ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠠᠤᠯᠢ ᠲᠤᠭᠲᠠᠭᠠᠬᠤ ᠬᠠᠤᠯᠢ
ᠨᠡᠶᠢᠲᠡᠯᠡᠭᠰᠡᠨ ᠴᠠᠭ᠄
2017/9/7
    ︵2000 ᠤᠨ ᠤ 3 ᠰᠠᠷ᠎ᠠ ᠶᠢᠨ 15 ᠤ ᠡᠳᠦᠷ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠲᠤᠯᠠᠪᠠ    2015 ᠤᠨ ᠤ 3  ᠰᠠᠷ᠎ᠠ ᠶᠢᠨ 15 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ《〈 ᠪᠦᠬᠦᠳᠡ ᠨᠠᠶᠢᠷᠠᠮᠳᠠᠬᠤ ᠳᠤᠮᠳᠠᠲᠤ  ᠠᠷᠠᠳ ᠤᠯᠤᠰ ᠤᠨ ᠬᠠᠤᠯᠢ ᠲᠤᠭᠲᠠᠭᠠᠬᠤ ᠬᠠᠤᠯᠢ〉 ᠳᠤ ᠵᠠᠰᠠᠪᠤᠷᠢ ᠤᠷᠤᠭᠤᠯᠬᠤ ᠲᠤᠬᠠᠢ ᠲᠤᠭᠲᠠᠭᠠᠯ》 ᠢ  ᠦᠨᠳᠦᠰᠦᠯᠡᠨ ᠵᠠᠰᠠᠪᠤᠷᠢ ᠤᠷᠤᠭᠤᠯᠪᠠ      ᠨᠢᠭᠡᠳᠦᠭᠡᠷ ᠪᠦᠯᠦᠭ  ᠶᠡᠷᠦᠩᠭᠡᠢ ᠳᠦᠷᠢᠮ       ᠨᠢᠭᠡᠳᠦᠭᠡᠷ ᠵᠦᠢᠯ  ᠬᠠᠤᠯᠢ ᠲᠤᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠤᠯᠤᠰ ᠤᠨ ᠬᠠᠤᠯᠢ  ᠲᠤᠭᠲᠠᠭᠠᠬᠤ ᠲᠦᠷᠢᠮ ᠢ ᠲᠡᠬᠦᠯᠳᠡᠷᠵᠢᠬᠦᠯᠤᠠ᠂ ᠬᠠᠤᠯᠢ ᠳᠤᠬᠳᠠᠭᠠᠬᠤ ᠴᠢᠨᠠᠷ ᠴᠢᠨᠰᠠᠭ᠎ᠠ ᠶᠢ ᠳᠡᠭᠡᠭᠰᠢᠯᠠᠬᠦᠯᠵᠦ᠂  ᠲᠤᠮᠳᠠᠳᠤ ᠤᠯᠤᠰ ᠤᠨ ᠤᠨᠴᠠᠯᠢᠭ ᠲᠠᠢ  ᠨᠡᠶᠢᠭᠡᠮ ᠵᠢᠷᠤᠮ ᠤᠨ ᠬᠠᠤᠯᠢ ᠶᠢᠨ ᠰᠢᠰᠲ᠋ᠧᠮ ᠢ ᠲᠡᠬᠦᠯᠳᠡᠷᠵᠢᠬᠦᠯᠵᠦ᠂  ᠬᠠᠤᠯᠢ ᠲᠤᠭᠲᠠᠭᠠᠯᠲᠠ ᠪᠠᠷ ᠬᠦᠲᠦᠯᠡᠨ ᠵᠢᠯᠥᠭᠤᠳᠬᠤ ᠪᠡ ᠠᠬᠢᠭᠤᠯᠬᠤ ᠦᠢᠯᠡᠳᠦᠯ ᠢ ᠪᠠᠳᠠᠷᠠᠭᠤᠯᠵᠦ᠂ ᠨᠡᠶᠢᠭᠡᠮ  ᠵᠢᠷᠤᠮ ᠤᠨ ᠠᠷᠠᠥᠨᠴᠢᠯᠠᠯ ᠢ ᠪᠠᠳᠤᠯᠠᠬᠤ ᠪᠠ ᠬᠦᠭᠵᠢᠬᠦᠯᠵᠦ᠂  ᠤᠯᠤᠰ ᠢᠶᠠᠨ ᠬᠠᠤᠯᠢ ᠪᠠᠷ ᠵᠠᠰᠠᠬᠤ ᠶᠢ ᠪᠦᠬᠦ ᠲᠠᠯ᠎ᠠ   ᠪᠠᠷ ᠠᠬᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠯᠤᠰ ᠢ ᠪᠠᠶᠢᠭᠤᠯᠬᠤ ᠶᠢᠨ ᠲᠦᠯᠦᠭᠡ ᠦᠨᠳᠦᠰᠦᠨ ᠬᠠᠤᠯᠢ ᠶᠢ  ᠦᠨᠳᠦᠰᠦᠯᠡᠨ᠂ ᠲᠤᠰ ᠬᠠᠤᠯᠢ ᠶᠢ ᠲᠤᠭᠲᠠᠭᠠᠪᠠ᠃       ᠬᠤᠶᠠᠳᠤᠭᠠᠷ ᠵᠦᠢᠯ   ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠤᠷᠤᠨ ᠨᠤᠲᠤᠭ ᠤᠨ  ᠴᠢᠨᠠᠷᠲᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠲᠤᠭᠳᠠᠭᠠᠬᠤ᠂  ᠲᠡᠬᠦᠨ ᠳᠤ ᠵᠠᠰᠠᠪᠤᠷᠢ  ᠤᠷᠤᠭᠤᠯᠬᠤ ᠪᠠ ᠲᠡᠭᠦᠨ ᠢ ᠬᠦᠴᠦᠨ ᠦᠭᠡᠢ ᠪᠤᠯᠭᠠᠬᠤ ᠳᠤ ᠲᠤᠰ ᠬᠠᠤᠯᠢ ᠶᠢ ᠬᠡᠷᠡᠭᠯᠡᠨ᠎ᠡ᠃  ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠦᠴᠢᠷ ‍ᠮᠦᠴᠢᠷ ᠤᠳ ᠤᠨ ᠳᠦᠷᠢᠮ ᠲᠤᠭᠲᠠᠭᠠᠯ ᠪᠠ ᠤᠷᠤᠨ  ᠨᠤᠲᠤᠭ ᠤᠨ ᠵᠠᠰᠠᠭ ᠤᠨ ᠤᠷᠳᠤᠨ ᠤ ᠳᠦᠷᠢᠮ ᠲᠤᠭᠲᠠᠭᠠᠯ ᠢ ᠲᠤᠭᠲᠠᠭᠠᠬᠤ᠂ ᠲᠡᠬᠦᠨ ᠳᠤ ᠵᠠᠰᠠᠪᠤᠷᠢ ᠤᠷᠤᠭᠤᠯᠬᠤ  ᠪᠠ ᠲᠡᠭᠦᠨ ᠢ ᠬᠦᠴᠦᠨ ᠦᠭᠡᠢ ᠪᠤᠯᠭᠠᠬᠤ ᠳᠤ ᠲᠤᠰ ᠬᠠᠤᠯᠢ ᠶᠢᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ  ᠬᠡᠷᠡᠭᠵᠢᠬᠦᠯᠦᠨ᠎ᠡ᠃      ᠭᠤᠷᠪᠠᠳᠤᠭᠠᠷ ᠵᠦᠢᠯ  ᠬᠠᠤᠯᠢ ᠲᠤᠭᠲᠠᠭᠠᠬᠤ ᠳᠤ ᠦᠨᠳᠦᠰᠦᠨ ᠬᠠᠤᠯᠢ ᠶᠢᠨ ᠦᠨᠳᠦᠰᠦᠨ ᠵᠠᠷᠴᠢᠮ ᠢ  ᠡᠷᠬᠡᠪᠰᠢ ᠵᠢᠷᠤᠮᠯᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠠᠷ ᠭᠤᠤᠯᠳᠠᠯᠭ᠎ᠠ ᠪᠤᠯᠭᠠᠨ᠂ ᠨᠡᠶᠢᠭᠡᠮ  ᠵᠢᠷᠤᠮ ᠤᠨ ᠵᠠᠮ ᠢ ᠪᠠᠷᠢᠮᠳᠠᠯᠠᠨ᠂ ᠠᠷᠠᠥᠨ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠵᠤ᠂  ᠳᠤᠮᠳᠠᠲᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠮᠠᠷᠺᠰ ᠯᠧᠨᠢᠨ ᠤᠨ ᠦᠵᠡᠯ᠂ ᠮᠠᠤ  ᠽᠧ ᠳ᠋ᠦᠡᠭ ᠤᠨ ᠦᠵᠡᠯ ᠰᠠᠨᠠᠭ᠎ᠠ᠂ ᠳ᠋ᠸᠡᠭ ᠰᠢᠶᠤᠤ ᠫᠢᠡᠭ ᠤᠨ ᠤᠨᠤᠯ ᠢ ᠪᠠᠷᠢᠮᠲᠠᠯᠠᠵᠤ᠂ ᠦᠭᠡᠷᠡᠴᠢᠯᠡᠯᠲᠡ  ᠨᠡᠭᠡᠭᠡᠯᠲᠡ ᠶᠢ ᠪᠠᠷᠢᠮᠲᠠᠯᠠᠬᠤ ᠬᠡᠷᠡᠭᠲᠠᠢ᠃      ᠲᠦᠷᠪᠡᠳᠦᠭᠡᠷ ᠵᠦᠢᠯ  ᠬᠠᠥᠯᠢ ᠲᠤᠭᠳᠠᠭᠠᠬᠤ ᠳᠤ ᠬᠠᠥᠯᠢ ᠪᠠᠷ ᠲᠤᠭᠳᠠᠭᠠᠭᠰᠠᠨ ᠡᠷᠭᠡ ᠶᠢᠨ ᠭᠡᠪᠴᠢᠶ᠎ᠡ ᠪᠠ  ᠵᠢᠷᠤᠮ ᠤᠨ ᠶᠤᠰᠤᠭᠠᠷ ᠤᠯᠤᠰ ᠤᠨ ᠪᠦᠬᠦᠯᠢ ᠴᠤᠭᠴᠠ ᠶᠢᠨ ᠠᠰᠢᠭ ᠲᠤᠰᠠ ᠠᠴᠠ ᠡᠭᠦᠰᠴᠦ᠂ ᠨᠡᠶᠢᠭᠡᠮ ᠵᠢᠷᠤᠮ ᠤᠨ  ᠬᠠᠤᠯᠢᠵᠢᠯ ᠤᠨ ᠨᠢᠭᠡᠳᠦᠯᠲᠠᠢ ᠪᠠᠶᠢᠬᠤ ᠪᠠ ᠡᠷᠭᠡ ᠰᠦᠷᠲᠦ ᠴᠢᠨᠠᠷ ᠢ ᠬᠠᠮᠠᠭᠠᠯᠠᠬᠤ ᠬᠡᠷᠡᠭᠲᠠᠢ᠃      ᠲᠠᠪᠤᠳᠤᠭᠠᠷ ᠵᠦᠢᠯ  ᠬᠠᠥᠯᠢ ᠲᠤᠭᠳᠠᠭᠠᠬᠤ ᠳᠤ ᠠᠷᠠᠥᠨ ᠲᠦᠮᠡᠨ ᠤ ᠵᠤᠷᠢᠯᠳᠠ ᠶᠢ ᠢᠯᠠᠷᠠᠬᠦᠯᠤᠠ᠂ ᠨᠡᠶᠢᠭᠡᠮ  ᠵᠢᠷᠤᠮ ᠤᠨ ᠠᠷᠠᠳᠴᠢᠯᠠᠯ ᠢ ᠪᠠᠳᠠᠷᠠᠭᠤᠯᠵᠤ᠂ ᠬᠠᠤᠯᠢ ᠲᠤᠭᠲᠠᠭᠠᠬᠤ ᠶᠢ ᠢᠯᠡ ᠪᠠᠶᠢᠯᠭᠠᠬᠤ ᠶᠢ ᠪᠠᠷᠢᠮᠲᠠᠯᠠᠨ᠂ ᠠᠷᠠᠳ  ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ ᠬᠠᠤᠯᠢ ᠲᠤᠭᠲᠠᠭᠠᠬᠤ ᠠᠵᠢᠯᠯᠠᠭ᠎ᠠ ᠳᠤ ᠤᠷᠤᠯᠴᠠᠬᠤ ᠶᠢ ᠪᠠᠲᠤᠯᠠᠬᠤ  ᠬᠡᠷᠡᠭᠲᠠᠢ᠃     ᠵᠢᠷᠭᠤᠳᠤᠭᠠᠷ ᠵᠦᠢᠯ  ᠬᠠᠤᠯᠢ ᠲᠤᠭᠲᠠᠭᠠᠬᠤ ᠳᠤ ᠪᠤᠳᠠᠲᠤ ᠪᠠᠶᠢᠳᠠᠯ ᠠᠴᠠ ᠡᠭᠦᠰᠴᠤ᠂ ᠠᠵᠤ ᠠᠬᠤᠢ  ᠨᠡᠶᠢᠬᠡᠮ ᠤᠨ  ᠬᠦᠭᠵᠢᠯᠲᠡ ᠪᠠ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠱᠠᠭᠠᠷᠳᠠᠯᠭ᠎ᠠ ᠳᠤ  ᠵᠤᠬᠢᠴᠠᠵᠤ᠂ ᠠᠷᠠᠳ ᠢᠷᠭᠡᠨ᠂ ᠬᠠᠥᠯᠢ ᠶᠢᠨ ᠡᠷᠬᠡᠲᠡᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠡᠷᠭᠡ ᠪᠠ  ᠡᠭᠦᠷᠭᠡ᠂ ᠲᠦᠷᠦ ᠶᠢᠨ ᠪᠠᠶᠢᠭᠤᠯᠤᠯᠭ᠎ᠠ ᠶᠢᠨ ᠡᠷᠭᠡ ᠮᠡᠳᠡᠯ ᠪᠠ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠵᠦᠢ  ᠵᠤᠬᠢᠰᠲᠠᠢ ᠪᠠᠷ ᠲᠤᠭᠲᠠᠭᠠᠬᠤ ᠬᠡᠷᠡᠭᠲᠠᠢ᠃      ᠬᠠᠤᠯᠢ ᠴᠠᠭᠠᠵᠠ ᠶᠢ ᠵᠢᠷᠤᠮᠵᠢᠭᠤᠯᠬᠤ ᠳᠤ ᠲᠤᠲᠤᠷᠬᠠᠢ᠂ ᠪᠤᠳᠠᠲᠠᠢ ᠪᠠᠶᠢᠵᠤ᠂ ᠬᠠᠨᠳᠤᠯᠭᠠᠲᠤ ᠴᠢᠨᠠᠷ ᠪᠠ  ᠬᠡᠷᠡᠭᠵᠢᠭᠦᠯᠬᠦ ᠴᠢᠨᠠᠷ ᠲᠠᠢ ᠪᠠᠶᠢᠬᠤ ᠬᠡᠷᠡᠭᠲᠠᠢ᠃       ᠬᠤᠶᠠᠳᠤᠭᠠᠷ ᠪᠦᠯᠦᠭ   ᠬᠠᠤᠯᠢ ᠴᠠᠭᠠᠵᠠ      ᠨᠢᠭᠡᠳᠦᠭᠡᠷ ᠬᠡᠰᠡᠭ  ᠬᠠᠤᠯᠢ ᠲᠤᠭᠲᠠᠭᠠᠬᠤ ᠡᠷᠭᠡ ᠶᠢᠨ ᠬᠡᠪᠴᠢᠶ᠎ᠡ    ᠳᠤᠯᠤᠳᠤᠭᠠᠷ ᠵᠦᠢᠯ  ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠤᠯᠤᠰ ᠤᠨ ᠬᠠᠤᠯᠢ  ᠲᠤᠭᠲᠠᠭᠠᠬᠤ ᠡᠷᠭᠡ ᠶᠢ ᠭᠡᠷᠡᠭᠵᠢᠬᠦᠯᠦᠨ᠎ᠡ᠃      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠡᠷᠡᠭᠦᠦ ᠶᠢᠨ ᠬᠡᠷᠡᠭ᠂ ᠢᠷᠭᠡᠨ ᠤ  ᠬᠡᠷᠡᠭ᠂ ᠲᠦᠷᠦ ᠶᠢᠨ ᠪᠠᠶᠢᠭᠤᠯᠤᠮᠵᠢ ᠶᠢᠨ ᠪᠠ ᠪᠤᠰᠤᠳ ᠦᠨᠳᠦᠰᠦ ᠪᠤᠯᠬᠤ ᠬᠠᠤᠯᠢ ᠴᠠᠭᠠᠵᠠ ᠶᠢ ᠲᠤᠭᠲᠠᠭᠠᠬᠤ ᠪᠠ  ᠲᠡᠭᠦᠨ ᠳᠤ ᠵᠠᠰᠠᠪᠤᠷᠢ ᠤᠷᠤᠭᠤᠯᠤᠨ᠎ᠠ᠃      ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠦᠬᠦ  ᠤᠯᠤᠰ ᠤᠨ ᠠᠷᠠᠥᠨ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠬᠤ ᠶᠤᠰᠤᠲᠠᠢ ᠬᠠᠤᠯᠢ ᠠᠴᠠ  ᠭᠠᠳᠠᠨᠠᠬᠢ ᠪᠤᠰᠤᠳ ᠬᠠᠤᠯᠢ ᠶᠢ ᠲᠤᠭᠳᠠᠭᠠᠬᠤ ᠪᠠ ᠲᠡᠬᠦᠨ ᠳᠤ ᠵᠠᠰᠠᠪᠤᠷᠢ ᠤᠷᠤᠭᠤᠯᠤᠨ᠎ᠠ︔ ᠪᠦᠬᠦ ᠤᠯᠤᠰ ᠤᠨ  ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠳᠠᠭᠠᠭᠰᠠᠨ ᠬᠠᠥᠯᠢ ᠳᠤ ᠭᠡᠰᠡᠭ ᠨᠦᠬᠦᠪᠦᠷᠢ  ᠪᠠ ᠵᠠᠰᠠᠪᠤᠷᠢ ᠤᠷᠤᠭᠤᠯᠤᠨ᠎ᠠ᠂ ᠭᠡᠪᠡᠴᠦ ᠲᠤᠰ ᠬᠠᠥᠯᠢ ᠶᠢᠨ ᠦᠨᠳᠦᠰᠦᠨ ᠵᠠᠷᠴᠢᠮ ᠯᠤᠭ᠎ᠠ ᠬᠠᠷᠰᠢᠯᠳᠤᠭᠤᠯᠵᠤ  ᠪᠤᠯᠬᠤ ᠦᠭᠡᠢ᠃      ᠨᠠᠢᠮᠠᠳᠤᠭᠠᠷ ᠵᠦᠢᠯ  ᠳᠤᠤᠷᠠᠬᠢ ᠶᠠᠪᠤᠳᠠᠯ ᠤᠳ ᠢ ᠬᠠᠤᠯᠢ ᠪᠠᠷ ᠯᠠ ᠲᠤᠭᠲᠠᠭᠠᠨ᠎ᠠ᠄       ︵ᠨᠢᠭᠡ︶ ᠤᠯᠤᠰ ᠤᠨ ᠡᠷᠭᠡ ᠮᠡᠳᠡᠯ ᠤᠨ ᠲᠤᠬᠠᠢ ᠶᠠᠪᠤᠳᠠᠯ ᠤᠳ ︔       ︵ᠬᠤᠶᠠᠷ︶ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠠᠷᠠᠥᠨ ᠤᠨ ᠵᠠᠰᠠᠭ ᠤᠨ  ᠤᠷᠳᠤᠨ᠂ ᠠᠷᠠᠥᠨ ᠤᠨ ᠰᠢᠬᠦᠬᠦ ᠬᠤᠷᠢᠶ᠎ᠠ ᠪᠠ ᠠᠷᠠᠥᠨ ᠤᠨ ᠪᠠᠶᠢᠴᠠᠭᠠᠬᠤ ᠬᠤᠷᠢᠶ᠎ᠡ ᠶᠢ ᠰᠤᠩᠭᠤᠠ ᠭᠠᠷᠭᠠᠬᠤ᠂  ᠲᠡᠬᠦᠨ ᠤ ᠵᠤᠬᠢᠶᠠᠨ ᠪᠠᠶᠢᠭᠤᠯᠤᠯᠲᠠ ᠪᠠ ᠡᠷᠬᠡ ᠲᠤᠰᠢᠶᠠᠯ︔      ︵ᠭᠤᠷᠪᠠ︶ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠦᠷᠢᠮ᠂ ᠵᠠᠰᠠᠭ ᠵᠠᠬᠢᠷᠭᠠᠨ ᠤ ᠤᠨᠴᠠᠭᠠᠢ  ᠤᠷᠤᠨ ᠤ ᠳᠦᠷᠢᠮ᠂ ᠦᠨᠳᠦᠰᠦᠨ ᠱᠠᠲᠤᠨ ᠤ ᠤᠯᠠᠨ ᠲᠦᠮᠡᠨ ᠤ ᠦᠪᠡᠷᠲᠡᠭᠡᠨ ᠵᠠᠰᠠᠬᠤ ᠳᠦᠷᠢᠮ︔       ︵ᠲᠦᠷᠪᠡ︶ ᠶᠠᠯ᠎ᠠ ᠬᠢᠭᠰᠡᠨ ᠪᠠ ᠡᠷᠡᠭᠦᠦ ᠰᠢᠳᠭᠡᠯ︔       ︵ᠲᠠᠪᠤ︶ ᠠᠷᠠᠥᠨ ᠢᠷᠭᠡᠨ ᠤ ᠤᠯᠤᠰ ᠲᠦᠷᠦ ᠶᠢᠨ ᠡᠷᠭᠡ ᠶᠢ ᠬᠠᠰᠤᠬᠤ᠂ ᠬᠦᠮᠦᠨ ᠤ ᠪᠡᠶ᠎ᠡ ᠶᠢᠨ ᠡᠷᠭᠡ  ᠴᠢᠯᠦᠭᠡ ᠶᠢ  ᠬᠢᠵᠠᠭᠠᠷᠯᠠᠬᠤ ᠠᠯᠪᠠᠳᠠᠯᠭ᠎ᠠ ᠶᠢᠨ ᠠᠷᠭ᠎ᠠ ᠭᠡᠮᠵᠢᠶ᠎ᠡ ᠪᠠ ᠰᠢᠳᠭᠡᠯ︔       ︵ᠵᠢᠷᠭᠤᠭ᠎ᠠ︶ ᠭᠠᠶᠢᠯᠢ ᠶᠢᠨ ᠲᠦᠷᠦᠯ ᠭᠠᠷᠭᠠᠬᠤ᠂ ᠭᠠᠶᠢᠯᠢ ᠶᠢᠨ ᠨᠤᠷᠮ᠎ᠠ ᠲᠤᠭᠲᠠᠭᠠᠬᠤ ᠪᠠ ᠭᠠᠶᠢᠯᠢ  ᠲᠠᠲᠠᠪᠤᠷᠢ ᠶᠢ ᠬᠠᠮᠢᠶᠠᠷᠬᠤ ᠵᠡᠷᠭᠡ ᠭᠠᠶᠢᠯᠢ ᠶᠢᠨ ᠤᠷᠤᠯᠭ᠎ᠠ ᠶᠢᠨ ᠦᠨᠳᠦᠰᠦᠨ ᠳᠦᠷᠢᠮ︔      ︵ᠳᠤᠯᠤᠭ᠎ᠠ︶ ᠤᠯᠤᠰ ᠤᠨ ᠦᠮᠴᠢᠯᠠᠯ ᠤᠨ ᠪᠤᠰᠤ ᠡᠳ᠋ ᠬᠦᠷᠦᠩᠭᠡ ᠶᠢ ᠲᠠᠳᠠᠪᠤᠷᠢᠯᠠᠨ ᠠᠪᠬᠤ᠂  ᠳᠠᠳᠠᠪᠤᠷᠢᠯᠠᠠ ᠭᠡᠷᠡᠭᠯᠡᠬᠦ︔      ︵ᠨᠠᠢᠮᠠ︶ ᠢᠷᠭᠡᠨ ᠤ ᠬᠡᠷᠡᠭ ᠤᠨ ᠦᠨᠳᠦᠰᠦᠨ ᠳᠦᠷᠢᠮ︔       ︵ᠶᠢᠰᠦ︶ ᠠᠵᠤ ᠠᠬᠤᠢ ᠶᠢᠨ ᠦᠨᠳᠦᠰᠦᠨ ᠳᠦᠷᠢᠮ ᠵᠢᠴᠢ ᠡᠳ᠋ ᠤᠨ ᠵᠠᠰᠠᠭ᠂ ᠪᠤᠭᠤᠮᠳᠠ᠂ ᠮᠦᠡᠭᠭᠦᠨ  ᠬᠦᠯᠭᠡᠭᠡ ᠪᠠ ᠭᠠᠳᠠᠭᠠᠲᠤ ᠠᠷᠠᠯᠵᠢᠶᠠᠨ ᠤ ᠦᠨᠳᠦᠰᠦᠨ ᠳᠦᠷᠢᠮ︔       ︵ᠠᠷᠪᠡ︶ ᠵᠠᠷᠭᠤᠯᠳᠤᠬᠤ ᠪᠠ ᠬᠦᠨᠳᠡᠯᠡᠨ ᠠᠴᠠ ᠲᠠᠰᠤᠯᠬᠤ ᠳᠦᠷᠢᠮ︔      ︵ᠠᠷᠪᠠᠠ ᠨᠢᠬᠡ︶ ᠡᠷᠭᠡᠪᠰᠢ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ  ᠲᠡᠬᠦᠨ ᠤ ᠪᠠᠶᠢᠩᠭᠤ ᠶᠢᠨ ᠬᠤᠷᠢᠶ᠎ᠠ ᠠᠴᠠ ᠬᠠᠤᠯᠢ ᠲᠤᠭᠲᠠᠭᠠᠬᠤ ᠴᠢᠬᠤᠯᠠ ᠲᠠᠢ ᠪᠤᠰᠤᠳ ᠵᠦᠢᠯᠡᠰ ᠤᠳ᠃      ᠶᠢᠰᠦᠳᠦᠭᠡᠷ ᠵᠦᠢᠯ  ᠲᠤᠰ ᠬᠠᠤᠯᠢ ᠶᠢᠨ ᠨᠠᠢᠮᠠᠳᠤᠭᠠᠷ ᠵᠦᠢᠯ ᠳᠤ ᠲᠤᠭᠲᠠᠭᠠᠭᠰᠠᠨ ᠵᠦᠢᠯᠡᠰ ᠤᠳ ᠤᠨ  ᠲᠤᠬᠠᠢ ᠬᠠᠷᠠᠬᠠᠨ ᠬᠠᠤᠯᠢ ᠲᠤᠭᠳᠠᠭᠠᠭᠠᠳᠤᠢ ᠪᠠᠶᠢᠪᠠᠯ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ  ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠠᠴᠠ ᠲᠤᠭᠲᠠᠭᠠᠯ ᠭᠠᠷᠭᠠᠵᠤ᠂ ᠲᠦᠷᠦ ᠶᠢᠨ ᠶᠠᠪᠤᠳᠠᠯ ᠤᠨ  ᠬᠤᠷᠢᠶᠠᠨ ᠳᠤ ᠡᠷᠬᠡ ᠤᠯᠭᠤᠨ ᠪᠤᠳᠠᠲᠤ ᠬᠡᠷᠡᠭᠴᠡᠭᠡ ᠶᠢ ᠦᠨᠳᠦᠰᠦᠯᠡᠵᠤ᠂ ᠲᠡᠬᠦᠨ ᠤ ᠳᠤᠲᠤᠷᠠᠬᠢ ᠵᠠᠷᠴᠢᠮ  ᠶᠠᠪᠤᠳᠠᠯ ᠤᠨ ᠲᠤᠬᠠᠢ ᠤᠷᠢᠳᠠᠪᠠᠷ ᠵᠠᠰᠠᠭ ᠵᠠᠬᠢᠷᠭᠠᠨ ᠤ ᠬᠠᠤᠯᠢ ᠲᠤᠭᠲᠠᠭᠠᠯ ᠲᠤᠭᠲᠠᠭᠠᠯᠭᠠᠬᠤ ᠡᠷᠭᠡ ᠲᠠᠢ᠂ ᠬᠡᠪᠡᠴᠦ  ᠶᠡᠭᠡ ᠶᠠᠯ᠎ᠠ ᠬᠢᠭᠰᠡᠨ ᠪᠠ ᠡᠷᠡᠭᠦᠦ ᠰᠢᠳᠭᠡᠯ᠂  ᠠᠷᠠᠳ ᠢᠷᠭᠡᠨ ᠤ ᠤᠯᠤᠰ ᠲᠦᠷᠦ ᠶᠢᠨ ᠡᠷᠬᠡ ᠶᠢ ᠬᠠᠰᠤᠬᠤ ᠪᠠ  ᠬᠦᠮᠦᠨ ᠤ ᠪᠡᠶ᠎ᠡ ᠶᠢᠨ ᠡᠷᠭᠡ ᠴᠢᠯᠦᠭᠡ ᠶᠢ ᠬᠢᠵᠠᠭᠠᠷᠯᠠᠬᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠ ᠰᠢᠳᠭᠡᠯ᠂ ᠬᠠᠤᠯᠢ  ᠴᠠᠭᠠᠵᠠ ᠶᠢᠨ ᠳᠦᠷᠢᠮ ᠵᠡᠷᠭᠡ ᠶᠠᠪᠤᠳᠠᠯ ᠡᠭᠦᠨ ᠳᠤ ᠪᠠᠭᠲᠠᠬᠤ ᠦᠭᠡᠢ᠃      ᠠᠷᠪᠠᠳᠤᠭᠠᠷ ᠵᠦᠢᠯ  ᠡᠷᠭᠡ ᠤᠯᠭᠤᠬᠤ ᠲᠤᠭᠳᠠᠭᠠᠯ ᠳᠤ ᠡᠷᠭᠡ ᠤᠯᠭᠤᠬᠤ ᠵᠤᠷᠢᠯᠭ᠎ᠠ᠂ ᠶᠠᠪᠤᠳᠡᠯ᠂ ᠬᠦᠷᠢᠶ᠎ᠡ  ᠭᠡᠪᠴᠢᠶ᠎ᠡ᠂ ᠴᠠᠭ ᠬᠤᠭᠤᠴᠠᠭ᠎ᠠ ᠵᠢᠴᠢ ᠡᠷᠬᠡ ᠤᠯᠤᠭᠰᠠᠨ ᠪᠠᠶᠢᠭᠤᠯᠤᠯᠭ᠎ᠠ ᠶᠢᠨ ᠡᠷᠭᠡ ᠤᠯᠭᠤᠭᠰᠠᠨ ᠲᠤᠭᠲᠠᠭᠠᠯ ᠢ  ᠬᠡᠷᠡᠭᠵᠢᠬᠦᠯᠬᠦ ᠳᠤ ᠵᠢᠷᠤᠮᠯᠠᠪᠠᠰᠤ ᠵᠤᠬᠢᠬᠤ ᠵᠠᠷᠴᠢᠮ ᠵᠡᠷᠭᠡ ᠶᠢ ᠲᠤᠲᠤᠷᠬᠠᠶᠢᠯᠠᠬᠤ ᠬᠡᠷᠡᠭᠲᠠᠢ᠃       ᠡᠷᠬᠡ ᠤᠯᠭᠤᠬᠤ ᠴᠠᠭ ᠬᠤᠭᠤᠴᠠᠭ᠎ᠠ ᠨᠢ ᠲᠠᠪᠤᠨ ᠵᠢᠯ ᠠᠴᠠ ᠬᠡᠲᠦᠷᠡᠵᠤ ᠪᠤᠯᠬᠤ ᠦᠭᠡᠢ᠂ ᠬᠡᠪᠡᠴᠦ ᠡᠷᠭᠡ  ᠤᠯᠭᠤᠬᠤ ᠲᠤᠭᠲᠠᠭᠠᠯ ᠳᠠᠭᠠᠨ ᠠᠰᠳᠠᠭᠠᠨ ᠲᠤᠭᠲᠠᠭᠠᠯ ᠭᠠᠷᠭᠠᠭᠰᠠᠨ ᠪᠠᠶᠢᠪᠠᠯ ᠡᠭᠦᠨ ᠳᠤ ᠪᠠᠭᠲᠠᠬᠤ ᠦᠭᠡᠢ᠃      ᠡᠷᠬᠡ ᠤᠯᠤᠭᠰᠠᠨ ᠪᠠᠶᠢᠭᠤᠯᠤᠯᠭ᠎ᠠ ᠨᠢ ᠡᠷᠭᠡ ᠤᠯᠭᠤᠭᠰᠠᠨ ᠴᠠᠭ ᠬᠤᠭᠤᠴᠠᠭ᠎ᠠ ᠨᠢ ᠳᠦᠭᠦᠷᠬᠦ ᠠᠴᠠ  ᠵᠢᠷᠭᠤᠭᠠᠨ ᠰᠠᠷ᠎ᠠ ᠶᠢᠨ ᠡᠮᠦᠨ᠎ᠡ ᠡᠷᠬᠡ ᠤᠯᠭᠤᠬᠰᠠᠠ ᠪᠠᠶᠢᠭᠤᠯᠤᠯᠭ᠎ᠠ ᠳᠠᠭᠠᠨ ᠡᠷᠬᠡ ᠤᠯᠭᠤᠬᠤ ᠳᠤᠬᠳᠠᠭᠠᠯ ᠢ  ᠬᠡᠷᠡᠭᠵᠢᠬᠦᠯᠦᠭᠰᠡᠡ ᠪᠠᠶᠢᠳᠠᠯ ᠢ ᠮᠡᠳᠡᠭᠦᠯᠦᠭᠡᠳ ᠬᠤᠯᠪᠤᠭᠳᠠᠯ ᠪᠦᠬᠦᠢ ᠬᠠᠤᠯᠢ ᠲᠤᠭᠲᠠᠭᠠᠬᠤ ᠴᠢᠬᠤᠯᠠᠲᠠᠢ ᠡᠰᠡᠬᠦ  ᠲᠤᠬᠠᠢ ᠰᠠᠨᠠᠯ ᠢᠶᠠᠨ ᠳᠤᠷᠠᠳᠬᠤ ᠬᠡᠷᠡᠭᠲᠠᠢ  ︔ ᠦᠷᠬᠦᠯᠵᠢᠯᠡᠡ ᠡᠷᠬᠡ ᠤᠯᠭᠤᠬᠤ ᠴᠢᠬᠤᠯᠠ ᠲᠠᠢ ᠶᠤᠮ ᠪᠤᠯ ᠬᠠᠮᠢᠶ᠎ᠠ  ᠪᠦᠬᠦᠢ ᠰᠠᠨᠠᠯ ᠢᠶᠠᠨ ᠳᠤᠷᠠᠳᠪᠡᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ  ᠲᠡᠭᠦᠨ ᠤ ᠪᠠᠶᠢᠡᠭᠭᠤ ᠶᠢᠨ ᠬᠤᠷᠢᠶ᠎ᠠ ᠠᠴᠠ ᠲᠤᠭᠲᠠᠭᠠᠵᠤ ᠪᠤᠯᠤᠨ᠎ᠠ᠃     ᠠᠷᠪᠠᠨ ᠨᠢᠭᠡᠳᠦᠭᠡᠷ ᠵᠦᠢᠯ   ᠡᠷᠬᠡ ᠤᠯᠭᠤᠵᠤ ᠬᠠᠤᠯᠢ ᠲᠤᠭᠲᠠᠭᠠᠭᠰᠠᠨ ᠶᠠᠪᠤᠳᠠᠯ ᠢ ᠦᠢᠯᠡᠳᠦᠯᠭᠡ ᠪᠠᠷ  ᠰᠢᠯᠭᠠᠨ ᠪᠠᠶᠢᠴᠠᠭᠠᠬᠤ ᠪᠠᠷ ᠳᠠᠮᠵᠢᠭᠤᠯᠵᠤ᠂ ᠬᠠᠤᠯᠢ ᠲᠤᠭᠲᠠᠭᠠᠬᠤ ᠨᠦᠬᠦᠴᠡᠯ ᠪᠦᠷᠢᠯᠳᠦᠭᠰᠡᠨ ᠦᠶ᠎ᠡ ᠳᠤ᠂ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠴᠠᠭ  ᠲᠤᠬᠠᠢ ᠳᠤᠨᠢ ᠬᠠᠥᠯᠢ ᠲᠤᠭᠳᠠᠭᠠᠨ᠎ᠠ᠃ ᠬᠠᠥᠯᠢ ᠶᠢ ᠲᠤᠭᠳᠠᠭᠠᠭᠰᠠᠨ ᠤ ᠲᠠᠷᠠᠭ᠎ᠠ᠂ ᠵᠤᠬᠢᠬᠤ ᠬᠠᠥᠯᠢ ᠲᠤᠭᠳᠠᠭᠠᠬᠤ  ᠶᠠᠪᠤᠳᠡᠯ ᠤᠨ ᠲᠤᠬᠠᠢ ᠤᠯᠭᠤᠭᠰᠠᠨ ᠡᠷᠭᠡ ᠲᠠᠭᠤᠰᠤᠨ᠎ᠠ᠃             ᠠᠷᠪᠠᠨ ᠬᠤᠶᠠᠳᠤᠭᠠᠷ ᠵᠦᠢᠯ   ᠡᠷᠬᠡ ᠤᠯᠤᠭᠰᠠᠨ ᠪᠠᠶᠢᠭᠤᠯᠤᠯᠭ᠎ᠠ ᠨᠢ ᠡᠷᠭᠡ ᠤᠯᠭᠤᠬᠤ ᠲᠤᠭᠲᠠᠭᠠᠯ  ᠶᠤᠰᠤᠭᠠᠷ ᠤᠯᠭᠤᠭᠰᠠᠨ ᠡᠷᠭᠡ ᠮᠡᠳᠡᠯ ᠢᠶᠠᠨ ᠴᠢᠩᠭ᠎ᠠ ᠬᠡᠷᠡᠭᠵᠢᠬᠦᠯᠬᠦ ᠬᠡᠷᠡᠭᠲᠠᠢ᠃  ᠡᠷᠬᠡ ᠤᠯᠤᠭᠰᠠᠨ ᠪᠠᠶᠢᠭᠤᠯᠤᠯᠭ᠎ᠠ  ᠨᠢ ᠤᠯᠭᠤᠭᠰᠠᠨ ᠡᠷᠬᠡ ᠶᠢ ᠪᠤᠰᠤᠳ ᠪᠠᠶᠢᠭᠤᠯᠤᠯᠭ᠎ᠠ ᠳᠤ ᠰᠢᠯᠵᠢᠭᠦᠯᠦᠨ ᠦᠭᠴᠦ  ᠪᠤᠯᠬᠤ ᠦᠭᠡᠢ᠃      ᠠᠷᠪᠠᠨ ᠭᠤᠷᠪᠠᠳᠤᠭᠠᠷ ᠵᠦᠢᠯ   ᠪᠦᠬᠦ ᠤᠯᠥᠰ ᠤᠨ ᠠᠷᠠᠳ ᠤᠨ ᠳᠦᠯᠥᠭᠡᠯᠡᠭᠴᠢᠳ ᠤᠨ ᠶᠡᠭᠡ ᠬᠤᠷᠠᠯ ᠵᠢᠴᠢ  ᠳᠡᠬᠦᠡ ᠤ ᠪᠠᠶᠢᠡᠭᠭᠤ ᠶᠢᠨ ᠬᠤᠷᠢᠶ᠎ᠠ ᠨᠢ ᠦᠭᠡᠷᠡᠴᠢᠯᠡᠯᠲᠡ ᠨᠡᠭᠡᠭᠡᠯᠲᠡ ᠶᠢᠨ ᠬᠡᠷᠡᠭᠴᠡᠭᠡ ᠶᠢ ᠦᠨᠳᠦᠰᠦᠯᠡᠨ ᠵᠠᠰᠠᠭ  ᠵᠠᠬᠢᠷᠭᠠᠨ ᠤ ᠬᠠᠮᠢᠶᠠᠷᠦᠯᠳᠠ ᠵᠡᠷᠬᠡ ᠬᠦᠷᠢᠶᠡᠡ ᠳᠠᠬᠢ ᠤᠠᠴᠠ ᠳᠤᠬᠳᠠᠬᠰᠠᠠ ᠵᠦᠢᠯ ᠤᠳ ᠤᠨ ᠳᠤᠬᠠᠢ ᠡᠷᠬᠡ  ᠤᠯᠭᠤᠬᠤ ᠶᠢ ᠳᠤᠬᠳᠠᠭᠠᠬᠤ ᠳᠠᠭᠠᠨ ᠬᠡᠰᠡᠭ ᠭᠠᠵᠠᠷ ᠤᠷᠤᠨ ᠳᠤ ᠬᠠᠤᠯᠢ ᠴᠠᠭᠠᠵᠠ ᠶᠢᠨ ᠬᠡᠰᠡᠭ ᠲᠤᠭᠲᠠᠭᠠᠯ ᠢ  ᠬᠡᠷᠡᠭᠵᠢᠬᠦᠯᠬᠦ ᠳᠤ ᠵᠤᠬᠢᠬᠤ ᠴᠠᠭ ᠬᠤᠭᠤᠴᠠᠭᠠᠨ ᠳᠤᠲᠤᠷ᠎ᠠ ᠲᠦᠷ ᠲᠤᠬᠢᠷᠠᠭᠤᠯᠤᠯᠲᠠ ᠬᠢᠬᠦ ᠪᠤᠶᠤ ᠲᠦᠷ  ᠵᠤᠭᠰᠤᠭᠠᠵᠤ ᠪᠤᠯᠤᠨ᠎ᠠ᠃       ᠬᠤᠶᠠᠳᠤᠭᠠᠷ ᠭᠡᠰᠡᠭ   ᠪᠦᠬᠦ ᠤᠯᠥᠰ ᠤᠨ ᠠᠷᠠᠳ ᠤᠨ ᠳᠦᠯᠥᠭᠡᠯᠡᠭᠴᠢᠳ ᠤᠨ ᠶᠡᠭᠡ ᠬᠤᠷᠠᠯ ᠤᠨ ᠬᠠᠤᠯᠢ  ᠲᠤᠭᠲᠠᠭᠠᠬᠤ ᠳᠡᠰ ᠳᠠᠷᠠᠭᠠᠯᠠᠯ       ᠠᠷᠪᠡᠡ ᠳᠦᠷᠪᠡᠳᠦᠬᠡᠷ ᠵᠦᠢᠯ   ᠪᠦᠬᠦ ᠤᠯᠥᠰ ᠤᠨ ᠠᠷᠠᠳ ᠤᠨ ᠳᠦᠯᠥᠭᠡᠯᠡᠭᠴᠢᠳ ᠤᠨ ᠶᠡᠭᠡ ᠬᠤᠷᠠᠯ ᠤᠨ  ᠲᠡᠷᠢᠭᠦᠯᠡᠭᠴᠢᠳ  ᠤᠨ ᠪᠦᠯᠬᠦᠮ ᠨᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ  ᠬᠠᠤᠯᠢ ᠴᠠᠭᠠᠵᠠ ᠶᠢᠨ ᠲᠤᠬᠠᠢ ᠰᠠᠨᠠᠯ ᠵᠦᠪᠯᠡᠯᠬᠡ ᠳᠤᠷᠠᠳᠴᠦ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠵᠤ ᠪᠤᠯᠤᠨ᠎ᠠ᠃      ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂  ᠲᠦᠷᠦ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠠᠶ᠎ᠠ᠂ ᠠᠷᠠᠥᠨ ᠤᠨ ᠳᠡᠭᠡᠲᠤ  ᠰᠢᠭᠦᠭᠦ ᠬᠤᠷᠢᠶ᠎ᠠ᠂ ᠠᠷᠠᠤᠨ ᠤᠨ ᠲᠡᠭᠡᠳᠦ ᠪᠠᠶᠢᠴᠠᠭᠠᠬᠤ ᠬᠤᠷᠢᠶ᠎ᠠ᠂ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠨᠢ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠳᠤ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠲᠤᠷᠠᠥᠨᠴᠦ ᠪᠤᠯᠤᠨ᠎ᠠ᠂  ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠶᠢ ᠲᠡᠷᠢᠬᠦᠯᠡᠭᠴᠢᠥᠨ ᠤᠨ ᠪᠦᠯᠬᠦᠮ ᠠᠴᠠ ᠲᠤᠭᠳᠠᠭᠠᠨ᠎ᠠ᠃      ᠠᠷᠪᠡᠡ ᠳᠠᠪᠤᠳᠤᠭᠠᠷ ᠵᠦᠢᠯ  ᠨᠢᠭᠡ ᠲᠦᠯᠦᠭᠡᠯᠡᠭᠴᠢᠥᠨ ᠤᠨ ᠪᠦᠯᠬᠦᠮ ᠪᠤᠶᠤ ᠭᠤᠴᠢᠨ ᠨᠡᠷᠡᠰ ᠠᠴᠠ ᠲᠡᠭᠡᠭᠰᠢ  ᠲᠦᠯᠦᠭᠡᠯᠡᠭᠴᠢ ᠨᠡᠷ᠎ᠡ ᠬᠤᠯᠪᠤᠵᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ  ᠬᠠᠤᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠲᠤᠷᠠᠥᠨᠴᠦ ᠪᠤᠯᠤᠨ᠎ᠠ᠂ ᠲᠡᠷᠢᠬᠦᠯᠡᠭᠴᠢᠥᠨ ᠤᠨ ᠪᠦᠯᠬᠦᠮ ᠠᠴᠠ  ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ ᠲᠤᠭᠳᠠᠭᠠᠬᠤ ᠪᠤᠶᠤ ᠤᠷᠢᠳᠠᠪᠠᠷ ᠬᠤᠯᠪᠤᠭᠳᠠᠯ ᠪᠦᠬᠦᠢ  ᠲᠤᠰᠬᠠᠢ ᠵᠦᠪᠯᠡᠯ ᠳᠤ ᠲᠤᠰᠢᠶᠠᠵᠤ ᠬᠢᠨᠠᠨ ᠵᠦᠪᠯᠡᠬᠦᠯᠤᠨ᠂ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ  ᠲᠤᠬᠠᠢ ᠰᠠᠨᠠᠯ ᠲᠤᠷᠠᠳᠤᠭᠤᠯᠤᠭᠰᠠᠨ ᠤ ᠲᠠᠷᠠᠭ᠎ᠠ᠂ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ  ᠲᠤᠭᠲᠠᠭᠠᠨ᠎ᠠ᠃  ᠲᠤᠰᠬᠠᠢ ᠵᠦᠪᠯᠡᠯ ᠨᠢ ᠬᠢᠨᠠᠨ ᠵᠦᠪᠯᠡᠬᠦ ᠳᠡᠭᠡᠨ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠢ ᠤᠷᠢᠵᠤ ᠬᠤᠷᠠᠯ ᠳᠤ  ᠰᠤᠯᠠ ᠤᠷᠤᠯᠴᠠᠭᠤᠯᠤᠨ᠂ ᠰᠠᠨᠠᠯ ᠢ ᠨᠢ ᠶᠠᠷᠢᠭᠤᠯᠵᠤ ᠪᠤᠯᠤᠨ᠎ᠠ᠃       ᠠᠷᠪᠠᠨ ᠵᠢᠷᠭᠤᠳᠤᠭᠠᠷ ᠵᠦᠢᠯ    ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ  ᠬᠠᠤᠯᠢ ᠴᠠᠭᠠᠵᠨ ᠶᠢᠨ ᠲᠤᠬᠠᠢ ᠰᠠᠨᠠᠯ ᠵᠦᠪᠯᠡᠯᠭᠡ ᠲᠤᠷᠠᠥᠨᠬᠤ ᠳᠤ᠂ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ ᠪᠤᠯ ᠤᠷᠢᠳᠠᠪᠠᠷ ᠪᠠᠶᠢᠩᠭᠤ ᠶᠢᠨ  ᠬᠤᠷᠢᠶᠠᠨ ᠳᠤ ᠲᠤᠷᠠᠥᠨᠴᠤ ᠪᠤᠯᠤᠨ᠎ᠠ᠂ ᠪᠠᠶᠢᠩᠭᠤ ᠶᠢᠨ ᠬᠤᠷᠢᠶᠠᠨ ᠤ ᠬᠤᠷᠠᠯ ᠠᠴᠠ ᠲᠤᠰ ᠬᠠᠥᠯᠢ ᠶᠢᠨ ᠬᠤᠶᠠᠳᠤᠭᠠᠷ  ᠪᠦᠯᠦᠭ ᠤᠨ ᠭᠤᠷᠪᠠᠳᠤᠭᠠᠷ ᠭᠡᠰᠡᠭ ᠲᠤ ᠲᠤᠭᠲᠠᠭᠠᠭᠰᠠᠨ ᠬᠤᠯᠪᠤᠭᠳᠠᠯ ᠪᠦᠬᠦᠢ ᠳᠡᠰ ᠳᠠᠷᠠᠭᠠᠯᠠᠯ ᠤᠨ ᠶᠤᠰᠤᠭᠠᠷ  ᠬᠢᠨᠠᠨ ᠵᠦᠪᠯᠡᠭᠰᠡᠨ ᠤ ᠲᠠᠷᠠᠭ᠎ᠠ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠳᠤ  ᠲᠡᠪᠰᠢᠬᠦᠯᠵᠦ ᠬᠢᠨᠠᠨ ᠵᠦᠪᠯᠡᠬᠦᠯᠬᠦ ᠶᠢ ᠲᠤᠭᠳᠠᠭᠠᠨ᠎ᠠ᠂ ᠪᠠᠶᠢᠩᠭᠤ ᠶᠢᠨ ᠬᠤᠷᠢᠶ᠎ᠠ ᠠᠴᠠ ᠶᠡᠭᠡ ᠬᠤᠷᠠᠯ ᠤᠨ ᠪᠦᠬᠦᠳᠡ  ᠬᠤᠷᠠᠯ ᠳᠤ ᠲᠤᠳᠤᠷᠬᠠᠢᠢᠯᠠᠯᠳᠠ ᠬᠢᠬᠦ ᠪᠤᠶᠤ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠠᠴᠠ ᠶᠡᠭᠡ ᠬᠤᠷᠠᠯ ᠤᠨ  ᠪᠦᠬᠦᠳᠡ ᠬᠤᠷᠠᠯ ᠳᠤ ᠲᠤᠲᠤᠷᠬᠠᠶᠢᠯᠠᠯᠲᠠ ᠬᠢᠨ᠎ᠡ᠃      ᠪᠠᠶᠢᠩᠭᠤ ᠶᠢᠨ ᠬᠤᠷᠢᠶ᠎ᠠ ᠨᠢ ᠳᠦᠷᠦᠬᠦᠦ ᠵᠤᠷᠪᠤᠰ ᠤᠨ ᠳᠤᠬᠳᠠᠭᠠᠯ ᠶᠤᠰᠤᠭᠠᠷ ᠬᠠᠤᠯᠢ ᠴᠠᠭᠠᠵᠠ ᠶᠢᠨ ᠰᠠᠨᠠᠯ  ᠳᠤᠷᠠᠳᠤᠯᠭ᠎ᠠ ᠶᠢᠨ ᠳᠤᠬᠠᠢ ᠬᠢᠨᠠᠠ ᠵᠦᠪᠯᠡᠬᠦ ᠳᠡᠭᠡᠨ ᠪᠦᠬᠦ ᠤᠯᠥᠰ ᠤᠨ ᠠᠷᠠᠳ ᠤᠨ ᠳᠦᠯᠥᠭᠡᠯᠡᠭᠴᠢᠳ ᠤᠨ ᠶᠡᠭᠡ  ᠬᠤᠷᠠᠯ ᠤᠨ ᠳᠦᠯᠥᠭᠡᠯᠡᠭᠴᠢᠳ  ᠤᠨ ᠰᠠᠨᠠᠯ ᠢ ᠤᠯᠠᠠ ᠵᠦᠢᠯ ᠤᠨ ᠬᠡᠯᠪᠡᠷᠢ ᠪᠠᠷ ᠳᠡᠮᠵᠢᠭᠤᠯᠤᠡ ᠬᠤᠷᠢᠶᠠᠬᠤ ᠶᠢᠨ  ᠳᠠᠭᠠᠤ ᠬᠤᠯᠪᠤᠬᠳᠠᠯ ᠪᠦᠬᠦᠢ ᠪᠠᠶᠢᠳᠠᠯ ᠢ ᠪᠤᠴᠠᠭᠠᠠ ᠳᠤᠰᠬᠠᠬᠤ ᠬᠡᠷᠡᠭᠳᠡᠢ︔ ᠳᠤᠰᠬᠠᠢ ᠵᠦᠪᠯᠡᠯ ᠪᠡ ᠪᠠᠶᠢᠩᠭᠤ ᠶᠢᠨ  ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠨᠢ ᠬᠠᠤᠯᠢ ᠳᠤᠬᠳᠠᠭᠠᠬᠤ ᠳᠤᠬᠠᠢ ᠪᠠᠶᠢᠴᠠᠭᠠᠠ ᠰᠤᠳᠤᠯᠤᠯᠳᠠ ᠬᠢᠬᠦ ᠳᠤ  ᠪᠦᠬᠦ ᠤᠯᠥᠰ ᠤᠨ ᠠᠷᠠᠳ ᠤᠨ ᠳᠦᠯᠥᠭᠡᠯᠡᠭᠴᠢᠳ ᠤᠨ ᠶᠡᠭᠡ ᠬᠤᠷᠠᠯ ᠤᠨ ᠬᠤᠯᠪᠤᠬᠳᠠᠯ ᠪᠦᠬᠦᠢ ᠳᠦᠯᠥᠭᠡᠯᠡᠭᠴᠢ ᠶᠢ  ᠤᠷᠢᠵᠦ ᠤᠷᠦᠯᠴᠠᠭᠤᠯᠵᠦ ᠪᠤᠯᠥᠨ᠎ᠠ᠃      ᠠᠷᠪᠡᠡ ᠳᠤᠯᠤᠳᠤᠭᠠᠷ ᠵᠦᠢᠯ    ᠪᠠᠶᠢᠩᠭᠤ ᠶᠢᠨ ᠬᠤᠷᠢᠶ᠎ᠡ ᠠᠴᠠ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠬᠤᠷᠠᠯ ᠳᠤ ᠲᠡᠪᠰᠢᠬᠦᠯᠵᠦ ᠬᠢᠨᠠᠨ ᠵᠦᠪᠯᠡᠬᠦᠯᠬᠦ ᠪᠠᠷ ᠲᠤᠭᠳᠠᠭᠠᠭᠰᠠᠨ  ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠪᠤᠯ ᠬᠤᠷᠠᠯ ᠡᠭᠢᠯᠡᠬᠦ ᠠᠴᠠ ᠨᠢᠭᠡ ᠰᠠᠷ᠎ᠠ ᠶᠢᠨ ᠡᠮᠦᠨ᠎ᠡ  ᠬᠠᠥᠯᠢ ᠶᠢᠨ ᠲᠦᠰᠦᠯ ᠢᠶᠠᠨ ᠲᠦᠯᠦᠭᠡᠯᠡᠭᠴᠢᠥᠨ ᠲᠤ  ᠲᠠᠷᠬᠠᠭᠠᠵᠤ ᠦᠭᠬᠦ ᠭᠡᠷᠡᠭᠳᠡᠢ᠃      ᠠᠷᠪᠠᠨ ᠨᠠᠢᠮᠠᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠪᠤᠯ ᠶᠡᠭᠡ  ᠬᠤᠷᠠᠯ ᠤᠨ ᠪᠦᠬᠦᠳᠡ ᠬᠤᠷᠠᠯ ᠠᠴᠠ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠤ ᠲᠤᠳᠤᠷᠬᠠᠢᠢᠯᠠᠯᠳᠠ ᠶᠢ  ᠰᠤᠨᠤᠰᠤᠭᠰᠠᠨ ᠤ ᠲᠠᠷᠠᠭ᠎ᠠ᠂ ᠡᠯ᠎ᠡ ᠲᠦᠯᠦᠭᠡᠯᠡᠭᠴᠢᠥᠨ ᠤᠨ ᠪᠦᠯᠬᠦᠮ ᠬᠢᠨᠠᠨ ᠵᠦᠪᠯᠡᠨ᠎ᠠ᠃      ᠡᠯ᠎ᠡ ᠲᠦᠯᠦᠭᠡᠯᠡᠭᠴᠢᠥᠨ ᠤᠨ ᠪᠦᠯᠬᠦᠮ ᠬᠠᠥᠯᠢ ᠴᠠᠭᠠᠵᠨ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ  ᠦᠶ᠎ᠡ ᠳᠤ᠂ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠨᠢ ᠬᠦᠮᠦᠨ ᠲᠤᠮᠢᠯᠠᠨ ᠰᠠᠨᠠᠯ ᠰᠤᠨᠤᠰᠤᠭᠤᠯᠵᠤ᠂ ᠯᠠᠪᠯᠠᠭᠰᠠᠨ  ᠠᠰᠠᠭᠤᠯᠳᠠ ᠶᠢ ᠨᠢ ᠬᠠᠷᠢᠭᠤᠯᠬᠤ ᠭᠡᠷᠡᠭᠳᠡᠢ᠃      ᠡᠯ᠎ᠡ ᠲᠦᠯᠦᠭᠡᠯᠡᠭᠴᠢᠥᠨ ᠤᠨ ᠪᠦᠯᠬᠦᠮ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ  ᠦᠶ᠎ᠡ ᠳᠤ᠂ ᠲᠦᠯᠦᠭᠡᠯᠡᠭᠴᠢᠥᠨ ᠤᠨ ᠪᠦᠯᠬᠦᠮ ᠤᠨ ᠱᠠᠭᠠᠷᠳᠠᠯᠭ᠎ᠠ ᠶᠢ ᠦᠨᠳᠦᠰᠦᠯᠡᠵᠦ᠂ ᠬᠤᠯᠪᠤᠭᠳᠠᠯ ᠪᠦᠬᠦᠢ  ᠪᠠᠶᠢᠭᠤᠯᠤᠯᠭ᠎ᠠ᠂ ᠵᠤᠬᠢᠶᠠᠨ ᠪᠠᠶᠢᠭᠤᠯᠤᠯᠳᠠ ᠨᠢ ᠬᠦᠮᠦᠨ ᠲᠤᠮᠢᠯᠠᠨ ᠪᠠᠶᠢᠳᠠᠯ ᠢᠶᠠᠨ ᠲᠠᠨᠢᠯᠴᠠᠭᠤᠯᠬᠤ ᠭᠡᠷᠡᠭᠳᠡᠢ᠃      ᠠᠷᠪᠠ ᠶᠢᠰᠦᠳᠦᠬᠡᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠬᠤᠯᠪᠤᠭᠳᠠᠯ ᠪᠦᠬᠦᠢ ᠲᠤᠰᠬᠠᠢ ᠵᠦᠪᠯᠡᠯ ᠠᠴᠠ ᠬᠢᠨᠠᠨ ᠵᠦᠪᠯᠡᠵᠦ᠂ ᠲᠡᠷᠢᠬᠦᠯᠡᠭᠴᠢᠥᠨ ᠤᠨ ᠪᠦᠯᠬᠦᠮ ᠳᠤ ᠬᠢᠨᠠᠨ  ᠵᠦᠪᠯᠡᠭᠰᠡᠨ ᠰᠠᠨᠠᠯ ᠢᠶᠠᠨ ᠲᠤᠷᠠᠥᠨᠬᠤ ᠶᠢᠨ ᠬᠠᠮᠳᠤ ᠬᠤᠷᠠᠯ ᠳᠤ ᠲᠠᠷᠤᠮᠠᠯᠯᠠᠨ ᠲᠠᠷᠬᠠᠭᠠᠨ᠎ᠠ᠃      ᠬᠤᠷᠢᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠠᠥᠯᠢ  ᠴᠠᠭᠠᠵᠠ ᠶᠢᠨ ᠵᠦᠪᠯᠡᠯ ᠠᠴᠠ ᠡᠯ᠎ᠡ ᠲᠦᠯᠦᠭᠡᠯᠡᠭᠴᠢᠥᠨ ᠤᠨ ᠪᠦᠯᠬᠦᠮ ᠪᠤᠯᠤᠨ ᠬᠤᠯᠪᠤᠭᠳᠠᠯ ᠪᠦᠬᠦᠢ ᠲᠤᠰᠬᠠᠢ  ᠵᠦᠪᠯᠡᠯ ᠤᠨ ᠬᠢᠨᠠᠨ ᠵᠦᠪᠯᠡᠭᠰᠠᠨ ᠰᠠᠨᠠᠯ ᠢ ᠦᠨᠳᠦᠰᠦᠯᠡᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠨᠢᠭᠡᠳᠦᠯᠳᠡᠢ ᠬᠢᠨᠠᠨ ᠵᠦᠪᠯᠡᠵᠦ᠂ ᠲᠡᠷᠢᠬᠦᠯᠡᠭᠴᠢᠥᠨ ᠤᠨ ᠪᠦᠯᠬᠦᠮ ᠳᠤ ᠬᠢᠨᠠᠨ ᠵᠦᠪᠯᠡᠭᠰᠠᠨ ᠦᠷ᠎ᠡ ᠳ᠋ᠦᠩ ᠤᠨ ᠲᠤᠬᠠᠢ  ᠮᠡᠳᠡᠬᠦᠯᠦᠯᠳᠡ ᠪᠠ ᠬᠠᠤᠯᠢ ᠴᠠᠭᠠᠵᠠ ᠶᠢᠨ ᠳᠦᠰᠦᠯ ᠤᠨ ᠵᠠᠰᠠᠪᠦᠷᠢ ᠤᠷᠤᠭᠤᠯᠤᠬᠰᠠᠨ ᠨᠤᠤᠷᠠᠭ ᠢ ᠳᠡᠪᠰᠢᠬᠦᠯᠵᠦ᠂  ᠠᠳᠠᠯᠢ ᠪᠤᠰᠤ ᠶᠢᠨ ᠴᠢᠬᠤᠯᠠ ᠰᠠᠨᠠᠯ ᠢ ᠬᠢᠨᠠᠨ ᠵᠦᠪᠯᠡᠭᠰᠡᠨ ᠦᠷ᠎ᠠ ᠳ᠋ᠦᠩ ᠤᠨ ᠮᠡᠳᠡᠬᠦᠯᠦᠯᠳᠠ ᠳᠡᠭᠡᠨ  ᠲᠤᠳᠤᠷᠬᠠᠢᠢᠯᠠᠯᠳᠠ ᠬᠢᠵᠦ᠂ ᠲᠡᠷᠢᠬᠦᠯᠡᠭᠴᠢᠥᠨ ᠤᠨ ᠪᠦᠯᠬᠦᠮ ᠤᠨ ᠬᠤᠷᠠᠯ ᠢᠶᠠᠷ ᠬᠢᠨᠠᠨ ᠵᠦᠪᠯᠡᠬᠦᠯᠵᠤ  ᠪᠠᠳᠤᠯᠠᠭᠤᠯᠤᠭᠰᠠᠨ ᠤ ᠲᠠᠷᠠᠭ᠎ᠠ᠂ ᠬᠤᠷᠠᠯ ᠳᠤ ᠲᠠᠷᠤᠮᠠᠯᠯᠠᠨ ᠲᠠᠷᠬᠠᠭᠠᠨ᠎ᠠ᠃        ᠬᠤᠷᠢᠨ ᠨᠢᠭᠡᠳᠦᠭᠡᠷ ᠵᠦᠢᠯ     ᠬᠤᠷᠢᠨ ᠬᠤᠶᠠᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠲᠤᠰᠢᠶᠠᠨ  ᠦᠭᠴᠦ ᠪᠠᠳᠤᠯᠠᠭᠤᠯᠬᠤ ᠠᠴᠠ ᠡᠮᠦᠨ᠎ᠠ᠂ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠨᠢ ᠪᠤᠴᠠᠭᠠᠵᠤ ᠠᠪᠬᠤ ᠪᠠᠷ  ᠱᠠᠭᠠᠷᠳᠠᠭᠰᠠᠨ ᠪᠠᠶᠢᠪᠠᠯ ᠤᠴᠢᠷ ᠰᠢᠯᠳᠠᠭᠠᠨ ᠢᠶᠠᠨ ᠲᠤᠳᠤᠷᠬᠠᠢᠢᠯᠠᠵᠤ᠂ ᠲᠡᠷᠢᠬᠦᠯᠡᠭᠴᠢᠥᠨ ᠤᠨ ᠪᠦᠯᠬᠦᠮ ᠢᠶᠠᠷ  ᠵᠦᠪᠰᠢᠶᠡᠷᠡᠬᠦᠯᠵᠦ᠂ ᠶᠡᠭᠡ ᠬᠤᠷᠠᠯ ᠳᠤ ᠮᠡᠳᠡᠭᠦᠯᠦᠭᠡᠥᠨ᠂ ᠲᠤᠰ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠬᠢᠨᠠᠨ ᠵᠦᠪᠯᠡᠬᠦ ᠶᠢ ᠲᠠᠷᠤᠢ ᠳᠤᠨᠢ ᠵᠤᠭᠰᠤᠭᠠᠨ᠎ᠠ᠃      ᠬᠤᠷᠢᠨ ᠭᠤᠷᠪᠠᠳᠤᠭᠠᠷ ᠵᠦᠢᠯ    ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ  ᠶᠠᠪᠤᠴᠠ ᠳᠤ ᠴᠢᠬᠤᠯᠨ ᠶᠡᠭᠡ ᠠᠰᠠᠭᠤᠳᠠᠯ ᠲᠤᠬᠢᠶᠠᠯᠳᠤᠵᠤ ᠴᠢᠨᠠᠬᠰᠢᠳᠠ ᠰᠤᠳᠤᠯᠬᠤ ᠴᠢᠬᠤᠯᠠᠳᠠᠢ ᠪᠠᠶᠢᠪᠠᠯ᠂  ᠲᠡᠷᠢᠬᠦᠯᠡᠭᠴᠢᠥᠨ ᠤᠨ ᠪᠦᠯᠬᠦᠮ ᠠᠴᠠ ᠲᠤᠷᠠᠳᠤᠨ ᠭᠠᠷᠭᠠᠵᠤ᠂ ᠶᠡᠭᠡ ᠬᠤᠷᠠᠯ ᠤᠨ ᠪᠦᠬᠦᠳᠡ ᠬᠤᠷᠠᠯ ᠢᠶᠠᠷ  ᠲᠤᠭᠳᠠᠭᠠᠯᠭᠠᠭᠠᠥᠨ᠂ ᠪᠠᠶᠢᠩᠭᠤ ᠶᠢᠨ ᠬᠤᠷᠢᠶ᠎ᠠ ᠲᠤ ᠡᠷᠭᠡ ᠤᠯᠭᠤᠵᠤ ᠲᠦᠯᠦᠭᠡᠯᠡᠭᠴᠢᠥᠨ ᠤᠨ ᠰᠠᠨᠠᠯ ᠢ  ᠦᠨᠳᠦᠰᠦᠯᠡᠨ ᠴᠢᠨᠠᠬᠰᠢᠳᠠ ᠬᠢᠨᠠᠨ ᠵᠦᠪᠯᠡᠬᠦᠯᠵᠤ ᠲᠤᠭᠳᠠᠭᠠᠯ ᠭᠠᠷᠭᠠᠭᠤᠯᠬᠤ ᠶᠢᠨ ᠬᠠᠮᠳᠤ ᠲᠤᠭᠳᠠᠭᠠᠯ ᠭᠠᠷᠭᠠᠭᠰᠠᠨ  ᠪᠠᠶᠢᠳᠠᠯ ᠢ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠲᠠᠷᠠᠭ᠎ᠠ ᠤᠳᠠᠭᠠᠨ ᠤ  ᠬᠤᠷᠠᠯ ᠳᠤ ᠮᠡᠳᠡᠬᠦᠯᠤᠨ᠎ᠠ︔ ᠪᠠᠰᠠ ᠪᠠᠶᠢᠩᠭᠤ ᠶᠢᠨ ᠬᠤᠷᠢᠶᠠᠨ ᠳᠤ ᠡᠷᠭᠡ ᠤᠯᠭᠤᠵᠤ ᠲᠦᠯᠦᠭᠡᠯᠡᠭᠴᠢᠥᠨ  ᠤᠨ ᠶᠡᠭᠡ  ᠬᠤᠷᠠᠯ ᠤᠨ ᠰᠠᠨᠠᠯ ᠢ ᠦᠨᠳᠦᠰᠦᠯᠡᠨ ᠴᠢᠨᠠᠬᠰᠢᠳᠠ ᠬᠢᠨᠠᠨ ᠶᠠᠷᠢᠯᠴᠠᠭᠤᠯᠤᠭᠠᠥᠨ ᠵᠠᠰᠠᠪᠤᠷᠢ ᠤᠷᠤᠭᠤᠯᠬᠤ ᠲᠦᠰᠦᠪ  ᠲᠤᠷᠠᠳᠤᠭᠤᠯᠵᠤ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠲᠠᠷᠠᠭ᠎ᠠ ᠤᠳᠠᠭᠠᠨ ᠤ  ᠬᠤᠷᠠᠯ ᠳᠤ ᠲᠡᠪᠰᠢᠬᠦᠯᠵᠦ ᠬᠢᠨᠠᠨ ᠵᠦᠪᠯᠡᠬᠦᠯᠤᠨ ᠲᠤᠭᠳᠠᠭᠠᠯᠭᠠᠵᠤ ᠪᠤᠯᠤᠨ᠎ᠠ᠃     ᠬᠤᠷᠢᠨ ᠲᠦᠷᠪᠡᠳᠦᠭᠡᠷ ᠵᠦᠢᠯ    ᠬᠠᠥᠯᠢ ᠶᠢᠨ ᠲᠦᠰᠦᠯ ᠳᠤ ᠵᠠᠰᠠᠪᠤᠷᠢ ᠤᠷᠤᠭᠤᠯᠬᠤ ᠨᠤᠤᠷᠠᠭ ᠢ ᠡᠯ᠎ᠡ  ᠲᠦᠯᠦᠭᠡᠯᠡᠭᠴᠢᠥᠨ  ᠤᠨ ᠪᠦᠯᠬᠦᠮ ᠢᠶᠠᠷ ᠬᠢᠨᠠᠨ ᠵᠦᠪᠯᠡᠬᠦᠯᠦᠭᠰᠠᠨ ᠤ ᠲᠠᠷᠠᠭ᠎ᠠ᠂ ᠬᠠᠥᠯᠢ ᠴᠠᠭᠠᠵᠠ ᠶᠢᠨ ᠵᠦᠪᠯᠡᠯ ᠠᠴᠠ  ᠡᠯ᠎ᠡ ᠲᠦᠯᠦᠭᠡᠯᠡᠭᠴᠢᠥᠨ  ᠤᠨ ᠪᠦᠯᠬᠦᠮ ᠤᠨ ᠬᠢᠨᠠᠨ ᠵᠦᠪᠯᠡᠭᠰᠠᠨ ᠰᠠᠨᠠᠯ ᠢ ᠦᠨᠳᠦᠰᠦᠯᠡᠵᠦ ᠵᠠᠰᠠᠪᠤᠷᠢ  ᠤᠷᠤᠭᠤᠯᠤᠭᠠᠥᠨ ᠬᠠᠥᠯᠢ ᠴᠠᠭᠠᠵᠠ ᠶᠢᠨ ᠲᠦᠰᠤᠯ  ᠢ ᠪᠠᠳᠤᠯᠠᠭᠤᠯᠬᠤ ᠨᠤᠤᠷᠠᠭ ᠢ ᠲᠤᠷᠠᠳᠤᠨ ᠭᠠᠷᠭᠠᠵᠦ᠂  ᠲᠡᠷᠢᠬᠦᠯᠡᠭᠴᠢᠥᠨ ᠤᠨ ᠪᠦᠯᠬᠦᠮ ᠠᠴᠠ ᠶᠡᠭᠡ ᠬᠤᠷᠠᠯ ᠤᠨ ᠪᠦᠬᠦᠳᠡ ᠬᠤᠷᠠᠯ ᠳᠤ ᠲᠡᠪᠰᠢᠬᠦᠯᠦᠨ ᠪᠠᠳᠤᠯᠠᠭᠤᠯᠵᠤ᠂  ᠪᠦᠬᠦ ᠲᠦᠯᠦᠭᠡᠯᠡᠭᠴᠢᠥᠨ ᠤᠨ ᠬᠠᠭᠠᠰ ᠠᠴᠠ ᠲᠡᠭᠡᠭᠰᠢᠬᠢ ᠲᠤᠭᠠᠨ ᠤ ᠬᠦᠮᠦᠰ  ᠢᠶᠠᠷ ᠪᠠᠳᠤᠯᠠᠭᠤᠯᠤᠭᠰᠠᠨ ᠪᠠᠶᠢᠬᠤ  ᠭᠡᠷᠡᠭᠳᠡᠢ᠃     ᠬᠤᠷᠢᠨ ᠲᠠᠪᠤᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠠᠴᠠ  ᠪᠠᠳᠤᠯᠠᠭᠰᠠᠨ ᠬᠠᠥᠯᠢ ᠶᠢ ᠤᠯᠤᠰ ᠤᠨ ᠲᠡᠷᠢᠬᠦᠯᠡᠭᠴᠢ ᠭᠠᠷ ᠤᠨ ᠦᠰᠦᠭ ᠵᠢᠷᠤᠵᠤ ᠲᠡᠷᠢᠬᠦᠯᠡᠭᠴᠢ ᠶᠢᠨ ᠵᠠᠷᠯᠢᠭ ᠢᠶᠠᠷ  ᠨᠡᠶᠢᠳᠡᠯᠡᠨ᠎ᠡ᠃      ᠭᠤᠷᠪᠠᠳᠤᠭᠠᠷ ᠭᠡᠰᠡᠭ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠬᠠᠥᠯᠢ ᠲᠤᠭᠳᠠᠭᠠᠬᠤ ᠲᠠᠰ ᠲᠠᠷᠠᠭᠠᠯᠠᠯ     ᠬᠤᠷᠢᠨ ᠵᠢᠷᠭᠤᠳᠤᠭᠠᠷ ᠵᠦᠢᠯ    ᠬᠤᠷᠢᠶᠠᠨ ᠲᠠᠷᠤᠭ᠎ᠠ ᠨᠠᠷ ᠤᠨ ᠬᠤᠷᠠᠯ ᠠᠴᠠ ᠪᠠᠶᠢᠩᠭᠤ ᠶᠢᠨ ᠬᠤᠷᠢᠶ᠎ᠠ ᠳᠤ  ᠬᠠᠥᠯᠢ ᠴᠠᠭᠠᠵᠠ  ᠶᠢᠨ ᠲᠤᠬᠠᠢ ᠰᠠᠨᠠᠯ ᠵᠦᠪᠯᠡᠯᠭᠡ ᠲᠤᠷᠠᠥᠨᠴᠦ ᠪᠤᠯᠬᠤ ᠪᠦᠭᠡᠥᠨ ᠪᠠᠶᠢᠩᠭᠤ ᠶᠢᠨ ᠬᠤᠷᠢᠶᠠᠨ ᠤ  ᠬᠤᠷᠠᠯ ᠢᠶᠠᠷ ᠬᠢᠨᠠᠨ ᠵᠦᠪᠯᠡᠨ᠎ᠠ᠃      ᠲᠦᠷᠦ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ᠂ ᠠᠷᠠᠥᠨ ᠤᠨ  ᠲᠡᠭᠡᠳᠦ ᠰᠢᠬᠦᠬᠦ ᠬᠤᠷᠢᠶ᠎ᠠ᠂ ᠠᠷᠠᠥᠨ ᠤᠨ ᠲᠡᠭᠡᠳᠦ ᠪᠠᠶᠢᠴᠠᠭᠠᠬᠤ ᠬᠤᠷᠢᠶ᠎ᠠ᠂ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠠᠴᠠ ᠪᠠᠶᠢᠩᠭᠤ ᠶᠢᠨ ᠬᠤᠷᠢᠶ᠎ᠠ ᠳᠤ ᠬᠠᠥᠯᠢ  ᠴᠠᠭᠠᠵᠠ ᠶᠢᠨ ᠲᠤᠬᠠᠢ ᠰᠠᠨᠠᠯ ᠵᠦᠪᠯᠡᠯᠭᠡ ᠲᠤᠷᠠᠥᠨᠴᠦ ᠪᠤᠯᠤᠨ᠎ᠠ᠂ ᠬᠤᠷᠢᠶᠠᠨ ᠲᠠᠷᠤᠭ᠎ᠠ ᠨᠠᠷ ᠤᠨ ᠬᠤᠷᠠᠯ ᠠᠴᠠ  ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠶᠢ ᠲᠤᠭᠳᠠᠭᠠᠬᠤ ᠪᠤᠶᠤ ᠤᠷᠢᠳᠠᠪᠠᠷ  ᠬᠤᠯᠪᠤᠭᠳᠠᠯ ᠪᠦᠬᠦᠢ ᠲᠤᠰᠬᠠᠢ ᠵᠦᠪᠯᠡᠯ ᠳᠤ ᠲᠤᠰᠢᠶᠠᠵᠤ ᠬᠢᠨᠠᠨ ᠵᠦᠪᠯᠡᠬᠦᠯᠤᠨ ᠮᠡᠳᠡᠬᠦᠯᠦᠯᠳᠡ ᠲᠤᠷᠠᠳᠤᠭᠤᠯᠵᠤ᠂  ᠲᠠᠬᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠶᠢ ᠲᠤᠭᠳᠠᠭᠠᠨ᠎ᠠ᠃ ᠬᠤᠷᠢᠶᠠᠨ  ᠲᠠᠷᠤᠭ᠎ᠠ ᠨᠠᠷ ᠤᠨ ᠬᠤᠷᠠᠯ ᠠᠴᠠ ᠭᠡᠷᠪᠡ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠳᠤ ᠴᠢᠬᠤᠯᠨ ᠶᠡᠭᠡ  ᠠᠰᠠᠭᠤᠳᠠᠯ ᠲᠠᠢ ᠪᠠᠶᠢᠵᠤ ᠴᠢᠨᠠᠭᠰᠢᠳᠠ ᠰᠤᠳᠤᠯᠬᠤ ᠴᠢᠬᠤᠯᠠᠳᠠᠢ ᠬᠡᠵᠦ ᠦᠵᠡᠪᠡᠯ᠂ ᠬᠦᠢᠴᠡᠥᠨ ᠰᠠᠶᠢᠨ ᠵᠠᠰᠠᠭᠰᠠᠨ ᠤ  ᠲᠠᠷᠠᠭ᠎ᠠ ᠲᠠᠬᠢᠵᠤ ᠪᠠᠶᠢᠩᠭᠤ ᠶᠢᠨ ᠬᠤᠷᠢᠶ᠎ᠠ ᠳᠤ ᠲᠤᠷᠠᠥᠨᠬᠤ ᠶᠢ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠳᠤ  ᠰᠠᠨᠠᠭᠤᠯᠵᠤ ᠪᠤᠯᠤᠨ᠎ᠠ᠃     ᠬᠤᠷᠢᠨ ᠳᠤᠯᠤᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠠᠷ ᠠᠷᠪᠠ ᠠᠴᠠ ᠲᠡᠭᠡᠭᠰᠢ  ᠬᠦᠮᠦᠨ ᠨᠡᠷ᠎ᠡ ᠬᠤᠯᠪᠤᠵᠤ᠂ ᠪᠠᠶᠢᠩᠭᠤ ᠶᠢᠨ ᠬᠤᠷᠢᠶ᠎ᠠ ᠳᠤ ᠬᠠᠥᠯᠢ ᠴᠠᠭᠠᠵᠨ ᠶᠢᠨ ᠲᠤᠬᠠᠢ ᠰᠠᠨᠠᠯ ᠵᠦᠪᠯᠡᠯᠭᠡ  ᠲᠤᠷᠠᠥᠨᠴᠤ ᠪᠤᠯᠤᠨ᠎ᠠ᠂ ᠬᠤᠷᠢᠶᠠᠨ ᠲᠠᠷᠤᠭ᠎ᠠ ᠨᠠᠷ ᠤᠨ ᠬᠤᠷᠠᠯ ᠠᠴᠠ ᠪᠠᠶᠢᠩᠭᠤ ᠶᠢᠨ ᠬᠤᠷᠢᠶᠠᠨ ᠤ ᠵᠦᠪᠯᠡᠬᠦ  ᠵᠦᠢᠯ ᠳᠤ ᠤᠷᠤᠭᠤᠯᠬᠤ ᠡᠰᠡᠬᠦ ᠶᠢ ᠲᠤᠭᠳᠠᠭᠠᠬᠤ ᠪᠤᠶᠤ ᠤᠷᠢᠳᠠᠪᠠᠷ ᠬᠤᠯᠪᠤᠭᠳᠠᠯ ᠪᠦᠬᠦᠢ ᠲᠤᠰᠬᠠᠢ ᠵᠦᠪᠯᠡᠯ ᠳᠤ  ᠲᠤᠰᠢᠶᠠᠵᠤ ᠬᠢᠨᠠᠨ ᠵᠦᠪᠯᠡᠬᠦᠯᠤᠨ᠂ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠲᠤᠬᠠᠢ ᠰᠠᠨᠠᠯ  ᠲᠤᠷᠠᠳᠤᠭᠤᠯᠤᠭᠰᠠᠨ ᠤ ᠲᠠᠷᠠᠭ᠎ᠠ᠂ ᠲᠠᠬᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠬᠤ ᠡᠰᠡᠬᠦ ᠶᠢ ᠲᠤᠭᠳᠠᠭᠠᠨ᠎ᠠ᠃ ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠬᠤ ᠦᠭᠡᠢ ᠪᠤᠯ ᠪᠠᠶᠢᠩᠭᠤ ᠶᠢᠨ ᠬᠤᠷᠢᠶᠠᠨ ᠤ ᠬᠤᠷᠠᠯ ᠳᠤ ᠮᠡᠳᠡᠬᠦᠯᠬᠦ ᠪᠤᠶᠤ ᠰᠠᠨᠠᠯ ᠵᠦᠪᠯᠡᠯᠭᠡ  ᠲᠤᠷᠠᠳᠤᠭᠰᠠᠨ ᠬᠦᠮᠦᠨ ᠳᠤ ᠲᠤᠳᠤᠷᠬᠠᠢᠢᠯᠠᠯᠳᠠ ᠬᠢᠬᠦ ᠭᠡᠷᠡᠭᠳᠡᠢ᠃     ᠲᠤᠰᠬᠠᠢ ᠵᠦᠪᠯᠡᠯ ᠬᠢᠨᠠᠨ ᠵᠦᠪᠯᠡᠬᠦ ᠦᠶ᠎ᠡ ᠳᠤ᠂ ᠰᠠᠨᠠᠯ ᠵᠦᠪᠯᠡᠯᠭᠡ ᠲᠤᠷᠠᠳᠤᠭᠰᠠᠨ ᠬᠦᠮᠦᠨ ᠢ ᠤᠷᠢᠵᠤ  ᠬᠤᠷᠠᠯ ᠳᠤ ᠰᠤᠯᠨ ᠤᠷᠤᠯᠴᠠᠭᠤᠯᠤᠨ᠂ ᠰᠠᠨᠠᠯ ᠢ ᠨᠢ ᠶᠠᠷᠢᠭᠤᠯᠵᠤ ᠪᠤᠯᠤᠨ᠎ᠠ᠃     ᠬᠤᠷᠢᠨ ᠨᠠᠢᠮᠠᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠤᠨᠴᠠᠭᠠᠢ ᠪᠠᠶᠢᠳᠠᠯ ᠠᠴᠠ ᠭᠠᠳᠠᠨ᠎ᠠ᠂ ᠬᠤᠷᠠᠯ  ᠡᠭᠢᠯᠡᠬᠦ ᠠᠴᠠ ᠲᠤᠯᠤᠭᠠᠨ ᠡᠳᠦᠷ ᠤᠨ ᠡᠮᠦᠨ᠎ᠡ ᠬᠠᠥᠯᠢ ᠶᠢᠨ ᠲᠦᠰᠦᠯ ᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ  ᠨᠠᠷ ᠲᠤ ᠲᠠᠷᠬᠠᠭᠠᠵᠤ ᠦᠭᠬᠦ ᠭᠡᠷᠡᠭᠳᠡᠢ᠃     ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ  ᠵᠦᠪᠯᠡᠬᠦ ᠳᠤ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ  ᠤᠷᠢᠵᠦ ᠬᠤᠷᠠᠯ ᠳᠤ ᠰᠤᠯᠠ ᠤᠷᠤᠯᠴᠠᠭᠤᠯᠬᠤ ᠬᠡᠷᠡᠭᠳᠠᠢ᠃      ᠬᠤᠷᠢ ᠶᠢᠰᠤᠳᠤᠭᠡᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠡᠩ ᠤᠨ ᠪᠠᠶᠢᠳᠠᠯ ᠲᠤᠤᠷ᠎ᠠ ᠪᠠᠶᠢᠩᠭᠤ ᠶᠢᠨ  ᠬᠤᠷᠢᠶᠠᠨ ᠤ ᠭᠤᠷᠪᠠ ᠤᠳᠠᠭᠠᠨ ᠤ ᠬᠤᠷᠠᠯ ᠢᠶᠠᠷ ᠬᠢᠨᠠᠨ ᠵᠦᠪᠯᠡᠭᠰᠡᠨ ᠤ ᠲᠠᠷᠠᠭ᠎ᠠ ᠲᠠᠬᠢᠨ ᠲᠤᠰᠢᠶᠠᠨ ᠦᠭᠴᠦ  ᠪᠠᠳᠤᠯᠠᠭᠤᠯᠬᠤ ᠭᠡᠷᠡᠭᠳᠡᠢ᠃      ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠠᠩᠬᠠᠳᠤᠭᠠᠷ ᠤᠳᠠᠭ᠎ᠠ ᠬᠢᠨᠠᠨ ᠵᠦᠪᠯᠡᠬᠦ ᠳᠤ᠂ ᠪᠦᠬᠦᠳᠡ ᠬᠤᠷᠠᠯ ᠲᠡᠭᠡᠷ᠎ᠡ ᠰᠠᠨᠠᠯ ᠵᠦᠪᠯᠡᠯᠭᠡ ᠲᠤᠷᠠᠳᠤᠭᠰᠠᠨ  ᠬᠦᠮᠦᠨ ᠤ ᠲᠤᠳᠤᠷᠬᠠᠢᠢᠯᠠᠯᠳᠠ ᠶᠢ ᠰᠤᠨᠤᠰᠴᠤ᠂ ᠲᠤᠭᠤᠢᠢᠯᠠᠩ ᠤᠨ ᠬᠤᠷᠠᠯ ᠢᠶᠠᠷ ᠠᠩᠬ᠎ᠠ ᠠᠯᠬᠤᠮ ᠬᠢᠨᠠᠨ ᠵᠦᠪᠯᠡᠨ᠎ᠠ  ᠃      ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠬᠤᠶᠠᠳᠤᠭᠠᠷ ᠤᠳᠠᠭ᠎ᠠ ᠬᠢᠨᠠᠨ ᠵᠦᠪᠯᠡᠬᠦ ᠳᠤ᠂ ᠪᠦᠬᠦᠳᠡ ᠬᠤᠷᠠᠯ ᠲᠡᠭᠡᠷ᠎ᠡ ᠬᠠᠥᠯᠢ ᠶᠢᠨ ᠲᠦᠰᠤᠯ ᠳᠤ ᠵᠠᠰᠠᠪᠤᠷᠢ  ᠤᠷᠤᠭᠤᠯᠤᠭᠰᠠᠨ ᠪᠠᠶᠢᠳᠠᠯ ᠪᠠ ᠭᠤᠤᠯ ᠠᠰᠠᠭᠤᠳᠠᠯ ᠤᠨ ᠲᠤᠬᠠᠢ ᠬᠠᠥᠯᠢ ᠴᠠᠭᠠᠵᠠ ᠶᠢᠨ ᠵᠦᠪᠯᠡᠯ ᠤᠨ ᠬᠠᠷᠢᠭᠤ  ᠮᠡᠳᠡᠬᠦᠯᠦᠯᠳᠡ ᠶᠢ ᠰᠤᠨᠤᠰᠴᠤ᠂ ᠲᠤᠭᠤᠢᠢᠯᠠᠩ ᠤᠨ ᠬᠤᠷᠠᠯ ᠢᠶᠠᠷ ᠴᠢᠨᠠᠬᠰᠢᠳᠠ ᠬᠢᠨᠠᠨ ᠵᠦᠪᠯᠡᠨ᠎ᠠ᠃      ᠪᠠᠶᠢᠩᠭᠤ ᠶᠢᠨ ᠬᠤᠷᠢᠶᠠᠨ ᠤ ᠬᠤᠷᠠᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠭᠤᠷᠪᠠᠳᠤᠭᠠᠷ ᠤᠳᠠᠭ᠎ᠠ ᠬᠢᠨᠠᠨ ᠵᠦᠪᠯᠡᠬᠦ ᠳᠤ᠂ ᠪᠦᠬᠦᠳᠡ ᠬᠤᠷᠠᠯ ᠲᠡᠭᠡᠷ᠎ᠡ ᠬᠠᠥᠯᠢ ᠶᠢᠨ ᠲᠦᠰᠤᠯ ᠢ ᠬᠢᠨᠠᠨ  ᠶᠠᠷᠢᠯᠴᠠᠭᠰᠠᠨ ᠦᠷ᠎ᠡ ᠳ᠋ᠦᠩ ᠤᠨ ᠲᠤᠬᠠᠢ ᠬᠠᠥᠯᠢ ᠴᠠᠭᠠᠵᠠ ᠶᠢᠨ ᠵᠦᠪᠯᠡᠯ ᠤᠨ ᠮᠡᠳᠡᠬᠦᠯᠦᠯᠳᠡ ᠶᠢ ᠰᠤᠨᠤᠰᠴᠤ᠂  ᠲᠤᠭᠤᠢᠢᠯᠠᠩ ᠬᠤᠪᠢᠶᠠᠵᠤ ᠬᠠᠥᠯᠢ ᠶᠢᠨ ᠲᠦᠰᠦᠯ ᠳᠤ ᠵᠠᠰᠠᠪᠤᠷᠢ ᠤᠷᠤᠭᠤᠯᠤᠭᠰᠠᠨ ᠨᠤᠤᠷᠠᠭ ᠢ ᠬᠢᠨᠠᠨ ᠵᠦᠪᠯᠡᠨ᠎ᠠ᠃      ᠪᠠᠶᠢᠩᠭᠤ ᠶᠢᠨ ᠬᠤᠷᠢᠶ᠎ᠠ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ ᠳᠡᠭᠡᠨ᠂ ᠭᠡᠷᠡᠭᠴᠡᠭᠡ ᠪᠠᠨ ᠦᠨᠳᠦᠰᠦᠯᠡᠵᠦ᠂ ᠲᠤᠭᠤᠢᠢᠯᠠᠩ ᠤᠨ ᠬᠠᠮᠳᠤᠷᠠᠭᠰᠠᠨ ᠬᠤᠷᠠᠯ ᠪᠤᠶᠤ ᠪᠦᠬᠦᠳᠡ ᠬᠤᠷᠠᠯ  ᠬᠤᠷᠠᠯᠳᠤᠭᠤᠯᠵᠤ ᠬᠠᠥᠯᠢ ᠶᠢᠨ ᠲᠦᠰᠤᠯ ᠳᠠᠬᠢ ᠭᠤᠤᠯ ᠠᠰᠠᠭᠤᠳᠠᠯ ᠤᠨ ᠲᠤᠬᠠᠢ ᠶᠠᠷᠢᠯᠴᠠᠵᠤ ᠪᠤᠯᠤᠨ᠎ᠠ᠃     ᠭᠤᠴᠢᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ  ᠬᠠᠥᠯᠢ ᠴᠠᠭᠠᠵᠠ  ᠶᠢᠨ ᠲᠤᠬᠠᠢ ᠰᠠᠨᠠᠯ ᠵᠦᠪᠯᠡᠯᠭᠡ ᠳᠤ ᠡᠯ᠎ᠡ ᠲᠠᠯ᠎ᠠ ᠶᠢᠨ ᠬᠢᠨ ᠤ ᠰᠠᠨᠠᠯ ᠨᠡᠯᠢᠶᠡᠥᠨ ᠨᠢᠭᠡᠳᠦᠯᠳᠡᠢ  ᠪᠠᠶᠢᠪᠠᠯ᠂ ᠪᠠᠶᠢᠩᠭᠤ ᠶᠢᠨ ᠬᠤᠷᠢᠶᠠᠨ ᠤ ᠬᠤᠶᠠᠷ ᠤᠳᠠᠭᠠᠨ ᠤ ᠬᠤᠷᠠᠯ ᠢᠶᠠᠷ ᠬᠢᠨᠠᠨ ᠵᠦᠪᠯᠡᠭᠰᠡᠨ ᠤ ᠲᠠᠷᠠᠭ᠎ᠠ  ᠲᠤᠰᠢᠶᠠᠨ ᠦᠭᠴᠦ ᠪᠠᠳᠤᠯᠠᠭᠤᠯᠵᠤ ᠪᠤᠯᠤᠨ᠎ᠠ︔     ᠳᠤᠬᠢᠷᠠᠭᠤᠯᠤᠯᠳᠠ ᠬᠢᠭᠰᠡᠨ ᠶᠠᠪᠤᠳᠡᠯ ᠤᠳ ᠨᠢ ᠳᠠᠩ ᠴᠤᠯᠭᠤᠢ ᠪᠤᠶᠤ ᠭᠡᠰᠡᠭ ᠵᠠᠰᠠᠪᠤᠷᠢ ᠤᠷᠤᠭᠤᠯᠤᠭᠰᠠᠨ  ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠳᠤ ᠡᠯ᠎ᠡ ᠲᠠᠯ᠎ᠠ ᠶᠢᠨ ᠬᠢᠨ ᠤ ᠰᠠᠨᠠᠯ ᠨᠡᠯᠢᠶᠡᠥᠨ ᠨᠢᠭᠡᠳᠦᠯᠳᠡᠢ  ᠪᠠᠶᠢᠪᠠᠯ᠂ ᠪᠠᠰᠠ ᠪᠠᠶᠢᠩᠭᠤ ᠶᠢᠨ ᠬᠤᠷᠢᠶᠠᠨ ᠤ ᠨᠢᠭᠡ ᠤᠳᠠᠭᠠᠨ ᠤ ᠬᠤᠷᠠᠯ ᠢᠶᠠᠷ ᠬᠢᠨᠠᠨ ᠵᠦᠪᠯᠡᠭᠡᠳ ᠲᠠᠷᠤᠢ ᠳᠤᠨᠢ  ᠲᠤᠰᠢᠶᠠᠨ ᠦᠭᠴᠦ ᠪᠠᠳᠤᠯᠠᠭᠤᠯᠵᠤ ᠪᠤᠯᠤᠨ᠎ᠠ᠃     ᠭᠤᠴᠢᠨ ᠨᠢᠭᠡᠳᠦᠭᠡᠷ ᠵᠦᠢᠯ    ᠪᠠᠶᠢᠩᠭᠤ ᠶᠢᠨ ᠬᠤᠷᠢᠶᠠᠨ ᠤ ᠲᠤᠭᠤᠢᠢᠯᠠᠩ ᠤᠨ ᠬᠤᠷᠠᠯ ᠢᠶᠠᠷ ᠬᠠᠥᠯᠢ  ᠴᠠᠭᠠᠵᠨ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ ᠦᠶ᠎ᠡ ᠳᠤ᠂ ᠰᠠᠨᠠᠯ ᠵᠦᠪᠯᠡᠯᠭᠡ ᠲᠤᠷᠠᠳᠤᠭᠰᠠᠨ  ᠬᠦᠮᠦᠨ ᠨᠢ ᠬᠦᠮᠦᠨ ᠲᠤᠮᠢᠯᠠᠨ ᠰᠠᠨᠠᠯ ᠰᠤᠨᠤᠰᠤᠭᠤᠯᠵᠤ᠂ ᠯᠠᠪᠯᠠᠭᠰᠠᠨ ᠠᠰᠠᠭᠤᠯᠳᠠ ᠶᠢ ᠨᠢ ᠬᠠᠷᠢᠭᠤᠯᠬᠤ ᠭᠡᠷᠡᠭᠳᠡᠢ᠃      ᠪᠠᠶᠢᠩᠭᠤ ᠶᠢᠨ ᠬᠤᠷᠢᠶᠠᠨ ᠤ ᠲᠤᠭᠤᠢᠢᠯᠠᠩ ᠤᠨ ᠬᠤᠷᠠᠯ ᠢᠶᠠᠷ ᠬᠠᠥᠯᠢ ᠴᠠᠭᠠᠵᠠ ᠶᠢᠨ ᠲᠤᠬᠠᠢ ᠰᠠᠨᠠᠯ  ᠵᠦᠪᠯᠡᠯᠭᠡ ᠶᠢ ᠬᠢᠨᠠᠨ ᠵᠦᠪᠯᠡᠬᠦ ᠦᠶ᠎ᠡ ᠤ᠂ ᠲᠤᠭᠤᠢᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠯᠪᠤᠭᠳᠠᠯ  ᠪᠦᠬᠦᠢ ᠪᠠᠶᠢᠭᠤᠯᠤᠯᠭ᠎ᠠ᠂ ᠵᠤᠬᠢᠶᠠᠨ ᠪᠠᠶᠢᠭᠤᠯᠤᠯᠳᠠ ᠨᠢ ᠬᠦᠮᠦᠨ ᠲᠤᠮᠢᠯᠠᠨ ᠪᠠᠶᠢᠳᠠᠯ ᠢ ᠲᠠᠨᠢᠯᠴᠠᠭᠤᠯᠬᠤ ᠭᠡᠷᠡᠭᠳᠡᠢ᠃     ᠭᠤᠴᠢᠨ ᠬᠤᠶᠠᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠤᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠤᠯᠪᠤᠭᠳᠠᠯ ᠪᠦᠬᠦᠢ ᠲᠤᠰᠬᠠᠢ  ᠵᠦᠪᠯᠡᠯ ᠠᠴᠠ ᠬᠢᠨᠠᠨ ᠵᠦᠪᠯᠡᠵᠤ᠂ ᠬᠢᠨᠠᠨ ᠵᠦᠪᠯᠡᠭᠰᠠᠨ ᠰᠠᠨᠠᠯ ᠢᠶᠠᠨ ᠲᠤᠷᠠᠳᠤᠭᠠᠥᠨ᠂ ᠪᠠᠶᠢᠩᠭᠤ ᠶᠢᠨ ᠬᠤᠷᠢᠶᠠᠨ ᠤ  ᠬᠤᠷᠠᠯ ᠳᠤ ᠲᠠᠷᠤᠮᠠᠯᠯᠠᠨ ᠲᠠᠷᠬᠠᠭᠠᠨ᠎ᠠ᠃     ᠬᠤᠯᠪᠤᠭᠳᠠᠯ ᠪᠦᠬᠦᠢ ᠲᠤᠰᠬᠠᠢ ᠵᠦᠪᠯᠡᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ  ᠵᠦᠪᠯᠡᠬᠦ ᠳᠡᠭᠡᠨ᠂ ᠪᠤᠰᠤᠤᠨ ᠲᠤᠰᠬᠠᠢ ᠵᠦᠪᠯᠡᠯ ᠤᠨ ᠪᠦᠷᠢᠯᠳᠦᠬᠦᠨ ᠢ ᠤᠷᠢᠵᠤ ᠬᠤᠷᠠᠯ ᠳᠤ ᠰᠤᠯᠨ ᠤᠷᠤᠯᠴᠠᠭᠤᠯᠵᠤ  ᠂ ᠰᠠᠨᠠᠯ ᠢ ᠨᠢ ᠶᠠᠷᠢᠭᠤᠯᠵᠤ ᠪᠤᠯᠤᠨ᠎ᠠ᠃      ᠭᠤᠴᠢᠨ ᠭᠤᠷᠪᠠᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠠᠥᠯᠢ ᠴᠠᠭᠠᠵᠠ ᠶᠢᠨ ᠵᠦᠪᠯᠡᠯ ᠠᠴᠠ  ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠤᠯᠤᠨ ᠬᠤᠯᠪᠤᠭᠳᠠᠯ ᠪᠦᠬᠦᠢ ᠲᠤᠰᠬᠠᠢ ᠵᠦᠪᠯᠡᠯ ᠤᠨ ᠬᠢᠨᠠᠨ ᠵᠦᠪᠯᠡᠭᠰᠡᠨ  ᠰᠠᠨᠠᠯ ᠪᠠ ᠡᠯ᠎ᠡ ᠲᠠᠯ᠎ᠠ ᠶᠢᠨ ᠬᠢᠨ ᠤ ᠲᠤᠷᠠᠳᠤᠭᠰᠠᠨ ᠰᠠᠨᠠᠯ ᠢ ᠦᠨᠳᠦᠰᠦᠯᠡᠨ ᠬᠠᠥᠯᠢ ᠴᠠᠭᠠᠵᠠ ᠶᠢᠨ ᠲᠤᠬᠠᠢ ᠰᠠᠨᠠᠯ  ᠵᠦᠪᠯᠡᠯᠭᠡ ᠶᠢ ᠨᠢᠭᠡᠳᠦᠯᠳᠡᠢ ᠬᠢᠨᠠᠨ ᠵᠦᠪᠯᠡᠵᠤ᠂ ᠵᠠᠰᠠᠪᠤᠷᠢ ᠤᠷᠤᠭᠤᠯᠤᠭᠰᠠᠨ ᠪᠠᠶᠢᠳᠠᠯ ᠤᠨ ᠲᠤᠬᠠᠢ ᠬᠠᠷᠢᠭᠤ  ᠮᠡᠳᠡᠬᠦᠯᠦᠯᠳᠡ ᠪᠤᠶᠤ ᠬᠢᠨᠠᠨ ᠵᠦᠪᠯᠡᠭᠰᠠᠨ ᠦᠷ᠎ᠡ ᠳ᠋ᠦᠩ ᠤᠨ ᠲᠤᠬᠠᠢ ᠮᠡᠳᠡᠬᠦᠯᠦᠯᠳᠡ ᠪᠠ ᠬᠠᠥᠯᠢ ᠶᠢᠨ ᠲᠦᠰᠦᠯ ᠳᠤ  ᠵᠠᠰᠠᠪᠤᠷᠢ ᠤᠷᠤᠭᠤᠯᠤᠭᠰᠠᠨ ᠨᠤᠤᠷᠠᠭ ᠢ ᠲᠤᠷᠠᠳᠤᠨ ᠭᠠᠷᠭᠠᠵᠦ᠂ ᠠᠳᠠᠯᠢ ᠪᠤᠰᠤ ᠴᠢᠬᠤᠯᠨ ᠰᠠᠨᠠᠯ ᠢ ᠬᠠᠷᠢᠭᠤ  ᠮᠡᠳᠡᠬᠦᠯᠦᠯᠳᠡ ᠪᠤᠶᠤ ᠬᠢᠨᠠᠨ ᠵᠦᠪᠯᠡᠭᠰᠠᠨ ᠦᠷ᠎ᠡ ᠳ᠋ᠦᠩ ᠤᠨ ᠲᠤᠬᠠᠢ ᠮᠡᠳᠡᠬᠦᠯᠦᠯᠳᠡ ᠳᠡᠭᠡᠨ ᠲᠤᠳᠤᠷᠬᠠᠢᠢᠯᠠᠬᠤ  ᠭᠡᠷᠡᠭᠳᠡᠢ᠃ ᠬᠤᠯᠪᠤᠭᠳᠠᠯ ᠪᠦᠬᠦᠢ ᠲᠤᠰᠬᠠᠢ ᠵᠦᠪᠯᠡᠯ ᠤᠨ ᠬᠢᠨᠠᠨ ᠵᠦᠪᠯᠡᠭᠰᠠᠨ ᠴᠢᠬᠤᠯᠨ ᠰᠠᠨᠠᠯ ᠢ ᠠᠪᠴᠤ   ᠬᠡᠷᠡᠭᠯᠡᠭᠰᠡᠨ ᠦᠭᠡᠢ ᠪᠠᠶᠢᠪᠠᠯ᠂ ᠬᠤᠯᠪᠤᠭᠳᠠᠯ ᠪᠦᠬᠦᠢ ᠲᠤᠰᠬᠠᠢ ᠵᠦᠪᠯᠡᠯ ᠳᠤ ᠬᠠᠷᠢᠭᠤ ᠲᠤᠰᠬᠠᠬᠤ ᠭᠡᠷᠡᠭᠳᠡᠢ᠃     ᠬᠠᠥᠯᠢ ᠴᠠᠭᠠᠵᠠ ᠶᠢᠨ ᠵᠦᠪᠯᠡᠯ ᠠᠴᠠ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ  ᠵᠦᠪᠡᠯᠡᠬᠦ ᠳᠡᠭᠡᠨ᠂ ᠬᠤᠯᠪᠤᠭᠳᠠᠯ ᠪᠦᠬᠦᠢ ᠲᠤᠰᠬᠠᠢ ᠵᠦᠪᠯᠡᠯ ᠤᠨ ᠪᠦᠷᠢᠯᠳᠦᠬᠦᠨ ᠢ ᠤᠷᠢᠵᠤ ᠬᠤᠷᠠᠯ ᠳᠤ ᠰᠤᠯᠨ  ᠤᠷᠤᠯᠴᠠᠭᠤᠯᠵᠤ ᠰᠠᠨᠠᠯ ᠢ ᠨᠢ ᠶᠠᠷᠢᠭᠤᠯᠵᠤ ᠪᠤᠯᠤᠨ᠎ᠠ᠃     ᠭᠤᠴᠢᠨ ᠲᠦᠷᠪᠡᠳᠦᠭᠡᠷ ᠵᠦᠢᠯ    ᠲᠤᠰᠬᠠᠢ ᠵᠦᠪᠯᠡᠯ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ  ᠬᠢᠨᠠᠨ ᠵᠦᠪᠯᠡᠬᠦ ᠳᠡᠭᠡᠨ᠂ ᠪᠦᠬᠦᠳᠡ ᠬᠤᠷᠠᠯ ᠬᠤᠷᠠᠯᠳᠤᠭᠤᠯᠵᠤ ᠬᠢᠨᠠᠨ ᠵᠦᠪᠯᠡᠬᠦ ᠭᠡᠷᠡᠭᠳᠡᠢ᠂ ᠭᠡᠷᠡᠭᠴᠡᠭᠡ ᠪᠠᠨ  ᠦᠨᠳᠦᠰᠦᠯᠡᠨ᠂ ᠬᠤᠯᠪᠤᠭᠳᠠᠯ ᠪᠦᠬᠦᠢ ᠪᠠᠶᠢᠭᠤᠯᠤᠯᠭ᠎ᠠ᠂ ᠵᠤᠬᠢᠶᠠᠨ ᠪᠠᠶᠢᠭᠤᠯᠤᠯᠳᠠ ᠠᠴᠠ ᠬᠤᠯᠪᠤᠭᠳᠠᠯ ᠪᠦᠬᠦᠢ  ᠬᠠᠷᠢᠭᠤᠴᠠᠯᠭᠠᠳᠠᠨ ᠢ ᠲᠤᠮᠢᠯᠠᠨ ᠪᠠᠶᠢᠳᠠᠯ ᠢ ᠲᠤᠳᠤᠷᠬᠠᠢᠢᠯᠠᠭᠤᠯᠬᠤ ᠪᠠᠷ ᠱᠠᠭᠠᠷᠳᠠᠵᠤ ᠪᠤᠯᠤᠨ᠎ᠠ᠃     ᠭᠤᠴᠢᠨ ᠲᠠᠪᠤᠳᠤᠭᠠᠷ ᠵᠦᠢᠯ    ᠲᠤᠰᠬᠠᠢ ᠵᠦᠪᠯᠡᠯ ᠤᠳ ᠬᠤᠭᠤᠷᠤᠨᠳᠤ ᠪᠠᠨ ᠬᠠᠥᠯᠢ ᠶᠢᠨ ᠲᠦᠰᠤᠯ ᠤᠨ  ᠴᠢᠬᠤᠯᠨ ᠠᠰᠠᠭᠤᠳᠠᠯ ᠤᠳ ᠤᠨ ᠲᠤᠬᠠᠢ ᠰᠠᠨᠠᠯ ᠨᠢᠭᠡᠥᠨᠬᠦ ᠦᠭᠡᠢ ᠪᠠᠶᠢᠪᠠᠯ ᠬᠤᠷᠢᠶᠠᠨ ᠲᠠᠷᠤᠭ᠎ᠠ ᠨᠠᠷ ᠤᠨ ᠬᠤᠷᠠᠯ ᠳᠤ  ᠮᠡᠳᠡᠬᠦᠯᠬᠦ ᠭᠡᠷᠡᠭᠳᠡᠢ᠃     ᠭᠤᠴᠢᠨ ᠵᠢᠷᠭᠤᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢᠨ ᠲᠠᠯ᠎ᠠ ᠪᠠᠷ ᠬᠠᠥᠯᠢ ᠴᠠᠭᠠᠵᠠ ᠶᠢᠨ ᠵᠦᠪᠯᠡᠯ᠂ ᠬᠤᠯᠪᠤᠭᠳᠠᠯ ᠪᠦᠬᠦᠢ ᠲᠤᠰᠬᠠᠢ ᠵᠦᠪᠯᠡᠯ ᠪᠠ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠨᠤᠭᠤᠳ  ᠡᠯ᠎ᠡ ᠲᠠᠯ᠎ᠠ ᠶᠢᠨ ᠬᠢᠨ ᠤ ᠰᠠᠨᠠᠯ ᠢ ᠰᠤᠨᠤᠰᠬᠤ ᠭᠡᠷᠡᠭᠳᠡᠢ᠃ ᠰᠠᠨᠠᠯ ᠰᠤᠨᠤᠰᠬᠤ ᠳᠠᠭᠠᠨ ᠶᠠᠷᠢᠯᠴᠠᠬᠤ ᠬᠤᠷᠠᠯ᠂  ᠨᠤᠳᠠᠯᠠᠯᠳᠠ ᠶᠢᠨ ᠬᠤᠷᠠᠯ᠂ ᠬᠡᠷᠡᠴᠢᠯᠡᠭᠡ ᠰᠤᠨᠤᠰᠬᠤ ᠬᠤᠷᠠᠯ ᠵᠡᠷᠭᠡ ᠤᠯᠠᠨ ᠵᠦᠢᠯ ᠤᠨ ᠭᠡᠯᠪᠡᠷᠢ ᠶᠢ ᠠᠪᠴᠤ ᠪᠤᠯᠤᠨ᠎ᠠ  ᠃     ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠳᠠᠬᠢ ᠳᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ  ᠴᠢᠩᠭ᠎ᠠ ᠪᠠᠶᠢᠬᠤ ᠬᠤᠯᠪᠤᠬᠳᠠᠯ ᠪᠦᠬᠦᠢ ᠠᠰᠠᠭᠤᠳᠠᠯ ᠳᠤ ᠪᠤᠯᠤᠮᠵᠢᠳᠦ ᠦᠨᠡᠯᠡᠯᠳᠠ ᠬᠢᠬᠦ ᠴᠢᠬᠤᠯᠠᠳᠠᠢ ᠦᠶ᠎ᠠ ᠳᠤ  ᠨᠤᠳᠠᠯᠠᠯᠳᠠ ᠶᠢᠨ ᠬᠤᠷᠠᠯ ᠬᠤᠷᠠᠯᠳᠤᠭᠤᠯᠵᠦ᠂ ᠳᠤᠰᠬᠠᠢ ᠮᠡᠷᠭᠡᠵᠢᠯᠳᠠᠨ᠂ ᠪᠠᠶᠢᠭᠤᠯᠤᠯᠭ᠎ᠠ ᠪᠠ ᠪᠦᠬᠦ ᠤᠯᠤᠰ ᠤᠨ  ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠵᠡᠷᠭᠡ ᠡᠯ᠎ᠠ ᠲᠠᠯ᠎ᠠ ᠶᠢᠨ ᠰᠠᠨᠠᠯ ᠢ  ᠰᠤᠨᠤᠰᠬᠤ ᠬᠡᠷᠡᠭᠳᠠᠢ᠃ ᠨᠤᠳᠠᠯᠠᠯᠳᠠ ᠶᠢᠨ ᠪᠠᠶᠢᠳᠡᠯ ᠢᠶᠠᠨ ᠪᠠᠶᠢᠡᠭᠭᠤ ᠶᠢᠨ ᠬᠤᠷᠢᠶᠠᠨ ᠳᠤ ᠮᠡᠳᠡᠬᠦᠯᠬᠦ ᠬᠡᠷᠡᠭᠳᠡᠢ᠃     ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠳᠠᠬᠢ ᠬᠤᠯᠪᠤᠬᠳᠠᠯ ᠪᠦᠬᠦᠢ ᠠᠰᠠᠭᠤᠳᠠᠯ ᠤᠨ ᠳᠤᠬᠠᠢ  ᠴᠢᠬᠤᠯᠠ ᠶᠡᠭᠡ ᠵᠦᠷᠢᠯᠳᠤᠭᠡᠨ ᠤᠷᠤᠰᠢᠬᠤ ᠪᠤᠶᠤ ᠠᠰᠢᠭ ᠳᠤᠰᠠ ᠶᠢᠨ ᠬᠠᠷᠢᠴᠠᠭ᠎ᠠ ᠶᠢᠨ ᠴᠢᠬᠤᠯᠠ ᠶᠡᠭᠡ  ᠲᠤᠬᠢᠷᠠᠭᠤᠯᠤᠯᠳᠠ ᠳᠤ ᠬᠤᠯᠪᠤᠬᠳᠠᠵᠦ᠂ ᠬᠡᠷᠡᠴᠢᠯᠡᠭᠡ ᠰᠤᠨᠤᠰᠬᠤ ᠬᠤᠷᠠᠯ ᠬᠤᠷᠠᠯᠳᠤᠭᠤᠯᠬᠤ ᠴᠢᠬᠤᠯᠠᠳᠠᠢ ᠦᠶ᠎ᠠ ᠳᠤ  ᠬᠡᠷᠡᠴᠢᠯᠡᠭᠡ ᠰᠤᠨᠤᠰᠬᠤ ᠬᠤᠷᠠᠯ ᠬᠤᠷᠠᠯᠳᠤᠭᠤᠯᠵᠦ᠂ ᠬᠤᠯᠪᠤᠬᠳᠠᠯ ᠪᠦᠬᠦᠢ ᠦᠨᠳᠦᠰᠦᠨ ᠱᠠᠳᠤ ᠪᠠ ᠪᠦᠬᠦᠯᠢ  ᠴᠤᠬᠴᠡ ᠶᠢᠨ ᠲᠦᠯᠦᠭᠡᠯᠡᠭᠴᠢᠳ᠂ ᠰᠠᠯᠠᠭ᠎ᠠ ᠮᠦᠴᠢᠷ᠂ ᠠᠷᠠᠳ ᠤᠨ ᠪᠦᠯᠬᠦᠮ᠂ ᠳᠤᠰᠬᠠᠢ ᠮᠡᠷᠭᠡᠯᠵᠢᠳᠠᠨ᠂ ᠪᠦᠬᠦ  ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠠ ᠨᠡᠶᠢᠭᠡᠮ ᠤᠨ ᠡᠯ᠎ᠠ  ᠡᠳᠡᠭᠡᠳ ᠤᠨ ᠰᠠᠨᠠᠯ ᠢ ᠰᠤᠨᠤᠰᠬᠤ ᠬᠡᠷᠡᠭᠳᠠᠢ᠃ ᠬᠡᠷᠡᠴᠢᠯᠡᠭᠡ ᠰᠤᠨᠤᠰᠤᠬᠰᠠᠨ ᠪᠠᠶᠢᠳᠠᠯ ᠢᠶᠠᠨ ᠪᠠᠶᠢᠩᠭᠤ ᠶᠢᠨ  ᠬᠤᠷᠢᠶᠠᠨ ᠳᠤ ᠮᠡᠳᠡᠬᠦᠯᠬᠦ ᠬᠡᠷᠡᠭᠳᠠᠢ᠃      ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠨᠢ ᠬᠠᠥᠯᠢ ᠶᠢᠨ  ᠲᠦᠰᠦᠯ ᠢ ᠬᠤᠯᠪᠤᠭᠳᠠᠯ ᠪᠦᠬᠦᠢ  ᠬᠦᠷᠢᠶᠠᠨ ᠳᠠᠬᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂  ᠤᠷᠤᠨ ᠨᠤᠳᠤᠬ ᠤᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ  ᠬᠤᠯᠪᠤᠬᠳᠠᠯ ᠪᠦᠬᠦᠢ ᠪᠠᠶᠢᠭᠤᠯᠤᠯᠭ᠎ᠠ᠂ ᠵᠤᠬᠢᠶᠠᠨ ᠪᠠᠶᠢᠭᠤᠯᠤᠯᠳᠠ ᠪᠠ ᠲᠤᠰᠬᠠᠢ ᠮᠡᠷᠭᠡᠵᠢᠯᠳᠡᠨ ᠲᠤ ᠲᠠᠷᠬᠠᠭᠠᠨ  ᠬᠦᠷᠭᠡᠵᠦ ᠰᠠᠨᠠᠯ ᠰᠤᠨᠤᠰᠬᠤ ᠭᠡᠷᠡᠭᠳᠡᠢ᠃     ᠭᠤᠴᠢᠨ ᠳᠤᠯᠤᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠤᠷᠢᠶᠠᠨ ᠲᠠᠷᠤᠭ᠎ᠠ ᠨᠠᠷ ᠤᠨ ᠬᠤᠷᠠᠯ  ᠬᠤᠷᠠᠯᠳᠤᠬᠰᠠᠨ ᠤ ᠲᠠᠷᠠᠭ᠎ᠠ ᠬᠠᠥᠯᠢ ᠶᠢᠨ ᠲᠦᠰᠦᠯ ᠵᠢᠴᠢ ᠳᠤᠭᠤᠷᠪᠢᠵᠦ ᠵᠠᠰᠠᠪᠦᠷᠢ ᠤᠷᠤᠭᠤᠯᠤᠬᠰᠠᠨ  ᠳᠤᠳᠤᠷᠬᠠᠢᠢᠯᠠᠯᠳᠠ ᠵᠡᠷᠭᠡ ᠶᠢ ᠨᠡᠶᠢᠳᠡᠯᠡᠵᠦ ᠰᠠᠨᠠᠯ ᠬᠤᠷᠢᠶᠠᠬᠤ ᠬᠡᠷᠡᠭᠳᠠᠢ᠂ ᠬᠡᠪᠡᠴᠦ ᠬᠤᠷᠢᠶᠠᠨ ᠳᠠᠷᠤᠭ᠎ᠠ ᠶᠢᠨ  ᠬᠤᠷᠠᠯ ᠠᠴᠠ ᠦᠯᠤ ᠨᠡᠶᠢᠳᠡᠯᠡᠬᠦ ᠪᠠᠷ ᠳᠤᠬᠳᠠᠭᠠᠬᠰᠠᠨ ᠵᠦᠢᠯ ᠠᠴᠠ ᠪᠤᠰᠤᠳ ᠢ ᠨᠡᠶᠢᠳᠡᠯᠡᠨ᠎ᠠ᠃ ᠨᠡᠶᠢᠭᠡᠮ ᠳᠤ  ᠨᠡᠶᠢᠳᠡᠯᠡᠨ ᠰᠠᠨᠠᠯ ᠬᠤᠷᠢᠶᠠᠬᠤ ᠬᠤᠭᠤᠴᠠᠭ᠎ᠠ ᠶᠢ ᠶᠡᠷᠦᠳᠡᠭᠡᠨ 30 ᠡᠳᠦᠷ ᠠᠴᠠ ᠴᠦᠭᠡᠨ ᠪᠠᠶᠢᠯᠭᠠᠵᠦ ᠪᠤᠯᠬᠤ ᠦᠭᠡᠢ᠃ ᠰᠠᠨᠠᠯ ᠬᠤᠷᠢᠶᠠᠬᠰᠠᠨ ᠪᠠᠶᠢᠳᠠᠯ ᠢᠶᠠᠨ ᠤᠯᠠᠨ ᠳᠤ ᠨᠡᠶᠢᠳᠡᠯᠡᠬᠦ ᠬᠡᠷᠡᠭᠳᠠᠢ᠃     ᠭᠤᠴᠢᠨ ᠨᠠᠢᠮᠠᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠪᠠᠶᠢᠩᠭᠤ ᠶᠢᠨ ᠬᠤᠷᠢᠶᠠᠨ ᠤ ᠠᠵᠢᠯ ᠤᠨ  ᠪᠠᠶᠢᠭᠤᠯᠤᠮᠵᠢ ᠨᠢ ᠲᠤᠭᠤᠢᠢᠯᠠᠩ ᠬᠤᠪᠢᠶᠠᠵᠤ ᠬᠢᠨᠠᠨ ᠵᠦᠪᠯᠡᠭᠰᠠᠨ ᠰᠠᠨᠠᠯ ᠪᠠ ᠡᠯ᠎ᠡ ᠲᠠᠯ᠎ᠠ ᠶᠢᠨ ᠬᠢᠨ ᠤ ᠲᠤᠷᠠᠳᠤᠭᠰᠠᠨ  ᠰᠠᠨᠠᠯ ᠵᠢᠴᠢ ᠬᠤᠯᠪᠤᠭᠳᠠᠯ ᠪᠦᠬᠦᠢ ᠪᠤᠰᠤᠤᠨ ᠮᠠᠲ᠋ᠧᠷᠢᠶᠠᠯ ᠤᠳ ᠢ ᠬᠤᠷᠢᠶᠠᠨ ᠡᠮᠬᠢᠯᠡᠭᠡᠥᠨ ᠬᠠᠥᠯᠢ ᠴᠠᠭᠠᠵᠠ ᠶᠢᠨ  ᠵᠦᠪᠯᠡᠯ ᠪᠤᠯᠤᠨ ᠬᠤᠯᠪᠤᠭᠳᠠᠯ ᠪᠦᠬᠦᠢ ᠲᠤᠰᠬᠠᠢ ᠵᠦᠪᠯᠡᠯ ᠳᠤ ᠲᠤᠰ ᠲᠤᠰ ᠬᠦᠷᠬᠡᠬᠦ ᠶᠢᠨ ᠬᠠᠮᠳᠤ ᠭᠡᠷᠡᠭᠴᠡᠭᠡ ᠶᠢ  ᠦᠨᠳᠦᠰᠦᠯᠡᠨ ᠪᠠᠶᠢᠩᠭᠤ ᠶᠢᠨ ᠬᠤᠷᠢᠶᠠᠨ ᠤ ᠬᠤᠷᠠᠯ ᠳᠤ ᠲᠠᠷᠤᠮᠠᠯᠯᠠᠨ ᠲᠠᠷᠬᠠᠭᠠᠬᠤ ᠭᠡᠷᠡᠭᠳᠡᠢ᠃      ᠭᠤᠴᠢ ᠶᠢᠰᠤᠳᠤᠭᠡᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠳᠤ ᠬᠢᠨᠠᠨ ᠵᠦᠪᠯᠡᠵᠦ ᠪᠠᠳᠤᠯᠠᠭᠤᠯᠬᠤ  ᠬᠠᠥᠯᠢ ᠴᠠᠭᠠᠵᠠ  ᠶᠢᠨ ᠲᠤᠬᠠᠢ ᠰᠠᠨᠠᠯ ᠵᠦᠪᠯᠡᠯᠭᠡ ᠶᠢ ᠬᠠᠤᠯᠢ ᠴᠠᠭᠠᠵᠠ ᠶᠢᠨ ᠵᠦᠪᠯᠡᠯ ᠠᠴᠠ ᠬᠢᠨᠠᠨ ᠵᠦᠪᠯᠡᠭᠰᠡᠨ  ᠦᠷ᠎ᠠ ᠳ᠋ᠦᠩ ᠤᠨ ᠮᠡᠳᠡᠭᠦᠯᠦᠯᠳᠠ ᠳᠤᠷᠠᠳᠬᠤ ᠠᠴᠠ ᠡᠮᠤᠨ᠎ᠠ᠂ ᠪᠠᠶᠢᠩᠭᠤ ᠶᠢᠨ ᠬᠤᠷᠢᠶᠠᠨ ᠤ ᠠᠵᠢᠯ ᠤᠨ  ᠪᠠᠶᠢᠭᠤᠯᠤᠮᠵᠢ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠳᠠᠬᠢ ᠴᠢᠬᠤᠯᠠ ᠲᠦᠷᠢᠮ ᠤᠨ ᠵᠢᠷᠤᠮᠵᠢᠯ ᠤᠨ  ᠪᠤᠯᠤᠮᠵᠢᠳᠤ ᠴᠢᠨᠠᠷ᠂ ᠬᠠᠤᠯᠢ ᠴᠠᠭᠠᠵᠠ ᠳᠤᠬᠳᠠᠭᠠᠬᠤ ᠵᠤᠬᠢᠰᠳᠠᠢ ᠴᠠᠭ᠂ ᠬᠠᠤᠯᠢ ᠴᠠᠭᠠᠵᠠ ᠶᠢ ᠬᠡᠷᠡᠭᠵᠢᠬᠦᠯᠦᠭᠰᠠᠨ  ᠨᠡᠶᠢᠭᠡᠮ ᠤᠨ ᠦᠷ᠎ᠠ ᠪᠦᠳᠦᠮᠵᠢ ᠪᠠ ᠡᠬᠦᠰᠬᠦ ᠪᠤᠯᠤᠯᠴᠠᠭ᠎ᠠ ᠲᠠᠢ ᠠᠰᠠᠭᠤᠳᠠᠯ ᠵᠡᠷᠭᠡ ᠳᠤ ᠦᠨᠡᠯᠡᠯᠳᠠ ᠬᠢᠵᠦ ᠪᠤᠯᠤᠨ᠎ᠠ᠃ ᠬᠠᠤᠯᠢ ᠴᠠᠭᠠᠵᠠ ᠶᠢᠨ ᠵᠦᠪᠯᠡᠯ ᠠᠴᠠ ᠦᠨᠡᠯᠡᠯᠳᠠ ᠬᠢᠭᠰᠡᠨ ᠪᠠᠶᠢᠳᠠᠯ  ᠢ ᠬᠢᠨᠠᠨ ᠵᠦᠪᠯᠡᠭᠰᠡᠨ ᠦᠷ᠎ᠠ ᠳ᠋ᠦᠩ ᠤᠨ  ᠮᠡᠳᠡᠬᠦᠯᠦᠯᠳᠠ ᠳᠡᠭᠡᠨ ᠳᠤᠳᠤᠷᠬᠠᠢᠢᠯᠠᠬᠤ ᠬᠡᠷᠡᠭᠳᠠᠢ᠃     ᠲᠦᠴᠢᠳᠤᠭᠡᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ ᠤᠷᠤᠭᠤᠯᠤᠭᠰᠠᠨ  ᠬᠠᠥᠯᠢ ᠴᠠᠭᠠᠵᠠ  ᠶᠢᠨ ᠲᠤᠬᠠᠢ ᠰᠠᠨᠠᠯ ᠵᠦᠪᠯᠡᠯᠭᠡ ᠶᠢ ᠲᠤᠰᠢᠶᠠᠨ ᠦᠭᠴᠦ ᠪᠠᠳᠤᠯᠠᠭᠤᠯᠬᠤ ᠠᠴᠠ ᠡᠮᠦᠨ᠎ᠡ᠂ ᠰᠠᠨᠠᠯ  ᠵᠦᠪᠯᠡᠯᠭᠡ ᠲᠤᠷᠠᠳᠤᠭᠰᠠᠨ ᠬᠦᠮᠦᠨ ᠨᠢ ᠪᠤᠴᠠᠭᠠᠵᠤ ᠠᠪᠬᠤ ᠪᠠᠷ ᠱᠠᠭᠠᠷᠳᠠᠭᠰᠠᠨ ᠪᠠᠶᠢᠪᠠᠯ ᠤᠴᠢᠷ ᠰᠢᠯᠳᠠᠭᠠᠨ ᠢᠶᠠᠨ  ᠲᠤᠳᠤᠷᠬᠠᠢᠢᠯᠠᠵᠤ᠂ ᠬᠤᠷᠢᠶᠠᠨ ᠲᠠᠷᠤᠭ᠎ᠠ ᠨᠠᠷ ᠤᠨ ᠬᠤᠷᠠᠯ ᠢᠶᠠᠷ ᠵᠦᠪᠰᠢᠶᠡᠷᠡᠬᠦᠯᠬᠦ ᠭᠡᠷᠡᠭᠳᠡᠢ ᠪᠦᠭᠡᠥᠨ ᠪᠠᠶᠢᠩᠭᠤ ᠶᠢᠨ  ᠬᠤᠷᠢᠶ᠎ᠠ ᠳᠤ ᠮᠡᠳᠡᠬᠦᠯᠦᠭᠡᠥᠨ᠂ ᠲᠤᠰ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠢᠨᠠᠨ ᠵᠦᠪᠯᠡᠬᠦ ᠪᠠᠨ  ᠲᠠᠷᠤᠢ ᠳᠤᠨᠢ ᠵᠤᠭᠰᠤᠨ᠎ᠠ᠃     ᠲᠦᠴᠢᠨ ᠨᠢᠬᠡᠳᠤᠭᠡᠷ ᠵᠦᠢᠯ    ᠬᠠᠥᠯᠢ ᠴᠠᠭᠠᠵᠨ ᠶᠢᠨ ᠲᠦᠰᠤᠯ ᠤᠨ ᠵᠠᠰᠠᠪᠤᠷᠢ ᠤᠷᠤᠭᠤᠯᠤᠬᠰᠠᠨ  ᠨᠤᠤᠷᠠᠬ ᠢ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠬᠢᠨᠠᠨ ᠵᠦᠪᠯᠡᠭᠰᠡᠨ ᠤ ᠲᠠᠷᠠᠭ᠎ᠠ᠂ ᠬᠠᠤᠯᠢ ᠴᠠᠭᠠᠵᠠ ᠶᠢᠨ  ᠵᠦᠪᠯᠡᠯ ᠠᠴᠠ ᠪᠠᠶᠢᠩᠭᠤ ᠶᠢᠨ ᠬᠤᠷᠢᠶᠠᠨ ᠤ ᠪᠦᠷᠢᠯᠳᠤᠬᠦᠨ ᠤ ᠬᠢᠨᠠᠨ ᠵᠦᠪᠯᠡᠭᠰᠡᠨ ᠰᠠᠨᠠᠯ ᠢ ᠦᠨᠳᠤᠰᠤᠯᠠᠨ ᠵᠠᠰᠠᠪᠤᠷᠢ  ᠤᠷᠤᠭᠤᠯᠵᠤ᠂ ᠬᠠᠤᠯᠢ ᠶᠢᠨ ᠲᠦᠰᠤᠯ  ᠤᠨ ᠪᠠᠳᠤᠯᠠᠭᠤᠯᠬᠤ ᠨᠤᠤᠷᠠᠬ ᠢ ᠲᠤᠷᠠᠳᠤᠨ ᠭᠠᠷᠭᠠᠵᠤ᠂ ᠬᠤᠷᠢᠶᠠᠨ  ᠲᠠᠷᠤᠭ᠎ᠠ ᠨᠠᠷ ᠤᠨ ᠬᠤᠷᠠᠯ ᠠᠴᠠ ᠪᠠᠶᠢᠩᠭᠤ ᠶᠢᠨ ᠬᠤᠷᠢᠶᠠᠨ ᠤ ᠪᠦᠬᠦᠳᠠ ᠬᠤᠷᠠᠯ ᠳᠤ ᠲᠡᠪᠰᠢᠬᠦᠯᠤᠨ ᠪᠠᠳᠤᠯᠠᠭᠤᠯᠵᠤ᠂  ᠪᠠᠶᠢᠩᠭᠤ ᠶᠢᠨ ᠬᠤᠷᠢᠶᠠᠨ ᠤ ᠪᠦᠬᠦ ᠪᠦᠷᠢᠯᠳᠤᠬᠦᠨ ᠤ ᠬᠠᠭᠠᠰ ᠠᠴᠠ ᠲᠡᠭᠡᠭᠰᠢᠬᠢ ᠲᠤᠭᠠᠨ ᠤ ᠬᠦᠮᠤᠨ ᠢᠶᠠᠷ  ᠪᠠᠳᠤᠯᠠᠭᠤᠯᠤᠨ᠎ᠠ᠃     ᠬᠠᠤᠯᠢ ᠶᠢᠨ ᠲᠦᠰᠤᠯ ᠤᠨ ᠪᠠᠳᠤᠯᠠᠭᠤᠯᠬᠤ ᠨᠤᠤᠷᠠᠬ ᠢ ᠪᠠᠶᠢᠩᠭᠤ ᠶᠢᠨ ᠬᠤᠷᠢᠶᠠᠨ ᠤ ᠬᠤᠷᠠᠯ ᠳᠤ  ᠲᠡᠪᠰᠢᠬᠦᠯᠵᠤ ᠪᠠᠳᠤᠯᠠᠭᠤᠯᠬᠤ ᠠᠴᠠ ᠡᠮᠤᠨ᠎ᠠ᠂ ᠬᠤᠷᠢᠶᠠᠨ ᠲᠠᠷᠤᠭ᠎ᠠ ᠨᠡᠷ ᠤᠨ ᠬᠤᠷᠠᠯ ᠠᠴᠠ ᠪᠠᠶᠢᠩᠭᠤ ᠶᠢᠨ  ᠬᠤᠷᠢᠶᠠᠨ ᠤ ᠬᠤᠷᠠᠯ ᠤᠨ ᠬᠢᠨᠠᠨ ᠵᠦᠪᠯᠡᠭᠰᠡᠨ ᠪᠠᠶᠢᠳᠠᠯ ᠢ ᠦᠨᠳᠤᠰᠤᠯᠠᠵᠤ᠂ ᠰᠠᠨᠠᠯ ᠵᠦᠷᠢᠯᠳᠤᠬᠡᠨ ᠨᠡᠯᠢᠶᠡᠳ ᠶᠡᠭᠡ  ᠴᠢᠬᠤᠯᠠ ᠵᠦᠢᠯ ᠵᠤᠷᠪᠤᠰ ᠢ ᠪᠠᠶᠢᠩᠭᠤ ᠶᠢᠨ ᠬᠤᠷᠢᠶᠠᠨ ᠤ ᠬᠤᠷᠠᠯ ᠳᠤ ᠲᠡᠪᠰᠢᠬᠦᠯᠵᠤ ᠠᠰᠳᠠᠭᠠᠨ ᠪᠠᠳᠤᠯᠠᠭᠤᠯᠵᠤ  ᠪᠤᠯᠤᠨ᠎ᠠ᠃     ᠠᠰᠳᠠᠭᠠᠨ ᠪᠠᠳᠤᠯᠠᠬᠤ ᠵᠦᠢᠯ ᠢ ᠪᠠᠶᠢᠩᠭᠤ ᠶᠢᠨ ᠬᠤᠷᠢᠶᠠᠨ ᠤ ᠬᠤᠷᠠᠯ ᠢᠶᠠᠷ ᠪᠠᠳᠤᠯᠠᠭᠤᠯᠤᠬᠰᠠᠨ ᠤ ᠲᠠᠷᠠᠭ᠎ᠠ᠂  ᠬᠤᠷᠢᠶᠠᠨ ᠲᠠᠷᠤᠭ᠎ᠠ ᠨᠡᠷ ᠤᠨ ᠬᠤᠷᠠᠯ ᠠᠴᠠ ᠠᠰᠳᠠᠭᠠᠨ ᠪᠠᠳᠤᠯᠠᠬᠰᠠᠨ ᠪᠠᠶᠢᠳᠠᠯ ᠢ ᠦᠨᠳᠤᠰᠤᠯᠠᠵᠤ᠂ ᠬᠠᠤᠯᠢ ᠶᠢᠨ  ᠲᠦᠰᠤᠯ ᠤᠨ ᠪᠠᠳᠤᠯᠠᠭᠤᠯᠬᠤ ᠡᠬᠡ ᠨᠤᠤᠷᠠᠬ ᠢ ᠲᠡᠪᠰᠢᠬᠦᠯᠤᠨ ᠪᠠᠳᠤᠯᠠᠭᠤᠯᠬᠤ ᠪᠠᠷ ᠲᠤᠭᠳᠠᠭᠠᠵᠤ ᠪᠤᠯᠤᠨ᠎ᠠ᠂ ᠪᠠᠰᠠ  ᠲᠦᠷ ᠪᠠᠳᠤᠯᠠᠭᠤᠯᠬᠤ ᠦᠭᠡᠢ ᠪᠠᠷ ᠲᠤᠭᠳᠠᠭᠠᠵᠤ᠂ ᠬᠠᠤᠯᠢ ᠴᠠᠭᠠᠵᠠ ᠶᠢᠨ ᠵᠦᠪᠯᠠᠯ ᠪᠤᠯᠤᠨ ᠬᠤᠯᠪᠤᠬᠳᠠᠯ ᠪᠦᠬᠦᠢ  ᠲᠤᠰᠬᠠᠢ ᠵᠦᠪᠯᠠᠯ ᠳᠤ ᠲᠤᠰᠢᠶᠠᠨ ᠦᠭᠴᠤ ᠴᠢᠨᠠᠬᠰᠢᠳᠠ ᠬᠢᠨᠠᠨ ᠵᠦᠪᠯᠡᠬᠦᠯᠵᠦ ᠪᠤᠯᠤᠨ᠎ᠠ᠃      ᠲᠦᠴᠢᠨ ᠬᠤᠶᠠᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠬᠤᠷᠠᠯ ᠤᠨ ᠬᠢᠨᠠᠨ ᠵᠦᠪᠯᠡᠬᠦ ᠳᠤ  ᠤᠷᠤᠭᠤᠯᠤᠭᠰᠠᠨ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠡᠯ᠎ᠡ ᠲᠠᠯ᠎ᠠ ᠶᠢᠨ ᠬᠢᠨ ᠲᠤᠰ ᠬᠠᠥᠯᠢ ᠶᠢ  ᠲᠤᠭᠳᠠᠭᠠᠬᠤ ᠴᠢᠬᠤᠯᠨ ᠴᠢᠨᠠᠷ᠂ ᠪᠤᠯᠤᠮᠵᠢᠳᠤ ᠴᠢᠨᠠᠷ ᠵᠡᠷᠭᠡ ᠴᠢᠬᠤᠯᠨ ᠶᠡᠭᠡ ᠠᠰᠠᠭᠤᠳᠠᠯ ᠤᠨ ᠲᠠᠯ᠎ᠠ ᠪᠠᠷ ᠨᠡᠯᠢᠶᠡᠥᠨ  ᠶᠡᠭᠡ ᠰᠠᠨᠠᠯ ᠵᠦᠷᠢᠯᠳᠦᠭᠡᠨ ᠲᠠᠢ ᠪᠠᠶᠢᠬᠤ  ᠠᠴᠠ ᠪᠤᠯᠤᠭᠠᠳ ᠬᠢᠨᠠᠨ ᠵᠦᠪᠯᠡᠭᠰᠠᠨ ᠦᠭᠡᠢ ᠲᠠᠯᠪᠢᠵᠤ ᠪᠦᠬᠦᠯᠢ ᠬᠤᠶᠠᠷ  ᠵᠢᠯ ᠪᠤᠯᠤᠭᠰᠠᠨ᠂ ᠡᠰᠡᠬᠦᠯ᠎ᠡ ᠲᠦᠷ ᠪᠠᠳᠤᠯᠠᠭᠤᠯᠤᠭᠰᠠᠨ ᠦᠭᠡᠢ ᠪᠠᠷ ᠬᠤᠶᠠᠷ ᠵᠢᠯ ᠦᠡᠭᠭᠡᠷᠡᠭᠡᠥᠨ ᠪᠠᠶᠢᠩᠭᠤ ᠶᠢᠨ  ᠬᠤᠷᠢᠶᠠᠨ ᠤ ᠬᠤᠷᠠᠯ ᠤᠨ ᠵᠦᠪᠯᠡᠬᠦ ᠵᠦᠢᠯ ᠳᠤ ᠲᠠᠬᠢᠨ ᠤᠷᠤᠭᠤᠯᠵᠤ ᠬᠢᠨᠠᠨ ᠵᠦᠪᠯᠡᠬᠦᠯᠦᠭᠰᠠᠨ ᠦᠭᠡᠢ ᠪᠠᠶᠢᠪᠠᠯ᠂  ᠬᠤᠷᠢᠶᠠᠨ ᠲᠠᠷᠤᠭ᠎ᠠ ᠨᠠᠷ ᠤᠨ ᠬᠤᠷᠠᠯ ᠠᠴᠠ ᠪᠠᠶᠢᠩᠭᠤ ᠶᠢᠨ ᠬᠤᠷᠢᠶ᠎ᠠ ᠳᠤ ᠮᠡᠳᠡᠬᠦᠯᠵᠦ᠂ ᠲᠤᠰ ᠬᠠᠥᠯᠢ ᠶᠢᠨ ᠰᠠᠨᠠᠯ  ᠵᠦᠪᠯᠡᠯᠭᠡ ᠶᠢ ᠬᠢᠨᠠᠨ ᠵᠦᠪᠯᠡᠬᠦ ᠪᠠᠨ ᠵᠤᠭᠰᠤᠨ᠎ᠠ᠃     ᠲᠦᠴᠢᠨ ᠭᠤᠷᠪᠠᠳᠤᠭᠠᠷ ᠵᠦᠢᠯ    ᠤᠯᠠᠨ ᠲᠠᠯ᠎ᠠ ᠶᠢᠨ ᠬᠠᠤᠯᠢ ᠴᠠᠭᠠᠵᠠ ᠲᠤ ᠤᠷᠤᠰᠢᠬᠤ ᠠᠳᠠᠯᠢ ᠴᠢᠨᠠᠷᠳᠠᠢ  ᠶᠠᠪᠤᠳᠠᠯ ᠳᠤ ᠬᠤᠯᠪᠤᠬᠳᠠᠬᠰᠠᠨ ᠤᠨᠴᠠ ᠵᠠᠷᠢᠮ ᠵᠦᠢᠯ ᠵᠤᠷᠪᠤᠰ ᠳᠤ ᠵᠠᠰᠠᠪᠤᠷᠢ ᠤᠷᠤᠭᠤᠯᠬᠤ ᠲᠤᠬᠠᠢ ᠬᠠᠤᠯᠢ  ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠬᠤᠷᠢᠶᠠᠨ ᠲᠠᠷᠤᠭ᠎ᠠ ᠨᠡᠷ ᠤᠨ ᠬᠤᠷᠠᠯ ᠢᠶᠠᠷ ᠲᠤᠭᠳᠠᠭᠠᠬᠰᠠᠨ ᠤ ᠲᠠᠷᠠᠭ᠎ᠠ  ᠂ ᠨᠡᠶᠢᠯᠡᠬᠦᠯᠤᠨ ᠪᠠᠳᠤᠯᠠᠭᠤᠯᠵᠤ ᠪᠤᠯᠤᠨ᠎ᠠ᠂ ᠪᠠᠰᠠ ᠲᠤᠰ ᠲᠤᠰ ᠲᠤᠨᠢ ᠪᠠᠳᠤᠯᠠᠭᠤᠯᠵᠤ ᠪᠤᠯᠤᠨ᠎ᠠ᠃      ᠲᠦᠴᠢᠨ ᠲᠦᠷᠪᠡᠳᠤᠭᠡᠷ ᠵᠦᠢᠯ    ᠪᠠᠶᠢᠩᠭᠤ ᠶᠢᠨ ᠬᠤᠷᠢᠶ᠎ᠠ ᠪᠠᠷ ᠪᠠᠳᠤᠯᠠᠭᠤᠯᠤᠬᠰᠠᠨ ᠬᠠᠤᠯᠢ ᠴᠠᠭᠠᠵᠠ ᠶᠢ  ᠤᠯᠤᠰ ᠤᠨ ᠲᠡᠷᠢᠬᠦᠯᠡᠭᠴᠢ ᠭᠠᠷ ᠤᠨ ᠦᠰᠦᠭ ᠵᠢᠷᠤᠵᠤ ᠲᠡᠷᠢᠬᠦᠯᠡᠭᠴᠢ ᠶᠢᠨ ᠵᠠᠷᠯᠢᠭ ᠢᠶᠠᠷ ᠨᠡᠶᠢᠳᠡᠯᠡᠨ᠎ᠡ᠃      ᠲᠦᠷᠪᠡᠳᠤᠭᠡᠷ ᠭᠡᠰᠡᠭ    ᠬᠠᠤᠯᠢ ᠴᠠᠭᠠᠵᠠ ᠶᠢᠨ ᠲᠠᠶᠢᠯᠪᠤᠷᠢᠯᠠᠯᠳᠠ      ᠲᠦᠴᠢᠨ ᠲᠠᠪᠤᠳᠤᠭᠠᠷ ᠵᠦᠢᠯ    ᠬᠠᠥᠯᠢ ᠶᠢᠨ ᠲᠠᠶᠢᠯᠪᠤᠷᠢᠯᠠᠯ ᠬᠢᠬᠦ ᠡᠷᠭᠡ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠶᠠᠯᠠᠭᠳᠠᠨ᠎ᠠ᠃     ᠬᠠᠥᠯᠢ ᠴᠠᠭᠠᠵᠠ ᠳᠤ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠠᠶᠢᠯᠪᠤᠷᠢᠯᠠᠯ ᠬᠢᠨ᠎ᠡ᠄     ︵ᠨᠢᠭᠡ︶ ᠬᠠᠥᠯᠢ ᠴᠠᠭᠠᠵᠠ ᠶᠢᠨ ᠲᠤᠭᠳᠠᠭᠠᠯ ᠤᠨ ᠪᠤᠳᠠᠳᠠᠢ ᠠᠭᠤᠯᠭ᠎ᠠ ᠶᠢ ᠤᠯᠠᠮ ᠨᠢᠭᠡ ᠠᠯᠬᠤᠮ  ᠲᠤᠳᠤᠷᠬᠠᠢᠢᠯᠠᠬᠤ ᠴᠢᠬᠤᠯᠠᠳᠠᠢ ᠪᠠᠶᠢᠬᠤ︔    ︵ᠬᠤᠶᠠᠷ︶ ᠬᠠᠥᠯᠢ ᠴᠠᠭᠠᠵᠠ ᠶᠢ ᠲᠤᠭᠳᠠᠭᠠᠭᠰᠠᠨ ᠤ ᠲᠠᠷᠠᠭ᠎ᠠ ᠰᠢᠨ᠎ᠠ ᠪᠠᠶᠢᠳᠠᠯ ᠭᠠᠷᠴᠤ᠂ ᠲᠤᠬᠢᠷᠠᠮᠵᠢᠳᠡᠢ  ᠬᠠᠥᠯᠢ ᠴᠠᠭᠠᠵᠠ  ᠶᠢᠨ ᠦᠨᠳᠦᠰᠦ ᠪᠠᠷᠢᠮᠳᠠ ᠶᠢ ᠲᠤᠳᠤᠷᠬᠠᠢᠢᠯᠠᠬᠤ ᠴᠢᠬᠤᠯᠠᠳᠠᠢ ᠪᠠᠶᠢᠬᠤ᠃     ᠲᠦᠴᠢᠨ ᠵᠢᠷᠭᠤᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ  ᠶᠠᠪᠤᠳᠠᠯ ᠤᠨ ᠬᠤᠷᠢᠶ᠎ᠠ᠂ ᠠᠷᠠᠥᠨ ᠤᠨ ᠲᠡᠭᠡᠳᠦ ᠰᠢᠬᠦᠬᠦ ᠬᠤᠷᠢᠶ᠎ᠠ᠂ ᠠᠷᠠᠥᠨ ᠤᠨ ᠲᠡᠭᠡᠳᠦ ᠪᠠᠶᠢᠴᠠᠭᠠᠬᠤ ᠬᠤᠷᠢᠶ᠎ᠠ  ᠪᠠ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠡᠯ᠎ᠡ ᠲᠤᠰᠬᠠᠢ ᠵᠦᠪᠯᠡᠯ ᠵᠢᠴᠢ ᠮᠤᠵᠢ  ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠦᠬᠦ ᠤᠯᠤᠰ  ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠥᠯᠢ ᠴᠠᠭᠠᠵᠠ ᠶᠢᠨ ᠲᠠᠶᠢᠯᠪᠤᠷᠢᠯᠠᠯ ᠬᠢᠯᠭᠡᠬᠦ ᠱᠠᠭᠠᠷᠳᠠᠯᠭ᠎ᠠ ᠲᠤᠷᠠᠥᠨᠴᠦ  ᠪᠤᠯᠤᠨ᠎ᠠ᠃     ᠲᠦᠴᠢᠨ ᠲᠤᠯᠤᠳᠤᠭᠠᠷ ᠵᠦᠢᠯ    ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠠᠥᠯᠢ ᠶᠢᠨ  ᠲᠠᠶᠢᠯᠪᠤᠷᠢᠯᠠᠯ ᠤᠨ ᠲᠦᠰᠦᠯ ᠢ ᠰᠤᠳᠤᠯᠤᠨ ᠲᠤᠭᠳᠠᠭᠠᠵᠤ᠂ ᠬᠤᠷᠢᠶᠠᠨ ᠲᠠᠷᠤᠭ᠎ᠠ ᠨᠠᠷ ᠤᠨ ᠬᠤᠷᠠᠯ ᠠᠴᠠ  ᠪᠠᠶᠢᠩᠭᠤ ᠶᠢᠨ ᠬᠤᠷᠢᠶᠠᠨ ᠤ ᠬᠤᠷᠠᠯ  ᠤᠨ ᠵᠦᠪᠯᠡᠬᠦ ᠵᠦᠢᠯ ᠳᠤ ᠤᠷᠤᠭᠤᠯᠬᠤ ᠪᠠᠷ ᠲᠤᠭᠳᠠᠭᠠᠨ᠎ᠠ᠃     ᠲᠦᠴᠢᠨ ᠨᠠᠢᠮᠠᠳᠤᠭᠠᠷ ᠵᠦᠢᠯ    ᠬᠠᠥᠯᠢ ᠶᠢᠨ ᠲᠠᠶᠢᠯᠪᠤᠷᠢᠯᠠᠯᠳᠠ ᠶᠢᠨ ᠲᠦᠰᠦᠯ ᠢ ᠪᠠᠶᠢᠩᠭᠤ ᠶᠢᠨ  ᠬᠤᠷᠢᠶᠠᠨ ᠤ ᠬᠤᠷᠠᠯ ᠢᠶᠠᠷ ᠬᠢᠨᠠᠨ ᠵᠦᠪᠯᠡᠬᠦᠯᠦᠭᠰᠡᠨ ᠤ ᠲᠠᠷᠠᠭ᠎ᠠ᠂ ᠬᠠᠥᠯᠢ ᠴᠠᠭᠠᠵᠠ ᠶᠢᠨ ᠵᠦᠪᠯᠡᠯ ᠠᠴᠠ  ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠤ ᠬᠢᠨᠠᠨ ᠵᠦᠪᠯᠡᠭᠰᠡᠨ ᠰᠠᠨᠠᠯ ᠢ ᠦᠨᠳᠦᠰᠦᠯᠡᠨ ᠬᠢᠨᠠᠨ ᠵᠦᠪᠯᠠᠵᠤ᠂  ᠵᠠᠰᠠᠪᠤᠷᠢ ᠤᠷᠤᠭᠤᠯᠤᠭᠠᠥᠨ᠂ ᠬᠠᠥᠯᠢ ᠶᠢᠨ ᠲᠠᠶᠢᠯᠪᠤᠷᠢᠯᠠᠯᠳᠠ  ᠶᠢᠨ ᠲᠦᠰᠦᠯ ᠤᠨ ᠪᠠᠳᠤᠯᠠᠭᠤᠯᠬᠤ ᠨᠤᠤᠷᠠᠭ ᠢ  ᠲᠤᠷᠠᠳᠤᠨ ᠭᠠᠷᠭᠠᠨ᠎ᠠ᠃     ᠲᠦᠴᠢ ᠶᠢᠰᠤᠳᠤᠭᠡᠷ ᠵᠦᠢᠯ    ᠬᠠᠥᠯᠢ ᠶᠢᠨ ᠲᠠᠶᠢᠯᠪᠤᠷᠢᠯᠠᠯᠳᠠ ᠶᠢᠨ ᠲᠦᠰᠦᠯ ᠤᠨ ᠪᠠᠳᠤᠯᠠᠭᠤᠯᠬᠤ  ᠨᠤᠤᠷᠠᠭ ᠢ ᠪᠠᠶᠢᠩᠭᠤ ᠶᠢᠨ ᠬᠤᠷᠢᠶᠠᠨ ᠤ ᠪᠦᠬᠦ ᠪᠦᠷᠢᠯᠳᠦᠬᠦᠨ ᠤ ᠬᠠᠭᠠᠰ ᠠᠴᠠ ᠲᠡᠭᠡᠭᠰᠢᠬᠢ ᠲᠤᠭᠠᠨ ᠤ ᠬᠦᠮᠦᠨ ᠢᠶᠠᠷ  ᠪᠠᠳᠤᠯᠠᠭᠤᠯᠵᠤ᠂ ᠪᠠᠶᠢᠩᠭᠤ ᠶᠢᠨ ᠬᠤᠷᠢᠶ᠎ᠠ ᠠᠴᠠ ᠠᠯᠪᠠᠨ ᠵᠠᠷ ᠭᠠᠷᠭᠠᠵᠤ ᠨᠡᠶᠢᠳᠡᠯᠡᠨ᠎ᠡ᠃     ᠲᠠᠪᠢᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ  ᠤ ᠭᠢᠭᠰᠡᠨ ᠬᠠᠥᠯᠢ ᠶᠢᠨ ᠲᠠᠶᠢᠯᠪᠤᠷᠢᠯᠠᠯᠳᠠ ᠨᠢ ᠬᠠᠥᠯᠢ ᠴᠠᠭᠠᠵᠠ ᠲᠠᠢ ᠠᠳᠠᠯᠢᠬᠠᠨ  ᠬᠦᠴᠦᠨ ᠲᠠᠢ᠃      ᠲᠠᠪᠤᠳᠤᠭᠠᠷ ᠭᠡᠰᠡᠭ    ᠪᠤᠰᠤᠤᠨ ᠲᠤᠭᠳᠠᠭᠠᠯ ᠤᠳ      ᠲᠠᠪᠢᠨ ᠨᠢᠬᠡᠳᠤᠭᠡᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠭᠴᠢᠥᠨ ᠤᠨ ᠶᠡᠭᠡ ᠬᠤᠷᠠᠯ ᠵᠢᠴᠢ  ᠲᠡᠬᠦᠨ ᠤ ᠪᠠᠶᠢᠩᠭᠤ ᠶᠢᠨ ᠬᠤᠷᠢᠶ᠎ᠠ ᠬᠠᠤᠯᠢ ᠲᠤᠭᠳᠠᠭᠠᠬᠤ ᠠᠵᠢᠯ ᠢ ᠵᠤᠬᠢᠶᠠᠨ ᠪᠠᠶᠢᠭᠤᠯᠵᠤ ᠵᠤᠬᠢᠴᠠᠭᠤᠯᠬᠤ ᠪᠠᠨ  ᠴᠢᠩᠭᠠᠳᠬᠠᠵᠤ᠂ ᠬᠠᠤᠯᠢ ᠲᠤᠭᠳᠠᠭᠠᠬᠤ ᠠᠵᠢᠯ ᠳᠠᠬᠢ ᠭᠤᠤᠯ ᠵᠢᠯᠤᠭᠤᠳᠤᠮᠵᠢ ᠶᠢᠨ ᠤᠢᠢᠯᠡᠳᠤᠯ ᠢᠶᠠᠨ  ᠪᠠᠳᠠᠷᠠᠭᠤᠯᠤᠨ᠎ᠠ᠃     ᠲᠠᠪᠢᠨ ᠬᠤᠶᠠᠳᠤᠭᠠᠷ ᠵᠦᠢᠯ    ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠬᠠᠤᠯᠢ ᠲᠤᠭᠳᠠᠭᠠᠬᠤ ᠲᠦᠯᠤᠪᠵᠢᠬᠦᠯᠬᠡ᠂ ᠤᠨ ᠤ ᠬᠠᠤᠯᠢ ᠲᠤᠭᠳᠠᠭᠠᠬᠤ ᠲᠦᠯᠤᠪᠯᠡᠭᠡ  ᠵᠡᠷᠬᠡ ᠬᠡᠯᠪᠡᠷᠢ ᠪᠠᠷ ᠲᠠᠮᠵᠢᠭᠤᠯᠵᠤ᠂ ᠬᠠᠤᠯᠢ ᠲᠤᠭᠳᠠᠭᠠᠬᠤ ᠠᠵᠢᠯ ᠳᠠᠬᠢ ᠨᠢᠬᠡᠳᠤᠯᠳᠠᠢ ᠲᠦᠯᠤᠪᠵᠢᠬᠦᠯᠤᠨ  ᠲᠤᠬᠢᠷᠠᠭᠤᠯᠬᠤ ᠶᠢ ᠴᠢᠩᠭᠠᠳᠬᠠᠨ᠎ᠠ᠃ ᠬᠠᠤᠯᠢ ᠲᠤᠭᠳᠠᠭᠠᠬᠤ ᠲᠦᠯᠤᠪᠵᠢᠬᠦᠯᠬᠡ ᠪᠤᠯᠤᠨ ᠤᠨ ᠤ ᠬᠠᠤᠯᠢ  ᠲᠤᠭᠳᠠᠭᠠᠬᠤ ᠲᠦᠯᠤᠪᠯᠡᠭᠡ ᠶᠢ ᠨᠠᠶᠢᠷᠠᠭᠤᠯᠤᠨ ᠵᠤᠬᠢᠶᠠᠬᠤ ᠳᠤ᠂ ᠲᠦᠯᠤᠬᠡᠯᠡᠭᠴᠢᠳ ᠤᠨ ᠰᠠᠨᠠᠯ ᠵᠦᠪᠯᠡᠯᠬᠡ ᠪᠤᠯᠤᠨ  ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠦᠷᠬᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ  ᠦᠨᠡᠯᠠᠯᠳᠠ ᠬᠢᠵᠤ᠂ ᠠᠵᠤ ᠠᠬᠤᠢ ᠨᠡᠶᠢᠬᠡᠮ ᠤᠨ ᠬᠦᠭᠵᠢᠯᠳᠠ ᠪᠤᠯᠤᠨ ᠠᠷᠠᠳᠴᠢᠯᠠᠯᠳᠦ ᠬᠠᠤᠯᠢᠵᠢᠯ ᠤᠨ  ᠪᠠᠶᠢᠭᠤᠯᠤᠯᠳᠠ ᠶᠢᠨ ᠭᠡᠷᠡᠭᠴᠡᠭᠡ ᠶᠢ ᠦᠨᠳᠤᠰᠤᠯᠠᠵᠤ᠂ ᠬᠠᠤᠯᠢ ᠲᠤᠭᠳᠠᠭᠠᠬᠤ ᠲᠦᠷᠤᠯ ᠵᠦᠢᠯ  ᠢ ᠲᠤᠭᠳᠠᠭᠠᠵᠤ᠂  ᠬᠠᠤᠯᠢ ᠲᠤᠭᠳᠠᠭᠠᠬᠤ ᠴᠠᠬᠴᠢ ᠴᠢᠨᠠᠷ᠂ ᠴᠢᠭᠯᠡᠯᠳᠤ ᠴᠢᠨᠠᠷ ᠪᠤᠯᠤᠨ ᠰᠢᠰᠲ᠋ᠧᠮᠳᠤ ᠴᠢᠨᠠᠷ ᠢ ᠲᠡᠭᠡᠭᠰᠢᠯᠡᠬᠦᠯᠬᠦ ᠭᠡᠷᠡᠭᠳᠠᠢ᠃ ᠬᠠᠤᠯᠢ ᠲᠤᠭᠳᠠᠭᠠᠬᠤ ᠲᠦᠯᠤᠪᠵᠢᠬᠦᠯᠬᠡ ᠪᠤᠯᠤᠨ ᠤᠨ ᠤ ᠬᠠᠤᠯᠢ ᠲᠤᠭᠳᠠᠭᠠᠬᠤ ᠲᠦᠯᠤᠪᠯᠡᠭᠡ ᠶᠢ ᠬᠤᠷᠢᠶᠠᠨ  ᠲᠠᠷᠤᠭ᠎ᠠ ᠨᠠᠷ ᠤᠨ ᠬᠤᠷᠠᠯ ᠠᠴᠠ ᠪᠠᠳᠤᠯᠠᠬᠤ ᠶᠢᠨ ᠬᠠᠮᠳᠦ ᠨᠡᠶᠢᠬᠡᠮ ᠳᠤ ᠨᠡᠶᠢᠳᠠᠯᠠᠨ᠎ᠠ᠃      ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠠᠵᠢᠯ ᠤᠨ ᠪᠠᠶᠢᠭᠤᠯᠤᠮᠵᠢ ᠠᠴᠠ ᠬᠠᠤᠯᠢ ᠲᠤᠭᠳᠠᠭᠠᠬᠤ ᠲᠦᠯᠤᠪᠵᠢᠬᠦᠯᠬᠡ ᠶᠢ ᠨᠠᠶᠢᠷᠠᠭᠤᠯᠤᠨ ᠵᠤᠬᠢᠶᠠᠬᠤ ᠪᠠ ᠤᠨ ᠤ  ᠬᠠᠤᠯᠢ ᠲᠤᠭᠳᠠᠭᠠᠬᠤ ᠲᠦᠯᠤᠪᠯᠡᠭᠡ ᠶᠢ ᠲᠤᠭᠳᠠᠭᠠᠬᠤ ᠶᠢ ᠬᠠᠷᠢᠭᠤᠴᠠᠬᠤ ᠶᠢᠨ ᠬᠠᠮᠳᠦ ᠪᠦᠬᠦ ᠤᠯᠤᠰ ᠤᠨ ᠠᠷᠠᠳ ᠤᠨ  ᠲᠦᠯᠤᠬᠡᠨᠯᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶᠠᠨ ᠤ ᠱᠠᠭᠠᠷᠳᠠᠯᠭ᠎ᠠ ᠶᠢ ᠦᠨᠳᠤᠰᠤᠯᠡᠵᠦ᠂ ᠬᠠᠤᠯᠢ  ᠲᠤᠭᠳᠠᠭᠠᠬᠤ ᠲᠦᠯᠤᠪᠵᠢᠬᠦᠯᠬᠡ ᠪᠤᠯᠤᠨ ᠤᠨ ᠤ ᠲᠦᠯᠤᠪᠯᠡᠭᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ  ᠱᠠᠭᠠᠷᠳᠠᠨ᠎ᠠ᠃     ᠲᠠᠪᠢᠨ ᠭᠤᠷᠪᠠᠳᠤᠭᠠᠷ ᠵᠦᠢᠯ    ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ  ᠬᠤᠯᠪᠤᠬᠳᠠᠯ ᠪᠦᠬᠦᠢ ᠲᠤᠰᠬᠠᠢ ᠵᠦᠪᠯᠠᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠤᠯᠪᠤᠬᠳᠠᠯ  ᠪᠦᠬᠦᠢ ᠬᠠᠤᠯᠢ ᠴᠠᠭᠠᠵᠠ  ᠶᠢᠨ ᠲᠦᠰᠤᠯ ᠤᠨ ᠲᠤᠭᠤᠷᠪᠢᠨ ᠪᠢᠴᠢᠬᠦ ᠠᠵᠢᠯ ᠳᠤ ᠤᠷᠢᠳᠴᠢᠯᠠᠨ ᠤᠷᠤᠯᠴᠠᠬᠤ  ᠬᠡᠷᠡᠭᠳᠡᠢ︔ ᠶᠠᠷᠤᠩᠬᠡᠶᠢᠯᠡᠭᠰᠡᠨ ᠴᠢᠨᠠᠷ ᠲᠠᠢ᠂ ᠪᠦᠬᠦ ᠲᠠᠯ᠎ᠠ ᠶᠢᠨ ᠴᠢᠨᠠᠷ ᠲᠠᠢ᠂ ᠰᠠᠭᠤᠷᠢ ᠴᠢᠨᠠᠷ ᠲᠠᠢ ᠴᠢᠬᠤᠯᠠ  ᠬᠠᠤᠯᠢ  ᠶᠢᠨ ᠲᠦᠰᠤᠯ ᠢ ᠬᠤᠯᠪᠤᠬᠳᠠᠯ ᠪᠦᠬᠦᠢ ᠲᠤᠰᠬᠠᠢ ᠵᠦᠪᠯᠠᠯ ᠪᠤᠶᠤ ᠪᠠᠶᠢᠩᠭᠤ ᠶᠢᠨ ᠬᠤᠷᠢᠶᠠᠨ ᠤ ᠠᠵᠢᠯ ᠤᠨ  ᠪᠠᠶᠢᠭᠤᠯᠤᠮᠵᠢ ᠠᠴᠠ ᠵᠤᠬᠢᠶᠠᠨ ᠪᠠᠶᠢᠭᠤᠯᠵᠤ ᠲᠤᠭᠤᠷᠪᠢᠨ ᠪᠢᠴᠢᠵᠤ ᠪᠤᠯᠤᠨ᠎ᠠ᠃      ᠲᠤᠰᠬᠠᠢ ᠴᠢᠨᠠᠷ ᠢᠶᠠᠷ ᠨᠡᠯᠢᠶᠡᠳ ᠴᠢᠩᠭ᠎ᠠ ᠬᠠᠤᠯᠢ ᠶᠢᠨ ᠲᠦᠰᠤᠯ ᠢ ᠬᠤᠯᠪᠤᠬᠳᠠᠯ ᠪᠦᠬᠦᠢ ᠬᠦᠷᠢᠶᠠᠨ ᠤ  ᠲᠤᠰᠬᠠᠢ ᠮᠡᠷᠬᠡᠵᠢᠯᠳᠠᠨ  ᠢ ᠤᠷᠢᠨ ᠲᠤᠭᠤᠷᠪᠢᠨ ᠪᠢᠴᠢᠬᠦ ᠠᠵᠢᠯ ᠳᠤ ᠤᠷᠤᠯᠴᠠᠭᠤᠯᠬᠤ ᠪᠤᠶᠤ ᠬᠤᠯᠪᠤᠬᠳᠠᠯ ᠪᠦᠬᠦᠢ  ᠲᠤᠰᠬᠠᠢ ᠮᠡᠷᠬᠡᠵᠢᠯᠳᠠᠨ᠂ ᠵᠢᠭᠠᠨ ᠰᠤᠷᠭᠠᠯᠳᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠬᠡᠴᠠ᠂ ᠨᠡᠶᠢᠬᠡᠮ ᠤᠨ  ᠵᠤᠬᠢᠶᠠᠨ ᠪᠠᠶᠢᠭᠤᠯᠤᠯᠳᠠ ᠳᠤ ᠨᠠᠶᠢᠳᠠᠵᠤ ᠲᠤᠭᠤᠷᠪᠢᠨ ᠪᠢᠴᠢᠬᠦᠯᠵᠤ ᠪᠤᠯᠤᠨ᠎ᠠ᠃     ᠲᠠᠪᠢᠨ ᠲᠦᠷᠪᠡᠳᠤᠭᠡᠷ ᠵᠦᠢᠯ    ᠬᠠᠤᠯᠢ ᠴᠠᠭᠠᠵᠠ ᠶᠢᠨ ᠰᠠᠨᠠᠯ ᠵᠦᠪᠯᠡᠯᠭᠡ ᠶᠢ ᠲᠤᠷᠠᠳᠬᠤ ᠳᠤ ᠬᠠᠤᠯᠢ  ᠴᠠᠭᠠᠵᠠ ᠶᠢᠨ ᠲᠦᠰᠤᠯ ᠤᠨ ᠪᠢᠴᠢᠭ ᠵᠢᠴᠢ ᠲᠡᠬᠦᠨ ᠤ ᠳᠤᠳᠤᠷᠬᠠᠢᠢᠯᠠᠯᠳᠠ ᠶᠢ ᠵᠡᠷᠭᠡᠪᠡᠷ ᠲᠤᠷᠠᠳᠤᠨ ᠭᠠᠷᠭᠠᠬᠤ ᠶᠢᠨ  ᠬᠠᠮᠳᠦ ᠴᠢᠬᠤᠯᠠ ᠪᠦᠬᠦᠢ ᠯᠠᠪᠯᠠᠯᠳᠡ ᠶᠢᠨ ᠮᠠᠲ᠋ᠧᠷᠢᠶᠠᠯ ᠢ ᠬᠠᠩᠭᠠᠬᠤ ᠭᠡᠷᠡᠭᠳᠠᠢ᠃ ᠵᠠᠰᠠᠪᠤᠷᠢ ᠤᠷᠤᠭᠤᠯᠤᠬᠰᠠᠨ ᠬᠠᠤᠯᠢ   ᠶᠢ ᠵᠠᠰᠠᠪᠤᠷᠢ ᠤᠷᠤᠭᠤᠯᠬᠤ ᠠᠴᠠ ᠡᠮᠤᠨᠡᠬᠢ ᠬᠠᠤᠯᠢ ᠲᠠᠢ ᠬᠠᠷᠭᠤᠭᠤᠯᠤᠬᠰᠠᠨ ᠪᠢᠴᠢᠭ ᠢ ᠲᠡᠪᠰᠢᠬᠦᠯᠬᠦ ᠭᠡᠷᠡᠭᠳᠠᠢ᠃  ᠬᠠᠤᠯᠢ ᠴᠠᠭᠠᠵᠠ ᠶᠢᠨ ᠲᠦᠰᠤᠯ ᠤᠨ ᠳᠤᠳᠤᠷᠬᠠᠢᠢᠯᠠᠯᠳᠠ ᠳᠤ ᠬᠠᠤᠯᠢ ᠲᠤᠭᠳᠠᠭᠠᠬᠤ ᠪᠠ ᠵᠠᠰᠠᠪᠤᠷᠢ ᠤᠷᠤᠭᠤᠯᠬᠤ  ᠴᠢᠬᠤᠯᠠ ᠴᠢᠨᠠᠷ᠂ ᠪᠤᠯᠤᠮᠵᠢᠳᠦ ᠴᠢᠨᠠᠷ ᠪᠤᠯᠤᠨ ᠭᠤᠤᠯ ᠠᠭᠤᠯᠭ᠎ᠠ ᠵᠢᠴᠢ ᠲᠤᠭᠤᠷᠪᠢᠨ ᠪᠢᠴᠢᠬᠦ ᠶᠠᠪᠤᠴᠠ ᠳᠤ  ᠴᠢᠬᠤᠯᠠ ᠶᠡᠭᠡ ᠵᠦᠷᠢᠯᠳᠤᠬᠡᠨ ᠲᠠᠢ ᠰᠠᠨᠠᠯ ᠢ ᠵᠤᠬᠢᠴᠠᠭᠤᠯᠤᠨ ᠰᠢᠢᠳᠪᠤᠷᠢᠯᠡᠭᠰᠡᠨ ᠪᠠᠶᠢᠳᠠᠯ ᠢ ᠪᠠᠭᠳᠠᠭᠠᠬᠤ ᠭᠡᠷᠡᠭᠳᠠᠢ᠃     ᠲᠠᠪᠢᠨ ᠲᠠᠪᠤᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ  ᠲᠡᠬᠦᠨ ᠤ ᠪᠠᠶᠢᠩᠭᠤ ᠶᠢᠨ ᠬᠤᠷᠢᠶᠠᠨ ᠤ ᠪᠦᠬᠦᠳᠡ ᠬᠤᠷᠠᠯ ᠳᠤ ᠲᠤᠷᠠᠳᠤᠬᠰᠠᠨ ᠬᠠᠤᠯᠢ ᠴᠠᠭᠠᠵᠠ ᠶᠢᠨ ᠲᠤᠬᠠᠢ ᠰᠠᠨᠠᠯ  ᠵᠦᠪᠯᠡᠯᠭᠡ ᠶᠢ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠠᠴᠠ ᠡᠮᠤᠨ᠎ᠠ᠂ ᠰᠠᠨᠠᠯ ᠵᠦᠪᠯᠡᠯᠬᠡ ᠲᠤᠷᠠᠳᠤᠬᠰᠠᠨ  ᠬᠦᠮᠤᠨ ᠪᠤᠴᠠᠭᠠᠨ ᠠᠪᠬᠤ ᠡᠷᠬᠡ ᠲᠠᠢ᠃     ᠲᠠᠪᠢᠨ ᠵᠢᠷᠭᠤᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ  ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠪᠦᠬᠦᠳᠡ ᠬᠤᠷᠠᠯ ᠳᠤ ᠪᠠᠳᠤᠯᠠᠭᠤᠯᠬᠤ ᠪᠠᠷ ᠲᠡᠪᠰᠢᠬᠦᠯᠦᠭᠡᠥᠨ  ᠪᠠᠳᠤᠯᠠᠭᠳᠠᠭᠰᠠᠨ ᠦᠭᠡᠢ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠰᠠᠨᠠᠯ ᠵᠦᠪᠯᠡᠯᠭᠡ ᠲᠤᠷᠠᠳᠤᠭᠰᠠᠨ  ᠬᠦᠮᠦᠨ ᠨᠢ ᠭᠡᠷᠪᠡ ᠲᠤᠰ ᠬᠠᠥᠯᠢ ᠶᠢ ᠡᠷᠭᠡᠪᠰᠢ ᠲᠤᠭᠳᠠᠭᠠᠬᠤ ᠭᠡᠷᠡᠭᠳᠡᠢ ᠭᠡᠵᠦ ᠦᠵᠡᠪᠡᠯ᠂ ᠬᠠᠥᠯᠢ ᠳᠤ  ᠲᠤᠭᠳᠠᠭᠠᠭᠰᠠᠨ ᠲᠡᠰ ᠲᠠᠷᠠᠭᠠᠯᠠᠯ ᠢᠶᠠᠷ ᠲᠠᠬᠢᠵᠤ ᠲᠤᠷᠠᠥᠨᠴᠦ ᠪᠤᠯᠤᠨ᠎ᠠ᠂ ᠰᠠᠨᠠᠯ ᠵᠦᠪᠯᠡᠯᠭᠡ ᠶᠢ ᠬᠤᠷᠠᠯ ᠤᠨ ᠵᠦᠪᠯᠡᠬᠦ  ᠵᠦᠢᠯ ᠳᠤ ᠤᠷᠤᠭᠤᠯᠬᠤ ᠡᠰᠡᠬᠦ ᠶᠢ ᠲᠡᠷᠢᠬᠦᠯᠡᠭᠴᠢᠥᠨ ᠤᠨ ᠪᠦᠯᠬᠦᠮ᠂ ᠬᠤᠷᠢᠶᠠᠨ ᠲᠠᠷᠤᠭ᠎ᠠ ᠨᠠᠷ ᠤᠨ ᠬᠤᠷᠠᠯ ᠠᠴᠠ  ᠲᠤᠭᠳᠠᠭᠠᠨ᠎ᠠ︔ ᠡᠭᠦᠨ ᠳᠤ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠳᠤ  ᠪᠠᠳᠤᠯᠠᠭᠳᠠᠭᠰᠠᠨ ᠦᠭᠡᠢ ᠬᠠᠥᠯᠢ ᠴᠠᠭᠠᠵᠠ ᠶᠢᠨ ᠲᠤᠬᠠᠢ ᠰᠠᠨᠠᠯ ᠵᠦᠪᠯᠡᠯᠭᠡ ᠶᠢ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠳᠤ ᠲᠡᠪᠰᠢᠬᠦᠯᠵᠦ ᠬᠢᠨᠠᠨ ᠵᠦᠪᠯᠡᠬᠦᠯᠵᠤ ᠲᠤᠭᠳᠠᠭᠠᠯᠭᠠᠬᠤ ᠭᠡᠷᠡᠭᠳᠡᠢ᠃     ᠲᠠᠪᠢᠨ ᠲᠤᠯᠤᠳᠤᠭᠠᠷ ᠵᠦᠢᠯ    ᠬᠠᠥᠯᠢ ᠶᠢ ᠭᠡᠷᠡᠭᠵᠢᠬᠦᠯᠬᠦ ᠴᠠᠬ ᠬᠤᠭᠤᠴᠠᠭ᠎ᠠ ᠶᠢ ᠲᠤᠳᠤᠷᠬᠠᠢ ᠲᠤᠭᠳᠠᠭᠠᠬᠤ  ᠭᠡᠷᠡᠭᠳᠡᠢ᠃     ᠲᠠᠪᠢᠨ ᠨᠠᠢᠮᠠᠳᠤᠭᠠᠷ ᠵᠦᠢᠯ    ᠬᠠᠥᠯᠢ ᠶᠢ ᠨᠡᠶᠢᠳᠡᠯᠡᠬᠦ ᠭᠠᠷ ᠤᠨ ᠦᠰᠦᠭ ᠵᠢᠷᠤᠭᠰᠠᠨ ᠲᠡᠷᠢᠬᠦᠯᠡᠭᠴᠢ ᠶᠢᠨ  ᠵᠠᠷᠯᠢᠭ ᠳᠤ ᠲᠤᠰ ᠬᠠᠥᠯᠢ ᠶᠢ ᠲᠤᠭᠳᠠᠭᠠᠭᠰᠠᠨ ᠪᠠᠶᠢᠭᠤᠯᠤᠯᠭ᠎ᠠ᠂ ᠪᠠᠳᠤᠯᠠᠭᠰᠠᠨ ᠪᠠ ᠭᠡᠷᠡᠭᠵᠢᠬᠦᠯᠬᠦ ᠴᠠᠬ  ᠬᠤᠭᠤᠴᠠᠭ᠎ᠠ ᠶᠢ ᠲᠤᠳᠤᠷᠬᠠᠢ ᠪᠢᠴᠢᠬᠦ ᠭᠡᠷᠡᠭᠳᠡᠢ᠃      ᠭᠠᠷ ᠤᠨ ᠦᠰᠦᠭ ᠵᠢᠷᠤᠵᠤ ᠬᠠᠥᠯᠢ ᠶᠢ ᠨᠡᠶᠢᠳᠡᠯᠡᠭᠰᠡᠨ ᠤ ᠲᠠᠷᠠᠭ᠎ᠠ᠂ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠮᠡᠳᠡᠭᠡ ᠪᠠ ᠲᠤᠮᠳᠡᠳᠦ  ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠰᠦᠯᠵᠢᠶ᠎ᠠ ᠵᠢᠴᠢ ᠪᠦᠬᠦ ᠤᠯᠤᠰ ᠤᠨ  ᠭᠡᠪᠴᠢᠶᠡᠨ ᠳᠤ ᠲᠠᠷᠬᠠᠭᠠᠵᠤ ᠪᠠᠶᠢᠭ᠎ᠠ ᠰᠤᠨᠢᠨ ᠲᠡᠭᠡᠷ᠎ᠠ ᠴᠠᠭ ᠲᠤᠬᠠᠢ ᠳᠤᠨᠢ ᠨᠡᠶᠢᠳᠡᠯᠡᠨ᠎ᠠ᠃     ᠪᠠᠶᠢᠩᠭᠤ ᠶᠢᠨ ᠬᠤᠷᠢᠶᠠᠨ ᠤ ᠠᠯᠪᠠᠨ ᠮᠡᠳᠡᠭᠡ ᠲᠡᠭᠡᠷ᠎ᠡ ᠨᠡᠶᠢᠳᠡᠯᠡᠭᠰᠡᠨ ᠬᠠᠥᠯᠢ ᠶᠢᠨ ᠪᠢᠴᠢᠭ ᠨᠢ ᠪᠠᠷᠢᠮᠵᠢᠶᠠᠳᠤ  ᠪᠢᠴᠢᠭ ᠪᠤᠯᠤᠨ᠎ᠡ᠃     ᠲᠠᠪᠢ ᠶᠢᠰᠤᠳᠤᠭᠡᠷ ᠵᠦᠢᠯ    ᠬᠠᠥᠯᠢ ᠳᠤ ᠵᠠᠰᠠᠪᠤᠷᠢ ᠤᠷᠤᠭᠤᠯᠬᠤ ᠪᠤᠶᠤ ᠲᠡᠬᠦᠨ ᠢ ᠬᠦᠴᠦᠨ ᠦᠭᠡᠢ  ᠪᠤᠯᠭᠠᠬᠤ ᠲᠡᠰ ᠲᠠᠷᠠᠭᠠᠯᠠᠯ ᠳᠤ ᠲᠤᠰ ᠪᠦᠯᠦᠭ ᠤᠨ ᠬᠤᠯᠪᠤᠭᠳᠠᠯ ᠪᠦᠭᠦᠢ ᠲᠤᠭᠳᠠᠭᠠᠯ ᠢ ᠭᠡᠷᠡᠭᠯᠡᠨ᠎ᠡ᠃     ᠬᠠᠥᠯᠢ ᠳᠤ ᠵᠠᠰᠠᠪᠤᠷᠢ ᠤᠷᠤᠭᠤᠯᠤᠭᠰᠠᠨ ᠤ ᠲᠠᠷᠠᠭ᠎ᠠ ᠰᠢᠨ᠎ᠠ ᠬᠠᠤᠯᠢ ᠶᠢᠨ ᠪᠢᠴᠢᠭ ᠢ ᠨᠡᠶᠢᠳᠠᠯᠠᠬᠦ ᠭᠡᠷᠡᠭᠳᠠᠢ᠃     ᠬᠠᠥᠯᠢ ᠶᠢ ᠬᠦᠴᠤᠨ ᠦᠬᠡᠢ ᠪᠤᠯᠭᠠᠬᠰᠠᠨ ᠪᠠᠶᠢᠪᠠᠯ᠂ ᠲᠤᠰ ᠬᠠᠤᠯᠢ ᠶᠢ ᠬᠦᠴᠤᠨ ᠦᠬᠡᠢ ᠪᠤᠯᠭᠠᠬᠤ ᠪᠠᠷ  ᠲᠤᠭᠳᠠᠬᠰᠠᠨ ᠪᠤᠰᠤᠳ ᠬᠠᠤᠯᠢ ᠠᠴᠠ ᠭᠠᠳᠠᠨ᠎ᠠ᠂ ᠤᠯᠤᠰ ᠤᠨ ᠲᠡᠷᠢᠬᠦᠯᠡᠭᠴᠢ ᠠᠴᠠ ᠭᠠᠷ ᠤᠨ ᠦᠰᠦᠭ ᠵᠢᠷᠤᠵᠦ  ᠲᠡᠷᠢᠬᠦᠯᠡᠭᠴᠢ ᠶᠢᠨ ᠵᠠᠷᠯᠢᠭ ᠢᠶᠠᠷ ᠨᠡᠶᠢᠳᠠᠯᠡᠨ᠎ᠠ᠃      ᠵᠢᠷᠠᠳᠤᠭᠠᠷ ᠵᠦᠢᠯ    ᠬᠠᠤᠯᠢ ᠶᠢᠨ ᠲᠦᠰᠤᠯ ᠪᠤᠯᠤᠨ ᠪᠤᠰᠤᠳ ᠬᠠᠤᠯᠢ ᠶᠢᠨ ᠬᠤᠯᠪᠤᠬᠳᠠᠯ ᠪᠦᠬᠦᠢ  ᠲᠤᠭᠳᠠᠭᠠᠯ ᠲᠠᠢ ᠨᠢᠬᠡᠳᠤᠯ ᠦᠬᠡᠢ ᠦᠶᠡᠰ᠂ ᠰᠠᠨᠠᠯ ᠵᠦᠪᠯᠡᠯᠬᠡ ᠲᠤᠷᠠᠳᠤᠬᠰᠠᠨ ᠬᠦᠮᠤᠨ ᠳᠤᠳᠤᠷᠬᠠᠢᠢᠯᠠᠯᠳᠠ  ᠬᠢᠬᠦ ᠶᠢᠨ ᠬᠠᠮᠳᠦ ᠰᠢᠢᠳᠪᠤᠷᠢᠯᠡᠬᠦ ᠰᠠᠨᠠᠯ ᠲᠤᠷᠠᠳᠴᠤ᠂ ᠴᠢᠬᠤᠯᠠ ᠲᠠᠢ ᠦᠶ᠎ᠠ ᠳᠤ ᠪᠤᠰᠤᠳ ᠬᠠᠤᠯᠢ ᠶᠢᠨ  ᠬᠤᠯᠪᠤᠬᠳᠠᠯ ᠪᠦᠬᠦᠢ ᠲᠤᠭᠳᠠᠭᠠᠯ ᠳᠤ ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠤᠯᠭᠠᠬᠤ ᠰᠠᠨᠠᠯ  ᠵᠦᠪᠯᠡᠯᠬᠡ ᠶᠢ ᠬᠠᠮᠳᠦ ᠲᠤᠷᠠᠳᠬᠤ ᠭᠡᠷᠡᠭᠳᠠᠢ᠃ ᠬᠠᠤᠯᠢ ᠴᠠᠭᠠᠵᠠ ᠶᠢᠨ ᠵᠦᠪᠯᠡᠯ ᠪᠡ ᠬᠤᠯᠪᠤᠬᠳᠡᠯ ᠪᠦᠬᠦᠢ ᠲᠤᠰᠬᠠᠢ ᠵᠦᠪᠯᠡᠯ ᠬᠠᠤᠯᠢ ᠴᠠᠭᠠᠵᠠ ᠶᠢᠨ ᠲᠤᠬᠠᠢ ᠰᠠᠨᠠᠯ  ᠵᠦᠪᠯᠡᠯᠭᠡ  ᠶᠢ ᠬᠢᠨᠡᠨ ᠵᠦᠪᠯᠡᠬᠦ ᠦᠶ᠎ᠠ ᠳᠤ᠂ ᠪᠤᠰᠤᠳ ᠬᠠᠤᠯᠢ ᠶᠢᠨ ᠬᠤᠯᠪᠤᠬᠳᠡᠯ ᠪᠦᠬᠦᠢ ᠲᠤᠬᠳᠠᠭᠠᠯ ᠳᠤ ᠵᠡᠰᠠᠪᠤᠷᠢ  ᠤᠷᠤᠭᠤᠯᠬᠤ ᠪᠤᠶᠤ ᠬᠦᠴᠦᠨ ᠦᠬᠡᠢ ᠪᠤᠯᠭᠠᠬᠤ ᠴᠢᠬᠤᠯᠡ ᠲᠠᠢ ᠬᠡᠵᠦ ᠦᠵᠡᠪᠡᠯ ᠰᠢᠢᠳᠪᠤᠷᠢᠯᠡᠬᠦ ᠰᠠᠨᠠᠯ ᠢᠶᠠᠨ  ᠲᠤᠷᠡᠳᠬᠤ ᠬᠡᠷᠡᠭᠳᠡᠢ᠃     ᠵᠢᠷᠠᠨ ᠨᠢᠬᠡᠳᠤᠬᠡᠷ ᠵᠦᠢᠯ   ᠬᠠᠥᠯᠢ ᠳᠤ ᠠᠭᠤᠯᠭ᠎ᠠ ᠶᠢᠨ ᠭᠡᠷᠡᠭᠴᠡᠭᠡ ᠶᠢ ᠦᠨᠳᠦᠰᠦᠯᠡᠨ ᠠᠩᠭᠢ᠂ ᠪᠦᠯᠦᠭ᠂  ᠭᠡᠰᠡᠭ᠂ ᠵᠦᠢᠯ᠂ ᠵᠤᠷᠪᠤᠰ᠂ ᠪᠠᠳᠠᠬ᠂ ᠢᠯᠭᠠᠯ ᠭᠡᠵᠦ ᠬᠤᠪᠢᠶᠠᠵᠤ ᠪᠤᠯᠤᠨ᠎ᠠ᠃     ᠠᠩᠭᠢ᠂ ᠪᠦᠯᠦᠭ᠂ ᠭᠡᠰᠡᠭ᠂ ᠵᠦᠢᠯ ᠤᠨ ᠳ᠋ᠤᠭᠠᠷᠯᠠᠯ ᠢ ᠬᠢᠳᠠᠥᠨ ᠦᠰᠦᠭ ᠤᠨ ᠲᠤᠭᠠᠨ ᠤ ᠲᠠᠷᠠᠭᠠᠯᠠᠯ ᠢᠶᠠᠷ  ᠢᠯᠡᠥᠨᠭᠡᠨ᠎ᠡ᠂ ᠵᠤᠷᠪᠤᠰ ᠲᠤ ᠳ᠋ᠤᠭᠠᠷ ᠲᠠᠯᠪᠢᠬᠤ ᠦᠭᠡᠢ᠂ ᠪᠠᠳᠠᠬ ᠤᠨ ᠳ᠋ᠤᠭᠠᠷᠯᠠᠯ ᠢ ᠬᠠᠭᠠᠯᠳᠠ ᠲᠠᠢ ᠬᠢᠳᠠᠥᠨ  ᠦᠰᠦᠭ ᠤᠨ ᠲᠤᠭ᠎ᠠ ᠪᠠᠷ ᠲᠠᠷᠠᠭᠠᠯᠠᠨ ᠢᠯᠡᠥᠨᠭᠡᠨ᠎ᠡ᠂ ᠢᠯᠭᠠᠯ ᠤᠨ ᠳ᠋ᠤᠭᠠᠷᠯᠠᠯ ᠢ ᠠᠷᠠᠪ ᠲᠤᠭ᠎ᠠ ᠪᠠᠷ ᠲᠠᠷᠠᠭᠠᠯᠠᠨ  ᠢᠯᠡᠥᠨᠭᠡᠨ᠎ᠡ᠃     ᠬᠠᠥᠯᠢ ᠶᠢᠨ ᠭᠠᠷᠴᠠᠭ ᠲᠠᠬᠢ ᠭᠠᠷᠴᠠᠭ ᠤᠨ ᠲᠠᠶᠢᠯᠪᠤᠷᠢ ᠳᠤ᠂ ᠲᠤᠬᠳᠠᠭᠠᠬᠰᠠᠨ ᠪᠠᠶᠢᠭᠤᠯᠤᠯᠭ᠎ᠠ᠂  ᠪᠠᠳᠤᠯᠠᠭᠰᠠᠨ ᠴᠠᠬ ᠬᠤᠭᠤᠴᠠᠭ᠎ᠠ ᠶᠢ ᠲᠤᠳᠤᠷᠬᠠᠢ ᠪᠢᠴᠢᠭᠰᠡᠨ ᠪᠠᠶᠢᠬᠤ ᠭᠡᠷᠡᠭᠳᠡᠢ᠃ ᠵᠠᠰᠠᠪᠤᠷᠢ ᠤᠷᠤᠭᠤᠯᠤᠬᠰᠠᠨ  ᠬᠠᠤᠯᠢ ᠳᠤ ᠵᠠᠰᠠᠪᠤᠷᠢ ᠤᠷᠤᠭᠤᠯᠤᠬᠰᠠᠨ ᠪᠠᠶᠢᠭᠤᠯᠤᠯᠭ᠎ᠠ᠂ ᠵᠠᠰᠠᠪᠤᠷᠢ ᠤᠷᠤᠭᠤᠯᠤᠬᠰᠠᠨ ᠴᠠᠬ ᠬᠤᠭᠤᠴᠠᠭ᠎ᠠ ᠶᠢ  ᠲᠠᠷᠠᠭᠠᠯᠠᠨ ᠳᠤᠳᠤᠷᠬᠠᠢ ᠪᠢᠴᠢᠬᠦ ᠭᠡᠷᠡᠭᠳᠠᠢ᠃     ᠵᠢᠷᠠᠨ ᠬᠤᠶᠠᠳᠤᠭᠠᠷ ᠵᠦᠢᠯ    ᠬᠠᠤᠯᠢ ᠳᠤ ᠬᠤᠯᠪᠤᠬᠳᠡᠯ ᠪᠦᠬᠦᠢ ᠲᠦᠷᠦ ᠶᠢᠨ ᠪᠠᠶᠢᠭᠤᠯᠤᠯᠭ᠎ᠠ ᠶᠢᠨ  ᠲᠤᠰᠬᠠᠢ ᠶᠠᠪᠤᠳᠠᠯ ᠳᠤ ᠢᠵᠢ ᠲᠦᠬᠦᠷ ᠪᠤᠳᠠᠳᠠᠢ ᠲᠤᠭᠳᠠᠭᠠᠯ ᠭᠠᠷᠭᠠᠯᠭᠠᠬᠤ ᠪᠠᠷ ᠳᠤᠳᠤᠷᠬᠠᠢ ᠱᠠᠭᠠᠷᠳᠠᠬᠰᠠᠨ ᠪᠠᠶᠢᠪᠠᠯ  ᠂ ᠬᠤᠯᠪᠤᠬᠳᠠᠯ ᠪᠦᠬᠦᠢ ᠲᠦᠷᠦ  ᠶᠢᠨ ᠪᠠᠶᠢᠭᠤᠯᠤᠯᠭ᠎ᠠ ᠬᠠᠤᠯᠢ ᠶᠢ ᠭᠡᠷᠡᠭᠵᠢᠬᠦᠯᠦᠭᠰᠡᠨ ᠡᠳᠤᠷ ᠠᠴᠠ ᠡᠬᠢᠯᠠᠵᠤ ᠨᠢᠬᠡ  ᠵᠢᠯ ᠤᠨ ᠳᠤᠳᠤᠷ᠎ᠠ ᠲᠤᠭᠳᠠᠭᠠᠯ ᠭᠠᠷᠭᠠᠬᠤ ᠭᠡᠷᠡᠭᠳᠠᠢ᠂ ᠬᠠᠤᠯᠢ ᠠᠴᠠ ᠢᠵᠢ ᠲᠦᠬᠦᠷ ᠪᠤᠳᠠᠳᠠᠢ ᠲᠤᠭᠳᠠᠭᠠᠯ ᠢ  ᠲᠤᠭᠳᠠᠭᠠᠬᠤ ᠴᠠᠬ ᠬᠤᠭᠤᠴᠠᠭ᠎ᠠ ᠶᠢᠨ ᠲᠤᠲᠤᠷ᠎ᠠ ᠪᠤᠰᠤᠳ ᠲᠤᠭᠳᠠᠭᠠᠯ ᠪᠠᠶᠢᠪᠠᠯ ᠲᠡᠬᠦᠨ ᠢ ᠦᠨᠳᠤᠰᠤᠯᠠᠨ  ᠲᠤᠭᠳᠠᠭᠠᠬᠤ ᠭᠡᠷᠡᠭᠳᠠᠢ᠃ ᠬᠤᠯᠪᠤᠬᠳᠠᠯ ᠪᠦᠬᠦᠢ ᠲᠦᠷᠦ ᠶᠢᠨ ᠪᠠᠶᠢᠭᠤᠯᠤᠯᠭ᠎ᠠ ᠲᠤᠭᠳᠠᠬᠰᠠᠨ ᠬᠤᠭᠤᠴᠠᠭᠠᠨ ᠳᠤ  ᠢᠵᠢ ᠲᠦᠬᠦᠷ ᠪᠤᠳᠠᠳᠠᠢ ᠲᠤᠭᠳᠠᠭᠠᠯ ᠭᠠᠷᠭᠠᠵᠤ ᠲᠡᠶᠢᠯᠦᠭᠰᠡᠨ ᠦᠬᠡᠢ ᠪᠠᠶᠢᠪᠠᠯ ᠪᠦᠬᠦ ᠤᠯᠤᠰ ᠤᠨ ᠠᠷᠠᠳ ᠤᠨ  ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠪᠠᠶᠢᠳᠠᠯ ᠢᠶᠠᠨ ᠳᠤᠳᠤᠷᠬᠠᠢᠢᠯᠠᠬᠤ  ᠭᠡᠷᠡᠭᠳᠠᠢ     ᠵᠢᠷᠠᠨ ᠭᠤᠷᠪᠠᠳᠤᠭᠠᠷ ᠵᠦᠢᠯ    ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ  ᠬᠤᠯᠪᠤᠬᠳᠠᠯ ᠪᠦᠬᠦᠢ ᠲᠤᠰᠬᠠᠢ ᠵᠦᠪᠯᠠᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠠᠴᠠ  ᠬᠤᠯᠪᠤᠬᠳᠠᠯ ᠪᠦᠬᠦᠢ ᠬᠠᠤᠯᠢ ᠪᠤᠶᠤ ᠬᠠᠤᠯᠢ ᠳᠤᠳᠤᠷᠠᠬᠢ ᠬᠤᠯᠪᠤᠬᠳᠠᠯ ᠪᠦᠬᠦᠢ ᠲᠤᠭᠳᠠᠭᠠᠯ ᠤᠨ ᠲᠤᠬᠠᠢ ᠬᠠᠤᠯᠢ  ᠲᠤᠭᠳᠠᠭᠠᠬᠰᠠᠨ ᠤ ᠲᠠᠷᠠᠭᠠᠬᠢ ᠦᠨᠡᠯᠠᠯᠳᠠ ᠶᠢ ᠵᠤᠬᠢᠶᠠᠨ ᠪᠠᠶᠢᠭᠤᠯᠵᠤ ᠪᠤᠯᠤᠨ᠎ᠠ᠃ ᠦᠨᠡᠯᠡᠯᠳᠠ ᠶᠢᠨ ᠪᠠᠶᠢᠳᠠᠯ ᠢ  ᠪᠠᠶᠢᠩᠭᠤ ᠶᠢᠨ ᠬᠤᠷᠢᠶᠠᠨ ᠳᠤ ᠮᠡᠳᠡᠬᠦᠯᠬᠦ ᠭᠡᠷᠡᠭᠳᠠᠢ᠃      ᠵᠢᠷᠠᠨ ᠲᠦᠷᠪᠡᠳᠤᠭᠡᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠨᠢ ᠬᠤᠯᠪᠤᠭᠳᠠᠯ ᠪᠦᠬᠦᠢ ᠪᠤᠳᠠᠳᠠᠢ ᠠᠰᠠᠭᠤᠳᠠᠯ ᠤᠨ ᠲᠤᠬᠠᠢ  ᠬᠠᠥᠯᠢ ᠴᠠᠭᠠᠵᠠ ᠶᠢᠨ ᠯᠠᠪᠯᠠᠭᠰᠠᠨ ᠠᠰᠠᠭᠤᠯᠳᠠ ᠳᠤ ᠰᠤᠳᠤᠯᠤᠯᠳᠠ ᠬᠢᠵᠦ ᠬᠠᠷᠢᠭᠤᠯᠳᠠ ᠦᠭᠴᠦ ᠪᠤᠯᠬᠤ ᠪᠦᠭᠡᠥᠨ  ᠪᠠᠶᠢᠩᠭᠤ ᠶᠢᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ᠃      ᠭᠤᠷᠪᠠᠳᠤᠭᠠᠷ ᠪᠦᠯᠦᠭ    ᠵᠠᠰᠠᠭ ᠵᠠᠬᠢᠷᠭᠠᠨ ᠤ ᠬᠠᠥᠯᠢ ᠲᠤᠭᠳᠠᠭᠠᠯ      ᠵᠢᠷᠠᠨ ᠲᠠᠪᠤᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ ᠦᠨᠳᠦᠰᠦᠨ ᠬᠠᠥᠯᠢ ᠪᠠ ᠬᠠᠥᠯᠢ  ᠴᠠᠭᠠᠵᠠ ᠶᠢ ᠦᠨᠳᠦᠰᠦᠯᠡᠨ ᠵᠠᠰᠠᠭ ᠵᠠᠬᠢᠷᠭᠠᠨ ᠤ ᠬᠠᠥᠯᠢ ᠲᠤᠭᠳᠠᠭᠠᠯ ᠲᠤᠭᠳᠠᠭᠠᠨ᠎ᠠ᠃     ᠵᠠᠰᠠᠭ ᠵᠠᠬᠢᠷᠭᠠᠨ ᠤ ᠬᠠᠥᠯᠢ ᠲᠤᠭᠳᠠᠭᠠᠯ ᠳᠤ ᠲᠤᠤᠷ᠎ᠠ ᠵᠢᠠᠠᠰᠠᠭᠠᠭᠰᠠᠨ ᠶᠠᠪᠤᠳᠠᠯ ᠤᠳ ᠤᠨ ᠲᠤᠬᠠᠢ  ᠲᠤᠭᠳᠠᠭᠠᠯ ᠭᠠᠷᠭᠠᠵᠤ ᠪᠤᠯᠤᠨ᠎ᠠ᠄     ︵ᠨᠢᠭᠡ︶ ᠬᠠᠥᠯᠢ ᠴᠠᠭᠠᠵᠠ ᠶᠢᠨ ᠲᠤᠭᠳᠠᠭᠠᠯ ᠢ ᠭᠡᠷᠡᠭᠵᠢᠬᠦᠯᠬᠦ ᠶᠢᠨ ᠲᠤᠰᠠᠳᠠ ᠵᠠᠰᠠᠭ ᠵᠠᠬᠢᠷᠭᠠᠨ ᠤ ᠬᠠᠥᠯᠢ  ᠲᠤᠭᠳᠠᠭᠠᠯ ᠲᠤᠭᠳᠠᠭᠠᠬᠤ ᠴᠢᠬᠤᠯᠠᠳᠠᠢ ᠶᠠᠪᠤᠳᠠᠯ︔      ︵ᠬᠤᠶᠠᠷ︶ ᠦᠨᠳᠦᠰᠦᠨ ᠬᠠᠥᠯᠢ ᠶᠢᠨ ᠨᠠᠶᠠ ᠶᠢᠰᠦᠳᠦᠭᠡᠷ ᠵᠦᠢᠯ ᠳᠤ ᠲᠤᠭᠳᠠᠭᠠᠭᠰᠠᠨ ᠲᠦᠷᠦ ᠶᠢᠨ  ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠤᠨ ᠡᠷᠭᠡ ᠲᠤᠰᠢᠶᠠᠯ ᠤᠨ ᠶᠠᠪᠤᠳᠠᠯ᠃     ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ  ᠬᠤᠷᠢᠶ᠎ᠠ ᠠᠴᠠ ᠬᠠᠥᠯᠢ ᠴᠠᠭᠠᠵᠠ ᠲᠤᠭᠳᠠᠭᠠᠬᠤ ᠶᠤᠰᠤᠳᠠᠢ ᠶᠠᠪᠤᠳᠠᠯ ᠤᠳ ᠤᠨ ᠲᠤᠬᠠᠢ ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ  ᠪᠠᠶᠢᠩᠭᠤ ᠶᠢᠨ ᠬᠤᠷᠢᠶᠠᠨ ᠤ ᠡᠷᠭᠡ ᠤᠯᠭᠤᠭᠰᠠᠨ ᠲᠤᠭᠳᠠᠭᠠᠯ ᠢ ᠦᠨᠳᠦᠰᠦᠯᠡᠨ ᠤᠷᠢᠳᠠᠪᠠᠷ ᠲᠤᠭᠳᠠᠭᠠᠭᠰᠠᠨ ᠵᠠᠰᠠᠭ  ᠵᠠᠬᠢᠷᠭᠠᠨ ᠤ ᠬᠠᠥᠯᠢ ᠲᠤᠭᠳᠠᠭᠠᠯ ᠨᠢ ᠦᠢᠯᠡᠳᠦᠯᠭᠡ ᠶᠢᠨ ᠰᠢᠯᠭᠠᠯᠳᠠ ᠪᠠᠷ ᠲᠠᠮᠵᠢᠭᠠᠥᠨ ᠬᠠᠥᠯᠢ ᠴᠠᠭᠠᠵᠠ  ᠲᠤᠭᠳᠠᠭᠠᠬᠤ ᠨᠦᠬᠦᠴᠡᠯ ᠢ ᠪᠦᠷᠢᠯᠳᠦᠬᠦᠯᠦᠭᠰᠡᠨ ᠦᠶ᠎ᠡ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠦᠬᠦ  ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠳᠤ ᠴᠠᠭ  ᠲᠤᠬᠠᠢ ᠳᠤᠨᠢ ᠲᠡᠪᠰᠢᠬᠦᠯᠵᠦ ᠬᠠᠥᠯᠢ ᠴᠠᠭᠠᠵᠠ ᠲᠤᠭᠳᠠᠭᠠᠯᠭᠠᠬᠤ ᠭᠡᠷᠡᠭᠳᠡᠢ᠃          ᠵᠢᠷᠠᠨ ᠵᠢᠷᠭᠤᠳᠤᠭᠠᠷ ᠵᠦᠢᠯ    ᠲᠦᠷᠤ ᠶᠢᠨ ᠶᠠᠪᠤᠳᠠᠯ ᠤᠨ ᠬᠤᠷᠢᠶᠠᠨ ᠤ ᠬᠠᠤᠯᠢ ᠲᠦᠷᠢᠮ ᠤᠨ  ᠪᠠᠶᠢᠭᠤᠯᠤᠮᠵᠢ  ᠠᠴᠠ ᠤᠯᠤᠰ  ᠤᠨ ᠶᠠᠷᠤᠩᠬᠡᠢ ᠠᠵᠢᠯ ᠤᠨ ᠪᠠᠶᠢᠷᠢᠯᠠᠭᠤᠯᠤᠯᠳᠠ ᠶᠢ ᠦᠨᠳᠤᠰᠤᠯᠠᠵᠤ ᠲᠦᠷᠤ ᠶᠢᠨ  ᠶᠠᠪᠤᠳᠠᠯ ᠤᠨ ᠬᠤᠷᠢᠶᠠᠨ ᠤ ᠤᠨ ᠤ ᠬᠠᠤᠯᠢ ᠲᠤᠭᠳᠠᠭᠠᠬᠤ ᠲᠦᠯᠤᠪᠯᠡᠭᠡ ᠶᠢ ᠲᠤᠭᠳᠠᠭᠠᠵᠤ᠂ ᠲᠦᠷᠤ ᠶᠢᠨ  ᠶᠠᠪᠤᠳᠠᠯ ᠤᠨ ᠬᠤᠷᠢᠶᠠᠨ ᠳᠤ ᠮᠡᠳᠡᠬᠦᠯᠵᠤ ᠬᠢᠨᠠᠨ ᠵᠦᠪᠰᠢᠶᠡᠷᠡᠬᠦᠯᠤᠨ᠎ᠠ᠃ ᠲᠦᠷᠤ ᠶᠢᠨ ᠶᠠᠪᠤᠳᠠᠯ ᠤᠨ ᠬᠤᠷᠢᠶᠠᠨ ᠤ  ᠤᠨ ᠤ ᠬᠠᠤᠯᠢ ᠲᠤᠭᠳᠠᠭᠠᠬᠤ ᠲᠦᠯᠤᠪᠯᠡᠭᠡ ᠳᠠᠬᠢ ᠬᠠᠤᠯᠢ ᠴᠠᠭᠠᠵᠠ ᠶᠢᠨ ᠲᠦᠷᠤᠯ ᠵᠦᠢᠯ ᠢ ᠪᠦᠬᠦ ᠤᠯᠤᠰ ᠤᠨ  ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠤᠭᠳᠠᠭᠠᠬᠤ  ᠲᠦᠯᠤᠪᠵᠢᠬᠦᠯᠬᠡ ᠪᠤᠯᠤᠨ ᠤᠨ ᠤ ᠬᠠᠤᠯᠢ ᠲᠤᠭᠳᠠᠭᠠᠬᠤ ᠲᠦᠯᠤᠪᠯᠡᠭᠡ ᠲᠠᠢ ᠵᠤᠯᠭᠠᠭᠤᠯᠬᠤ ᠭᠡᠷᠡᠭᠳᠠᠢ᠃ ᠲᠦᠷᠤ ᠶᠢᠨ  ᠶᠠᠪᠤᠳᠠᠯ ᠤᠨ ᠬᠤᠷᠢᠶᠠᠨ ᠤ ᠬᠠᠤᠯᠢ ᠲᠦᠷᠢᠮ ᠤᠨ ᠪᠠᠶᠢᠭᠤᠯᠤᠮᠵᠢ ᠲᠦᠷᠤ ᠶᠢᠨ ᠶᠠᠪᠤᠳᠠᠯ ᠤᠨ ᠬᠤᠷᠢᠶᠠᠨ ᠤ ᠡᠯ᠎ᠠ  ᠰᠠᠯᠠᠭ᠎ᠠ ᠮᠦᠴᠢᠷ ᠤᠨ ᠬᠠᠤᠯᠢ ᠲᠤᠭᠳᠠᠭᠠᠬᠤ ᠲᠦᠯᠤᠪᠯᠡᠭᠡ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠴᠠᠬ ᠲᠤᠬᠠᠢ   ᠳᠤᠨᠢ ᠮᠦᠷᠳᠠᠨ ᠤᠢᠢᠯᠠᠭᠠᠵᠤ᠂ ᠵᠤᠬᠢᠶᠠᠨ ᠪᠠᠶᠢᠭᠤᠯᠵᠤ ᠵᠤᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ  ᠴᠢᠩᠭᠠᠳᠬᠠᠬᠤ ᠭᠡᠷᠡᠭᠳᠠᠢ᠃     ᠲᠦᠷᠤ ᠶᠢᠨ ᠶᠠᠪᠤᠳᠠᠯ ᠤᠨ ᠬᠤᠷᠢᠶᠠᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠵᠠᠰᠠᠬ ᠵᠠᠬᠢᠷᠭᠠᠨ ᠤ ᠬᠠᠤᠯᠢ  ᠲᠦᠷᠢᠮ ᠲᠤᠭᠳᠠᠭᠠᠬᠤ ᠴᠢᠬᠤᠯᠠ ᠲᠠᠢ ᠬᠡᠵᠤ ᠦᠵᠡᠪᠠᠯ ᠲᠦᠷᠤ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠤ  ᠲᠦᠷᠤᠯ ᠵᠦᠢᠯ ᠪᠤᠯᠭᠠᠨ ᠲᠠᠩᠰᠠᠯᠠᠭᠤᠯᠬᠤ ᠭᠡᠷᠡᠭᠳᠠᠢ᠃     ᠵᠢᠷᠠᠨ ᠲᠤᠯᠤᠳᠤᠭᠠᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠲᠦᠷᠦ ᠶᠢᠨ ᠶᠠᠪᠤᠳᠠᠯ ᠤᠨ  ᠬᠤᠷᠢᠶᠠᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠶᠤ ᠲᠦᠷᠤ ᠶᠢᠨ ᠶᠠᠪᠤᠳᠠᠯ ᠤᠨ ᠬᠤᠷᠢᠶᠠᠨ ᠤ ᠬᠠᠤᠯᠢ  ᠲᠦᠷᠢᠮ ᠤᠨ ᠪᠠᠶᠢᠭᠤᠯᠤᠮᠵᠢ ᠠᠴᠠ ᠪᠤᠳᠠᠳᠠᠢ ᠬᠠᠷᠢᠭᠤᠴᠠᠵᠤ ᠲᠤᠭᠤᠷᠪᠢᠨ ᠪᠢᠴᠢᠨ᠎ᠡ᠂ ᠴᠢᠬᠤᠯᠠ ᠵᠠᠰᠠᠬ ᠵᠠᠬᠢᠷᠭᠠᠨ ᠤ  ᠬᠠᠮᠢᠶᠠᠷᠤᠯᠳᠠ ᠶᠢᠨ ᠬᠠᠤᠯᠢ᠂ ᠵᠠᠰᠠᠬ ᠵᠠᠬᠢᠷᠭᠠᠨ ᠤ ᠬᠠᠤᠯᠢ ᠲᠤᠭᠳᠠᠭᠠᠯ ᠤᠨ ᠲᠦᠰᠤᠯ ᠢ ᠲᠦᠷᠤ ᠶᠢᠨ ᠶᠠᠪᠤᠳᠠᠯ ᠤᠨ  ᠬᠤᠷᠢᠶᠠᠨ ᠤ ᠬᠠᠤᠯᠢ ᠲᠦᠷᠢᠮ ᠤᠨ ᠪᠠᠶᠢᠭᠤᠯᠤᠮᠵᠢ ᠠᠴᠠ ᠵᠤᠬᠢᠶᠠᠨ ᠪᠠᠶᠢᠭᠤᠯᠵᠤ ᠲᠤᠭᠤᠷᠪᠢᠨ ᠪᠢᠴᠢᠨ᠎ᠠ᠃ ᠵᠠᠰᠠᠭ  ᠵᠠᠬᠢᠷᠭᠠᠨ ᠤ ᠬᠠᠥᠯᠢ ᠲᠤᠭᠳᠠᠭᠠᠯ ᠢ ᠲᠤᠭᠤᠷᠪᠢᠨ ᠪᠢᠴᠢᠬᠦ ᠶᠠᠪᠤᠴᠠ ᠳᠤ ᠬᠤᠯᠪᠤᠭᠳᠠᠯ ᠪᠦᠬᠦᠢ ᠪᠠᠶᠢᠭᠤᠯᠤᠯᠭ᠎ᠠ᠂  ᠵᠤᠬᠢᠶᠠᠨ ᠪᠠᠶᠢᠭᠤᠯᠤᠯᠳᠠ ᠪᠤᠯᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠤᠬᠡᠯᠡᠭᠴᠢᠳ ᠪᠤᠯᠤᠨ  ᠨᠡᠶᠢᠬᠡᠮ ᠨᠡᠶᠢᠳᠠ ᠶᠢᠨ ᠰᠠᠨᠠᠯ ᠢ ᠦᠷᠭᠡᠨ ᠲᠡᠯᠭᠡᠷᠡᠩᠭᠦᠢ ᠰᠤᠨᠤᠰᠬᠤ ᠭᠡᠷᠡᠭᠳᠡᠢ᠃ ᠰᠠᠨᠠᠯ ᠰᠤᠨᠤᠰᠬᠤ ᠳᠠᠭᠠᠨ  ᠶᠠᠷᠢᠯᠴᠠᠬᠤ ᠬᠤᠷᠠᠯ᠂ ᠨᠤᠳᠠᠯᠠᠯᠳᠠ ᠶᠢᠨ ᠬᠤᠷᠠᠯ᠂ ᠭᠡᠷᠡᠴᠢᠯᠡᠭᠡ ᠰᠤᠨᠤᠰᠬᠤ ᠬᠤᠷᠠᠯ ᠵᠡᠷᠭᠡ ᠤᠯᠠᠨ ᠭᠡᠯᠪᠡᠷᠢ ᠶᠢ  ᠠᠪᠴᠤ ᠪᠤᠯᠤᠨ᠎ᠠ᠃      ᠵᠠᠰᠠᠬ ᠵᠠᠬᠢᠷᠭᠠᠨ ᠤ ᠬᠠᠤᠯᠢ ᠲᠤᠭᠳᠠᠭᠠᠯ ᠤᠨ ᠲᠦᠰᠤᠯ ᠢ ᠨᠡᠶᠢᠬᠡᠮ ᠳᠤ ᠨᠡᠶᠢᠳᠠᠯᠠᠵᠤ ᠰᠠᠨᠠᠯ ᠬᠤᠷᠢᠶᠠᠬᠤ  ᠭᠡᠷᠡᠭᠳᠠᠢ᠂ ᠬᠡᠪᠡᠴᠤ ᠲᠦᠷᠤ ᠶᠢᠨ ᠶᠠᠪᠤᠳᠠᠯ ᠤᠨ ᠬᠤᠷᠢᠶ᠎ᠠ ᠠᠴᠠ ᠦᠯᠤ ᠨᠡᠶᠢᠳᠡᠯᠡᠬᠦ ᠪᠠᠷ ᠲᠤᠭᠳᠠᠭᠠᠬᠰᠠᠨ ᠬᠠᠤᠯᠢ  ᠲᠤᠭᠳᠠᠭᠠᠯ ᠪᠠᠭᠳᠠᠬᠤ ᠦᠬᠡᠢ᠃      ᠵᠢᠷᠠᠨ ᠨᠠᠢᠮᠠᠳᠤᠭᠠᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠲᠤᠭᠤᠷᠪᠢᠨ ᠪᠢᠴᠢᠬᠦ ᠠᠵᠢᠯ  ᠲᠠᠭᠤᠰᠤᠭᠰᠠᠨ ᠤ ᠲᠠᠷᠠᠭ᠎ᠠ᠂ ᠲᠤᠭᠤᠷᠪᠢᠨ ᠪᠢᠴᠢᠭᠰᠡᠨ ᠨᠢᠭᠡᠴᠡ ᠠᠴᠠ ᠲᠦᠰᠦᠯ ᠵᠢᠴᠢ ᠲᠡᠬᠦᠨ ᠤ ᠲᠤᠳᠤᠷᠬᠠᠢᠢᠯᠠᠯᠳᠠ  ᠂ ᠲᠦᠰᠦᠯ ᠤᠨ ᠭᠤᠤᠯ ᠠᠰᠠᠭᠤᠳᠠᠯ ᠤᠨ ᠲᠤᠬᠠᠢ ᠡᠯ᠎ᠠ ᠲᠠᠯ᠎ᠠ ᠶᠢᠨ ᠠᠳᠠᠯᠢ ᠪᠤᠰᠤ ᠰᠠᠨᠠᠯ ᠪᠠ ᠬᠤᠯᠪᠤᠭᠳᠠᠯ ᠪᠦᠬᠦᠢ  ᠮᠠᠲ᠋ᠧᠷᠢᠶᠠᠯ ᠤᠳ ᠢ ᠲᠦᠷᠦ ᠶᠢᠨ ᠶᠠᠪᠤᠳᠠᠯ ᠤᠨ ᠬᠤᠷᠢᠶᠠᠨ ᠤ ᠬᠠᠥᠯᠢ ᠲᠦᠷᠢᠮ ᠤᠨ ᠪᠠᠶᠢᠭᠤᠯᠤᠮᠵᠢ ᠳᠤ ᠬᠦᠷᠭᠡᠵᠦ  ᠬᠢᠨᠠᠨ ᠪᠠᠶᠢᠴᠠᠭᠠᠯᠭᠠᠬᠤ ᠭᠡᠷᠡᠭᠳᠡᠢ᠃      ᠲᠦᠷᠦ ᠶᠢᠨ ᠶᠠᠪᠤᠳᠠᠯ ᠤᠨ ᠬᠤᠷᠢᠶᠠᠨ ᠤ ᠬᠠᠥᠯᠢ ᠲᠦᠷᠢᠮ ᠤᠨ ᠪᠠᠶᠢᠭᠤᠯᠤᠮᠵᠢ ᠲᠦᠷᠦ ᠶᠢᠨ ᠶᠠᠪᠤᠳᠠᠯ ᠤᠨ  ᠬᠤᠷᠢᠶ᠎ᠠ ᠳᠤ ᠬᠢᠨᠠᠨ ᠪᠠᠶᠢᠴᠠᠭᠠᠭᠰᠠᠨ ᠮᠡᠳᠡᠬᠦᠯᠦᠯᠳᠡ ᠪᠠ ᠲᠦᠰᠦᠯ ᠳᠤ ᠵᠠᠰᠠᠪᠤᠷᠢ ᠤᠷᠤᠭᠤᠯᠤᠭᠰᠠᠨ ᠨᠤᠤᠷᠠᠭ ᠢ  ᠲᠡᠪᠰᠢᠬᠦᠯᠬᠦ ᠭᠡᠷᠡᠭᠳᠡᠢ᠂ ᠬᠢᠨᠠᠨ ᠪᠠᠶᠢᠴᠠᠭᠠᠭᠰᠠᠨ ᠮᠡᠳᠡᠬᠦᠯᠦᠯᠳᠡ ᠳᠤ ᠲᠦᠰᠦᠯ ᠤᠨ ᠭᠤᠤᠯ ᠠᠰᠠᠭᠤᠳᠠᠯ ᠤᠨ ᠲᠤᠬᠠᠢ  ᠲᠤᠳᠤᠷᠬᠠᠢᠢᠯᠠᠯᠳᠠ ᠬᠢᠬᠦ ᠭᠡᠷᠡᠭᠳᠡᠢ᠃      ᠵᠢᠷᠨ ᠶᠢᠰᠤᠳᠤᠬᠡᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠲᠤᠭᠳᠠᠭᠠᠬᠤ ᠲᠡᠰ ᠲᠠᠷᠠᠭᠠᠯᠠᠯ ᠢ  ᠪᠦᠬᠦᠳᠡ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠤᠬᠢᠶᠠᠨ  ᠪᠠᠶᠢᠭᠤᠯᠬᠤ ᠬᠠᠥᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠢᠴᠡᠥᠨᠭᠡᠨ᠎ᠡ᠃     ᠲᠠᠯᠠᠳᠤᠭᠠᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠶᠡᠷᠦᠩᠭᠡᠢ ᠰᠠᠶᠢᠥᠨ ᠭᠠᠷ ᠤᠨ ᠦᠰᠦᠭ  ᠵᠢᠷᠤᠵᠤ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠢᠶᠠᠷ ᠨᠡᠶᠢᠳᠡᠯᠡᠨ᠎ᠡ᠃      ᠬᠤᠯᠪᠤᠬᠳᠠᠯ ᠪᠦᠬᠦᠢ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠦᠳᠤᠬᠡᠨ ᠪᠠᠶᠢᠭᠤᠯᠤᠯᠳᠠ ᠶᠢᠨ ᠵᠠᠰᠠᠬ  ᠵᠠᠬᠢᠷᠭᠠᠨ ᠤ ᠬᠠᠤᠯᠢ ᠲᠤᠭᠳᠠᠭᠠᠯ ᠢ ᠲᠦᠷᠤ ᠶᠢᠨ ᠶᠠᠪᠤᠳᠠᠯ ᠤᠨ ᠬᠤᠷᠢᠶᠠᠨ ᠤ ᠶᠠᠷᠤᠩᠬᠡᠢ ᠰᠠᠶᠢᠳ᠂ ᠲᠦᠪ ᠤᠨ  ᠴᠡᠷᠢᠭ ᠤᠨ ᠶᠠᠪᠤᠳᠠᠯ ᠤᠨ ᠬᠤᠷᠢᠶᠠᠨ  ᠤ ᠲᠡᠷᠢᠬᠦᠯᠡᠭᠴᠢ ᠬᠠᠮᠳᠤᠪᠡᠷ ᠭᠠᠷ ᠤᠨ ᠦᠰᠦᠭ ᠵᠢᠷᠤᠵᠦ ᠲᠦᠷᠤ ᠶᠢᠨ  ᠶᠠᠪᠤᠳᠠᠯ ᠤᠨ ᠬᠤᠷᠢᠶᠠᠨ ᠤ ᠵᠠᠷᠯᠢᠬ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠵᠠᠷᠯᠢᠬ ᠢᠶᠠᠷ  ᠨᠡᠶᠢᠳᠠᠯᠠᠨ᠎ᠠ᠃      ᠲᠠᠯᠠᠨ ᠨᠢᠬᠡᠳᠤᠭᠡᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠭᠠᠷ ᠤᠨ ᠦᠰᠦᠭ ᠵᠢᠷᠤᠵᠤ  ᠨᠡᠶᠢᠳᠡᠯᠡᠭᠰᠡᠨ ᠤ ᠲᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠮᠡᠳᠡᠭᠡ ᠪᠠ ᠲᠤᠮᠳᠡᠳᠦ ᠤᠯᠤᠰ ᠤᠨ  ᠵᠠᠰᠠᠬ ᠤᠨ ᠤᠷᠳᠤᠨ ᠤ ᠬᠠᠤᠯᠢ ᠲᠦᠷᠢᠮ ᠤᠨ ᠮᠡᠳᠡᠭᠡ ᠵᠠᠩᠬᠢ ᠶᠢᠨ ᠰᠦᠯᠵᠢᠶ᠎ᠠ ᠵᠢᠴᠢ ᠪᠦᠬᠦ ᠤᠯᠤᠰ ᠤᠨ  ᠭᠡᠪᠴᠢᠶᠡᠨ ᠳᠤ ᠲᠠᠷᠬᠠᠭᠠᠵᠤ ᠪᠠᠶᠢᠭ᠎ᠠ ᠰᠤᠨᠢᠨ ᠲᠡᠭᠡᠷ᠎ᠠ ᠴᠠᠭ ᠲᠤᠬᠠᠢ ᠳᠤᠨᠢ ᠨᠡᠶᠢᠳᠡᠯᠡᠨ᠎ᠡ᠃     ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠮᠡᠳᠡᠭᠡ ᠲᠡᠭᠡᠷ᠎ᠡ ᠨᠡᠶᠢᠳᠡᠯᠡᠭᠰᠡᠨ ᠵᠠᠰᠠᠭ ᠵᠠᠬᠢᠷᠭᠠᠨ ᠤ ᠬᠠᠥᠯᠢ  ᠲᠤᠭᠳᠠᠭᠠᠯ  ᠤᠨ ᠪᠢᠴᠢᠭ ᠨᠢ ᠪᠠᠷᠢᠮᠵᠢᠶᠠᠳᠤ ᠪᠢᠴᠢᠭ ᠪᠤᠯᠤᠨ᠎ᠡ᠃     ᠲᠦᠷᠪᠡᠳᠦᠭᠡᠷ ᠪᠦᠯᠦᠭ    ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠦᠪᠡᠷᠳᠡᠭᠡᠨ ᠵᠠᠰᠠᠬᠤ  ᠲᠦᠷᠢᠮ ᠪᠠ ᠲᠤᠰᠬᠠᠢ ᠲᠦᠷᠢᠮ ᠲᠦᠷᠢᠮ ᠲᠤᠭᠳᠠᠭᠠᠯ             ᠨᠢᠭᠡᠳᠦᠭᠡᠷ ᠭᠡᠰᠡᠭ    ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ  ᠲᠦᠷᠢᠮ ᠪᠠ ᠲᠤᠰᠬᠠᠢ ᠲᠦᠷᠢᠮ ᠲᠤᠭᠲᠠᠭᠠᠯ      ᠲᠠᠯᠠᠨ ᠬᠤᠶᠠᠳᠤᠭᠠᠷ ᠵᠦᠢᠯ    ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ  ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠲᠤᠰ ᠵᠠᠰᠠᠭ  ᠵᠠᠬᠢᠷᠭᠠᠨ ᠤ ᠤᠷᠤᠨ ᠤ ᠪᠠᠨ ᠪᠤᠳᠠᠳᠠᠢ ᠪᠠᠶᠢᠳᠠᠯ ᠪᠠ ᠪᠤᠳᠠᠳᠠᠢ ᠭᠡᠷᠡᠭᠴᠡᠭᠡ ᠶᠢ ᠦᠨᠳᠦᠰᠦᠯᠡᠵᠦ᠂ ᠦᠨᠳᠦᠰᠦᠨ ᠬᠠᠥᠯᠢ  ᠂ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠲᠠᠢ ᠦᠯᠦ ᠬᠠᠷᠰᠢᠯᠳᠤᠬᠤ ᠤᠷᠢᠳᠠᠯ ᠲᠤᠤᠷ᠎ᠠ  ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ ᠲᠤᠭᠳᠠᠭᠠᠵᠤ ᠪᠤᠯᠤᠨ᠎ᠠ᠃     ᠲᠤᠭᠤᠷᠢᠭ ᠲᠠᠢ ᠬᠤᠳᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ  ᠪᠠᠶᠢᠩᠭᠤ ᠶᠢᠨ ᠬᠤᠷᠢᠶ᠎ᠠ ᠲᠤᠰ ᠬᠤᠳᠠ ᠶᠢᠨ ᠢᠶᠠᠨ ᠪᠤᠳᠠᠳᠠᠢ ᠪᠠᠶᠢᠳᠠᠯ ᠪᠠ ᠪᠤᠳᠠᠳᠠᠢ ᠭᠡᠷᠡᠭᠴᠡᠭᠡ ᠶᠢ ᠦᠨᠳᠦᠰᠦᠯᠡᠵᠦ᠂  ᠦᠨᠳᠦᠰᠦᠨ ᠬᠠᠥᠯᠢ᠂ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠪᠠ ᠲᠤᠰ ᠮᠤᠵᠢ᠂  ᠦᠪᠡᠷᠳᠡᠭᠡᠨ ᠵᠠᠰᠠᠬᠤ ᠤᠷᠤᠨ ᠤ ᠤᠷᠤᠨ ᠨᠤᠳᠤᠭ  ᠤᠨ ᠴᠢᠨᠠᠷᠳᠠᠢ ᠬᠠᠥᠯᠢ ᠲᠤᠭᠳᠠᠭᠠᠯ ᠲᠠᠢ ᠦᠯᠦ ᠬᠠᠷᠰᠢᠯᠳᠤᠬᠤ  ᠤᠷᠢᠳᠠᠯ ᠲᠤᠤᠷ᠎ᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠪᠤᠯᠤᠨ ᠬᠠᠮᠢᠶᠠᠷᠤᠯᠳᠠ᠂ ᠤᠷᠴᠢᠨ  ᠲᠤᠭᠤᠷᠢᠨ ᠤ ᠬᠠᠮᠠᠭᠠᠯᠠᠯᠳᠠ᠂ ᠲᠡᠦᠭᠡ ᠰᠤᠶᠤᠯ ᠤᠨ ᠬᠠᠮᠠᠭᠠᠯᠠᠯᠳᠠ ᠵᠡᠷᠭᠡ ᠲᠠᠯ᠎ᠠ ᠪᠠᠷ ᠤᠷᠤᠨ ᠨᠤᠳᠤᠭ ᠤᠨ  ᠴᠢᠨᠠᠷᠳᠠᠢ ᠬᠠᠥᠯᠢ ᠲᠤᠭᠳᠠᠭᠠᠯ ᠢ ᠲᠤᠭᠳᠠᠭᠠᠵᠤ᠂ ᠲᠤᠭᠤᠷᠢᠭ ᠲᠠᠢ ᠬᠤᠳᠠ ᠶᠢᠨ ᠲᠤᠭᠳᠠᠭᠠᠭᠰᠠᠨ ᠤᠷᠤᠨ  ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠤᠨ ᠶᠠᠪᠤᠳᠠᠯ ᠤᠳ ᠤᠨ ᠲᠤᠬᠠᠢ ᠬᠠᠤᠯᠢ ᠴᠠᠭᠠᠵᠠ ᠪᠤᠰᠤᠳ  ᠲᠤᠭᠳᠠᠭᠠᠯ ᠲᠠᠢ ᠪᠤᠯ ᠲᠤᠰ ᠲᠤᠭᠳᠠᠭᠠᠯ ᠢ ᠳᠠᠭᠠᠨ᠎ᠠ᠃ ᠲᠤᠭᠤᠷᠢᠭ ᠲᠠᠢ ᠬᠤᠳᠠ ᠶᠢᠨ ᠤᠷᠤᠨ ᠨᠤᠳᠤᠭ ᠤᠨ  ᠴᠢᠨᠠᠷᠳᠠᠢ ᠬᠠᠤᠯᠢ ᠳᠤᠭᠳᠠᠭᠠᠯ ᠢ ᠡᠷᠭᠡᠪᠰᠢ ᠮᠤᠵᠢ᠂ ᠦᠪᠡᠷᠳᠡᠭᠡᠨ ᠵᠠᠰᠬᠠᠤ ᠤᠷᠤᠨ ᠤ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ  ᠲᠠᠷᠠᠭ᠎ᠠ ᠭᠡᠷᠡᠭᠵᠢᠬᠦᠯᠦᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠵᠦᠪᠰᠢᠶᠡᠷᠡᠬᠦᠯᠬᠦ ᠪᠠᠷ ᠲᠡᠪᠰᠢᠬᠦᠯᠦᠨ ᠮᠡᠳᠡᠬᠦᠯᠦᠭᠰᠡᠨ ᠤᠷᠤᠨ ᠨᠤᠳᠤᠭ ᠤᠨ  ᠴᠢᠨᠠᠷᠳᠠᠢ ᠬᠠᠥᠯᠢ ᠲᠤᠭᠳᠠᠭᠠᠯ ᠢ ᠬᠠᠥᠯᠢ ᠳᠤ ᠨᠡᠶᠢᠴᠡᠬᠦ ᠲᠠᠯ᠎ᠠ ᠪᠠᠷ ᠬᠢᠨᠠᠨ ᠪᠠᠶᠢᠴᠠᠭᠠᠵᠤ᠂ ᠦᠨᠳᠦᠰᠦᠨ ᠬᠠᠥᠯᠢ᠂  ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠪᠠ ᠲᠤᠰ ᠮᠤᠵᠢ᠂ ᠦᠪᠡᠷᠳᠡᠭᠡᠨ ᠵᠠᠰᠠᠬᠤ ᠤᠷᠤᠨ ᠤ  ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠲᠠᠢ ᠬᠠᠷᠰᠢᠯᠳᠤᠬᠤ ᠦᠭᠡᠢ ᠪᠠᠶᠢᠪᠠᠯ᠂ ᠲᠦᠷᠪᠡᠨ ᠰᠠᠷ᠎ᠠ ᠶᠢᠨ  ᠲᠤᠳᠤᠷ᠎ᠠ ᠵᠦᠪᠰᠢᠶᠡᠷᠡᠬᠦ ᠭᠡᠷᠡᠭᠳᠡᠢ᠃      ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠵᠦᠪᠰᠢᠶᠡᠷᠡᠬᠦᠯᠬᠦ ᠪᠠᠷ ᠲᠡᠪᠰᠢᠬᠦᠯᠦᠨ ᠮᠡᠳᠡᠬᠦᠯᠦᠭᠰᠡᠨ ᠲᠤᠭᠤᠷᠢᠭ ᠲᠠᠢ ᠬᠤᠳᠠ ᠶᠢᠨ ᠤᠷᠤᠨ  ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ ᠬᠢᠨᠠᠨ ᠪᠠᠶᠢᠴᠠᠭᠠᠬᠤ ᠳᠠᠭᠠᠨ ᠲᠡᠬᠦᠨ ᠤ ᠲᠤᠰ ᠮᠤᠵᠢ᠂ ᠦᠪᠡᠷᠳᠡᠭᠡᠨ  ᠵᠠᠰᠠᠬᠤ ᠤᠷᠤᠨ ᠤ ᠠᠷᠠᠥᠨ ᠤᠨ ᠵᠠᠰᠠᠭ  ᠤᠨ ᠤᠷᠳᠤᠨ ᠤ ᠲᠦᠷᠢᠮ ᠲᠤᠭᠳᠠᠭᠠᠯ ᠲᠠᠢ ᠬᠠᠷᠰᠢᠯᠳᠤᠵᠤ ᠪᠠᠶᠢᠬᠤ ᠶᠢ  ᠤᠯᠵᠤ ᠮᠡᠳᠡᠪᠡᠯ᠂ ᠰᠢᠢᠥᠨᠪᠦᠷᠢᠯᠡᠬᠦ ᠲᠤᠭᠳᠠᠭᠠᠯ ᠭᠠᠷᠭᠠᠬᠤ ᠭᠡᠷᠡᠭᠳᠡᠢ᠃      ᠮᠤᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ  ᠂ ᠠᠵᠤ ᠠᠬᠤᠢ ᠶᠢᠨ ᠤᠨᠴᠠᠭᠠᠢ ᠤᠷᠤᠨ ᠤ ᠪᠠᠶᠢᠭ᠎ᠠ ᠭᠠᠵᠠᠷ ᠤᠨ ᠬᠤᠳᠠ ᠪᠠ ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠵᠦᠪᠰᠢᠶᠡᠷᠡᠭᠰᠡᠨ ᠲᠤᠮᠤ ᠰᠢᠬ ᠬᠤᠳᠠ ᠠᠴᠠ ᠭᠠᠳᠠᠨ᠎ᠠ᠂ ᠪᠤᠰᠤᠳ ᠲᠤᠭᠤᠷᠢᠭ ᠲᠠᠢ ᠬᠤᠳᠠ ᠶᠢᠨ  ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢ ᠡᠬᠢᠯᠡᠨ ᠲᠤᠭᠳᠠᠭᠠᠬᠤ ᠪᠤᠳᠠᠳᠠᠢ ᠠᠯᠬᠤᠮ ᠲᠠᠷᠠᠭ᠎ᠠ ᠪᠠ  ᠴᠠᠬ ᠢ ᠮᠤᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ ᠬᠠᠷᠢᠶ᠎ᠠ ᠲᠤᠭᠤᠷᠢᠭ ᠲᠠᠢ ᠬᠤᠳᠠ ᠶᠢᠨ  ᠬᠦᠮᠦᠨ ᠠᠮᠠ ᠶᠢᠨ ᠲᠤᠭ᠎ᠠ᠂ ᠭᠠᠵᠠᠷ ᠤᠷᠤᠨ ᠤ ᠲᠠᠯᠠᠪᠠᠢ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠪᠠᠶᠢᠳᠠᠯ  ᠵᠢᠴᠢ ᠬᠠᠤᠯᠢ ᠲᠤᠭᠳᠠᠭᠠᠬᠤ ᠱᠠᠭᠠᠷᠳᠠᠯᠭ᠎ᠠ᠂ ᠬᠠᠤᠯᠢ ᠲᠤᠭᠳᠠᠭᠠᠬᠤ ᠴᠢᠳᠠᠮᠵᠢ ᠵᠡᠷᠭᠡ ᠡᠯᠧᠮᠧᠨ᠋ᠲ ᠢ ᠶᠡᠷᠦᠩᠭᠡᠶᠢᠯᠡᠨ  ᠪᠤᠳᠤᠯᠬᠢᠯᠠᠵᠦ ᠲᠤᠭᠳᠠᠭᠠᠬᠤ ᠶᠢᠨ ᠬᠠᠮᠳᠦ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠬᠦᠯᠵᠦ ᠲᠠᠩᠰᠠᠯᠠᠭᠤᠯᠤᠨ᠎ᠠ᠃      ᠦᠪᠡᠷᠲᠡᠭᠡᠨ ᠵᠠᠰᠠᠬᠤ ᠵᠸᠦ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ  ᠪᠠᠶᠢᠩᠭᠤ ᠶᠢᠨ ᠬᠤᠷᠢᠶ᠎ᠠ ᠲᠤᠰ ᠵᠦᠢᠯ ᠤᠨ ᠬᠤᠶᠠᠳᠤᠭᠠᠷ ᠵᠤᠷᠪᠤᠰ ᠤᠨ ᠲᠤᠭᠳᠠᠭᠠᠯ ᠢ ᠦᠨᠳᠦᠰᠦᠯᠡᠵᠦ  ᠲᠤᠭᠤᠷᠢᠭ ᠲᠠᠢ ᠬᠤᠳᠠ ᠶᠢᠨ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠲᠤᠭᠳᠠᠭᠠᠬᠤ ᠡᠷᠭᠡ  ᠲᠤᠰᠢᠶᠠᠯ ᠢᠶᠠᠨ ᠭᠡᠷᠡᠭᠵᠢᠬᠦᠯᠵᠦ ᠪᠤᠯᠤᠨ᠎ᠠ᠃ ᠦᠪᠡᠷᠲᠡᠭᠡᠨ ᠵᠠᠰᠠᠬᠤ ᠵᠸᠦ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ ᠢ ᠡᠬᠢᠯᠡᠵᠦ ᠲᠤᠭᠳᠠᠭᠠᠬᠤ ᠪᠤᠳᠠᠳᠠᠢ ᠠᠯᠬᠤᠮ ᠲᠠᠷᠠᠭ᠎ᠠ ᠪᠠ ᠴᠠᠭ ᠢ ᠡᠮᠦᠨᠡᠬᠢ ᠵᠤᠷᠪᠤᠰ ᠢ ᠦᠨᠳᠦᠰᠦᠯᠡᠵᠤ  ᠲᠤᠭᠳᠠᠭᠠᠨ᠎ᠠ᠃      ᠮᠤᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ ᠬᠤᠳᠠ  ᠂ ᠠᠵᠤ ᠠᠬᠤᠢ ᠶᠢᠨ ᠤᠨᠴᠠᠭᠠᠢ ᠤᠷᠤᠨ ᠤ ᠪᠠᠶᠢᠭ᠎ᠠ ᠭᠠᠵᠠᠷ ᠤᠨ ᠬᠤᠳᠠ ᠪᠠ ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠵᠦᠪᠰᠢᠶᠡᠷᠡᠭᠰᠡᠨ ᠲᠤᠮᠤ ᠰᠢᠬ ᠬᠤᠳᠠ ᠶᠢᠨ ᠨᠢᠭᠡᠨᠳᠠ ᠲᠤᠭᠳᠠᠭᠠᠭᠰᠠᠨ ᠤᠷᠤᠨ ᠨᠤᠳᠤᠭ ᠤᠨ  ᠴᠢᠨᠠᠷᠳᠠᠢ ᠬᠠᠤᠯᠢ ᠲᠤᠭᠳᠠᠭᠠᠯ ᠳᠤ᠂ ᠲᠤᠰ ᠵᠦᠢᠯ ᠤᠨ ᠬᠤᠶᠠᠳᠤᠭᠠᠷ ᠵᠤᠷᠪᠤᠰ ᠲᠤ ᠲᠤᠭᠳᠠᠭᠠᠭᠰᠠᠨ ᠶᠠᠪᠤᠳᠠᠯ   ᠤᠳ ᠤᠨ ᠬᠡᠪᠴᠢᠶᠠᠨ ᠠᠴᠠ ᠭᠠᠳᠠᠨᠠᠬᠢ ᠨᠢ ᠦᠷᠬᠦᠯᠵᠢᠯᠡᠨ ᠬᠦᠴᠦᠨ ᠲᠠᠢ᠃      ᠳᠠᠯᠠᠨ ᠭᠤᠷᠪᠠᠳᠤᠭᠠᠷ ᠵᠦᠢᠯ    ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠨᠢ ᠲᠤᠤᠷ᠎ᠠ  ᠵᠢᠠᠠᠰᠠᠭᠠᠭᠰᠠᠨ ᠶᠠᠪᠤᠳᠠᠯ   ᠤᠳ ᠤᠨ ᠲᠤᠬᠠᠢ ᠲᠤᠭᠳᠠᠭᠠᠯ ᠭᠠᠷᠭᠠᠵᠤ ᠪᠤᠯᠤᠨ᠎ᠠ᠄      ︵ᠨᠢᠭᠡ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠤᠨ ᠲᠤᠭᠳᠠᠭᠠᠯ ᠢ  ᠭᠡᠷᠡᠭᠵᠢᠬᠦᠯᠬᠦ ᠶᠢᠨ ᠲᠤᠰᠠᠳᠠ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠪᠤᠳᠠᠳᠤ ᠪᠠᠶᠢᠳᠠᠯ ᠢ ᠦᠨᠳᠦᠰᠦᠯᠡᠨ  ᠪᠤᠳᠠᠳᠠᠢ ᠲᠤᠭᠳᠠᠭᠠᠯ ᠭᠠᠷᠭᠠᠬᠤ ᠴᠢᠬᠤᠯᠨᠲᠠᠢ ᠶᠠᠪᠤᠳᠠᠯ︔      ︵ᠬᠤᠶᠠᠷ︶ ᠤᠷᠤᠨ ᠨᠤᠳᠤᠭ ᠤᠨ ᠴᠢᠨᠠᠷᠳᠠᠢ ᠤᠴᠢᠷ ᠶᠠᠪᠤᠳᠠᠯ ᠤᠨ ᠲᠤᠬᠠᠢ ᠤᠷᠤᠨ ᠨᠤᠳᠤᠭ ᠤᠨ ᠴᠢᠨᠠᠷᠳᠠᠢ  ᠬᠠᠥᠯᠢ ᠲᠤᠭᠳᠠᠭᠠᠯ  ᠢ ᠲᠤᠭᠳᠠᠭᠠᠬᠤ ᠴᠢᠬᠤᠯᠠᠳᠠᠢ ᠶᠠᠪᠤᠳᠠᠯ᠃      ᠲᠤᠰ ᠬᠠᠥᠯᠢ ᠶᠢᠨ ᠨᠠᠢᠮᠠᠳᠤᠭᠠᠷ ᠵᠦᠢᠯ ᠳᠤ ᠲᠤᠭᠳᠠᠭᠠᠭᠰᠠᠨ ᠶᠠᠪᠤᠳᠠᠯ ᠠᠴᠠ ᠭᠠᠳᠠᠨᠠᠬᠢ ᠪᠤᠰᠤᠤᠨ  ᠶᠠᠪᠤᠳᠠᠯ ᠤᠨ ᠲᠤᠬᠠᠢ ᠤᠯᠤᠰ ᠠᠴᠠ ᠬᠠᠥᠯᠢ ᠴᠠᠭᠠᠵᠠ ᠪᠤᠶᠤ ᠵᠠᠰᠠᠭ ᠵᠠᠬᠢᠷᠭᠠᠨ ᠤ ᠬᠠᠥᠯᠢ ᠲᠤᠭᠳᠠᠭᠠᠯ ᠬᠠᠷᠠᠬᠠᠨ  ᠲᠤᠭᠳᠠᠭᠠᠳᠤᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠪᠠ  ᠲᠤᠭᠤᠷᠢᠭ ᠲᠠᠢ ᠬᠤᠳᠠ᠂ ᠦᠪᠡᠷᠲᠡᠭᠡᠨ ᠵᠠᠰᠠᠬᠤ ᠵᠸᠦ ᠲᠤᠰ ᠭᠠᠵᠠᠷ ᠤᠷᠤᠨ ᠤ ᠪᠠᠨ ᠪᠤᠳᠠᠳᠠᠢ ᠪᠠᠶᠢᠳᠠᠯ ᠪᠠ  ᠪᠤᠳᠠᠳᠠᠢ ᠭᠡᠷᠡᠭᠴᠡᠭᠡ ᠶᠢ ᠦᠨᠳᠦᠰᠦᠯᠡᠵᠦ᠂ ᠤᠷᠢᠳᠠᠪᠠᠷ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ  ᠲᠤᠭᠳᠠᠭᠠᠵᠦ ᠪᠤᠯᠤᠨ᠎ᠠ᠃ ᠤᠯᠤᠰ ᠠᠴᠠ ᠲᠤᠭᠳᠠᠭᠠᠭᠰᠠᠨ ᠬᠠᠤᠯᠢ ᠴᠠᠭᠠᠵᠠ ᠪᠤᠶᠤ ᠵᠠᠰᠠᠭ ᠵᠠᠬᠢᠷᠭᠠᠨ ᠤ ᠬᠠᠤᠯᠢ  ᠲᠤᠭᠳᠠᠭᠠᠯ ᠨᠢ ᠬᠦᠴᠦᠨ ᠲᠠᠢ ᠪᠤᠯᠤᠭᠰᠠᠨ ᠤ ᠬᠤᠶᠢᠨ᠎ᠠ᠂ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠤᠨ  ᠬᠠᠤᠯᠢ ᠴᠠᠭᠠᠵᠠ ᠪᠤᠶᠤ ᠵᠠᠰᠠᠭ ᠵᠠᠬᠢᠷᠭᠠᠨ ᠤ ᠬᠠᠤᠯᠢ ᠲᠤᠭᠳᠠᠭᠠᠯ ᠲᠠᠢ ᠬᠠᠷᠰᠢᠯᠳᠤᠬᠰᠠᠨ ᠲᠤᠭᠳᠠᠭᠠᠯ ᠨᠢ ᠬᠦᠴᠦᠨ  ᠦᠭᠡᠢ ᠪᠤᠯᠤᠨ᠎ᠠ᠂ ᠲᠤᠭᠳᠠᠭᠠᠭᠰᠠᠨ ᠪᠠᠶᠢᠭᠤᠯᠤᠯᠭ᠎ᠠ ᠨᠢ ᠴᠠᠭ ᠲᠤᠬᠠᠢ ᠳᠤᠨᠢ ᠵᠠᠰᠠᠪᠤᠷᠢ ᠤᠷᠤᠭᠤᠯᠬᠤ ᠪᠤᠶᠤ ᠬᠦᠴᠦᠨ  ᠦᠭᠡᠢ ᠪᠤᠯᠭᠠᠬᠤ ᠭᠡᠷᠡᠭᠳᠡᠢ᠃      ᠲᠤᠭᠤᠷᠢᠭ ᠲᠠᠢ ᠬᠤᠳᠠ᠂ ᠦᠪᠡᠷᠲᠡᠭᠡᠨ ᠵᠠᠰᠠᠬᠤ ᠵᠸᠦ ᠲᠤᠰ ᠵᠦᠢᠯ ᠤᠨ ᠨᠢᠭᠡᠳᠦᠭᠡᠷ ᠵᠤᠷᠪᠤᠰ᠂  ᠬᠤᠶᠠᠳᠤᠭᠠᠷ ᠵᠤᠷᠪᠤᠰ ᠢ ᠦᠨᠳᠦᠰᠦᠯᠡᠵᠦ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠲᠤᠭᠳᠠᠭᠠᠬᠤ ᠳᠤ᠂  ᠲᠤᠰ ᠬᠠᠤᠯᠢ ᠶᠢᠨ ᠳᠠᠯᠠᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠤᠭᠳᠠᠭᠠᠭᠰᠠᠨ ᠲᠤᠭᠳᠠᠭᠠᠯ ᠤᠨ  ᠶᠠᠪᠤᠳᠠᠯ ᠤᠳ ᠲᠤ ᠬᠢᠵᠠᠭᠠᠷᠯᠠᠭᠳᠠᠨ᠎ᠠ᠃     ᠤᠷᠤᠨ ᠨᠤᠳᠤᠭ ᠤᠨ ᠴᠢᠨᠠᠷᠳᠠᠢ ᠬᠠᠤᠯᠢ ᠲᠦᠷᠢᠮ ᠢ ᠲᠤᠭᠳᠠᠭᠠᠬᠤ ᠳᠤ᠂ ᠳᠡᠭᠡᠳᠦ ᠲᠡᠰ ᠤᠨ ᠬᠠᠤᠯᠢ ᠳᠤ  ᠨᠢᠭᠡᠨᠳᠠ ᠳᠤᠳᠤᠷᠬᠠᠢ ᠲᠤᠭᠳᠠᠭᠠᠭᠰᠠᠨ ᠠᠭᠤᠯᠭ᠎ᠠ ᠶᠢᠨ ᠲᠤᠬᠠᠢ ᠡᠩ ᠤᠨ ᠪᠠᠶᠢᠳᠠᠯ ᠳᠤᠤᠷ᠎ᠠ ᠲᠠᠪᠬᠤᠴᠬᠠᠰᠠᠨ  ᠲᠤᠭᠳᠠᠭᠠᠯ ᠲᠤᠭᠳᠠᠭᠠᠬᠤ ᠦᠭᠡᠢ᠃      ᠲᠠᠯᠠᠨ ᠲᠦᠷᠪᠡᠳᠦᠭᠡᠷ ᠵᠦᠢᠯ    ᠠᠵᠤ ᠠᠬᠤᠢ ᠶᠢᠨ ᠤᠨᠴᠠᠭᠠᠢ ᠤᠷᠤᠨ ᠤ ᠪᠠᠶᠢᠭ᠎ᠠ ᠭᠠᠵᠠᠷ ᠤᠨ ᠮᠤᠵᠢ᠂  ᠬᠤᠳᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠪᠦᠬᠦ  ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠡᠷᠭᠡ ᠤᠯᠭᠤᠭᠰᠠᠨ ᠲᠤᠭᠳᠠᠭᠠᠯ ᠢ  ᠦᠨᠳᠦᠰᠦᠯᠡᠨ ᠬᠠᠥᠯᠢ ᠲᠤᠭᠳᠠᠭᠠᠯ ᠲᠤᠭᠳᠠᠭᠠᠵᠤ᠂ ᠠᠵᠤ ᠠᠬᠤᠢ ᠶᠢᠨ ᠤᠨᠴᠠᠭᠠᠢ ᠤᠷᠤᠨ ᠤ ᠭᠡᠪᠴᠢᠶᠡᠨ ᠳᠤ  ᠭᠡᠷᠡᠭᠵᠢᠬᠦᠯᠦᠨ᠎ᠡ᠃     ᠲᠠᠯᠠᠨ ᠲᠠᠪᠤᠳᠤᠭᠠᠷ ᠵᠦᠢᠯ    ᠦᠨᠳᠦᠰᠦᠳᠡᠨ ᠤ ᠦᠪᠡᠷᠳᠡᠭᠡᠨ ᠵᠠᠰᠠᠬᠤ ᠤᠷᠤᠨ ᠤ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠨᠢ ᠲᠤᠬᠠᠢ ᠶᠢᠨ ᠭᠠᠵᠠᠷ ᠤᠨ ᠦᠨᠳᠦᠰᠦᠳᠡᠨ ᠤ ᠪᠠᠨ ᠤᠯᠤᠰ ᠲᠦᠷᠦ᠂ ᠠᠵᠤ  ᠠᠬᠤᠢ ᠪᠠ ᠰᠤᠶᠤᠯ ᠤᠨ ᠤᠨᠴᠠᠯᠢᠭ ᠢ ᠦᠨᠳᠦᠰᠦᠯᠡᠵᠦ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ  ᠲᠤᠭᠳᠠᠭᠠᠬᠤ ᠡᠷᠭᠡ ᠲᠠᠢ᠃ ᠦᠪᠡᠷᠳᠡᠭᠡᠨ ᠵᠠᠰᠠᠬᠤ ᠤᠷᠤᠨ ᠤ ᠦᠪᠡᠷᠳᠡᠭᠡᠨ ᠵᠠᠰᠠᠬᠤ ᠲᠦᠷᠢᠮ ᠪᠠ ᠲᠤᠰᠬᠠᠢ  ᠲᠦᠷᠢᠮ ᠨᠢ ᠪᠦᠬᠦ ᠤᠯᠤᠰ ᠤᠨ ᠠᠷᠠᠥᠨ  ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠤᠨ᠎ᠠ᠃ ᠦᠪᠡᠷᠳᠡᠭᠡᠨ ᠵᠠᠰᠠᠬᠤ ᠵᠸᠤ  ᠂ ᠦᠪᠡᠷᠳᠡᠭᠡᠨ ᠵᠠᠰᠠᠬᠤ ᠰᠢᠶᠠᠨ ᠤ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠨᠢ ᠮᠤᠵᠢ᠂ ᠦᠪᠡᠷᠳᠡᠭᠡᠨ  ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠳᠤ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠤᠨ᠎ᠠ᠃      ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠳᠤ ᠲᠤᠬᠠᠢ ᠶᠢᠨ ᠭᠠᠵᠠᠷ ᠤᠨ ᠦᠨᠳᠦᠰᠦᠳᠡᠨ ᠤ  ᠤᠨᠴᠠᠯᠢᠭ ᠢᠶᠠᠨ ᠦᠨᠳᠦᠰᠦᠯᠡᠵᠦ᠂ ᠬᠠᠥᠯᠢ ᠴᠠᠭᠠᠵᠠ ᠪᠠ ᠵᠠᠰᠠᠭ ᠵᠠᠬᠢᠷᠭᠠᠨ ᠤ ᠬᠠᠥᠯᠢ ᠲᠤᠭᠳᠠᠭᠠᠯ ᠤᠨ  ᠲᠤᠭᠳᠠᠭᠠᠯ ᠳᠤ ᠵᠤᠬᠢᠴᠠᠭᠤᠯᠤᠨ ᠬᠤᠪᠢᠷᠠᠭᠤᠯᠤᠭᠰᠠᠨ ᠲᠤᠭᠳᠠᠭᠠᠯ ᠭᠠᠷᠭᠠᠵᠤ ᠪᠤᠯᠤᠨ᠎ᠠ᠂ ᠭᠡᠪᠡᠴᠦ ᠬᠠᠥᠯᠢ ᠴᠠᠭᠠᠵᠠ  ᠪᠤᠶᠤ ᠵᠠᠰᠠᠭ ᠵᠠᠬᠢᠷᠭᠠᠨ ᠤ ᠬᠠᠥᠯᠢ ᠲᠤᠭᠳᠠᠭᠠᠯ ᠤᠨ ᠦᠨᠳᠦᠰᠦᠨ ᠵᠠᠷᠴᠢᠮ ᠢ ᠵᠦᠷᠢᠴᠡᠵᠦ ᠪᠤᠯᠬᠤ ᠦᠭᠡᠢ᠂  ᠦᠨᠳᠦᠰᠦᠨ ᠬᠠᠥᠯᠢ ᠪᠠ ᠦᠨᠳᠦᠰᠦᠳᠡᠨ ᠤ ᠦᠪᠡᠷᠳᠡᠭᠡᠨ ᠵᠠᠰᠠᠬᠤ ᠬᠠᠥᠯᠢ ᠶᠢᠨ ᠲᠤᠭᠳᠠᠭᠠᠯ ᠬᠢᠭᠡᠤᠨ ᠪᠤᠰᠤᠤᠨ  ᠬᠤᠯᠪᠤᠭᠳᠠᠯ ᠪᠦᠬᠦᠢ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ ᠳᠠᠬᠢ ᠦᠨᠳᠦᠰᠦᠳᠡᠨ ᠤ  ᠦᠪᠡᠷᠳᠡᠭᠡᠨ ᠵᠠᠰᠠᠬᠤ ᠤᠷᠤᠨ ᠨᠤᠳᠤᠭ ᠤᠨ ᠲᠤᠬᠠᠢ ᠲᠤᠰᠬᠠᠢ ᠲᠤᠭᠳᠠᠭᠠᠭᠰᠠᠨ ᠲᠤᠭᠳᠠᠭᠠᠯ ᠳᠤ ᠵᠤᠬᠢᠴᠠᠭᠤᠯᠤᠨ  ᠬᠤᠪᠢᠷᠠᠭᠤᠯᠤᠭᠰᠠᠨ ᠲᠤᠭᠳᠠᠭᠠᠯ ᠭᠠᠷᠭᠠᠵᠤ ᠪᠤᠯᠬᠤ ᠦᠭᠡᠢ᠃      ᠳᠠᠯᠠᠨ ᠵᠢᠷᠭᠤᠳᠤᠭᠠᠷ ᠵᠦᠢᠯ    ᠲᠤᠰ ᠵᠠᠰᠠᠭ ᠵᠠᠬᠢᠷᠭᠠᠨ ᠤ ᠤᠷᠤᠨ ᠤ ᠤᠨᠴᠠ ᠴᠢᠬᠤᠯᠨ ᠶᠡᠭᠡ ᠶᠠᠪᠤᠳᠠᠯ   ᠤᠳ ᠤᠨ ᠲᠤᠬᠠᠢ ᠲᠤᠭᠳᠠᠭᠠᠭᠰᠠᠨ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠠᠴᠠ ᠪᠠᠳᠤᠯᠠᠬᠤ ᠭᠡᠷᠡᠭᠳᠡᠢ᠃     ᠲᠠᠯᠠᠨ ᠲᠤᠯᠤᠳᠤᠭᠠᠷ ᠵᠦᠢᠯ    ᠤᠷᠤᠨ ᠨᠤᠳᠤᠭ ᠤᠨ  ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ  ᠵᠠᠰᠠᠬᠤ ᠲᠦᠷᠢᠮ ᠪᠠ ᠲᠤᠰᠬᠠᠢ ᠲᠦᠷᠢᠮ ᠤᠨ ᠲᠤᠬᠠᠢ ᠰᠠᠨᠠᠯ ᠵᠦᠪᠯᠡᠯᠭᠡ ᠲᠤᠷᠠᠥᠨᠬᠤ᠂ ᠬᠢᠨᠠᠨ ᠵᠦᠪᠯᠡᠬᠦ ᠪᠠ  ᠪᠠᠳᠤᠯᠠᠬᠤ ᠲᠡᠰ ᠲᠠᠷᠠᠭᠠᠯᠠᠯ ᠢ ᠪᠦᠬᠦᠳᠡ ᠨᠠᠶᠢᠷᠠᠮᠳᠠᠬᠤ ᠲᠤᠮᠳᠠᠳᠤ ᠠᠷᠠᠥᠨ ᠤᠯᠤᠰ ᠤᠨ ᠤᠷᠤᠨ ᠨᠤᠳᠤᠭ ᠤᠨ ᠡᠯ᠎ᠡ  ᠱᠠᠳᠤᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠪᠠ ᠤᠷᠤᠨ ᠨᠤᠳᠤᠭ ᠤᠨ ᠡᠯ᠎ᠡ ᠱᠠᠳᠤᠨ ᠤ  ᠠᠷᠠᠥᠨ ᠤᠨ ᠵᠠᠰᠠᠭ ᠤᠨ ᠤᠷᠳᠤᠨ ᠤ ᠵᠤᠬᠢᠶᠠᠨ ᠪᠠᠶᠢᠭᠤᠯᠬᠤ ᠬᠠᠥᠯᠢ ᠶᠢ ᠦᠨᠳᠦᠰᠦᠯᠡᠵᠦ᠂ ᠲᠤᠰ ᠬᠠᠥᠯᠢ ᠶᠢᠨ  ᠬᠤᠶᠠᠳᠤᠭᠠᠷ ᠪᠦᠯᠦᠭ ᠤᠨ ᠬᠤᠶᠠᠳᠤᠭᠠᠷ ᠭᠡᠰᠡᠭ᠂ ᠭᠤᠷᠪᠠᠳᠤᠭᠠᠷ ᠭᠡᠰᠡᠭ᠂ ᠲᠠᠪᠤᠳᠤᠭᠠᠷ ᠭᠡᠰᠡᠭ ᠤᠨ  ᠲᠤᠭᠳᠠᠭᠠᠯ ᠢᠶᠠᠷ ᠯᠠᠪᠯᠠᠯᠳᠠ ᠪᠤᠯᠭᠠᠵᠤ᠂ ᠲᠤᠰ ᠱᠠᠳᠤᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠠᠴᠠ  ᠲᠤᠭᠳᠠᠭᠠᠨ᠎ᠠ᠃     ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠤᠨ ᠲᠦᠰᠦᠯ ᠤᠨ ᠲᠤᠬᠠᠢ ᠨᠢᠭᠡᠳᠦᠯᠳᠡᠢ ᠬᠢᠨᠠᠨ  ᠵᠦᠪᠯᠡᠬᠦ ᠶᠢ ᠬᠠᠷᠢᠭᠤᠴᠠᠬᠤ ᠪᠠᠶᠢᠭᠤᠯᠤᠮᠵᠢ ᠠᠴᠠ ᠬᠢᠨᠠᠨ ᠵᠦᠪᠯᠡᠭᠰᠡᠨ ᠦᠷ᠎ᠡ ᠳ᠋ᠦᠩ ᠤᠨ ᠲᠤᠬᠠᠢ ᠮᠡᠳᠡᠬᠦᠯᠦᠯᠳᠡ ᠪᠠ  ᠲᠦᠰᠦᠯ ᠳᠤ ᠵᠠᠰᠠᠪᠤᠷᠢ ᠤᠷᠤᠭᠤᠯᠬᠤ ᠡᠬᠡ ᠨᠤᠤᠷᠠᠭ ᠢ ᠲᠤᠷᠠᠳᠤᠨ ᠭᠠᠷᠭᠠᠨ᠎ᠠ᠃     ᠲᠠᠯᠠᠨ ᠨᠠᠢᠮᠠᠳᠤᠭᠠᠷ ᠵᠦᠢᠯ    ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ  ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠲᠤᠭᠳᠠᠭᠠᠭᠰᠠᠨ ᠤᠷᠤᠨ ᠨᠤᠳᠤᠭ ᠤᠨ ᠴᠢᠨᠠᠷᠳᠠᠢ ᠬᠠᠥᠯᠢ  ᠲᠤᠭᠳᠠᠭᠠᠯ ᠢ ᠶᠡᠭᠡ ᠬᠤᠷᠠᠯ ᠤᠨ ᠲᠡᠷᠢᠬᠦᠯᠡᠭᠴᠢᠥᠨ ᠤᠨ ᠪᠦᠯᠬᠦᠮ ᠠᠴᠠ ᠠᠯᠪᠠᠨ ᠵᠠᠷ ᠭᠠᠷᠭᠠᠵᠤ ᠨᠡᠶᠢᠳᠡᠯᠡᠨ᠎ᠡ᠃      ᠮᠤᠵᠢ᠂ ᠦᠪᠡᠷᠳᠡᠭᠡᠨ ᠵᠠᠰᠬᠠᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠲᠤᠭᠳᠠᠭᠠᠭᠰᠠᠨ ᠤᠷᠤᠨ ᠨᠤᠳᠤᠭ ᠤᠨ  ᠴᠢᠨᠠᠷᠳᠠᠢ ᠬᠠᠥᠯᠢ ᠲᠤᠭᠳᠠᠭᠠᠯ ᠢ ᠪᠠᠶᠢᠩᠭᠤ ᠶᠢᠨ ᠬᠤᠷᠢᠶᠠᠨ ᠠᠴᠠ ᠠᠯᠪᠠᠨ ᠵᠠᠷ ᠭᠠᠷᠭᠠᠵᠤ ᠨᠡᠶᠢᠳᠡᠯᠡᠨ᠎ᠡ᠃      ᠲᠤᠭᠤᠷᠢᠭ ᠲᠠᠢ ᠬᠤᠳᠠ᠂ ᠦᠪᠡᠷᠲᠡᠭᠡᠨ ᠵᠠᠰᠠᠬᠤ ᠵᠸᠦ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠵᠢᠴᠢ‌‍ᠲ᠋ᠡᠬᠦᠨ ᠤ ᠪᠠᠶᠢᠩᠭᠤ ᠶᠢᠨ ᠬᠤᠷᠢᠶ᠎ᠠ ᠶᠢᠨ ᠲᠤᠭᠳᠠᠭᠠᠭᠰᠠᠨ ᠤᠷᠤᠨ ᠨᠤᠳᠤᠭ ᠤᠨ ᠴᠢᠨᠠᠷᠳᠠᠢ ᠬᠠᠥᠯᠢ  ᠲᠤᠭᠳᠠᠭᠠᠯ ᠢ ᠲᠡᠪᠰᠢᠬᠦᠯᠦᠨ ᠮᠡᠳᠡᠬᠦᠯᠵᠦ ᠵᠦᠪᠰᠢᠶᠡᠷᠡᠬᠦᠯᠦᠭᠰᠡᠨ ᠤ ᠲᠠᠷᠠᠭ᠎ᠠ᠂ ᠲᠤᠭᠤᠷᠢᠭ ᠲᠠᠢ ᠬᠤᠳᠠ᠂  ᠦᠪᠡᠷᠲᠡᠭᠡᠨ ᠵᠠᠰᠠᠬᠤ ᠵᠸᠦ ᠶᠢᠨ ᠠᠷᠠᠥᠨ ᠤᠨ ᠲᠦᠯᠦᠭᠡᠯᠡᠭᠴᠢᠥᠨ ᠶᠡᠭᠡ ᠬᠤᠷᠠᠯ  ᠪᠠᠶᠢᠩᠭᠤ ᠶᠢᠨ ᠬᠤᠷᠢᠶ᠎ᠠ ᠠᠴᠠ  ᠠᠯᠪᠠᠨ ᠵᠠᠷ ᠭᠠᠷᠭᠠᠵᠤ ᠨᠡᠶᠢᠳᠡᠯᠡᠨ᠎ᠠ᠃      ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠲᠡᠪᠰᠢᠬᠦᠯᠦᠨ ᠮᠡᠳᠡᠬᠦᠯᠵᠦ  ᠵᠦᠪᠰᠢᠶᠡᠷᠡᠬᠦᠯᠦᠭᠰᠡᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ᠂ ᠦᠪᠡᠷᠳᠡᠭᠡᠨ ᠵᠠᠰᠠᠬᠤ ᠵᠸᠤ᠂ ᠦᠪᠡᠷᠳᠡᠭᠡᠨ  ᠵᠠᠰᠠᠬᠤ ᠰᠢᠶᠠᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠰ  ᠲᠤᠰ ᠠᠯᠪᠠᠨ ᠵᠠᠷ ᠭᠠᠷᠭᠠᠵᠤ ᠨᠡᠶᠢᠳᠡᠯᠡᠨ᠎ᠠ᠃      ᠲᠠᠯᠠ ᠶᠢᠰᠦᠳᠦᠭᠡᠷ ᠵᠦᠢᠯ    ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ  ᠤᠷᠤᠨ ᠤ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠨᠡᠶᠢᠳᠡᠯᠡᠭᠰᠡᠨ ᠤ ᠲᠠᠷᠠᠭ᠎ᠠ᠂ ᠲᠤᠰ ᠱᠠᠳᠤᠨ ᠤ  ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠮᠡᠳᠡᠭᠡ ᠪᠠ ᠳᠤᠮᠳᠠᠳᠤ  ᠤᠯᠤᠰ ᠤᠨ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠦᠯᠵᠢᠶ᠎ᠠ᠂ ᠲᠤᠰ ᠤᠷᠤᠨ ᠨᠤᠳᠤᠭ ᠤᠨ  ᠠᠷᠠᠳ ᠤᠨ ᠲᠦᠯᠦᠭᠡᠯᠡᠭᠴᠢᠳ  ᠤᠨ ᠶᠡᠭᠡ ᠬᠤᠷᠠᠯ ᠤᠨ ᠰᠦᠯᠵᠢᠶ᠎ᠡ ᠵᠢᠴᠢ ᠲᠤᠰ ᠵᠠᠰᠠᠭ ᠵᠠᠬᠢᠷᠭᠠᠨ ᠤ ᠤᠷᠤᠨ ᠤ  ᠭᠡᠪᠴᠢᠶᠡᠨ ᠲᠤ ᠲᠠᠷᠬᠠᠭᠠᠵᠤ ᠪᠠᠶᠢᠭ᠎ᠠ ᠰᠤᠨᠢᠨ ᠲᠡᠭᠡᠷ᠎ᠡ ᠴᠠᠭ ᠲᠤᠬᠠᠢ ᠳᠤᠨᠢ ᠨᠡᠶᠢᠳᠡᠯᠡᠨ᠎ᠡ᠃      ᠪᠠᠶᠢᠩᠭᠤ ᠶᠢᠨ ᠬᠤᠷᠢᠶᠠᠨ ᠤ ᠠᠯᠪᠠᠨ ᠮᠡᠳᠡᠭᠡ ᠲᠡᠭᠡᠷ᠎ᠡ ᠨᠡᠶᠢᠳᠡᠯᠡᠭᠳᠡᠭᠰᠡᠨ ᠤᠷᠤᠨ ᠨᠤᠳᠤᠭ ᠤᠨ ᠴᠢᠨᠠᠷᠳᠠᠢ  ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠤᠨ ᠪᠢᠴᠢᠭ ᠨᠢ ᠪᠠᠷᠢᠮᠵᠢᠶᠠᠳᠤ ᠪᠢᠴᠢᠭ  ᠪᠤᠯᠤᠨ᠎ᠠ᠃      ᠬᠤᠶᠠᠳᠤᠭᠠᠷ ᠭᠡᠰᠡᠭ    ᠲᠦᠷᠢᠮ ᠲᠤᠭᠳᠠᠭᠠᠯ      ᠨᠠᠶᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ᠂ ᠵᠦᠪᠯᠡᠯ᠂ ᠲᠤᠮᠳᠠᠳᠤ  ᠤᠯᠤᠰ ᠤᠨ ᠠᠷᠠᠥᠨ  ᠤᠨ ᠪᠠᠩᠬᠢ᠂ ᠬᠢᠨᠠᠨ ᠪᠤᠳᠤᠬᠤ ᠵᠠᠬᠢᠷᠭ᠎ᠠ ᠪᠠ ᠵᠠᠰᠠᠭ ᠵᠠᠬᠢᠷᠭᠠᠨ ᠤ ᠬᠠᠮᠢᠶᠠᠷᠤᠯᠳᠠ ᠶᠢᠨ  ᠠᠵᠢᠯ ᠤᠨ ᠴᠢᠳᠠᠮᠵᠢ ᠲᠠᠢ ᠰᠢᠭᠤᠤᠨ ᠬᠠᠷᠢᠶ᠎ᠠ ᠪᠠᠶᠢᠭᠤᠯᠤᠮᠵᠢ ᠨᠤᠭᠤᠳ ᠬᠠᠥᠯᠢ ᠴᠠᠭᠠᠵᠠ ᠪᠠ ᠲᠦᠷᠦ ᠶᠢᠨ  ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠲᠤᠭᠳᠠᠭᠠᠯ᠂ ᠵᠠᠷᠯᠢᠭ ᠢ ᠦᠨᠳᠦᠰᠦᠯᠡᠵᠦ᠂  ᠲᠤᠰ ᠰᠠᠯᠠᠭ᠎ᠠ ᠮᠦᠴᠢᠷ ᠤᠨ ᠢᠶᠠᠨ ᠡᠷᠭᠡ ᠶᠢᠨ ᠬᠡᠪᠴᠢᠶᠡᠨ ᠲᠤᠳᠤᠷ᠎ᠠ ᠲᠦᠷᠢᠮ ᠲᠤᠭᠳᠠᠭᠠᠯ ᠲᠤᠭᠳᠠᠭᠠᠵᠤ  ᠪᠤᠯᠤᠨ᠎ᠠ     ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠳᠤ ᠲᠤᠭᠳᠠᠭᠠᠭᠰᠠᠨ ᠶᠠᠪᠤᠳᠠᠯ ᠨᠢ ᠬᠠᠥᠯᠢ ᠴᠠᠭᠠᠵᠠ ᠪᠤᠶᠤ  ᠲᠦᠷᠦ ᠶᠢᠨ ᠶᠠᠪᠤᠳᠠᠯ  ᠤᠨ ᠬᠤᠷᠢᠶᠠᠨ ᠤ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠲᠤᠭᠳᠠᠭᠠᠯ᠂ ᠵᠠᠷᠯᠢᠭ ᠢ  ᠬᠡᠷᠡᠭᠵᠢᠬᠦᠯᠬᠦ ᠶᠠᠪᠤᠳᠠᠯ ᠳᠤ ᠬᠠᠷᠢᠶᠠᠯᠠᠭᠳᠠᠬᠤ ᠶᠤᠰᠤᠳᠠᠢ᠃ ᠬᠠᠤᠯᠢ ᠴᠠᠭᠠᠵᠠ ᠪᠤᠶᠤ ᠲᠦᠷᠦ ᠶᠢᠨ ᠶᠠᠪᠤᠳᠠᠯ ᠤᠨ  ᠬᠤᠷᠢᠶᠠᠨ ᠤ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠲᠤᠭᠳᠠᠭᠠᠯ᠂ ᠵᠠᠷᠯᠢᠭ ᠤᠨ ᠦᠨᠳᠦᠰᠦᠯᠡᠯ ᠪᠠᠶᠢᠬᠤ ᠦᠭᠡᠢ  ᠪᠤᠯ ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠨᠢ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ  ᠵᠤᠬᠢᠶᠠᠨ ᠪᠠᠶᠢᠭᠤᠯᠤᠯᠳᠠ ᠶᠢᠨ ᠡᠷᠭᠡ ᠠᠰᠢᠭ ᠪᠤᠶᠤ ᠲᠡᠬᠦᠨ ᠳᠤ ᠨᠡᠮᠡᠭᠰᠡᠨ ᠡᠭᠦᠷᠭᠡ ᠶᠢ ᠬᠠᠰᠤᠨ ᠬᠤᠬᠢᠷᠠᠭᠤᠯᠤᠭᠰᠠᠨ  ᠲᠦᠷᠢᠮ ᠢ ᠲᠤᠭᠳᠠᠭᠠᠵᠦ ᠪᠤᠯᠬᠤ ᠦᠭᠡᠢ᠂ ᠲᠤᠰ ᠰᠠᠯᠠᠭ᠎ᠠ ᠮᠦᠴᠢᠷ ᠤᠨ ᠡᠷᠭᠡ ᠶᠢ ᠨᠡᠮᠡᠬᠦ ᠪᠤᠶᠤ ᠲᠤᠰ ᠰᠠᠯᠠᠭ᠎ᠠ  ᠮᠦᠴᠢᠷ ᠤᠨ ᠬᠠᠤᠯᠢ ᠳᠤ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠬᠠᠰᠤᠵᠦ ᠪᠤᠯᠬᠤ ᠦᠭᠡᠢ᠃     ᠨᠠᠶᠠᠨ ᠨᠢᠭᠡᠳᠦᠭᠡᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠷ ᠠᠴᠠ ᠲᠡᠭᠡᠭᠰᠢᠬᠢ ᠰᠠᠯᠠᠭ᠎ᠠ  ᠮᠦᠴᠢᠷ ᠤᠨ ᠡᠷᠭᠡ ᠲᠤᠰᠢᠶᠠᠯ ᠤᠨ ᠭᠡᠪᠴᠢᠶᠡᠨ ᠳᠤ ᠬᠤᠯᠪᠤᠭᠳᠠᠬᠤ ᠶᠠᠪᠤᠳᠠᠯ ᠤᠨ ᠲᠤᠬᠠᠢ ᠲᠦᠷᠦ ᠶᠢᠨ ᠶᠠᠪᠤᠳᠠᠯ ᠤᠨ  ᠬᠤᠷᠢᠶᠠᠨ ᠳᠤ ᠲᠡᠪᠰᠢᠬᠦᠯᠦᠨ ᠮᠡᠳᠡᠬᠦᠯᠵᠦ ᠵᠠᠰᠠᠭ ᠵᠠᠬᠢᠷᠭᠠᠨ ᠤ ᠬᠠᠥᠯᠢ ᠲᠤᠭᠳᠠᠭᠠᠯ ᠲᠤᠭᠳᠠᠭᠠᠯᠭᠠᠬᠤ ᠪᠤᠶᠤ  ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠮᠳᠤᠷᠠᠵᠤ ᠲᠦᠷᠢᠮ ᠲᠤᠭᠳᠠᠭᠠᠯ  ᠲᠤᠭᠳᠠᠭᠠᠬᠤ ᠭᠡᠷᠡᠭᠳᠡᠢ᠃     ᠨᠠᠶᠠᠨ ᠬᠤᠶᠠᠳᠤᠭᠠᠷ ᠵᠦᠢᠯ    ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠪᠠ  ᠲᠤᠭᠤᠷᠢᠭ ᠲᠠᠢ ᠬᠤᠳᠠ᠂ ᠦᠪᠡᠷᠲᠡᠭᠡᠨ ᠵᠠᠰᠠᠬᠤ ᠵᠸᠦ ᠶᠢᠨ ᠠᠷᠠᠥᠨ ᠤᠨ ᠵᠠᠰᠠᠭ ᠤᠨ ᠤᠷᠳᠤᠨ ᠬᠠᠥᠯᠢ ᠴᠠᠭᠠᠵᠠ᠂  ᠵᠠᠰᠠᠭ ᠵᠠᠬᠢᠷᠭᠠᠨ ᠤ ᠬᠠᠥᠯᠢ ᠲᠤᠭᠳᠠᠭᠠᠯ ᠪᠠ ᠲᠤᠰ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ  ᠬᠤᠳᠠ ᠶᠢᠨ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢᠦᠨᠳᠦᠰᠦᠯᠡᠵᠦ ᠲᠦᠷᠢᠮ ᠲᠤᠭᠳᠠᠭᠠᠯ  ᠲᠤᠭᠳᠠᠭᠠᠵᠤ ᠪᠤᠯᠤᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠳᠤ ᠲᠤᠤᠷ᠎ᠠ ᠵᠢᠠᠠᠰᠠᠭᠠᠭᠰᠠᠨ ᠶᠠᠪᠤᠳᠠᠯ ᠤᠳ ᠤᠨ  ᠲᠤᠬᠠᠢ ᠲᠤᠭᠳᠠᠭᠠᠯ ᠭᠠᠷᠭᠠᠵᠤ ᠪᠤᠯᠤᠨ᠎ᠠ᠄     ︵ᠨᠢᠭᠡ︶ ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ  ᠬᠠᠥᠯᠢ ᠲᠤᠭᠳᠠᠭᠠᠯ  ᠤᠨ ᠲᠤᠭᠳᠠᠭᠠᠯ ᠢ ᠭᠡᠷᠡᠭᠵᠢᠬᠦᠯᠬᠦ ᠶᠢᠨ ᠲᠤᠰᠠᠳᠠ ᠲᠦᠷᠢᠮ ᠲᠤᠭᠳᠠᠭᠠᠯ ᠲᠤᠭᠳᠠᠭᠠᠬᠤ  ᠴᠢᠬᠤᠯᠨᠲᠠᠢ ᠶᠠᠪᠤᠳᠠᠯ︔     ︵ᠬᠤᠶᠠᠷ︶ ᠲᠤᠰ ᠵᠠᠰᠠᠭ ᠵᠠᠬᠢᠷᠭᠠᠨ ᠤ ᠤᠷᠤᠨ ᠪᠦᠰᠡ ᠶᠢᠨ ᠪᠤᠳᠠᠳᠠᠢ ᠵᠠᠰᠠᠭ ᠵᠠᠬᠢᠷᠭᠠᠨ ᠤ  ᠬᠠᠮᠢᠶᠠᠷᠤᠯᠳᠠ ᠳᠤ ᠬᠠᠷᠢᠶᠠᠯᠠᠭᠳᠠᠬᠤ ᠶᠠᠪᠤᠳᠠᠯ᠃     ᠲᠤᠭᠤᠷᠢᠭ ᠲᠠᠢ ᠬᠤᠳᠠ᠂ ᠦᠪᠡᠷᠲᠡᠭᠡᠨ ᠵᠠᠰᠠᠬᠤ ᠵᠸᠦ ᠶᠢᠨ ᠠᠷᠠᠳ ᠤᠨ ᠵᠠᠰᠠᠭ ᠤᠨ ᠤᠷᠳᠤᠨ ᠲᠤᠰ  ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ ᠵᠤᠷᠪᠤᠰ ᠢ ᠦᠨᠳᠦᠰᠦᠯᠡᠵᠦ ᠤᠷᠤᠨ ᠨᠤᠳᠤᠭ ᠤᠨ ᠵᠠᠰᠠᠭ ᠤᠨ  ᠤᠷᠳᠤᠨ ᠤ ᠲᠦᠷᠢᠮ ᠲᠤᠭᠳᠠᠭᠠᠯ ᠢ ᠲᠤᠭᠳᠠᠭᠠᠵᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠪᠤᠯᠤᠨ  ᠬᠠᠮᠢᠶᠠᠷᠤᠯᠳᠠ᠂ ᠤᠷᠴᠢᠨ ᠲᠤᠭᠤᠷᠢᠨ ᠤ ᠬᠠᠮᠠᠭᠠᠯᠠᠯᠳᠠ᠂ ᠲᠡᠦᠭᠡ ᠰᠤᠶᠤᠯ ᠤᠨ ᠬᠠᠮᠠᠭᠠᠯᠠᠯᠳᠠ ᠵᠡᠷᠭᠡ ᠲᠠᠯ᠎ᠠ ᠶᠢᠨ  ᠶᠠᠪᠤᠳᠠᠯ ᠳᠤ ᠬᠢᠵᠠᠭᠠᠷᠯᠠᠨ᠎ᠠ᠃ ᠨᠢᠭᠡᠨᠳᠠ ᠲᠤᠭᠳᠠᠭᠠᠭᠰᠠᠨ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ  ᠲᠤᠭᠳᠠᠭᠠᠯ ᠨᠢ ᠳᠡᠭᠡᠷᠡᠭᠢ ᠶᠠᠪᠤᠳᠠᠯ ᠤᠳ ᠤᠨ ᠬᠡᠪᠴᠢᠶᠠᠨ ᠠᠴᠠ ᠭᠠᠳᠠᠨᠠᠬᠢ ᠲᠠᠢ ᠬᠤᠯᠪᠤᠭᠳᠠᠭᠰᠠᠨ ᠪᠠᠶᠢᠪᠠᠯ  ᠦᠷᠭᠦᠯᠵᠢᠯᠠᠨ ᠬᠦᠴᠦᠨ ᠲᠠᠢ᠃     ᠮᠤᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠭ᠎ᠠ ᠭᠠᠵᠠᠷ ᠤᠨ  ᠬᠤᠳᠠ ᠂ ᠠᠵᠤ ᠠᠬᠤᠢ ᠶᠢᠨ ᠤᠨᠴᠠᠭᠠᠢ ᠤᠷᠤᠨ ᠤ ᠪᠠᠶᠢᠭ᠎ᠠ ᠭᠠᠵᠠᠷ ᠤᠨ ᠬᠤᠳᠠ ᠪᠠ ᠲᠦᠷᠦ ᠶᠢᠨ ᠶᠠᠪᠤᠳᠠᠯ ᠤᠨ  ᠬᠤᠷᠢᠶ᠎ᠠ ᠠᠴᠠ ᠵᠦᠪᠰᠢᠶᠡᠷᠡᠭᠰᠡᠨ ᠲᠤᠮᠤ ᠰᠢᠬ ᠬᠤᠳᠠ ᠠᠴᠠ ᠭᠠᠳᠠᠨ᠎ᠠ᠂ ᠪᠤᠰᠤᠳ ᠲᠤᠭᠤᠷᠢᠭ ᠲᠠᠢ ᠬᠤᠳᠠ᠂  ᠦᠪᠡᠷᠲᠡᠭᠡᠨ ᠵᠠᠰᠠᠬᠤ ᠵᠸᠦ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠡᠬᠢᠯᠡᠨ ᠲᠤᠭᠳᠠᠭᠠᠬᠤ  ᠴᠠᠭ ᠨᠢ ᠲᠤᠰ ᠮᠤᠵᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠠᠴᠠ ᠲᠤᠭᠳᠠᠭᠠᠭᠰᠠᠨ ᠲᠤᠰ ᠬᠤᠳᠠ᠂ ᠦᠪᠡᠷᠲᠡᠭᠡᠨ ᠵᠠᠰᠠᠬᠤ ᠵᠸᠦ ᠶᠢᠨ ᠤᠷᠤᠨ  ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢ ᠡᠬᠢᠯᠡᠨ ᠲᠤᠭᠳᠠᠭᠠᠬᠤ ᠴᠠᠭ ᠲᠠᠢ ᠵᠡᠷᠭᠡᠪᠡᠷ ᠶᠠᠪᠤᠭᠳᠠᠬᠤ ᠭᠡᠷᠡᠭᠲᠡᠢ᠃     ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢ ᠲᠤᠭᠳᠠᠭᠠᠬᠤ ᠴᠢᠬᠤᠯᠠᠲᠠᠢ ᠪᠤᠯᠪᠠᠴᠦ ᠨᠦᠬᠦᠴᠡᠯ  ᠬᠠᠷᠠᠬᠠᠨ ᠪᠦᠷᠢᠯᠳᠦᠬᠡᠳᠦᠢ᠂ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠲᠤᠯᠭᠠᠮ᠎ᠠ ᠱᠠᠭᠠᠷᠳᠠᠯᠭ᠎ᠠ ᠠᠴᠠ ᠪᠤᠯᠵᠦ᠂  ᠤᠷᠢᠳᠠᠪᠡᠷ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠲᠤᠭᠳᠠᠭᠠᠵᠦ ᠪᠤᠯᠤᠨ᠎ᠠ᠃  ᠲᠦᠷᠢᠮ ᠲᠤᠭᠳᠠᠭᠠᠯ ᠢ ᠭᠡᠷᠡᠭᠵᠢᠬᠦᠯᠦᠭᠡᠳ ᠬᠤᠶᠠᠷ ᠵᠢᠯ ᠤᠨ ᠬᠤᠭᠤᠴᠠᠭ᠎ᠠ ᠲᠦᠬᠦᠷᠴᠦ ᠲᠦᠷᠢᠮ ᠲᠤᠭᠳᠠᠭᠠᠯ ᠳᠤ  ᠲᠤᠭᠳᠠᠭᠠᠭᠰᠠᠨ ᠵᠠᠰᠠᠭ ᠵᠠᠬᠢᠷᠭᠠᠨ ᠤ ᠠᠷᠭ᠎ᠠ ᠠᠪᠴᠠᠯ ᠢ ᠦᠷᠬᠦᠯᠵᠢᠯᠡᠨ ᠭᠡᠷᠡᠭᠵᠢᠬᠦᠯᠬᠦ ᠴᠢᠬᠤᠯᠠᠲᠠᠢ ᠪᠠᠶᠢᠪᠡᠯ᠂ ᠲᠤᠰ  ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠲᠡᠬᠦᠨ ᠤ ᠪᠠᠶᠢᠩᠭᠤ ᠶᠢᠨ ᠬᠤᠷᠢᠶ᠎ᠠ ᠳᠤ  ᠲᠡᠪᠰᠢᠬᠦᠯᠦᠨ ᠮᠡᠳᠡᠬᠦᠯᠵᠦ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠲᠤᠭᠳᠠᠭᠠᠯᠭᠠᠨ᠎ᠠ᠃      ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠲᠦᠷᠢᠮ ᠲᠤᠭᠳᠠᠭᠠᠯ ᠤᠨ ᠦᠨᠳᠦᠰᠦᠯᠡᠯ ᠦᠭᠡᠢ ᠪᠤᠯ ᠤᠷᠤᠨ  ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠨᠢ ᠠᠷᠠᠳ ᠢᠷᠭᠡᠨ᠂ ᠬᠠᠤᠯᠢ ᠶᠢᠨ ᠡᠷᠭᠡᠳᠡᠨ ᠪᠠ  ᠪᠤᠰᠤᠳ ᠵᠤᠬᠢᠶᠠᠨ ᠪᠠᠶᠢᠭᠤᠯᠤᠯᠳᠠ ᠶᠢᠨ ᠡᠷᠭᠡ ᠠᠰᠢᠭ ᠪᠤᠶᠤ ᠲᠡᠬᠦᠨ ᠳᠤ ᠨᠡᠮᠡᠭᠰᠡᠨ ᠡᠬᠦᠷᠭᠡ ᠶᠢ ᠬᠠᠰᠤᠨ  ᠬᠤᠬᠢᠷᠠᠭᠤᠯᠬᠤ ᠲᠦᠷᠢᠮ ᠪᠠᠶᠢᠭᠤᠯᠵᠦ ᠪᠤᠯᠬᠤ ᠦᠭᠡᠢ᠃      ᠨᠠᠶᠠᠨ ᠭᠤᠷᠪᠠᠳᠤᠭᠠᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠦᠴᠢᠷ ᠤᠨ ᠲᠦᠷᠢᠮ  ᠲᠤᠭᠳᠠᠭᠠᠯ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠲᠤᠭᠳᠠᠭᠠᠬᠤ ᠲᠠᠰ  ᠲᠠᠷᠠᠭᠠᠯᠠᠯ ᠢ ᠲᠤᠰ ᠬᠠᠥᠯᠢ ᠶᠢᠨ ᠭᠤᠷᠪᠠᠳᠤᠭᠠᠷ ᠪᠦᠯᠦᠭ ᠤᠨ ᠲᠤᠭᠳᠠᠭᠠᠯ ᠢᠶᠠᠷ ᠯᠠᠪᠯᠠᠯᠳᠠ ᠪᠤᠯᠭᠠᠵᠤ ᠲᠦᠷᠦ ᠶᠢᠨ  ᠶᠠᠪᠤᠳᠠᠯ ᠤᠨ ᠬᠤᠷᠢᠶᠠᠨ ᠠᠴᠠ ᠲᠤᠭᠳᠠᠭᠠᠨ᠎ᠠ᠃      ᠨᠠᠶᠠᠨ ᠲᠦᠷᠪᠡᠳᠦᠭᠡᠷ ᠵᠦᠢᠯ    ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠢ ᠰᠠᠯᠠᠭ᠎ᠠ ᠮᠦᠴᠢᠷ ᠤᠨ  ᠠᠵᠢᠯ ᠤᠨ ᠬᠤᠷᠠᠯ ᠪᠤᠶᠤ ᠵᠦᠪᠯᠡᠯ ᠤᠨ ᠬᠤᠷᠠᠯ ᠠᠴᠠ ᠲᠤᠭᠳᠠᠭᠠᠬᠤ ᠭᠡᠷᠡᠭᠳᠡᠢ᠃     ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠵᠠᠰᠠᠭ ᠤᠨ ᠤᠷᠳᠤᠨ ᠤ  ᠪᠠᠶᠢᠩᠭᠤ ᠶᠢᠨ ᠬᠤᠷᠠᠯ ᠪᠤᠶᠤ ᠪᠦᠬᠦᠳᠡ ᠬᠤᠷᠠᠯ ᠠᠴᠠ ᠲᠤᠭᠳᠠᠭᠠᠬᠤ ᠭᠡᠷᠡᠭᠳᠡᠢ᠃      ᠨᠠᠶᠠᠨ ᠲᠠᠪᠤᠳᠤᠭᠠᠷ ᠵᠦᠢᠯ    ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠢ ᠰᠠᠯᠠᠭ᠎ᠠ ᠮᠦᠴᠢᠷ ᠤᠨ  ᠲᠠᠷᠤᠭ᠎ᠠ ᠭᠠᠷ  ᠤᠨ ᠦᠰᠦᠭ ᠵᠢᠷᠦᠵᠤ ᠵᠠᠷᠯᠢᠭ ᠢᠶᠠᠷ ᠨᠡᠶᠢᠳᠡᠯᠡᠨ᠎ᠡ᠃     ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠮᠤᠵᠢ ᠶᠢᠨ ᠲᠠᠷᠤᠭ᠎ᠠ ᠪᠤᠶᠤ  ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ᠂ ᠬᠤᠳᠠ ᠶᠢᠨ ᠲᠠᠷᠤᠭ᠎ᠠ ᠪᠤᠶᠤ ᠦᠪᠡᠷᠲᠡᠭᠡᠨ ᠵᠠᠰᠠᠬᠤ ᠵᠸᠦ ᠶᠢᠨ  ᠲᠠᠷᠤᠭ᠎ᠠ ᠭᠠᠷ ᠤᠨ ᠦᠰᠦᠭ ᠵᠢᠷᠤᠵᠤ ᠵᠠᠷᠯᠢᠭ ᠢᠶᠠᠷ ᠨᠡᠶᠢᠳᠡᠯᠡᠨ᠎ᠡ᠃     ᠨᠠᠶᠠᠨ ᠵᠢᠷᠭᠤᠳᠤᠭᠠᠷ ᠵᠦᠢᠯ    ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠢ ᠭᠠᠷ ᠤᠨ ᠦᠰᠦᠭ ᠵᠢᠷᠦᠵᠦ  ᠨᠡᠶᠢᠳᠡᠯᠡᠭᠰᠡᠨ ᠤ ᠲᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠮᠡᠳᠡᠭᠡ ᠪᠤᠶᠤ ᠰᠠᠯᠠᠭ᠎ᠠ ᠮᠦᠴᠢᠷ ᠤᠨ  ᠠᠯᠪᠠᠨ ᠮᠡᠳᠡᠭᠡ ᠪᠠ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠬᠠᠤᠯᠢ ᠲᠦᠷᠢᠮ ᠤᠨ ᠮᠡᠳᠡᠭᠡ ᠵᠠᠩᠬᠢ ᠶᠢᠨ  ᠰᠦᠯᠵᠢᠶ᠎ᠠ ᠵᠢᠴᠢ ᠪᠦᠬᠦ ᠤᠯᠤᠰ  ᠤᠨ ᠭᠡᠪᠴᠢᠶᠡᠨ ᠳᠤ ᠲᠠᠷᠬᠠᠭᠠᠵᠤ ᠪᠠᠶᠢᠭ᠎ᠠ ᠰᠤᠨᠢᠨ ᠲᠡᠭᠡᠷ᠎ᠡ ᠴᠠᠭ ᠲᠤᠬᠠᠢ ᠳᠤᠨᠢ  ᠨᠡᠶᠢᠳᠡᠯᠡᠬᠦ ᠭᠡᠷᠡᠭᠳᠡᠢ᠃      ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠭᠠᠷ ᠤᠨ ᠦᠰᠦᠭ ᠵᠢᠷᠤᠵᠤ  ᠨᠡᠶᠢᠳᠡᠯᠡᠭᠰᠡᠨ ᠤ ᠲᠠᠷᠠᠭ᠎ᠠ᠂ ᠲᠤᠰ ᠱᠠᠳᠤᠨ ᠤ ᠠᠷᠠᠥᠨ ᠤᠨ ᠵᠠᠰᠠᠭ ᠤᠨ ᠤᠷᠳᠤᠨ ᠤ ᠠᠯᠪᠠᠨ ᠮᠡᠳᠡᠭᠡ ᠪᠠ ᠳᠤᠮᠳᠠᠳᠤ  ᠤᠯᠤᠰ ᠤᠨ ᠵᠠᠰᠠᠭ ᠤᠨ ᠤᠷᠳᠤᠨ ᠤ ᠬᠠᠤᠯᠢ ᠲᠦᠷᠢᠮ ᠤᠨ ᠮᠡᠳᠡᠭᠡ ᠵᠠᠩᠬᠢ ᠶᠢᠨ ᠰᠦᠯᠵᠢᠶ᠎ᠠ ᠵᠢᠴᠢ ᠲᠤᠰ ᠵᠠᠰᠠᠭ  ᠵᠠᠬᠢᠷᠭᠠᠨ ᠤ ᠤᠷᠤᠨ ᠤ ᠭᠡᠪᠴᠢᠶᠡᠨ ᠳᠤ ᠲᠠᠷᠬᠠᠭᠠᠵᠤ ᠪᠠᠶᠢᠭ᠎ᠠ ᠰᠤᠨᠢᠨ ᠲᠡᠭᠡᠷ᠎ᠡ ᠴᠠᠭ ᠲᠤᠬᠠᠢ  ᠳᠤᠨᠢ ᠨᠡᠶᠢᠳᠡᠯᠡᠬᠦ  ᠭᠡᠷᠡᠭᠳᠡᠢ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠮᠡᠳᠡᠭᠡ ᠪᠤᠶᠤ ᠰᠠᠯᠠᠭ᠎ᠠ ᠮᠦᠴᠢᠷ ᠤᠨ ᠠᠯᠪᠠᠨ ᠮᠡᠳᠡᠭᠡ ᠪᠠ ᠤᠷᠤᠨ  ᠨᠤᠳᠤᠭ  ᠤᠨ ᠵᠠᠰᠠᠭ ᠤᠨ ᠤᠷᠳᠤᠨ ᠤ ᠠᠯᠪᠠᠨ ᠮᠡᠳᠡᠭᠡ ᠲᠡᠭᠡᠷ᠎ᠡ ᠨᠡᠶᠢᠳᠡᠯᠡᠭᠰᠡᠨ ᠲᠦᠷᠢᠮ ᠲᠤᠭᠳᠠᠭᠠᠯ ᠤᠨ  ᠪᠢᠴᠢᠭ ᠨᠢ ᠪᠠᠷᠢᠮᠵᠢᠶᠠᠳᠤ ᠪᠢᠴᠢᠭ ᠪᠤᠯᠤᠨ᠎ᠠ᠃      ᠲᠠᠪᠤᠳᠤᠭᠠᠷ ᠪᠦᠯᠥᠭ    ᠬᠡᠷᠡᠭᠯᠡᠬᠦ ᠳᠤ ᠲᠤᠬᠢᠷᠠᠬᠤ ᠪᠠ ᠲᠠᠩᠰᠠᠯᠠᠭᠤᠯᠵᠥ ᠬᠢᠨᠠᠨ ᠪᠠᠶᠢᠴᠠᠭᠠᠬᠤ     ᠨᠠᠶᠠᠨ ᠲᠤᠯᠤᠳᠤᠭᠠᠷ ᠵᠦᠢᠯ    ᠦᠨᠳᠦᠰᠦᠨ ᠬᠠᠤᠯᠢ ᠨᠢ ᠬᠠᠮᠤᠭ ᠲᠡᠭᠡᠳᠤ ᠬᠠᠤᠯᠢ ᠴᠠᠭᠠᠵᠠ ᠶᠢᠨ  ᠬᠦᠴᠦᠨ ᠲᠠᠢ᠂ ᠠᠯᠢᠪᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ  ᠴᠢᠨᠠᠷᠳᠠᠢ ᠬᠠᠤᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠤᠯᠤᠨ ᠲᠤᠰᠬᠠᠢ ᠲᠦᠷᠢᠮ᠂ ᠲᠦᠷᠢᠮ ᠲᠤᠭᠳᠠᠭᠠᠯ  ᠪᠦᠷ ᠦᠨᠳᠦᠰᠦᠨ ᠬᠠᠤᠯᠢ ᠲᠠᠢ ᠬᠠᠷᠰᠢᠯᠳᠤᠵᠥ ᠪᠤᠯᠬᠤ ᠦᠭᠡᠢ᠃     ᠨᠠᠶᠠᠨ ᠨᠠᠢᠮᠠᠳᠤᠭᠠᠷ ᠵᠦᠢᠯ    ᠬᠠᠤᠯᠢ ᠴᠠᠭᠠᠵᠠ ᠶᠢᠨ ᠬᠦᠴᠦᠨ ᠨᠢ ᠵᠠᠰᠠᠭ ᠵᠠᠬᠢᠷᠭᠠᠨ ᠤ ᠬᠠᠤᠯᠢ ᠲᠤᠭᠳᠠᠭᠠᠯ  ᠂ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂ ᠲᠦᠷᠢᠮ ᠲᠤᠭᠳᠠᠭᠠᠯ ᠠᠴᠠ ᠶᠡᠭᠡ᠃ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠬᠦᠴᠦᠨ ᠨᠢ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂  ᠲᠦᠷᠢᠮ ᠲᠤᠭᠳᠠᠭᠠᠯ ᠠᠴᠠ ᠶᠡᠭᠡ᠃     ᠨᠠᠶᠠ ᠶᠢᠰᠦᠳᠦᠭᠡᠷ ᠵᠦᠢᠯ    ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠤᠨ ᠬᠦᠴᠦᠨ ᠨᠢ ᠲᠤᠰ  ᠱᠠᠳᠤᠨ ᠤ ᠪᠠ ᠲᠤᠤᠷᠠᠳᠤ ᠱᠠᠳᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠠᠴᠠ  ᠦᠨᠳᠦᠷ᠃     ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠳᠠᠭᠠᠭᠰᠠᠠ ᠲᠦᠷᠢᠮ  ᠲᠤᠭᠳᠠᠭᠠᠯ ᠤᠨ ᠬᠦᠴᠦᠨ ᠨᠢ ᠲᠤᠰ ᠵᠠᠰᠠᠭ ᠵᠠᠬᠢᠷᠭᠠᠨ ᠤ ᠤᠷᠤᠨ ᠤ ᠲᠤᠭᠤᠷᠢᠭ ᠲᠠᠢ ᠬᠤᠳᠠ᠂ ᠦᠪᠡᠷᠳᠡᠭᠡᠨ  ᠵᠠᠰᠠᠬᠤ ᠵᠸᠥ ᠶᠢᠨ ᠠᠷᠠᠳ  ᠤᠨ ᠵᠠᠰᠠᠭ ᠤᠨ ᠤᠷᠳᠤᠨ ᠤ ᠲᠤᠭᠳᠠᠭᠠᠭᠰᠠᠠ ᠲᠦᠷᠢᠮ ᠲᠤᠭᠳᠠᠭᠠᠯ ᠠᠴᠠ ᠶᠡᠭᠡ᠃            ᠶᠡᠷᠡᠳᠤᠬᠡᠷ ᠵᠦᠢᠯ    ᠦᠪᠡᠷᠳᠡᠭᠡᠨ ᠵᠠᠰᠠᠬᠤ ᠲᠦᠷᠢᠮ ᠪᠤᠯᠤᠨ ᠲᠤᠰᠬᠠᠢ ᠲᠦᠷᠢᠮ ᠨᠢ ᠬᠠᠤᠯᠢ ᠶᠤᠰᠤᠭᠠᠷ  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ ᠳᠤ ᠵᠤᠬᠢᠴᠠᠭᠤᠯᠤᠨ ᠬᠤᠪᠢᠷᠠᠭᠤᠯᠬᠤ ᠲᠤᠭᠳᠠᠭᠠᠯ ᠭᠠᠷᠭᠠᠪᠠᠯ᠂ ᠲᠤᠰ ᠦᠪᠡᠷᠳᠡᠭᠡᠨ ᠵᠠᠰᠠᠬᠤ ᠭᠠᠵᠠᠷ  ᠤᠷᠤᠨ ᠳᠤ ᠦᠪᠡᠷᠳᠡᠭᠡᠨ ᠵᠠᠰᠠᠬᠤ ᠲᠦᠷᠢᠮ ᠪᠤᠯᠤᠨ ᠲᠤᠰᠬᠠᠢ ᠲᠦᠷᠢᠮ ᠤᠨ ᠲᠤᠭᠳᠠᠭᠠᠯ ᠢ ᠬᠡᠷᠡᠭᠯᠡᠨ᠎ᠡ᠃      ᠠᠵᠥ ᠠᠬᠤᠢ ᠶᠢᠨ ᠤᠨᠴᠠᠭᠠᠢ ᠤᠷᠤᠨ ᠤ ᠬᠠᠤᠯᠢ ᠲᠦᠷᠢᠮ ᠨᠢ ᠤᠯᠭᠤᠭᠰᠠᠨ ᠡᠷᠬᠡ ᠪᠠᠨ ᠦᠨᠳᠦᠰᠦᠯᠠᠨ  ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ ᠳᠤ ᠵᠤᠬᠢᠴᠠᠭᠤᠯᠤᠨ ᠬᠤᠪᠢᠷᠠᠭᠤᠯᠬᠤ ᠲᠤᠭᠳᠠᠭᠠᠯ ᠭᠠᠷᠭᠠᠪᠠᠯ᠂ ᠲᠤᠰ ᠠᠵᠥ ᠠᠬᠤᠢ ᠶᠢᠨ ᠤᠨᠴᠠᠭᠠᠢ  ᠤᠷᠤᠨ ᠳᠤ ᠠᠵᠥ ᠠᠬᠤᠢ ᠶᠢᠨ ᠤᠨᠴᠠᠭᠠᠢ ᠤᠷᠤᠨ ᠤ ᠬᠠᠤᠯᠢ ᠲᠦᠷᠢᠮ ᠤᠨ ᠲᠤᠭᠳᠠᠭᠠᠯ ᠢ ᠬᠡᠷᠡᠭᠯᠡᠨ᠎ᠡ᠃      ᠶᠡᠷᠡᠨ ᠨᠢᠬᠡᠳᠤᠭᠡᠷ ᠵᠦᠢᠯ    ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠤᠨ ᠬᠤᠭᠤᠷᠤᠨᠳᠤ᠂ ᠰᠠᠯᠠᠭ᠎ᠠ  ᠮᠦᠴᠢᠷ ᠤᠨ ᠲᠦᠷᠢᠮ ᠲᠤᠭᠳᠠᠭᠠᠯ ᠪᠤᠯᠤᠨ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠤᠨ  ᠬᠤᠭᠤᠷᠤᠨᠳᠤ ᠠᠳᠠᠯᠢ ᠬᠦᠴᠦᠨ ᠲᠠᠢ᠂ ᠦᠪᠡᠷ ᠦᠪᠡᠷ ᠤᠨ ᠡᠷᠬᠡ ᠶᠢᠨ ᠬᠡᠪᠴᠢᠶᠠᠨ ᠲᠤᠳᠤᠷ᠎ᠡ ᠪᠠᠨ ᠬᠡᠷᠡᠭᠵᠢᠬᠦᠯᠥᠨ᠎ᠡ  ᠃     ᠶᠡᠷᠡᠨ ᠬᠤᠶᠠᠳᠤᠭᠠᠷ ᠵᠦᠢᠯ    ᠠᠳᠠᠯᠢ ᠨᠢᠬᠡ ᠪᠠᠶᠢᠭᠤᠯᠤᠯᠭ᠎ᠠ ᠶᠢᠨ ᠲᠤᠭᠳᠠᠭᠠᠭᠰᠠᠠ ᠬᠠᠤᠯᠢ ᠴᠠᠭᠠᠵᠠ᠂  ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂ ᠦᠪᠡᠷᠳᠡᠭᠡᠨ  ᠵᠠᠰᠠᠬᠤ ᠲᠦᠷᠢᠮ ᠪᠤᠯᠤᠨ ᠲᠤᠰᠬᠠᠢ ᠲᠦᠷᠢᠮ᠂ ᠲᠦᠷᠢᠮ ᠲᠤᠭᠳᠠᠭᠠᠯ᠂ ᠤᠨᠴᠠᠭᠠᠢ ᠲᠤᠭᠳᠠᠭᠠᠯ ᠨᠢ ᠡᠩ ᠤᠨ  ᠲᠤᠭᠳᠠᠭᠠᠯ ᠲᠠᠢ ᠨᠢᠬᠡᠳᠤᠯ ᠦᠭᠡᠢ ᠪᠤᠯ ᠤᠨᠴᠠᠭᠠᠢ ᠲᠤᠭᠳᠠᠭᠠᠯ ᠢ ᠬᠡᠷᠡᠭᠯᠡᠨ᠎ᠡ︔ ᠰᠢᠨ᠎ᠡ ᠲᠤᠭᠳᠠᠭᠠᠯ ᠨᠢ ᠬᠠᠭᠤᠴᠢᠨ  ᠲᠤᠭᠳᠠᠭᠠᠯ ᠲᠠᠢ ᠨᠢᠬᠡᠳᠤᠯ ᠦᠭᠡᠢ ᠪᠤᠯ ᠰᠢᠨ᠎ᠡ ᠲᠤᠭᠳᠠᠭᠠᠯ ᠢ ᠬᠡᠷᠡᠭᠯᠡᠨ᠎ᠡ᠃      ᠶᠡᠷᠡᠨ ᠭᠤᠷᠪᠠᠳᠤᠭᠠᠷ ᠵᠦᠢᠯ    ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ  ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠤᠯᠤᠨ ᠲᠤᠰᠬᠠᠢ ᠲᠦᠷᠢᠮ᠂  ᠲᠦᠷᠢᠮ ᠲᠤᠭᠳᠠᠭᠠᠯ ᠤᠨ ᠦᠩᠭᠡᠷᠡᠭᠰᠡᠡ  ᠢ ᠨᠡᠬᠡᠮᠵᠢᠯᠡᠬᠦ ᠦᠭᠡᠢ᠂ ᠬᠡᠪᠡᠴᠦ ᠠᠷᠠᠳ ᠢᠷᠭᠡᠨ᠂ ᠬᠠᠤᠯᠢ ᠶᠢᠨ ᠡᠷᠭᠡᠳᠡᠨ  ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠡᠷᠬᠡ ᠪᠤᠯᠤᠨ ᠠᠰᠢᠬ ᠲᠤᠰᠠ ᠶᠢ ᠨᠡᠩ ᠰᠠᠶᠢᠳᠤᠷ ᠬᠠᠮᠠᠭᠠᠯᠠᠬᠤ ᠶᠢᠨ  ᠲᠥᠯᠥᠬᠡ ᠲᠤᠭᠳᠠᠭᠠᠭᠰᠠᠠ ᠤᠨᠴᠠᠭᠠᠢ ᠲᠤᠭᠳᠠᠭᠠᠯ ᠡᠬᠦᠨ ᠳᠤ ᠪᠠᠭᠲᠠᠬᠤ ᠦᠭᠡᠢ᠃     ᠶᠡᠷᠡᠨ ᠲᠦᠷᠪᠡᠳᠤᠭᠡᠷ ᠵᠦᠢᠯ    ᠬᠠᠤᠯᠢ ᠴᠠᠭᠠᠵᠠ ᠶᠢᠨ ᠬᠤᠭᠤᠷᠤᠨᠳᠤ ᠠᠳᠠᠯᠢ ᠨᠢᠬᠡ ᠶᠠᠪᠤᠳᠠᠯ ᠤᠳ ᠤᠨ  ᠲᠤᠬᠠᠢ ᠰᠢᠨ᠎ᠡ ᠡᠩ  ᠤᠨ ᠲᠤᠭᠳᠠᠭᠠᠯ ᠪᠤᠯᠤᠨ ᠬᠠᠭᠤᠴᠢᠨ ᠤᠨᠴᠠᠭᠠᠢ ᠲᠤᠭᠳᠠᠭᠠᠯ ᠨᠢᠬᠡᠳᠤᠯ ᠦᠭᠡᠢ ᠪᠤᠯᠵᠥ᠂  ᠶᠠᠭᠠᠬᠢᠵᠥ ᠬᠡᠷᠡᠭᠯᠡᠬᠦ ᠪᠠᠨ ᠲᠤᠭᠳᠠᠭᠠᠵᠥ ᠲᠡᠶᠢᠯᠬᠦ ᠦᠭᠡᠢ ᠪᠤᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠠᠴᠠ ᠲᠠᠰᠤᠯᠤᠯᠳᠠ ᠭᠠᠷᠭᠠᠨ᠎ᠠ᠃      ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠬᠤᠭᠤᠷᠤᠨᠳᠤ ᠠᠳᠠᠯᠢ ᠨᠢᠬᠡ ᠶᠠᠪᠤᠳᠠᠯ ᠤᠨ ᠲᠤᠬᠠᠢ ᠰᠢᠨ᠎ᠡ  ᠡᠩ ᠤᠨ ᠲᠤᠭᠳᠠᠭᠠᠯ ᠪᠤᠯᠤᠨ ᠬᠠᠭᠤᠴᠢᠨ ᠤᠨᠴᠠᠭᠠᠢ ᠲᠤᠭᠳᠠᠭᠠᠯ ᠨᠢᠬᠡᠳᠤᠯ ᠦᠭᠡᠢ ᠪᠤᠯᠵᠥ᠂ ᠶᠠᠭᠠᠬᠢᠵᠥ  ᠬᠡᠷᠡᠭᠯᠡᠬᠦ ᠪᠠᠨ ᠲᠤᠭᠳᠠᠭᠠᠵᠥ ᠳᠡᠶᠢᠯᠬᠦ ᠦᠭᠡᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠠᠰᠤᠯᠤᠯᠳᠠ  ᠭᠠᠷᠭᠠᠨ᠎ᠠ᠃     ᠶᠡᠷᠡᠨ ᠲᠠᠪᠤᠳᠤᠭᠠᠷ ᠵᠦᠢᠯ    ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂ ᠲᠦᠷᠢᠮ  ᠲᠤᠭᠳᠠᠭᠠᠯ ᠤᠨ ᠬᠤᠭᠤᠷᠤᠨᠳᠤ ᠨᠢᠬᠡᠳᠤᠯ ᠦᠭᠡᠢ ᠪᠤᠯ ᠬᠠᠮᠢᠶ᠎ᠠ ᠪᠦᠬᠦᠢ ᠪᠠᠶᠢᠭᠤᠯᠤᠯᠭ᠎ᠠ ᠲᠤᠤᠷᠠᠬᠢ ᠲᠤᠭᠳᠠᠭᠠᠯ ᠤᠨ  ᠡᠷᠬᠡ ᠶᠢᠨ ᠬᠢᠵᠠᠭᠠᠷ ᠢ ᠦᠨᠳᠦᠰᠦᠯᠡᠵᠥ ᠲᠠᠰᠤᠯᠤᠯᠳᠠ ᠭᠠᠷᠭᠠᠨ᠎ᠠ᠄     ︵ᠨᠢᠬᠡ︶ ᠠᠳᠠᠯᠢ ᠨᠢᠬᠡ ᠪᠠᠶᠢᠭᠤᠯᠤᠯᠭ᠎ᠠ ᠶᠢᠨ ᠲᠤᠭᠳᠠᠭᠠᠭᠰᠠᠠ ᠰᠢᠨ᠎ᠡ ᠡᠩ ᠤᠨ ᠲᠤᠭᠳᠠᠭᠠᠯ ᠪᠤᠯᠤᠨ  ᠬᠠᠭᠤᠴᠢᠨ ᠤᠨᠴᠠᠭᠠᠢ ᠲᠤᠭᠳᠠᠭᠠᠯ ᠨᠢᠭᠡᠳᠦᠯ ᠦᠭᠡᠢ ᠪᠤᠯ ᠲᠤᠭᠳᠠᠭᠠᠭᠰᠠᠠ ᠪᠠᠶᠢᠭᠤᠯᠤᠯᠭ᠎ᠠ ᠲᠠᠰᠤᠯᠤᠯᠳᠠ  ᠭᠠᠷᠭᠠᠨ᠎ᠠ      ︵ᠬᠤᠶᠠᠷ︶ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠪᠠ ᠰᠠᠯᠠᠭ᠎ᠠ ᠮᠦᠴᠢᠷ ᠤᠨ ᠲᠦᠷᠢᠮ  ᠲᠤᠭᠳᠠᠭᠠᠯ ᠤᠨ ᠬᠤᠭᠤᠷᠤᠨᠳᠤ ᠠᠳᠠᠯᠢ ᠨᠢᠬᠡ ᠶᠠᠪᠤᠳᠠᠯ ᠤᠨ ᠲᠤᠬᠠᠢ ᠲᠤᠭᠳᠠᠭᠠᠯ ᠨᠢᠬᠡᠳᠤᠯ ᠦᠭᠡᠢ ᠪᠤᠯᠵᠥ᠂  ᠶᠠᠭᠠᠬᠢᠵᠥ ᠬᠡᠷᠡᠭᠯᠡᠬᠦ ᠪᠠᠨ ᠲᠤᠭᠳᠠᠭᠠᠵᠥ ᠲᠡᠶᠢᠯᠬᠦ ᠦᠭᠡᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠰᠠᠨᠠᠯ  ᠲᠤᠷᠠᠳᠴᠦ᠂ ᠲᠦᠷᠦ ᠶᠢᠨ ᠶᠠᠪᠤᠳᠠᠯ  ᠤᠨ ᠬᠤᠷᠢᠶ᠎ᠠ ᠠᠴᠠ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢ  ᠬᠡᠷᠡᠭᠯᠡᠪᠡᠯ ᠵᠤᠬᠢᠰᠳᠠᠢ ᠬᠡᠵᠥ ᠦᠵᠡᠪᠡᠯ᠂ ᠲᠤᠰ ᠭᠠᠵᠠᠷ ᠤᠷᠤᠨ ᠳᠤ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ ᠢ ᠬᠡᠷᠡᠭᠯᠡᠬᠦ ᠲᠤᠭᠳᠠᠭᠠᠯ ᠭᠠᠷᠭᠠᠪᠠᠯ ᠵᠤᠬᠢᠨ᠎ᠠ︔      ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠢ ᠬᠡᠷᠡᠭᠯᠡᠪᠡᠯ ᠵᠤᠬᠢᠰᠳᠠᠢ ᠬᠡᠵᠥ ᠦᠵᠡᠪᠡᠯ᠂ ᠪᠦᠬᠦ ᠤᠯᠤᠰ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠡᠪᠰᠢᠬᠦᠯᠵᠥ ᠲᠠᠰᠤᠯᠤᠯᠳᠠ  ᠭᠠᠷᠭᠠᠯᠭᠠᠬᠤ ᠬᠡᠷᠡᠭᠳᠡᠢ᠃     ︵ᠭᠤᠷᠪᠠ︶ ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠤᠨ ᠬᠤᠭᠤᠷᠤᠨᠳᠤ᠂ ᠰᠠᠯᠠᠭ᠎ᠠ ᠮᠦᠴᠢᠷ ᠤᠨ  ᠲᠦᠷᠢᠮ ᠲᠤᠭᠳᠠᠭᠠᠯ ᠪᠠ ᠵᠠᠰᠠᠭ ᠤᠨ ᠤᠷᠳᠤᠨ ᠤ ᠲᠦᠷᠢᠮ ᠲᠤᠭᠳᠠᠭᠠᠯ ᠤᠨ ᠬᠤᠭᠤᠷᠤᠨᠳᠤ ᠠᠳᠠᠯᠢ ᠨᠢᠬᠡ  ᠶᠠᠪᠤᠳᠠᠯ ᠤᠨ ᠲᠤᠬᠠᠢ ᠲᠤᠭᠳᠠᠭᠠᠯ ᠨᠢᠭᠡᠳᠦᠯ ᠦᠭᠡᠢ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠠᠰᠤᠯᠤᠯᠳᠠ  ᠭᠠᠷᠭᠠᠨ᠎ᠠ᠃ ᠤᠯᠭᠤᠭᠰᠠᠨ ᠡᠷᠬᠡ ᠶᠢ ᠦᠨᠳᠦᠰᠦᠯᠡᠨ ᠲᠤᠭᠳᠠᠭᠠᠭᠰᠠᠠ ᠬᠠᠤᠯᠢ ᠲᠦᠷᠢᠮ ᠪᠠ ᠬᠠᠤᠯᠢ ᠲᠤᠭᠳᠠᠭᠠᠯ ᠨᠢᠬᠡᠳᠤᠯ ᠦᠭᠡᠢ  ᠪᠤᠯᠵᠥ᠂ ᠶᠠᠭᠠᠬᠢᠵᠥ ᠬᠡᠷᠡᠭᠯᠡᠬᠦ ᠪᠠᠨ ᠲᠤᠭᠳᠠᠭᠠᠵᠥ ᠲᠡᠶᠢᠯᠬᠦ ᠦᠭᠡᠢ ᠪᠤᠯ ᠪᠦᠬᠦ ᠤᠯᠤᠰ ᠤᠨ ᠠᠷᠠᠳ ᠤᠨ  ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠠᠰᠤᠯᠤᠯᠳᠠ ᠭᠠᠷᠭᠠᠨ᠎ᠠ᠃     ᠶᠡᠷᠡᠨ ᠵᠢᠷᠭᠤᠳᠤᠭᠠᠷ ᠵᠦᠢᠯ    ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ  ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ᠂ ᠲᠦᠷᠢᠮ  ᠲᠤᠭᠳᠠᠭᠠᠯ ᠳᠤ ᠲᠤᠤᠷ᠎ᠠ ᠵᠢᠠᠠᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ  ᠪᠠᠶᠢᠭᠤᠯᠤᠯᠭ᠎ᠠ ᠨᠤᠭᠤᠳ ᠲᠤᠰ ᠬᠠᠥᠯᠢ ᠶᠢᠨ ᠶᠡᠷᠡᠨ ᠲᠤᠯᠤᠳᠤᠭᠠᠷ ᠵᠦᠢᠯ ᠳᠤ ᠲᠤᠭᠳᠠᠭᠠᠭᠰᠠᠨ ᠡᠷᠭᠡ ᠶᠢᠨ ᠬᠢᠵᠠᠭᠠᠷ  ᠶᠤᠰᠤᠭᠠᠷ ᠬᠤᠪᠢᠷᠠᠭᠤᠯᠬᠤ ᠪᠤᠶᠤ ᠬᠦᠴᠦᠨ ᠦᠭᠡᠢ ᠪᠤᠯᠭᠠᠨ᠎ᠠ᠄     ︵ᠨᠢᠭᠡ︶ ᠡᠷᠭᠡ ᠶᠢᠨ ᠬᠡᠪᠴᠢᠶ᠎ᠡ ᠠᠴᠠ ᠲᠠᠪᠠᠭᠰᠠᠨ︔      ︵ᠬᠤᠶᠠᠷ︶ ᠲᠤᠤᠷᠠᠳᠤ ᠲᠡᠰ ᠤᠨ ᠬᠠᠥᠯᠢ ᠨᠢ ᠲᠡᠭᠡᠳᠦ ᠲᠡᠰ ᠤᠨ ᠬᠠᠥᠯᠢ ᠶᠢᠨ ᠲᠤᠭᠳᠠᠭᠠᠯ ᠢ ᠵᠦᠷᠢᠴᠡᠭᠰᠡᠨ︔    ︵ᠭᠤᠷᠪᠠ︶ ᠲᠦᠷᠢᠮ ᠲᠤᠭᠳᠠᠭᠠᠯ ᠤᠨ ᠬᠤᠭᠤᠷᠤᠨᠳᠤ ᠪᠠᠨ ᠠᠳᠠᠯᠢ ᠨᠢᠭᠡᠨ ᠶᠠᠪᠤᠳᠠᠯ ᠤᠨ ᠲᠤᠬᠠᠢ  ᠲᠤᠭᠳᠠᠭᠠᠯ ᠨᠢ ᠨᠢᠭᠡᠳᠦᠯ ᠦᠭᠡᠢ ᠪᠠᠶᠢᠵᠤ᠂ ᠲᠠᠰᠤᠯᠤᠨ ᠲᠤᠭᠳᠠᠭᠠᠬᠤ ᠪᠠᠷ ᠲᠠᠮᠵᠢᠭᠠᠥᠨ ᠨᠢᠭᠡ ᠲᠠᠯ᠎ᠠ ᠶᠢᠨ  ᠲᠤᠭᠳᠠᠭᠠᠯ ᠢ ᠬᠤᠪᠢᠷᠠᠭᠤᠯᠬᠤ ᠪᠤᠶᠤ ᠬᠦᠴᠦᠨ ᠦᠭᠡᠢ ᠪᠤᠯᠭᠠᠬᠤ ᠭᠡᠷᠡᠭᠳᠡᠢ ᠪᠠᠶᠢᠬᠤ︔    ︵ᠲᠦᠷᠪᠡ︶ ᠲᠦᠷᠢᠮ ᠲᠤᠭᠳᠠᠭᠠᠯ ᠤᠨ ᠲᠤᠭᠳᠠᠭᠠᠯ ᠢ ᠵᠤᠬᠢᠰ ᠦᠭᠡᠢ ᠭᠡᠵᠦ ᠦᠵᠡᠬᠡᠥᠨ᠂ ᠬᠤᠪᠢᠷᠠᠭᠤᠯᠬᠤ  ᠪᠤᠶᠤ ᠬᠦᠴᠦᠨ ᠦᠭᠡᠢ ᠪᠤᠯᠭᠠᠬᠤ ᠴᠢᠬᠤᠯᠠᠲᠠᠢ ᠪᠠᠶᠢᠬᠤ︔          ︵ᠲᠠᠪᠤ︶ ᠬᠠᠥᠯᠢ ᠳᠤ ᠲᠤᠭᠳᠠᠭᠠᠭᠰᠠᠨ ᠲᠡᠰ ᠲᠠᠷᠠᠭᠠᠯᠠᠯ ᠢ ᠵᠦᠷᠢᠴᠡᠭᠰᠡᠨ᠃     ᠶᠡᠷᠡᠨ ᠲᠤᠯᠤᠳᠤᠭᠠᠷ ᠵᠦᠢᠯ   ᠬᠠᠥᠯᠢ ᠴᠠᠭᠠᠵᠠ᠂ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ  ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ᠂ ᠲᠦᠷᠢᠮ  ᠲᠤᠭᠳᠠᠭᠠᠯ ᠢ ᠬᠤᠪᠢᠷᠠᠭᠤᠯᠬᠤ ᠪᠤᠶᠤ ᠬᠦᠴᠦᠨ ᠦᠭᠡᠢ ᠪᠤᠯᠭᠠᠬᠤ ᠡᠷᠭᠡ ᠶᠢᠨ ᠭᠡᠪᠴᠢᠶ᠎ᠡ᠄     ︵ᠨᠢᠭᠡ︶ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠨᠢ ᠲᠡᠬᠦᠨ ᠤ  ᠪᠠᠶᠢᠩᠭᠤ ᠶᠢᠨ ᠬᠤᠷᠢᠶᠠᠨ ᠤ ᠲᠤᠭᠳᠠᠭᠠᠭᠰᠠᠨ ᠵᠦᠢ ᠵᠤᠬᠢᠰ ᠦᠭᠡᠢ ᠬᠠᠥᠯᠢ ᠴᠠᠭᠠᠵᠠ ᠶᠢ ᠬᠤᠪᠢᠷᠠᠭᠤᠯᠬᠤ ᠪᠤᠶᠤ  ᠬᠦᠴᠦᠨ ᠦᠭᠡᠢ ᠪᠤᠯᠭᠠᠬᠤ ᠡᠷᠭᠡ ᠲᠠᠢ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠵᠦᠪᠰᠢᠶᠡᠷᠡᠭᠰᠡᠨ ᠦᠨᠳᠦᠰᠦᠨ ᠬᠠᠥᠯᠢ ᠪᠠ ᠲᠤᠰ ᠬᠠᠥᠯᠢ ᠶᠢᠨ ᠲᠠᠯᠠᠨ ᠲᠠᠪᠤᠳᠤᠭᠠᠷ  ᠵᠦᠢᠯ ᠤᠨ ᠬᠤᠶᠠᠳᠤᠭᠠᠷ ᠵᠤᠷᠪᠤᠰ ᠤᠨ ᠲᠤᠭᠳᠠᠭᠠᠯ ᠢ ᠵᠦᠷᠢᠴᠡᠭᠰᠡᠨ ᠦᠪᠡᠷᠳᠡᠭᠡᠨ ᠵᠠᠰᠠᠬᠤ ᠲᠦᠷᠢᠮ ᠪᠠ ᠲᠤᠰᠬᠠᠢ  ᠲᠦᠷᠢᠮ ᠢ ᠬᠦᠴᠦᠨ ᠦᠭᠡᠢ ᠪᠤᠯᠭᠠᠬᠤ ᠡᠷᠭᠡ ᠲᠠᠢ︔      ︵ᠬᠤᠶᠠᠷ︶ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠨᠢ ᠦᠨᠳᠦᠰᠦᠨ ᠬᠠᠥᠯᠢ ᠪᠠ ᠬᠠᠥᠯᠢ ᠴᠠᠭᠠᠵᠠ ᠲᠠᠢ ᠬᠠᠷᠰᠢᠯᠳᠦᠬᠤ ᠵᠠᠰᠠᠭ ᠵᠠᠬᠢᠷᠭᠠᠨ ᠤ ᠬᠠᠥᠯᠢ  ᠲᠤᠭᠳᠠᠭᠠᠯ ᠢ ᠬᠦᠴᠦᠨ ᠦᠭᠡᠢ ᠪᠤᠯᠭᠠᠬᠤ ᠡᠷᠭᠡ ᠲᠠᠢ᠂ ᠦᠨᠳᠦᠰᠦᠨ ᠬᠠᠥᠯᠢ᠂ ᠬᠠᠥᠯᠢ ᠴᠠᠭᠠᠵᠠ ᠪᠠ ᠵᠠᠰᠠᠭ  ᠵᠠᠬᠢᠷᠭᠠᠨ ᠤ ᠬᠠᠥᠯᠢ ᠲᠤᠭᠳᠠᠭᠠᠯ ᠲᠠᠢ ᠬᠠᠷᠰᠢᠯᠳᠤᠬᠤ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ  ᠬᠦᠴᠦᠨ ᠦᠭᠡᠢ ᠪᠤᠯᠭᠠᠬᠤ ᠡᠷᠭᠡ ᠲᠠᠢ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ  ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠦᠪᠰᠢᠶᠡᠷᠡᠭᠰᠡᠨ ᠦᠨᠳᠦᠰᠦᠨ  ᠬᠠᠥᠯᠢ ᠪᠠ ᠲᠤᠰ ᠬᠠᠥᠯᠢ ᠶᠢᠨ ᠲᠠᠯᠠᠨ ᠲᠠᠪᠤᠳᠤᠭᠠᠷ ᠵᠦᠢᠯ ᠤᠨ ᠬᠤᠶᠠᠳᠤᠭᠠᠷ ᠵᠤᠷᠪᠤᠰ ᠤᠨ ᠲᠤᠭᠳᠠᠭᠠᠯ ᠢ  ᠵᠦᠷᠢᠴᠡᠭᠰᠡᠨ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠬᠦᠴᠦᠨ ᠦᠭᠡᠢ ᠪᠤᠯᠭᠠᠬᠤ ᠡᠷᠭᠡ ᠲᠠᠢ︔     ︵ᠭᠤᠷᠪᠠ︶ ᠲᠦᠷᠦ ᠶᠢᠨ ᠶᠠᠪᠤᠳᠠᠯ ᠤᠨ ᠬᠤᠷᠢᠶ᠎ᠠ ᠨᠢ ᠵᠦᠢ ᠵᠤᠬᠢᠰ ᠦᠭᠡᠢ ᠰᠠᠯᠠᠭ᠎ᠠ ᠮᠦᠴᠢᠷ ᠤᠨ ᠲᠦᠷᠢᠮ  ᠲᠤᠭᠳᠠᠭᠠᠯ ᠪᠠ ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠬᠤᠪᠢᠷᠠᠭᠤᠯᠬᠤ ᠪᠤᠶᠤ  ᠬᠦᠴᠦᠨ ᠦᠭᠡᠢ ᠪᠤᠯᠭᠠᠬᠤ ᠡᠷᠭᠡ ᠲᠠᠢ︔     ︵ᠲᠦᠷᠪᠡ︶ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠨᠢ ᠲᠡᠬᠦᠨ ᠤ ᠪᠠᠶᠢᠩᠭᠤ ᠶᠢᠨ ᠬᠤᠷᠢᠶᠠᠨ ᠤ ᠲᠤᠭᠳᠠᠭᠠᠭᠰᠠᠨ ᠪᠠ  ᠵᠦᠪᠰᠢᠶᠡᠷᠡᠭᠰᠡᠨ ᠵᠦᠢ ᠵᠤᠬᠢᠰ ᠦᠭᠡᠢ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ ᠬᠤᠪᠢᠷᠠᠭᠤᠯᠬᠤ ᠪᠤᠶᠤ  ᠬᠦᠴᠦᠨ ᠦᠭᠡᠢ ᠪᠤᠯᠭᠠᠬᠤ ᠡᠷᠭᠡ ᠲᠠᠢ︔      ︵ᠲᠠᠪᠤ︶ ᠤᠷᠤᠨ ᠨᠤᠳᠤᠭ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠨᠢ ᠲᠤᠰ ᠱᠠᠳᠤᠨ ᠤ ᠠᠷᠠᠥᠨ ᠤᠨ ᠵᠠᠰᠠᠭ ᠤᠨ ᠤᠷᠳᠤᠨ ᠤ ᠲᠤᠭᠳᠠᠭᠠᠭᠰᠠᠨ ᠵᠦᠢ ᠵᠤᠬᠢᠰ ᠦᠭᠡᠢ ᠲᠦᠷᠢᠮ  ᠲᠤᠭᠳᠠᠭᠠᠯ ᠢ ᠬᠦᠴᠦᠨ ᠦᠭᠡᠢ ᠪᠤᠯᠭᠠᠬᠤ ᠡᠷᠭᠡ ᠲᠠᠢ︔      ︵ᠵᠢᠷᠭᠤᠭ᠎ᠠ︶ ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠥᠨ ᠤᠨ ᠵᠠᠰᠠᠭ ᠤᠨ ᠤᠷᠳᠤᠨ ᠨᠢ ᠲᠤᠤᠷ᠎ᠠ  ᠨᠢᠭᠡ ᠱᠠᠳᠤᠨ ᠤ ᠠᠷᠠᠥᠨ ᠤᠨ ᠵᠠᠰᠠᠭ ᠤᠨ ᠤᠷᠳᠤᠨ ᠤ ᠲᠤᠭᠳᠠᠭᠠᠭᠰᠠᠨ ᠵᠦᠢ ᠵᠤᠬᠢᠰ ᠦᠭᠡᠢ ᠲᠦᠷᠢᠮ  ᠲᠤᠭᠳᠠᠭᠠᠯ ᠢ ᠬᠤᠪᠢᠷᠠᠭᠤᠯᠬᠤ ᠪᠤᠶᠤ  ᠬᠦᠴᠦᠨ ᠦᠭᠡᠢ ᠪᠤᠯᠭᠠᠬᠤ ᠡᠷᠭᠡ ᠲᠠᠢ︔      ︵ᠲᠤᠯᠤᠭ᠎ᠠ︶ ᠡᠷᠭᠡ ᠤᠯᠭᠤᠭᠰᠠᠨ ᠪᠠᠶᠢᠭᠤᠯᠤᠯᠭ᠎ᠠ ᠨᠢ ᠡᠷᠭᠡ ᠤᠯᠤᠭᠰᠠᠨ ᠪᠠᠶᠢᠭᠤᠯᠤᠯᠭ᠎ᠠ ᠶᠢᠨ  ᠲᠤᠭᠳᠠᠭᠠᠭᠰᠠᠨ ᠡᠷᠭᠡ ᠤᠯᠭᠤᠭᠰᠠᠨ ᠪᠠᠶᠢᠳᠠᠯ ᠪᠤᠶᠤ ᠡᠷᠭᠡ ᠤᠯᠭᠤᠭᠰᠠᠨ ᠵᠤᠷᠢᠯᠭ᠎ᠠ ᠠᠴᠠ ᠵᠦᠷᠢᠴᠡᠭᠰᠡᠨ ᠬᠠᠥᠯᠢ  ᠲᠤᠭᠳᠠᠭᠠᠯ ᠢ ᠬᠦᠴᠦᠨ ᠦᠭᠡᠢ ᠪᠤᠯᠭᠠᠬᠤ ᠡᠷᠭᠡ ᠲᠠᠢ᠂ ᠴᠢᠬᠤᠯᠠᠲᠠᠢ ᠦᠶᠡᠰ ᠤᠯᠭᠤᠭᠰᠠᠨ ᠡᠷᠭᠡ ᠪᠠᠨ ᠬᠦᠴᠦᠨ  ᠦᠭᠡᠢ ᠪᠤᠯᠭᠠᠵᠤ ᠪᠤᠯᠤᠨ᠎ᠠ᠃     ᠶᠡᠷᠡᠨ ᠨᠠᠢᠮᠠᠳᠤᠭᠠᠷ ᠵᠦᠢᠯ    ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ  ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ᠂ ᠲᠦᠷᠢᠮ ᠲᠤᠭᠳᠠᠭᠠᠯ ᠢ  ᠨᠡᠶᠢᠳᠡᠯᠡᠭᠰᠡᠨ ᠤ ᠲᠠᠷᠠᠭ᠎ᠠ ᠭᠤᠴᠢᠨ ᠡᠳᠦᠷ ᠤᠨ ᠲᠤᠳᠤᠷ᠎ᠠ ᠲᠤᠤᠷ᠎ᠠ ᠵᠢᠠᠠᠰᠠᠭᠠᠭᠰᠠᠨ ᠲᠤᠭᠳᠠᠭᠠᠯ ᠤᠨ ᠶᠤᠰᠤᠭᠠᠷ  ᠬᠤᠯᠪᠤᠭᠳᠠᠯ ᠪᠦᠬᠦᠢ ᠪᠠᠶᠢᠭᠤᠯᠤᠯᠭ᠎ᠠ ᠳᠤ ᠮᠡᠳᠡᠬᠦᠯᠵᠦ ᠲᠠᠩᠰᠠᠯᠠᠭᠤᠯᠬᠤ ᠭᠡᠷᠡᠭᠳᠡᠢ᠄     ︵ᠨᠢᠭᠡ︶ ᠵᠠᠰᠠᠭ ᠵᠠᠬᠢᠷᠭᠠᠨ ᠤ ᠬᠠᠥᠯᠢ ᠲᠤᠭᠳᠠᠭᠠᠯ ᠢ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ︔      ︵ᠬᠤᠶᠠᠷ︶ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠲᠤᠭᠳᠠᠭᠠᠭᠰᠠᠨ ᠤᠷᠤᠨ  ᠨᠤᠳᠤᠭ ᠤᠨ ᠴᠢᠨᠠᠷᠳᠠᠢ ᠬᠠᠥᠯᠢ ᠲᠤᠭᠳᠠᠭᠠᠯ ᠢ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ︔ ᠲᠤᠭᠤᠷᠢᠭ ᠪᠠᠶᠢᠭᠤᠯᠤᠬᠰᠠᠨ ᠬᠤᠳᠠ᠂ ᠦᠪᠡᠷᠳᠡᠭᠡᠨ ᠵᠠᠰᠠᠬᠤ ᠵᠸᠥ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠲᠤᠭᠳᠠᠭᠠᠭᠰᠠᠨ ᠤᠷᠤᠨ ᠨᠤᠳᠤᠭ ᠤᠨ ᠴᠢᠨᠠᠷᠳᠠᠢ ᠬᠠᠥᠯᠢ  ᠲᠤᠭᠳᠠᠭᠠᠯ ᠢ ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠠᠴᠠ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ︔     ︵ᠭᠤᠷᠪᠠ︶ ᠦᠪᠡᠷᠳᠡᠭᠡᠨ ᠵᠠᠰᠠᠬᠤ ᠵᠸᠥ᠂ ᠦᠪᠡᠷᠳᠡᠭᠡᠨ ᠵᠠᠰᠠᠬᠤ ᠰᠢᠶᠠᠨ ᠤ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠠᠴᠠ ᠲᠤᠭᠳᠠᠭᠠᠭᠰᠠᠨ ᠦᠪᠡᠷᠳᠡᠭᠡᠨ ᠵᠠᠰᠠᠬᠤ ᠲᠦᠷᠢᠮ ᠪᠠ ᠲᠤᠰᠬᠠᠢ  ᠲᠦᠷᠢᠮ ᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠪᠦᠬᠦ ᠤᠯᠤᠰ ᠤᠨ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠳᠤ  ᠮᠡᠳᠡᠬᠦᠯᠵᠦ ᠲᠠᠩᠰᠠᠯᠠᠭᠤᠯᠤᠨ᠎ᠠ︔ ᠦᠪᠡᠷᠳᠡᠭᠡᠨ ᠵᠠᠰᠠᠬᠤ ᠲᠦᠷᠢᠮ᠂ ᠲᠤᠰᠬᠠᠢ ᠲᠦᠷᠢᠮ ᠢ ᠮᠡᠳᠡᠬᠦᠯᠵᠥ  ᠲᠠᠩᠰᠠᠯᠠᠭᠤᠯᠬᠤ ᠳᠠᠭᠠᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ  ᠴᠢᠨᠠᠷᠳᠠᠢ ᠬᠠᠤᠯᠢ ᠲᠤᠭᠳᠠᠭᠠᠯ ᠳᠤ ᠦᠭᠡᠷᠡᠴᠢᠯᠡᠯᠲᠡ ᠬᠢᠭᠰᠡᠡ ᠪᠠᠶᠢᠳᠠᠯ ᠢᠶᠠᠨ ᠲᠤᠳᠤᠷᠬᠠᠢᠢᠯᠠᠬᠤ ᠬᠡᠷᠡᠭᠲᠡᠢ᠃     ︵ᠲᠦᠷᠪᠡ︶ ᠰᠠᠯᠠᠭ᠎ᠠ ᠮᠦᠴᠢᠷ ᠤᠨ ᠲᠦᠷᠢᠮ ᠲᠤᠭᠳᠠᠭᠠᠯ ᠪᠠ ᠤᠷᠤᠨ ᠨᠤᠳᠤᠭ ᠤᠨ ᠵᠠᠰᠠᠭ ᠤᠨ  ᠤᠷᠳᠤᠨ ᠤ ᠲᠦᠷᠢᠮ ᠲᠤᠭᠳᠠᠭᠠᠯ ᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠦ ᠲᠠᠩᠰᠠᠯᠠᠭᠤᠯᠤᠨ᠎ᠠ︔  ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢ ᠲᠤᠰ ᠱᠠᠳᠤᠨ ᠤ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠮᠳᠤ ᠳᠤᠨᠢ ᠮᠡᠳᠡᠬᠦᠯᠵᠦ  ᠲᠠᠩᠰᠠᠯᠠᠭᠤᠯᠤᠨ᠎ᠠ︔ ᠲᠤᠭᠤᠷᠢᠭ ᠲᠠᠢ ᠬᠤᠳᠠ᠂ ᠦᠪᠡᠷᠳᠡᠭᠡᠨ ᠵᠠᠰᠠᠬᠤ ᠵᠸᠥ ᠶᠢᠨ ᠠᠷᠠᠥᠨ ᠤᠨ ᠵᠠᠰᠠᠭ ᠤᠨ  ᠤᠷᠳᠤᠨ ᠤ ᠲᠤᠭᠳᠠᠭᠠᠭᠰᠠᠨ ᠲᠦᠷᠢᠮ ᠲᠤᠭᠳᠠᠭᠠᠯ ᠢ ᠮᠤᠵᠢ᠂ ᠦᠪᠡᠷᠳᠡᠭᠡᠨ ᠵᠠᠰᠠᠬᠤ ᠤᠷᠤᠨ ᠤ ᠠᠷᠠᠥᠨ ᠤᠨ  ᠲᠦᠯᠦᠭᠡᠯᠡᠭᠴᠢᠥᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯᠤᠨ ᠠᠷᠠᠥᠨ ᠤᠨ ᠵᠠᠰᠠᠭ ᠤᠨ ᠤᠷᠳᠤᠨ ᠳᠤ  ᠬᠠᠮᠳᠤ ᠳᠤᠨᠢ ᠮᠡᠳᠡᠬᠦᠯᠵᠦ ᠲᠠᠩᠰᠠᠯᠠᠭᠤᠯᠤᠨ᠎ᠠ︔     ︵ᠲᠠᠪᠤ︶ ᠡᠷᠭᠡ ᠤᠯᠭᠤᠭᠰᠠᠨ ᠪᠠᠶᠢᠳᠠᠯ ᠢ ᠦᠨᠳᠦᠰᠦᠯᠡᠵᠦ ᠲᠤᠭᠳᠠᠭᠠᠭᠰᠠᠨ ᠬᠠᠥᠯᠢ ᠲᠤᠭᠳᠠᠭᠠᠯ ᠢ ᠪᠤᠯ  ᠡᠷᠭᠡ ᠤᠯᠭᠤᠭᠰᠠᠨ ᠲᠤᠭᠳᠠᠭᠠᠯ ᠳᠤ ᠲᠤᠭᠳᠠᠭᠠᠭᠰᠠᠨ ᠪᠠᠶᠢᠭᠤᠯᠤᠯᠭ᠎ᠠ ᠳᠤ ᠮᠡᠳᠡᠬᠦᠯᠵᠦ ᠲᠠᠩᠰᠠᠯᠠᠭᠤᠯᠤᠨ᠎ᠠ᠃ ᠠᠵᠥ  ᠠᠬᠤᠢ ᠶᠢᠨ ᠤᠨᠴᠠᠭᠠᠢ ᠤᠷᠤᠨ ᠤ ᠬᠠᠤᠯᠢ ᠲᠤᠭᠳᠠᠭᠠᠯ ᠢ ᠮᠡᠳᠡᠬᠦᠯᠵᠥ ᠲᠠᠩᠰᠠᠯᠠᠭᠤᠯᠬᠤ ᠳᠠᠭᠠᠨ ᠬᠠᠤᠯᠢ ᠴᠠᠭᠠᠵᠠ᠂  ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠳᠤ  ᠦᠭᠡᠷᠡᠴᠢᠯᠡᠯᠳᠡ ᠬᠢᠭᠰᠡᠡ ᠪᠠᠶᠢᠳᠠᠯ ᠢᠶᠠᠨ ᠲᠤᠳᠤᠷᠬᠠᠢᠢᠯᠠᠬᠤ ᠬᠡᠷᠡᠭᠲᠡᠢ᠃     ᠶᠡᠷᠡ ᠶᠢᠰᠦᠳᠦᠭᠡᠷ ᠵᠦᠢᠯ    ᠲᠦᠷᠦ ᠶᠢᠨ ᠶᠠᠪᠤᠳᠠᠯ ᠤᠨ ᠬᠤᠷᠢᠶ᠎ᠠ᠂ ᠲᠦᠪ ᠤᠨ ᠴᠡᠷᠢᠭ ᠤᠨ ᠶᠠᠪᠤᠳᠠᠯ ᠤᠨ  ᠬᠤᠷᠢᠶ᠎ᠠ᠂ ᠠᠷᠠᠥᠨ ᠤᠨ ᠲᠡᠭᠡᠳᠦ ᠰᠢᠬᠦᠬᠦ ᠬᠤᠷᠢᠶ᠎ᠠ᠂ ᠠᠷᠠᠥᠨ ᠤᠨ ᠲᠡᠭᠡᠳᠦ ᠪᠠᠶᠢᠴᠠᠭᠠᠬᠤ ᠬᠤᠷᠢᠶ᠎ᠠ ᠪᠠ ᠡᠯ᠎ᠡ ᠮᠤᠵᠢ  ᠂ ᠦᠪᠡᠷᠳᠡᠭᠡᠨ ᠵᠠᠰᠠᠬᠤ ᠤᠷᠤᠨ᠂ ᠰᠢᠭᠤᠤᠨ ᠬᠠᠷᠢᠶ᠎ᠠ ᠬᠤᠳᠠ ᠶᠢᠨ ᠠᠷᠠᠥᠨ ᠤᠨ ᠲᠦᠯᠦᠭᠡᠯᠡᠭᠴᠢᠥᠨ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠨᠢ ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ  ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠦᠨᠳᠦᠰᠦᠨ ᠬᠠᠥᠯᠢ ᠪᠤᠶᠤ ᠬᠠᠥᠯᠢ  ᠴᠠᠭᠠᠵᠠ ᠲᠠᠢ ᠬᠠᠷᠰᠢᠯᠳᠦᠵᠦ ᠪᠠᠶᠢᠨ᠎ᠠ ᠭᠡᠵᠦ ᠦᠵᠡᠪᠡᠯ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠢᠨᠠᠨ ᠪᠠᠶᠢᠴᠠᠭᠠᠯᠭᠠᠬᠤ ᠱᠠᠭᠠᠷᠳᠠᠯᠭ᠎ᠠ ᠶᠢ ᠪᠢᠴᠢᠭ ᠢᠶᠠᠷ ᠲᠤᠷᠠᠳᠤᠨ  ᠭᠠᠷᠭᠠᠵᠤ ᠪᠤᠯᠤᠨ᠎ᠠ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠤᠯᠪᠤᠭᠳᠠᠯ ᠪᠦᠬᠦᠢ ᠲᠤᠰᠬᠠᠢ  ᠵᠦᠪᠯᠡᠯ ᠳᠤ ᠲᠤᠰ ᠲᠤᠰ ᠬᠦᠷᠭᠡᠨ ᠦᠭᠴᠦ ᠬᠢᠨᠠᠨ ᠪᠠᠶᠢᠴᠠᠭᠠᠯᠭᠠᠵᠤ᠂ ᠰᠠᠨᠠᠯ ᠲᠤᠷᠡᠳᠤᠭᠤᠯᠤᠨ᠎ᠠ᠃     ᠡᠮᠦᠨᠡᠬᠢ ᠵᠤᠷᠪᠤᠰ ᠲᠤ ᠲᠤᠭᠳᠠᠭᠠᠭᠰᠠᠨ ᠠᠴᠠ ᠭᠠᠳᠠᠨᠠᠬᠢ ᠪᠤᠰᠤᠤᠨ ᠲᠦᠷᠦ ᠶᠢᠨ ᠪᠠᠶᠢᠭᠤᠯᠤᠯᠭ᠎ᠠ ᠪᠠ  ᠨᠡᠶᠢᠭᠡᠮ ᠤᠨ ᠪᠦᠯᠬᠦᠮ᠂ ᠠᠵᠤ ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠳᠠ ᠵᠢᠴᠢ ᠠᠷᠠᠥᠨ ᠢᠷᠭᠡᠨ  ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ  ᠵᠠᠰᠠᠬᠤ ᠲᠦᠷᠢᠮ ᠪᠠ ᠲᠤᠰᠬᠠᠢ ᠲᠦᠷᠢᠮ ᠢ ᠦᠨᠳᠦᠰᠦᠨ ᠬᠠᠥᠯᠢ ᠪᠤᠶᠤ ᠬᠠᠥᠯᠢ ᠴᠠᠭᠠᠵᠠ ᠲᠠᠢ ᠬᠠᠷᠰᠢᠯᠳᠤᠵᠤ  ᠪᠠᠶᠢᠨ᠎ᠠ ᠭᠡᠵᠦ ᠦᠵᠡᠪᠡᠯ᠂ ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠳᠤ ᠬᠢᠨᠠᠨ ᠪᠠᠶᠢᠴᠠᠭᠠᠯᠭᠠᠬᠤ ᠰᠠᠨᠠᠭᠤᠯᠭ᠎ᠠ ᠶᠢ ᠪᠢᠴᠢᠭ ᠢᠶᠠᠷ ᠲᠤᠷᠠᠳᠴᠤ ᠪᠤᠯᠤᠨ᠎ᠠ᠂  ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠠᠴᠠ ᠶᠠᠷᠢᠯᠴᠠᠨ ᠰᠤᠳᠤᠯᠤᠨ᠎ᠠ᠂ ᠴᠢᠬᠤᠯᠠᠲᠠᠢ ᠦᠶᠡᠰ  ᠬᠤᠯᠪᠤᠭᠳᠠᠯ ᠪᠦᠬᠦᠢ ᠲᠤᠰᠬᠠᠢ ᠵᠦᠪᠯᠡᠯ ᠳᠤ ᠬᠦᠷᠭᠡᠨ ᠦᠭᠴᠦ ᠬᠢᠨᠠᠨ ᠪᠠᠶᠢᠴᠠᠭᠠᠯᠭᠠᠵᠤ᠂ ᠰᠠᠨᠠᠯ ᠲᠤᠷᠡᠳᠤᠭᠤᠯᠤᠨ᠎ᠠ᠃ ᠬᠤᠯᠪᠤᠬᠳᠡᠯ ᠪᠦᠬᠦᠢ ᠲᠤᠰᠬᠠᠢ ᠵᠦᠪᠯᠡᠯ ᠪᠤᠯᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ  ᠲᠠᠩᠰᠠᠯᠠᠭᠤᠯᠬᠤ ᠪᠠᠷ ᠮᠡᠳᠡᠬᠦᠯᠥᠭᠰᠡᠡ ᠵᠢᠷᠤᠮᠵᠢᠭᠰᠠᠠ ᠪᠢᠴᠢᠭ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠬᠢᠨᠠᠨ  ᠪᠠᠶᠢᠴᠠᠭᠠᠵᠥ ᠪᠤᠯᠤᠨ᠎ᠠ᠃     ᠵᠠᠭᠤᠳᠤᠭᠠᠷ ᠵᠦᠢᠯ    ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠲᠤᠰᠬᠠᠢ  ᠵᠦᠪᠯᠡᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠢᠨᠠᠨ ᠪᠠᠶᠢᠴᠠᠭᠠᠬᠤ᠂ ᠰᠤᠳᠤᠯᠬᠤ ᠲᠤᠮᠳᠠ ᠪᠠᠨ  ᠵᠠᠰᠠᠭ ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ  ᠵᠠᠰᠠᠬᠤ ᠲᠦᠷᠢᠮ ᠪᠠ ᠲᠤᠰᠬᠠᠢ ᠲᠦᠷᠢᠮ ᠢ ᠦᠨᠳᠦᠰᠦᠨ ᠬᠠᠥᠯᠢ ᠪᠤᠶᠤ ᠬᠠᠥᠯᠢ ᠴᠠᠭᠠᠵᠠ ᠲᠠᠢ ᠬᠠᠷᠰᠢᠯᠳᠤᠵᠤ  ᠪᠠᠶᠢᠨ᠎ᠠ ᠭᠡᠵᠦ ᠦᠵᠡᠪᠡᠯ᠂ ᠲᠤᠭᠳᠠᠭᠠᠭᠰᠠᠨ ᠪᠠᠶᠢᠭᠤᠯᠤᠯᠭ᠎ᠠ ᠳᠤ ᠬᠢᠨᠠᠨ ᠪᠠᠶᠢᠴᠠᠭᠠᠭᠰᠠᠨ᠂ ᠰᠤᠳᠤᠯᠤᠭᠰᠠᠠ  ᠰᠠᠨᠠᠯ ᠢᠶᠠᠨ ᠪᠢᠴᠢᠭ ᠢᠶᠠᠷ ᠲᠤᠷᠠᠳᠴᠤ ᠪᠤᠯᠤᠨ᠎ᠠ︔ ᠪᠠᠰᠠ ᠬᠠᠥᠯᠢ ᠴᠠᠭᠠᠵᠠ ᠶᠢᠨ ᠵᠦᠪᠯᠡᠯ ᠪᠤᠯᠤᠨ ᠬᠤᠯᠪᠤᠭᠳᠠᠯ  ᠪᠦᠬᠦᠢ ᠲᠤᠰᠬᠠᠢ ᠵᠦᠪᠯᠡᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠠᠮᠳᠤᠷᠠᠨ ᠬᠢᠨᠠᠨ ᠪᠠᠶᠢᠴᠠᠭᠠᠬᠤ  ᠬᠤᠷᠠᠯ ᠬᠤᠷᠠᠯᠳᠤᠭᠤᠯᠵᠤ᠂ ᠲᠤᠭᠳᠠᠭᠠᠭᠰᠠᠨ ᠪᠠᠶᠢᠭᠤᠯᠤᠯᠭ᠎ᠠ ᠶᠢ ᠱᠠᠭᠠᠷᠳᠠᠨ ᠬᠤᠷᠠᠯ ᠳᠤ ᠤᠷᠤᠯᠴᠠᠭᠤᠯᠤᠨ  ᠪᠠᠶᠢᠳᠠᠯ ᠢ ᠲᠤᠳᠤᠷᠬᠠᠢᠢᠯᠠᠭᠤᠯᠤᠭᠰᠠᠨ ᠤ ᠲᠠᠷᠠᠭ᠎ᠠ᠂ ᠲᠤᠭᠳᠠᠭᠠᠭᠰᠠᠨ ᠪᠠᠶᠢᠭᠤᠯᠤᠯᠭ᠎ᠠ ᠳᠤ ᠬᠢᠨᠠᠨ ᠪᠠᠶᠢᠴᠠᠭᠠᠭᠰᠠᠨ  ᠰᠠᠨᠠᠯ ᠢᠶᠠᠨ ᠪᠢᠴᠢᠭ ᠢᠶᠠᠷ ᠲᠤᠷᠠᠳᠴᠤ ᠪᠤᠯᠤᠨ᠎ᠠ᠃ ᠲᠤᠭᠳᠠᠭᠠᠭᠰᠠᠨ ᠪᠠᠶᠢᠭᠤᠯᠤᠯᠭ᠎ᠠ ᠨᠢ ᠬᠤᠶᠠᠷ ᠰᠠᠷ᠎ᠠ ᠶᠢᠨ  ᠲᠤᠳᠤᠷ᠎ᠠ ᠵᠠᠰᠠᠪᠤᠷᠢ ᠤᠷᠤᠭᠤᠯᠬᠤ ᠡᠰᠡᠬᠦ ᠲᠤᠬᠠᠢ ᠰᠤᠳᠤᠯᠵᠤ ᠰᠠᠨᠠᠯ ᠢᠶᠠᠨ ᠲᠤᠷᠠᠳᠬᠤ ᠭᠡᠷᠡᠭᠳᠡᠢ ᠮᠦᠷᠳᠡᠭᠡᠨ ᠪᠦᠬᠦ  ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠬᠠᠥᠯᠢ ᠴᠠᠭᠠᠵᠠ ᠶᠢᠨ ᠵᠦᠪᠯᠡᠯ ᠪᠠ  ᠬᠤᠯᠪᠤᠭᠳᠠᠯ ᠪᠦᠬᠦᠢ ᠲᠤᠰᠬᠠᠢ ᠵᠦᠪᠯᠡᠯ ᠪᠤᠶᠤ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠳᠤ  ᠬᠠᠷᠢᠭᠤ ᠰᠠᠨᠠᠯ ᠢᠶᠠᠨ ᠲᠤᠰᠬᠠᠬᠤ ᠭᠡᠷᠡᠭᠳᠡᠢ᠃      ᠪᠦᠬᠦ ᠤᠯᠤᠰ ᠤᠨ ᠠᠷᠠᠥᠨ ᠤᠨ ᠲᠦᠯᠦᠭᠡᠯᠡᠭᠴᠢᠥᠨ ᠤᠨ ᠶᠡᠭᠡ ᠬᠤᠷᠠᠯ ᠤᠨ ᠬᠠᠥᠯᠢ ᠴᠠᠭᠠᠵᠠ ᠶᠢᠨ ᠵᠦᠪᠯᠡᠯ᠂  ᠬᠤᠯᠪᠤᠭᠳᠠᠯ ᠪᠦᠬᠦᠢ ᠲᠤᠰᠬᠠᠢ ᠵᠦᠪᠯᠡᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠡᠮᠤᠨᠡᠬᠢ  ᠵᠤᠷᠪᠤᠰ ᠤᠨ ᠲᠤᠭᠳᠠᠭᠠᠯ ᠢ ᠦᠨᠳᠦᠰᠦᠯᠡᠨ᠂ ᠲᠤᠭᠳᠠᠭᠠᠭᠰᠠᠠ ᠪᠠᠶᠢᠭᠤᠯᠤᠯᠭ᠎ᠠ ᠳᠤ ᠬᠢᠨᠠᠨ ᠪᠠᠶᠢᠴᠠᠭᠠᠬᠤ ᠰᠠᠨᠠᠯ᠂  ᠰᠤᠳᠤᠯᠬᠤ ᠰᠠᠨᠠᠯ ᠲᠤᠷᠠᠳᠤᠨ᠎ᠠ᠂ ᠲᠤᠭᠳᠠᠭᠠᠭᠰᠠᠠ ᠪᠠᠶᠢᠭᠤᠯᠤᠯᠭ᠎ᠠ ᠨᠢ ᠲᠤᠷᠠᠳᠤᠭᠰᠠᠠ ᠰᠠᠨᠠᠯ ᠶᠤᠰᠤᠭᠠᠷ ᠵᠠᠰᠠᠭ  ᠵᠠᠬᠢᠷᠭᠠᠨ ᠤ ᠬᠠᠥᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠥᠯᠢ ᠲᠤᠭᠳᠠᠭᠠᠯ᠂ ᠦᠪᠡᠷᠳᠡᠭᠡᠨ ᠵᠠᠰᠠᠬᠤ  ᠲᠦᠷᠢᠮ ᠪᠠ ᠲᠤᠰᠬᠠᠢ ᠲᠦᠷᠢᠮ ᠳᠤ ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠤᠯᠭᠠᠵᠥ᠂ ᠬᠢᠨᠠᠨ  ᠪᠠᠶᠢᠴᠠᠭᠠᠬᠤ ᠠᠵᠢᠯ ᠢ ᠵᠤᠬᠰᠤᠭᠠᠨ᠎ᠡ᠃      ᠪᠦᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠵᠦᠪᠯᠡᠯ᠂  ᠬᠤᠯᠪᠤᠬᠳᠡᠯ ᠪᠦᠬᠦᠢ ᠲᠤᠰᠬᠠᠢ ᠵᠦᠪᠯᠡᠯ᠂ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠬᠢᠨᠠᠨ  ᠪᠠᠶᠢᠴᠠᠭᠠᠵᠥ ᠰᠤᠳᠤᠯᠤᠭᠠᠳ ᠵᠠᠰᠠᠭ ᠵᠠᠬᠢᠷᠭᠠᠨ ᠤ ᠬᠠᠤᠯᠢ ᠲᠤᠭᠳᠠᠭᠠᠯ᠂ ᠤᠷᠤᠨ ᠨᠤᠳᠤᠭ ᠤᠨ ᠴᠢᠨᠠᠷᠳᠠᠢ ᠬᠠᠤᠯᠢ  ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠤᠯᠤᠨ ᠲᠤᠰᠬᠠᠢ ᠲᠦᠷᠢᠮ ᠢ ᠦᠨᠳᠦᠰᠦᠨ ᠬᠠᠥᠯᠢ ᠪᠤᠶᠤ ᠬᠠᠥᠯᠢ  ᠴᠠᠭᠠᠵᠠ ᠲᠠᠢ ᠬᠠᠷᠰᠢᠯᠳᠤᠵᠤ ᠪᠠᠶᠢᠨ᠎ᠠ ᠭᠡᠵᠦ ᠦᠵᠡᠭᠰᠡᠨ ᠪᠠᠶᠢᠳᠠᠯ᠎ᠠ ᠲᠤᠭᠳᠠᠭᠠᠭᠰᠠᠨ ᠪᠠᠶᠢᠭᠤᠯᠤᠯᠭ᠎ᠠ ᠨᠢ ᠵᠠᠰᠠᠪᠤᠷᠢ  ᠤᠷᠤᠭᠤᠯᠬᠤ ᠦᠭᠡᠢ ᠪᠠᠶᠢᠪᠠᠯ᠂ ᠬᠤᠷᠢᠶᠠᠨ ᠲᠠᠷᠤᠭ᠎ᠠ ᠨᠠᠷ ᠤᠨ ᠬᠤᠷᠠᠯ ᠳᠤ ᠬᠦᠴᠦᠨ ᠦᠭᠡᠢ ᠪᠤᠯᠭᠠᠬᠤ ᠰᠠᠨᠠᠯ  ᠵᠦᠪᠯᠡᠯᠬᠡ᠂ ᠰᠠᠨᠠᠭᠤᠯᠭ᠎ᠠ ᠪᠠᠨ ᠲᠤᠷᠠᠳᠴᠦ᠂ ᠬᠤᠷᠢᠶᠠᠨ ᠲᠠᠷᠤᠭ᠎ᠠ ᠨᠠᠷ ᠤᠨ ᠬᠤᠷᠠᠯ ᠠᠴᠠ ᠪᠠᠶᠢᠩᠭᠤ ᠶᠢᠨ  ᠬᠤᠷᠢᠶᠠᠨ ᠤ ᠬᠤᠷᠠᠯ ᠳᠤ ᠲᠡᠪᠰᠢᠬᠦᠯᠦᠨ ᠬᠢᠨᠠᠨ ᠵᠦᠪᠯᠡᠬᠦᠯᠬᠦ ᠲᠤᠭᠳᠠᠭᠠᠯ ᠭᠠᠷᠭᠠᠨ᠎ᠠ᠃     ᠵᠠᠭᠤ ᠪᠦᠭᠡᠳ ᠨᠢᠬᠡᠳᠤᠬᠡᠷ ᠵᠦᠢᠯ    ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠬᠤᠯᠪᠤᠬᠳᠡᠯ ᠪᠦᠬᠦᠢ ᠲᠤᠰᠬᠠᠢ ᠵᠦᠪᠯᠡᠯ ᠪᠤᠯᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ  ᠲᠤᠭᠳᠠᠭᠠᠯ ᠤᠨ ᠱᠠᠭᠠᠷᠳᠠᠯᠭ᠎ᠠ ᠶᠤᠰᠤᠭᠠᠷ᠂ ᠬᠢᠨᠠᠨ ᠪᠠᠶᠢᠴᠠᠭᠠᠭᠰᠠᠠ᠂ ᠰᠤᠳᠤᠯᠤᠭᠰᠠᠠ ᠪᠠᠶᠢᠳᠠᠯ ᠢᠶᠠᠨ ᠬᠢᠨᠠᠨ  ᠪᠠᠶᠢᠴᠠᠭᠠᠬᠤ ᠰᠠᠨᠠᠭᠤᠯᠭ᠎ᠠ ᠲᠤᠷᠠᠳᠤᠭᠰᠠᠠ ᠲᠦᠷᠦ  ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ ᠠᠵᠥ  ᠠᠬᠤᠢᠢᠯᠠᠯ ᠠᠵᠢᠯ ᠦᠢᠯᠡᠰ ᠤᠨ ᠵᠤᠬᠢᠶᠠᠨ ᠪᠠᠶᠢᠭᠤᠯᠤᠯᠳᠠ ᠵᠢᠴᠢ ᠠᠷᠠᠳ ᠢᠷᠭᠡᠳ ᠲᠤ ᠬᠠᠷᠢᠭᠤ ᠲᠤᠰᠬᠠᠬᠤ  ᠪᠦᠭᠡᠳ ᠨᠡᠶᠢᠭᠡᠮ ᠳᠤ ᠢᠯᠡ ᠪᠠᠷ ᠨᠡᠶᠢᠳᠡᠯᠡᠨ᠎ᠡ᠃     ᠵᠠᠭᠤ ᠪᠦᠭᠡᠳ ᠬᠤᠶᠠᠳᠤᠭᠠᠷ ᠵᠦᠢᠯ    ᠲᠠᠩᠰᠠᠯᠠᠭᠤᠯᠬᠤ ᠶᠢ ᠬᠦᠯᠢᠶᠡᠨ ᠠᠪᠬᠤ ᠪᠤᠰᠤᠤᠨ  ᠪᠠᠶᠢᠭᠤᠯᠤᠯᠭ᠎ᠠ ᠶᠢᠨ ᠮᠡᠳᠡᠬᠦᠯᠦᠨ ᠬᠦᠷᠭᠡᠵᠦ ᠲᠠᠩᠰᠠᠯᠠᠭᠤᠯᠤᠭᠰᠠᠨ ᠤᠷᠤᠨ ᠨᠤᠳᠤᠭ ᠤᠨ ᠴᠢᠨᠠᠷᠳᠠᠢ ᠬᠠᠥᠯᠢ  ᠲᠤᠭᠳᠠᠭᠠᠯ᠂ ᠦᠪᠡᠷᠳᠡᠭᠡᠨ ᠵᠠᠰᠠᠬᠤ ᠲᠦᠷᠢᠮ ᠪᠠ ᠲᠤᠰᠬᠠᠢ ᠲᠦᠷᠢᠮ᠂ ᠲᠦᠷᠢᠮ ᠲᠤᠭᠳᠠᠭᠠᠯ ᠤᠨ ᠬᠢᠨᠠᠨ  ᠪᠠᠶᠢᠴᠠᠭᠠᠬᠤ ᠲᠡᠰ ᠲᠠᠷᠠᠭᠠᠯᠠᠯ ᠢ ᠪᠤᠯ ᠬᠠᠥᠯᠢ ᠲᠦᠷᠢᠮ ᠤᠨ ᠨᠢᠭᠡᠳᠦᠯᠳᠡᠢ ᠪᠠᠶᠢᠬᠤ ᠶᠢ ᠬᠠᠮᠠᠭᠠᠯᠠᠬᠤ ᠵᠠᠷᠴᠢᠮ  ᠶᠤᠰᠤᠭᠠᠷ ᠲᠠᠩᠰᠠᠯᠠᠭᠤᠯᠬᠤ ᠶᠢ ᠬᠦᠯᠢᠶᠡᠨ ᠠᠪᠬᠤ ᠪᠠᠶᠢᠭᠤᠯᠤᠯᠭ᠎ᠠ ᠠᠴᠠ ᠲᠤᠭᠳᠠᠭᠠᠨ᠎ᠠ᠃               ᠵᠢᠷᠭᠤᠳᠤᠭᠠᠷ ᠪᠦᠯᠦᠭ    ᠲᠠᠭᠠᠯᠳᠤᠭᠤᠯᠤᠭᠰᠠᠨ ᠲᠦᠷᠢᠮ     ᠵᠠᠭᠤ ᠪᠦᠭᠡᠳ ᠭᠤᠷᠪᠠᠳᠤᠭᠠᠷ ᠵᠦᠢᠯ    ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠦᠨᠳᠦᠰᠦᠨ  ᠬᠠᠥᠯᠢ ᠪᠠ ᠬᠠᠥᠯᠢ ᠴᠠᠭᠠᠵᠠ ᠶᠢ ᠦᠨᠳᠦᠰᠦᠯᠡᠵᠤ᠂ ᠴᠡᠷᠢᠭ ᠤᠨ ᠶᠠᠪᠤᠳᠠᠯ ᠤᠨ ᠬᠠᠥᠯᠢ ᠲᠤᠭᠳᠠᠭᠠᠯ ᠢ  ᠲᠤᠭᠳᠠᠭᠠᠨ᠎ᠠ      ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠯ᠎ᠡ ᠶᠡᠷᠦᠩᠭᠡᠢ ᠭᠡᠯᠳᠡᠰ᠂ ᠴᠡᠷᠢᠭ ᠤᠨ ᠲᠦᠷᠦᠯ᠂  ᠴᠡᠷᠢᠭ ᠤᠨ ᠲᠤᠭᠤᠷᠢᠭ᠂ ᠲᠤᠮᠳᠠᠳᠤ ᠤᠯᠤᠰ ᠤᠨ ᠠᠷᠠᠳ ᠤᠨ ᠵᠡᠪᠰᠡᠭᠳᠤ ᠴᠠᠭᠳᠠᠭ᠎ᠠ ᠶᠢᠨ ᠴᠡᠷᠢᠭ ᠠᠩᠬᠢ ᠨᠢ ᠬᠠᠥᠯᠢ  ᠴᠠᠭᠠᠵᠠ ᠪᠠ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠡᠷᠢᠭ ᠤᠨ ᠶᠠᠪᠤᠳᠠᠯ ᠤᠨ ᠬᠠᠥᠯᠢ ᠲᠤᠭᠳᠠᠭᠠᠯ᠂  ᠲᠤᠭᠳᠠᠭᠠᠯ᠂ ᠵᠠᠷᠯᠢᠭ ᠢ ᠦᠨᠳᠦᠰᠦᠯᠡᠵᠦ᠂ ᠡᠷᠭᠡ ᠶᠢᠨ ᠬᠡᠪᠴᠢᠶᠡᠨ ᠲᠤᠳᠤᠷ᠎ᠠ ᠪᠠᠨ ᠴᠡᠷᠢᠭ ᠤᠨ ᠶᠠᠪᠤᠳᠠᠯ ᠤᠨ  ᠲᠦᠷᠢᠮ ᠲᠤᠭᠳᠠᠭᠠᠯ ᠢ ᠲᠤᠭᠳᠠᠭᠠᠵᠤ ᠪᠤᠯᠤᠨ᠎ᠠ᠃      ᠴᠡᠷᠢᠭ ᠤᠨ ᠶᠠᠪᠤᠳᠠᠯ ᠤᠨ ᠬᠠᠥᠯᠢ ᠲᠤᠭᠳᠠᠭᠠᠯ᠂ ᠴᠡᠷᠢᠭ ᠤᠨ ᠶᠠᠪᠤᠳᠠᠯ ᠤᠨ ᠲᠦᠷᠢᠮ ᠲᠤᠭᠳᠠᠭᠠᠯ ᠢ  ᠵᠡᠪᠰᠡᠭᠳᠦ ᠬᠦᠴᠦᠨ ᠤ ᠲᠤᠳᠤᠭᠠᠳᠤ ᠳᠤ ᠭᠡᠷᠡᠭᠵᠢᠬᠦᠯᠦᠨ᠎ᠡ᠃      ᠴᠡᠷᠢᠭ ᠤᠨ ᠶᠠᠪᠤᠳᠠᠯ ᠤᠨ ᠬᠠᠥᠯᠢ ᠲᠤᠭᠳᠠᠭᠠᠯ᠂ ᠴᠡᠷᠢᠭ ᠤᠨ ᠶᠠᠪᠤᠳᠠᠯ ᠤᠨ ᠲᠦᠷᠢᠮ ᠲᠤᠭᠳᠠᠭᠠᠯ ᠢ  ᠲᠤᠭᠳᠠᠭᠠᠬᠤ᠂ ᠲᠡᠬᠦᠨ ᠳᠤ ᠵᠠᠰᠠᠪᠤᠷᠢ ᠤᠷᠤᠭᠤᠯᠬᠤ ᠪᠠ ᠲᠡᠬᠦᠨ ᠢ ᠬᠦᠴᠦᠨ ᠦᠭᠡᠢ ᠪᠤᠯᠭᠠᠬᠤ ᠠᠷᠭ᠎ᠠ ᠶᠢ ᠲᠦᠪ   ᠤᠨ ᠴᠡᠷᠢᠭ ᠤᠨ ᠶᠠᠪᠤᠳᠠᠯ ᠤᠨ ᠬᠤᠷᠢᠶ᠎ᠡ ᠠᠴᠠ ᠲᠤᠰ ᠬᠠᠥᠯᠢ ᠳᠤ ᠲᠤᠭᠳᠠᠭᠠᠭᠰᠠᠨ ᠵᠠᠷᠴᠢᠮ ᠶᠤᠰᠤᠭᠠᠷ  ᠲᠤᠭᠳᠠᠭᠠᠨ᠎ᠠ᠃            ᠵᠠᠭᠤ ᠪᠦᠭᠡᠳ ᠲᠦᠷᠪᠡᠳᠦᠭᠡᠷ ᠵᠦᠢᠯ    ᠠᠷᠠᠳ ᠤᠨ ᠲᠡᠬᠡᠳᠤ ᠰᠢᠬᠦᠬᠦ ᠬᠤᠷᠢᠶ᠎ᠠ᠂ ᠠᠷᠠᠳ ᠤᠨ ᠲᠡᠭᠡᠳᠤ  ᠪᠠᠶᠢᠴᠠᠭᠠᠬᠤ ᠬᠤᠷᠢᠶᠠᠨ ᠤ ᠭᠠᠷᠭᠠᠭᠰᠠᠠ ᠰᠢᠬᠦᠨ ᠲᠠᠰᠤᠯᠤᠯᠳᠠ᠂ ᠪᠠᠶᠢᠴᠠᠭᠠᠬᠤ ᠠᠵᠢᠯ ᠤᠨ ᠲᠤᠮᠳᠠ ᠪᠤᠳᠠᠳᠠᠢ  ᠬᠡᠷᠡᠭᠯᠡᠬᠦ ᠬᠠᠤᠯᠢ ᠴᠠᠭᠠᠵᠠ ᠳᠤ ᠬᠠᠷᠢᠶᠠᠯᠠᠬᠳᠠᠬᠤ ᠲᠠᠶᠢᠯᠪᠤᠷᠢᠯᠠᠯ ᠨᠢ ᠭᠤᠤᠯᠳᠠᠭᠤ ᠪᠤᠳᠠᠳᠠᠢ ᠬᠠᠤᠯᠢ ᠴᠠᠭᠠᠵᠠ ᠶᠢᠨ  ᠵᠦᠢᠯ ᠵᠤᠷᠪᠤᠰ ᠲᠤ ᠴᠢᠭᠯᠡᠬᠦᠯᠥᠭᠰᠡᠡ ᠪᠠᠶᠢᠬᠤ ᠬᠡᠷᠡᠭᠳᠡᠢ ᠪᠦᠭᠡᠳ ᠬᠠᠤᠯᠢ ᠲᠤᠭᠳᠠᠭᠠᠬᠤ ᠵᠤᠷᠢᠯᠭ᠎ᠠ᠂ ᠵᠠᠷᠴᠢᠮ ᠪᠤᠯᠤᠨ  ᠵᠤᠷᠢᠯᠳᠡ ᠳᠤ ᠨᠡᠶᠢᠴᠡᠭᠰᠡᠡ ᠪᠠᠶᠢᠬᠤ ᠬᠡᠷᠡᠭᠳᠡᠢ᠃ ᠲᠤᠰ ᠬᠠᠤᠯᠢ ᠶᠢᠨ ᠲᠦᠴᠢᠨ ᠲᠠᠪᠤᠳᠤᠭᠠᠷ ᠵᠦᠢᠯ ᠤᠨ  ᠬᠤᠶᠠᠳᠤᠭᠠᠷ ᠵᠤᠷᠪᠤᠰ ᠲᠤ ᠲᠤᠭᠳᠠᠭᠠᠭᠰᠠᠠ ᠪᠠᠶᠢᠳᠠᠯ ᠲᠤᠬᠢᠶᠠᠯᠳᠤᠪᠠᠯ᠂ ᠪᠦᠬᠦ ᠤᠯᠤᠰ ᠤᠨ ᠠᠷᠠᠳ ᠤᠨ  ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠬᠠᠤᠯᠢ ᠴᠠᠭᠠᠵᠠ ᠶᠢᠨ ᠲᠠᠶᠢᠯᠪᠤᠷᠢᠯᠡᠯ ᠬᠢᠬᠦ  ᠱᠠᠭᠠᠷᠳᠠᠯᠭ᠎ᠠ ᠲᠤᠷᠠᠳᠬᠤ ᠪᠤᠶᠤ ᠬᠠᠮᠢᠶ᠎ᠠ ᠪᠦᠬᠦᠢ ᠬᠠᠤᠯᠢ ᠴᠠᠭᠠᠵᠠ ᠶᠢ ᠲᠤᠭᠳᠠᠭᠠᠬᠤ᠂ ᠵᠠᠰᠠᠪᠤᠷᠢ ᠤᠷᠤᠭᠤᠯᠬᠤ  ᠰᠠᠨᠠᠯ ᠵᠦᠪᠯᠡᠯᠬᠡ ᠲᠤᠷᠠᠳᠴᠦ ᠪᠤᠯᠤᠨ᠎ᠠ᠃      ᠠᠷᠠᠳ ᠤᠨ ᠲᠡᠬᠡᠳᠤ ᠰᠢᠬᠦᠬᠦ ᠬᠤᠷᠢᠶ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠭᠠᠷᠭᠠᠭᠰᠠᠠ  ᠰᠢᠬᠦᠨ ᠲᠠᠰᠤᠯᠤᠯᠳᠠ᠂ ᠪᠠᠶᠢᠴᠠᠭᠠᠬᠤ ᠠᠵᠢᠯ ᠤᠨ ᠲᠤᠮᠳᠠ ᠪᠤᠳᠠᠳᠠᠢ ᠬᠡᠷᠡᠭᠯᠡᠬᠦ ᠬᠠᠤᠯᠢ ᠴᠠᠭᠠᠵᠠ ᠳᠤ  ᠬᠠᠷᠢᠶᠠᠯᠠᠭᠳᠠᠬᠤ ᠲᠠᠶᠢᠯᠪᠤᠷᠢᠯᠠᠯ ᠢ ᠨᠡᠶᠢᠳᠡᠯᠡᠭᠰᠡᠡ ᠡᠳᠤᠷ ᠠᠴᠠ ᠡᠬᠢᠯᠡᠨ ᠭᠤᠴᠢᠨ ᠡᠳᠤᠷ ᠤᠨ ᠲᠤᠳᠤᠷ᠎ᠠ ᠪᠦᠬᠦ  ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠬᠦᠯᠵᠥ  ᠲᠠᠩᠰᠠᠯᠠᠭᠤᠯᠬᠤ ᠬᠡᠷᠡᠭᠲᠡᠢ᠃      ᠠᠷᠠᠳ ᠤᠨ ᠲᠡᠬᠡᠳᠤ ᠰᠢᠬᠦᠬᠦ ᠬᠤᠷᠢᠶ᠎ᠠ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠡ ᠠᠴᠠ ᠪᠤᠰᠤᠳ  ᠰᠢᠬᠦᠨ ᠲᠠᠰᠤᠯᠬᠤ ᠪᠠᠶᠢᠭᠤᠯᠤᠯᠭ᠎ᠠ ᠪᠤᠯᠤᠨ ᠪᠠᠶᠢᠴᠠᠭᠠᠬᠤ ᠪᠠᠶᠢᠭᠤᠯᠤᠯᠭ᠎ᠠ ᠪᠤᠳᠠᠳᠠᠢ ᠬᠡᠷᠡᠭᠯᠡᠬᠦ ᠬᠠᠤᠯᠢ ᠴᠠᠭᠠᠵᠠ ᠶᠢᠨ  ᠲᠠᠶᠢᠯᠪᠤᠷᠢᠯᠠᠯ ᠬᠢᠵᠥ ᠪᠤᠯᠬᠤ ᠦᠭᠡᠢ᠃     ᠵᠠᠭᠤ ᠪᠦᠭᠡᠳ ᠲᠠᠪᠤᠳᠤᠭᠠᠷ ᠵᠦᠢᠯ    ᠲᠤᠰ ᠬᠠᠥᠯᠢ ᠶᠢ 2000 ᠤᠨ ᠤ 7 ᠰᠠᠷ᠎ᠡ ᠶᠢᠨ 1 ᠤ  ᠡᠳᠦᠷ ᠠᠴᠠ ᠡᠭᠢᠯᠡᠵᠦ ᠭᠡᠷᠡᠭᠵᠢᠬᠦᠯᠪᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2