ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠲᠠ ᠬᠦᠳᠡᠭᠡ ᠶᠢᠨ ᠲᠥᠯᠦᠪᠵᠢᠭᠦᠯᠭᠡ ᠶᠢᠨ  ᠳᠦᠷᠢᠮ
ᠨᠡᠶᠢᠲᠡᠯᠡᠭᠰᠡᠨ ᠴᠠᠭ᠄
2017/9/7
    ︵2013 ᠣᠨ ᠤ 5 ᠰᠠᠷ᠎ᠠ ᠶᠢᠨ 29 ᠤ ᠡᠳᠦᠷ ᠦᠪᠦᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ  ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠪᠠᠲᠤᠯᠠᠪᠠ︶       ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ  ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ                             ᠨᠢᠭᠡᠳᠦᠭᠡᠷ ᠲᠣᠭᠠᠲᠤ        2013 ᠣᠨ ᠤ 5 ᠰᠠᠷ᠎ᠠ ᠶᠢᠨ 29 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ  ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠬᠤᠲᠠ  ᠬᠦᠳᠡᠭᠡ ᠶᠢᠨ ᠲᠥᠯᠦᠪᠵᠢᠭᠦᠯᠭᠡ ᠶᠢᠨ ᠲᠦᠷᠢᠮ︾ ᠢ ᠪᠠᠲᠤᠯᠠᠪᠠ᠂ ᠣᠳᠣ ᠨᠡᠶᠢᠲᠡᠯᠡᠶ᠎ᠡ᠂ 2013 ᠣᠨ ᠤ 7  ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                         2013 ᠣᠨ ᠤ 5 ᠰᠠᠷ᠎ᠠ ᠶᠢᠨ 29 ᠤ ᠡᠳᠦᠷ       ᠨᠢᠭᠡᠳᠦᠭᠡᠷ ᠪᠦᠯᠦᠭ ᠶᠡᠷᠦᠩᠬᠡᠢ ᠲᠦᠷᠢᠮ    ᠨᠢᠭᠡᠳᠦᠭᠡᠷ ᠵᠦᠢᠯ  ᠬᠤᠲᠠ ᠬᠦᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠦ᠂  ᠬᠤᠲᠠ ᠬᠦᠳᠡᠭᠡ ᠶᠢᠨ ᠤᠷᠤᠨ ᠵᠠᠢ ᠶᠢᠨ ᠪᠠᠶᠢᠷᠢᠯᠠᠭᠤᠯᠤᠯ ᠢ ᠵᠤᠬᠢᠴᠠᠭᠤᠯᠤᠨ᠂ ᠰᠠᠭᠤᠬᠤ ᠤᠷᠴᠢᠨ ᠲᠤᠭᠤᠷᠢᠨ ᠢ  ᠰᠠᠶᠢᠵᠢᠷᠠᠭᠤᠯᠵᠦ᠂ ᠬᠤᠲᠠ ᠬᠦᠳᠡᠭᠡ ᠶᠢᠨ ᠠᠵᠦ ᠠᠬᠤᠢ ᠨᠡᠶᠢᠭᠡᠮ ᠤᠨ ᠪᠦᠭᠦ ᠲᠠᠯ᠎ᠠ ᠪᠠᠷ ᠡᠶ᠎ᠡ ᠵᠣᠬᠢᠴᠠᠩᠭᠤᠢ ᠪᠠᠷ  ᠦᠷᠭᠦᠯᠵᠢᠯᠡᠨ ᠬᠥᠭᠵᠢᠭᠦ ᠶᠢ ᠠᠬᠢᠭᠤᠯᠬᠤ ᠶᠢᠨ ᠲᠥᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ  ᠤᠯᠤᠰ ᠤᠨ ᠬᠤᠲᠠ ᠬᠦᠳᠡᠭᠡ ᠶᠢᠨ ᠲᠥᠯᠦᠪᠵᠢᠭᠦᠯᠭᠡ ᠶᠢᠨ ᠬᠠᠤᠯᠢ︾ ᠵᠢᠴᠢ ᠤᠯᠤᠰ ᠤᠨ ᠬᠤᠯᠪᠤᠭᠳᠠᠯ ᠪᠥᠭᠦᠢ  ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠵᠦ᠂ ᠥᠪᠡᠷᠳᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ  ᠤᠶᠠᠯᠳᠤᠭᠤᠯᠤᠨ ᠲᠤᠰ ᠲᠦᠷᠢᠮ ᠢ ᠲᠤᠭᠳᠠᠭᠠᠪᠠ᠃      ᠬᠤᠶᠠᠳᠤᠭᠠᠷ ᠵᠦᠢᠯ  ᠥᠪᠡᠷᠳᠡᠭᠡᠠ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠬᠤᠲᠠ  ᠬᠦᠳᠡᠭᠡ ᠶᠢᠨ ᠲᠥᠯᠦᠪᠵᠢᠭᠦᠯᠭᠡ ᠨᠠᠶᠢᠷᠠᠭᠤᠯᠬᠤ᠂ ᠬᠡᠷᠡᠭᠵᠢᠭᠦᠯᠭᠦ᠂ ᠵᠠᠰᠠᠪᠤᠷᠢ ᠤᠷᠤᠭᠤᠯᠬᠤ᠂ ᠲᠥᠯᠦᠪᠵᠢᠭᠦᠯᠭᠡ ᠶᠢᠨ  ᠤᠷᠤᠨ ᠲᠤᠳᠤᠷ᠎ᠠ ᠪᠦᠲᠦᠭᠡᠨ ᠪᠠᠶᠢᠭᠤᠯᠬᠤ ᠠᠵᠢᠯᠯᠠᠭ᠎ᠠ ᠬᠢᠪᠠᠯ ᠡᠷᠬᠡᠪᠰᠢ ᠲᠤᠰ ᠲᠦᠷᠢᠮ ᠢ ᠵᠢᠷᠤᠮᠯᠠᠬᠤ ᠬᠡᠷᠡᠭᠲᠠᠢ᠃      ᠲᠤᠰ ᠲᠦᠷᠢᠮ ᠳᠤ ᠬᠡᠯᠡᠵᠦ ᠪᠠᠶᠢᠭ᠎ᠠ ᠬᠤᠲᠠ ᠬᠦᠳᠡᠭᠡ ᠶᠢᠨ ᠲᠥᠯᠦᠪᠵᠢᠭᠦᠯᠭᠡ ᠳᠤ ᠬᠤᠲᠠ ᠪᠠᠯᠭᠠᠰᠤᠨ ᠤ  ᠰᠢᠰᠲ᠋ᠧᠮ ᠤᠨ ᠲᠥᠯᠦᠪᠵᠢᠭᠦᠯᠭᠡ᠂ ᠬᠤᠲᠠ ᠶᠢᠨ ᠲᠥᠯᠦᠪᠵᠢᠭᠦᠯᠭᠡ᠂ ᠪᠠᠯᠭᠠᠰᠤᠨ ᠤ ᠲᠥᠯᠦᠪᠵᠢᠭᠦᠯᠭᠡ᠂ ᠰᠤᠮᠤ  ᠰᠢᠶᠠᠩ ᠤᠨ ᠲᠥᠯᠦᠪᠵᠢᠭᠦᠯᠭᠡ ᠪᠠ ᠭᠠᠴᠠᠭ᠎ᠠ ᠲᠤᠰᠬᠤᠨ ᠤ ᠲᠥᠯᠦᠪᠵᠢᠭᠦᠯᠭᠡ ᠪᠠᠭᠳᠠᠨ᠎ᠠ᠃ ᠬᠤᠲᠠ ᠪᠠᠯᠭᠠᠰᠤᠨ ᠤ  ᠰᠢᠰᠲ᠋ᠧᠮ ᠤᠨ ᠲᠥᠯᠦᠪᠵᠢᠭᠦᠯᠭᠡ ᠶᠢ ᠥᠪᠡᠷᠳᠡᠭᠡᠨ ᠵᠠᠰᠠᠬᠤ ᠤᠷᠤᠨ ᠤ ᠬᠡᠪᠴᠢᠶᠡᠨ ᠳᠠᠬᠢ ᠬᠤᠲᠠ ᠪᠠᠯᠭᠠᠰᠤᠨ ᠤ  ᠰᠢᠰᠲ᠋ᠧᠮ ᠤᠨ ᠲᠥᠯᠦᠪᠵᠢᠭᠦᠯᠭᠡ᠂ ᠠᠶᠢᠮᠠᠭ ᠤᠨ ᠬᠡᠪᠴᠢᠶᠡᠨ ᠳᠠᠬᠢ ᠬᠤᠲᠠ ᠪᠠᠯᠭᠠᠰᠤᠨ ᠤ ᠰᠢᠰᠲ᠋ᠧᠮ ᠤᠨ  ᠲᠥᠯᠦᠪᠵᠢᠭᠦᠯᠭᠡ ᠭᠡᠵᠦ ᠬᠤᠪᠢᠶᠠᠨ᠎ᠠ᠃ ᠬᠤᠲᠠ ᠶᠢᠨ ᠲᠥᠯᠦᠪᠵᠢᠭᠦᠯᠭᠡ ᠪᠠ ᠪᠠᠯᠭᠠᠰᠤᠨ ᠤ ᠲᠥᠯᠦᠪᠵᠢᠭᠦᠯᠭᠡ ᠶᠢ  ᠶᠡᠷᠤᠩᠭᠡᠢ ᠲᠥᠯᠦᠪᠵᠢᠭᠦᠯᠭᠡ ᠪᠠ ᠨᠠᠷᠢᠨ ᠲᠥᠯᠦᠪᠵᠢᠭᠦᠯᠭᠡ ᠭᠡᠵᠦ ᠬᠤᠪᠢᠶᠠᠨ᠎ᠠ᠃ ᠨᠠᠷᠢᠨ ᠲᠥᠯᠦᠪᠵᠢᠭᠦᠯᠭᠡ ᠶᠢ  ᠡᠵᠡᠮᠰᠢᠯ ᠴᠢᠨᠠᠷᠲᠠᠢ ᠨᠠᠷᠢᠨ ᠲᠥᠯᠦᠪᠵᠢᠭᠦᠯᠭᠡ ᠪᠠ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠦᠪᠵᠢᠭᠦᠯᠭᠡ ᠭᠡᠵᠦ  ᠬᠤᠪᠢᠶᠠᠨ᠎ᠠ᠃      ᠭᠤᠷᠪᠠᠳᠤᠭᠠᠷ ᠵᠦᠢᠯ  ᠲᠤᠰ ᠲᠦᠷᠢᠮ ᠳᠤ ᠬᠡᠯᠡᠵᠤ ᠪᠠᠶᠢᠭ᠎ᠠ ᠲᠦᠯᠦᠪᠵᠢᠭᠦᠯᠭᠡ ᠶᠢᠨ ᠤᠷᠤᠨ ᠨᠢ ᠬᠤᠳᠠ᠂  ᠪᠠᠯᠭᠠᠰᠤ᠂ ᠭᠠᠴᠠᠭ᠎ᠠ ᠲᠤᠰᠬᠤᠨ ᠤ ᠨᠢᠭᠡᠨᠳᠡ ᠪᠠᠶᠢᠭᠤᠯᠤᠭᠳᠠᠭᠰᠠᠨ ᠤᠷᠤᠨ ᠵᠢᠴᠢ ᠬᠤᠳᠠ ᠬᠦᠳᠡᠭᠡ ᠶᠢᠨ ᠪᠦᠳᠦᠭᠡᠨ  ᠪᠠᠶᠢᠭᠤᠯᠤᠯᠳᠠ ᠪᠠ ᠬᠦᠭᠵᠢᠯᠳᠡ ᠶᠢᠨ ᠬᠡᠷᠡᠭᠴᠡᠭᠡ ᠠᠴᠠ ᠪᠤᠯᠵᠤ ᠡᠷᠬᠡᠪᠰᠢ ᠲᠦᠯᠦᠪᠵᠢᠭᠦᠯᠵᠦ ᠡᠵᠡᠮᠳᠡᠬᠦ ᠶᠢ  ᠬᠡᠷᠡᠭᠵᠢᠭᠦᠯᠬᠦ ᠤᠷᠤᠨ ᠢ ᠵᠢᠭᠠᠵᠤ ᠪᠤᠢ᠃ ᠲᠦᠯᠦᠪᠵᠢᠭᠦᠯᠭᠡ ᠶᠢᠨ ᠤᠷᠤᠨ ᠤ ᠪᠤᠳᠠᠳᠠᠢ ᠬᠡᠪᠴᠢᠶ᠎ᠡ ᠶᠢ ᠬᠤᠯᠪᠤᠭᠳᠠᠯ  ᠪᠦᠬᠦᠢ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠬᠤᠳᠠ ᠶᠢᠨ ᠶᠡᠷᠦᠩᠬᠡᠢ  ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ᠂ ᠰᠤᠮᠤ ᠰᠢᠶᠠᠩ ᠤᠨ ᠲᠦᠯᠦᠪᠵᠢᠭᠦᠯᠭᠡ ᠪᠠ  ᠭᠠᠴᠠᠭ᠎ᠠ ᠲᠤᠰᠬᠤᠨ ᠤ ᠲᠦᠯᠦᠪᠵᠢᠭᠦᠯᠭᠡ ᠳᠤ ᠵᠢᠷᠤᠨ ᠲᠤᠭᠳᠠᠭᠠᠨ᠎ᠠ᠃ ᠬᠤᠳᠠ ᠶᠢᠨ ᠲᠦᠯᠦᠪᠵᠢᠭᠦᠯᠭᠡ ᠶᠢᠨ  ᠤᠷᠤᠨ ᠲᠤᠳᠤᠷᠠᠬᠢ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠵᠢᠴᠢ ᠰᠤᠮᠤ ᠰᠢᠶᠠᠩ ᠪᠠᠯᠭᠠᠰᠤᠨ ᠤ  ᠲᠦᠯᠦᠪᠵᠢᠭᠦᠯᠭᠡ ᠶᠢᠨ ᠤᠷᠤᠨ ᠲᠤᠳᠤᠷᠠᠬᠢ ᠭᠠᠴᠠᠭ᠎ᠠ ᠲᠤᠰᠬᠤᠨ ᠲᠦ᠋ᠯᠦᠪᠵᠢᠭᠦᠯᠭᠡ ᠶᠢᠨ ᠤᠷᠤᠨ ᠢ ᠠᠰᠳᠠᠭᠠᠨ  ᠵᠢᠷᠤᠨ ᠲᠤᠭᠳᠠᠭᠠᠬᠤ ᠦᠭᠡᠢ᠃    ᠲᠤᠰ ᠲᠦᠷᠢᠮ ᠳᠤ ᠬᠡᠯᠡᠵᠤ ᠪᠠᠶᠢᠭ᠎ᠠ ᠬᠤᠳᠠ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠤᠮᠵᠢᠳᠤ  ᠲᠦᠷᠢᠮ ᠢᠶᠠᠷ ᠪᠠᠶᠢᠭᠤᠯᠤᠭᠰᠠᠨ ᠲᠤᠭᠤᠷᠢᠭ ᠲᠠᠢ ᠬᠤᠳᠠ ᠪᠤᠯᠤᠨ ᠬᠤᠰᠢᠭᠤ ᠰᠢᠶᠠᠨ ᠤ ᠱᠠᠳᠤᠨ ᠤ ᠬᠤᠳᠠ ᠶᠢ  ᠵᠢᠭᠠᠵᠤ ᠪᠤᠢ᠃    ᠲᠦᠷᠪᠡᠳᠦᠭᠡᠷ ᠵᠦᠢᠯ  ᠬᠤᠳᠠ ᠬᠦᠳᠡᠭᠡ ᠶᠢᠨ ᠲᠦᠯᠦᠪᠵᠢᠭᠦᠯᠭᠡ ᠶᠢ ᠲᠤᠭᠳᠠᠭᠠᠨ ᠬᠡᠷᠡᠭᠵᠢᠭᠦᠯᠬᠦ ᠳᠤ ︽ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾  ᠳᠤ ᠲᠤᠭᠳᠠᠭᠠᠭᠰᠠᠨ ᠡᠯ᠎ᠡ ᠵᠦᠢᠯ ᠤᠨ ᠵᠠᠷᠴᠢᠮ ᠪᠤᠯᠤᠨ ᠱᠠᠭᠠᠷᠳᠠᠯᠭ᠎ᠠ ᠶᠢ ᠵᠢᠷᠤᠮᠯᠠᠬᠤ ᠬᠡᠷᠡᠭᠳᠠᠢ᠃    ᠲᠠᠪᠤᠳᠤᠭᠠᠷ ᠵᠦᠢᠯ  ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ  ᠲᠦᠯᠦᠪᠵᠢᠭᠦᠯᠭᠡ᠂ ᠰᠤᠮᠤ ᠰᠢᠶᠠᠩ ᠤᠨ ᠲᠦᠯᠦᠪᠵᠢᠭᠦᠯᠭᠡ ᠪᠠ ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ  ᠨᠠᠶᠢᠷᠠᠭᠤᠯᠬᠤ ᠳᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠶᠢ  ᠦᠨᠳᠦᠰᠦᠯᠡᠬᠦ ᠶᠢᠨ ᠬᠠᠮᠳᠤ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠭᠦᠯᠭᠡ ᠲᠠᠢ ᠬᠠᠷᠢᠯᠴᠠᠨ  ᠠᠪᠴᠠᠯᠳᠤᠭᠤᠯᠬᠤ ᠬᠡᠷᠡᠭᠳᠠᠢ᠃      ᠵᠢᠷᠭᠤᠳᠤᠭᠠᠷ ᠵᠦᠢᠯ  ᠤᠯᠤᠰ ᠪᠤᠶᠤ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭᠠᠳᠤ  ᠬᠦᠭᠵᠢᠯᠳᠡ ᠶᠢᠨ ᠤᠷᠤᠨ ᠨᠢ ᠲᠠᠷᠤᠢ ᠤᠨᠴᠠ ᠲᠤᠭᠳᠠᠭᠠᠭᠰᠠᠨ ᠤᠷᠤᠨ ᠪᠤᠯᠤᠨ᠎ᠠ᠃ ᠤᠨᠴᠠ ᠲᠤᠭᠳᠠᠭᠠᠭᠰᠠᠨ  ᠤᠷᠤᠨ ᠤ ᠲᠦᠯᠦᠪᠵᠢᠭᠦᠯᠭᠡ ᠶᠢ ᠬᠠᠤᠯᠢ ᠳᠤ ᠲᠤᠭᠳᠠᠭᠠᠭᠰᠠᠨ ᠲᠡᠰ ᠲᠠᠷᠠᠭᠠᠯᠠᠯ ᠢᠶᠠᠷ ᠬᠢᠨᠠᠨ ᠵᠦᠪᠰᠢᠶᠡᠷᠡᠭᠦᠯᠦᠭᠰᠡᠨ ᠤ  ᠲᠠᠷᠠᠭ᠎ᠠ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ᠂ ᠬᠤᠳᠠ ᠶᠢᠨ ᠶᠡᠷᠦᠩᠬᠡᠢ ᠲᠦᠯᠦᠪᠵᠢᠭᠦᠯᠭᠡ᠂  ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠳᠤ ᠤᠷᠤᠭᠤᠯᠤᠨ᠎ᠠ᠃       ᠡᠮᠤᠨᠡᠬᠢ ᠵᠤᠷᠪᠤᠰ ᠲᠤ ᠬᠡᠯᠡᠵᠤ ᠪᠠᠶᠢᠭ᠎ᠠ ᠤᠨᠴᠠ ᠲᠤᠭᠳᠠᠭᠠᠭᠰᠠᠨ ᠤᠷᠤᠨ ᠳᠤ ᠨᠡᠬᠡᠬᠡᠯᠳᠡ ᠶᠢᠨ ᠤᠷᠤᠨ᠂  ᠬᠢᠯᠢ ᠬᠢᠵᠠᠭᠠᠷ ᠤᠨ ᠪᠤᠭᠤᠮᠳᠠ᠂ ᠲᠤᠰᠠᠭᠠᠷ ᠠᠭᠤᠷᠬᠠᠢ ᠶᠢᠨ ᠤᠷᠤᠨ᠂ ᠲᠠᠷᠢᠶᠠᠯᠠᠩ ᠤᠢ ᠰᠢᠭᠤᠢ ᠮᠠᠯᠵᠢᠯ ᠤᠨ  ᠲᠠᠯᠠᠪᠠᠢ ᠵᠡᠷᠭᠡ ᠪᠠᠭᠳᠠᠨ᠎ᠠ᠃ ᠨᠡᠬᠡᠬᠡᠯᠳᠡ ᠶᠢᠨ ᠤᠷᠤᠨ ᠳᠤ ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠤᠷᠤᠨ᠂  ᠠᠵᠤ ᠠᠬᠤᠢ ᠮᠡᠷᠭᠡᠵᠢᠯ ᠤᠨ ᠨᠡᠬᠡᠬᠡᠯᠳᠡ ᠶᠢᠨ ᠤᠷᠤᠨ᠂ ᠭᠠᠶᠢᠯᠢ ᠶᠢᠨ ᠬᠠᠮᠠᠭᠠᠯᠠᠯᠳᠠ ᠶᠢᠨ ᠤᠷᠤᠨ᠂ ᠠᠵᠤ  ᠦᠢᠯᠡᠳᠪᠤᠷᠢ ᠶᠢᠨ ᠬᠦᠷᠢᠶᠡᠯᠡᠩ ᠳᠣᠭᠤᠷᠢᠭ᠂ ᠪᠤᠳᠠᠰ ᠤᠨ ᠭᠦᠢᠯᠭᠡᠭᠡᠨ ᠤ ᠤᠷᠤᠨ ᠵᠡᠷᠭᠡ ᠪᠠᠭᠳᠠᠨ᠎ᠠ᠃      ᠲᠤᠯᠤᠳᠤᠭᠠᠷ ᠵᠦᠢᠯ  ᠲᠤᠰᠠᠭᠠᠷ ᠨᠠᠶᠢᠷᠠᠭᠤᠯᠤᠭᠰᠠᠨ ᠡᠯ᠎ᠡ ᠵᠦᠢᠯ ᠤᠨ ᠲᠤᠰᠬᠠᠢ ᠲᠦᠯᠦᠪᠵᠢᠭᠦᠯᠭᠡ ᠶᠢ  ᠬᠠᠤᠯᠢ ᠳᠤ ᠲᠤᠭᠳᠠᠭᠠᠭᠰᠠᠨ ᠳᠡᠰ ᠲᠠᠷᠠᠭᠠᠯᠠᠯ ᠢᠶᠠᠷ ᠬᠢᠨᠠᠨ ᠵᠦᠪᠰᠢᠶᠡᠷᠡᠭᠦᠯᠦᠭᠰᠡᠨ ᠤ ᠲᠠᠷᠠᠭ᠎ᠠ ᠬᠤᠳᠠ ᠪᠠᠯᠭᠠᠰᠤᠨ ᠤ  ᠰᠢᠰᠲ᠋ᠧᠮᠵᠢ ᠶᠢᠨ ᠲᠦᠯᠦᠪᠵᠢᠭᠦᠯᠭᠡ᠂ ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ  ᠲᠦᠯᠦᠪᠵᠢᠭᠦᠯᠭᠡ ᠳᠤ ᠤᠷᠤᠭᠤᠯᠤᠨ᠎ᠠ᠃      ᠨᠠᠢᠮᠠᠳᠤᠭᠠᠷ ᠵᠦᠢᠯ  ᠬᠠᠤᠯᠢ ᠪᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠤᠯ ᠬᠤᠳᠠ  ᠬᠦᠳᠡᠭᠡ ᠶᠢᠨ ᠪᠦᠳᠦᠭᠡᠨ ᠪᠠᠶᠢᠭᠤᠯᠬᠤ ᠪᠤᠯᠤᠨ ᠲᠦᠯᠦᠪᠵᠢᠭᠦᠯᠵᠦ ᠬᠠᠮᠢᠶᠠᠷᠬᠤ ᠦᠨᠳᠦᠰᠦᠯᠡᠯ ᠪᠣᠯᠣᠨ᠎ᠠ᠂ ᠬᠠᠤᠯᠢ ᠳᠤ  ᠲᠤᠭᠳᠠᠭᠠᠭᠰᠠᠨ ᠲᠠᠷᠠᠭᠠᠯᠠᠯ ᠦᠭᠡᠢ ᠪᠠᠷ ᠵᠠᠰᠠᠪᠦᠷᠢ ᠤᠷᠤᠭᠤᠯᠵᠤ ᠪᠤᠯᠬᠤ ᠦᠭᠡᠢ᠃         ᠶᠢᠰᠦᠳᠦᠭᠡᠷ ᠵᠦᠢᠯ  ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠨᠠᠶᠢᠷᠠᠭᠤᠯᠣᠨ ᠳᠣᠭᠳᠠᠭᠠᠬᠤ ᠪᠠ ᠬᠠᠮᠢᠶᠠᠷᠬᠤ ᠵᠠᠷᠤᠳᠠᠯ ᠢ ᠲᠤᠰ ᠱᠠᠳᠤᠨ ᠤ ᠠᠷᠠᠳ ᠤᠨ  ᠵᠠᠰᠠᠭ ᠤᠨ ᠤᠷᠳᠤᠨ ᠤ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠬᠤ ᠬᠡᠷᠡᠭᠳᠠᠢ᠃      ᠠᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ  ᠤᠷᠤᠨ ᠤ ᠲᠤᠳᠤᠷᠠᠬᠢ ᠬᠤᠳᠠ ᠬᠦᠳᠡᠭᠡ ᠶᠢᠨ ᠲᠦᠯᠦᠪᠵᠢᠭᠦᠯᠭᠡ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃  ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠤᠭᠳᠠᠯ ᠪᠦᠬᠦᠢ  ᠰᠠᠯᠠᠭ᠎ᠠ ᠮᠦᠴᠢᠷ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠤᠰᠤᠭᠠᠷ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠬᠠᠮᠢᠶᠠᠷᠬᠤ ᠬᠠᠮᠢᠶ᠎ᠠ ᠪᠦᠬᠦᠢ ᠠᠵᠢᠯ ᠢ ᠰᠠᠶᠢᠳᠤᠷ ᠬᠢᠬᠦ ᠬᠡᠷᠡᠭᠳᠠᠢ᠃      ᠠᠷᠪᠠᠨ ᠨᠢᠭᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠠᠰᠠᠭ ᠤᠨ ᠤᠷᠳᠤᠨ ᠵᠢᠴᠢ  ᠲᠡᠭᠦᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ᠂ ᠲᠤᠰᠬᠠᠢ ᠮᠡᠷᠭᠡᠵᠢᠯᠳᠡᠨ ᠪᠤᠯᠤᠨ ᠤᠯᠠᠨ  ᠲᠦᠮᠡᠨ ᠤ ᠲᠦᠯᠦᠭᠡᠯᠡᠭᠴᠢ ᠪᠠᠷ ᠪᠦᠷᠢᠯᠳᠦᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠵᠦᠪᠯᠡᠯ ᠪᠠᠶᠢᠭᠤᠯᠵᠤ  ᠂ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠ ᠬᠡᠷᠡᠭᠵᠢᠭᠦᠯᠬᠦ ᠴᠢᠬᠤᠯᠠ ᠶᠡᠭᠡ ᠵᠦᠢᠯᠡᠰ ᠢ ᠬᠢᠨᠠᠨ  ᠵᠦᠪᠯᠡᠬᠦ ᠬᠡᠷᠡᠭᠳᠠᠢ᠃       ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠭᠠᠵᠠᠷ ᠰᠢᠷᠤᠢ ᠶᠢᠨ ᠮᠡᠳᠡᠭᠡ ᠵᠠᠩᠬᠢ ᠶᠢᠨ ᠰᠢᠰᠲ᠋ᠧᠮᠵᠢ  ᠪᠠᠶᠢᠭᠤᠯᠵᠤ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠤᠭᠤᠷᠤᠨᠳᠤᠬᠢ ᠮᠡᠳᠡᠭᠡ ᠵᠠᠩᠬᠢ ᠶᠢ ᠬᠠᠮᠳᠤ ᠪᠠᠷ  ᠡᠳ᠋ᠯᠡᠬᠦ ᠶᠢ ᠠᠬᠢᠭᠤᠯᠬᠤ ᠬᠡᠷᠡᠭᠳᠠᠢ᠃      ᠠᠷᠪᠠᠨ ᠭᠤᠷᠪᠠᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠ  ᠬᠡᠷᠡᠭᠵᠢᠭᠦᠯᠬᠦ ᠳᠤ ᠤᠯᠤᠰ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂  ᠵᠢᠷᠤᠮᠵᠢᠯ ᠪᠠ ᠲᠤᠭᠳᠠᠭᠠᠯ ᠢ ᠵᠢᠷᠤᠮᠯᠠᠬᠤ ᠬᠡᠷᠡᠭᠳᠠᠢ᠃       ᠬᠤᠶᠠᠳᠤᠭᠠᠷ ᠪᠦᠯᠦᠭ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ      ᠠᠷᠪᠠᠨ ᠲᠦᠷᠪᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ  ‍ᠦᠪᠡᠷᠳᠡᠭᠡᠨ ᠵᠠᠰᠠᠬᠤ ᠤᠷᠤᠨ ᠤ ᠲᠤᠳᠤᠷᠠᠬᠢ ᠬᠤᠳᠠ ᠪᠠᠯᠭᠠᠰᠤᠨ ᠤ ᠰᠢᠰᠲ᠋ᠧᠮ ᠤᠨ ᠲᠦᠯᠦᠪᠵᠢᠭᠦᠯᠭᠡ ᠶᠢ ᠵᠤᠬᠢᠶᠠᠨ  ᠪᠠᠶᠢᠭᠤᠯᠤᠨ ᠨᠠᠶᠢᠷᠠᠭᠤᠯᠵᠣ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠦᠪᠰᠢᠶᠡᠷᠡᠭᠦᠯᠦᠨ᠎ᠡ᠃      ᠠᠶᠢᠮᠠᠭ ᠤᠨ ᠵᠠᠬᠢᠷᠭ᠎ᠠ ᠡᠶᠢᠮᠠᠭ ᠤᠨ ᠲᠤᠳᠤᠷᠠᠬᠢ ᠬᠤᠳᠠ ᠪᠠᠯᠭᠠᠰᠤᠨ ᠤ ᠰᠢᠰᠲ᠋ᠧᠮᠵᠢ ᠶᠢᠨ  ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠣ᠂ ᠦᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠨ᠎ᠡ᠃     ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ  ᠬᠢᠵᠠᠭᠠᠷ ᠨᠢ ᠶᠡᠷᠦ ᠳᠡᠭᠡᠨ ᠬᠤᠷᠢᠨ ᠵᠢᠯ᠃      ᠠᠷᠪᠠᠨ ᠲᠠᠪᠤᠳᠤᠭᠠᠷ ᠵᠦᠢᠯ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠳᠤ ᠲᠤᠤᠷᠠᠬᠢ  ᠠᠭᠤᠯᠭ᠎ᠠ ᠪᠠᠭᠳᠠᠨ᠎ᠠ᠄      ︵ᠨᠢᠭᠡ︶ ᠤᠷᠤᠨ ᠪᠦᠰᠡ ᠶᠢᠨ ᠬᠤᠳᠠ ᠬᠦᠳᠡᠭᠡ ᠶᠢ ᠨᠢᠭᠡᠳᠦᠯᠳᠠᠢ ᠬᠦᠭᠵᠢᠭᠦᠯᠬᠦ ᠶᠡᠷᠦᠩᠬᠡᠢ ᠱᠠᠭᠠᠷᠳᠠᠯᠭ᠎ᠠ︔       ︵ᠬᠤᠶᠠᠷ︶ ᠡᠬᠢ ᠪᠠᠶᠠᠯᠢᠬ ᠢ ᠠᠰᠢᠭᠯᠠᠬᠤ ᠬᠢᠭᠡᠳ ᠡᠬᠢ ᠪᠠᠶᠠᠯᠢᠬ ᠤᠨ ᠠᠮᠢ ᠠᠬᠤᠢ ᠤᠷᠴᠢᠨ ᠲᠤᠭᠤᠷᠢᠨ ᠢ  ᠬᠠᠮᠠᠭᠠᠯᠠᠬᠤ ᠬᠠᠷᠠᠯᠳᠠ᠂ ᠱᠠᠭᠠᠷᠳᠠᠯᠭ᠎ᠠ ᠪᠠ ᠠᠷᠭ᠎ᠠ ᠬᠡᠮᠵᠢᠶ᠎ᠡ︔      ︵ᠭᠤᠷᠪᠠ︶ ᠬᠤᠳᠠ ᠬᠦᠳᠡᠭᠡ ᠶᠢᠨ ᠤᠷᠤᠨ ᠵᠠᠢ ᠪᠤᠯᠤᠨ ᠬᠡᠪᠴᠢᠶ᠎ᠡ ᠶᠢᠨ ᠡᠵᠡᠮᠰᠢᠯ ᠤᠨ ᠱᠠᠭᠠᠷᠳᠠᠯᠭ᠎ᠠ︔     ︵ᠲᠦᠷᠪᠡ︶ ᠬᠤᠳᠠ ᠬᠦᠳᠡᠭᠡ ᠶᠢᠨ ᠤᠷᠤᠨ ᠵᠠᠢ ᠶᠢᠨ ᠪᠠᠶᠢᠷᠢᠯᠠᠯ ᠲᠠᠢ ᠵᠤᠬᠢᠴᠠᠭᠰᠠᠨ ᠤᠷᠤᠨ ᠪᠦᠰᠡ ᠶᠢᠨ  ᠶᠡᠷᠦᠩᠬᠡᠢ ᠵᠠᠮ ᠬᠠᠷᠢᠯᠴᠠᠭᠠᠨ ᠤ ᠰᠢᠰᠲ᠋ᠧᠮᠵᠢ︔       ︵ᠲᠠᠪᠤ︶ ᠬᠤᠳᠠ ᠬᠦᠳᠡᠭᠡ ᠶᠢᠨ ᠰᠠᠭᠤᠷᠢ ᠪᠡᠯᠡᠳᠬᠡᠮᠵᠢ ᠶᠢᠨ ᠲᠤᠯᠭᠠᠭᠤᠷᠢᠯᠠᠬᠤ ᠰᠢᠰᠲ᠋ᠧᠮᠵᠢ︔      ︵ᠵᠢᠷᠭᠤᠭ᠎ᠠ︶ ᠤᠷᠤᠨ ᠵᠠᠢ ᠶᠢ ᠨᠡᠭᠡᠭᠡᠨ ᠬᠠᠮᠢᠶᠠᠷᠬᠤ ᠱᠠᠭᠠᠷᠳᠠᠯᠭ᠎ᠠ︔      ︵ᠲᠤᠯᠤᠭ᠎ᠠ︶ ᠲᠤᠤᠷ᠎ᠠ ᠱᠠᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ  ᠱᠠᠭᠠᠷᠳᠠᠯᠭ᠎ᠠ ︔       ︵ᠨᠠᠢᠮᠠ︶ ᠲᠦᠯᠦᠪᠵᠢᠭᠦᠯᠭᠡ ᠶᠢ ᠬᠡᠷᠡᠭᠵᠢᠭᠦᠯᠬᠦ ᠶᠢ ᠪᠠᠳᠤᠯᠠᠬᠤ ᠲᠦᠷᠦ ᠶᠢᠨ ᠪᠤᠳᠤᠯᠭ᠎ᠠ ᠠᠷᠭ᠎ᠠ  ᠬᠡᠮᠵᠢᠶ᠎ᠡ᠃      ᠪᠠᠶᠢᠭᠤᠯᠬᠤ ᠶᠢ ᠬᠢᠵᠠᠭᠠᠷᠯᠠᠬᠤ ᠤᠷᠤᠨ ᠪᠤᠯᠤᠨ ᠪᠠᠶᠢᠭᠤᠯᠬᠤ ᠶᠢ ᠴᠠᠭᠠᠵᠠᠯᠠᠬᠤ ᠤᠷᠤᠨ ᠢ ᠡᠵᠡᠮᠳᠡᠬᠦ  ᠱᠠᠭᠠᠷᠳᠠᠯᠭ᠎ᠠ᠂ ᠴᠢᠬᠤᠯᠠ ᠡᠬᠢ ᠪᠠᠶᠠᠯᠢᠬ ᠪᠤᠯᠤᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠠᠷᠠᠯᠳᠠ᠂ ᠤᠷᠤᠨ ᠪᠦᠰᠡ ᠶᠢᠨ ᠴᠢᠨᠠᠷᠳᠠᠢ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠠᠶᠢᠷᠢᠯᠠᠭᠤᠯᠤᠯ ᠵᠡᠷᠭᠡ ᠶᠢ ᠬᠤᠳᠠ  ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠳᠠᠢ ᠠᠭᠤᠯᠭ᠎ᠠ ᠪᠤᠯᠭᠠᠬᠤ  ᠬᠡᠷᠡᠭᠳᠠᠢ ᠃      ᠠᠷᠪᠠᠨ ᠵᠢᠷᠭᠤᠳᠤᠭᠠᠷ ᠵᠦᠢᠯ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠬᠤᠳᠠ ᠶᠢᠨ ᠠᠷᠠᠳ ᠤᠨ  ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠨᠠᠶᠢᠷᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ ᠵᠢᠴᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ  ᠲᠤᠭᠳᠠᠭᠠᠭᠰᠠᠨ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠤᠷᠳᠤᠨ ᠬᠢᠨᠠᠨ ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ ᠲᠦᠷᠦ ᠶᠢᠨ ᠶᠠᠪᠤᠳᠠᠯ ᠤᠨ ᠬᠤᠷᠢᠶ᠎ᠠ ᠳᠤ  ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠪᠤᠰᠤᠳ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢ ᠬᠤᠳᠠ ᠶᠢᠨ  ᠠᠷᠠᠳ ᠤᠨ ᠵᠠᠰᠠᠭ ᠤᠨ ᠤᠷᠳᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ  ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃      ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠪᠠᠯᠭᠠᠰᠤᠨ ᠤ ᠶᠡᠷᠦᠩᠬᠡᠢ  ᠲᠦᠯᠦᠪᠵᠢᠭᠦᠯᠭᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠨ ᠨᠠᠶᠢᠷᠠᠭᠤᠯᠵᠣ᠂ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠠᠭᠠᠨ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃  ᠠᠶᠢᠮᠠᠭ ᠤᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠪᠠᠯᠭᠠᠰᠤᠨ ᠤ ᠶᠡᠷᠦᠩᠬᠡᠢ  ᠲᠦᠯᠦᠪᠵᠢᠭᠦᠯᠭᠡ ᠶᠢ ᠠᠶᠢᠮᠠᠭ ᠤᠨ ᠵᠠᠬᠢᠷᠭ᠎ᠠ ᠬᠢᠨᠠᠨ ᠪᠠᠶᠢᠴᠠᠭᠠᠵᠤ ᠵᠦᠪᠰᠢᠶᠡᠷᠡᠭᠰᠡᠨ ᠤ ᠲᠠᠷᠠᠭ᠎ᠠ ᠦᠪᠡᠷᠳᠡᠭᠡᠨ  ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃  ᠲᠤᠭᠤᠷᠢᠭ ᠲᠠᠢ ᠬᠤᠳᠠ ᠶᠢᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ  ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ  ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ  ᠮᠡᠳᠡᠭᠦᠯᠦᠨ ᠲᠠᠩᠰᠠᠯᠠᠭᠤᠯᠤᠨ᠎ᠠ᠃ ᠪᠤᠰᠤᠳ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢ ᠪᠠᠯᠭᠠᠰᠤᠨ ᠤ  ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠭᠤᠯᠤᠨ ᠨᠠᠶᠢᠷᠠᠭᠤᠯᠵᠣ᠂ ᠬᠤᠳᠠ᠂ ᠬᠤᠰᠢᠭᠤ ᠰᠢᠶᠠᠨ ᠤ  ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃       ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ  ᠲᠦᠯᠦᠪᠵᠢᠭᠦᠯᠭᠡ ᠶᠢᠨ ᠬᠤᠭᠤᠴᠠᠭ᠎ᠠ ᠶᠢᠨ ᠬᠢᠵᠠᠭᠠᠷ ᠨᠢ ᠶᠡᠷᠦ ᠳᠡᠭᠡᠨ ᠬᠤᠷᠢᠨ ᠵᠢᠯ᠃    ᠠᠷᠪᠠᠨ ᠲᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ  ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠦᠪᠡᠷᠳᠡᠭᠡᠨ ᠵᠠᠰᠠᠬᠤ ᠤᠷᠤᠨ ᠤ ᠲᠤᠳᠤᠷᠠᠬᠢ ᠬᠤᠳᠠ ᠪᠠᠯᠭᠠᠰᠤᠨ ᠤ  ᠰᠢᠰᠲ᠋ᠧᠮᠵᠢ ᠶᠢᠨ ᠲᠦᠯᠦᠪᠵᠢᠭᠦᠯᠭᠡ᠂ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ  ᠵᠤᠬᠢᠶᠠᠨ ᠪᠠᠶᠢᠭᠤᠯᠤᠨ ᠨᠠᠶᠢᠷᠠᠭᠤᠯᠤᠭᠰᠠᠨ ᠶᠡᠷᠦᠩᠬᠡᠢ ᠲᠦᠯᠦᠪᠵᠢᠭᠦᠯᠭᠡ ᠶᠢ ᠲᠡᠭᠡᠷ᠎ᠡ ᠨᠢᠭᠡ ᠱᠠᠳᠤᠨ ᠤ ᠠᠷᠠᠳ ᠤᠨ  ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠬᠦ ᠠᠴᠠ ᠡᠮᠤᠨ᠎ᠡ ᠲᠤᠰ ᠱᠠᠳᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠢᠶᠠᠨ ᠬᠢᠨᠠᠨ ᠵᠦᠪᠯᠡᠭᠦᠯᠵᠦ᠂ ᠪᠠᠶᠢᠩᠭᠤ ᠶᠢᠨ  ᠬᠤᠷᠢᠶ᠎ᠠ ᠶᠢᠨ ᠪᠦᠷᠢᠯᠳᠦᠭᠦᠨ ᠨᠠᠷ ᠤᠨ ᠬᠢᠨᠠᠨ ᠵᠦᠪᠯᠡᠭᠰᠡᠨ ᠰᠠᠨᠠᠯ ᠢ ᠲᠤᠰ ᠱᠠᠳᠤᠨ ᠤ ᠠᠷᠠᠳ ᠤᠨ ᠵᠠᠰᠠᠭ ᠤᠨ  ᠤᠷᠳᠤᠨ ᠳᠤ ᠲᠤᠰᠢᠶᠠᠨ ᠰᠤᠳᠤᠯᠤᠨ ᠰᠢᠢᠳᠪᠦᠷᠢᠯᠡᠭᠦᠯᠵᠦ᠂ ᠰᠤᠳᠤᠯᠤᠨ ᠰᠢᠢᠳᠪᠦᠷᠢᠯᠡᠭᠰᠡᠨ ᠪᠠᠶᠢᠳᠠᠯ ᠢᠶᠠᠨ ᠲᠤᠰ  ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠴᠠᠭ ᠲᠤᠬᠠᠢ ᠳᠤᠨᠢ  ᠮᠡᠳᠡᠭᠦᠯᠬᠦ ᠬᠡᠷᠡᠭᠳᠠᠢ᠃ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ  ᠨᠠᠶᠢᠷᠠᠭᠤᠯᠤᠭᠰᠠᠨ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢ ᠬᠤᠳᠠ᠂ ᠬᠤᠰᠢᠭᠤ ᠰᠢᠶᠠᠨ ᠤ ᠠᠷᠠᠳ ᠤᠨ  ᠵᠠᠰᠠᠭ ᠤᠨ ᠤᠷᠳᠤᠨ ᠳᠤ ᠮᠡᠳᠡᠭᠦᠯᠦᠨ ᠬᠢᠨᠡᠨ ᠵᠦᠪᠰᠢᠶᠡᠷᠡᠭᠦᠯᠬᠦ ᠠᠴᠠ ᠡᠮᠤᠨ᠎ᠡ ᠪᠠᠯᠭᠠᠰᠤᠨ ᠤ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠢᠶᠠᠷ ᠢᠶᠠᠨ ᠬᠢᠨᠠᠨ ᠵᠦᠪᠯᠡᠭᠦᠯᠵᠦ᠂ ᠲᠦᠯᠦᠭᠡᠯᠡᠭᠴᠢᠳ ᠤᠨ ᠬᠢᠨᠠᠨ ᠵᠦᠪᠯᠡᠭᠰᠡᠨ  ᠰᠠᠨᠠᠯ ᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠤᠰᠢᠶᠠᠨ ᠰᠢᠢᠳᠪᠦᠷᠢᠯᠡᠭᠦᠯᠵᠦ᠂ ᠰᠤᠳᠤᠯᠤᠨ  ᠰᠢᠢᠳᠪᠦᠷᠢᠯᠡᠭᠰᠡᠨ ᠪᠠᠶᠢᠳᠠᠯ ᠢᠶᠠᠨ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠠᠭᠠᠨ ᠴᠠᠭ  ᠲᠤᠬᠠᠢ ᠳᠤᠨᠢ ᠮᠡᠳᠡᠭᠦᠯᠬᠦ ᠬᠡᠷᠡᠭᠳᠠᠢ᠃    ᠠᠷᠪᠠᠨ ᠨᠠᠢᠮᠠᠳᠤᠭᠠᠷ ᠵᠦᠢᠯ  ᠬᠤᠳᠠ ᠶᠢᠨ ᠶᠡᠷᠦᠩᠬᠡᠢ ᠲᠥᠯᠦᠪᠵᠢᠭᠦᠯᠭᠡ᠂ ᠪᠠᠯᠭᠠᠰᠤᠨ ᠤ ᠶᠡᠷᠦᠩᠬᠡᠢ  ᠲᠦᠯᠦᠪᠵᠢᠭᠦᠯᠭᠡ ᠳᠤ ᠬᠤᠳᠠ᠂ ᠪᠠᠯᠭᠠᠰᠤᠨ ᠤ ᠬᠦᠭᠵᠢᠯᠳᠡ ᠶᠢᠨ ᠪᠠᠶᠢᠷᠢᠯᠠᠭᠤᠯᠤᠯ᠂ ᠴᠢᠳᠠᠪᠬᠢᠳᠣ ᠤᠷᠤᠨ ᠤ  ᠬᠤᠪᠢᠶᠠᠷᠢᠯᠠᠯ᠂ ᠭᠠᠵᠠᠷ ᠬᠡᠷᠡᠭᠯᠡᠬᠦ ᠪᠠᠶᠢᠷᠢᠯᠠᠭᠤᠯᠤᠯ᠂ ᠶᠡᠷᠦᠩᠬᠡᠢ ᠵᠠᠮ ᠬᠠᠷᠢᠯᠴᠠᠭᠠᠨ ᠤ ᠰᠢᠰᠲ᠋ᠧᠮ᠂ ᠪᠦᠳᠦᠭᠡᠨ  ᠪᠠᠶᠢᠭᠤᠯᠬᠤ ᠶᠢ ᠴᠠᠭᠠᠵᠠᠯᠠᠬᠤ᠂ ᠬᠢᠵᠠᠭᠠᠷᠯᠠᠬᠤ ᠪᠠ ᠪᠦᠳᠦᠭᠡᠨ ᠪᠠᠶᠢᠭᠤᠯᠬᠤ ᠳᠤ ᠲᠤᠬᠢᠷᠠᠬᠤ ᠭᠠᠵᠠᠷ ᠤᠷᠤᠨ ᠤ  ᠬᠡᠪᠴᠢᠶ᠎ᠡ᠂ ᠡᠯ᠎ᠡ ᠵᠦᠢᠯ ᠤᠨ ᠲᠤᠰᠬᠠᠢ ᠲᠦᠯᠦᠪᠵᠢᠭᠦᠯᠭᠡ ᠵᠡᠷᠭᠡ ᠶᠢ ᠪᠠᠭᠳᠠᠭᠠᠬᠤ ᠬᠡᠷᠡᠭᠳᠠᠢ᠃  ᠲᠦᠯᠦᠪᠵᠢᠭᠦᠯᠭᠡ ᠶᠢᠨ ᠤᠷᠤᠨ ᠤ ᠬᠡᠪᠴᠢᠶ᠎ᠡ᠂ ᠲᠦᠯᠦᠪᠵᠢᠭᠦᠯᠭᠡ ᠶᠢᠨ ᠤᠷᠤᠨ ᠤ ᠲᠤᠳᠤᠷᠠᠬᠢ ᠪᠦᠳᠦᠭᠡᠨ  ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠰᠠᠭᠤᠷᠢ ᠪᠡᠯᠡᠳᠬᠡᠮᠵᠢ ᠪᠤᠯᠤᠨ ᠤᠯᠠᠨ ᠨᠡᠶᠢᠳᠡ ᠶᠢᠨ  ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ᠂ ᠤᠰᠤᠨ ᠰᠤᠷᠪᠤᠯᠵᠢ ᠶᠢᠨ ᠭᠠᠵᠠᠷ ᠪᠤᠯᠤᠨ ᠤᠰᠤᠨ  ᠰᠢᠰᠲ᠋ᠧᠮ᠂ ᠦᠨᠳᠦᠰᠦᠨ ᠲᠠᠷᠢᠶᠠᠨ ᠭᠠᠵᠠᠷ ᠪᠤᠯᠤᠨ ᠨᠤᠭᠤᠭᠠᠷᠠᠭᠤᠯᠬᠤ ᠳᠤ ᠬᠡᠷᠡᠭᠯᠡᠬᠦ ᠭᠠᠵᠠᠷ᠂ ᠤᠷᠴᠢᠨ  ᠲᠤᠭᠤᠷᠢᠨ ᠢ ᠬᠠᠮᠠᠭᠠᠯᠠᠬᠤ᠂ ᠪᠠᠶᠢᠭᠠᠯᠢ ᠬᠢᠭᠡᠳ ᠲᠡᠤᠬᠡ ᠰᠤᠶᠤᠯ ᠤᠨ ᠦᠯᠡᠳᠡᠭᠳᠡᠯ ᠢ ᠬᠠᠮᠠᠭᠠᠯᠠᠬᠤ ᠵᠢᠴᠢ  ᠭᠠᠮᠰᠢᠭ ᠠᠴᠠ ᠰᠡᠷᠭᠡᠶᠢᠯᠡᠵᠤ ᠭᠠᠮᠰᠢᠭ ᠢ ᠪᠠᠭᠠᠰᠬᠠᠬᠤ ᠵᠡᠷᠭᠡ ᠠᠭᠤᠯᠭ᠎ᠠ ᠶᠢ ᠬᠤᠳᠠ ᠶᠢᠨ ᠶᠡᠷᠦᠩᠬᠡᠢ  ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ ᠠᠯᠪᠠᠳᠠᠯᠭ᠎ᠠ ᠶᠢᠨ ᠴᠢᠨᠠᠷᠳᠠᠢ ᠠᠭᠤᠯᠭ᠎ᠠ  ᠪᠤᠯᠭᠠᠬᠤ ᠬᠡᠷᠡᠭᠳᠠᠢ᠃      ᠠᠷᠪᠠ ᠶᠢᠰᠦᠳᠦᠭᠡᠷ ᠵᠦᠢᠯ  ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠳᠠ ᠶᠢᠨ ᠶᠡᠷᠦᠩᠬᠡᠢ ᠲᠦᠯᠦᠪᠵᠢᠭᠦᠯᠭᠡ ᠶᠢᠨ  ᠱᠠᠭᠠᠷᠳᠠᠯᠭ᠎ᠠ ᠶᠤᠰᠤᠭᠠᠷ ᠬᠤᠳᠠ ᠶᠢᠨ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ  ᠨᠠᠶᠢᠷᠠᠭᠤᠯᠵᠤ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠢᠶᠠᠨ ᠬᠢᠨᠠᠨ ᠵᠦᠪᠰᠢᠶᠡᠷᠡᠭᠦᠯᠦᠭᠰᠡᠨ ᠤ  ᠲᠠᠷᠠᠭ᠎ᠠ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ  ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠲᠠᠩᠰᠠᠯᠠᠭᠤᠯᠤᠨ᠎ᠠ᠃       ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠶᠢᠨ  ᠱᠠᠭᠠᠷᠳᠠᠯᠭ᠎ᠠ ᠶᠢ ᠦᠨᠳᠦᠰᠦᠯᠡᠨ ᠪᠠᠯᠭᠠᠰᠤᠨ ᠤ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢ ᠨᠠᠶᠢᠷᠠᠭᠤᠯᠵᠤ  ᠂ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃  ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠪᠠᠯᠭᠠᠰᠤᠨ ᠤ ᠡᠵᠡᠮᠰᠢᠯ ᠤᠨ  ᠴᠢᠨᠠᠷᠳᠠᠢ ᠨᠠᠷᠢᠨ ᠲᠦᠯᠦᠪᠵᠢᠭᠦᠯᠭᠡ ᠶᠢ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠳᠠ  ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠯᠭᠠᠰᠤᠨ ᠤ ᠶᠡᠷᠦᠩᠬᠡᠢ  ᠱᠠᠭᠠᠷᠳᠠᠯᠭ᠎ᠠ ᠶᠢ ᠦᠨᠳᠦᠰᠦᠯᠡᠨ ᠵᠤᠬᠢᠶᠠᠨ ᠪᠠᠶᠢᠭᠤᠯᠤᠨ ᠨᠠᠶᠢᠷᠠᠭᠤᠯᠵᠤ᠂ ᠬᠤᠰᠢᠭᠤ ᠰᠢᠶᠠᠨ ᠤ ᠠᠷᠠᠳ ᠤᠨ  ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯᠤᠨ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ  ᠲᠠᠩᠰᠠᠯᠠᠭᠤᠯᠤᠨ᠎ᠠ᠃       ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠠᠯᠭᠠᠰᠤᠨ ᠤ ᠠᠷᠠᠳ ᠤᠨ ᠵᠠᠰᠠᠭ ᠤᠨ  ᠤᠷᠳᠤᠨ ᠴᠢᠬᠤᠯᠠ ᠭᠡᠰᠡᠭ ᠭᠠᠵᠠᠷ ᠤᠨ ᠵᠠᠰᠠᠨ ᠪᠠᠶᠢᠭᠤᠯᠬᠤ ᠴᠢᠨᠠᠷᠳᠠᠢ ᠨᠠᠷᠢᠨ ᠲᠦᠯᠦᠪᠵᠢᠭᠦᠯᠭᠡ᠂ ᠬᠤᠳᠠ ᠶᠢᠨ  ᠵᠢᠷᠤᠭ ᠲᠦᠯᠦᠪᠯᠡᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠤ ᠪᠤᠯᠤᠨ᠎ᠠ︔ ᠪᠤᠰᠤᠳ ᠵᠠᠰᠠᠨ ᠪᠠᠶᠢᠭᠤᠯᠬᠤ ᠴᠢᠨᠠᠷᠳᠠᠢ  ᠨᠠᠷᠢᠨ ᠲᠦᠯᠦᠪᠵᠢᠭᠦᠯᠭᠡ᠂ ᠬᠤᠳᠠ ᠶᠢᠨ ᠵᠢᠷᠤᠭ ᠲᠦᠯᠦᠪᠯᠡᠭᠡ ᠶᠢ ᠬᠤᠳᠠ᠂ ᠬᠤᠰᠢᠭᠤ ᠰᠢᠶᠠᠨ ᠤ ᠠᠷᠠᠳ ᠤᠨ  ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ  ᠬᠢᠨᠠᠨ ᠲᠤᠭᠳᠠᠭᠠᠯᠭᠠᠨ᠎ᠠ᠃ ᠵᠠᠰᠠᠨ ᠪᠠᠶᠢᠭᠤᠯᠬᠤ ᠴᠢᠨᠠᠷᠳᠠᠢ ᠨᠠᠷᠢᠨ ᠲᠦᠯᠦᠪᠵᠢᠭᠦᠯᠭᠡ᠂ ᠬᠤᠳᠠ ᠶᠢᠨ ᠵᠢᠷᠤᠭ  ᠲᠦᠯᠦᠪᠯᠡᠭᠡ ᠨᠢ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ᠃       ᠬᠤᠷᠢᠳᠤᠭᠠᠷ ᠵᠦᠢᠯ  ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠳᠤ ᠲᠤᠤᠷᠠᠬᠢ ᠠᠭᠤᠯᠭ᠎ᠠ ᠶᠢ  ᠪᠠᠭᠳᠠᠭᠠᠬᠤ ᠬᠡᠷᠡᠭᠳᠠᠢ᠄       ︵ᠨᠢᠭᠡ︶ ᠭᠠᠵᠠᠷ ᠰᠢᠷᠤᠢ ᠶᠢᠨ ᠬᠡᠷᠡᠭᠯᠡᠭᠡ ᠶᠢᠨ ᠰᠢᠨᠵᠢ ᠴᠢᠨᠠᠷ ᠵᠢᠴᠢ ᠲᠡᠭᠦᠨ ᠤ ᠪᠠᠭᠳᠠᠭᠠᠮᠵᠢᠳᠤ ᠴᠢᠨᠠᠷ  ᠵᠡᠷᠭᠡ ᠬᠡᠷᠡᠭᠯᠡᠭᠦ ᠭᠠᠵᠠᠷ ᠤᠨ ᠴᠢᠳᠠᠪᠬᠢ ᠶᠢᠨ ᠡᠵᠡᠮᠰᠢᠯ ᠱᠠᠭᠠᠷᠳᠠᠯᠭ᠎ᠠ︔       ︵ᠬᠤᠶᠠᠷ︶ ᠡᠵᠡᠯᠡᠭᠦᠨ ᠤ ᠨᠤᠷᠮ᠎ᠠ᠂ ᠪᠠᠷᠢᠯᠭ᠎ᠠ ᠶᠢᠨ ᠦᠨᠳᠦᠷ᠂ ᠪᠠᠷᠢᠯᠭ᠎ᠠ ᠶᠢᠨ ᠨᠢᠭᠳᠠᠴᠠ᠂  ᠨᠤᠭᠤᠭᠠᠷᠠᠭᠤᠯᠬᠤ ᠨᠤᠷᠮ᠎ᠠ ᠵᠡᠷᠭᠡ ᠬᠡᠷᠡᠭᠯᠡᠬᠦ ᠭᠠᠵᠠᠷ ᠤᠨ ᠭᠦᠢᠴᠡᠳᠭᠡᠬᠦ ᠲᠤᠭ᠎ᠠ︔      ︵ᠭᠤᠷᠪᠠ︶ ᠰᠠᠭᠤᠷᠢ ᠪᠡᠯᠡᠳᠬᠡᠮᠵᠢ᠂ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠤᠯᠠᠨ  ᠨᠡᠶᠢᠳᠡ ᠶᠢᠨ ᠠᠮᠤᠷ ᠲᠦᠪᠰᠢᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠪᠴᠢᠶ᠎ᠡ ᠵᠢᠴᠢ ᠪᠤᠳᠠᠳᠠᠢ  ᠡᠵᠡᠮᠰᠢᠯ ᠤᠨ ᠱᠠᠭᠠᠷᠳᠠᠯᠭ᠎ᠠ᠂ ᠭᠠᠵᠠᠷ ᠲᠤᠤᠷᠠᠬᠢ ᠬᠤᠭᠤᠯᠠᠢ ᠲᠤᠤᠷ ᠤᠨ ᠡᠵᠡᠮᠰᠢᠯ ᠤᠨ ᠱᠠᠭᠠᠷᠳᠠᠯᠭ᠎ᠠ︔      ︵ᠲᠦᠷᠪᠡ︶ ᠰᠠᠭᠤᠷᠢ ᠪᠡᠯᠡᠳᠬᠡᠮᠵᠢ ᠳᠤ ᠬᠡᠷᠡᠭᠯᠡᠬᠦ ᠭᠠᠵᠠᠷ ᠤᠨ ᠡᠵᠡᠮᠰᠢᠯ ᠤᠨ ᠵᠠᠭᠠᠭ ᠬᠢᠵᠠᠭᠠᠷ᠂ ᠡᠯ᠎ᠡ  ᠲᠦᠷᠦᠯ ᠤᠨ ᠨᠤᠭᠤᠭᠠᠷᠠᠭᠤᠯᠬᠤ ᠭᠠᠵᠠᠷ ᠤᠨ ᠬᠡᠪᠴᠢᠶᠡᠨ ᠤ ᠡᠵᠡᠮᠰᠢᠯ ᠤᠨ ᠱᠤᠭᠤᠮ᠂ ᠲᠡᠤᠬᠡ ᠰᠤᠶᠤᠯ ᠤᠨ ᠵᠡᠭᠡᠯᠢ  ᠲᠤᠭᠤᠷᠢᠭ ᠪᠠ ᠲᠡᠤᠬᠡᠨ ᠪᠠᠷᠢᠯᠭ᠎ᠠ ᠶᠢ ᠬᠠᠮᠠᠭᠠᠯᠠᠬᠤ ᠬᠡᠪᠴᠢᠶᠡᠨ ᠤ ᠵᠠᠭᠠᠭ ᠱᠤᠭᠤᠮ ᠭᠠᠵᠠᠷ ᠤᠨ ᠭᠠᠳᠠᠷᠭᠤ ᠶᠢᠨ  ᠤᠰᠤᠨ ᠶᠢ ᠬᠠᠮᠠᠭᠠᠯᠠᠬᠤ ᠪᠠ ᠡᠵᠡᠮᠰᠢᠯ ᠤᠨ ᠭᠠᠵᠠᠷ ᠤᠨ ᠵᠠᠭᠠᠭ ᠱᠤᠭᠤᠮ ᠵᠢᠴᠢ ᠡᠵᠡᠮᠰᠢᠯ ᠤᠨ ᠱᠠᠭᠠᠷᠳᠠᠯᠭ᠎ᠠ᠃      ᠭᠠᠵᠠᠷ ᠤᠨ ᠭᠤᠤᠯ ᠬᠡᠷᠡᠭᠴᠡᠭᠡ᠂ ᠪᠠᠷᠢᠯᠭ᠎ᠠ ᠶᠢᠨ ᠨᠢᠭᠳᠠᠴᠠ᠂ ᠪᠠᠷᠢᠯᠭ᠎ᠠ ᠶᠢᠨ ᠦᠨᠳᠦᠷ᠂ ᠡᠵᠡᠯᠡᠭᠦᠨ ᠤ  ᠨᠤᠷᠮ᠎ᠠ᠂ ᠨᠤᠭᠤᠭᠠᠷᠠᠭᠤᠯᠤᠭᠰᠠᠨ ᠨᠤᠷᠮ᠎ᠠ᠂ ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ  ᠲᠦᠬᠦᠭᠡᠷᠦᠮᠵᠢ ᠶᠢ ᠢᠵᠢ ᠪᠦᠷᠢᠳᠦᠭᠦᠯᠬᠦ ᠲᠤᠭᠳᠠᠭᠠᠯ ᠢ ᠡᠵᠡᠮᠰᠢᠯ ᠤᠨ ᠴᠢᠨᠠᠷᠳᠠᠢ ᠨᠠᠷᠢᠨ ᠲᠦᠯᠦᠪᠵᠢᠭᠦᠯᠭᠡ ᠶᠢᠨ  ᠠᠯᠪᠠᠳᠠᠯᠭ᠎ᠠ ᠶᠢᠨ ᠴᠢᠨᠠᠷᠳᠠᠢ ᠠᠭᠤᠯᠭ᠎ᠠ ᠪᠤᠯᠭᠠᠬᠤ ᠬᠡᠷᠡᠭᠳᠠᠢ᠃      ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠲᠦᠯᠦᠪᠵᠢᠭᠦᠯᠭᠡ ᠨᠠᠶᠢᠷᠠᠭᠤᠯᠬᠤ ᠴᠢᠬᠤᠯᠠ ᠲᠠᠢ ᠭᠡᠵᠤ ᠲᠤᠭᠳᠠᠭᠠᠭᠰᠠᠨ ᠰᠤᠮᠤ ᠰᠢᠶᠠᠩ ᠪᠠ ᠭᠠᠴᠠᠭ᠎ᠠ  ᠲᠤᠰᠬᠤᠨ ᠰᠤᠮᠤ ᠰᠢᠶᠠᠩ ᠤᠨ ᠲᠦᠯᠦᠪᠵᠢᠭᠦᠯᠭᠡ ᠪᠤᠯᠤᠨ ᠭᠠᠴᠠᠭ᠎ᠠ ᠲᠤᠰᠬᠤᠨ ᠤ ᠲᠦᠯᠦᠪᠵᠢᠭᠦᠯᠭᠡ ᠨᠠᠶᠢᠷᠠᠭᠤᠯᠣᠨ  ᠳᠣᠭᠳᠠᠭᠠᠬᠤ ᠬᠡᠷᠡᠭᠳᠠᠢ᠃       ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠰᠤᠮᠤ ᠰᠢᠶᠠᠩ ᠤᠨ ᠲᠦᠯᠦᠪᠵᠢᠭᠦᠯᠭᠡ᠂  ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠣ᠂ ᠬᠤᠳᠠ᠂ ᠬᠤᠰᠢᠭᠤ  ᠰᠢᠶᠠᠨ ᠤ ᠠᠷᠠᠳ ᠤᠨ ᠵᠠᠰᠠᠭ ᠤᠨ ᠤᠷᠳᠤᠨ ᠳᠠᠭᠠᠨ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ᠰᠤᠮᠤ ᠰᠢᠶᠠᠩ ᠤᠨ  ᠲᠦᠯᠦᠪᠵᠢᠭᠦᠯᠭᠡ ᠪᠠ ᠭᠠᠴᠠᠭ᠎ᠠ ᠲᠤᠰᠬᠤᠨ ᠤ ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ  ᠬᠢᠵᠠᠭᠠᠷ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠬᠠᠢ ᠶᠢᠨ ᠭᠠᠵᠠᠷ ᠤᠨ ᠬᠢᠨᠢ  ᠪᠤᠳᠠᠳᠣ ᠪᠠᠶᠢᠳᠠᠯ ᠢ ᠦᠨᠳᠦᠰᠦᠯᠡᠨ ᠲᠤᠭᠳᠠᠭᠠᠨ᠎ᠠ᠃       ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ ᠮᠡᠳᠡᠭᠦᠯᠦᠨ ᠵᠦᠪᠰᠢᠶᠡᠷᠡᠭᠦᠯᠬᠦ ᠠᠴᠠ ᠡᠮᠤᠨ᠎ᠡ ᠭᠠᠴᠠᠭ᠎ᠠ  ᠲᠤᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠢᠶᠠᠷ  ᠶᠠᠷᠢᠯᠴᠠᠭᠤᠯᠤᠨ ᠵᠦᠪᠰᠢᠶᠡᠷᠡᠬᠦᠯᠬᠦ ᠬᠡᠷᠡᠭᠳᠠᠢ᠃      ᠬᠤᠷᠢᠨ ᠬᠤᠶᠠᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ  ᠨᠠᠶᠢᠷᠠᠭᠤᠯᠬᠤ ᠪᠠᠶᠢᠭᠤᠯᠭ᠎ᠠ ᠵᠤᠬᠢᠴᠠᠭᠰᠠᠨ ᠬᠢᠷᠢ ᠭᠡᠮ ᠤᠨ ᠵᠡᠷᠭᠡ ᠲᠡᠰ ᠲᠠᠢ ᠨᠢᠭᠡᠴᠡ ᠳᠤ ᠨᠠᠶᠢᠳᠠᠵᠤ᠂ ᠬᠤᠳᠠ  ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠤᠳᠠᠳᠠᠢ ᠠᠵᠢᠯ ᠢ ᠡᠭᠦᠷᠭᠡᠯᠡᠭᠦᠯᠬᠦ ᠬᠡᠷᠡᠭᠳᠠᠢ᠃      ᠬᠤᠷᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠬᠤᠯᠪᠤᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠨᠠᠶᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠵᠤ᠂ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠰᠠᠯᠠᠭ᠎ᠠ ᠮᠦᠴᠢᠷ ᠲᠤ ᠬᠤᠯᠪᠤᠭᠳᠠᠯ ᠪᠦᠬᠦᠢ ᠰᠠᠭᠤᠷᠢ  ᠮᠠᠲ᠋ᠧᠷᠢᠶᠠᠯ ᠢᠶᠠᠨ ᠴᠠᠭ ᠲᠤᠬᠠᠢ ᠳᠤᠨᠢ ᠬᠠᠩᠭᠠᠬᠤ ᠶᠢᠨ ᠬᠠᠮᠳᠤ ᠬᠤᠳᠠ ᠪᠠᠯᠭᠠᠰᠤᠨ ᠶᠢ ᠬᠠᠶᠢᠨ ᠬᠡᠮᠵᠢᠬᠦ ᠠᠵᠢᠯ ᠢ  ᠬᠠᠤᠯᠢ ᠶᠤᠰᠤᠭᠠᠷ ᠰᠠᠶᠢᠳᠤᠷ ᠬᠢᠬᠦ ᠬᠡᠷᠡᠭᠳᠠᠢ᠃      ᠬᠤᠷᠢᠨ ᠲᠦᠷᠪᠡᠳᠦᠭᠡᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠮᠡᠳᠡᠭᠦᠯᠦᠨ ᠬᠢᠨᠠᠨ  ᠵᠦᠪᠰᠢᠶᠡᠷᠡᠭᠦᠯᠬᠦ ᠠᠴᠠ ᠡᠮᠤᠨ᠎ᠡ ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠬᠤᠳᠠ ᠬᠦᠳᠡᠭᠡ ᠶᠢᠨ  ᠲᠦᠯᠦᠪᠵᠢᠭᠦᠯᠭᠡ ᠶᠢᠨ ᠲᠦᠰᠦᠯ ᠢ ᠵᠠᠷᠯᠠᠬᠤ ᠶᠢᠨ ᠬᠠᠮᠳᠤ ᠨᠣᠳᠠᠯᠠᠬᠤ ᠬᠤᠷᠠᠯ ᠪᠠ ᠭᠡᠷᠡᠴᠢᠯᠡᠯᠳᠡ ᠰᠤᠨᠤᠰᠬᠤ ᠬᠤᠷᠠᠯ  ᠪᠤᠶᠤ ᠪᠤᠰᠤᠳ ᠠᠷᠭ᠎ᠠ ᠬᠡᠯᠪᠡᠷᠢ ᠶᠢ ᠬᠡᠷᠡᠭᠯᠡᠨ᠂ ᠲᠤᠰᠬᠠᠢ ᠮᠡᠷᠭᠡᠵᠢᠯᠳᠡᠨ ᠪᠤᠯᠤᠨ ᠤᠯᠠᠨ ᠲᠦᠮᠡᠨ ᠤ ᠰᠠᠨᠠᠯ ᠢ  ᠦᠷᠭᠡᠨ ᠢᠶᠠᠷ ᠬᠤᠷᠢᠶᠠᠬᠤ ᠬᠡᠷᠡᠭᠳᠠᠢ᠃ ᠵᠠᠷᠯᠠᠬᠤ ᠬᠤᠭᠤᠴᠠᠭ᠎ᠠ ᠨᠢ ᠭᠤᠴᠢᠨ ᠡᠳᠦᠷ ᠠᠴᠠ ᠲᠤᠳᠠᠭᠤ ᠪᠠᠶᠢᠵᠤ ᠪᠤᠯᠬᠤ  ᠦᠭᠡᠢ᠃       ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠲᠤᠰᠬᠠᠢ ᠮᠡᠷᠭᠡᠵᠢᠯᠳᠡᠨ ᠪᠠ ᠤᠯᠠᠨ ᠲᠦᠮᠡᠨ ᠤ ᠰᠠᠨᠠᠯ ᠢ  ᠬᠦᠨᠳᠦᠳᠭᠡᠬᠦ ᠶᠢᠨ ᠬᠠᠮᠳᠤ ᠬᠢᠨᠠᠨ ᠵᠦᠪᠰᠢᠶᠡᠷᠡᠭᠦᠯᠬᠦ ᠪᠠᠷ ᠮᠡᠳᠡᠭᠦᠯᠬᠦ ᠮᠠᠲ᠋ᠧᠷᠢᠶᠠᠯ ᠳᠤ ᠰᠠᠨᠠᠯ ᠢ ᠬᠦᠯᠢᠶᠡᠭᠰᠡᠨ ᠪᠠᠶᠢᠳᠠᠯ  ᠵᠢᠴᠢ ᠰᠢᠯᠳᠠᠭᠠᠨ ᠢᠶᠠᠨ ᠬᠠᠪᠰᠤᠷᠭᠠᠬᠤ ᠬᠡᠷᠡᠭᠳᠠᠢ᠃      ᠬᠤᠷᠢᠨ ᠲᠠᠪᠤᠳᠤᠭᠠᠷ ᠵᠦᠢᠯ ᠬᠤᠳᠠ ᠬᠦᠳᠡᠭᠡ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠪᠠᠶᠢᠭᠤᠯᠭ᠎ᠠ  ᠬᠠᠤᠯᠢ ᠶᠤᠰᠤᠭᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠠᠨ ᠨᠡᠶᠢᠳᠡᠯᠡᠬᠦ ᠬᠡᠷᠡᠭᠳᠠᠢ᠃ ᠬᠠᠤᠯᠢ  ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠢᠯᠡ ᠪᠤᠯᠭᠠᠵᠤ ᠪᠤᠯᠬᠤ ᠦᠭᠡᠢ ᠭᠡᠵᠤ ᠲᠤᠭᠳᠠᠭᠠᠭᠰᠠᠨ  ᠠᠭᠤᠯᠭ᠎ᠠ ᠶᠢ ᠪᠠᠭᠳᠠᠭᠠᠬᠤ ᠦᠭᠡᠢ᠃      ᠬᠤᠳᠠ ᠬᠦᠳᠡᠭᠡ ᠶᠢᠨ ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠬᠠᠤᠯᠢ  ᠶᠤᠰᠤᠭᠠᠷ ᠵᠦᠪᠰᠢᠶᠡᠷᠡᠭᠰᠡᠨ ᠬᠤᠳᠠ ᠬᠦᠳᠡᠭᠡ ᠶᠢᠨ ᠲᠦᠯᠦᠪᠵᠢᠭᠦᠯᠭᠡ ᠪᠠᠨ ᠤᠯᠤᠰ ᠪᠠ ᠦᠪᠡᠷᠳᠡᠭᠡᠨ ᠵᠠᠰᠠᠬᠤ  ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠳᠠᠯᠢ ᠱᠠᠳᠤᠨ ᠤ ᠬᠤᠳᠠ ᠪᠠᠯᠭᠠᠰᠤᠨ ᠤ ᠪᠦᠳᠦᠭᠡᠨ  ᠪᠠᠶᠢᠭᠤᠯᠤᠯᠳᠠ ᠶᠢᠨ ᠲᠠᠩᠰᠠ ᠡᠪᠬᠡᠮᠡᠯ ᠤᠨ ᠪᠠᠶᠢᠭᠤᠯᠤᠮᠵᠢ ᠳᠤ ᠲᠠᠩᠰᠠᠯᠠᠭᠤᠯᠬᠤ ᠬᠡᠷᠡᠭᠳᠠᠢ᠃       ᠶᠠᠮᠠᠷᠪᠠ ᠨᠢᠭᠡᠴᠡ ᠪᠠ ᠬᠤᠪᠢ ᠬᠦᠮᠦᠨ ᠴᠦᠮ ᠵᠦᠪᠰᠢᠶᠡᠷᠡᠭᠦᠯᠦᠨ ᠨᠡᠶᠢᠳᠡᠯᠡᠭᠰᠡᠨ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠬᠠᠤᠯᠢ ᠶᠤᠰᠤᠭᠠᠷ ᠪᠠᠶᠢᠴᠠᠭᠠᠨ ᠠᠰᠠᠭᠤᠵᠤ ᠪᠤᠯᠤᠨ᠎ᠠ᠃      ᠭᠤᠷᠪᠠᠳᠤᠭᠠᠷ ᠪᠦᠯᠦᠭ  ᠬᠤᠳᠠ ᠬᠦᠳᠡᠭᠡ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ      ᠨᠢᠭᠡᠳᠦᠭᠡᠷ ᠬᠡᠰᠡᠭ  ᠡᠩ ᠤᠨ ᠲᠤᠭᠳᠠᠭᠠᠯ      ᠬᠤᠷᠢᠨ ᠵᠢᠷᠭᠤᠳᠤᠭᠠᠷ ᠵᠦᠢᠯ  ᠤᠨᠴᠠ ᠲᠤᠭᠳᠠᠭᠠᠭᠰᠠᠨ ᠭᠠᠵᠠᠷ ᠤᠷᠤᠨ᠂ ᠬᠤᠳᠠ ᠪᠤᠶᠤ ᠪᠠᠯᠭᠠᠰᠤᠨ ᠤ  ᠰᠢᠨ᠎ᠡ ᠲᠤᠭᠤᠷᠢᠭ ᠢ ᠪᠠᠶᠢᠭᠤᠯᠬᠤ ᠳᠤ ᠬᠤᠳᠠ ᠪᠠᠯᠭᠠᠰᠤᠨ ᠤ ᠰᠢᠰᠲ᠋ᠧᠮᠵᠢ ᠶᠢᠨ ᠲᠦᠯᠦᠪᠵᠢᠭᠦᠯᠭᠡ ᠪᠠ ᠬᠤᠳᠠ ᠶᠢᠨ  ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ᠃      ᠬᠤᠷᠢᠨ ᠲᠤᠯᠤᠳᠤᠭᠠᠷ ᠵᠦᠢᠯ  ᠲᠡᠤᠭᠡ ᠰᠤᠶᠤᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ  ᠲᠤᠰᠬᠤᠨ ᠢ ᠬᠠᠤᠯᠢ ᠶᠤᠰᠤᠭᠠᠷ ᠵᠦᠪᠰᠢᠶᠡᠷᠡᠨ ᠨᠡᠶᠢᠲᠡᠯᠡᠭᠰᠡᠨ ᠤ ᠳᠠᠷᠠᠭ᠎ᠠ᠂ ᠬᠤᠲᠠ ᠬᠤᠰᠢᠭᠤ ᠰᠢᠶᠠᠨ ᠤ  ᠠᠷᠠᠳ ᠤᠨ ᠵᠠᠰᠠᠭ ᠤᠨ ᠤᠷᠳᠤᠨ ᠲᠡᠤᠭᠡ ᠰᠤᠶᠤᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ᠢ  ᠬᠠᠮᠠᠭᠠᠯᠠᠬᠤ ᠲᠥᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠵᠦ᠂ ᠥᠪᠡᠷᠳᠡᠭᠡᠨ ᠵᠠᠰᠠᠬᠤ ᠤᠷᠤᠨ ᠤ  ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠭᠦ ᠬᠡᠷᠡᠭᠲᠠᠢ᠃      ᠬᠤᠷᠢᠨ ᠨᠠᠢᠮᠠᠳᠤᠭᠠᠷ ᠵᠦᠢᠯ  ᠬᠤᠳᠠ ᠶᠢᠨ ᠠᠷᠠᠳ ᠤᠨ ᠵᠠᠰᠠᠭ ᠤᠨ ᠤᠷᠳᠤᠨ ᠬᠤᠳᠠ ᠶᠢᠨ ᠬᠦᠭᠵᠢᠯᠳᠡ ᠶᠢᠨ  ᠱᠠᠭᠠᠷᠳᠠᠯᠭ᠎ᠠ ᠪᠠᠨ ᠦᠨᠳᠦᠰᠦᠯᠡᠵᠤ᠂ ᠬᠤᠳᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ  ᠲᠦᠯᠦᠪᠵᠢᠭᠦᠯᠭᠡ ᠶᠢ ᠵᠤᠬᠢᠶᠠᠨ ᠪᠠᠶᠢᠭᠤᠯᠤᠨ ᠨᠠᠶᠢᠷᠠᠭᠤᠯᠬᠤ ᠳᠤ ᠭᠠᠵᠠᠷ ᠲᠤᠤᠷᠠᠬᠢ ᠵᠠᠮ ᠬᠠᠷᠢᠯᠴᠠᠭ᠎ᠠ᠂ ᠠᠷᠠᠳ ᠤᠨ  ᠠᠭᠠᠷ ᠤᠨ ᠰᠡᠷᠭᠡᠶᠢᠯᠡᠯᠳᠡ᠂ ᠦᠶᠡᠷ ᠤᠨ ᠰᠡᠷᠭᠡᠶᠢᠯᠡᠯᠳᠡ᠂ ᠬᠤᠳᠠ ᠶᠢᠨ ᠶᠠᠪᠤᠳᠠᠯ ᠤᠨ ᠬᠤᠭᠤᠯᠠᠢ ᠱᠤᠭᠤᠮ ᠵᠡᠷᠭᠡ  ᠰᠠᠭᠤᠷᠢ ᠪᠡᠯᠡᠳᠬᠡᠮᠵᠢ ᠪᠠ ᠤᠯᠠᠨ ᠨᠡᠶᠢᠳᠡ ᠶᠢᠨ ᠦᠢᠯᠡᠴᠢᠯᠡᠭᠡᠨ ᠤ ᠲᠦᠬᠦᠭᠡᠷᠦᠮᠵᠢ᠂ ᠬᠠᠮᠠᠭᠠᠯᠠᠬᠤ ᠴᠢᠬᠤᠯᠠ ᠲᠠᠢ  ᠲᠡᠤᠬᠡᠨ ᠦᠯᠡᠳᠡᠭᠳᠡᠯ ᠵᠢᠴᠢ ᠪᠤᠰᠤᠳ ᠭᠠᠵᠠᠷ ᠲᠤᠤᠷᠠᠬᠢ ᠪᠠᠷᠢᠯᠭ᠎ᠠ ᠶᠢ ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃  ᠬᠤᠳᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ ᠲᠦᠯᠦᠪᠵᠢᠭᠦᠯᠭᠡ ᠨᠢ ᠬᠤᠳᠠ ᠶᠢᠨ ᠶᠡᠷᠦᠩᠬᠡᠢ  ᠲᠦᠯᠦᠪᠵᠢᠭᠦᠯᠭᠡ ᠳᠤ ᠨᠡᠶᠢᠴᠡᠬᠦ ᠶᠢᠨ ᠬᠠᠮᠳᠤ ᠪᠤᠰᠤᠳ ᠲᠤᠰᠬᠠᠢ ᠲᠦᠯᠦᠪᠵᠢᠭᠦᠯᠭᠡ ᠲᠠᠢ ᠬᠠᠷᠢᠯᠴᠠᠨ ᠵᠤᠬᠢᠴᠠᠯᠳᠤᠬᠤ  ᠬᠡᠷᠡᠭᠳᠠᠢ᠃ ᠬᠤᠳᠠ ᠶᠢᠨ ᠭᠠᠵᠠᠷ ᠲᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ ᠲᠦᠯᠦᠪᠵᠢᠭᠦᠯᠭᠡ ᠶᠢ ᠲᠤᠰ  ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠢᠨᠠᠨ ᠵᠦᠪᠰᠢᠶᠡᠷᠡᠵᠤ᠂ ᠶᠡᠷᠦᠩᠬᠡᠢ ᠲᠦᠯᠦᠪᠵᠢᠭᠦᠯᠭᠡ ᠶᠢ ᠬᠢᠨᠠᠨ  ᠵᠦᠪᠰᠢᠶᠡᠷᠡᠬᠦ ᠪᠠᠶᠢᠭᠤᠯᠭ᠎ᠠ ᠳᠤ ᠲᠠᠩᠰᠠᠯᠠᠭᠤᠯᠤᠨ᠎ᠠ᠃      ᠬᠤᠷᠢ ᠶᠢᠰᠦᠳᠦᠭᠡᠷ ᠵᠦᠢᠯ  ᠬᠤᠳᠠ᠂ ᠬᠤᠰᠢᠭᠤ ᠰᠢᠶᠠᠨ᠂ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ  ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ᠂ ᠭᠠᠵᠠᠷ ᠰᠢᠷᠤᠢ ᠶᠢ  ᠠᠰᠢᠭᠯᠠᠬᠤ ᠶᠡᠷᠦᠩᠬᠡᠢ ᠲᠦᠯᠦᠪᠵᠢᠭᠦᠯᠭᠡ ᠪᠠ ᠤᠨ ᠤ ᠲᠦᠯᠦᠪᠯᠡᠭᠡ ᠵᠢᠴᠢ ᠤᠯᠤᠰ ᠠᠷᠠᠳ ᠤᠨ ᠠᠵᠤ ᠠᠬᠤᠢ  ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠭᠤᠤᠯ ᠴᠤᠭᠴᠠᠳᠤ ᠴᠢᠳᠠᠪᠬᠢᠳᠣ ᠤᠷᠤᠨ ᠤ  ᠲᠦᠯᠦᠪᠵᠢᠭᠦᠯᠭᠡ ᠶᠢ ᠦᠨᠳᠦᠰᠦᠯᠡᠵᠤ᠂ ᠣᠶᠢᠷ᠎ᠠ ᠶᠢᠨ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢᠨ  ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠵᠤ᠂ ᠶᠡᠷᠦᠩᠬᠡᠢ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠦ  ᠪᠠᠶᠢᠭᠤᠯᠭ᠎ᠠ ᠳᠤ ᠲᠠᠩᠰᠠᠯᠠᠭᠤᠯᠬᠤ ᠬᠡᠷᠡᠭᠳᠠᠢ᠃ ᠣᠶᠢᠷ᠎ᠠ ᠶᠢᠨ ᠬᠤᠭᠤᠴᠠᠭᠠᠨ ᠤ ᠪᠦᠳᠦᠭᠡᠨ ᠪᠠᠶᠢᠭᠤᠯᠤᠯᠳᠠ ᠶᠢᠨ  ᠲᠦᠯᠦᠪᠵᠢᠭᠦᠯᠭᠡ ᠶᠢᠨ ᠲᠦᠯᠦᠪᠵᠢᠭᠦᠯᠭᠡ ᠶᠢᠨ ᠬᠤᠭᠤᠴᠠᠭ᠎ᠠ ᠶᠢᠨ ᠬᠢᠵᠠᠭᠠᠷ ᠨᠢ ᠲᠠᠪᠤᠨ ᠵᠢᠯ᠃      ᠭᠤᠴᠢᠳᠤᠭᠠᠷ ᠵᠦᠢᠯ  ᠡᠯ᠎ᠡ ᠲᠦᠷᠦᠯ ᠤᠨ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠪᠤᠯᠤᠨ ᠪᠦᠳᠦᠭᠡᠨ  ᠪᠠᠶᠢᠭᠤᠯᠬᠤ ᠪᠠᠷᠢᠯᠭ᠎ᠠ ᠬᠤᠳᠠ ᠬᠦᠳᠡᠭᠡ ᠶᠢᠨ ᠲᠦᠯᠦᠪᠵᠢᠭᠦᠯᠭᠡ ᠳᠤ ᠨᠡᠶᠢᠴᠡᠵᠤ᠂ ᠪᠦᠳᠦᠭᠡᠨ ᠪᠠᠶᠢᠭᠤᠯᠬᠤ ᠲᠦᠷᠦᠯ  ᠵᠦᠢᠯ ᠤᠨ ᠭᠠᠵᠠᠷ ᠰᠤᠩᠭᠤᠬᠤ ᠰᠠᠨᠠᠯ ᠤᠨ ᠪᠢᠴᠢᠭ᠂ ᠪᠦᠳᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ  ᠲᠦᠯᠦᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ᠂ ᠪᠦᠳᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ  ᠵᠦᠪᠰᠢᠶᠡᠷᠡᠯ ᠤᠨ ᠦᠨᠡᠮᠯᠡᠯ᠂ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢᠨ  ᠵᠦᠪᠰᠢᠶᠡᠷᠡᠯ ᠤᠨ ᠦᠨᠡᠮᠯᠡᠯ ᠪᠠ ᠲᠦᠷ ᠴᠠᠭ ᠤᠨ ᠲᠦᠯᠦᠪᠵᠢᠭᠦᠯᠭᠡ ᠶᠢᠨ ᠵᠦᠪᠰᠢᠶᠡᠷᠡᠯ ᠤᠨ ᠦᠨᠡᠮᠯᠡᠯ ᠢ ᠬᠠᠤᠯᠢ  ᠶᠤᠰᠤᠭᠠᠷ ᠤᠯᠬᠤ ᠬᠡᠷᠡᠭᠳᠠᠢ᠃       ᠬᠤᠶᠠᠳᠤᠭᠠᠷ ᠬᠡᠰᠡᠭ  ᠪᠦᠳᠦᠭᠡᠨ ᠪᠠᠶᠢᠭᠤᠯᠬᠤ ᠲᠦᠷᠦᠯ ᠵᠦᠢᠯ ᠤᠨ ᠭᠠᠵᠠᠷ ᠰᠤᠩᠭᠤᠬᠤ  ᠲᠦᠯᠦᠪᠵᠢᠭᠦᠯᠭᠡ ᠶᠢᠨ ᠬᠠᠮᠢᠶᠠᠷᠤᠯᠳᠠ      ᠭᠤᠴᠢᠨ ᠨᠢᠭᠡᠳᠦᠭᠡᠷ ᠵᠦᠢᠯ  ᠤᠯᠤᠰ ᠤᠨ ᠲᠤᠭᠳᠠᠭᠠᠯ ᠢ ᠦᠨᠳᠦᠰᠦᠯᠡᠵᠤ ᠵᠦᠪᠰᠢᠶᠡᠷᠡᠭᠦᠯᠬᠦ ᠪᠤᠶᠤ ᠬᠢᠨᠠᠨ  ᠵᠦᠪᠰᠢᠶᠡᠷᠡᠭᠦᠯᠬᠦ ᠴᠢᠬᠤᠯᠠ ᠲᠠᠢ ᠪᠦᠳᠦᠭᠡᠨ ᠪᠠᠶᠢᠭᠤᠯᠬᠤ ᠲᠦᠷᠦᠯ ᠵᠦᠢᠯ ᠢ ᠰᠢᠯᠵᠢᠭᠦᠯᠦᠨ ᠦᠭᠬᠦ ᠬᠡᠯᠪᠡᠷᠢ ᠪᠠᠷ  ᠤᠯᠤᠰ ᠤᠨ ᠦᠮᠴᠢᠯᠡᠯ ᠤᠨ ᠭᠠᠵᠠᠷ ᠰᠢᠷᠤᠢ ᠶᠢ ᠬᠡᠷᠡᠭᠯᠡᠬᠦ ᠡᠷᠬᠡ ᠶᠢ ᠬᠠᠩᠭᠠᠪᠠᠯ᠂ ᠪᠦᠳᠦᠭᠡᠨ ᠪᠠᠶᠢᠭᠤᠯᠬᠤ  ᠨᠢᠭᠡᠴᠡ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠠᠷ  ᠮᠡᠳᠡᠭᠦᠯᠬᠦ ᠠᠴᠠ ᠡᠮᠤᠨ᠎ᠡ᠂ ᠲᠤᠤᠷᠠᠬᠢ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠬᠤᠳᠠ ᠬᠦᠳᠡᠭᠡ ᠶᠢᠨ  ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠭᠠᠵᠠᠷ ᠰᠤᠩᠭᠤᠬᠤ ᠰᠠᠨᠠᠯ ᠤᠨ ᠪᠢᠴᠢᠭ ᠢ  ᠬᠢᠨᠠᠨ ᠲᠠᠷᠬᠠᠭᠠᠯᠭᠠᠬᠤ ᠪᠠᠷ ᠭᠤᠶᠤᠴᠢᠯᠠᠬᠤ ᠬᠡᠷᠡᠭᠳᠠᠢ᠄       ︵ᠨᠢᠭᠡ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢᠶᠠᠷ  ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠦᠳᠦᠭᠡᠨ ᠪᠠᠶᠢᠭᠤᠯᠬᠤ ᠲᠦᠷᠦᠯ ᠵᠦᠢᠯ ᠢ ᠪᠤᠯ ᠪᠦᠳᠦᠭᠡᠨ  ᠪᠠᠶᠢᠭᠤᠯᠬᠤ ᠲᠦᠷᠦᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠳᠠ᠂ ᠬᠤᠰᠢᠭᠤ ᠰᠢᠶᠠᠨ ᠤ ᠠᠷᠠᠳ ᠤᠨ  ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ  ᠮᠦᠴᠢᠷ ᠠᠴᠠ ᠠᠩᠬ᠎ᠠ ᠬᠢᠨᠠᠭᠰᠠᠨ ᠰᠠᠨᠠᠯ ᠲᠤᠷᠠᠳᠬᠤ ᠶᠢᠨ ᠬᠠᠮᠳᠤ ᠱᠠᠳᠤ ᠲᠠᠷᠠᠭᠠᠯᠠᠨ ᠲᠡᠭᠡᠭᠰᠢ ᠮᠡᠳᠡᠭᠦᠯᠵᠦ᠂  ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ︔      ︵ᠬᠤᠶᠠᠷ︶ ᠬᠤᠳᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ  ᠰᠠᠯᠠᠭ᠎ᠠ ᠮᠦᠴᠢᠷ ᠢᠶᠠᠷ ᠵᠦᠪᠰᠢᠶᠡᠷᠡᠭᠦᠯᠬᠦ ᠪᠤᠶᠤ ᠬᠢᠨᠠᠨ ᠵᠦᠪᠰᠢᠶᠡᠷᠡᠭᠦᠯᠬᠦ ᠪᠦᠳᠦᠭᠡᠨ ᠪᠠᠶᠢᠭᠤᠯᠬᠤ ᠲᠦᠷᠦᠯ ᠵᠦᠢᠯ ᠢ  ᠪᠤᠯ ᠠᠳᠠᠯᠢ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠭᠠᠵᠠᠷ ᠰᠤᠩᠭᠤᠬᠤ ᠰᠠᠨᠠᠯ ᠤᠨ ᠪᠢᠴᠢᠭ ᠢ ᠬᠢᠨᠠᠨ ᠲᠠᠷᠬᠠᠭᠠᠨ᠎ᠠ᠃       ᠭᠤᠴᠢᠨ ᠬᠤᠶᠠᠳᠤᠭᠠᠷ ᠵᠦᠢᠯ  ᠭᠠᠵᠠᠷ ᠰᠤᠩᠭᠤᠬᠤ ᠰᠠᠨᠠᠯ ᠤᠨ ᠪᠢᠴᠢᠭ ᠢ ᠲᠠᠷᠬᠠᠭᠠᠯᠭᠠᠬᠤ ᠪᠠᠷ  ᠭᠤᠶᠤᠴᠢᠯᠠᠬᠤ ᠳᠤ ᠪᠦᠳᠦᠭᠡᠨ ᠪᠠᠶᠢᠭᠤᠯᠬᠤ ᠨᠢᠭᠡᠴᠡ ᠠᠴᠠ ᠲᠤᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠳᠠᠢ᠄       ︵ᠨᠢᠭᠡ︶ ᠭᠠᠵᠠᠷ ᠰᠤᠩᠭᠤᠬᠤ ᠭᠤᠶᠤᠴᠢᠯᠠᠯ ᠤᠨ ᠪᠢᠴᠢᠭ︔       ︵ᠬᠤᠶᠠᠷ︶ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠪᠦᠳᠦᠭᠡᠨ ᠪᠠᠶᠢᠭᠤᠯᠬᠤ ᠲᠦᠷᠦᠯ ᠵᠦᠢᠯ ᠤᠨ  ᠡᠮᠤᠨ᠎ᠡ ᠬᠤᠭᠤᠴᠠᠭᠠᠨ ᠤ ᠠᠵᠢᠯ ᠢ ᠡᠬᠢᠯᠡᠭᠦᠯᠬᠦ ᠶᠢ ᠵᠦᠪᠰᠢᠶᠡᠷᠡᠭᠰᠡᠨ ᠪᠢᠴᠢᠭ ᠪᠤᠶᠤ ᠲᠦᠷᠦᠯ ᠵᠦᠢᠯ ᠤᠨ  ᠰᠠᠨᠠᠭᠤᠯᠭ᠎ᠠ ᠶᠢᠨ ᠪᠢᠴᠢᠭ ᠤᠨ ᠴᠤᠬᠤᠯᠠᠪᠦᠷᠢ ᠪᠢᠴᠢᠭ︔      ︵ᠭᠤᠷᠪᠠ︶ ᠵᠤᠬᠢᠴᠠᠭᠰᠠᠨ ᠬᠢᠷᠢ ᠭᠡᠮ ᠤᠨ ᠵᠡᠷᠭᠡ ᠲᠡᠰ ᠲᠠᠢ ᠬᠤᠳᠠ ᠬᠦᠳᠡᠭᠡ ᠶᠢᠨ ᠲᠦᠯᠦᠪᠵᠢᠭᠦᠯᠭᠡ ᠶᠢ  ᠨᠠᠶᠢᠷᠠᠭᠤᠯᠬᠤ ᠨᠢᠭᠡᠴᠡ ᠠᠴᠠ ᠨᠠᠶᠢᠷᠠᠭᠤᠯᠤᠭᠰᠠᠨ ᠪᠦᠳᠦᠭᠡᠨ ᠪᠠᠶᠢᠭᠤᠯᠬᠤ ᠲᠦᠷᠦᠯ ᠵᠦᠢᠯ ᠤᠨ ᠭᠠᠵᠠᠷ ᠰᠤᠩᠭᠤᠬᠤ  ᠰᠤᠳᠤᠯᠤᠯᠳᠠ ᠶᠢᠨ ᠮᠡᠳᠡᠭᠦᠯᠦᠯᠲᠡ︔      ︵ᠲᠦᠷᠪᠡ︶ ᠭᠠᠵᠠᠷ ᠰᠤᠩᠭᠤᠬᠤ ᠤᠷᠤᠨ ᠪᠠᠶᠢᠷᠢ ᠶᠢᠨ ᠵᠢᠷᠤᠭ᠂ ᠬᠠᠪᠳᠠᠭᠠᠢ ᠪᠠᠶᠢᠷᠢᠰᠢᠯ ᠤᠨ ᠵᠢᠷᠤᠭ︔      ︵ᠲᠠᠪᠤ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠮᠠᠲ᠋ᠧᠷᠢᠶᠠᠯ᠃      ᠭᠤᠴᠢᠨ ᠭᠤᠷᠪᠠᠳᠤᠭᠠᠷ ᠵᠦᠢᠯ  ᠭᠠᠵᠠᠷ ᠰᠤᠩᠭᠤᠬᠤ ᠰᠠᠨᠠᠯ ᠤᠨ ᠪᠢᠴᠢᠭ ᠢ ᠬᠠᠤᠯᠢ ᠶᠤᠰᠤᠭᠠᠷ ᠤᠯᠤᠭᠰᠠᠨ  ᠦᠭᠡᠢ ᠪᠤᠶᠤ ᠭᠠᠵᠠᠷ ᠰᠤᠩᠭᠤᠬᠤ ᠰᠠᠨᠠᠯ ᠤᠨ ᠪᠢᠴᠢᠭ ᠤᠨ ᠬᠤᠭᠤᠴᠠᠭ᠎ᠠ ᠨᠢ ᠬᠡᠳᠦᠷᠡᠭᠰᠡᠨ ᠪᠤᠯ ᠬᠤᠯᠪᠤᠭᠳᠠᠯ ᠪᠦᠬᠦᠢ  ᠰᠠᠯᠠᠭ᠎ᠠ ᠮᠦᠴᠢᠷ ᠪᠦ᠋ᠳᠦᠭᠡᠨ ᠪᠠᠶᠢᠭᠤᠯᠬᠤ ᠲᠦᠷᠦᠯ ᠵᠦᠢᠯ ᠢ ᠵᠦᠪᠰᠢᠶᠡᠷᠡᠬᠦ ᠪᠤᠶᠤ ᠬᠢᠨᠠᠨ ᠵᠦᠪᠰᠢᠶᠡᠷᠡᠵᠤ ᠪᠤᠯᠬᠤ  ᠦᠭᠡᠢ᠃       ᠭᠠᠵᠠᠷ ᠰᠤᠩᠭᠤᠬᠤ ᠰᠠᠨᠠᠯ ᠤᠨ ᠪᠢᠴᠢᠭ ᠤᠨ ᠬᠦᠴᠦᠨ ᠲᠠᠢ ᠬᠤᠭᠤᠴᠠᠭ᠎ᠠ ᠨᠢ ᠨᠢᠭᠡ ᠵᠢᠯ᠃  ᠬᠤᠭᠤᠴᠠᠭ᠎ᠠ ᠶᠢ ᠨᠢ ᠦᠨᠡᠨ ᠬᠦ ᠤᠷᠳᠤᠳᠬᠠᠬᠤ ᠴᠢᠬᠤᠯᠠ ᠲᠠᠢ ᠪᠤᠯ ᠪᠦᠳᠦᠭᠡᠨ ᠪᠠᠶᠢᠭᠤᠯᠬᠤ ᠨᠢᠭᠡᠴᠡ ᠬᠤᠭᠤᠴᠠᠭ᠎ᠠ  ᠲᠤᠯᠬᠤ ᠠᠴᠠ ᠡᠮᠤᠨ᠎ᠡ ᠭᠤᠴᠢᠨ ᠡᠳᠦᠷ ᠤᠨ ᠲᠤᠳᠤᠷ᠎ᠠ ᠬᠢᠨᠠᠨ ᠲᠠᠷᠬᠠᠭᠠᠭᠰᠠᠨ ᠰᠠᠯᠠᠭ᠎ᠠ ᠮᠥᠴᠢᠷ ᠲᠤ ᠭᠤᠶᠤᠴᠢᠯᠠᠯ  ᠲᠤᠷᠠᠳᠴᠤ᠂ ᠵᠦᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ ᠤᠷᠳᠤᠳᠬᠠᠵᠤ ᠪᠤᠯᠤᠨ᠎ᠠ᠂ ᠬᠤᠭᠤᠴᠠᠭ᠎ᠠ ᠨᠢ ᠨᠢᠭᠡ  ᠵᠢᠯ ᠠᠴᠠ ᠬᠡᠳᠦᠷᠡᠵᠦ ᠪᠤᠯᠬᠤ ᠦᠭᠡᠢ᠃       ᠭᠤᠷᠪᠠᠳᠤᠭᠠᠷ ᠬᠡᠰᠡᠭ  ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ  ᠬᠠᠮᠢᠶᠠᠷᠤᠯᠲᠠ      ᠭᠤᠴᠢᠨ ᠲᠦᠷᠪᠡᠳᠦᠭᠡᠷ ᠵᠦᠢᠯ  ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠣᠷᠣᠨ ᠤ ᠳᠣᠲᠣᠷᠠᠬᠢ  ᠰᠢᠯᠵᠢᠭᠦᠯᠦᠨ ᠥᠭᠭᠦ ᠬᠡᠯᠪᠡᠷᠢ ᠪᠠᠷ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠭᠰᠠᠨ ᠪᠦᠲᠦᠭᠡᠨ  ᠪᠠᠶᠢᠭᠤᠯᠬᠤ ᠲᠥᠷᠥᠯ ᠵᠦᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠵᠦ᠂ ᠬᠢᠨᠠᠨ ᠬᠠᠷᠭᠤᠭᠤᠯᠵᠤ᠂ ᠳᠠᠩᠰᠠᠯᠠᠭᠤᠯᠤᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ ᠨᠢ ᠪᠦᠲᠦᠭᠡᠨ ᠪᠠᠶᠢᠭᠤᠯᠬᠤ ᠲᠥᠷᠥᠯ  ᠵᠦᠢᠯ ᠤᠨ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ  ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠦᠲᠦᠭᠡᠨ ᠪᠠᠶᠢᠭᠤᠯᠬᠤ ᠳᠤ  ᠬᠡᠷᠡᠭᠯᠡᠭᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠣᠯᠬᠤ ᠭᠤᠶᠤᠴᠢᠯᠠᠯ ᠳᠤᠷᠠᠳᠴᠤ᠂ ᠬᠤᠲᠠ ᠬᠤᠰᠢᠭᠤ  ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ  ᠮᠥᠴᠢᠷ ᠠᠴᠠ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢ ᠦᠨᠳᠦᠰᠦᠯᠡᠨ ᠪᠦᠲᠦᠭᠡᠨ ᠪᠠᠶᠢᠭᠤᠯᠬᠤ ᠳᠤ  ᠬᠡᠷᠡᠭᠯᠡᠬᠦ ᠭᠠᠵᠠᠷ ᠤᠨ ᠪᠠᠶᠢᠷᠢᠰᠢᠯ᠂ ᠲᠠᠯᠠᠪᠠᠢ᠂ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠬᠡᠪᠴᠢᠶ᠎ᠡ ᠵᠡᠷᠭᠡ ᠶᠢ ᠬᠢᠨᠠᠨ  ᠲᠣᠭᠲᠠᠭᠠᠵᠤ᠂ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ  ᠦᠨᠡᠮᠯᠡᠯ ᠢ ᠬᠢᠨᠠᠨ ᠲᠠᠷᠬᠠᠭᠠᠨ᠎ᠠ᠃      ᠪᠦᠲᠦᠭᠡᠨ ᠪᠠᠶᠢᠭᠤᠯᠬᠤ ᠨᠢᠭᠡᠴᠡ ᠨᠢ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ  ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠣᠯᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠠᠴᠠ  ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ  ᠭᠠᠵᠠᠷ ᠬᠡᠷᠡᠭᠯᠡᠬᠦ ᠪᠠᠷ ᠭᠤᠶᠤᠴᠢᠯᠠᠵᠤ ᠪᠣᠯᠣᠨ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ  ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠭᠠᠵᠠᠷ ᠰᠢᠷᠣᠢ ᠶᠢ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠠᠴᠠ ᠭᠠᠵᠠᠷ ᠰᠢᠷᠣᠢ ᠰᠢᠯᠵᠢᠭᠦᠯᠦᠨ ᠥᠭᠭᠦᠨ᠎ᠡ᠃      ᠭᠤᠴᠢᠨ ᠲᠠᠪᠤᠳᠤᠭᠠᠷ ᠵᠦᠢᠯ  ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠤᠷᠤᠨ ‍ᠦᠳᠣᠲᠣᠷ᠎ᠠ ᠨᠠᠶᠢᠷ  ᠲᠠᠯᠪᠢᠬᠤ ᠬᠡᠯᠪᠡᠷᠢ ᠪᠠᠷ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠠᠩᠭᠠᠪᠠᠯ᠂ ᠤᠯᠤᠰ ᠤᠨ ᠭᠠᠵᠠᠷ  ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ ᠠᠴᠠ ᠡᠮᠦᠨ᠎ᠡ ᠬᠤᠲᠠ᠂ ᠬᠤᠰᠢᠭᠤ ᠰᠢᠶᠠᠨ ᠤ ᠠᠷᠠᠳ ᠤᠨ  ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢ ᠦᠨᠳᠦᠰᠦᠯᠡᠨ᠂ ᠨᠠᠶᠢᠷ ᠲᠠᠯᠪᠢᠬᠤ ᠭᠠᠵᠠᠷ ᠤᠨ ᠪᠠᠶᠢᠷᠢᠰᠢᠯ᠂  ᠬᠡᠷᠡᠭᠯᠡᠭᠡᠨ ᠤ ᠰᠢᠨᠵᠢ ᠴᠢᠨᠠᠷ᠂ ᠨᠡᠭᠡᠭᠡᠯᠲᠡ ᠶᠢᠨ ᠡᠷᠴᠢᠮ ᠵᠡᠷᠭᠡ ᠲᠥᠯᠥᠪᠵᠢᠭᠦᠯᠭᠡ ᠶᠢᠨ ᠨᠥᠬᠦᠴᠡᠯ ᠢ ᠳᠤᠷᠠᠳᠬᠤ ᠶᠢᠨ  ᠬᠠᠮᠲᠤ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠭᠠᠵᠠᠷ  ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ ᠭᠡᠷ᠎ᠡ ᠶᠢᠨ ᠪᠦᠷᠢᠯᠳᠦᠬᠦᠨ ᠬᠡᠰᠡᠭ ᠪᠣᠯᠭᠠᠨ᠎ᠠ᠃  ᠲᠥᠯᠥᠪᠵᠢᠭᠦᠯᠭᠡ ᠶᠢᠨ ᠨᠥᠬᠦᠴᠡᠯ ᠢ ᠲᠣᠭᠲᠠᠭᠠᠭᠰᠠᠨ ᠦᠭᠡᠢ ᠭᠠᠵᠠᠷ ᠪᠤᠯ ᠤᠯᠤᠰ ᠤᠨ ᠭᠠᠵᠠᠷ ᠰᠢᠷᠣᠢ ᠶᠢ ᠬᠡᠷᠡᠭᠯᠡᠬᠦ  ᠡᠷᠬᠡ ᠶᠢ ᠨᠢ ᠨᠠᠶᠢᠷ ᠲᠠᠯᠪᠢᠵᠤ ᠪᠣᠯᠬᠤ ᠦᠭᠡᠢ᠃ ᠨᠠᠶᠢᠷ ᠲᠠᠯᠪᠢᠬᠤ ᠬᠡᠯᠪᠡᠷᠢ ᠪᠠᠷ ᠤᠯᠤᠰ ᠤᠨ ᠭᠠᠵᠠᠷ ᠰᠢᠷᠣᠢ ᠶᠢ  ᠬᠡᠷᠡᠭᠯᠡᠬᠦ ᠡᠷᠬᠡ ᠶᠢ ᠣᠯᠣᠭᠰᠠᠨ ᠪᠦᠲᠦᠭᠡᠨ ᠪᠠᠶᠢᠭᠤᠯᠬᠤ ᠲᠥᠷᠥᠯ ᠵᠦᠢᠯ ᠢ ᠤᠯᠤᠰ ᠤᠨ ᠭᠠᠵᠠᠷ ᠰᠢᠷᠣᠢ ᠶᠢ ᠬᠡᠷᠡᠭᠯᠡᠬᠦ  ᠡᠷᠬᠡ ᠶᠢ ᠨᠠᠶᠢᠷ ᠲᠠᠯᠪᠢᠬᠤ ᠭᠡᠷ᠎ᠡ ᠲᠣᠭᠲᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠨᠢᠭᠡᠴᠡ ᠨᠢ ᠪᠦᠲᠦᠭᠡᠨ  ᠪᠠᠶᠢᠭᠤᠯᠬᠤ ᠲᠥᠷᠥᠯ ᠵᠦᠢᠯ ᠢ ᠵᠥᠪᠰᠢᠶᠡᠷᠡᠭᠰᠡᠨ᠂ ᠬᠢᠨᠠᠨ ᠵᠥᠪᠰᠢᠶᠡᠷᠡᠭᠰᠡᠨ᠂ ᠳᠠᠩᠰᠠᠯᠠᠭᠤᠯᠤᠭᠰᠠᠨ ᠪᠢᠴᠢᠭ  ᠮᠠᠲ᠋ᠧᠷᠢᠶᠠᠯ ᠪᠠ ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠨᠠᠶᠢᠷ ᠲᠠᠯᠪᠢᠬᠤ ᠭᠡᠷ᠎ᠡ ᠵᠡᠷᠭᠡ ᠮᠠᠲ᠋ᠧᠷᠢᠶᠠᠯ ᠢᠶᠠᠨ  ᠠᠪᠴᠤ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠲᠦᠭᠡᠨ ᠪᠠᠶᠢᠭᠤᠯᠬᠤ ᠳᠤ ᠬᠡᠷᠡᠭᠯᠡᠬᠦ  ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠬᠡᠷᠡᠭᠲᠡᠢ᠃     ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ  ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠳᠠᠬᠢ ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ  ᠨᠠᠶᠢᠷ ᠲᠠᠯᠪᠢᠬᠤ ᠭᠡᠷ᠎ᠡ ᠶᠢᠨ ᠪᠦᠷᠢᠯᠳᠦᠬᠦᠨ ᠪᠣᠯᠬᠤ ᠲᠥᠯᠥᠪᠵᠢᠭᠦᠯᠭᠡ ᠶᠢᠨ ᠨᠥᠬᠦᠴᠡᠯ ᠢ ᠨᠢ ᠳᠤᠷ᠎ᠠ ᠪᠠᠷ ᠢᠶᠠᠨ  ᠬᠤᠪᠢᠷᠠᠭᠤᠯᠵᠤ ᠪᠣᠯᠬᠤ ᠦᠭᠡᠢ᠃      ᠭᠤᠴᠢᠨ ᠵᠢᠷᠭᠤᠳᠤᠭᠠᠷ ᠵᠦᠢᠯ  ᠲᠥᠯᠥᠪᠵᠢᠭᠦᠯᠭᠡ ᠶᠢᠨ ᠨᠥᠬᠦᠴᠡᠯ ᠳᠤ ᠭᠠᠵᠠᠷ ᠤᠨ ᠪᠠᠶᠢᠷᠢᠰᠢᠯ᠂ ᠵᠠᠭᠠᠭ  ᠱᠤᠭᠤᠮ᠂ ᠲᠠᠯᠠᠪᠠᠢ᠂ ᠬᠡᠷᠡᠭᠯᠡᠭᠡᠨ ᠤ ᠰᠢᠨᠵᠢ ᠴᠢᠨᠠᠷ᠂ ᠪᠠᠭᠲᠠᠭᠠᠮᠵᠢ᠂ ᠪᠠᠷᠢᠯᠭ᠎ᠠ ᠶᠢᠨ ᠨᠢᠭᠲᠠᠴᠠ᠂ ᠪᠠᠷᠢᠯᠭ᠎ᠠ ᠶᠢᠨ  ᠥᠨᠳᠥᠷ᠂ ᠨᠠᠷᠠ ᠲᠣᠰᠬᠤ ᠱᠠᠭᠠᠷᠳᠠᠯᠭ᠎ᠠ᠂ ᠨᠣᠭᠤᠭᠠᠷᠠᠭᠤᠯᠬᠤ ᠨᠤᠷᠮ᠎ᠠ᠂ ᠲᠡᠷᠭᠡ ᠵᠣᠭᠰᠣᠬᠤ ᠭᠦᠢᠴᠡᠳᠭᠡᠬᠦ ᠲᠤᠭ᠎ᠠ᠂ ᠭᠤᠣᠯ ᠡᠭᠦᠳᠡ ᠶᠢᠨ ᠪᠠᠶᠢᠷᠢᠰᠢᠯ᠂ ᠵᠠᠮ ᠤᠨ ᠡᠵᠡᠮᠰᠢᠯ ᠴᠡᠭ ᠤᠨ ᠪᠠᠷᠢᠮᠵᠢᠶ᠎ᠠ ᠥᠨᠳᠥᠷᠴᠡ᠂ ᠡᠯ᠎ᠡ ᠲᠥᠷᠥᠯ ᠤᠨ  ᠲᠥᠯᠥᠪᠵᠢᠭᠦᠯᠭᠡ ᠶᠢᠨ ᠡᠵᠡᠮᠰᠢᠯ ᠱᠤᠭᠤᠮ᠂ ᠡᠷᠬᠡᠪᠰᠢ ᠲᠣᠬᠢᠷᠠᠭᠤᠯᠬᠤ ᠶᠣᠰᠣᠲᠠᠢ ᠰᠠᠭᠤᠷᠢ ᠪᠡᠯᠡᠳᠬᠡᠮᠵᠢ᠂ ᠣᠯᠠᠨ  ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠵᠡᠷᠭᠡ ᠠᠭᠤᠯᠭ᠎ᠠ ᠪᠠᠭᠲᠠᠨ᠎ᠠ᠃       ᠠᠵᠤ ᠦᠢᠯᠡᠳᠪᠦᠷᠢ᠂ ᠬᠥᠮᠥᠷᠭᠡ᠂ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ  ᠲᠦᠬᠦᠭᠡᠷᠦᠮᠵᠢ ᠵᠡᠷᠭᠡ ᠶᠢᠨ ᠭᠠᠵᠠᠷ ᠬᠡᠷᠡᠭᠯᠡᠬᠦ ᠨᠥᠬᠦᠴᠡᠯ ᠢ ᠪᠣᠳᠠᠲᠣ ᠪᠠᠶᠢᠳᠠᠯ ᠢ ᠦᠨᠳᠦᠰᠦᠯᠡᠨ ᠲᠣᠭᠲᠠᠭᠠᠵᠤ  ᠪᠣᠯᠣᠨ᠎ᠠ᠃ ᠲᠥᠯᠥᠪᠵᠢᠭᠦᠯᠭᠡ ᠶᠢᠨ ᠨᠥᠬᠦᠴᠡᠯ ᠨᠢ ᠡᠨᠧᠷᠭᠢ ᠠᠷᠪᠢᠯᠠᠬᠤ ᠨᠥᠬᠦᠴᠡᠯ ᠳᠤ ᠨᠡᠶᠢᠴᠡᠬᠦ ᠬᠡᠷᠡᠭᠲᠡᠢ᠃       ᠭᠤᠴᠢᠨ ᠲᠤᠯᠤᠳᠤᠭᠠᠷ ᠵᠦᠢᠯ  ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠨᠢᠭᠡᠴᠡ  ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠬᠤ ᠦᠶᠡᠰ ᠲᠥᠯᠥᠪᠵᠢᠭᠦᠯᠭᠡ ᠶᠢᠨ  ᠨᠥᠬᠦᠴᠡᠯ ᠶᠣᠰᠣᠭᠠᠷ ᠨᠠᠶᠢᠷᠠᠭᠤᠯᠬᠤ ᠬᠡᠷᠡᠭᠲᠡᠢ ᠃      ᠪᠠᠷᠢᠯᠭ᠎ᠠ ᠶᠢ ᠵᠢᠷᠤᠵᠤ ᠲᠥᠯᠥᠪᠯᠡᠬᠦ ᠨᠢᠭᠡᠴᠡ ᠪᠦᠲᠦᠭᠡᠨ ᠪᠠᠶᠢᠭᠤᠯᠬᠤ ᠪᠠᠷᠢᠯᠭ᠎ᠠ ᠶᠢ ᠵᠢᠷᠤᠭᠯᠠᠨ ᠲᠥᠯᠥᠪᠯᠡᠬᠦ  ᠲᠥᠰᠥᠯ ᠪᠠ ᠪᠠᠷᠢᠯᠭ᠎ᠠ ᠶᠢᠨ ᠵᠢᠷᠤᠭ ᠢ ᠨᠠᠶᠢᠷᠠᠭᠤᠯᠬᠤ ᠳᠤ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ  ᠨᠠᠶᠢᠷᠠᠭᠤᠯᠬᠤ ᠬᠡᠷᠡᠭᠲᠡᠢ᠃      ᠭᠤᠴᠢᠨ ᠨᠠᠢᠮᠠᠳᠤᠭᠠᠷ ᠵᠦᠢᠯ  ᠤᠯᠤᠰ ᠤᠨ ᠭᠠᠵᠠᠷ ᠰᠢᠷᠣᠢ ᠶᠢ ᠬᠡᠷᠡᠭᠯᠡᠬᠦ ᠡᠷᠬᠡ ᠶᠢ ᠬᠠᠤᠯᠢ ᠶᠣᠰᠣᠭᠠᠷ  ᠰᠢᠯᠵᠢᠭᠦᠯᠦᠭᠰᠡᠨ ᠤ ᠳᠠᠷᠠᠭ᠎ᠠ᠂ ᠰᠢᠯᠵᠢᠭᠦᠯᠦᠨ ᠠᠪᠤᠭᠰᠠᠨ ᠲᠠᠯ᠎ᠠ ᠨᠢ ᠰᠢᠯᠵᠢᠭᠦᠯᠬᠦ ᠭᠡᠷ᠎ᠡ ᠵᠡᠷᠭᠡ ᠪᠢᠴᠢᠭ  ᠮᠠᠲ᠋ᠧᠷᠢᠶᠠᠯ ᠢᠶᠠᠨ ᠠᠪᠴᠤ᠂ ᠤᠤᠯ ᠤᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ  ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠭᠰᠠᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ  ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠬᠤᠪᠢᠷᠠᠭᠤᠯᠬᠤ ᠭᠠᠷᠳᠠᠮ ᠭᠦᠢᠴᠡᠳᠬᠡᠬᠦ ᠪᠠᠷ ᠭᠤᠶᠤᠴᠢᠯᠠᠬᠤ  ᠬᠡᠷᠡᠭᠲᠡᠢ᠃      ᠤᠯᠤᠰ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠤᠤᠯ ᠤᠨ ᠨᠠᠶᠢᠷ ᠲᠠᠯᠪᠢᠬᠤ  ᠭᠡᠷ᠎ᠡ ᠳᠠᠬᠢ ᠲᠥᠯᠥᠪᠵᠢᠭᠦᠯᠭᠡ ᠶᠢᠨ ᠨᠥᠬᠦᠴᠡᠯ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃       ᠭᠤᠴᠢ ᠶᠢᠰᠦᠳᠦᠭᠡᠷ ᠵᠦᠢᠯ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂ ᠪᠦᠲᠦᠭᠡᠨ ᠪᠠᠶᠢᠭᠤᠯᠬᠤ ᠳᠤ  ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ  ᠨᠢᠭᠡ ᠵᠢᠯ᠃ ᠦᠨᠡᠨ ᠬᠦ ᠬᠤᠭᠤᠴᠠᠭ᠎ᠠ ᠶᠢ ᠨᠢ ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ  ᠨᠢᠭᠡᠴᠡ ᠨᠢ ᠬᠤᠭᠤᠴᠠᠭ᠎ᠠ ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠳᠤᠷᠠᠳᠴᠤ᠂  ᠵᠥᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ ᠤᠷᠲᠤᠳᠬᠠᠵᠤ ᠪᠣᠯᠣᠨ᠎ᠠ᠂ ᠬᠤᠭᠤᠴᠠᠭ᠎ᠠ ᠨᠢ ᠨᠢᠭᠡ ᠵᠢᠯ ᠠᠴᠠ  ᠬᠡᠲᠦᠷᠡᠵᠦ ᠪᠣᠯᠬᠤ ᠦᠭᠡᠢ᠃      ᠲᠦᠷᠪᠡᠳᠦᠭᠡᠷ ᠬᠡᠰᠡᠭ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ      ᠲᠦᠴᠢᠳᠦᠭᠡᠷ ᠵᠦᠢᠯ ᠬᠤᠲᠠ᠂ ᠪᠠᠯᠭᠠᠰᠤᠨ ᠤ ᠲᠥᠯᠥᠪᠵᠢᠭᠦᠯᠭᠡ ᠶᠢᠨ ᠤᠷᠤᠨ ᠤ ᠳᠣᠲᠣᠷ᠎ᠠ ᠪᠠᠷᠢᠯᠭ᠎ᠠ᠂ ᠵᠠᠮ  ᠂ ᠬᠤᠭᠤᠯᠠᠢ ᠲᠤᠤᠷ ᠪᠠ ᠪᠤᠰᠤᠳ ᠪᠠᠷᠢᠯᠭ᠎ᠠ ᠶᠢ ᠪᠦᠲᠦᠭᠡᠨ ᠪᠠᠶᠢᠭᠤᠯᠬᠤ ᠳᠤ ᠪᠦᠲᠦᠭᠡᠨ ᠪᠠᠶᠢᠭᠤᠯᠬᠤ ᠨᠢᠭᠡᠴᠡ ᠪᠤᠶᠤ  ᠬᠤᠪᠢ ᠬᠥᠮᠥᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠣᠷᠳᠣᠨ ᠤ ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠪᠦᠲᠦᠭᠡᠨ  ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠭᠦᠢᠴᠡᠳᠬᠡᠬᠦ ᠪᠠᠷ ᠭᠤᠶᠤᠴᠢᠯᠠᠬᠤ  ᠬᠡᠷᠡᠭᠲᠡᠢ᠃      ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ  ᠭᠦᠢᠴᠡᠳᠬᠡᠬᠦ ᠪᠠᠷ ᠭᠤᠶᠤᠴᠢᠯᠠᠬᠤ ᠳᠤ ᠪᠦᠲᠦᠭᠡᠨ ᠪᠠᠶᠢᠭᠤᠯᠬᠤ ᠲᠥᠷᠥᠯ ᠵᠦᠢᠯ ᠤᠨ ᠭᠠᠵᠠᠷ ᠰᠣᠩᠭᠤᠭᠰᠠᠨ  ᠰᠠᠨᠠᠯ ᠤᠨ ᠪᠢᠴᠢᠭ ᠪᠤᠶᠤ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂ ᠭᠠᠵᠠᠷ ᠬᠡᠷᠡᠭᠯᠡᠬᠦ ᠬᠠᠮᠢᠶ᠎ᠠ ᠪᠦᠬᠦᠢ  ᠭᠡᠷᠡᠴᠢ ᠪᠢᠴᠢᠭ᠂ ᠪᠦᠲᠦᠭᠡᠨ ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ᠂  ᠪᠦᠲᠦᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ  ᠳᠠᠩᠰᠠ ᠡᠪᠬᠡᠮᠡᠯ ᠢ ᠬᠦᠷᠭᠡᠨ ᠮᠡᠳᠡᠭᠦᠯᠬᠦ ᠬᠠᠷᠢᠭᠤᠴᠠᠯᠭ᠎ᠠ ᠶᠢᠨ ᠪᠢᠴᠢᠭ ᠵᠡᠷᠭᠡ ᠮᠠᠲ᠋ᠧᠷᠢᠶᠠᠯ ᠢ ᠲᠤᠰᠢᠶᠠᠭᠤ ᠬᠡᠷᠡᠭᠲᠡᠢ᠃  ᠪᠦᠲᠦᠭᠡᠨ ᠪᠠᠶᠢᠭᠤᠯᠬᠤ ᠨᠢᠭᠡᠴᠡ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠨᠠᠶᠢᠷᠠᠭᠤᠯᠬᠤ  ᠴᠢᠬᠤᠯᠠ ᠲᠠᠢ ᠪᠦᠲᠦᠭᠡᠨ ᠪᠠᠶᠢᠭᠤᠯᠬᠤ ᠲᠥᠷᠥᠯ ᠵᠦᠢᠯ ᠪᠣᠯ ᠵᠠᠰᠠᠨ ᠪᠠᠶᠢᠭᠤᠯᠬᠤ ᠴᠢᠨᠠᠷᠲᠠᠢ ᠨᠠᠷᠢᠨ  ᠲᠥᠯᠥᠪᠵᠢᠭᠦᠯᠭᠡ ᠪᠠᠨ ᠪᠠᠰᠠ ᠲᠤᠰᠢᠶᠠᠬᠤ ᠬᠡᠷᠡᠭᠲᠡᠢ᠃ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠪᠠ  ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠪᠡᠯ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ  ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ  ᠥᠪᠡᠷᠳᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠠᠯᠭᠠᠰᠤᠨ ᠤ ᠠᠷᠠᠳ ᠤᠨ  ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ  ᠦᠨᠡᠮᠯᠡᠯ ᠬᠢᠨᠠᠨ ᠲᠠᠷᠬᠠᠭᠠᠬᠤ ᠬᠡᠷᠡᠭᠲᠡᠢ᠃       ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠥᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠣᠷᠳᠣᠨ ᠠᠴᠠ ᠲᠣᠭᠲᠠᠭᠠᠭᠰᠠᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠲᠣᠭᠲᠠᠭᠠᠭᠰᠠᠨ  ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠵᠢᠷᠤᠭ  ᠲᠥᠯᠥᠪᠯᠡᠭᠡ ᠶᠢᠨ ᠲᠥᠰᠥᠯ ᠤᠨ ᠶᠡᠷᠦᠩᠬᠡᠢ ᠬᠠᠪᠲᠠᠭᠠᠢ ᠵᠢᠷᠤᠭ ᠢ ᠦᠵᠡᠭᠦᠯᠦᠯᠭᠡ ᠶᠢᠨ ᠣᠷᠳᠣᠨ᠂ ᠠᠯᠪᠠᠨ ᠵᠠᠷ  ᠨᠡᠶᠢᠲᠡᠯᠡᠬᠦ ᠬᠡᠷᠡᠰᠭᠡ ᠪᠤᠶᠤ ᠰᠦᠯᠵᠢᠶ᠎ᠡ᠂ ᠰᠣᠨᠢᠨ ᠰᠡᠳᠬᠦᠯ ᠵᠡᠷᠭᠡ ᠳᠡᠭᠡᠷ᠎ᠡ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃       ᠲᠦᠴᠢᠨ ᠨᠢᠭᠡᠳᠦᠭᠡᠷ ᠵᠦᠢᠯ  ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠤᠷᠤᠨ ᠤ  ᠳᠣᠲᠣᠷ᠎ᠠ ᠰᠣᠮᠣ ᠰᠢᠶᠠᠩ ᠪᠠᠯᠭᠠᠰᠤᠨ ᠤ ᠠᠵᠤ ᠠᠬᠤᠶᠢᠯᠠᠯ᠂ ᠰᠣᠮᠣ ᠰᠢᠶᠠᠩ ᠭᠠᠴᠠᠭ᠎ᠠ ᠲᠣᠰᠬᠤᠨ ᠤ ᠣᠯᠠᠨ  ᠨᠡᠶᠢᠲᠡ ᠶᠢᠨ ᠲᠦᠬᠦᠭᠡᠷᠦᠮᠵᠢ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠬᠢᠬᠦ ᠳᠤ᠂  ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ  ᠣᠷᠳᠣᠨ ᠳᠤ ᠭᠤᠶᠤᠴᠢᠯᠠᠯ ᠲᠤᠷᠠᠳᠴᠦ᠂ ᠰᠤᠮᠤ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ  ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ  ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠢᠨᠠᠨ ᠲᠠᠷᠬᠠᠭᠠᠯᠭᠠᠬᠤ  ᠬᠡᠷᠡᠭᠲᠡᠢ᠃      ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢᠨ ᠤᠷᠤᠨ ᠳᠣᠲᠣᠷ᠎ᠠ ᠤᠤᠯ ᠤᠨ ᠪᠠᠶᠢᠭᠰᠠᠨ  ᠣᠷᠣᠨ ᠰᠠᠭᠤᠴᠠ ᠶᠢᠨ ᠰᠠᠭᠤᠷᠢ ᠭᠠᠵᠠᠷ ᠢ ᠬᠡᠷᠡᠭᠯᠡᠵᠦ ᠮᠠᠯᠴᠢᠨ ᠲᠠᠷᠢᠶᠠᠴᠢᠨ ᠤ ᠭᠡᠷ ᠪᠠᠶᠢᠰᠢᠩ ᠢ ᠪᠦᠲᠦᠭᠡᠨ  ᠪᠠᠶᠢᠭᠤᠯᠬᠤ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠠᠷᠭ᠎ᠠ ᠶᠢ ᠥᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠣᠷᠳᠣᠨ ᠠᠴᠠ ᠲᠣᠭᠲᠠᠭᠠᠨ᠎ᠠ᠃       ᠲᠦᠴᠢᠨ ᠬᠤᠶᠠᠳᠤᠭᠠᠷ ᠵᠦᠢᠯ  ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠴᠢᠬᠤᠯᠠ ᠲᠠᠢ ᠲᠥᠷᠥᠯ  ᠵᠦᠢᠯ ᠢ ᠪᠣᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠪᠦᠲᠦᠭᠡᠨ ᠪᠠᠶᠢᠭᠤᠯᠬᠤ ᠲᠥᠷᠥᠯ ᠵᠦᠢᠯ ᠤᠨ  ᠪᠦᠬᠦᠯᠢ ᠴᠣᠭᠴᠠ ᠶᠢᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ  ᠨᠠᠶᠢᠷᠠᠭᠤᠯᠵᠤ᠂ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠲᠥᠯᠥᠪᠯᠡᠭᠡ ᠳᠤᠷᠠᠳᠴᠤ᠂ ᠬᠤᠲᠠ᠂ ᠬᠤᠰᠢᠭᠤ  ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ  ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠤᠶᠤ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ  ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠤᠭᠤᠴᠠᠭ᠎ᠠ ᠬᠤᠪᠢᠶᠠᠨ  ᠭᠦᠢᠴᠡᠳᠬᠡᠬᠦ ᠪᠠᠷ ᠭᠤᠶᠤᠴᠢᠯᠠᠵᠤ ᠪᠣᠯᠣᠨ᠎ᠠ᠃       ᠲᠦᠴᠢᠨ ᠭᠤᠷᠪᠠᠳᠤᠭᠠᠷ ᠵᠦᠢᠯ  ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ  ᠵᠥᠪᠰᠢᠶᠡᠷᠡᠯ ᠤᠨ ᠦᠨᠡᠮᠯᠡᠯ᠂ ᠰᠣᠮᠣ ᠰᠢᠶᠠᠩ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢᠨ  ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠬᠤᠶᠠᠷ ᠵᠢᠯ᠃ ᠦᠨᠡᠨ ᠬᠦ  ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠬᠤᠭᠤᠴᠠᠭ᠎ᠠ ᠨᠢ  ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ  ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠲᠤᠷᠠᠳᠴᠦ᠂ ᠵᠥᠪᠰᠢᠶᠡᠷᠡᠭᠦᠯᠦᠭᠰᠡᠨ ᠤ ᠳᠠᠷᠠᠭ᠎ᠠ ᠨᠢᠭᠡ ᠤᠳᠠᠭ᠎ᠠ  ᠤᠷᠲᠤᠳᠬᠠᠵᠤ ᠪᠣᠯᠣᠨ᠎ᠠ᠂ ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ ᠪᠣᠯᠬᠤ ᠦᠭᠡᠢ᠃      ᠲᠦᠴᠢᠨ ᠲᠦᠷᠪᠡᠳᠦᠭᠡᠷ ᠵᠦᠢᠯ  ᠪᠦᠲᠦᠭᠡᠨ ᠪᠠᠶᠢᠭᠤᠯᠬᠤ ᠪᠠᠷᠢᠯᠭ᠎ᠠ ᠶᠢ ᠠᠵᠢᠯ ᠡᠬᠢᠯᠡᠭᠦᠯᠬᠦ ᠠᠴᠠ ᠡᠮᠦᠨ᠎ᠡ  ᠵᠢᠴᠢ ᠰᠠᠭᠤᠷᠢ ᠪᠠᠷᠢᠯᠭ᠎ᠠ ᠪᠤᠶᠤ ᠳᠠᠯᠳᠠ ᠪᠠᠷᠢᠯᠭ᠎ᠠ ᠶᠢ ᠠᠵᠢᠯ ᠡᠬᠢᠯᠡᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ  ᠨᠢᠭᠡᠴᠡ ᠪᠤᠶᠤ ᠬᠤᠪᠢ ᠬᠥᠮᠥᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ  ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠭᠠᠭᠤᠯᠬᠤ ᠪᠠᠷ ᠭᠤᠶᠤᠴᠢᠯᠠᠯ  ᠲᠤᠷᠠᠳᠴᠦ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠪᠤᠨ ᠠᠵᠢᠯ ᠤᠨ ᠡᠳᠦᠷ ᠤᠨ ᠳᠣᠲᠣᠷ᠎ᠠ  ᠤᠲᠠᠰᠤ ᠶᠢ ᠰᠢᠯᠭᠠᠬᠤ ᠬᠡᠷᠡᠭᠲᠡᠢ᠃ ᠤᠲᠠᠰᠤ ᠶᠢ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠪᠠᠷᠢᠯᠭ᠎ᠠ ᠶᠢᠨ  ᠠᠵᠢᠯ ᠢ ᠡᠬᠢᠯᠡᠭᠦᠯᠵᠦ ᠪᠣᠯᠣᠨ᠎ᠠ᠃      ᠪᠦᠲᠦᠭᠡᠨ ᠪᠠᠶᠢᠭᠤᠯᠬᠤ ᠪᠠᠷᠢᠯᠭ᠎ᠠ ᠶᠢᠨ ᠤᠲᠠᠰᠤ ᠶᠢ ᠰᠢᠯᠭᠠᠬᠤ ᠠᠴᠠ ᠡᠮᠦᠨ᠎ᠡ᠂ ᠪᠦᠲᠦᠭᠡᠨ ᠪᠠᠶᠢᠭᠤᠯᠬᠤ  ᠨᠢᠭᠡᠴᠡ ᠪᠤᠶᠤ ᠬᠤᠪᠢ ᠬᠥᠮᠥᠨ ᠪᠠᠷᠢᠯᠭ᠎ᠠ ᠶᠢᠨ ᠭᠠᠵᠠᠷ ᠤᠨ ᠢᠯᠠ ᠭᠠᠵᠠᠷ ᠢᠯᠡᠷᠬᠡᠶᠢᠯᠡᠯ ᠫᠠᠶᠢᠰᠠ ᠲᠣᠬᠢᠷᠠᠭᠤᠯᠵᠤ᠂  ᠪᠦᠲᠦᠭᠡᠨ ᠪᠠᠶᠢᠭᠤᠯᠬᠤ ᠲᠥᠷᠥᠯ ᠵᠦᠢᠯ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠠᠭᠤᠯᠭ᠎ᠠ ᠪᠠᠨ ᠨᠡᠶᠢᠲᠡᠯᠡᠬᠦ  ᠬᠡᠷᠡᠭᠲᠡᠢ᠃ ᠪᠠᠷᠢᠯᠭ᠎ᠠ ᠶᠢᠨ ᠬᠤᠭᠤᠴᠠᠭᠠᠨ ᠳᠤ᠂ ᠢᠯᠡᠷᠬᠡᠶᠢᠯᠡᠯ ᠤᠨ ᠫᠠᠶᠢᠰᠠ ᠳᠠᠬᠢ ᠠᠭᠤᠯᠭ᠎ᠠ ᠶᠢᠨ ᠪᠦᠷᠢᠨ ᠪᠦᠲᠦᠨ  ᠪᠠᠶᠢᠬᠤ ᠶᠢ ᠪᠠᠲᠤᠯᠠᠬᠤ ᠬᠡᠷᠡᠭᠲᠡᠢ᠃      ᠲᠦᠴᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ  ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ  ᠨᠥᠬᠦᠴᠡᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠬᠡᠷᠡᠭᠲᠡᠢ᠃ ᠲᠥᠯᠥᠪᠵᠢᠭᠦᠯᠭᠡ ᠶᠢᠨ ᠨᠥᠬᠦᠴᠡᠯ ᠳᠤ  ᠨᠡᠶᠢᠴᠡᠪᠡᠯ ᠪᠦᠲᠦᠭᠡᠨ ᠪᠠᠶᠢᠭᠤᠯᠬᠤ ᠪᠠᠷᠢᠯᠭ᠎ᠠ ᠳᠠᠭᠤᠰᠬᠤ ᠳᠤ ᠲᠥᠯᠥᠪᠵᠢᠭᠦᠯᠭᠡ ᠶᠢ ᠬᠢᠨᠠᠨ ᠬᠠᠷᠭᠤᠭᠤᠯᠵᠦ ᠬᠢᠷᠢ  ᠲᠡᠩᠴᠡᠭᠰᠡᠨ ᠦᠨᠡᠮᠯᠡᠯ ᠬᠢᠨᠠᠨ ᠲᠠᠷᠬᠠᠭᠠᠬᠤ ᠬᠡᠷᠡᠭᠲᠡᠢ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ  ᠬᠠᠷᠭᠤᠭᠤᠯᠤᠭᠠᠳ ᠲᠥᠯᠥᠪᠵᠢᠭᠦᠯᠭᠡ ᠶᠢᠨ ᠨᠥᠬᠦᠴᠡᠯ ᠳᠤ ᠨᠡᠶᠢᠴᠡᠭᠰᠡᠨ ᠦᠭᠡᠢ ᠪᠣᠯ᠂ ᠪᠦᠲᠦᠭᠡᠨ ᠪᠠᠶᠢᠭᠤᠯᠣᠭᠰᠠᠨ  ᠨᠢᠭᠡᠴᠡ ᠨᠢ ᠪᠠᠷᠢᠯᠭ᠎ᠠ ᠳᠠᠭᠤᠰᠬᠤ ᠰᠢᠯᠭᠠᠨ ᠬᠤᠷᠢᠶᠠᠬᠤ ᠠᠵᠢᠯ ᠢ ᠵᠣᠬᠢᠶᠠᠨ ᠪᠠᠶᠢᠭᠤᠯᠵᠤ ᠪᠣᠯᠬᠤ ᠦᠭᠡᠢ᠂  ᠥᠮᠴᠢᠯᠡᠬᠦ ᠡᠷᠬᠡ ᠶᠢ ᠳᠠᠩᠰᠠᠯᠠᠬᠤ ᠪᠠᠶᠢᠭᠤᠯᠭ᠎ᠠ ᠥᠮᠴᠢᠯᠡᠬᠦ ᠡᠷᠬᠡ ᠶᠢ ᠳᠠᠩᠰᠠᠯᠠᠬᠤ ᠭᠠᠷᠳᠠᠮ ᠭᠦᠢᠴᠡᠳᠬᠡᠨ ᠥᠭᠴᠦ  ᠪᠣᠯᠬᠤ ᠦᠭᠡᠢ᠃       ᠪᠦᠲᠦᠭᠡᠨ ᠪᠠᠶᠢᠭᠤᠯᠬᠤ ᠨᠢᠭᠡᠴᠡ ᠲᠥᠯᠥᠪᠵᠢᠭᠦᠯᠭᠡ ᠶᠢᠨ ᠨᠥᠬᠦᠴᠡᠯ ᠶᠣᠰᠣᠭᠠᠷ ᠪᠦᠲᠦᠭᠡᠨ ᠪᠠᠶᠢᠭᠤᠯᠤᠭᠰᠠᠨ  ᠦᠭᠡᠢ ᠪᠤᠶᠤ ᠴᠠᠭ ᠤᠨ ᠳᠠᠷᠠᠭᠠᠯᠠᠯ ᠶᠣᠰᠣᠭᠠᠷ ᠰᠠᠭᠤᠷᠢ ᠪᠡᠯᠡᠳᠬᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ  ᠲᠦᠬᠦᠭᠡᠷᠦᠮᠵᠢ ᠪᠠᠨ ᠪᠦᠲᠦᠭᠡᠨ ᠪᠠᠶᠢᠭᠤᠯᠤᠭᠰᠠᠨ ᠦᠭᠡᠢ ᠪᠣᠯ ᠬᠤᠲᠠ ᠬᠥᠳᠡᠭᠡ ᠶᠢᠨ ᠲᠥᠯᠥᠪᠵᠢᠭᠦᠯᠭᠡ ᠶᠢ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠰ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ  ᠲᠥᠯᠥᠪᠵᠢᠭᠦᠯᠭᠡ ᠶᠢ ᠬᠢᠨᠠᠨ ᠰᠢᠯᠭᠠᠵᠤ ᠥᠭᠴᠦ ᠪᠣᠯᠬᠤ ᠦᠭᠡᠢ᠃       ᠪᠦᠲᠦᠭᠡᠨ ᠪᠠᠶᠢᠭᠤᠯᠬᠤ ᠨᠢᠭᠡᠴᠡ ᠪᠠᠷᠢᠯᠭ᠎ᠠ ᠳᠠᠭᠤᠰᠴᠦ ᠰᠢᠯᠭᠠᠨ ᠬᠤᠷᠢᠶᠠᠭᠰᠠᠨ ᠤ ᠳᠠᠷᠠᠭᠠᠬᠢ ᠵᠢᠷᠭᠤᠭᠠᠨ  ᠰᠠᠷ᠎ᠠ ᠶᠢᠨ ᠲᠤᠳᠤᠷ᠎ᠠ ᠬᠤᠲᠠ ᠬᠦᠳᠡᠭᠡ ᠶᠢᠨ ᠲᠥᠯᠦᠪᠵᠢᠭᠦᠯᠭᠡ ᠶᠢ ᠭᠤᠤᠯᠯᠠᠨ ᠬᠠᠮᠢᠶᠠᠷᠬᠤ ᠰᠠᠯᠠᠭ᠎ᠠ ᠳᠤ  ᠬᠤᠯᠪᠤᠭᠳᠠᠯ ᠪᠥᠭᠦᠢ ᠪᠠᠷᠢᠯᠭ᠎ᠠ ᠳᠠᠭᠤᠰᠴᠦ ᠰᠢᠯᠭᠠᠨ ᠬᠤᠷᠢᠶᠠᠭᠰᠠᠨ ᠮᠠᠲ᠋ᠧᠷᠢᠶᠠᠯ ᠢᠶᠠᠨ ᠮᠡᠳᠡᠭᠦᠯᠭᠦ ᠶᠢᠨ ᠬᠠᠮᠳᠤ  ᠠᠳᠠᠯᠢ ᠱᠠᠳᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠭᠡᠮᠡᠯ ᠤᠨ ᠪᠠᠶᠢᠭᠤᠯᠤᠮᠵᠢ ᠳᠤ  ᠳᠠᠩᠰᠠᠯᠠᠭᠤᠯᠬᠤ ᠬᠡᠷᠡᠭᠲᠠᠢ᠃      ᠲᠠᠪᠤᠳᠤᠭᠠᠷ ᠬᠡᠰᠡᠭ  ᠲᠦᠷ ᠴᠠᠭ ᠭᠠᠵᠠᠷ ᠬᠡᠷᠡᠭᠯᠡᠬᠦ ᠪᠠ ᠲᠦᠷ ᠴᠠᠭ ᠤᠨ ᠪᠦᠲᠦᠭᠡᠨ ᠪᠠᠶᠢᠭᠤᠯᠬᠤ  ᠪᠠᠷᠢᠯᠭ᠎ᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ      ᠲᠦᠴᠢᠨ ᠵᠢᠷᠭᠤᠳᠤᠭᠠᠷ ᠵᠦᠢᠯ  ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ᠂ ᠬᠤᠲᠠ  ᠪᠠᠯᠭᠠᠰᠤᠨ ᠤ ᠲᠥᠯᠥᠪᠵᠢᠭᠦᠯᠭᠡ ᠶᠢᠨ ᠤᠷᠤᠨ ᠤ ᠳᠣᠲᠣᠷ᠎ᠠ ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ  ᠦᠶᠡᠰ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷ ᠴᠠᠭ ᠤᠨ ᠪᠦᠲᠦᠭᠡᠨ  ᠪᠠᠶᠢᠭᠤᠯᠤᠯᠲᠠ ᠳᠤ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠭᠰᠠᠨ ᠤ  ᠳᠠᠷᠠᠭ᠎ᠠ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢ ᠭᠤᠣᠯᠯᠠᠨ ᠬᠠᠮᠢᠶᠠᠷᠬᠤ  ᠰᠠᠯᠠᠭ᠎ᠠ ᠮᠥᠴᠢᠷ ᠲᠤ ᠲᠦᠷ ᠴᠠᠭ ᠤᠨ ᠭᠠᠵᠠᠷ ᠬᠡᠷᠡᠭᠯᠡᠬᠦ ᠭᠠᠷᠳᠠᠮ ᠭᠦᠢᠴᠡᠳᠬᠡᠬᠦ ᠪᠠᠷ  ᠭᠤᠶᠤᠴᠢᠯᠠᠬᠤ ᠬᠡᠷᠡᠭᠲᠡᠢ᠃      ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠲᠦᠷ ᠴᠠᠭ ᠤᠨ ᠭᠠᠵᠠᠷ ᠬᠡᠷᠡᠭᠯᠡᠬᠦ ᠭᠠᠷᠳᠠᠮ  ᠭᠦᠢᠴᠡᠳᠬᠡᠭᠰᠡᠨ ᠤ ᠳᠠᠷᠠᠭ᠎ᠠ᠂ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠤᠲᠠ  ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠷ ᠴᠠᠭ ᠤᠨ ᠪᠦᠲᠦᠭᠡᠨ  ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠪᠠᠷ ᠭᠤᠶᠤᠴᠢᠯᠠᠬᠤ  ᠬᠡᠷᠡᠭᠲᠠᠢ᠃      ᠭᠠᠵᠠᠷ ᠰᠢᠷᠣᠢ ᠬᠡᠷᠡᠭᠯᠡᠬᠦ ᠡᠷᠬᠡ ᠨᠢ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠳᠤ  ᠬᠠᠷᠢᠶᠠᠯᠠᠭᠳᠠᠪᠠᠯ ᠲᠦᠷ ᠴᠠᠭ ᠤᠨ ᠪᠦᠲᠦᠭᠡᠨ ᠪᠠᠶᠢᠭᠤᠯᠤᠯᠲᠠ ᠬᠢᠬᠦ ᠦᠶᠡᠰ ᠲᠦᠷ ᠴᠠᠭ ᠤᠨ ᠪᠦᠲᠦᠭᠡᠨ ᠪᠠᠶᠢᠭᠤᠯᠬᠤ  ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠬᠡᠵᠦ ᠪᠣᠯᠣᠨ᠎ᠠ᠃      ᠲᠦᠷ ᠴᠠᠭ ᠤᠨ ᠪᠦᠲᠦᠭᠡᠨ ᠪᠠᠶᠢᠭᠤᠯᠤᠯᠲᠠ ᠨᠢ ᠣᠶᠢᠷ᠎ᠠ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ  ᠪᠤᠶᠤ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠶᠢᠨ ᠬᠡᠷᠡᠭᠵᠢᠭᠦᠯᠦᠭᠳᠡᠬᠦ ᠪᠠ ᠵᠠᠮ ᠬᠠᠷᠢᠯᠴᠠᠭ᠎ᠠ᠂  ᠬᠤᠲᠠ ᠶᠢᠨ ᠦᠵᠡᠮᠵᠢ᠂ ᠠᠮᠤᠷ ᠲᠦᠪᠰᠢᠨ ᠵᠡᠷᠭᠡ ᠶᠢ ᠨᠥᠯᠥᠭᠡᠯᠡᠪᠡᠯ ᠵᠥᠪᠰᠢᠶᠡᠷᠡᠵᠦ ᠪᠣᠯᠬᠤ ᠦᠭᠡᠢ᠃       ᠲᠦᠴᠢᠨ ᠲᠤᠯᠤᠳᠤᠭᠠᠷ ᠵᠦᠢᠯ  ᠲᠦᠷ ᠴᠠᠭ ᠤᠨ ᠪᠦᠲᠦᠭᠡᠨ ᠪᠠᠶᠢᠭᠤᠯᠬᠤ ᠪᠠᠷᠢᠯᠭ᠎ᠠ ᠶᠢᠨ  ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠡᠷᠡᠭᠯᠡᠬᠦ ᠬᠤᠭᠤᠴᠠᠭ᠎ᠠ ᠨᠢ ᠬᠤᠶᠠᠷ ᠵᠢᠯ ᠠᠴᠠ ᠬᠡᠲᠦᠷᠡᠵᠦ  ᠪᠣᠯᠬᠤ ᠦᠭᠡᠢ᠃ ᠦᠨᠡᠨ ᠬᠦ ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠪᠦᠲᠦᠭᠡᠨ ᠪᠠᠶᠢᠭᠤᠯᠬᠤ ᠨᠢᠭᠡᠴᠡ  ᠪᠤᠶᠤ ᠬᠤᠪᠢ ᠬᠥᠮᠥᠨ ᠨᠢ ᠬᠤᠭᠤᠴᠠᠭ᠎ᠠ ᠲᠤᠯᠬᠤ ᠠᠴᠠ ᠡᠮᠦᠨ᠎ᠡ ᠭᠤᠴᠢᠨ ᠡᠳᠦᠷ ᠤᠨ ᠳᠣᠲᠣᠷ᠎ᠠ ᠵᠥᠪᠰᠢᠶᠡᠷᠡᠭᠰᠡᠨ  ᠪᠠᠶᠢᠭᠤᠯᠭ᠎ᠠ ᠳᠤ ᠭᠤᠶᠤᠴᠢᠯᠠᠯ ᠲᠤᠷᠠᠳᠴᠦ᠂ ᠵᠥᠪᠰᠢᠶᠡᠷᠡᠪᠡᠯ ᠨᠢᠭᠡ ᠤᠳᠠᠭ᠎ᠠ ᠤᠷᠲᠤᠳᠬᠠᠵᠤ ᠪᠣᠯᠣᠨ᠎ᠠ᠂  ᠬᠤᠭᠤᠴᠠᠭ᠎ᠠ ᠨᠢ ᠨᠢᠭᠡ ᠵᠢᠯ ᠠᠴᠠ ᠬᠡᠲᠦᠷᠡᠵᠦ ᠪᠣᠯᠬᠤ ᠦᠭᠡᠢ᠃      ᠲᠦᠴᠢᠨ ᠨᠠᠢᠮᠠᠳᠤᠭᠠᠷ ᠵᠦᠢᠯ ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠲᠦᠷ ᠴᠠᠭ ᠤᠨ  ᠪᠦᠲᠦᠭᠡᠨ ᠪᠠᠶᠢᠭᠤᠯᠤᠯᠲᠠ᠂ ᠲᠦᠷ ᠴᠠᠭ ᠤᠨ ᠭᠠᠵᠠᠷ ᠬᠡᠷᠡᠭᠯᠡᠬᠦ ᠵᠥᠪᠰᠢᠶᠡᠷᠡᠯ ᠤᠨ ᠬᠤᠭᠤᠴᠠᠭ᠎ᠠ ᠲᠤᠯᠬᠤ ᠠᠴᠠ  ᠡᠮᠦᠨ᠎ᠡ ᠪᠠᠷᠢᠯᠭ᠎ᠠ ᠪᠠᠨ ᠥᠪᠡᠷᠲᠡᠭᠡᠨ ᠨᠤᠷᠠᠭᠠᠵᠤ᠂ ᠲᠠᠯᠠᠪᠠᠢ ᠪᠠᠨ ᠴᠡᠪᠡᠷᠯᠡᠬᠦ ᠬᠡᠷᠡᠭᠲᠡᠢ᠃       ᠲᠦᠴᠢ ᠶᠢᠰᠦᠳᠦᠭᠡᠷ ᠵᠦᠢᠯ ᠲᠦᠷ ᠴᠠᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠰᠢᠨᠵᠢ ᠴᠢᠨᠠᠷ ᠢ  ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠳᠠᠩᠰᠠᠯᠠᠭᠤᠯᠤᠯᠲᠠ  ᠭᠦᠢᠴᠡᠳᠭᠡᠵᠦ ᠪᠣᠯᠬᠤ ᠦᠭᠡᠢ᠃      ᠲᠦᠷᠪᠡᠳᠦᠭᠡᠷ ᠪᠦᠯᠦᠭ ᠬᠤᠲᠠ ᠬᠥᠳᠡᠭᠡ ᠶᠢᠨ ᠲᠥᠯᠥᠪᠵᠢᠭᠦᠯᠭᠡ ᠶᠢ ᠦᠨᠡᠯᠡᠬᠦ ᠪᠠ ᠵᠠᠰᠠᠪᠤᠷᠢ ᠤᠷᠤᠭᠤᠯᠬᠤ      ᠲᠠᠪᠢᠳᠤᠭᠠᠷ ᠵᠦᠢᠯ ᠬᠤᠲᠠ ᠪᠠᠯᠭᠠᠰᠤᠨ ᠤ ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ  ᠲᠥᠯᠥᠪᠵᠢᠭᠦᠯᠭᠡ᠂ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠬᠤ  ᠪᠠᠶᠢᠭᠤᠯᠭ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠤᠶᠠᠷ ᠵᠢᠯ  ᠪᠦᠷᠢ ᠳᠤ ᠨᠢᠭᠡ ᠤᠳᠠᠭ᠎ᠠ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠦᠨᠡᠯᠡᠯᠲᠡ ᠬᠢᠯᠭᠡᠬᠦ ᠶᠢᠨ ᠬᠠᠮᠲᠤ  ᠨᠤᠲᠠᠯᠠᠬᠤ ᠬᠤᠷᠠᠯ᠂ ᠭᠡᠷᠡᠴᠢ ᠰᠣᠨᠣᠰᠬᠤ ᠬᠤᠷᠠᠯ ᠪᠤᠶᠤ ᠪᠤᠰᠤᠳ ᠬᠡᠯᠪᠡᠷᠢ ᠪᠠᠷ ᠣᠯᠠᠨ ᠤ ᠰᠠᠨᠠᠯ ᠢ ᠰᠣᠨᠣᠰᠬᠤ  ᠬᠡᠷᠡᠭᠲᠡᠢ᠃ ᠵᠣᠬᠢᠶᠠᠨ ᠪᠠᠶᠢᠭᠤᠯᠤᠨ ᠨᠠᠶᠢᠷᠠᠭᠤᠯᠬᠤ ᠪᠠᠶᠢᠭᠤᠯᠭ᠎ᠠ ᠨᠢ ᠲᠤᠰ ᠱᠠᠲᠤᠨ ᠤ ᠠᠷᠠᠳ ᠤᠨ  ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠠᠯᠭᠠᠰᠤᠨ ᠤ ᠠᠷᠠᠳ ᠤᠨ  ᠲᠥᠯᠤᠭᠡᠯᠡᠭᠴᠢᠳ ᠤᠨ ᠶᠡᠭᠡ ᠬᠤᠷᠠᠯ ᠪᠠ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠦᠨᠡᠯᠡᠭᠰᠡᠨ  ᠮᠡᠳᠡᠭᠦᠯᠦᠯᠲᠡ ᠭᠠᠷᠭᠠᠬᠤ ᠶᠢᠨ ᠬᠠᠮᠲᠤ ᠰᠠᠨᠠᠯ ᠬᠤᠷᠢᠶᠠᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃       ᠲᠠᠪᠢᠨ ᠨᠢᠭᠡᠳᠦᠭᠡᠷ ᠵᠦᠢᠯ ᠳᠣᠣᠷᠠᠬᠢ ᠦᠵᠡᠭᠳᠡᠯ ᠤᠨ ᠨᠢᠭᠡ ᠨᠢ ᠪᠠᠶᠢᠪᠠᠯ᠂ ᠵᠣᠬᠢᠶᠠᠨ ᠪᠠᠶᠢᠭᠤᠯᠤᠨ  ᠨᠠᠶᠢᠷᠠᠭᠤᠯᠤᠭᠰᠠᠨ ᠨᠢᠭᠡᠴᠡ ᠨᠢ ᠲᠣᠭᠲᠠᠭᠰᠠᠨ ᠡᠷᠬᠡ ᠶᠢᠨ ᠬᠢᠵᠠᠭᠠᠷ ᠪᠠ ᠳᠠᠷᠠᠭᠠᠯᠠᠯ ᠶᠣᠰᠣᠭᠠᠷ ᠬᠤᠲᠠ ᠪᠠᠯᠭᠠᠰᠤᠨ ᠤ  ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ ᠲᠥᠯᠥᠪᠵᠢᠭᠦᠯᠭᠡ᠂ ᠪᠠᠯᠭᠠᠰᠤᠨ ᠤ ᠶᠡᠷᠤᠩᠭᠡᠢ  ᠲᠥᠯᠥᠪᠵᠢᠭᠦᠯᠭᠡ ᠳᠤ ᠵᠠᠰᠠᠪᠤᠷᠢ ᠣᠷᠣᠭᠤᠯᠵᠤ ᠪᠣᠯᠣᠨ᠎ᠠ᠄       ︵ᠨᠢᠭᠡ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠤᠲᠠ ᠬᠥᠳᠡᠭᠡ ᠶᠢᠨ  ᠲᠥᠯᠥᠪᠵᠢᠭᠦᠯᠭᠡ ᠳᠤ ᠬᠤᠪᠢᠷᠠᠯᠲᠠ ᠭᠠᠷᠴᠤ᠂ ᠲᠥᠯᠥᠪᠵᠢᠭᠦᠯᠭᠡ ᠶᠢ ᠵᠠᠰᠠᠪᠤᠷᠢ ᠣᠷᠣᠭᠤᠯᠬᠤ ᠱᠠᠭᠠᠷᠳᠠᠯᠭ᠎ᠠ  ᠳᠤᠷᠠᠳᠤᠭᠰᠠᠨ︔      ︵ᠬᠤᠶᠠᠷ︶ ᠵᠠᠰᠠᠭ ᠵᠠᠬᠢᠷᠭᠠᠨ ᠤ ᠬᠤᠪᠢᠶᠠᠷᠢᠯᠠᠯ ᠳᠤ ᠲᠣᠬᠢᠷᠠᠭᠤᠯᠤᠯᠲᠠ ᠬᠢᠭᠰᠡᠨ ᠠᠴᠠ ᠪᠤᠯᠵᠦ  ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯᠣᠭᠰᠠᠨ︔      ︵ᠭᠤᠷᠪᠠ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠴᠢᠬᠤᠯᠠ ᠶᠡᠭᠡ ᠪᠦᠲᠦᠭᠡᠨ  ᠪᠠᠶᠢᠭᠤᠯᠤᠯᠲᠠ ᠶᠢᠨ ᠪᠠᠷᠢᠯᠭ᠎ᠠ ᠠᠴᠠ ᠪᠤᠯᠵᠦ ᠲᠥᠯᠥᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ  ᠴᠢᠬᠤᠯᠠ ᠲᠠᠢ ᠪᠣᠯᠣᠭᠰᠠᠨ︔      ︵ᠳᠥᠷᠪᠡ︶ ᠦᠨᠡᠯᠡᠭᠰᠡᠨ ᠤ ᠳᠠᠷᠠᠭ᠎ᠠ ᠲᠥᠯᠥᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ  ᠴᠢᠬᠤᠯᠠ ᠲᠠᠢ ᠪᠣᠯᠣᠭᠰᠠᠨ︔       ︵ᠲᠠᠪᠤ︶ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠠᠴᠠ  ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠭᠡᠵᠦ ᠦᠵᠡᠭᠰᠡᠨ ᠪᠤᠰᠤᠳ ᠪᠠᠶᠢᠳᠠᠯ᠃      ᠬᠤᠲᠠ ᠪᠠᠯᠭᠠᠰᠤᠨ ᠤ ᠰᠢᠰᠲ᠋ᠧᠮᠵᠢ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠢ ᠲᠥᠯᠥᠪᠵᠢᠭᠦᠯᠭᠡ᠂  ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠠᠴᠠ ᠡᠮᠦᠨ᠎ᠡ ᠵᠣᠬᠢᠶᠠᠨ ᠪᠠᠶᠢᠭᠤᠯᠤᠨ  ᠨᠠᠶᠢᠷᠠᠭᠤᠯᠤᠭᠰᠠᠨ ᠪᠠᠶᠢᠭᠤᠯᠭ᠎ᠠ ᠤᠤᠯ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢ ᠳ᠋ᠦᠩᠨᠡᠬᠦ ᠶᠢᠨ  ᠬᠠᠮᠲᠤ ᠤᠤᠯ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ︔ ᠬᠤᠲᠠ ᠶᠢᠨ ᠶᠡᠷᠦᠩᠬᠡᠢ  ᠲᠥᠯᠥᠪᠵᠢᠭᠦᠯᠭᠡ᠂ ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠬᠤᠯᠪᠣᠭᠳᠠᠭᠰᠠᠨ ᠠᠯᠪᠠᠳᠠᠯᠭ᠎ᠠ ᠶᠢᠨ ᠴᠢᠨᠠᠷᠲᠠᠢ  ᠠᠭᠤᠯᠭ᠎ᠠ ᠳᠤ ᠵᠠᠰᠠᠪᠤᠷᠢ ᠣᠷᠣᠭᠤᠯᠬᠤ ᠳᠤ ᠣᠷᠢᠳᠠᠪᠠᠷ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ  ᠲᠤᠰᠬᠠᠢ ᠰᠡᠳᠦᠪᠲᠦ ᠮᠡᠳᠡᠭᠦᠯᠦᠯᠲᠡ ᠭᠠᠷᠭᠠᠵᠤ᠂ ᠵᠥᠪᠰᠢᠶᠡᠷᠡᠭᠰᠡᠨ ᠤ ᠳᠠᠷᠠᠭ᠎ᠠ ᠲᠥᠰᠥᠯ ᠳᠤ ᠵᠠᠰᠠᠪᠤᠷᠢ ᠣᠷᠣᠭᠤᠯᠵᠤ  ᠪᠣᠯᠣᠨ᠎ᠠ᠃       ᠠᠶᠢᠮᠠᠭ ᠤᠨ ᠬᠠᠷᠢᠶ᠎ᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ  ᠪᠠᠯᠭᠠᠰᠤᠨ ᠤ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠠᠶᠢᠮᠠᠭ ᠤᠨ  ᠵᠠᠬᠢᠷᠭ᠎ᠠ ᠠᠴᠠ ᠬᠢᠨᠠᠨ ᠪᠠᠶᠢᠴᠠᠭᠠᠵᠦ ᠵᠦᠪᠰᠢᠶᠡᠷᠡᠭᠰᠡᠨ ᠤ ᠳᠠᠷᠠᠭ᠎ᠠ ᠤᠤᠯ ᠤᠨ ᠬᠢᠨᠠᠨ ᠵᠦᠪᠰᠢᠶᠡᠷᠡᠭᠰᠡᠨ  ᠪᠠᠶᠢᠭᠤᠯᠭ᠎ᠠ ᠳᠤ ᠮᠡᠳᠡᠭᠦᠯᠭᠦ ᠬᠡᠷᠡᠭᠲᠠᠢ᠃ ᠵᠠᠰᠠᠪᠤᠷᠢ ᠤᠷᠤᠭᠤᠯᠤᠭᠰᠠᠨ ᠬᠤᠲᠠ ᠪᠠᠯᠭᠠᠰᠤᠨ ᠤ ᠰᠢᠰᠲ᠋ᠧᠮ ᠤᠨ  ᠲᠥᠯᠦᠪᠵᠢᠭᠦᠯᠭᠡ᠂ ᠬᠤᠲᠠ ᠶᠢᠨ ᠶᠡᠷᠤᠩᠭᠡᠢ ᠲᠥᠯᠦᠪᠵᠢᠭᠦᠯᠭᠡ᠂ ᠪᠠᠯᠭᠠᠰᠤᠨ ᠤ ᠶᠡᠷᠤᠩᠭᠡᠢ ᠲᠥᠯᠦᠪᠵᠢᠭᠦᠯᠭᠡ ᠶᠢ  ᠲᠤᠰ ᠳᠦᠷᠢᠮ ᠤᠨ ᠠᠷᠪᠠᠨ ᠳᠥᠷᠪᠡᠳᠦᠭᠡᠷ ᠵᠦᠢᠯ᠂ ᠠᠷᠪᠠᠨ ᠵᠢᠷᠭᠤᠳᠤᠭᠠᠷ ᠵᠦᠢᠯ᠂ ᠠᠷᠪᠠᠨ ᠳᠣᠯᠣᠳᠤᠭᠠᠷ  ᠵᠦᠢᠯ ᠤᠨ ᠲᠣᠭᠲᠠᠭᠠᠯ ᠳᠠᠬᠢ ᠬᠢᠨᠠᠨ ᠵᠥᠪᠰᠢᠶᠡᠷᠡᠬᠦ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ  ᠬᠡᠷᠡᠭᠲᠡᠢ᠃      ᠲᠠᠪᠢᠨ ᠬᠤᠶᠠᠳᠤᠭᠠᠷ ᠵᠦᠢᠯ  ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠣᠬᠢᠶᠠᠨ ᠪᠠᠶᠢᠭᠤᠯᠤᠨ  ᠨᠠᠶᠢᠷᠠᠭᠤᠯᠬᠤ ᠪᠠᠶᠢᠭᠤᠯᠤᠮᠵᠢ ᠲᠣᠭᠲᠠᠭᠰᠠᠨ ᠡᠷᠬᠡ ᠬᠢᠵᠠᠭᠠᠷ ᠪᠠ ᠳᠠᠷᠠᠭᠠᠯᠠᠯ ᠶᠣᠰᠣᠭᠠᠷ ᠡᠵᠡᠮᠰᠢᠯ ᠤᠨ ᠴᠢᠨᠠᠷᠲᠠᠢ  ᠨᠠᠷᠢᠨ ᠲᠥᠯᠥᠪᠵᠢᠭᠦᠯᠭᠡ ᠳᠤ ᠵᠠᠰᠠᠪᠤᠷᠢ ᠤᠷᠤᠭᠤᠯᠬᠤ ᠬᠡᠷᠡᠭᠲᠡᠢ᠄       ︵ᠨᠢᠭᠡ︶ ᠶᠡᠷᠦᠩᠬᠡᠢ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠠᠴᠠ ᠪᠣᠯᠵᠤ ᠬᠤᠲᠠ ᠪᠠᠯᠭᠠᠰᠤᠨ ᠤ  ᠪᠠᠶᠢᠷᠢᠯᠠᠭᠤᠯᠤᠯᠲᠠ ᠪᠠ ᠴᠢᠳᠠᠪᠬᠢ ᠳᠤ ᠴᠢᠬᠤᠯᠠ ᠶᠡᠭᠡ ᠨᠥᠯᠥᠭᠡ ᠦᠵᠡᠭᠦᠯᠦᠭᠰᠡᠨ︔       ︵ᠬᠤᠶᠠᠷ︶ ᠲᠥᠯᠥᠪᠵᠢᠭᠦᠯᠭᠡ ᠶᠢ ᠬᠡᠷᠡᠭᠵᠢᠭᠦᠯᠬᠦ ᠳᠤᠮᠳᠠ ᠨᠤᠲᠠᠯᠠᠯᠲᠠ ᠬᠢᠬᠦ ᠪᠠᠷ ᠳᠠᠮᠵᠢᠨ ᠦᠨᠡᠨ ᠬᠦ  ᠵᠠᠰᠠᠪᠤᠷᠢ ᠣᠷᠣᠭᠤᠯᠬᠤ ᠴᠢᠬᠤᠯᠠ ᠲᠠᠢ ᠪᠥᠭᠡᠳ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠠᠴᠠ ᠬᠢᠨᠠᠨ  ᠪᠠᠶᠢᠴᠠᠭᠠᠵᠤ ᠵᠥᠪᠰᠢᠶᠡᠷᠡᠭᠰᠡᠨ︔      ︵ᠭᠤᠷᠪᠠ︶ ᠤᠯᠤᠰ᠂ ᠥᠪᠡᠷᠳᠡᠭᠡᠨ ᠵᠠᠰᠠᠬᠤ ᠤᠷᠤᠨ᠂ ᠠᠶᠢᠮᠠᠭ ᠬᠤᠲᠠ ᠶᠢᠨ ᠭᠤᠣᠯᠳᠠᠯᠭ᠎ᠠ ᠲᠠᠢ  ᠪᠠᠷᠢᠯᠭ᠎ᠠ ᠶᠢᠨ ᠲᠥᠷᠥᠯ ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠵᠤ ᠵᠠᠰᠠᠪᠤᠷᠢ ᠣᠷᠣᠭᠤᠯᠬᠤ  ᠴᠢᠬᠤᠯᠠ ᠲᠠᠢ ᠪᠣᠯᠣᠭᠰᠠᠨ︔       ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃       ᠲᠠᠪᠢᠨ ᠭᠤᠷᠪᠠᠳᠤᠭᠠᠷ ᠵᠦᠢᠯ  ᠰᠤᠮᠤ ᠰᠢᠶᠠᠩ᠂ ᠭᠠᠴᠠᠭ᠎ᠠ ᠲᠣᠰᠬᠤᠨ ᠤ ᠲᠥᠯᠥᠪᠵᠢᠭᠦᠯᠭᠡ ᠳᠤ ᠵᠠᠰᠠᠪᠤᠷᠢ  ᠣᠷᠣᠭᠤᠯᠬᠤ ᠳᠤ ᠲᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠳᠠᠬᠢ ᠬᠢᠨᠠᠨ ᠵᠥᠪᠰᠢᠶᠡᠷᠡᠬᠦ  ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃       ᠲᠠᠪᠤᠳᠤᠭᠠᠷ ᠪᠦᠯᠦᠭ   ᠬᠢᠨᠠᠯᠳᠠ ᠳᠠᠯᠪᠢᠨ ᠪᠠᠶᠢᠴᠠᠭᠠᠬᠤ      ᠲᠠᠪᠢᠨ ᠲᠦᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠲᠤᠰ ᠱᠠᠲᠤᠨ ᠤ ᠠᠷᠠᠳ ᠤᠨ ᠲᠥᠯᠤᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ  ᠬᠤᠷᠠᠯ ᠳᠤ ᠮᠡᠳᠡᠭᠦᠯᠬᠦ ᠶᠢᠨ ᠬᠠᠮᠲᠤ ᠬᠢᠨᠠᠯᠲᠠ ᠶᠢ ᠨᠢ ᠬᠦᠯᠢᠶᠡᠬᠦ ᠬᠡᠷᠡᠭᠲᠡᠢ᠃      ᠲᠠᠪᠢᠨ ᠲᠠᠪᠤᠳᠤᠭᠠᠷ ᠵᠦᠢᠯ  ᠥᠪᠡᠷᠳᠡᠭᠡᠨ ᠵᠠᠰᠠᠭᠤ ᠤᠷᠤᠨ ᠤ ᠠᠷᠠᠳ ᠤᠨ ᠵᠠᠰᠠᠭ ᠤᠨ ᠣᠷᠳᠣᠨ ᠬᠤᠲᠠ  ᠬᠥᠳᠡᠭᠡ ᠶᠢᠨ ᠲᠥᠯᠥᠪᠵᠢᠭᠦᠯᠭᠡ ᠶᠢ ᠬᠢᠨᠠᠨ ᠪᠠᠶᠢᠴᠠᠭᠠᠭᠴᠢ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠬᠤᠲᠠ  ᠬᠥᠳᠡᠭᠡ ᠶᠢᠨ ᠲᠥᠯᠥᠪᠵᠢᠭᠦᠯᠭᠡ ᠶᠢᠨ ᠪᠠᠶᠢᠴᠠᠭᠠᠭᠴᠢ ᠶᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ  ᠶᠣᠰᠣᠭᠠᠷ ᠲᠣᠮᠢᠯᠠᠵᠤ᠂ ᠰᠠᠭᠤᠭ᠎ᠠ ᠭᠠᠵᠠᠷ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠨᠠᠶᠢᠷᠠᠭᠤᠯᠬᠤ᠂  ᠬᠢᠨᠠᠨ ᠵᠥᠪᠰᠢᠶᠡᠷᠡᠬᠦ᠂ ᠵᠠᠰᠠᠪᠤᠷᠢ ᠣᠷᠣᠭᠤᠯᠬᠤ ᠪᠠ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠳᠠᠯᠪᠢᠨ᠎ᠠ᠃       ᠲᠠᠪᠢᠨ ᠵᠢᠷᠭᠤᠳᠤᠭᠠᠷ ᠵᠦᠢᠯ  ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ  ᠮᠥᠴᠢᠷ ᠬᠤᠲᠠ ᠬᠥᠳᠡᠭᠡ ᠶᠢᠨ ᠲᠥᠯᠥᠪᠵᠢᠭᠦᠯᠭᠡ ᠶᠢ ᠬᠢᠨᠠᠠ ᠪᠠᠶᠢᠴᠠᠭᠠᠬᠤ᠂ ᠮᠡᠳᠡᠭᠡ ᠵᠠᠩᠭᠢ ᠶᠢ ᠢᠯᠠ ᠪᠣᠯᠭᠠᠬᠤ᠂  ᠪᠠᠶᠢᠴᠠᠭᠠᠨ ᠯᠠᠪᠯᠠᠬᠤ ᠳᠦᠷᠢᠮ ᠢ ᠪᠠᠶᠢᠭᠤᠯᠵᠤ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ  ᠵᠥᠪᠰᠢᠶᠡᠷᠡᠯ ᠤᠨ ᠦᠨᠡᠮᠯᠡᠯ ᠢ ᠬᠢᠨᠠᠨ ᠲᠠᠷᠬᠠᠭᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠵᠦ᠂ ᠠᠰᠢᠭ  ᠲᠤᠰᠠ ᠶᠢᠨ ᠬᠠᠷᠢᠴᠠᠭ᠎ᠠ ᠲᠠᠢ ᠬᠥᠮᠥᠨ ᠪᠠ ᠣᠯᠠᠨ ᠲᠦᠮᠡᠨ ᠤ ᠬᠢᠨᠠᠯᠲᠠ ᠳᠠᠯᠪᠢᠵᠣ ᠪᠠᠶᠢᠴᠠᠭᠠᠨ ᠦᠵᠡᠭᠦ ᠳᠤ  ᠳᠥᠭᠦᠮ ᠦᠵᠡᠭᠦᠯᠬᠦ ᠬᠡᠷᠡᠭᠳᠡᠢ᠃      ᠲᠠᠪᠢᠨ ᠲᠤᠯᠤᠳᠤᠭᠠᠷ ᠵᠦᠢᠯ  ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ  ᠮᠥᠴᠢᠷ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠦᠷᠢᠮ ᠢ ᠪᠠᠶᠢᠭᠤᠯᠵᠤ᠂ ᠲᠤᠰ ᠵᠠᠰᠠᠭ ᠵᠠᠬᠢᠷᠭᠠᠨ ᠤ  ᠣᠷᠣᠨ ᠤ ᠳᠣᠲᠣᠷᠠᠬᠢ ᠡᠯ᠎ᠡ ᠵᠦᠢᠯ ᠤᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠬᠤᠲᠠ ᠬᠥᠳᠡᠭᠡ ᠶᠢᠨ  ᠲᠥᠯᠥᠪᠵᠢᠭᠦᠯᠭᠡ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ ᠬᠤᠲᠠ ᠬᠥᠳᠡᠭᠡ ᠶᠢᠨ  ᠲᠥᠯᠥᠪᠵᠢᠭᠦᠯᠭᠡ ᠶᠢᠨ ᠬᠠᠮᠢᠶᠠᠷᠤᠯᠲᠠ ᠠᠴᠠ ᠵᠥᠷᠢᠴᠡᠭᠰᠡᠨ ᠪᠦᠲᠦᠭᠡᠨ ᠪᠠᠶᠢᠭᠤᠯᠬᠤ ᠠᠵᠢᠯᠯᠠᠭ᠎ᠠ ᠶᠢ ᠴᠠᠭ  ᠲᠤᠬᠠᠢ ᠳᠤᠨᠢ ᠬᠤᠷᠢᠭᠯᠠᠨ ᠵᠣᠭᠰᠣᠭᠠᠬᠤ ᠬᠡᠷᠡᠭᠲᠡᠢ᠃       ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ  ᠭᠠᠵᠠᠷ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰ ᠬᠠᠷᠢᠶᠠᠨ  ᠳᠣᠲᠣᠷᠠᠬᠢ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠲᠠᠢ  ᠬᠠᠮᠵᠢᠯᠴᠠᠬᠤ ᠬᠡᠷᠡᠭᠲᠡᠢ᠃      ᠲᠠᠪᠢᠨ ᠨᠠᠢᠮᠠᠳᠤᠭᠠᠷ ᠵᠦᠢᠯ  ᠶᠠᠮᠠᠷᠪᠠ ᠨᠢᠭᠡᠴᠡ ᠪᠠ ᠬᠤᠪᠢ ᠬᠥᠮᠥᠨ ᠴᠦᠮ ᠬᠤᠲᠠ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ  ᠮᠥᠴᠢᠷ ᠲᠤ ᠬᠤᠲᠠ ᠬᠥᠳᠡᠭᠡ ᠶᠢᠨ ᠲᠥᠯᠥᠪᠵᠢᠭᠦᠯᠭᠡ ᠠᠴᠠ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ  ᠪᠤᠶᠤ ᠵᠠᠭᠠᠯᠳᠤᠬᠤ ᠡᠷᠬᠡ ᠲᠠᠢ᠃       ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠤᠰᠤᠳ  ᠬᠤᠯᠪᠣᠭᠳᠠᠯ ᠪᠦᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠯᠲᠡ ᠪᠤᠶᠤ ᠵᠠᠭᠠᠯᠳᠤᠯᠭ᠎ᠠ ᠶᠢ ᠴᠠᠭ ᠳᠣᠬᠠᠢ ᠳᠤᠨᠢ  ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠢᠨᠠᠨ ᠪᠠᠶᠢᠴᠠᠭᠠᠬᠤ ᠪᠠ ᠰᠢᠢᠳᠪᠦᠷᠢᠯᠡᠬᠦ ᠶᠢ ᠵᠤᠬᠢᠶᠠᠨ ᠪᠠᠶᠢᠭᠤᠯᠬᠤ  ᠬᠡᠷᠡᠭᠲᠡᠢ︔ ᠬᠢᠨᠠᠨ ᠪᠠᠶᠢᠴᠠᠭᠠᠭᠰᠠᠨ ᠪᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠲᠡᠯᠡᠬᠦ ᠶᠢᠨ ᠬᠠᠮᠲᠤ ᠢᠯᠡᠴᠢᠯᠡᠨ  ᠮᠡᠳᠡᠭᠦᠯᠦᠭᠰᠡᠳ ᠪᠠ ᠵᠠᠭᠠᠯᠳᠤᠭᠰᠠᠳ ᠲᠤ ᠮᠡᠳᠡᠭᠳᠡᠬᠦ ᠬᠡᠷᠡᠭᠲᠡᠢ᠃      ᠵᠢᠷᠭᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ      ᠲᠠᠪᠢ ᠶᠢᠰᠦᠳᠦᠭᠡᠷ ᠵᠦᠢᠯ  ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢᠨ ᠲᠤᠬᠠᠢ  ︽ᠪᠦᠭᠦᠳᠡ ᠨᠠᠶᠢᠷᠠᠮᠳᠠᠭᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾  ᠪᠠ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠨ  ᠲᠣᠷᠭᠠᠬᠤ ᠲᠣᠭᠲᠠᠭᠠᠯ ᠲᠣᠭᠲᠠᠭᠠᠭᠰᠠᠨ ᠪᠣᠯ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠵᠢᠷᠠᠳᠤᠭᠠᠷ ᠵᠦᠢᠯ  ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ᠤ ᠱᠠᠲᠤᠨ ᠠᠴᠠ  ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠣᠰᠣᠲᠠᠢ  ᠪᠠᠶᠢᠲᠠᠯ᠎ᠠ ᠨᠠᠶᠢᠷᠠᠭᠤᠯᠤᠭᠰᠠᠨ ᠦᠭᠡᠢ ᠪᠤᠶᠤ ᠬᠠᠤᠯᠢ ᠳᠤ ᠲᠣᠭᠲᠠᠭᠠᠭᠰᠠᠨ ᠳᠠᠷᠠᠭᠠᠯᠠᠯ ᠶᠣᠰᠣᠭᠠᠷ ᠨᠠᠶᠢᠷᠠᠭᠤᠯᠵᠤ᠂  ᠬᠢᠨᠠᠨ ᠵᠥᠪᠰᠢᠶᠡᠷᠡᠭᠦᠯᠵᠦ᠂ ᠵᠠᠰᠠᠪᠤᠷᠢ ᠣᠷᠣᠭᠤᠯᠤᠭᠰᠠᠨ ᠦᠭᠡᠢ ᠪᠣᠯ ᠳᠡᠭᠡᠳᠦ ᠱᠠᠲᠤᠨ ᠤ ᠠᠷᠠᠳ ᠤᠨ ᠵᠠᠰᠠᠭ ᠤᠨ  ᠣᠷᠳᠣᠨ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠲᠤ ᠵᠠᠷᠯᠠᠨ ᠰᠢᠭᠦᠮᠵᠢᠯᠡᠨ᠎ᠡ︔ ᠠᠷᠠᠳ ᠤᠨ ᠵᠠᠰᠠᠭ ᠤᠨ  ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠲᠤ  ᠬᠠᠤᠯᠢ ᠶᠣᠰᠣᠭᠠᠷ ᠰᠢᠢᠳᠬᠡᠯ ᠦᠭᠭᠦᠨ᠎ᠡ᠃       ᠵᠢᠷᠠᠨ ᠨᠢᠭᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ  ᠬᠤᠯᠪᠣᠭᠳᠠᠯ ᠪᠦᠬᠦᠢ ᠰᠠᠯᠠᠭ᠎ᠠ ᠮᠥᠴᠢᠷ ᠳᠣᠣᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ᠂ ᠲᠤᠰ ᠱᠠᠲᠤᠨ ᠤ  ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ  ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠂  ᠬᠢᠨᠠᠨ ᠪᠠᠶᠢᠴᠠᠭᠠᠬᠤ ᠪᠠᠶᠢᠭᠤᠯᠭ᠎ᠠ ᠲᠤᠰᠢᠶᠠᠯ ᠬᠠᠷᠢᠭᠤᠴᠠᠯᠭ᠎ᠠ ᠶᠣᠰᠣᠭᠠᠷ ᠵᠠᠷᠯᠢᠭᠳᠠᠨ ᠵᠠᠯᠠᠷᠠᠭᠤᠯᠵᠤ᠂ ᠵᠠᠷᠯᠠᠨ  ᠰᠢᠭᠦᠮᠵᠢᠯᠡᠨ᠎ᠡ︔ ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ  ᠬᠠᠷᠢᠭᠤᠴᠠᠯᠭ᠎ᠠ ᠲᠠᠢ ᠬᠥᠮᠥᠰ ᠲᠤ ᠬᠠᠤᠯᠢ ᠶᠣᠰᠣᠭᠠᠷ ᠰᠢᠢᠳᠬᠡᠯ ᠦᠭᠭᠦᠨ᠎ᠠ︔ ᠶᠠᠯ᠎ᠠ ᠳᠤ ᠬᠦᠷᠦᠭᠰᠡᠨ ᠪᠠᠶᠢᠪᠠᠯ  ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠬᠠᠤᠯᠢ ᠳᠤ ᠲᠣᠭᠲᠠᠭᠠᠭᠰᠠᠨ ᠡᠷᠬᠡ ᠶᠢᠨ ᠬᠢᠵᠠᠭᠠᠷ᠂ ᠦᠨᠳᠦᠰᠦᠯᠡᠯ᠂ ᠳᠠᠷᠠᠭᠠᠯᠠᠯ ᠶᠣᠰᠣᠭᠠᠷ  ᠬᠤᠲᠠ ᠬᠥᠳᠡᠭᠡ ᠶᠢᠨ ᠲᠥᠯᠥᠪᠵᠢᠭᠦᠯᠭᠡ ᠪᠤᠶᠤ ᠲᠤᠰᠬᠠᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ  ᠨᠠᠶᠢᠷᠠᠭᠤᠯᠬᠤ ᠪᠤᠶᠤ ᠵᠠᠰᠠᠪᠤᠷᠢ ᠣᠷᠣᠭᠤᠯᠤᠭᠰᠠᠨ ᠦᠭᠡᠢ︔      ︵ᠬᠤᠶᠠᠷ︶ ᠭᠠᠵᠠᠷ ᠰᠣᠩᠭᠤᠬᠤ ᠰᠠᠨᠠᠯ ᠤᠨ ᠪᠢᠴᠢᠭ᠂ ᠲᠥᠯᠥᠪᠵᠢᠭᠦᠯᠭᠡ ᠶᠢᠨ ᠨᠥᠬᠦᠴᠡᠯ ᠤᠨ ᠪᠢᠴᠢᠭ᠂  ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ  ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠰᠣᠮᠣ ᠰᠢᠶᠠᠩ ᠭᠠᠴᠠᠭ᠎ᠠ  ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠦᠲᠦᠭᠡᠨ  ᠪᠠᠶᠢᠭᠤᠯᠬᠤ ᠪᠠᠷᠢᠯᠭ᠎ᠠ ᠶᠢᠨ ᠪᠠᠷᠢᠯᠭ᠎ᠠ ᠳᠠᠭᠤᠰᠴᠦ ᠲᠥᠯᠥᠪᠵᠢᠭᠦᠯᠭᠡ ᠶᠢ ᠬᠢᠨᠠᠨ ᠰᠢᠯᠭᠠᠭᠠᠳ ᠬᠢᠷᠢ ᠲᠡᠩᠴᠡᠭᠰᠡᠨ  ᠦᠨᠡᠮᠯᠡᠯ ᠵᠡᠷᠭᠡ ᠶᠢ ᠬᠠᠤᠯᠢ ᠶᠣᠰᠣᠭᠠᠷ ᠬᠢᠨᠠᠨ ᠲᠠᠷᠬᠠᠭᠠᠭᠰᠠᠨ ᠦᠭᠡᠢ︔      ︵ᠭᠤᠷᠪᠠ︶ ᠬᠢᠨᠠᠨ ᠲᠣᠭᠲᠠᠭᠠᠭᠰᠠᠨ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ᠂ ᠪᠦᠲᠦᠭᠡᠨ  ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠶᠡᠷᠦᠩᠬᠡᠢ ᠬᠠᠪᠲᠠᠭᠠᠢ ᠵᠢᠷᠤᠭ ᠢ ᠬᠠᠤᠯᠢ  ᠶᠣᠰᠣᠭᠠᠷ ᠨᠡᠶᠢᠲᠡᠯᠡᠭᠰᠡᠨ ᠦᠭᠡᠢ︔      ︵ᠳᠥᠷᠪᠡ︶ ᠲᠥᠯᠥᠪᠵᠢᠭᠦᠯᠭᠡ ᠶᠢᠨ ᠨᠥᠬᠦᠴᠡᠯ ᠢᠶᠠᠷ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ  ᠬᠠᠷᠭᠤᠭᠤᠯᠤᠭᠠᠳ ᠱᠠᠭᠠᠷᠳᠠᠯᠭ᠎ᠠ ᠳᠤ ᠨᠡᠶᠢᠴᠡᠭᠰᠡᠨ ᠦᠭᠡᠢ ᠪᠦᠲᠦᠭᠡᠨ ᠪᠠᠶᠢᠭᠤᠯᠬᠤ ᠲᠥᠷᠥᠯ ᠵᠦᠢᠯ ᠳᠤ ᠥᠮᠴᠢᠯᠡᠬᠦ  ᠡᠷᠬᠡ ᠶᠢ ᠳᠠᠩᠰᠠᠯᠠᠬᠤ ᠭᠠᠷᠳᠠᠮ ᠭᠦᠢᠴᠡᠳᠬᠡᠨ ᠦᠭᠭᠦᠭᠰᠡᠨ︔      ︵ᠲᠠᠪᠤ︶ ᠬᠠᠤᠯᠢ ᠠᠴᠠ ᠵᠥᠷᠢᠴᠡᠭᠰᠡᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠠᠵᠢᠯᠯᠠᠭ᠎ᠠ ᠶᠢ ᠴᠠᠭ  ᠳᠠᠷᠤᠢ ᠳᠤᠨᠢ ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ ᠢᠯᠡᠴᠢᠯᠡᠨ ᠮᠡᠳᠡᠭᠦᠯᠦᠯᠳᠡ᠂ ᠵᠠᠯᠭᠠᠯᠳᠤᠭ᠎ᠠ ᠶᠢ ᠬᠦᠯᠢᠶᠡᠨ  ᠠᠪᠤᠭᠰᠠᠨ ᠤ ᠳᠠᠷᠠᠭ᠎ᠠ ᠬᠠᠤᠯᠢ ᠶᠣᠰᠣᠭᠠᠷ ᠰᠢᠢᠳᠪᠦᠷᠢᠯᠡᠭᠰᠡᠨ ᠦᠭᠡᠢ︔      ︵ᠵᠢᠷᠭᠤᠭ᠎ᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ  ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠠᠴᠠ ᠵᠥᠷᠢᠴᠡᠭᠰᠡᠨ ᠪᠤᠰᠤᠳ ᠠᠵᠢᠯᠯᠠᠭ᠎ᠠ᠃      ᠵᠢᠷᠠᠨ ᠬᠤᠶᠠᠳᠤᠭᠠᠷ ᠵᠦᠢᠯ  ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠨᠢᠭᠡᠴᠡ  ᠤᠯᠤᠰ᠂ ᠥᠪᠡᠷᠳᠡᠭᠡᠨ ᠵᠠᠰᠠᠭᠤ ᠤᠷᠤᠨ ᠤ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠮᠵᠢᠯ᠂  ᠲᠣᠭᠲᠠᠭᠠᠯ ᠠᠴᠠ ᠵᠥᠷᠢᠴᠡᠵᠦ ᠬᠤᠲᠠ ᠬᠥᠳᠡᠭᠡ ᠶᠢᠨ ᠲᠥᠯᠥᠪᠵᠢᠭᠦᠯᠭᠡ ᠶᠢ ᠨᠠᠶᠢᠷᠠᠭᠤᠯᠤᠭᠰᠠᠨ ᠪᠤᠶᠤ  ᠲᠥᠯᠥᠪᠵᠢᠭᠦᠯᠭᠡ ᠶᠢᠨ ᠨᠥᠬᠦᠴᠡᠯ ᠠᠴᠠ ᠵᠥᠷᠢᠴᠡᠵᠦ ᠵᠠᠰᠠᠨ ᠪᠠᠶᠢᠭᠤᠯᠬᠤ ᠴᠢᠨᠠᠷᠲᠠᠢ ᠨᠠᠷᠢᠨ ᠲᠥᠯᠥᠪᠵᠢᠭᠦᠯᠭᠡ  ᠨᠠᠶᠢᠷᠠᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ  ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ  ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ ᠭᠡᠷ᠎ᠡ ᠳᠤ ᠲᠣᠭᠲᠠᠭᠠᠭᠰᠠᠨ ᠲᠥᠯᠥᠪᠵᠢᠭᠦᠯᠭᠡ ᠶᠢ  ᠨᠠᠶᠢᠷᠠᠭᠤᠯᠬᠤ ᠰᠦᠢᠳᠬᠡᠯ ᠤᠨ ᠨᠢᠭᠡ ᠳᠠᠬᠢᠨ ᠠᠴᠠ ᠳᠡᠭᠡᠭᠰᠢ ᠬᠤᠶᠠᠷ ᠳᠠᠬᠢᠨ ᠠᠴᠠ ᠳᠣᠷᠤᠭᠰᠢ ᠵᠣᠭᠤᠰ ᠢᠶᠠᠷ  ᠲᠣᠷᠭᠠᠨ᠎ᠠ︔ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ  ᠴᠡᠭᠴᠡᠯᠡᠨ᠎ᠡ᠂ ᠤᠤᠯ ᠤᠨ ᠦᠨᠡᠮᠯᠡᠯ ᠲᠠᠷᠬᠠᠭᠠᠭᠰᠠᠨ ᠪᠠᠶᠢᠭᠤᠯᠭ᠎ᠠ ᠠᠴᠠ ᠬᠢᠷᠢ ᠬᠡᠮ ᠤᠨ ᠵᠡᠷᠭᠡ ᠲᠡᠰ ᠢ ᠨᠢ  ᠪᠠᠭᠤᠷᠠᠭᠤᠯᠬᠤ ᠪᠤᠶᠤ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠤᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ  ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠠᠨ ᠭᠤᠷᠪᠠᠳᠤᠭᠠᠷ ᠵᠦᠢᠯ  ᠪᠠᠷᠢᠯᠭ᠎ᠠ ᠶᠢ ᠵᠢᠷᠤᠵᠤ ᠲᠥᠯᠥᠪᠯᠡᠬᠦ ᠨᠢᠭᠡᠴᠡ ᠲᠥᠯᠥᠪᠵᠢᠭᠦᠯᠭᠡ ᠶᠢᠨ  ᠨᠥᠬᠦᠴᠡᠯ ᠠᠴᠠ ᠵᠥᠷᠢᠴᠡᠵᠦ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠪᠠ  ᠪᠠᠷᠢᠯᠭ᠎ᠠ ᠶᠢᠨ ᠵᠢᠷᠤᠭ ᠢ ᠨᠠᠶᠢᠷᠠᠭᠤᠯᠤᠭᠰᠠᠨ ᠪᠠᠶᠢᠪᠠᠯ᠂ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ  ᠠᠷᠠᠳ ᠤᠨ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ  ᠮᠥᠴᠢᠷ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ ᠨᠣᠴᠢᠲᠠᠢ ᠪᠣᠯ  ᠭᠡᠷ᠎ᠡ ᠳᠤ ᠪᠣᠯᠵᠣᠭᠰᠠᠨ ᠵᠢᠷᠤᠭ ᠲᠥᠯᠥᠪᠯᠡᠭᠡ ᠶᠢᠨ ᠰᠦᠢᠳᠬᠡᠯ ᠤᠨ ᠨᠢᠭᠡ ᠳᠠᠬᠢᠨ ᠠᠴᠠ ᠳᠡᠭᠡᠭᠰᠢ ᠬᠤᠶᠠᠷ  ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠤᠤᠯ ᠤᠨ ᠦᠨᠡᠮᠯᠡᠯ ᠲᠠᠷᠬᠠᠭᠠᠭᠰᠠᠨ  ᠪᠠᠶᠢᠭᠤᠯᠭ᠎ᠠ ᠠᠴᠠ ᠬᠢᠷᠢ ᠬᠡᠮ ᠤᠨ ᠦᠨᠡᠮᠯᠡᠯ ᠤᠨ ᠵᠡᠷᠭᠡ ᠲᠡᠰ ᠢ ᠨᠢ ᠬᠠᠤᠯᠢ ᠶᠣᠰᠣᠭᠠᠷ ᠪᠠᠭᠤᠷᠠᠭᠤᠯᠤᠨ᠎ᠠ᠃       ᠵᠢᠷᠠᠨ ᠲᠦᠷᠪᠡᠳᠦᠭᠡᠷ ᠵᠦᠢᠯ  ᠪᠦᠲᠦᠭᠡᠨ ᠪᠠᠶᠢᠭᠤᠯᠬᠤ ᠨᠢᠭᠡᠴᠡ ᠪᠤᠶᠤ ᠬᠤᠪᠢ ᠬᠥᠮᠥᠨ ᠤᠲᠠᠰᠤ ᠶᠢ ᠬᠢᠨᠠᠨ  ᠰᠢᠯᠭᠠᠭᠰᠠᠨ ᠦᠭᠡᠢ ᠪᠠᠷ ᠳᠤᠷ᠎ᠠ ᠪᠠᠷ ᠢᠶᠠᠨ ᠪᠠᠷᠢᠯᠭ᠎ᠠ ᠡᠬᠢᠯᠡᠭᠦᠯᠦᠨ ᠪᠠᠶᠢᠭᠤᠯᠣᠭᠰᠠᠨ ᠪᠣᠯ ᠪᠦᠲᠦᠭᠡᠨ ᠪᠠᠶᠢᠭᠤᠯᠬᠤ  ᠲᠥᠷᠥᠯ ᠵᠦᠢᠯ ᠤᠨ ᠪᠠᠶᠢᠭ᠎ᠠ ᠭᠠᠵᠠᠷ ᠤᠨ ᠬᠤᠲᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠤ  ᠬᠤᠲᠠ ᠬᠥᠳᠡᠭᠡ ᠶᠢᠨ ᠲᠥᠯᠥᠪᠵᠢᠭᠦᠯᠭᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ  ᠪᠦᠲᠦᠭᠡᠨ ᠪᠠᠶᠢᠭᠤᠯᠤᠯᠲᠠ ᠶᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃      ᠲᠤᠯᠤᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠵᠢᠷᠠᠨ ᠲᠠᠪᠤᠳᠤᠭᠠᠷ ᠵᠦᠢᠯ  ᠲᠤᠰ ᠳᠦᠷᠢᠮ ᠢ 2013 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ  ᠡᠬᠢᠯᠡᠨ ᠬᠡᠷᠡᠭᠵᠢᠭᠦᠯᠦᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2