬᠤ ᠦᠭᠡᠢ᠃        ᠵᠢᠷᠠᠨ ᠲᠠᠪᠤᠳᠤᠭᠠᠷ ᠵᠦᠢᠯ  ᠲᠤᠤᠷ᠎ᠡ ᠵᠢᠭᠰᠠᠭᠠᠭᠰᠠᠨ ᠦᠢᠯᠡ ᠪᠠᠶᠢᠳᠠᠯ ᠤᠳ ᠤᠨ ᠨᠢᠭᠡ ᠨᠢ ᠪᠠᠶᠢᠪᠠᠯ᠂  ᠬᠦᠳᠡᠭᠡ ᠲᠤᠰᠬᠤᠨ ᠤ ᠬᠠᠮᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠭᠠᠵᠠᠷ ᠬᠡᠷᠡᠭᠯᠡᠬᠦ ᠶᠢ  ᠵᠦᠪᠰᠢᠶᠡᠷᠡᠭᠰᠡᠨ ᠤᠤᠯ ᠤᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠦ ᠵᠦᠪᠰᠢᠶᠡᠷᠡᠬᠦᠯᠦᠭᠡᠳ ᠭᠠᠵᠠᠷ  ᠰᠢᠷᠦᠢ ᠶᠢᠨ ᠬᠡᠷᠡᠭᠯᠡᠬᠦ ᠡᠷᠭᠡ ᠶᠢ ᠪᠤᠴᠠᠭᠠᠨ ᠠᠪᠴᠦ ᠪᠤᠯᠤᠨ᠎ᠠ᠄      ︵ᠨᠢᠭᠡ︶ ᠰᠤᠮᠤ ︵ᠪᠠᠯᠭᠠᠰᠤ︶ ᠭᠠᠴᠠᠭ᠎ᠠ ᠶᠢᠨ ᠤᠯᠠᠨ ᠨᠡᠶᠢᠳᠡ ᠶᠢᠨ ᠲᠦᠬᠦᠭᠡᠷᠦᠮᠵᠢ ᠪᠠ ᠨᠡᠶᠢᠳᠡ ᠶᠢᠨ  ᠠᠰᠠᠷᠠᠮᠵᠢ ᠶᠢᠨ ᠦᠢᠯᠡᠰ ᠤᠨ ᠪᠦᠳᠦᠭᠡᠨ ᠪᠠᠶᠢᠭᠤᠯᠤᠯᠳᠠ ᠳᠤ ᠭᠠᠵᠠᠷ ᠰᠢᠷᠦᠢ ᠬᠡᠷᠡᠭᠯᠡᠬᠦ ᠴᠢᠬᠤᠯᠠ ᠲᠠᠢ ᠪᠤᠯᠤᠭᠰᠠᠨ︔       ︵ᠬᠤᠶᠠᠷ︶ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠢᠨ ᠶᠤᠰᠤᠭᠠᠷ ᠡᠰᠡ ᠬᠡᠷᠡᠭᠯᠡᠭᠰᠡᠨ︔      ︵ᠭᠤᠷᠪᠠ︶ ᠬᠠᠰᠣᠭᠳᠠᠭᠰᠠᠨ᠂ ᠨᠡᠬᠦᠭᠰᠡᠨ ᠵᠡᠷᠭᠡ ᠰᠢᠯᠳᠠᠭᠠᠨ ᠠᠴᠠ ᠪᠤᠯᠵᠦ ᠭᠠᠵᠠᠷ ᠰᠢᠷᠦᠢ ᠶᠢ ᠬᠡᠷᠡᠭᠯᠡᠬᠦ   ᠪᠠᠨ ᠪᠤᠯᠢᠭᠰᠠᠨ᠃      ᠡᠮᠦᠨᠡᠬᠢ ᠪᠠᠳᠠᠭ ᠤᠨ ︵ᠨᠢᠭᠡ︶ ᠳ᠋ᠤᠭᠡᠷ ᠵᠤᠷᠪᠤᠰ ᠤᠨ ᠲᠤᠭᠳᠠᠭᠠᠯ ᠶᠤᠰᠤᠭᠠᠷ ᠲᠠᠷᠢᠶᠠᠴᠢᠳ ᠤᠨ ᠬᠠᠮᠳᠦ ᠶᠢᠨ  ᠦᠮᠴᠢᠯᠡᠯ ᠤᠨ ᠭᠠᠵᠠᠷ ᠰᠢᠷᠦᠢ ᠶᠢ ᠪᠤᠴᠠᠭᠠᠵᠦ ᠠᠪᠤᠭᠰᠠᠨ ᠪᠠᠶᠢᠪᠠᠯ᠂ ᠭᠠᠵᠠᠷ ᠰᠢᠷᠦᠢ ᠬᠡᠷᠡᠭᠯᠡᠬᠦ ᠡᠷᠭᠡ ᠪᠦᠬᠦᠢ  ᠬᠦᠮᠦᠨ ᠳᠤ ᠵᠦᠢ ᠵᠤᠬᠢᠰᠲᠠᠢ ᠲᠦᠯᠦᠪᠤᠷᠢ ᠦᠭᠬᠦ ᠬᠡᠷᠡᠭᠲᠠᠢ᠃        ᠵᠢᠷᠭᠤᠳᠤᠭᠠᠷ ᠪᠦᠯᠦᠭ  ᠬᠢᠨᠠᠯᠳᠠ ᠲᠠᠯᠪᠢᠵᠦ ᠪᠠᠶᠢᠴᠠᠭᠠᠬᠤ         ᠵᠢᠷᠠᠨ ᠵᠢᠷᠭᠤᠳᠤᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠭᠰᠡᠨ ᠠᠵᠢᠯᠯᠠᠭ᠎ᠠ ᠳᠤ ᠬᠢᠨᠠᠯᠳᠠ ᠲᠠᠯᠪᠢᠵᠦ  ᠪᠠᠶᠢᠴᠠᠭᠠᠯᠳᠠ ᠬᠢᠨ᠎ᠡ᠃   ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ ᠠᠵᠢᠯᠳᠠᠳ ᠭᠠᠵᠠᠷ ᠰᠢᠷᠦᠢ ᠶᠢᠨ  ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠲᠤᠭᠤᠷᠠᠳᠠᠯ᠎ᠠ ᠮᠡᠳᠡᠵᠦ᠂ ᠡᠬᠦᠷᠭᠡ ᠲᠤᠰᠢᠶᠠᠯ ᠳᠠᠭᠠᠨ  ᠦᠨᠡᠨᠴᠢ ᠰᠢᠳᠤᠷᠭᠤ ᠪᠠᠶᠢᠵᠦ᠂ ᠬᠠᠤᠯᠢ ᠶᠢ ᠭᠤᠤᠯᠴᠢ ᠪᠠᠷ ᠬᠡᠷᠡᠭᠵᠢᠬᠦᠯᠬᠦ ᠬᠡᠷᠡᠭᠲᠠᠢ᠃      ᠵᠢᠷᠠᠨ ᠲᠣᠯᠣᠳᠣᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ  ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠶ᠎ᠡ ᠳᠤ ᠲᠤᠤᠷ᠎ᠡ ᠵᠢᠭᠰᠠᠭᠠᠭᠰᠠᠨ ᠠᠷᠭ᠎ᠠ  ᠬᠡᠮᠵᠢᠶ᠎ᠡ ᠨᠦᠭᠦᠳ ᠢ ᠠᠪᠬᠤ ᠡᠷᠭᠡ ᠲᠠᠢ᠄      ︵ᠨᠢᠭᠡ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠳᠤ ᠭᠠᠵᠠᠷ ᠰᠢᠷᠦᠢ ᠶᠢᠨ ᠡᠷᠭᠡ ᠶᠢᠨ  ᠲᠤᠬᠠᠢ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠬᠠᠩᠭᠠᠯᠭᠠᠬᠤ ᠱᠠᠭᠠᠷᠳᠠᠯᠭ᠎ᠠ ᠲᠠᠯᠪᠢᠵᠦ᠂  ᠲᠠᠳᠡᠭᠡᠷ ᠢ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠵᠦ ᠠᠪᠬᠤ︔      ︵ᠬᠤᠶᠠᠷ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠢ ᠭᠠᠵᠠᠷ ᠰᠢᠷᠦᠢ ᠶᠢᠨ ᠡᠷᠭᠡ ᠶᠢᠨ  ᠬᠤᠯᠪᠤᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ︔      ︵ᠭᠤᠷᠪᠠ︶ ᠪᠠᠶᠢᠴᠠᠭᠠᠭᠳᠠᠵᠦ ᠪᠠᠶᠢᠭ᠎ᠠ ᠨᠢᠭᠡᠴᠢ ᠪᠤᠶᠤ ᠬᠤᠪᠢ ᠬᠦᠮᠦᠨ ᠤ ᠬᠠᠤᠯᠢ ᠪᠤᠰᠤ ᠪᠠᠷ ᠡᠵᠡᠯᠡᠨ  ᠬᠡᠷᠡᠭᠯᠡᠭᠰᠡᠨ ᠭᠠᠵᠠᠷ ᠰᠢᠷᠦᠢ ᠶᠢᠨ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ︔      ︵ᠲᠦᠷᠪᠡ︶ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠪᠤᠶᠤ ᠬᠤᠪᠢ  ᠬᠦᠮᠦᠨ ᠢ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ  ᠲᠦᠷᠢᠮ ᠠᠴᠠ ᠵᠦᠷᠢᠴᠡᠭᠰᠡᠨ ᠠᠵᠢᠯᠯᠠᠭ᠎ᠠ ᠶᠢ  ᠨᠢ ᠵᠤᠭᠰᠤᠭᠠᠬᠤ᠃        ᠵᠢᠷᠠᠨ ᠨᠠᠢᠮᠠᠳᠦᠭᠠᠷ ᠵᠦᠢᠯ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ ᠲᠠᠯᠪᠢᠵᠦ ᠪᠠᠶᠢᠴᠠᠭᠠᠬᠤ  ᠠᠵᠢᠯᠳᠠᠳ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠲᠤᠬᠠᠢ ᠶᠢᠨ ᠭᠠᠵᠠᠷ ᠲᠤ ᠤᠴᠢᠵᠦ ᠬᠠᠶᠢᠨ ᠬᠡᠮᠵᠢᠬᠦ᠂  ᠬᠤᠯᠪᠤᠭᠳᠠᠯ ᠪᠦᠬᠦᠢ ᠨᠢᠭᠡᠴᠢ ᠪᠤᠶᠤ ᠬᠤᠪᠢ ᠬᠦᠮᠦᠨ ᠢᠶᠠᠷ ᠪᠢᠴᠢᠭ ᠮᠠᠲ᠋ᠧᠷᠢᠶᠠᠯ᠂ ᠮᠠᠲ᠋ᠧᠷᠢᠶᠠᠯ ᠬᠠᠩᠭᠠᠯᠭᠠᠬᠤ᠂  ᠲᠤᠳᠤᠷᠬᠠᠶᠢᠯᠠᠯᠳᠠ ᠬᠢᠯᠭᠡᠬᠦ ᠪᠠᠷ ᠱᠠᠭᠠᠷᠳᠠᠬᠤ ᠴᠢᠬᠤᠯᠠ ᠲᠠᠢ ᠪᠤᠯ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ  ᠬᠢᠨᠠᠯᠳᠠ ᠲᠠᠯᠪᠢᠵᠦ ᠪᠠᠶᠢᠴᠠᠭᠠᠯᠳᠠ ᠬᠢᠬᠦ ᠬᠡᠷᠡᠴᠢ ᠲᠡᠮᠳᠡᠭ ᠢᠶᠠᠨ ᠭᠠᠷᠭᠠᠵᠦ ᠦᠵᠡᠬᠦᠯᠬᠦ ᠬᠡᠷᠡᠭᠲᠠᠢ᠃        ᠵᠢᠷᠨ ᠶᠢᠰᠦᠳᠦᠭᠡᠷ ᠵᠦᠢᠯ  ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠢ ᠬᠠᠤᠯᠢ ᠠᠴᠠ  ᠵᠦᠷᠢᠴᠡᠭᠰᠡᠨ ᠠᠵᠢᠯᠯᠠᠭ᠎ᠠ ᠳᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠢᠨᠠᠯᠳᠠ ᠲᠠᠯᠪᠢᠵᠦ ᠪᠠᠶᠢᠴᠠᠭᠠᠯᠳᠠ  ᠬᠢᠬᠦ ᠦᠶ᠎ᠡ ᠳᠤ ᠬᠤᠯᠪᠤᠭᠳᠠᠯ ᠪᠦᠬᠦᠢ ᠨᠢᠭᠡᠴᠢ ᠪᠤᠯᠤᠨ ᠬᠤᠪᠢ ᠬᠦᠮᠦᠨ ᠲᠠᠮᠵᠢᠨ ᠬᠠᠮᠵᠢᠯᠴᠠᠬᠤ ᠬᠡᠷᠡᠭᠲᠠᠢ ᠪᠦᠭᠡᠳ  ᠠᠵᠢᠯ ᠤᠨ ᠲᠠᠯ᠎ᠠ ᠪᠠᠷ ᠲᠦᠬᠦᠮ ᠦᠵᠡᠬᠦᠯᠬᠦ ᠬᠡᠷᠡᠭᠲᠠᠢ᠂ ᠭᠠᠵᠠᠷ ᠰᠢᠷᠦᠢ ᠶᠢᠨ ᠬᠠᠮᠢᠶᠠᠷᠤᠯᠳᠠ ᠶᠢᠨ ᠬᠢᠨᠠᠯᠳᠠ  ᠲᠠᠯᠪᠢᠵᠦ ᠪᠠᠶᠢᠴᠠᠭᠠᠬᠤ ᠠᠵᠢᠯᠳᠠᠳ ᠤᠨ ᠡᠬᠦᠷᠭᠡ ᠲᠤᠰᠢᠶᠠᠯ ᠢᠶᠠᠨ ᠬᠠᠤᠯᠢ ᠶᠤᠰᠤᠭᠠᠷ ᠬᠦᠢᠴᠡᠳᠭᠡᠬᠦ ᠶᠢ ᠲᠡᠪᠴᠢᠬᠦ  ᠪᠠ ᠬᠠᠷᠰᠢᠯᠠᠵᠦ ᠪᠤᠯᠬᠤ ᠦᠭᠡᠢ᠃       ᠲᠠᠯᠠᠳᠤᠭᠠᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ  ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ ᠪᠠᠶᠢᠴᠠᠭᠠᠬᠤ  ᠠᠵᠢᠯ ᠤᠨ ᠲᠤᠮᠳᠠ ᠪᠠᠨ ᠲᠦᠷᠦ ᠶᠢᠨ ᠠᠵᠢᠯᠳᠠᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠤᠯᠵᠦ ᠮᠡᠳᠡᠭᠡᠳ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠬᠡᠷᠡᠭᠲᠠᠢ ᠪᠠᠶᠢᠪᠠᠯ ᠬᠠᠤᠯᠢ ᠶᠤᠰᠤᠭᠠᠷ ᠰᠢᠢᠳᠪᠦᠷᠢᠯᠡᠬᠦ  ᠬᠡᠷᠡᠭᠲᠠᠢ︔ ᠦᠪᠡᠷᠳᠡᠭᠡᠨ ᠰᠢᠢᠳᠪᠦᠷᠢᠯᠡᠬᠦ ᠡᠷᠭᠡ ᠦᠭᠡᠢ ᠪᠤᠯ ᠠᠳᠠᠯᠢ ᠱᠠᠳᠤᠨ ᠤ ᠪᠤᠶᠤ ᠲᠡᠭᠡᠳᠦ ᠱᠠᠳᠤᠨ ᠤ  ᠠᠷᠠᠳ ᠤᠨ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠰᠠᠭ ᠵᠠᠬᠢᠷᠭᠠᠨ ᠤ  ᠰᠢᠳᠭᠡᠯ ᠦᠭᠬᠦ ᠰᠠᠨᠠᠭᠤᠯᠭ᠎ᠠ ᠶᠢᠨ ᠪᠢᠴᠢᠭ ᠲᠡᠪᠰᠢᠬᠦᠯᠬᠦ ᠬᠡᠷᠡᠭᠲᠠᠢ᠂ ᠬᠤᠯᠪᠤᠭᠳᠠᠯ ᠪᠦᠬᠦᠢ ᠵᠠᠰᠠᠭ ᠵᠠᠬᠢᠷᠭᠠᠨ ᠤ  ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠲᠠᠢ᠃     ᠲᠠᠯᠠᠨ ᠨᠢᠭᠡᠳᠦᠭᠡᠷ ᠵᠦᠢᠯ  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠦ  ᠪᠠᠶᠢᠴᠠᠭᠠᠬᠤ ᠠᠵᠢᠯ ᠤᠨ ᠲᠤᠮᠳᠠ ᠪᠠᠨ ᠭᠠᠵᠠᠷ ᠰᠢᠷᠦᠢ ᠶᠢᠨ ᠬᠠᠮᠢᠶᠠᠷᠤᠯᠳᠠ ᠶᠢᠨ ᠲᠠᠯ᠎ᠠ ᠪᠠᠷ ᠬᠠᠤᠯᠢ ᠠᠴᠠ  ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠠᠵᠢᠯᠯᠠᠭ᠎ᠠ ᠪᠠᠶᠢᠬᠤ ᠶᠢ ᠤᠯᠵᠦ ᠮᠡᠳᠡᠪᠡᠯ᠂ ᠤᠤᠯ ᠤᠨ ᠬᠡᠷᠡᠭ ᠢ  ᠬᠤᠯᠪᠤᠭᠳᠠᠯ ᠪᠦᠬᠦᠢ ᠪᠠᠶᠢᠭᠤᠯᠭ᠎ᠠ ᠳᠤ ᠰᠢᠯᠵᠢᠬᠦᠯᠦᠨ ᠦᠭᠴᠦ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ  ᠨᠡᠭᠡᠮᠵᠢᠯᠡᠬᠦᠯᠬᠦ ᠬᠡᠷᠡᠭᠲᠠᠢ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ  ᠵᠠᠬᠢᠷᠭᠠᠨ ᠤ ᠰᠢᠳᠭᠡᠯ ᠦᠭᠬᠦ ᠬᠡᠷᠡᠭᠲᠠᠢ᠃        ᠲᠠᠯᠠᠨ ᠬᠤᠶᠠᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠰᠢᠳᠭᠡᠯ  ᠦᠭᠬᠦ ᠶᠤᠰᠤᠲᠠᠢ ᠪᠠᠶᠢᠳᠠᠯ᠎ᠠ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠰᠢᠳᠭᠡᠯ ᠦᠭᠬᠦ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ  ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ  ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠢ  ᠵᠠᠷᠯᠢᠭᠳᠠᠵᠦ ᠪᠠᠶᠢᠭᠠᠳ ᠵᠠᠰᠠᠭ ᠵᠠᠬᠢᠷᠭᠠᠨ ᠤ ᠰᠢᠳᠭᠡᠯ ᠦᠭᠬᠦ ᠲᠤᠭᠳᠠᠭᠠᠯ ᠭᠠᠷᠭᠠᠭᠤᠯᠬᠤ ᠪᠤᠶᠤ ᠰᠢᠭᠤᠳ ᠵᠠᠰᠠᠭ  ᠵᠠᠬᠢᠷᠭᠠᠨ ᠤ ᠰᠢᠳᠭᠡᠯ ᠦᠭᠬᠦ ᠶᠢᠨ ᠬᠠᠮᠳᠦ ᠬᠤᠯᠪᠤᠭᠳᠠᠯ ᠪᠦᠬᠦᠢ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠳᠭᠡᠯ ᠦᠭᠬᠦ ᠡᠷᠭᠡ ᠲᠠᠢ᠃      ᠲᠤᠯᠤᠳᠤᠭᠠᠷ ᠪᠦᠯᠦᠭ  ᠬᠠᠤᠯᠢ  ᠶᠢᠨ ᠬᠠᠷᠢᠭᠤᠴᠠᠯᠭ᠎ᠠ       ᠲᠠᠯᠠᠨ ᠭᠤᠷᠪᠠᠳᠦᠭᠠᠷ ᠵᠦᠢᠯ  ᠭᠠᠵᠠᠷ ᠰᠢᠷᠦᠢ ᠶᠢ ᠮᠠᠶᠢᠮᠠᠶᠢᠯᠠᠬᠤ ᠪᠤᠶᠤ ᠪᠤᠰᠤᠳ ᠬᠡᠯᠪᠡᠷᠢ ᠪᠠᠷ ᠬᠠᠤᠯᠢ  ᠪᠤᠰᠤ ᠪᠠᠷ ᠰᠢᠯᠵᠢᠬᠦᠯᠦᠨ ᠦᠭᠬᠦᠭᠰᠡᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠣᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ  ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠵᠦ ᠠᠪᠤᠨ᠎ᠠ︔ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ ᠲᠤᠷ᠎ᠡ ᠪᠠᠷ ᠢᠶᠠᠨ ᠪᠦᠳᠦᠭᠡᠨ  ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠠᠭᠠᠭᠰᠠᠨ ᠪᠠᠶᠢᠪᠠᠯ᠂ ᠬᠠᠤᠯᠢ ᠪᠤᠰᠤ ᠪᠠᠷ ᠰᠢᠯᠵᠢᠬᠦᠯᠦᠨ  ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ  ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ ᠪᠠᠶᠢᠳᠠᠯ ᠢ ᠨᠢ  ᠰᠡᠷᠬᠦᠭᠡᠯᠭᠡᠨ᠎ᠡ᠃ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ ᠪᠠᠶᠢᠪᠠᠯ᠂ ᠬᠠᠤᠯᠢ  ᠪᠤᠰᠤ ᠪᠠᠷ ᠰᠢᠯᠵᠢᠬᠦᠯᠦᠨ ᠦᠭᠬᠦᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ  ᠲᠦᠬᠦᠭᠡᠷᠦᠮᠵᠢ ᠶᠢ ᠨᠢ ᠬᠤᠷᠢᠶᠠᠨ ᠠᠪᠤᠨ᠎ᠠ︔ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔  ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ  ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ  ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃         ᠲᠠᠯᠠᠨ ᠳᠦᠷᠪᠡᠳᠦᠭᠡᠷ ᠵᠦᠢᠯ  ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠲᠠᠷᠢᠶᠠᠨ ᠭᠠᠵᠠᠷ ᠢ  ᠡᠵᠡᠯᠡᠨ ᠶᠤᠤ ᠭᠠᠷᠭᠠᠭᠰᠠᠨ᠂ ᠪᠤᠯᠠᠰᠢᠨ ᠭᠠᠵᠠᠷ ᠭᠠᠷᠭᠠᠭᠰᠠᠨ ᠪᠤᠶᠤ ᠲᠠᠷᠢᠶᠠᠨ ᠭᠠᠵᠠᠷ ᠲᠡᠭᠡᠷ᠎ᠡ ᠲᠤᠷ᠎ᠡ ᠪᠠᠷ ᠢᠶᠠᠨ ᠬᠡᠷ  ᠪᠠᠷᠢᠭᠰᠠᠨ᠂ ᠡᠯᠡᠰᠦ ᠮᠠᠯᠳᠠᠭᠰᠠᠨ᠂ ᠴᠢᠯᠠᠭᠤ ᠭᠠᠷᠭᠠᠭᠰᠠᠨ᠂ ᠠᠭᠤᠷᠬᠠᠢ ᠮᠠᠯᠳᠠᠭᠰᠠᠨ᠂ ᠰᠢᠷᠦᠢ ᠠᠪᠤᠭᠰᠠᠨ  ᠵᠡᠷᠭᠡ ᠠᠴᠠ ᠪᠤᠯᠵᠦ ᠲᠠᠷᠢᠶᠠᠯᠬᠤ ᠨᠦᠬᠦᠴᠡᠯ ᠢ ᠡᠪᠳᠡᠭᠰᠡᠨ᠂ ᠡᠰᠡᠬᠦᠯ᠎ᠡ ᠭᠠᠵᠠᠷ ᠰᠢᠷᠦᠢ ᠶᠢ ᠨᠡᠭᠡᠭᠡᠨ  ᠠᠰᠢᠭᠯᠠᠭᠰᠠᠨ ᠠᠴᠠ ᠪᠤᠯᠤᠭᠠᠳ ᠭᠠᠵᠠᠷ ᠰᠢᠷᠦᠢ ᠶᠢ ᠡᠯᠡᠰᠦᠵᠢᠬᠦᠯᠦᠭᠰᠡᠨ᠂ ᠬᠤᠵᠢᠷᠰᠢᠭᠤᠯᠤᠭᠰᠠᠨ ᠪᠠᠶᠢᠪᠠᠯ᠂  ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ  ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠬᠤ  ᠪᠤᠶᠤ ᠵᠠᠰᠠᠭᠤᠯᠵᠦ᠂ ᠵᠤᠭᠤᠰ ᠢᠶᠠᠷ ᠲᠣᠷᠭᠠᠬᠤ ᠪᠠᠷ ᠨᠡᠶᠢᠯᠡᠬᠦᠯᠦᠨ ᠰᠢᠳᠭᠡᠵᠦ ᠪᠤᠯᠤᠨ᠎ᠠ︔ ᠶᠠᠯ᠎ᠠ ᠪᠤᠯᠵᠦ  ᠪᠦᠷᠢᠯᠳᠦᠭᠰᠡᠨ ᠪᠠᠶᠢᠠᠪᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃         ᠲᠠᠯᠠᠨ ᠲᠠᠪᠤᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ᠂ ᠭᠠᠵᠠᠷ ᠰᠢᠷᠦᠢ ᠶᠢ  ᠰᠡᠷᠬᠦᠭᠡᠨ ᠬᠠᠭᠠᠯᠪᠤᠷᠢᠯᠠᠬᠤ ᠡᠬᠦᠷᠭᠡ ᠪᠠᠨ ᠬᠦᠢᠴᠡᠳᠭᠡᠬᠦ ᠶᠢ ᠲᠡᠪᠴᠢᠭᠰᠡᠨ ᠪᠠᠶᠢᠪᠠᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠬᠤᠭᠤᠴᠠᠭ᠎ᠠ  ᠬᠡᠳᠦᠷᠡᠭᠰᠡᠨ ᠪᠠᠶᠢᠳᠠᠯ᠎ᠠ ᠵᠠᠯᠠᠷᠠᠭᠤᠯᠤᠭᠰᠠᠨ ᠦᠭᠡᠢ ᠪᠠᠶᠢᠪᠠᠯ ᠵᠠᠷᠯᠢᠭᠳᠠᠵᠦ ᠪᠠᠶᠢᠭᠠᠳ ᠰᠡᠷᠬᠦᠭᠡᠨ ᠬᠠᠭᠠᠯᠪᠤᠷᠢᠯᠠᠬᠤ  ᠰᠦᠢᠳᠭᠡᠯ ᠲᠤᠰᠢᠶᠠᠯᠭᠠᠭᠠᠳ᠂ ᠭᠠᠵᠠᠷ ᠰᠢᠷᠦᠢ ᠶᠢ ᠲᠠᠬᠢᠨ ᠬᠠᠭᠠᠯᠪᠤᠷᠢᠯᠠᠬᠤ ᠳᠤ ᠲᠤᠰᠬᠠᠢ ᠬᠡᠷᠡᠭᠯᠡᠨ᠎ᠡ ᠵᠤᠭᠤᠰ ᠢᠶᠠᠷ  ᠲᠤᠷᠭᠠᠬᠤ ᠪᠠᠷ ᠰᠢᠳᠭᠡᠵᠦ ᠪᠤᠯᠤᠨ᠎ᠠ᠃        ᠲᠠᠯᠠᠨ ᠵᠢᠷᠭᠤᠳᠤᠭᠠᠷ ᠵᠦᠢᠯ  ᠵᠦᠪᠰᠢᠶᠡᠷᠡᠯ ᠤᠯᠤᠭᠰᠠᠨ ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ  ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠠᠶᠢᠪᠠᠯ᠂ ᠰᠢᠶᠠᠨ ᠤ ᠱᠠᠳᠣᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠠᠤᠯᠢ ᠪᠤᠰᠤ ᠪᠠᠷ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠨ᠎ᠠ᠂ ᠭᠠᠵᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠠᠴᠠ ᠵᠦᠷᠢᠴᠡᠨ ᠲᠠᠷᠢᠶᠠᠯᠠᠩ ᠳᠤ ᠬᠡᠷᠡᠭᠯᠡᠬᠦ ᠭᠠᠵᠠᠷ ᠢ  ᠲᠤᠷ᠎ᠡ ᠪᠠᠷ ᠢᠶᠠᠨ ᠪᠦᠳᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠪᠤᠯᠭᠠᠨ ᠬᠤᠪᠢᠷᠭᠠᠭᠰᠠᠨ ᠪᠠᠶᠢᠪᠠᠯ᠂ ᠬᠠᠤᠯᠢ  ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ ᠪᠤᠰᠤᠳ  ᠲᠦᠬᠦᠭᠡᠷᠦᠮᠵᠢ ᠶᠢ ᠬᠤᠭᠤᠴᠠᠭ᠎ᠠ ᠲᠤᠭᠳᠠᠭᠠᠨ ᠨᠤᠷᠠᠭᠠᠯᠭᠠᠨ ᠠᠷᠢᠯᠠᠭᠠᠭᠤᠯᠵᠦ᠂ ᠭᠠᠵᠠᠷ ᠰᠢᠷᠦᠢ ᠶᠢᠨ ᠤᠭ ᠤᠨ  ᠪᠠᠶᠢᠳᠠᠯ ᠢ ᠨᠢ ᠰᠡᠷᠬᠦᠭᠡᠯᠭᠡᠨ᠎ᠡ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ ᠲᠦᠯᠦᠪᠵᠢᠬᠦᠯᠭᠡ ᠳᠤ ᠨᠡᠶᠢᠴᠡᠵᠦ  ᠪᠠᠶᠢᠪᠠᠯ᠂ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ  ᠪᠠ ᠪᠤᠰᠤᠳ ᠲᠦᠬᠦᠭᠡᠷᠦᠮᠵᠢ ᠶᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ ᠨᠡᠶᠢᠯᠡᠬᠦᠯᠦᠨ ᠰᠢᠳᠭᠡᠵᠦ  ᠪᠤᠯᠤᠨ᠎ᠠ︔ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠨᠢᠭᠡᠴᠢ ᠶᠢᠨ ᠰᠢᠭᠤᠳ ᠬᠠᠷᠢᠭᠤᠴᠠᠵᠦ  ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ  ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ  ᠬᠠᠷᠢᠭᠤᠴᠠᠯᠭ᠎ᠠ ᠨᠡᠭᠡᠮᠵᠢᠯᠡᠨ᠎ᠡ᠃         ᠵᠦᠪᠰᠢᠶᠡᠷᠡᠭᠰᠡᠨ ᠲᠤᠭ᠎ᠠ ᠬᠡᠮᠵᠢᠶ᠎ᠡ ᠠᠴᠠ ᠲᠠᠪᠠᠭᠤᠯᠤᠨ ᠭᠠᠵᠠᠷ ᠰᠢᠷᠦᠢ ᠶᠢ ᠡᠵᠡᠯᠡᠨ ᠬᠡᠷᠡᠭᠯᠡᠭᠰᠡᠨ ᠪᠠᠶᠢᠪᠠᠯ ᠂  ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠪᠠᠷ  ᠲᠤᠭᠠᠴᠠᠵᠦ ᠰᠢᠢᠳᠪᠦᠷᠢᠯᠡᠨ᠎ᠡ᠃            ᠲᠠᠯᠠᠨ ᠲᠤᠯᠤᠳᠦᠭᠠᠷ ᠵᠦᠢᠯ  ᠬᠦᠳᠡᠭᠡ ᠲᠤᠰᠬᠤᠨ ᠤ ᠭᠠᠴᠠᠭᠠᠨ ᠤ ᠠᠷᠠᠳ ᠵᠦᠪᠰᠢᠶᠡᠷᠡᠯ ᠤᠯᠤᠭᠰᠠᠨ  ᠦᠭᠡᠢ ᠪᠤᠶᠤ ᠮᠡᠭᠡᠯᠡᠬᠦ ᠠᠷᠭ᠎ᠠ ᠪᠠᠷ ᠵᠦᠪᠰᠢᠶᠡᠷᠡᠯ ᠤᠯᠤᠭᠠᠳ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ  ᠬᠡᠷᠡᠭᠯᠡᠵᠦ ᠤᠷᠤᠨ ᠰᠠᠭᠤᠴᠠ ᠪᠠᠷᠢᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ  ᠪᠠᠶᠢᠭᠠᠳ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠶᠢ ᠪᠤᠴᠠᠭᠠᠯᠭᠠᠵᠦ᠂ ᠬᠠᠤᠯᠢ ᠪᠤᠰᠤ ᠪᠠᠷ  ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ ᠪᠠᠷ ᠪᠠᠷᠢᠭᠰᠠᠨ ᠭᠡᠷ ᠪᠠᠶᠢᠰᠢᠩ ᠢ ᠨᠢ ᠬᠤᠭᠤᠴᠠᠭ᠎ᠠ  ᠲᠤᠭᠳᠠᠭᠠᠨ ᠨᠤᠷᠠᠭᠠᠯᠭᠠᠨ ᠠᠷᠢᠯᠠᠭᠠᠭᠤᠯᠤᠨ᠎ᠠ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠲᠤᠭᠳᠠᠭᠠᠭᠰᠠᠨ ᠪᠠᠷᠢᠮᠵᠢᠶ᠎ᠡ ᠠᠴᠠ  ᠭᠡᠳᠦᠷᠡᠭᠰᠡᠨ ᠪᠠᠶᠢᠪᠠᠯ᠂ ᠢᠯᠡᠭᠦᠦ ᠡᠵᠡᠯᠡᠭᠰᠡᠨ ᠭᠠᠵᠠᠷ ᠰᠢᠷᠦᠢ ᠶᠢ ᠨᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ  ᠭᠠᠵᠠᠷ ᠰᠢᠷᠦᠢ ᠪᠠᠷ ᠲᠤᠭᠠᠴᠠᠵᠦ ᠰᠢᠢᠳᠪᠦᠷᠢᠯᠡᠨ᠎ᠡ᠃         ᠲᠠᠯᠠᠨ ᠨᠠᠢᠮᠠᠳᠦᠭᠠᠷ ᠵᠦᠢᠯ  ᠭᠠᠵᠠᠷ ᠰᠢᠷᠦᠢ ᠶᠢ ᠲᠠᠳᠠᠪᠤᠷᠢᠯᠠᠬᠤ᠂ ᠭᠠᠵᠠᠷ ᠰᠢᠷᠦᠢ ᠶᠢ ᠬᠡᠷᠡᠭᠯᠡᠬᠦ ᠶᠢ  ᠵᠦᠪᠰᠢᠶᠡᠷᠡᠬᠦ ᠡᠷᠭᠡ ᠦᠭᠡᠢ ᠨᠢᠭᠡᠴᠢ ᠪᠤᠶᠤ ᠬᠤᠪᠢ ᠬᠦᠮᠦᠨ ᠭᠠᠵᠠᠷ ᠰᠢᠷᠦᠢ ᠶᠢᠨ ᠡᠵᠡᠯᠡᠨ ᠬᠡᠷᠡᠭᠯᠡᠬᠦ ᠶᠢ ᠬᠠᠤᠯᠢ  ᠪᠤᠰᠤ ᠪᠠᠷ ᠵᠦᠪᠰᠢᠶᠡᠷᠡᠭᠰᠡᠨ ᠪᠠ ᠵᠦᠪᠰᠢᠶᠡᠷᠡᠬᠦ ᠡᠷᠭᠡ ᠮᠡᠳᠡᠯ ᠤᠨ ᠬᠡᠪᠴᠢᠶ᠎ᠡ ᠠᠴᠠ ᠪᠠᠨ ᠲᠠᠪᠠᠵᠦ᠂ ᠭᠠᠵᠠᠷ ᠰᠢᠷᠦᠢ  ᠡᠵᠡᠯᠡᠨ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ᠂ ᠭᠠᠵᠠᠷ ᠰᠢᠷᠦᠢ ᠶᠢ ᠠᠰᠢᠭᠯᠠᠬᠤ ᠶᠡᠷᠦᠩᠭᠡᠢ  ᠲᠦᠯᠦᠪᠵᠢᠬᠦᠯᠭᠡ ᠳᠤ ᠲᠤᠭᠳᠠᠭᠠᠭᠰᠠᠨ ᠬᠡᠷᠡᠭᠯᠡᠯᠳᠡ ᠠᠴᠠ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠭᠰᠡᠨ᠂  ᠡᠰᠡᠬᠦᠯ᠎ᠡ ᠭᠠᠵᠠᠷ ᠰᠢᠷᠦᠢ ᠶᠢ ᠡᠵᠡᠯᠡᠨ ᠬᠡᠷᠡᠭᠯᠡᠬᠦ᠂ ᠲᠠᠳᠠᠪᠤᠷᠢᠯᠠᠬᠤ ᠶᠢ ᠬᠠᠤᠯᠢ ᠳᠤ ᠲᠤᠭᠳᠠᠭᠠᠭᠰᠠᠨ ᠵᠢᠷᠦᠮ ᠠᠴᠠ  ᠵᠦᠷᠢᠴᠡᠨ ᠵᠦᠪᠰᠢᠶᠡᠷᠡᠭᠰᠡᠨ ᠪᠠᠶᠢᠪᠠᠯ᠂ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠤᠯᠤᠨ᠎ᠠ᠃  ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠰᠡᠨ ᠰᠢᠭᠤᠳ  ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ  ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ  ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃ ᠬᠠᠤᠯᠢ ᠪᠤᠰᠤ ᠪᠠᠷ ᠵᠦᠪᠰᠢᠶᠡᠷᠡᠭᠰᠡᠨ᠂ ᠬᠡᠷᠡᠭᠯᠡᠬᠦᠯᠦᠭᠰᠡᠨ ᠭᠠᠵᠠᠷ  ᠰᠢᠷᠦᠢ ᠶᠢ ᠨᠢ ᠪᠤᠴᠠᠭᠠᠨ ᠠᠪᠬᠤ ᠬᠡᠷᠡᠭᠲᠠᠢ᠂ ᠬᠤᠯᠪᠤᠭᠳᠠᠯ ᠪᠦᠬᠦᠢ ᠲᠤᠬᠠᠢ ᠶᠢᠨ ᠬᠦᠮᠦᠨ ᠨᠢ ᠪᠤᠴᠠᠭᠠᠵᠦ ᠦᠭᠬᠦ ᠶᠢ  ᠲᠡᠪᠴᠢᠪᠡᠯ᠂ ᠭᠠᠵᠠᠷ ᠰᠢᠷᠦᠢ ᠶᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠢᠶᠠᠷ ᠲᠤᠭᠠᠴᠠᠵᠦ ᠰᠢᠢᠳᠪᠦᠷᠢᠯᠡᠨ᠎ᠡ᠃        ᠭᠠᠵᠠᠷ ᠰᠢᠷᠦᠢ ᠲᠠᠳᠠᠪᠤᠷᠢᠯᠠᠬᠤ᠂ ᠭᠠᠵᠠᠷ ᠰᠢᠷᠦᠢ ᠬᠡᠷᠡᠭᠯᠡᠬᠦ ᠶᠢ ᠬᠠᠤᠯᠢ ᠪᠤᠰᠤ ᠪᠠᠷ ᠵᠦᠪᠰᠢᠶᠡᠷᠡᠭᠡᠳ  ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠤᠷᠢ ᠶᠢᠨ  ᠬᠠᠷᠢᠭᠤᠴᠠᠯᠭ᠎ᠠ ᠡᠬᠦᠷᠭᠡᠯᠡᠬᠦ ᠬᠡᠷᠡᠭᠲᠠᠢ᠃        ᠲᠠᠯᠨ ᠶᠢᠰᠦᠳᠦᠭᠡᠷ ᠵᠦᠢᠯ  ᠭᠠᠵᠠᠷ ᠰᠢᠷᠦᠢ ᠲᠠᠳᠠᠪᠤᠷᠢᠯᠠᠭᠳᠠᠭᠰᠠᠨ ᠨᠢᠭᠡᠴᠢ ᠶᠢᠨ ᠭᠠᠵᠠᠷ ᠰᠢᠷᠦᠢ  ᠲᠠᠳᠠᠪᠤᠷᠢᠯᠠᠭᠰᠠᠨ ᠲᠦᠯᠦᠪᠤᠷᠢ ᠰᠦᠢᠳᠭᠡᠯ ᠪᠠ ᠬᠤᠯᠪᠤᠭᠳᠠᠯ ᠪᠦᠬᠦᠢ ᠪᠤᠰᠤᠳ ᠰᠦᠢᠳᠭᠡᠯ ᠢ ᠡᠵᠡᠯᠡᠨ ᠬᠡᠷᠡᠭᠯᠡᠵᠦ᠂  ᠨᠡᠬᠦᠯᠭᠡᠨ ᠬᠡᠷᠡᠭᠯᠡᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ  ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ ᠶᠤᠰᠤᠭᠠᠷ ᠵᠠᠰᠠᠭ ᠵᠠᠬᠢᠷᠭᠠᠨ ᠤ  ᠰᠢᠳᠭᠡᠯ ᠦᠭᠬᠦᠨ᠎ᠡ᠃        ᠨᠠᠶᠠᠳᠤᠭᠠᠷ ᠵᠦᠢᠯ  ᠣᠯᠣᠰ ᠤᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ ᠡᠷᠭᠡ ᠶᠢ ᠬᠠᠤᠯᠢ ᠶᠤᠰᠤᠭᠠᠷ  ᠪᠤᠴᠠᠭᠠᠵᠦ ᠠᠪᠬᠤ ᠳᠤ ᠲᠤᠬᠠᠢ ᠶᠢᠨ ᠬᠦᠮᠦᠨ ᠨᠢ ᠭᠠᠵᠠᠷ ᠰᠢᠷᠦᠢ ᠲᠤᠰᠢᠶᠠᠬᠤ ᠶᠢ ᠲᠡᠪᠴᠢᠭᠰᠡᠨ᠂ ᠭᠠᠵᠠᠷ ᠰᠢᠷᠦᠢ ᠶᠢ  ᠲᠦᠷ ᠬᠡᠷᠡᠭᠯᠡᠬᠦ ᠬᠤᠭᠤᠴᠠᠭ᠎ᠠ ᠲᠦᠬᠦᠷᠦᠭᠰᠡᠨ ᠪᠠᠶᠢᠳᠠᠯ᠎ᠠ ᠪᠤᠴᠠᠭᠠᠵᠦ ᠦᠭᠬᠦ ᠶᠢ ᠲᠡᠪᠴᠢᠭᠰᠡᠨ᠂ ᠡᠰᠡᠬᠦᠯ᠎ᠡ  ᠤᠯᠤᠰ ᠤᠨ ᠦᠮᠴᠢᠯᠡᠯ ᠤᠨ ᠭᠠᠵᠠᠷ ᠰᠢᠷᠦᠢ ᠶᠢ ᠵᠦᠪᠰᠢᠶᠡᠷᠡᠭᠰᠡᠨ ᠬᠡᠷᠡᠭᠯᠡᠯᠳᠡ ᠶᠤᠰᠤᠭᠠᠷ ᠬᠡᠷᠡᠭᠯᠡᠭᠰᠡᠨ ᠦᠭᠡᠢ  ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ  ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠭᠠᠵᠠᠷ ᠰᠢᠷᠦᠢ ᠶᠢ ᠨᠢ  ᠪᠤᠴᠠᠭᠠᠯᠭᠠᠵᠦ᠂ ᠵᠤᠭᠤᠰ ᠢᠶᠠᠷ ᠲᠤᠷᠭᠠᠨ᠎ᠠ᠃        ᠨᠠᠶᠠᠨ ᠨᠢᠭᠡᠳᠦᠭᠡᠷ ᠵᠦᠢᠯ  ᠲᠠᠷᠢᠶᠠᠴᠢᠳ ᠤᠨ ᠬᠠᠮᠳᠦ ᠶᠢᠨ ᠦᠮᠴᠢᠯᠡᠯ ᠤᠨ ᠭᠠᠵᠠᠷ ᠰᠢᠷᠦᠢ ᠶᠢᠨ ᠬᠡᠷᠡᠭᠯᠡᠬᠦ  ᠡᠷᠭᠡ ᠶᠢ ᠲᠤᠷ᠎ᠡ ᠪᠠᠷ ᠢᠶᠠᠨ ᠰᠢᠯᠵᠢᠬᠦᠯᠦᠨ ᠬᠤᠳᠠᠯᠳᠤᠵᠦ᠂ ᠰᠢᠯᠵᠢᠬᠦᠯᠦᠨ ᠦᠭᠴᠦ᠂ ᠡᠰᠡᠬᠦᠯ᠎ᠡ ᠲᠦᠷᠢᠶᠡᠰᠦᠯᠡᠨ  ᠭᠠᠷᠭᠠᠭᠠᠳ ᠲᠠᠷᠢᠶᠠᠯᠠᠩ ᠤᠨ ᠪᠤᠰᠤ ᠪᠦᠳᠦᠭᠡᠨ ᠪᠠᠶᠢᠭᠤᠯᠤᠯᠳᠠ ᠳᠤ ᠬᠡᠷᠡᠭᠯᠡᠬᠦᠯᠦᠭᠰᠡᠨ ᠪᠠᠶᠢᠪᠠᠯ᠂ ᠰᠢᠶᠠᠨ ᠤ  ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ  ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂  ᠬᠠᠤᠯᠢ ᠠᠴᠠ ᠵᠦᠷᠢᠴᠡᠵᠦ ᠤᠯᠤᠭᠰᠠᠨ ᠤᠯᠵᠠ ᠠᠰᠢᠭ ᠢ ᠨᠢ ᠬᠤᠷᠢᠶᠠᠨ ᠠᠪᠴᠦ᠂ ᠵᠤᠭᠤᠰ ᠢᠶᠠᠷ ᠲᠤᠷᠭᠠᠬᠤ ᠪᠠᠷ  ᠨᠡᠶᠢᠯᠡᠬᠦᠯᠦᠨ ᠰᠢᠳᠭᠡᠨ᠎ᠡ᠃         ᠨᠠᠶᠠᠨ ᠬᠤᠶᠠᠳᠦᠭᠠᠷ ᠵᠦᠢᠯ  ᠲᠤᠰ ᠬᠠᠤᠯᠢ ᠶᠢᠨ ᠲᠤᠭᠳᠠᠭᠠᠯ ᠶᠤᠰᠤᠭᠠᠷ ᠭᠠᠵᠠᠷ ᠰᠢᠷᠦᠢ ᠶᠢᠨ ᠡᠷᠭᠡ ᠶᠢᠨ  ᠬᠠᠷᠢᠶᠠᠯᠠᠯ ᠪᠠ ᠬᠡᠷᠡᠭᠯᠡᠯᠳᠡ ᠶᠢ ᠬᠤᠪᠢᠷᠠᠭᠠᠬᠤ ᠲᠠᠩᠰᠠᠯᠠᠯᠳᠠ ᠬᠢᠯᠭᠡᠭᠰᠡᠨ ᠦᠭᠡᠢ ᠪᠠᠶᠢᠪᠠᠯ᠂ ᠰᠢᠶᠠᠨ ᠤ ᠱᠠᠳᠤᠨ ᠠᠴᠠ  ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ  ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠬᠢᠯᠭᠡᠨ᠎ᠡ᠃        ᠨᠠᠶᠠᠨ ᠭᠤᠷᠪᠠᠳᠦᠭᠠᠷ ᠵᠦᠢᠯ  ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠦᠢ ᠲᠡᠭᠡᠷ᠎ᠡ ᠰᠢᠨ᠎ᠡ  ᠪᠠᠷ  ᠪᠠᠶᠢᠭᠤᠯᠤᠭᠰᠠᠨ ᠪᠠᠷᠢᠯᠭ᠎ᠠ ᠪᠠ ᠪᠤᠰᠤᠳ ᠲᠦᠬᠦᠭᠡᠷᠦᠮᠵᠢ ᠶᠢ ᠲᠤᠰ ᠬᠠᠤᠯᠢ ᠶᠢᠨ ᠲᠤᠭᠳᠠᠭᠠᠯ ᠶᠤᠰᠤᠭᠠᠷ  ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠪᠠᠷ ᠵᠠᠷᠯᠢᠭᠳᠠᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ  ᠪᠤᠶᠤ ᠬᠤᠪᠢ ᠬᠦᠮᠦᠨ ᠨᠢ ᠪᠠᠷᠢᠯᠭ᠎ᠠ ᠶᠢᠨ ᠠᠵᠢᠯ ᠢᠶᠠᠨ ᠲᠡᠷᠡ ᠲᠤᠤᠷ᠎ᠡ ᠨᠢ ᠵᠤᠭᠰᠤᠭᠠᠵᠦ ᠦᠪᠡᠷᠳᠡᠭᠡᠨ ᠨᠤᠷᠭᠠᠨ  ᠠᠷᠢᠯᠭᠠᠬᠤ ᠬᠡᠷᠡᠭᠲᠠᠢ︔ ᠪᠠᠷᠢᠯᠭ᠎ᠠ ᠶᠢᠨ ᠠᠵᠢᠯ ᠢᠶᠠᠨ ᠦᠷᠬᠦᠯᠵᠢᠯᠡᠨ ᠬᠢᠵᠦ ᠪᠠᠶᠢᠪᠠᠯ᠂ ᠰᠢᠳᠭᠡᠬᠦ ᠲᠤᠭᠳᠠᠭᠠᠯ  ᠭᠠᠷᠭᠠᠭᠰᠠᠨ ᠪᠠᠶᠢᠭᠤᠯᠭ᠎ᠠ ᠬᠤᠷᠢᠭᠯᠠᠨ ᠵᠤᠭᠰᠤᠭᠠᠬᠤ ᠡᠷᠭᠡ ᠲᠠᠢ᠃ ᠪᠦᠳᠦᠭᠡᠨ ᠪᠠᠶᠢᠭᠤᠯᠬᠤ ᠨᠢᠭᠡᠴᠢ ᠪᠤᠶᠤ ᠬᠤᠪᠢ  ᠬᠦᠮᠦᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ ᠠᠷᠢᠯᠭᠠᠭᠤᠯᠬᠤ ᠵᠠᠰᠠᠭ ᠵᠠᠬᠢᠷᠭᠠᠨ ᠤ ᠰᠢᠳᠭᠡᠯ  ᠦᠭᠬᠦ ᠲᠤᠭᠳᠠᠭᠠᠯ ᠢ ᠬᠦᠯᠢᠶᠡᠬᠦ ᠦᠭᠡᠢ ᠪᠤᠯ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠨᠤᠷᠭᠠᠨ  ᠠᠷᠢᠯᠭᠠᠭᠤᠯᠬᠤ ᠲᠤᠭᠳᠠᠭᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠲᠤᠳᠤᠷ᠎ᠡ  ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ︔ ᠬᠤᠭᠤᠴᠠᠭ᠎ᠠ ᠨᠢ ᠲᠦᠬᠦᠷᠦᠭᠰᠡᠨ ᠪᠠᠶᠢᠳᠠᠯ᠎ᠠ  ᠵᠠᠭᠠᠯᠳᠣᠭᠰᠠᠨ ᠦᠭᠡᠢ ᠪᠦᠭᠡᠳ ᠦᠪᠡᠷᠳᠡᠭᠡᠨ ᠪᠠᠰᠠ ᠨᠤᠷᠭᠠᠨ ᠠᠷᠢᠯᠭᠠᠭᠰᠠᠨ ᠦᠭᠡᠢ ᠪᠠᠶᠢᠪᠠᠯ᠂ ᠰᠢᠳᠭᠡᠯ ᠦᠭᠬᠦ  ᠲᠤᠭᠳᠠᠭᠠᠯ ᠭᠠᠷᠭᠠᠭᠰᠠᠨ ᠪᠠᠶᠢᠭᠤᠯᠭ᠎ᠠ ᠨᠢ ᠬᠠᠤᠯᠢ ᠶᠤᠰᠤᠭᠠᠷ ᠠᠷᠠᠳ ᠤᠨ ᠰᠢᠬᠦᠬᠦ ᠬᠤᠷᠢᠶᠠᠨ ᠳᠤ ᠭᠤᠶᠤᠴᠢᠯᠠᠯ  ᠭᠠᠷᠭᠠᠵᠦ ᠠᠯᠪᠠᠳᠠᠨ ᠬᠦᠢᠴᠡᠳᠭᠡᠬᠦᠯᠦᠨ᠎ᠡ᠂ ᠵᠠᠷᠣᠳᠠᠯ ᠰᠦᠢᠳᠭᠡᠯ ᠢ ᠨᠢ ᠬᠠᠤᠯᠢ ᠠᠴᠠ ᠵᠦᠷᠢᠴᠡᠭᠰᠡᠳ ᠲᠠᠭᠠᠭᠠᠨ᠎ᠠ᠃         ᠨᠠᠶᠠᠨ ᠳᠦᠷᠪᠡᠳᠦᠭᠡᠷ ᠵᠦᠢᠯ  ᠭᠠᠵᠠᠷ ᠰᠢᠷᠦᠢ ᠶᠢᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ  ᠮᠦᠴᠢᠷ ᠤᠨ ᠠᠵᠢᠯᠳᠠᠳ ᠡᠬᠦᠷᠭᠡ ᠲᠤᠰᠢᠶᠠᠯ ᠳᠠᠭᠠᠨ ᠣᠰᠣᠯᠳᠠᠵᠦ᠂ ᠡᠷᠭᠡ ᠲᠤᠰᠢᠶᠠᠯ ᠢᠶᠠᠨ ᠲᠤᠷ᠎ᠡ ᠪᠠᠷ ᠢᠶᠠᠨ  ᠬᠡᠷᠡᠭᠯᠡᠵᠦ᠂ ᠬᠤᠪᠢ ᠶᠢᠨ ᠨᠠᠶᠢᠷ ᠬᠠᠷᠠᠵᠦ ᠭᠡᠮ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ  ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ ᠬᠠᠤᠯᠢ  ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃        ᠨᠠᠢᠮᠠᠳᠤᠭᠠᠷ ᠪᠦᠯᠦᠭ  ᠲᠠᠭᠠᠯᠳᠣᠭᠤᠯᠣᠭᠰᠠᠨ ᠲᠦᠷᠢᠮ      ᠨᠠᠶᠠᠨ ᠲᠠᠪᠤᠳᠦᠭᠠᠷ ᠵᠦᠢᠯ  ᠲᠤᠮᠳᠠᠳᠦ ᠭᠠᠳᠠᠭᠠᠳᠦ ᠶᠢᠨ ᠪᠡᠯᠡ ᠨᠡᠶᠢᠯᠡᠬᠦᠯᠦᠨ ᠡᠵᠡᠩᠨᠡᠭᠰᠡᠨ ᠠᠵᠦ ᠠᠬᠤᠶᠢᠯᠠᠯ  ᠂ ᠲᠤᠮᠳᠠᠳᠦ ᠭᠠᠳᠠᠭᠠᠳᠦ ᠶᠢᠨ ᠬᠤᠷᠰᠢᠨ ᠡᠵᠡᠩᠨᠡᠭᠰᠡᠨ ᠠᠵᠦ ᠠᠬᠤᠶᠢᠯᠠᠯ᠂ ᠭᠠᠳᠠᠭᠠᠳᠦ ᠪᠡᠯᠡ ᠶᠢᠨ ᠠᠵᠦ  ᠠᠬᠤᠶᠢᠯᠠᠯ ᠤᠳ ᠭᠠᠵᠠᠷ ᠰᠢᠷᠦᠢ ᠬᠡᠷᠡᠭᠯᠡᠬᠦ ᠳᠤ ᠲᠤᠰ ᠬᠠᠤᠯᠢ ᠶᠢ ᠬᠡᠷᠡᠭᠯᠡᠨ᠎ᠡ︔ ᠬᠠᠤᠯᠢ ᠴᠠᠭᠠᠵᠠ ᠳᠤ ᠠᠰᠳᠠᠭᠠᠨ  ᠲᠤᠭᠳᠠᠭᠠᠯ ᠲᠠᠢ ᠪᠠᠶᠢᠪᠠᠯ ᠲᠡᠷᠡ ᠲᠤᠭᠳᠠᠭᠠᠯ ᠢ ᠬᠡᠷᠡᠭᠵᠢᠬᠦᠯᠦᠨ᠎ᠡ᠃       ᠨᠠᠶᠠᠨ ᠵᠢᠷᠭᠤᠳᠦᠭᠠᠷ ᠵᠦᠢᠯ  ᠲᠤᠰ ᠬᠠᠤᠯᠢ ᠶᠢ 1999 ᠤᠨ ᠤ 1 ᠰᠠᠷ᠎ᠡ ᠶᠢᠨ 1 ᠤ ᠡᠳᠦᠷ ᠠᠴᠠ  ᠡᠬᠢᠯᠡᠵᠦ ᠬᠡᠷᠡᠭᠵᠢᠬᠦᠯᠦᠨ᠎ᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2