ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ  ᠳᠦᠷᠢᠮ
ᠨᠡᠶᠢᠲᠡᠯᠡᠭᠰᠡᠨ ᠴᠠᠭ᠄
2017/9/7
   ︵2011 ᠤᠨ ᠤ 9 ᠳ᠋ᠦ᠋ᠭᠡᠷ ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ  ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠠᠴᠠ ᠪᠠᠳᠤᠯᠠᠪᠠ︶            ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ     ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ                        31  ᠳ᠋ᠦ᠋ᠭᠡᠷ ᠳᠤᠭᠠᠳᠤ   2011 ᠤᠨ ᠤ 9 ᠰᠠᠷ᠎ᠠ ᠶᠢᠨ 28 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ  ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ   ᠶᠢᠨ ᠬᠤᠷᠢᠨ ᠳᠦᠷᠪᠡᠳᠡᠭᠡᠷ ᠤᠳᠠᠭᠠᠨ ᠤ ᠬᠤᠷᠠᠯ ᠳᠡᠭᠡᠷ᠎ᠠ ᠵᠠᠰᠠᠪᠤᠷᠢ ᠤᠷᠤᠭᠤᠯᠵᠤ ᠪᠠᠳᠤᠯᠠᠭᠰᠠᠨ ︽ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ  ᠤᠳᠤ ᠨᠠᠶᠢᠳᠠᠯᠡᠪᠠ᠂ 2011 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠦᠨ᠎ᠠ᠃ 1998  ᠤᠨ ᠤ 11 ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ  ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ  ᠤᠳᠠᠭᠠᠨ ᠤ ᠬᠤᠷᠠᠯ ᠠᠴᠠ ᠪᠠᠳᠤᠯᠠᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ  ᠨᠤᠳᠤᠭ ᠪᠡᠯᠴᠢᠭᠡᠷ ᠢ ᠬᠠᠮᠠᠭᠠᠯᠠᠬᠤ ᠳᠦᠷᠢᠮ︾ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃                                       2011 ᠤᠨ ᠤ 9 ᠰᠠᠷ᠎ᠠ ᠶᠢᠨ 29 ᠤ ᠡᠳᠦᠷ      ᠨᠢᠭᠡᠳᠦᠭᠡᠷ ᠪᠦᠯᠦᠭ      ᠶᠡᠷᠦᠩᠭᠡᠢ ᠳᠦᠷᠢᠮ        ᠨᠢᠭᠡᠳᠦᠭᠡᠷ ᠵᠦᠢᠯ   ᠦᠨᠳᠦᠰᠦᠨ ᠨᠤᠳᠤᠭ ᠪᠡᠯᠴᠢᠭᠡᠷ ᠲᠤ ᠤᠨᠴᠠᠭᠠᠢ ᠬᠠᠮᠠᠭᠠᠯᠠᠯᠳᠠ ᠬᠢᠵᠤ ᠨᠤᠳᠤᠭ  ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠂ ᠠᠵᠤ ᠠᠬᠤᠢ  ᠪᠠ ᠨᠡᠶᠢᠭᠡᠮ ᠤᠨ ᠦᠷᠭᠦᠯᠵᠢᠯᠡᠠ ᠬᠦᠭᠵᠢᠬᠦ ᠶᠢ ᠠᠬᠢᠭᠤᠯᠬᠤ ᠶᠢᠨ ᠲᠦᠯᠦᠭᠡ ︽ᠪᠦᠭᠦᠳᠠ ᠨᠠᠶᠢᠷᠠᠮᠳᠠᠬᠤ ᠲᠤᠮᠳᠠᠳᠤ  ᠠᠷᠠᠳ ᠤᠯᠤᠰ ᠤᠨ ᠨᠤᠳᠤᠭ ᠪᠡᠯᠴᠢᠭᠡᠷ ᠤᠨ ᠬᠠᠦᠯᠢ︾ ᠪᠠ ᠤᠯᠤᠰ ᠤᠨ ᠬᠤᠯᠪᠤᠭᠳᠠᠯ ᠪᠦᠭᠦᠢ ᠬᠠᠦᠯᠢ ᠴᠠᠭᠠᠵᠠ᠂  ᠳᠦᠷᠢᠮ ᠲᠤᠭᠳᠠᠭᠠᠯ ᠶᠢ ᠦᠨᠳᠦᠰᠦᠯᠡᠵᠤ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ  ᠤᠶᠠᠯᠳᠤᠭᠤᠯᠤᠨ ᠲᠤᠰ ᠳᠦᠷᠢᠮ ᠢ ᠲᠤᠭᠳᠠᠭᠠᠪᠠ᠃      ᠬᠤᠶᠠᠳᠤᠭᠠᠷ ᠵᠦᠢᠯ  ᠲᠤᠰ ᠳᠦᠷᠢᠮ ᠳᠤ ᠶᠠᠷᠢᠵᠤ ᠪᠠᠶᠢᠭ᠎ᠠ ᠦᠨᠳᠦᠰᠦᠨ ᠨᠤᠳᠤᠭ ᠪᠡᠯᠴᠢᠭᠡᠷ ᠭᠡᠳᠡᠭ ᠨᠢ  ᠬᠠᠦᠯᠢ ᠶᠤᠰᠤᠭᠠᠷ ᠤᠨᠴᠠᠭᠠᠢ ᠬᠠᠮᠠᠭᠠᠯᠠᠯᠳᠠ ᠬᠢᠭᠦ ᠪᠠᠷ ᠲᠤᠭᠳᠠᠭᠰᠡᠨ ᠨᠤᠳᠤᠭ ᠪᠡᠯᠴᠢᠭᠡᠷ ᠤᠨ ᠠᠮᠢ ᠠᠬᠤᠢ ᠶᠢᠨ  ᠴᠢᠳᠠᠪᠬᠢ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠲᠤᠬᠢᠷᠠᠬᠤ ᠪᠠᠶᠢᠭᠠᠯᠢ ᠶᠢᠨ ᠨᠤᠳᠤᠭ ᠪᠡᠯᠴᠢᠭᠡᠷ ᠪᠠ  ᠬᠦᠮᠦᠨ ᠤ ᠬᠦᠴᠦ ᠪᠠᠷ ᠳᠠᠷᠢᠭᠰᠠᠨ ᠪᠡᠯᠴᠢᠬᠡᠷ ᠢ ᠵᠢᠭᠠᠨ᠎ᠠ᠃      ᠭᠤᠷᠪᠠᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠠᠷᠢᠶᠠᠨ ᠳᠤ ᠦᠨᠳᠦᠰᠦᠨ  ᠨᠤᠳᠤᠭ ᠪᠡᠯᠴᠢᠭᠡᠷ ᠢ ᠲᠦᠯᠦᠪᠵᠢᠭᠦᠯᠭᠦ᠂ ᠬᠤᠪᠢᠶᠠᠬᠤ᠂ ᠬᠠᠮᠠᠭᠠᠯᠠᠬᠤ᠂ ᠪᠦᠳᠦᠭᠡᠨ ᠪᠠᠶᠢᠭᠤᠯᠬᠤ᠂ ᠠᠰᠢᠭᠯᠠᠬᠤ ᠪᠠ  ᠬᠠᠮᠢᠶᠠᠷᠬᠤ ᠳᠤ ᠲᠤᠰ ᠳᠦᠷᠢᠮ ᠢ ᠬᠡᠷᠡᠭᠯᠡᠨ᠎ᠠ᠃      ᠳᠦᠷᠪᠡᠳᠦᠭᠡᠷ ᠵᠦᠢᠯ   ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠳᠤ ᠰᠢᠨᠵᠢᠯᠡᠭᠦ ᠤᠬᠠᠭᠠᠨᠴᠢ ᠪᠠᠷ  ᠲᠦᠯᠦᠪᠵᠢᠭᠦᠯᠵᠤ᠂ ᠬᠠᠮᠭᠠᠯᠠᠬᠤ ᠶᠢ ᠴᠢᠬᠤᠯᠠᠴᠢᠯᠠᠵᠤ᠂ ᠪᠦᠳᠦᠭᠡᠨ ᠪᠠᠶᠢᠭᠤᠯᠤᠯᠳᠠ ᠪᠠᠷ ᠭᠤᠤᠯᠳᠠᠭᠤᠯᠤᠨ᠂ ᠵᠦᠢ  ᠵᠤᠬᠢᠰᠳᠠᠢ ᠠᠰᠢᠭᠯᠠᠵᠤ᠂ ᠴᠢᠩᠬ᠎ᠠ ᠨᠢᠮᠪᠠᠢ ᠬᠠᠮᠢᠶᠠᠷᠬᠤ ᠵᠠᠷᠴᠢᠮ ᠢ ᠪᠠᠷᠢᠮᠳᠠᠯᠠᠬᠤ ᠬᠡᠷᠡᠭᠳᠠᠢ᠃            ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ  ᠬᠦᠭᠵᠢᠯᠳᠠ ᠶᠢᠨ ᠲᠦᠯᠦᠪᠵᠢᠭᠦᠯᠭᠡ ᠳᠡᠭᠡᠨ ᠤᠷᠤᠭᠤᠯᠤᠨ᠂ ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ  ᠠᠵᠢᠯ ᠳᠤ ᠬᠡᠷᠡᠭᠰᠡᠬᠦ ᠵᠠᠷᠤᠳᠠᠯ ᠰᠦᠢᠳᠭᠡᠯ ᠢ ᠪᠠᠳᠤᠯᠠᠬᠤ ᠬᠡᠷᠡᠭᠳᠠᠢ᠃      ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ ᠤ  ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ  ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠵᠤ ᠬᠢᠨᠠᠨ ᠬᠠᠮᠢᠶᠠᠷᠬᠤ ᠠᠵᠢᠯ ᠢ ᠭᠤᠤᠯᠯᠠᠨ  ᠬᠠᠮᠢᠶᠠᠷᠤᠨ᠎ᠠ᠃       ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠤᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠠᠶᠢᠭᠤᠯᠤᠮᠵᠢ ᠲᠤᠰ ᠵᠠᠰᠠᠭ  ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠢᠨᠠᠨ ᠬᠠᠮᠢᠶᠠᠷᠬᠤ ᠪᠤᠳᠠᠳᠠᠢ ᠠᠵᠢᠯ ᠢ  ᠬᠠᠷᠢᠭᠤᠴᠠᠨ᠎ᠠ᠃        ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ  ᠦᠨᠳᠦᠰᠦᠨ ᠨᠤᠳᠤᠭ ᠪᠡᠯᠴᠢᠭᠡᠷ ᠢ ᠬᠠᠮᠠᠯᠭᠠᠬᠤ ᠶᠢ ᠬᠢᠨᠠᠯᠳᠠ ᠲᠠᠯᠪᠢᠨ ᠪᠠᠶᠢᠴᠠᠭᠠᠬᠤ ᠠᠵᠢᠯ ᠢᠶᠠᠨ ᠴᠢᠩᠭᠠᠳᠬᠠᠬᠤ  ᠬᠡᠷᠡᠭᠳᠠᠢ᠃       ᠲᠤᠯᠤᠳᠤᠭᠠᠷ ᠵᠦᠢᠯ  ᠶᠠᠮᠠᠷᠪᠠ ᠨᠢᠭᠡᠴᠠ ᠪᠠ ᠬᠤᠪᠢ ᠬᠦᠮᠦᠨ ᠪᠦᠷ ᠦᠨᠳᠦᠰᠦᠨ ᠨᠤᠳᠤᠭ ᠪᠡᠯᠴᠢᠭᠡᠷ ᠢ  ᠬᠠᠮᠭᠠᠯᠠᠬᠤ ᠡᠭᠦᠷᠭᠡ ᠲᠠᠢ᠂ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ ᠪᠠᠷ ᠨᠡᠶᠢᠭᠡᠮ ᠠᠴᠠ ᠬᠢᠨᠠᠯᠳᠠ  ᠲᠠᠯᠪᠢᠬᠤ ᠳᠤ ᠤᠷᠤᠯᠴᠠᠬᠤ ᠡᠷᠭᠡ ᠲᠠᠢ ᠪᠦᠭᠡᠳ ᠦᠨᠳᠦᠰᠦᠨ ᠨᠤᠳᠤᠭ ᠪᠡᠯᠴᠢᠭᠡᠷ ᠢ ᠡᠪᠳᠡᠭᠰᠡᠨ ᠬᠠᠦᠯᠢ ᠪᠤᠰᠤ  ᠠᠵᠢᠯᠯᠠᠭ᠎ᠠ ᠢ ᠢᠯᠡᠴᠢᠯᠡᠨ ᠵᠠᠭᠠᠯᠳᠤᠬᠤ ᠡᠷᠭᠡ ᠲᠠᠢ᠃       ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠪᠡᠯᠡ ᠮᠦᠡᠭᠭᠦᠨ ᠤ ᠨᠦᠬᠦᠪᠦᠷᠢ᠂ ᠮᠡᠷᠭᠡᠵᠢᠯ ᠤᠨ ᠲᠠᠮᠵᠢᠯᠭᠡ ᠵᠡᠷᠭᠡ ᠠᠷᠭ᠎ᠠ ᠪᠠᠷ ᠦᠨᠳᠦᠰᠦᠨ ᠨᠤᠳᠤᠭ ᠪᠡᠯᠴᠢᠭᠡᠷ ᠤᠨ  ᠠᠮᠢ ᠠᠬᠤᠢ ᠶᠢ ᠨᠦᠭᠦᠪᠦᠷᠢᠯᠡᠭᠦ ᠤᠷᠳᠤ ᠬᠤᠭᠤᠴᠠᠭᠠᠨ ᠤ ᠪᠦᠲᠦᠮᠵᠢᠲᠡᠢ ᠲᠤᠭᠳᠠᠴᠠ ᠪᠠ ᠤᠯᠠᠨ ᠠᠷᠭ᠎ᠠ ᠵᠠᠮ ᠢᠶᠠᠷ  ᠦᠨᠳᠦᠰᠦᠨ ᠨᠤᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢ ᠨᠡᠮᠡᠭᠲᠡᠬᠦᠯᠬᠦ  ᠲᠤᠭᠳᠠᠴᠠ ᠪᠠᠶᠢᠭᠤᠯᠬᠤ ᠬᠡᠷᠡᠭᠳᠠᠢ᠃       ᠶᠢᠰᠦᠳᠦᠭᠡᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ  ᠦᠨᠳᠦᠰᠦᠨ ᠨᠤᠳᠤᠭ ᠪᠡᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠡᠨ ᠨᠢᠭᠡᠴᠠ ᠪᠠ  ᠬᠤᠪᠢ ᠬᠦᠮᠦᠨ ᠢ ᠬᠦᠬᠢᠭᠦᠯᠦᠨ ᠱᠠᠩᠨᠠᠬᠤ ᠬᠡᠷᠡᠭᠳᠠᠢ᠃       ᠬᠤᠶᠠᠳᠤᠭᠠᠷ ᠪᠦᠯᠦᠭ     ᠲᠦᠯᠦᠪᠵᠢᠭᠦᠯᠭᠡ ᠪᠠ ᠬᠤᠪᠢᠶᠠᠷᠢᠯᠠᠨ ᠲᠣᠭᠲᠠᠭᠠᠬᠤ       ᠠᠷᠪᠠᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠭᠢ ᠠᠷᠠᠳ ᠤᠨ ᠵᠠᠰᠠᠭ ᠤᠨ ᠤᠷᠳᠤᠨ ᠤ  ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ  ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤᠷᠠᠠ ᠳᠡᠭᠡᠷ᠎ᠠ ᠨᠢᠭᠡ ᠱᠠᠳᠤᠨ ᠤ ᠦᠨᠳᠦᠰᠤᠨ ᠨᠤᠳᠤᠭ  ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠶᠢ ᠦᠨᠳᠦᠰᠦᠯᠡᠵᠦ᠂ ᠲᠤᠬᠠᠢ ᠶᠢᠨ ᠭᠠᠵᠠᠷ ᠤᠷᠤᠨ ᠤ ᠪᠠᠨ ᠪᠤᠳᠠᠳᠠᠢ   ᠲᠠᠢ ᠤᠶᠠᠯᠳᠤᠭᠤᠯᠤᠨ᠂ ᠪᠠᠶᠢᠭᠠᠯᠢ ᠶᠢᠨ ᠵᠢᠮ᠎ᠠ ᠶᠤᠰᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠵᠢᠮ᠎ᠠ ᠶᠤᠰᠤ   ᠶᠢ ᠬᠦᠨᠳᠦᠳᠭᠡᠨ᠂ ᠲᠤᠰ ᠵᠠᠰᠠᠭ ᠵᠠᠬᠢᠷᠭᠠᠨ ᠤ ᠬᠠᠷᠢᠶᠠᠨ ᠳᠠᠬᠢ ᠦᠨᠳᠦᠰᠦᠨ ᠨᠤᠳᠤᠭ ᠪᠡᠯᠴᠢᠭᠡᠷ ᠢ ᠬᠠᠮᠭᠠᠯᠠᠬᠤ  ᠲᠦᠯᠦᠪᠵᠢᠭᠦᠯᠭᠡ ᠭᠠᠷᠭᠠᠨ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ  ᠵᠦᠪᠰᠢᠶᠡᠷᠡᠭᠦᠯᠦᠭᠰᠡᠨ ᠤ ᠳᠠᠷᠠᠭ᠎ᠠ‌‍ᠬᠡᠷᠡᠭᠵᠢᠭᠦᠯᠦᠨ᠎ᠠ᠃       ᠵᠦᠪᠰᠢᠶᠡᠷᠡᠭᠦᠯᠦᠭᠰᠡᠨ ᠨᠤᠳᠤᠭ ᠪᠡᠯᠴᠢᠭᠡᠷ ᠢ ᠬᠠᠮᠠᠭᠠᠯᠠᠬᠤ ᠲᠦᠯᠦᠪᠵᠢᠭᠦᠯᠭᠡ ᠨᠢ ᠲᠤᠬᠢᠷᠠᠭᠤᠯᠤᠯᠳᠠ ᠬᠢᠵᠤ  ᠵᠠᠰᠠᠪᠤᠷᠢ ᠤᠷᠤᠭᠤᠯᠬᠤ ᠴᠢᠬᠤᠯᠠᠳᠠᠢ ᠪᠤᠯ ᠤᠤᠯ ᠤᠨ ᠬᠢᠨᠠᠨ ᠵᠦᠪᠰᠢᠶᠡᠷᠡᠭᠰᠡᠨ ᠪᠠᠶᠢᠭᠤᠯᠤᠯᠭ᠎ᠠ ᠨᠢᠭᠡᠴᠠ ᠳᠤ  ᠮᠡᠳᠡᠬᠦᠯᠦᠨ ᠵᠦᠪᠰᠢᠶᠡᠷᠡᠭᠦᠯᠬᠦ ᠬᠡᠷᠡᠭᠳᠠᠢ᠃        ᠠᠷᠪᠠᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ  ᠦᠨᠳᠦᠰᠦᠨ ᠨᠤᠳᠤᠭ ᠪᠡᠯᠴᠢᠭᠡᠷ ᠢ ᠬᠤᠪᠢᠶᠠᠷᠢᠯᠠᠨ ᠲᠤᠭᠳᠠᠭᠠᠬᠤ ᠠᠵᠢᠯ ᠢ ᠬᠠᠷᠢᠭᠤᠴᠠᠨ᠎ᠠ᠃      ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠦᠨᠳᠦᠰᠦᠨ ᠨᠤᠳᠤᠭ ᠪᠡᠯᠴᠢᠭᠡᠷ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ ᠱᠠᠳᠤᠨ ᠤ ᠬᠤᠯᠪᠤᠭᠳᠠᠯ ᠪᠦᠭᠦᠢ ᠰᠠᠯᠠᠭ᠎ᠠ ᠮᠦᠴᠢᠷ ᠲᠠᠢ ᠬᠠᠮᠳᠤ  ᠦᠨᠳᠦᠰᠦᠨ ᠨᠤᠳᠤᠭ ᠪᠡᠯᠴᠢᠭᠡᠷ ᠢ  ᠬᠤᠪᠢᠶᠠᠷᠢᠯᠠᠨ ᠲᠤᠭᠳᠠᠭᠠᠬᠤ ᠪᠤᠳᠠᠳᠠᠢ ᠠᠵᠢᠯ ᠢ ᠬᠠᠷᠢᠭᠤᠴᠠᠨ᠎ᠠ᠃       ᠠᠷᠪᠠᠨ ᠬᠤᠶᠠᠳᠤᠭᠠᠷ ᠵᠦᠢᠯ  ᠲᠤᠤᠷᠠᠬᠢ ᠨᠤᠳᠤᠭ ᠪᠡᠯᠴᠢᠭᠡᠷ ᠢ ᠦᠨᠳᠦᠰᠦᠨ ᠨᠤᠳᠤᠭ ᠪᠡᠯᠴᠢᠭᠡᠷ ᠲᠤ  ᠤᠷᠤᠭᠤᠯᠬᠤ ᠬᠡᠷᠡᠭᠳᠠᠢ᠄       ︵ᠨᠢᠬᠡ︶ ᠠᠭᠤᠷ ᠠᠮᠢᠰᠬᠤᠯ ᠢ ᠵᠤᠬᠢᠴᠠᠭᠤᠯᠬᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠤᠰᠤ  ᠰᠢᠷᠤᠢ ᠶᠢ ᠬᠠᠮᠭᠠᠯᠠᠬᠤ᠂ ᠰᠠᠯᠬᠢᠨ ᠢ ᠬᠠᠯᠬᠠᠯᠠᠵᠤ ᠡᠯᠡᠰᠤ ᠶᠢ ᠲᠤᠭᠳᠠᠪᠤᠷᠢᠵᠢᠭᠤᠯᠬᠤ ᠤᠨᠴᠠᠭᠠᠢ ᠠᠮᠢ ᠠᠬᠤᠢ ᠶᠢᠨ  ᠴᠢᠳᠠᠪᠬᠢ ᠲᠠᠢ ᠨᠤᠳᠤᠭ ᠪᠡᠯᠴᠢᠭᠡᠷ︔           ︵ᠬᠤᠶᠠᠷ︶ ᠴᠢᠬᠤᠯᠠ ᠪᠡᠯᠴᠢᠭᠡᠷ︔         ︵ᠭᠤᠷᠪᠠ︶ ᠬᠠᠳᠤᠯᠠᠩ︔         ︵ᠳᠦᠷᠪᠡ︶ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠬᠡᠷᠡᠭᠯᠡᠳᠡᠭ ᠲᠠᠷᠢᠮᠠᠯ ᠪᠡᠯᠴᠢᠭᠡᠷ᠂ ᠡᠪᠡᠰᠦ  ᠪᠤᠷᠳᠤᠭᠠᠨ ᠰᠠᠭᠤᠷᠢᠨ᠂ ᠲᠠᠷᠢᠶᠠᠯᠠᠬᠤ ᠶᠢ ᠵᠤᠭᠰᠤᠭᠠᠵᠤ ᠪᠡᠯᠴᠢᠭᠡᠷ ᠢ ᠰᠡᠷᠭᠦᠭᠡᠭᠰᠡᠨ ᠨᠤᠲᠤᠭ ᠪᠠ ᠰᠢᠯᠢᠳᠡᠭᠵᠢᠭᠦᠯᠦᠨ  ᠰᠠᠶᠢᠵᠢᠷᠠᠭᠤᠯᠤᠭᠰᠠᠨ ᠪᠡᠯᠴᠢᠭᠡᠷ᠂ ᠡᠪᠡᠰᠦᠨ ᠦᠷ᠎ᠡ ᠶᠢᠨ ᠰᠠᠭᠤᠷᠢᠨ︔        ︵ᠲᠠᠪᠤ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ  ᠠᠮᠢᠳᠠᠨ ᠤᠷᠭᠤᠮᠠᠯ ᠤᠨ ᠤᠷᠤᠰᠢᠨ ᠳᠤᠬᠳᠠᠨᠢᠬᠤ ᠤᠷᠴᠢᠨ ᠪᠤᠯᠳᠠᠭ ᠨᠤᠲᠤᠭ ᠪᠡᠯᠴᠢᠭᠡᠷ︔       ︵ᠵᠢᠷᠭᠤᠭ᠎ᠠ︶ ᠨᠤᠲᠤᠭ ᠪᠡᠯᠴᠢᠭᠡᠷ ᠤᠨ ᠰᠤᠳᠤᠯᠭᠠᠨ ᠪᠠ ᠵᠢᠭᠠᠨ ᠰᠤᠷᠭᠠᠯᠳᠠ ᠶᠢᠨ ᠲᠤᠷᠰᠢᠯᠳᠠ ᠶᠢᠨ  ᠰᠠᠭᠤᠷᠢᠨ︔       ︵ᠳᠤᠯᠤᠭ᠎ᠠ︶ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠭᠳᠠᠭᠠᠯ ᠢᠶᠠᠷ ᠦᠨᠳᠦᠰᠦᠨ ᠨᠤᠲᠤᠭ  ᠪᠡᠯᠴᠢᠭᠡᠷ ᠲᠤ ᠤᠷᠤᠭᠤᠯᠪᠠᠰᠤ ᠵᠤᠬᠢᠬᠤ ᠪᠤᠰᠤᠳ ᠨᠤᠲᠤᠭ ᠪᠡᠯᠴᠢᠭᠡᠷ᠃       ᠠᠷᠪᠠᠨ ᠭᠤᠷᠪᠠᠳᠤᠭᠠᠷ ᠵᠦᠢᠯ ᠬᠠᠮᠳᠤ ᠶᠢᠨ ᠦᠮᠴᠢᠯᠡᠯ ᠤᠨ ᠨᠤᠲᠤᠭ ᠪᠡᠯᠴᠢᠭᠡᠷ ᠢ ᠭᠠᠴᠠᠭ᠎ᠠ ᠲᠤᠰᠬᠤᠨ ᠢᠶᠠᠷ  ᠨᠢᠭᠡᠴᠢ ᠪᠤᠯᠭᠠᠨ ᠵᠠᠭᠠᠭᠯᠠᠵᠤ᠂ ᠤᠯᠤᠰ ᠤᠨ ᠦᠮᠴᠢᠯᠡᠯ ᠤᠨ ᠨᠤᠲᠤᠭ ᠪᠡᠯᠴᠢᠭᠡᠷ ᠢ ᠬᠡᠷᠡᠭᠯᠡᠬᠦ ᠡᠷᠬᠡ ᠪᠠᠷ ᠨᠢᠭᠡᠴᠢ  ᠪᠤᠯᠭᠠᠨ ᠵᠠᠭᠠᠭᠯᠠᠨ᠎ᠠ᠃        ᠬᠤᠪᠢᠶᠠᠷᠢᠯᠠᠨ ᠵᠠᠭᠠᠭᠯᠠᠭᠰᠠᠨ ᠦᠨᠳᠦᠰᠦᠨ ᠨᠤᠲᠤᠭ ᠪᠡᠯᠴᠢᠭᠡᠷ ᠢ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠭ ᠤᠨ ᠤᠷᠳᠤᠨ ᠠᠴᠠ ᠳᠠᠩᠰᠠ ᠡᠪᠬᠡᠮᠡᠯ ᠪᠠᠶᠢᠭᠤᠯᠵᠤ᠂ ᠦᠨᠳᠦᠰᠦᠨ ᠨᠤᠲᠤᠭ ᠪᠡᠯᠴᠢᠭᠡᠷ ᠤᠨ  ᠲᠠᠷᠬᠠᠭᠠᠯᠳᠠ ᠶᠢᠨ ᠪᠤᠷᠤ ᠵᠢᠷᠤᠭ ᠢ ᠵᠢᠷᠤᠵᠤ᠂ ᠬᠠᠮᠠᠭᠠᠯᠠᠯᠳᠠ ᠬᠢᠬᠦ ᠲᠡᠮᠳᠡᠭ ᠲᠠᠯᠪᠢᠵᠤ ᠤᠯᠠᠨ ᠳᠤ ᠵᠠᠷᠯᠠᠬᠤ ᠶᠢᠨ  ᠬᠠᠮᠳᠤ ᠳᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠳᠠᠩᠰᠠᠯᠠᠭᠤᠯᠬᠤ ᠬᠡᠷᠡᠭᠳᠠᠢ᠃       ᠠᠷᠪᠠᠨ ᠳᠦᠷᠪᠡᠳᠦᠭᠡᠷ ᠵᠦᠢᠯ  ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠵᠠᠭᠠᠭᠯᠠᠬᠤ ᠮᠡᠷᠭᠡᠵᠢᠯ ᠤᠨ  ᠳᠦᠷᠢᠮᠵᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠭᠳᠠᠭᠠᠨ᠎ᠠ᠃       ᠭᠤᠷᠪᠠᠳᠤᠭᠠᠷ ᠪᠦᠯᠦᠭ     ᠬᠠᠮᠠᠭᠠᠯᠠᠯᠳᠠ ᠪᠠ ᠠᠰᠢᠭᠯᠠᠯᠳᠠ        ᠠᠷᠪᠠᠨ ᠲᠠᠪᠤᠳᠤᠭᠠᠷ ᠵᠦᠢᠯ  ᠦᠨᠳᠦᠰᠦᠨ ᠨᠤᠲᠤᠭ ᠪᠡᠯᠴᠢᠭᠡᠷ ᠲᠤ ᠳᠤᠤᠷᠠᠬᠢ ᠠᠵᠢᠯᠯᠠᠭ᠎ᠠ ᠬᠢᠬᠦ ᠶᠢ  ᠴᠠᠭᠠᠵᠠᠯᠠᠨ᠎ᠠ᠄       ︵ᠨᠢᠭᠡ︶ ᠦᠨᠳᠦᠰᠦᠨ ᠨᠤᠲᠤᠭ ᠪᠡᠯᠴᠢᠭᠡᠷ ᠲᠤ ᠠᠳᠠᠷ ᠬᠠᠭᠠᠯᠪᠤᠷᠢᠯᠠᠬᠤ︔       ︵ᠬᠤᠶᠠᠷ︶ ᠦᠨᠳᠦᠰᠦᠨ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠦᠭᠡᠷᠡᠴᠢᠯᠡᠬᠦ︔        ︵ᠭᠤᠷᠪᠠ︶ ᠨᠤᠲᠤᠭ ᠪᠡᠯᠴᠢᠭᠡᠷ ᠤᠨ ᠳᠤᠤᠷ ᠬᠦᠷᠢᠶ᠎ᠠ ᠪᠠ ᠬᠦᠮᠦᠨ ᠮᠠᠯ ᠤᠨ ᠤᠰᠤ ᠤᠮᠳᠠ ᠶᠢᠨ  ᠲᠦᠭᠦᠭᠡᠷᠦᠮᠵᠢ ᠵᠡᠷᠭᠡ ᠨᠤᠲᠤᠭ ᠪᠡᠯᠴᠢᠭᠡᠷ ᠤᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢᠨ ᠲᠤᠨᠤᠭ  ᠲᠦᠬᠦᠭᠡᠷᠦᠮᠵᠢ ᠶᠢ ᠡᠪᠳᠡᠬᠦ︔       ︵ᠳᠦᠷᠪᠡ︶ ᠳᠤᠷ᠎ᠠ ᠪᠠᠷ ᠬᠤᠳᠳᠤᠭ ᠦᠷᠦᠮᠲᠡᠵᠦ ᠠᠵᠤ ᠦᠢᠯᠡᠳᠪᠤᠷᠢ ᠳᠤ ᠬᠡᠷᠡᠭᠯᠡᠬᠦ ᠤᠰᠤ ᠳᠠᠳᠠᠬᠤ︔       ︵ᠲᠠᠪᠤ︶ ᠵᠢᠭᠠᠰᠦᠨ ᠴᠦᠬᠦᠷᠦᠮ ᠪᠤᠶᠤ ᠭᠤᠤ ᠰᠤᠪᠠᠭ ᠮᠠᠯᠳᠠᠵᠤ᠂ ᠡᠪᠡᠰᠦᠨ ᠤ ᠬᠦᠷᠦᠰᠦ ᠶᠢ ᠢᠷᠠᠬᠤ᠂  ᠬᠦᠯᠦᠷ᠎ᠡ ᠮᠠᠯᠳᠠᠬᠤ ᠵᠡᠷᠭᠡ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠠᠵᠢᠯᠯᠠᠭ᠎ᠠ︔        ︵ᠵᠢᠷᠭᠤᠭ᠎ᠠ︶ ᠬᠡᠭᠦᠷ ᠤᠩᠭᠤᠨ ᠪᠤᠰᠬᠠᠬᠤ︔       ︵ᠳᠤᠯᠤᠭ᠎ᠠ︶ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠳᠦᠷᠢᠮ ᠢ ᠵᠦᠷᠢᠴᠡᠵᠦ᠂ ᠬᠠᠳᠠᠭᠤ  ᠪᠡᠶᠡᠳᠦ᠂ ᠰᠢᠩᠭᠡᠨ ᠪᠡᠶᠡᠳᠦ ᠪᠤᠶᠤ ᠬᠡᠢ ᠪᠡᠶᠡᠳᠦ ᠬᠠᠶᠠᠭᠳᠠᠮᠠᠯ ᠪᠤᠳᠠᠰ᠂ ᠠᠮᠢᠳᠤᠷᠠᠯ ᠤᠨ ᠬᠤᠭ ᠨᠤᠪᠰᠢ ᠬᠠᠶᠠᠬᠤ᠂  ᠡᠰᠡᠭᠦᠯ᠎ᠡ ᠤᠷᠴᠢᠨ ᠲᠤᠭᠤᠷᠢᠨ ᠤ ᠳᠠᠭᠤ ᠱᠤᠤᠬᠢᠶᠠᠨ ᠤ ᠪᠤᠬᠢᠷᠳᠦᠯ᠂ ᠲᠤᠭᠤᠰᠤ ᠰᠢᠷᠤᠢ ᠶᠢᠨ ᠪᠤᠬᠢᠷᠳᠦᠯ᠂  ᠰᠠᠴᠤᠷᠠᠭ ᠪᠤᠳᠠᠰ ᠤᠨ ᠪᠤᠬᠢᠷᠳᠦᠯ᠂ ᠴᠠᠬᠢᠯᠭᠠᠨ ᠰᠤᠷᠢᠨᠵᠢᠨ ᠳᠤᠯᠬᠢᠶᠠᠨ ᠤ ᠪᠤᠬᠢᠷᠳᠦᠯ ᠡᠭᠦᠰᠭᠡᠬᠦ ᠠᠵᠢᠯᠯᠠᠭ᠎ᠠ︔       ︵ᠨᠠᠢᠮᠠ︶ ᠦᠨᠳᠦᠰᠦᠨ ᠨᠤᠲᠤᠭ ᠪᠡᠯᠴᠢᠭᠡᠷ ᠢ ᠡᠪᠳᠡᠬᠦ ᠪᠤᠰᠤᠳ ᠡᠯ᠎ᠡ ᠵᠦᠢᠯ ᠤᠨ ᠠᠵᠢᠯᠯᠠᠭ᠎ᠠ᠃      ᠠᠷᠪᠠᠨ ᠵᠢᠷᠭᠤᠳᠤᠭᠠᠷ ᠵᠦᠢᠯ  ᠠᠶᠤᠯ ᠭᠠᠮᠰᠢᠭ ᠠᠴᠠ ᠠᠪᠤᠷᠠᠬᠤ ᠪᠤᠶᠤ ᠮᠠᠯᠴᠢᠳ ᠤᠳᠤᠷᠯᠠᠨ ᠨᠡᠭᠦᠬᠦ ᠳᠤ  ᠬᠡᠷᠡᠭᠯᠡᠬᠦ ᠮᠠᠰᠢᠨ ᠲᠡᠷᠭᠡ ᠠᠴᠠ ᠭᠠᠳᠠᠨ᠎ᠠ ᠡᠯ᠎ᠡ ᠵᠦᠢᠯ ᠤᠨ ᠮᠠᠰᠢᠨ ᠲᠡᠷᠭᠡ ᠵᠠᠮ ᠠᠴᠠ ᠭᠠᠷᠴᠤ ᠦᠨᠳᠦᠰᠦᠨ ᠨᠤᠲᠤᠭ  ᠪᠡᠯᠴᠢᠭᠡᠷ ᠲᠤ ᠳᠤᠷ᠎ᠠ ᠪᠠᠷ ᠳᠠᠪᠬᠢᠵᠤ ᠨᠤᠲᠤᠭ ᠪᠡᠯᠴᠢᠭᠡᠷ ᠤᠨ ᠤᠷᠭᠤᠮᠠᠯ ᠪᠦᠷᠬᠦᠴᠡ ᠶᠢ ᠡᠪᠳᠡᠬᠦ ᠶᠢ ᠴᠠᠭᠠᠵᠠᠯᠠᠨ᠎ᠠ︔ ᠭᠠᠵᠠᠷ ᠰᠢᠨᠵᠢᠯᠡᠭᠡᠨ ᠤ ᠬᠠᠶᠢᠯᠳᠠ ᠬᠢᠬᠦ ᠪᠤᠶᠤ ᠰᠢᠨᠵᠢᠯᠡᠬᠦ ᠤᠬᠠᠭᠠᠨ ᠤ ᠪᠠᠶᠢᠴᠠᠭᠠᠯᠳᠠ ᠬᠢᠬᠦ ᠵᠡᠷᠭᠡ ᠠᠵᠢᠯᠯᠠᠭ᠎ᠠ   ᠠᠴᠠ ᠪᠤᠯᠵᠤ ᠵᠠᠮ ᠠᠴᠠ ᠭᠠᠷᠴᠤ ᠮᠠᠰᠢᠨ ᠲᠡᠷᠭᠡ ᠪᠠᠷ ᠦᠨᠳᠦᠰᠦᠨ ᠨᠤᠲᠤᠭ ᠪᠡᠯᠴᠢᠭᠡᠷ ᠢᠶᠠᠷ ᠶᠠᠪᠤᠬᠤ ᠴᠢᠬᠤᠯᠠ   ᠲᠠᠢ ᠪᠤᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠲᠤ ᠶᠠᠪᠤᠵᠤ ᠪᠠᠭᠤᠬᠤ ᠤᠷᠤᠨ ᠪᠠ ᠶᠠᠪᠤᠵᠤ ᠪᠠᠭᠤᠬᠤ ᠱᠤᠭᠤᠮ ᠤᠨ ᠲᠦᠰᠦᠯ ᠢᠶᠠᠨ  ᠮᠡᠳᠡᠭᠳᠡᠵᠦ᠂ ᠵᠦᠪᠰᠢᠶᠡᠷᠡᠯ ᠤᠯᠪᠠᠯ ᠰᠠᠢᠢ ᠶᠠᠪᠤᠵᠤ ᠪᠤᠯᠤᠨ᠎ᠠ᠃      ᠠᠷᠪᠠᠨ ᠳᠤᠯᠤᠳᠤᠭᠠᠷ ᠵᠦᠢᠯ   ᠦᠨᠳᠦᠰᠦᠨ ᠨᠤᠲᠤᠭ ᠪᠡᠯᠴᠢᠭᠡᠷ ᠲᠤ ᠡᠵᠡᠩᠨᠡᠯᠳᠡ ᠶᠢᠨ ᠴᠢᠨᠠᠷᠳᠠᠢ  ᠵᠤᠭᠠᠴᠠᠯ ᠤᠨ ᠠᠵᠢᠯᠯᠠᠭ᠎ᠠ ᠡᠷᠬᠢᠯᠡᠬᠦ ᠳᠤ᠂ ᠦᠨᠳᠦᠰᠦᠨ ᠨᠤᠳᠤᠭ ᠪᠡᠯᠴᠢᠭᠡᠷ ᠤᠨ ᠬᠠᠮᠠᠭᠠᠯᠠᠯᠳᠠ ᠶᠢᠨ  ᠲᠦᠯᠦᠪᠵᠢᠭᠦᠯᠭᠡ ᠳᠤ ᠨᠡᠶᠢᠴᠡᠬᠦ ᠬᠡᠷᠡᠭᠳᠠᠢ ᠪᠦᠭᠡᠳ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ  ᠵᠠᠰᠠᠭ ᠤᠨ ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ  ᠵᠦᠪᠰᠢᠶᠡᠷᠡᠬᠦᠯᠥᠭᠰᠡᠡ ᠤ ᠳᠠᠷᠠᠭ᠎ᠠ ᠬᠤᠯᠪᠤᠭᠳᠠᠯ ᠪᠦᠬᠦᠢ ᠭᠠᠷᠳᠠᠮ ᠢ ᠭᠦᠢᠴᠡᠳᠭᠡᠵᠦ ᠪᠤᠯᠤᠨ᠎ᠠ᠃       ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠲᠤᠭ ᠪᠡᠯᠴᠢᠭᠡᠷ ᠢ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠭᠠᠴᠠᠯ ᠤᠨ ᠠᠵᠢᠯᠯᠠᠭ᠎ᠠ ᠡᠷᠬᠢᠯᠡᠭᠰᠡᠳ ᠤᠨ ᠦᠨᠳᠦᠰᠦᠨ ᠨᠤᠲᠤᠭ  ᠪᠡᠯᠴᠢᠭᠡᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠬᠰᠠᠠ ᠪᠠᠶᠢᠳᠠᠯ ᠢ ᠦᠷᠭᠦᠯᠵᠢ ᠬᠢᠨᠠᠵᠤ  ᠪᠠᠶᠢᠴᠠᠭᠠᠬᠤ ᠬᠡᠷᠡᠭᠳᠠᠢ᠃       ᠠᠷᠪᠠᠨ ᠨᠠᠢᠮᠠᠳᠤᠭᠠᠷ ᠵᠦᠢᠯ  ᠠᠭᠤᠷᠬᠠᠢ ᠪᠤᠯᠠᠬᠳᠠᠴᠠ ᠮᠠᠯᠳᠠᠬᠤ ᠪᠤᠶᠤ ᠪᠠᠷᠢᠯᠭ᠎ᠠ ᠪᠠᠶᠢᠭᠤᠯᠬᠤ ᠳᠤ  ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠴᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠴᠢᠬᠤᠯᠠ ᠲᠠᠢ  ᠦᠶᠡᠰ ᠲᠤ᠂ ᠡᠷᠬᠡᠪᠰᠢ ᠦᠪᠡᠷᠳᠡᠭᠡᠨ ᠵᠠᠰᠠᠬᠤ ᠤᠷᠤᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠤᠷᠳᠤᠨ ᠤ ᠨᠤᠲᠤᠭ ᠪᠡᠯᠴᠢᠭᠡᠷ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠡᠨ ᠵᠦᠪᠰᠢᠶᠡᠷᠡᠬᠦᠯᠥᠭᠰᠡᠡ ᠤ  ᠳᠠᠷᠠᠭ᠎ᠠ ᠭᠠᠵᠠᠷ ᠰᠢᠷᠤᠢ ᠶᠢᠨ ᠬᠠᠮᠢᠶᠠᠷᠤᠯᠳᠠ ᠶᠢᠨ ᠬᠠᠤᠯᠢ ᠪᠠ ᠵᠠᠰᠠᠭ ᠵᠠᠬᠢᠷᠭᠠᠨ ᠤ ᠳᠦᠷᠢᠮ ᠳᠤᠭᠳᠠᠭᠠᠯ ᠢ  ᠦᠨᠳᠦᠰᠦᠯᠡᠨ ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢ ᠬᠢᠨᠠᠨ ᠵᠦᠪᠰᠢᠶᠡᠷᠡᠬᠦᠯᠬᠦ ᠭᠠᠷ  ᠭᠦᠢᠴᠡᠳᠭᠡᠯ ᠬᠢᠯᠭᠡᠨ᠎ᠠ᠃       ᠦᠨᠳᠦᠰᠦᠨ ᠨᠤᠲᠤᠭ ᠪᠡᠯᠴᠢᠭᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠭᠰᠡᠨ  ᠪᠠᠶᠢᠳᠠᠯ ᠢ ᠬᠢᠨᠠᠵᠤ ᠪᠠᠶᠢᠴᠠᠭᠠᠬᠤ ᠠᠵᠢᠯ ᠢ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠢ ᠬᠢᠨᠠᠵᠤ  ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ ᠵᠤᠬᠢᠶᠠᠨ ᠪᠠᠶᠢᠭᠤᠯᠵᠤ ᠬᠢᠨ᠎ᠡ᠃       ᠠᠷᠪᠠᠨ ᠶᠢᠰᠤᠳᠦᠬᠡᠷ ᠵᠦᠢᠯ   ᠦᠨᠳᠤᠰᠤᠨ ᠨᠤᠳᠤᠭ ᠪᠡᠯᠴᠢᠬᠡᠷ ᠲᠡᠬᠡᠷ᠎ᠠ ᠬᠠᠶᠢᠨ ᠰᠢᠨᠵᠢᠯᠡᠬᠡᠨ ᠬᠢᠬᠦ᠂  ᠬᠤᠳᠳᠤᠭ ᠦᠷᠦᠮᠳᠡᠬᠦ᠂ ᠭᠠᠵᠠᠷ ᠲᠡᠬᠡᠷᠡᠬᠢ ᠪᠤᠶᠤ ᠭᠠᠵᠠᠷ ᠲᠤᠤᠷᠠᠬᠢ ᠪᠠᠷᠢᠯᠭ᠎ᠠ ᠪᠠᠷᠢᠬᠤ᠂ ᠰᠢᠷᠤᠢ ᠪᠠ ᠬᠠᠶᠢᠷ  ᠴᠢᠯᠠᠭᠤ ᠠᠪᠬᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠬᠦ ᠳᠡᠭᠡᠨ ᠦᠨᠳᠤᠰᠤᠨ ᠨᠤᠳᠤᠭ ᠪᠡᠯᠴᠢᠬᠡᠷ ᠢ ᠲᠦᠷ  ᠡᠵᠡᠯᠡᠭᠰᠡᠨ ᠲᠠᠯᠠᠪᠠᠢ ᠨᠢ 2 ᠾᠧᠺᠲ᠋ᠠᠷ ᠲᠤ ᠬᠦᠷᠬᠦ ᠦᠬᠡᠢ ᠪᠤᠯ ᠬᠤᠰᠢᠭᠤ ᠰᠢᠶᠠᠨ ᠤ ᠱᠠᠳᠤ ᠶᠢᠨ ᠠᠷᠠᠳ ᠤᠨ  ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ   ᠢᠶᠠᠷ ᠬᠢᠨᠡᠨ ᠵᠦᠪᠰᠢᠶᠡᠷᠡᠬᠦᠯᠦᠨ᠎ᠠ︔ 2 ᠾᠧᠺᠲ᠋ᠠᠷ ᠠᠴᠠ ᠲᠡᠬᠡᠭᠰᠢ 30 ᠾᠧᠺᠲ᠋ᠠᠷ ᠠᠴᠠ ᠲᠤᠷᠤᠭᠰᠢ ᠪᠤᠯ  ᠠᠶᠢᠮᠠᠭ ᠤᠨ ᠵᠠᠬᠢᠷᠭ᠎ᠠ ᠪᠤᠶᠤ ᠬᠤᠳᠠ ᠶᠢᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ︔ 30 ᠾᠧᠺᠲ᠋ᠠᠷ ᠢ ᠲᠠᠪᠠᠪᠠᠯ  ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠵᠦᠪᠰᠢᠶᠡᠷᠡᠬᠦᠯᠦᠨ᠎ᠠ᠃       ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠬᠦ ᠬᠤᠭᠤᠴᠠᠭ᠎ᠠ ᠨᠢ 2 ᠵᠢᠯ ᠠᠴᠠ ᠲᠠᠪᠠᠵᠤ ᠪᠤᠯᠬᠤ ᠦᠬᠡᠢ  ᠮᠦᠷᠳᠡᠬᠡᠨ ᠲᠦᠷ ᠡᠵᠡᠯᠡᠭᠰᠡᠨ ᠦᠨᠳᠤᠰᠤᠨ ᠨᠤᠳᠤᠭ ᠪᠡᠯᠴᠢᠬᠡᠷ ᠲᠠᠬᠡᠷ᠎ᠠ ᠪᠠᠶᠢᠩᠭᠤ ᠶᠢᠨ ᠴᠢᠨᠠᠷᠳᠠᠢ ᠪᠠᠷᠢᠯᠭ᠎ᠠ ᠪᠠᠷᠢᠵᠤ  ᠪᠤᠯᠬᠤ ᠦᠬᠡᠢ᠃      ᠬᠤᠷᠢᠳᠤᠭᠠᠷ ᠵᠦᠢᠯ   ᠵᠦᠪᠰᠢᠶᠡᠷᠡᠯ ᠢᠶᠠᠷ ᠲᠠᠮᠵᠢᠨ ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂  ᠲᠠᠳᠠᠪᠤᠷᠢᠯᠠᠨ ᠬᠡᠷᠡᠭᠯᠡᠬᠦ ᠪᠤᠶᠤ ᠬᠡᠷᠡᠭᠯᠡᠬᠦ ᠳᠡᠭᠡᠨ ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ  ᠪᠠ ᠲᠠᠭᠠᠯᠳᠠ ᠪᠤᠳᠠᠰ ᠤᠨ ᠨᠦᠬᠦᠪᠤᠷᠢ ᠦᠭᠬᠦ ᠬᠡᠷᠡᠭᠳᠠᠢ᠃       ᠨᠤᠳᠤᠭ ᠪᠡᠯᠴᠢᠬᠡᠷ ᠤᠨ ᠨᠦᠬᠦᠪᠤᠷᠢ᠂ ᠲᠦᠪᠬᠢᠨᠡᠬᠦᠯᠬᠦ ᠨᠦᠬᠦᠪᠤᠷᠢ ᠶᠢᠨ ᠪᠠᠷᠢᠮᠵᠢᠶ᠎ᠠ ᠶᠢ ᠤᠯᠤᠰ ᠪᠠ  ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠢᠮ ᠢ ᠦᠨᠳᠤᠰᠤᠯᠡᠨ ᠬᠡᠷᠡᠭᠵᠢᠬᠦᠯᠵᠤ᠂ ᠲᠠᠭᠠᠯᠳᠠ  ᠪᠤᠳᠠᠰ ᠤᠨ ᠨᠦᠬᠦᠪᠤᠷᠢ ᠶᠢ ᠪᠤᠳᠠᠳᠠᠢ ᠬᠤᠬᠢᠷᠠᠯ ᠳᠤ ᠤᠴᠠᠷᠠᠭᠰᠠᠨ ᠪᠠᠶᠢᠳᠠᠯ ᠢ ᠦᠨᠳᠤᠰᠤᠯᠡᠨ ᠨᠦᠬᠦᠪᠤᠷᠢᠯᠡᠨ᠎ᠠ᠃            ᠬᠤᠷᠢᠨ ᠨᠢᠬᠡᠳᠤᠬᠡᠷ ᠵᠦᠢᠯ    ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ  ᠪᠠ ᠬᠡᠷᠡᠭᠯᠡᠬᠦ ᠪᠤᠶᠤ ᠡᠰᠡᠬᠦᠯ᠎ᠠ ᠦᠨᠳᠤᠰᠤᠨ ᠨᠤᠳᠤᠭ ᠪᠡᠯᠴᠢᠬᠡᠷ ᠢ ᠲᠦᠷ ᠡᠵᠡᠯᠡᠨ ᠬᠡᠷᠡᠭᠯᠡᠭᠰᠡᠨ ᠤ ᠲᠠᠷᠠᠭ᠎ᠠ ᠨᠤᠳᠤᠭ  ᠪᠡᠯᠴᠢᠬᠡᠷ ᠢ ᠰᠡᠷᠬᠦᠬᠡᠬᠦ ᠡᠬᠦᠷᠬᠡ ᠪᠠᠨ ᠪᠡᠶᠡᠯᠡᠬᠦᠯᠦᠭᠰᠡᠨ ᠦᠬᠡᠢ ᠪᠤᠯ ᠬᠠᠤᠯᠢ ᠶᠤᠰᠤᠭᠠᠷ ᠨᠤᠳᠤᠭ ᠪᠡᠯᠴᠢᠬᠡᠷ ᠤᠨ  ᠤᠷᠭᠤᠮᠠᠯ ᠤᠨ ᠪᠦᠷᠬᠦᠴᠡ ᠶᠢ ᠰᠡᠷᠬᠦᠬᠡᠬᠦ ᠰᠦᠢᠳᠬᠡᠯ ᠲᠤᠰᠢᠶᠠᠬᠤ ᠶᠢᠨ ᠬᠠᠮᠳᠤ ᠬᠠᠷᠠᠭᠠᠯᠵᠠᠭᠰᠠᠨ ᠤᠷᠢᠳᠴᠢᠯᠠᠨ  ᠰᠡᠷᠬᠡᠶᠢᠯᠡᠬᠦ ᠠᠷᠭ᠎ᠠ ᠬᠡᠮᠵᠢᠶ᠎ᠠ ᠠᠪᠴᠦ ᠪᠠᠶᠢᠭᠠᠳ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ   ᠶᠢ ᠪᠠᠳᠤᠯᠠᠬᠤ ᠬᠡᠷᠡᠭᠳᠠᠢ᠃ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠲᠤᠰᠬᠠᠢ  ᠰᠦᠢᠳᠬᠡᠯ ᠢ ᠲᠤᠰᠬᠠᠢ ᠬᠡᠷᠡᠭᠯᠡᠵᠤ᠂ ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ  ᠮᠦᠴᠢᠷ ᠠᠴᠠ ᠲᠤᠭᠳᠠᠭᠠᠯ ᠶᠤᠰᠤᠭᠠᠷ ᠨᠤᠳᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠬᠦ ᠳᠤ  ᠬᠡᠷᠡᠭᠯᠡᠵᠤ᠂ ᠠᠯᠢᠪᠠ ᠪᠠᠶᠢᠭᠤᠯᠤᠯᠭ᠎ᠠ ᠨᠢᠬᠡᠴᠡ ᠪᠠ ᠬᠤᠪᠢ ᠬᠦᠮᠦᠨ ᠦᠯᠡᠳᠡᠬᠡᠨ ᠠᠪᠬᠤ ᠪᠤᠶᠤ ᠨᠡᠬᠦᠯᠬᠡᠨ ᠬᠡᠷᠡᠭᠯᠡᠵᠤ  ᠪᠤᠯᠬᠤ ᠦᠬᠡᠢ᠃       ᠬᠤᠷᠢᠨ ᠬᠤᠶᠠᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠠᠴᠠ ᠬᠠᠤᠯᠢ ᠶᠤᠰᠤᠭᠠᠷ ᠮᠠᠯ ᠪᠡᠯᠴᠢᠬᠡᠷ ᠤᠨ  ᠲᠠᠩᠴᠡᠬᠦᠷᠢ ᠶᠢᠨ ᠲᠦᠷᠢᠮ ᠪᠠ ᠪᠡᠯᠴᠢᠬᠡᠷᠯᠡᠬᠦᠯᠬᠦ ᠶᠢ ᠵᠤᠭᠰᠤᠭᠠᠬᠤ᠂ ᠪᠡᠯᠴᠢᠬᠡᠷ ᠢ ᠰᠡᠷᠬᠦᠬᠡᠬᠦ᠂ ᠪᠡᠯᠴᠢᠬᠡᠷ ᠢᠶᠠᠨ  ᠬᠡᠰᠡᠭᠯᠡᠨ ᠰᠡᠯᠬᠦᠨ ᠮᠠᠯᠵᠢᠬᠤ ᠲᠦᠷᠢᠮ ᠢ ᠬᠡᠷᠡᠭᠵᠢᠬᠦᠯᠬᠦ ᠶᠢᠨ ᠬᠠᠮᠳᠤ ᠤᠯᠤᠰ ᠪᠠ ᠦᠪᠡᠷᠳᠡᠬᠡᠨ ᠵᠠᠰᠠᠬᠤ ᠤᠷᠤᠨ ᠤ  ᠬᠠᠮᠢᠶ᠎ᠠ ᠪᠦᠬᠦᠢ ᠲᠤᠭᠳᠠᠭᠠᠯ ᠶᠤᠰᠤᠭᠠᠷ ᠲᠦᠷᠢᠮ ᠢ ᠨᠠᠶᠢᠳᠠᠪᠤᠷᠵᠢᠭᠤᠯᠤᠭᠰᠠᠨ ᠮᠠᠯᠴᠢᠨ ᠲᠠᠷᠢᠶᠠᠴᠢᠨ ᠳᠤ ᠱᠠᠩᠨᠠᠯ  ᠨᠦᠬᠦᠪᠤᠷᠢ ᠤᠯᠭᠤᠬᠤ ᠬᠡᠷᠡᠭᠳᠠᠢ᠃            ᠬᠤᠷᠢᠨ ᠭᠤᠷᠪᠠᠳᠤᠭᠠᠷ ᠵᠦᠢᠯ   ᠲᠠᠵᠢᠬᠡᠯ ᠡᠪᠡᠰᠤ ᠪᠤᠷᠳᠤᠭ᠎ᠠ ᠶᠢᠨ ᠰᠠᠭᠤᠷᠢᠨ ᠪᠠᠶᠢᠭᠤᠯᠬᠤ ᠳᠠᠭᠠᠨ  ᠦᠨᠳᠤᠰᠤᠨ ᠨᠤᠳᠤᠭ ᠪᠡᠯᠴᠢᠬᠡᠷ ᠢ ᠬᠠᠮᠠᠭᠠᠯᠠᠬᠤ ᠲᠦᠯᠦᠪᠵᠢᠬᠦᠯᠬᠡ ᠳᠤ ᠵᠤᠬᠢᠴᠠᠭᠰᠠᠨ ᠪᠠᠶᠢᠬᠤ ᠬᠡᠷᠡᠭᠳᠠᠢ᠃ ᠲᠠᠷᠢᠬᠤ  ᠲᠠᠵᠢᠬᠡᠯ ᠡᠪᠡᠰᠤ ᠪᠤᠷᠳᠤᠭ᠎ᠠ ᠶᠢᠨ ᠲᠦᠷᠦᠯ ᠢ ᠬᠤᠰᠢᠭᠤ ᠰᠢᠶᠠᠨ ᠤ ᠱᠠᠳᠤ ᠶᠢᠨ ᠠᠷᠠᠳ ᠤᠨ ᠵᠠᠰᠠᠭ ᠤᠨ ᠤᠷᠳᠤᠨ ᠤ  ᠨᠤᠳᠤᠭ ᠪᠡᠯᠴᠢᠬᠡᠷ ᠤᠨ ᠵᠠᠰᠠᠭ ᠵᠠᠬᠢᠷᠭ᠎ᠠ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠪᠤᠳᠠᠳᠠᠢ ᠲᠤᠭᠳᠠᠭᠠᠯ  ᠭᠠᠷᠭᠠᠬᠤ ᠬᠡᠷᠡᠭᠳᠠᠢ᠃        ᠬᠤᠷᠢᠨ ᠲᠦᠷᠪᠡᠳᠤᠬᠡᠷ ᠵᠦᠢᠯ   ᠦᠨᠳᠤᠰᠤᠨ ᠨᠤᠳᠤᠭ ᠪᠡᠯᠴᠢᠬᠡᠷ ᠲᠡᠬᠡᠷ᠎ᠠ ᠠᠴᠠ ᠤᠯᠤᠰ ᠤᠨ ᠬᠤᠶᠠᠳᠤᠭᠠᠷ  ᠲᠡᠰ ᠤᠨ ᠬᠠᠮᠠᠭᠠᠯᠠᠯᠳᠠ ᠲᠠᠢ ᠪᠠ ᠦᠪᠡᠷᠳᠡᠬᠡᠨ ᠵᠠᠰᠠᠬᠤ ᠤᠷᠤᠨ ᠠᠴᠠ ᠲᠤᠭᠳᠠᠭᠠᠭᠰᠠᠨ ᠭᠤᠤᠯᠳᠠᠯᠭ᠎ᠠ ᠲᠠᠢ ᠪᠠᠷ  ᠬᠠᠮᠠᠭᠠᠯᠠᠬᠤ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠳᠠᠭᠠᠨ ᠬᠠᠤᠯᠢ  ᠶᠤᠰᠤᠭᠠᠷ ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠢ ᠤᠯᠬᠤ  ᠬᠡᠷᠡᠭᠳᠠᠢ᠃       ᠨᠤᠳᠤᠭ ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠢ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠢ  ᠤᠯᠤᠭᠰᠠᠨ ᠪᠤᠯ ᠴᠤᠭᠯᠠᠭᠤᠯᠵᠤ ᠬᠤᠷᠢᠶᠠᠬᠤ ᠵᠦᠪᠰᠢᠶᠡᠷᠡᠯ ᠤᠨ ᠦᠨᠡᠮᠯᠡᠯ ᠳᠤ ᠲᠤᠭᠳᠠᠭᠠᠭᠰᠠᠨ ᠨᠤᠳᠤᠭ  ᠪᠡᠯᠴᠢᠬᠡᠷ ᠤᠨ ᠬᠡᠬᠡᠷ᠎ᠠ ᠶᠢᠨ ᠤᠷᠭᠤᠮᠠᠯ ᠤᠨ ᠲᠦᠷᠦᠯ ᠬᠡᠯᠪᠡᠷᠢ᠂ ᠤᠷᠤᠨ ᠲᠤᠭᠤᠷᠢᠭ᠂ ᠴᠠᠭ ᠬᠤᠭᠤᠴᠠᠭ᠎ᠠ᠂ ᠲᠤᠭ᠎ᠠ  ᠬᠡᠮᠵᠢᠶ᠎ᠠ ᠪᠠ ᠠᠷᠭ᠎ᠠ ᠬᠡᠯᠪᠡᠷᠢ ᠶᠤᠰᠤᠭᠠᠷ ᠴᠤᠭᠯᠠᠭᠤᠯᠵᠤ ᠬᠤᠷᠢᠶᠠᠬᠤ ᠬᠡᠷᠡᠭᠳᠠᠢ᠃        ᠬᠤᠷᠢᠨ ᠲᠠᠪᠤᠳᠤᠭᠠᠷ ᠵᠦᠢᠯ   ᠦᠨᠳᠤᠰᠤᠨ ᠨᠤᠳᠤᠭ ᠪᠡᠯᠴᠢᠬᠡᠷ ᠢ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ  ᠂ ᠬᠡᠷᠡᠭᠯᠡᠬᠦ ᠪᠤᠶᠤ ᠲᠦᠷ ᠡᠵᠡᠯᠡᠪᠡᠯ ᠬᠠᠮᠢᠶ᠎ᠠ ᠪᠦᠬᠦᠢ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ  ᠲᠤᠭᠤᠷᠢᠨ ᠤ ᠬᠠᠮᠠᠭᠠᠯᠠᠯᠳᠠ ᠶᠢᠨ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢ ᠵᠢᠷᠤᠮᠯᠡᠵᠤ᠂ ᠪᠦᠳᠦᠬᠡᠨ  ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤᠨ ᠨᠦᠯᠦᠬᠡᠯᠡᠯ ᠤᠨ ᠮᠡᠳᠡᠬᠦᠯᠦᠯᠳᠡ ᠶᠢᠨ ᠪᠢᠴᠢᠭ   ᠲᠡᠭᠡᠨ ᠦᠨᠳᠤᠰᠤᠨ ᠨᠤᠳᠤᠭ ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠲᠠᠢ ᠪᠠᠶᠢᠬᠤ ᠬᠡᠷᠡᠭᠳᠠᠢ᠃ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠵᠦᠪᠰᠢᠶᠡᠷᠡᠭᠳᠡᠭᠰᠡᠨ ᠬᠤᠶᠢᠨ᠎ᠠ ᠦᠨᠳᠤᠰᠤᠨ ᠨᠤᠳᠤᠭ  ᠪᠡᠯᠴᠢᠬᠡᠷ ᠤᠨ ᠤᠷᠴᠢᠨ ᠲᠤᠭᠤᠷᠢᠨ ᠢ ᠬᠠᠮᠠᠭᠠᠯᠠᠬᠤ ᠲᠦᠰᠦᠯ ᠢ ᠪᠦᠳᠦᠬᠡᠨ ᠪᠠᠶᠢᠭᠤᠯᠤᠯᠳᠠ ᠶᠢᠨ ᠲᠦᠷᠦᠯ  ᠵᠦᠢᠯ ᠯᠤᠭ᠎ᠠ ᠵᠡᠷᠬᠡᠪᠡᠷ ᠬᠡᠷᠡᠭᠵᠢᠬᠦᠯᠬᠦ ᠬᠡᠷᠡᠭᠳᠠᠢ᠃        ᠬᠤᠷᠢᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ  ᠤᠷᠳᠤᠨ ᠤ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯᠢ  ᠱᠠᠳᠤᠨ ᠤ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ  ᠮᠦᠴᠢᠷ ᠲᠠᠢ ᠬᠠᠮᠵᠢᠯᠴᠠᠨ ᠦᠡᠳᠤᠰᠤᠨ ᠨᠤᠳᠤᠬ ᠪᠠᠯᠴᠢᠬᠡᠷ ᠤᠨ ᠤᠷᠴᠢᠨ ᠳᠤᠭᠤᠷᠢᠨ ᠤ ᠶᠠᠰᠤ ᠴᠢᠨᠠᠷ ᠪᠠ  ᠪᠤᠬᠢᠷᠳᠤᠯ ᠤᠨ ᠪᠠᠶᠢᠳᠠᠯ ᠳᠤ ᠮᠦᠷᠳᠡᠠ ᠬᠢᠨᠠᠨ ᠬᠡᠮᠵᠢᠯᠳᠡ ᠬᠢᠵᠤ᠂ ᠳᠤᠬᠳᠠᠬᠰᠠᠨ ᠬᠤᠭᠤᠴᠠᠭᠠᠨ ᠳᠤ ᠳᠤᠰ  ᠱᠠᠳᠤᠨ ᠤ ᠠᠷᠠᠳ ᠤᠨ ᠵᠠᠰᠠᠬ ᠤᠨ ᠤᠷᠳᠤᠨ ᠳᠤ ᠤᠷᠴᠢᠨ ᠳᠤᠭᠤᠷᠢᠨ ᠤ ᠶᠠᠰᠤ ᠴᠢᠨᠠᠷ ᠪᠤᠯᠤᠨ ᠬᠤᠪᠢᠷᠠᠯᠳᠠ ᠶᠢᠨ  ᠪᠠᠶᠢᠳᠠᠯ ᠢ ᠮᠡᠳᠡᠭᠦᠯᠬᠦ ᠬᠡᠷᠡᠭᠳᠠᠢ᠃         ᠬᠤᠷᠢᠨ ᠳᠤᠯᠤᠳᠤᠭᠠᠷ ᠵᠦᠢᠯ  ᠠᠳᠡᠯ ᠡᠭᠦᠰᠦᠭᠰᠡᠨ ᠪᠤᠶᠤ ᠭᠡᠨᠡᠳᠳᠡ ᠶᠢᠨ ᠴᠢᠨᠠᠷ ᠲᠠᠢ ᠬᠡᠷᠡᠭ ᠶᠠᠪᠤᠳᠠᠯ   ᠠᠴᠠ ᠪᠤᠯᠵᠤ᠂ ᠳᠠᠯ᠎ᠠ ᠨᠤᠳᠤᠬ ᠤᠨ ᠠᠮᠢ ᠠᠬᠤᠢ ᠶᠢ ᠡᠪᠳᠡᠭᠰᠡᠨ ᠪᠤᠶᠤ ᠤᠷᠴᠢᠨ ᠳᠤᠭᠤᠷᠢᠨ ᠢ ᠪᠤᠬᠢᠷᠳᠤᠭᠤᠯᠤᠬᠰᠠᠨ  ᠪᠤᠶᠤ ᠪᠤᠬᠢᠷᠳᠤᠭᠤᠯᠬᠤ ᠪᠤᠯᠤᠮᠵᠢ ᠲᠠᠢ ᠬᠡᠷᠡᠭ ᠭᠠᠷᠤᠬᠰᠠᠨ ᠪᠤᠯ᠂ ᠳᠤᠬᠠᠢ ᠶᠢᠨ ᠬᠦᠮᠤᠨ ᠡᠷᠬᠡᠪᠰᠢ ᠴᠠᠬ ᠳᠤᠬᠠᠢ   ᠳᠤᠨᠢ ᠠᠷᠭ᠎ᠠ ᠬᠡᠮᠵᠢᠶ᠎ᠠ ᠠᠪᠴᠤ᠂ ᠪᠠᠰᠠ ᠰᠠᠭᠤᠭ᠎ᠠ ᠭᠠᠵᠠᠷ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠵᠠᠰᠠᠬ  ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠨᠤᠳᠤᠬ ᠪᠠᠯᠴᠢᠬᠡᠷ ᠤᠨ ᠵᠠᠰᠠᠬ ᠵᠠᠬᠢᠷᠭᠠᠨ ᠤ ᠭᠤᠤᠯᠯᠠᠨ  ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠤ᠂ ᠪᠠᠶᠢᠴᠠᠭᠠᠨ ᠰᠢᠢᠳᠪᠤᠷᠢᠯᠡᠬᠦ ᠶᠢ ᠬᠦᠯᠢᠶᠡᠨ ᠠᠪᠬᠤ ᠬᠡᠷᠡᠭᠳᠠᠢ᠃     ᠳᠦᠷᠪᠡᠳᠤᠭᠡᠷ ᠪᠦᠯᠦᠭ      ᠬᠢᠨᠠᠯᠳᠠ ᠳᠠᠯᠪᠢᠵᠤ ᠬᠠᠮᠢᠶᠠᠷᠬᠤ      ᠬᠤᠷᠢᠨ ᠨᠠᠢᠮᠠᠳᠤᠭᠠᠷ ᠵᠦᠢᠯ  ᠦᠪᠡᠷᠳᠡᠭᠡᠨ ᠵᠠᠰᠠᠬᠤ ᠤᠷᠤᠨ ᠠᠴᠠ ᠦᠡᠳᠤᠰᠤᠨ ᠨᠤᠳᠤᠬ ᠪᠠᠯᠴᠢᠬᠡᠷ ᠤᠨ  ᠬᠠᠮᠠᠭᠠᠯᠠᠯᠳᠠ ᠶᠢᠨ ᠬᠠᠮᠢᠶᠠᠷᠤᠯᠳᠠ ᠶᠢᠨ ᠬᠠᠷᠠᠯᠳᠠᠳᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠤᠨ᠎ᠠ᠃       ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ  ᠬᠠᠮᠠᠭᠠᠯᠠᠬᠤ ᠬᠠᠮᠢᠶᠠᠷᠤᠯᠳᠠ ᠶᠢᠨ ᠠᠵᠢᠯ ᠢ ᠤᠨ ᠤ ᠬᠠᠷᠠᠯᠳᠠᠳᠤ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠳᠠᠭᠠᠨ  ᠤᠷᠤᠭᠤᠯᠵᠤ᠂ ᠪᠠᠰᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠲᠠᠢ ᠦᠡᠳᠤᠰᠤᠨ ᠨᠤᠳᠤᠬ  ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠤ  ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠬᠡᠷᠡᠭᠯᠡᠬᠦ ᠡᠷᠬᠡ ᠶᠢᠨ ᠨᠢᠭᠡᠴᠡ ᠲᠠᠢ ᠦᠡᠳᠤᠰᠤᠨ  ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃ ᠰᠤᠮᠤ ᠰᠢᠶᠠᠩ  ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠡᠷᠬᠡᠪᠰᠢ ᠨᠤᠳᠤᠬ ᠪᠠᠯᠴᠢᠬᠡᠷ ᠢ ᠦᠮᠴᠢᠯᠡᠬᠦ ᠡᠷᠭᠡ ᠲᠠᠢ ᠨᠢᠭᠡᠴᠡ   ᠲᠠᠢ ᠦᠡᠳᠤᠰᠤᠨ ᠨᠤᠳᠤᠬ ᠪᠠᠯᠴᠢᠬᠡᠷ ᠢ ᠬᠠᠮᠠᠭᠠᠯᠠᠬᠤ ᠬᠠᠷᠢᠭᠤᠴᠠᠯᠭ᠎ᠠ ᠶᠢᠨ ᠭᠡᠷ᠎ᠠ ᠳᠤᠬᠳᠠᠬᠤ ᠬᠡᠷᠡᠭᠳᠠᠢ᠃       ᠬᠤᠷᠢᠨ ᠶᠢᠰᠤᠳᠤᠭᠡᠷ ᠵᠦᠢᠯ   ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ  ᠤᠷᠳᠤᠨ ᠡᠷᠬᠡᠪᠰᠢ ᠦᠡᠳᠤᠰᠤᠨ ᠨᠤᠳᠤᠬ ᠪᠠᠯᠴᠢᠬᠡᠷ ᠤᠨ ᠬᠠᠮᠠᠭᠠᠯᠠᠯᠳᠠ ᠶᠢ ᠬᠢᠨᠠᠨ ᠪᠠᠶᠢᠴᠠᠭᠠᠬᠤ ᠳᠦᠷᠢᠮ ᠢ  ᠪᠠᠶᠢᠭᠤᠯᠵᠤ᠂ ᠳᠤᠬᠳᠠᠬᠰᠠᠨ ᠬᠤᠭᠤᠴᠠᠭᠠᠨ ᠳᠤ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ  ᠢᠯᠡᠴᠢᠯᠡᠨ ᠮᠡᠳᠡᠭᠦᠯᠦᠭᠰᠡᠨ ᠵᠠᠭᠠᠯᠳᠤᠯᠭ᠎ᠠ ᠪᠠ ᠦᠡᠳᠤᠰᠤᠨ ᠨᠤᠳᠤᠬ ᠪᠠᠯᠴᠢᠬᠡᠷ ᠢ ᠡᠪᠳᠡᠭᠰᠡᠨ ᠠᠵᠢᠯᠯᠠᠭ᠎ᠠ ᠶᠢ  ᠪᠠᠶᠢᠴᠠᠭᠠᠨ ᠰᠢᠢᠳᠪᠤᠷᠢᠯᠡᠭᠰᠡᠨ ᠪᠠᠶᠢᠳᠠᠯ ᠢ ᠬᠦᠯᠢᠶᠡᠨ ᠠᠪᠴᠤ ᠬᠢᠨᠠᠨ ᠰᠢᠭᠦᠵᠤ᠂ ᠮᠠᠯ ᠪᠡᠯᠴᠢᠭᠡᠷ ᠤᠨ ᠳᠡᠩᠴᠡᠭᠦᠷᠢ᠂  ᠪᠡᠯᠴᠢᠭᠡᠷᠯᠡᠭᠦᠯᠬᠦ ᠶᠢ ᠵᠤᠬᠰᠤᠭᠠᠬᠤ ᠰᠡᠯᠭᠦᠨ ᠮᠡᠯᠵᠢᠬᠤ ᠡᠭᠡᠯᠵᠢᠯᠡᠨ ᠮᠡᠯᠵᠢᠬᠤ᠂ ᠳᠠᠯ᠎ᠠ ᠨᠤᠳᠤᠬ ᠤᠨ ᠠᠮᠢ ᠠᠬᠤᠢ ᠶᠢᠨ  ᠬᠠᠮᠠᠭᠠᠯᠠᠯᠳᠠ ᠶᠢᠨ ᠱᠠᠩᠨᠠᠬᠤ ᠨᠦᠬᠦᠪᠤᠷᠢ ᠶᠢᠨ ᠪᠠᠶᠢᠳᠠᠯ᠂ ᠨᠤᠳᠤᠬ ᠪᠠᠯᠴᠢᠬᠡᠷ ᠤᠨ ᠭᠤᠤᠯᠳᠠᠯᠭ᠎ᠠ ᠲᠠᠢ ᠪᠦᠳᠤᠭᠡᠨ  ᠪᠠᠶᠢᠭᠤᠯᠤᠯᠳᠠ ᠶᠢᠨ ᠪᠠᠶᠢᠳᠠᠯ ᠵᠢᠴᠢ ᠨᠤᠳᠤᠬ ᠪᠠᠯᠴᠢᠬᠡᠷ ᠢ ᠳᠠᠳᠠᠪᠤᠷᠢᠯᠠᠨ ᠠᠪᠬᠤ᠂ ᠳᠠᠳᠠᠪᠤᠷᠢᠯᠠᠨ ᠬᠡᠷᠡᠭᠯᠡᠬᠦ᠂  ᠬᠡᠷᠡᠭᠯᠡᠬᠦ ᠪᠤᠶᠤ ᠳᠦᠷ ᠴᠠᠬ ᠡᠵᠡᠯᠡᠬᠦ ᠵᠡᠷᠭᠡ ᠪᠠᠶᠢᠳᠠᠯ ᠳᠤ ᠪᠠᠶᠢᠴᠠᠭᠠᠯᠳᠠ ᠬᠢᠵᠤ᠂ ᠪᠠᠰᠠ ᠳᠡᠭᠡᠷ᠎ᠠ ᠨᠢᠭᠡ ᠱᠠᠳᠤᠨ ᠤ  ᠠᠷᠠᠳ ᠤᠨ ᠵᠠᠰᠠᠬ ᠤᠨ ᠤᠷᠳᠤᠨ ᠳᠤ ᠮᠡᠳᠡᠭᠦᠯᠬᠦ ᠬᠡᠷᠡᠭᠳᠠᠢ᠃       ᠭᠤᠴᠢᠳᠤᠭᠠᠷ ᠵᠦᠢᠯ  ᠨᠤᠳᠤᠬ ᠪᠠᠯᠴᠢᠬᠡᠷ ᠤᠨ ᠬᠢᠨᠠᠨ ᠬᠠᠮᠢᠶᠠᠷᠤᠯᠳᠠ ᠶᠢᠨ ᠠᠵᠢᠯᠳᠠᠳ ᠡᠭᠦᠷᠭᠡ  ᠳᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠦᠶᠡᠰ᠂ ᠡᠷᠬᠡᠪᠰᠢ ᠨᠢᠭᠡᠳᠤᠯᠳᠠᠢ ᠢᠯᠡ ᠳᠤᠳᠤ ᠳᠡᠮᠳᠡᠭ ᠵᠡᠭᠦᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠬᠠᠷᠭᠤᠭᠤᠯᠤᠨ ᠳᠠᠷᠬᠠᠭᠠᠬᠰᠠᠨ ᠵᠠᠰᠠᠬ  ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠴᠢ ᠳᠡᠮᠳᠡᠭ ᠢᠶᠠᠨ ᠭᠠᠷᠭᠠᠨ ᠦᠵᠡᠭᠦᠯᠬᠦ ᠬᠡᠷᠡᠭᠳᠠᠢ᠃ ᠬᠤᠯᠪᠤᠬᠳᠠᠯ ᠪᠦᠬᠦᠢ  ᠨᠢᠭᠡᠴᠡ ᠪᠡ ᠬᠤᠪᠢ ᠬᠦᠮᠤᠨ ᠡᠷᠬᠡᠪᠰᠢ ᠳᠡᠮᠵᠢᠬᠦ ᠪᠡ ᠬᠠᠮᠵᠢᠯᠴᠠᠬᠤ ᠬᠡᠷᠡᠭᠳᠠᠢ᠂ ᠳᠡᠪᠴᠢᠬᠦ ᠪᠤᠶᠤ ᠬᠠᠷᠰᠢᠯᠠᠵᠤ  ᠪᠤᠯᠬᠤ ᠦᠭᠡᠢ᠃        ᠳᠠᠪᠤᠳᠤᠭᠠᠷ ᠪᠦᠯᠦᠭ       ᠬᠠᠤᠯᠢ ᠴᠠᠭᠠᠵᠠ ᠶᠢᠨ ᠬᠠᠷᠢᠭᠤᠴᠠᠯᠭ᠎ᠠ       ᠭᠤᠴᠢᠨ ᠨᠢᠭᠡᠳᠤᠭᠡᠷ ᠵᠦᠢᠯ   ᠳᠤᠰ ᠳᠦᠷᠢᠮ ᠤᠨ ᠠᠷᠪᠠᠨ ᠨᠢᠭᠡᠳᠤᠭᠡᠷ ᠵᠦᠢᠯ᠂ ᠠᠷᠪᠠᠨ ᠬᠤᠶᠠᠳᠤᠭᠠᠷ  ᠵᠦᠢᠯ᠂ ᠠᠷᠪᠠᠨ ᠭᠤᠷᠪᠠᠳᠤᠭᠠᠷ ᠵᠦᠢᠯ ᠤᠨ ᠳᠤᠬᠳᠠᠭᠠᠯ ᠶᠤᠰᠤᠭᠠᠷ ᠬᠤᠪᠢᠶᠠᠷᠢᠯᠠᠬᠰᠠᠨ ᠦᠭᠡᠢ ᠨᠤᠳᠤᠬ ᠪᠠᠯᠴᠢᠬᠡᠷ ᠢ  ᠪᠤᠯ᠂ ᠳᠡᠭᠡᠷ᠎ᠠ ᠨᠢᠭᠡ ᠱᠠᠳᠤᠨ ᠤ ᠠᠷᠠᠳ ᠤᠨ ᠵᠠᠰᠠᠬ ᠤᠨ ᠤᠷᠳᠤᠨ ᠵᠠᠷᠯᠢᠬᠳᠠᠨ ᠳᠤᠬᠳᠠᠬᠰᠠᠨ ᠬᠤᠭᠤᠴᠠᠭᠠᠨ ᠳᠤ  ᠬᠠᠯᠠᠨ ᠰᠠᠶᠢᠵᠢᠷᠠᠭᠤᠯᠵᠤ᠂ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠬᠤ ᠬᠦᠮᠤᠨ ᠪᠠ ᠪᠤᠰᠤᠳ ᠰᠢᠭᠤᠳ  ᠬᠠᠷᠢᠭᠤᠴᠠᠯᠭ᠎ᠠ ᠲᠠᠢ ᠬᠦᠮᠤᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠬᠡᠯ ᠦᠭᠬᠦᠨ᠎ᠠ᠃       ᠭᠤᠴᠢᠨ ᠬᠤᠶᠠᠳᠤᠭᠠᠷ ᠵᠦᠢᠯ   ᠳᠤᠰ ᠳᠦᠷᠢᠮ ᠤᠨ ᠠᠷᠪᠠᠨ ᠳᠠᠪᠤᠳᠤᠭᠠᠷ ᠵᠦᠢᠯ ᠤᠨ ᠳᠤᠬᠳᠠᠭᠠᠯ ᠢ  ᠵᠦᠷᠢᠴᠡᠨ᠂ ᠳᠤᠤᠷᠠᠬᠢ ᠨᠢᠭᠡ ᠠᠵᠢᠯᠯᠠᠭ᠎ᠠ ᠲᠠᠢ ᠪᠤᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠳᠤᠬ  ᠪᠠᠯᠴᠢᠬᠡᠷ ᠤᠨ ᠬᠢᠨᠠᠨ ᠬᠠᠮᠢᠶᠠᠷᠬᠤ ᠪᠠᠶᠢᠭᠤᠯᠤᠮᠵᠢ ᠬᠠᠤᠯᠢ ᠪᠤᠰᠤ ᠠᠵᠢᠯᠯᠠᠭ᠎ᠠ ᠶᠢ ᠨᠢ ᠵᠠᠷᠯᠢᠬᠳᠠᠨ ᠵᠤᠬᠰᠤᠭᠠᠵᠤ᠂  ᠳᠤᠬᠳᠠᠬᠰᠠᠨ ᠬᠤᠭᠤᠴᠠᠭᠠᠨ ᠳᠤ ᠤᠷᠭᠤᠮᠠᠯ ᠤᠨ ᠪᠦᠷᠬᠦᠴᠡ ᠶᠢ ᠰᠡᠷᠭᠦᠭᠡᠨ᠂ ᠬᠠᠤᠯᠢ ᠪᠤᠰᠤ ᠡᠳ᠋ ᠪᠤᠳᠠᠰ ᠪᠠ  ᠬᠠᠤᠯᠢ ᠪᠤᠰᠤ ᠪᠠᠷ ᠤᠯᠤᠬᠰᠠᠨ ᠤᠯᠵᠠ ᠶᠢ ᠬᠤᠷᠢᠶᠠᠨ ᠠᠪᠴᠤ᠂ ᠳᠤᠤᠷᠠᠬᠢ ᠳᠤᠬᠳᠠᠭᠠᠯ ᠢᠶᠠᠷ ᠰᠢᠳᠬᠡᠬᠦ ᠬᠡᠷᠡᠭᠳᠠᠢ᠄  ᠨᠤᠳᠤᠬ ᠪᠠᠯᠴᠢᠬᠡᠷ ᠢ ᠦᠮᠴᠢᠯᠡᠭᠴᠢ ᠪᠤᠶᠤ ᠬᠡᠷᠡᠭᠯᠡᠭᠴᠢ ᠬᠤᠬᠢᠷᠠᠯ ᠳᠤ ᠤᠴᠠᠷᠠᠬᠰᠠᠨ ᠪᠤᠯ᠂ ᠳᠦᠯᠤᠪᠤᠷᠢ ᠦᠭᠬᠦ  ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠨ᠎ᠠ︔ ᠶᠠᠯ᠎ᠠ ᠬᠢᠭᠰᠡᠨ ᠳᠤ ᠳᠤᠭᠠᠴᠢᠬᠳᠠᠪᠠᠯ ᠬᠠᠤᠯᠢ ᠶᠤᠰᠤᠭᠠᠷ  ᠡᠷᠡᠭᠦᠤ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠠ᠄       ︵ᠨᠢᠬᠡ︶ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠬᠰᠠᠨ ᠪᠤᠯ ᠬᠠᠤᠯᠢ ᠪᠤᠰᠤ ᠤᠯᠵᠠᠪᠤᠷᠢ ᠶᠢᠨ  ᠭᠤᠷᠪᠠᠨ ᠲᠠᠬᠢᠨ ᠠᠴᠠ ᠲᠠᠪᠤᠨ ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ ᠤᠯᠵᠠᠪᠤᠷᠢ  ᠦᠬᠡᠢ ᠪᠤᠯ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠵᠤᠭᠤᠰ ᠢᠶᠠᠷ  ᠲᠤᠷᠭᠠᠨ᠎ᠠ︔       ︵ᠬᠤᠶᠠᠷ︶ ᠦᠨᠳᠦᠰᠦᠨ ᠨᠤᠲᠤᠭ ᠪᠡᠯᠴᠢᠬᠡᠷ ᠤᠨ ᠬᠡᠷᠡᠭᠯᠡᠭᠡ ᠶᠢ ᠲᠤᠷ᠎ᠠ ᠪᠠᠷ ᠢᠶᠠᠨ ᠬᠤᠪᠢᠷᠠᠭᠤᠯᠤᠬᠰᠠᠨ ᠪᠤᠯ  ᠮᠦ ᠪᠦᠷᠢ ᠶᠢ 1000 ᠲᠦᠬᠦᠷᠢᠭ ᠠᠴᠠ ᠲᠡᠭᠡᠭᠰᠢ 5000 ᠲᠦᠬᠦᠷᠢᠭ ᠠᠴᠠ ᠲᠤᠷᠤᠭᠰᠢ ᠵᠤᠭᠤᠰ ᠢᠶᠠᠷ  ᠲᠤᠷᠭᠠᠨ᠎ᠠ︔        ︵ᠭᠤᠷᠪᠠ︶ ᠲᠤᠤᠷ ᠬᠦᠷᠢᠶ᠎ᠠ᠂ ᠬᠦᠮᠦᠨ ᠮᠠᠯ ᠤᠨ ᠢᠳᠡᠬᠦ ᠤᠰᠤᠨ ᠤ ᠲᠦᠬᠦᠬᠡᠷᠦᠮᠵᠢ ᠵᠡᠷᠭᠡ ᠨᠤᠲᠤᠭ  ᠪᠡᠯᠴᠢᠬᠡᠷ ᠤᠨ ᠪᠦᠲᠦᠬᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠲᠦᠬᠦᠬᠡᠷᠦᠮᠵᠢ ᠶᠢ ᠬᠤᠬᠢᠷᠠᠭᠤᠯᠤᠨ ᠡᠪᠳᠡᠭᠰᠡᠨ  ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠵᠠᠰᠠᠨ ᠰᠡᠯᠪᠢᠬᠦᠯᠬᠦ ᠶᠢᠨ ᠬᠠᠮᠲᠤ᠂ ᠪᠤᠲᠠᠲᠤ ᠬᠤᠬᠢᠷᠠᠯ ᠤᠨ ᠭᠤᠷᠪᠠᠨ  ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔      ︵ᠲᠦᠷᠪᠡ︶ ᠵᠢᠭᠠᠰᠤᠨ ᠨᠠᠭᠤᠷ ᠮᠠᠯᠲᠠᠬᠤ᠂ ᠭᠤᠤ ᠰᠤᠪᠠᠬ ᠮᠠᠯᠲᠠᠬᠤ᠂ ᠡᠪᠡᠰᠦ ᠮᠠᠯᠲᠠᠬᠤ᠂ ᠡᠪᠡᠰᠦᠨ  ᠦᠨᠳᠦᠰᠦ ᠮᠠᠯᠲᠠᠭᠰᠠᠨ ᠪᠤᠯ ᠮᠦ ᠪᠦᠷᠢ ᠶᠢ 5000 ᠲᠦᠬᠦᠷᠢᠭ ᠠᠴᠠ ᠲᠡᠭᠡᠭᠰᠢ ᠲᠦᠮᠡᠨ ᠲᠦᠬᠦᠷᠢᠭ ᠠᠴᠠ  ᠲᠤᠷᠤᠭᠰᠢ ᠵᠤᠭᠤᠰ ᠢᠶᠠᠷ ᠲᠤᠷᠭᠠᠨ᠎ᠠ︔       ︵ᠲᠠᠪᠤ︶ ᠤᠩᠭᠤᠨ ᠪᠤᠰᠬᠠᠭᠰᠠᠨ ᠪᠤᠯ ᠵᠠᠷᠯᠢᠬᠳᠠᠵᠦ ᠬᠤᠭᠤᠴᠠᠭ᠎ᠠ ᠲᠤᠭᠲᠠᠭᠠᠨ ᠰᠢᠯᠵᠢᠬᠦᠯᠬᠦ ᠶᠢᠨ ᠬᠠᠮᠲᠤ᠂  1000 ᠲᠦᠬᠦᠷᠢᠭ ᠠᠴᠠ ᠲᠡᠭᠡᠭᠰᠢ 2000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃        ᠭᠤᠴᠢᠨ ᠭᠤᠷᠪᠠᠳᠤᠭᠠᠷ ᠵᠦᠢᠯ  ᠲᠤᠰ ᠲᠦᠷᠢᠮ ᠤᠨ ᠠᠷᠪᠠᠨ ᠲᠠᠪᠤᠳᠤᠭᠠᠷ ᠵᠦᠢᠯ ᠤᠨ ᠲᠦᠷᠪᠡᠳᠦᠬᠡᠷ  ᠵᠤᠷᠪᠤᠰ᠂ ᠲᠤᠯᠤᠳᠤᠭᠠᠷ ᠵᠦᠢᠯ ᠤᠨ ᠲᠤᠭᠲᠠᠭᠠᠯ ᠢ ᠵᠦᠷᠢᠴᠡᠨ᠂ ᠲᠤᠷ᠎ᠠ ᠪᠠᠷ ᠢᠶᠠᠨ ᠬᠤᠳᠳᠤᠭ ᠮᠠᠯᠲᠠᠵᠦ ᠠᠵᠦ  ᠦᠢᠯᠡᠳᠪᠦᠷᠢ ᠶᠢᠨ ᠭᠡᠷᠡᠭᠯᠡᠭᠡᠨ ᠤ ᠤᠰᠤ ᠠᠪᠤᠬᠰᠠᠨ᠂ ᠦᠨᠳᠦᠰᠦᠨ ᠨᠤᠲᠤᠭ ᠪᠡᠯᠴᠢᠬᠡᠷ ᠲᠤ ᠬᠠᠲᠠᠭᠤ ᠪᠡᠶᠡᠲᠦ᠂  ᠰᠢᠩᠭᠡᠨ ᠪᠡᠶᠡᠲᠦ᠂ ᠬᠡᠢ ᠪᠡᠶᠡᠲᠦ ᠬᠠᠶᠠᠬᠳᠠᠮᠠᠯ ᠪᠤᠳᠠᠰ ᠪᠠ ᠠᠮᠢᠳᠤᠷᠠᠯ ᠤᠨ ᠬᠤᠬ ᠨᠤᠪᠰᠢ ᠬᠠᠶᠠᠬᠰᠠᠨ ᠵᠢᠴᠢ  ᠤᠷᠴᠢᠨ ᠲᠤᠭᠤᠷᠢᠨ ᠳᠤ ᠲᠠᠭᠤ ᠱᠤᠤᠬᠢᠶᠠᠨ ᠤ ᠪᠤᠬᠢᠷᠲᠤᠯ᠂ ᠲᠤᠭᠤᠰᠤ ᠰᠢᠷᠤᠢ ᠶᠢᠨ ᠪᠤᠬᠢᠷᠲᠤᠯ᠂ ᠰᠠᠴᠤᠷᠠᠬ  ᠪᠤᠳᠠᠰ ᠤᠨ ᠪᠤᠬᠢᠷᠲᠤᠯ᠂ ᠴᠠᠬᠢᠯᠭᠠᠨ ᠰᠠᠴᠤᠷᠠᠬ ᠪᠤᠳᠠᠰ ᠤᠨ ᠪᠤᠬᠢᠷᠲᠤᠯ ᠡᠬᠦᠰᠭᠡᠭᠰᠡᠨ ᠪᠤᠯ ᠨᠤᠲᠤᠭ ᠪᠡᠯᠴᠢᠬᠡᠷ ᠤᠨ  ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠦ ᠬᠠᠮᠢᠶ᠎ᠠ  ᠪᠦᠬᠦᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠶᠢ ᠦᠨᠳᠦᠰᠦᠯᠡᠵᠦ ᠲᠤᠷᠭᠠᠨ᠎ᠠ︔ ᠨᠤᠲᠤᠭ  ᠪᠡᠯᠴᠢᠬᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠᠨ ᠪᠤᠯ ᠬᠠᠤᠯᠢ ᠶᠤᠰᠤᠭᠠᠷ  ᠲᠦᠯᠦᠪᠦᠷᠢ ᠶᠢᠨ ᠬᠠᠷᠢᠭᠤᠴᠠᠯᠭ᠎ᠠ ᠡᠬᠦᠷᠭᠡᠯᠡᠨ᠎ᠠ᠃        ᠭᠤᠴᠢᠨ ᠲᠦᠷᠪᠡᠳᠦᠭᠡᠷ ᠵᠦᠢᠯ   ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠲᠠᠭᠠᠯ ᠢ  ᠵᠦᠷᠢᠴᠡᠨ᠂ ᠵᠠᠰᠠᠮᠠᠯ ᠵᠠᠮ ᠠᠴᠠ ᠭᠠᠷᠴᠤ ᠦᠨᠳᠦᠰᠦᠨ ᠨᠤᠲᠤᠭ ᠪᠡᠯᠴᠢᠬᠡᠷ ᠢᠶᠠᠷ ᠲᠠᠪᠬᠢᠭᠤᠯᠤᠬᠰᠠᠨ ᠪᠤᠶᠤ  ᠲᠤᠭᠲᠠᠬᠰᠠᠨ ᠮᠠᠰᠢᠨ ᠲᠡᠷᠭᠡ ᠶᠠᠪᠤᠬᠤ ᠤᠷᠤᠨ ᠪᠠ ᠮᠠᠰᠢᠨ ᠲᠡᠷᠭᠡ ᠶᠠᠪᠤᠬᠤ ᠵᠠᠮ ᠱᠤᠭᠤᠮ ᠢᠶᠠᠷ ᠶᠠᠪᠤᠬᠤ ᠦᠬᠡᠢ᠂  ᠨᠤᠲᠤᠭ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠡᠪᠳᠡᠭᠰᠡᠨ ᠪᠤᠯ᠂ ᠬᠤᠰᠢᠭᠤ ᠰᠢᠶᠠᠨ ᠤ ᠱᠠᠲᠤᠨ ᠤ ᠨᠤᠲᠤᠭ  ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠬᠳᠠᠵᠦ  ᠵᠤᠭᠰᠤᠭᠠᠨ᠂ ᠬᠤᠭᠤᠴᠠᠭ᠎ᠠ ᠲᠤᠭᠲᠠᠭᠠᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠨᠤᠲᠤᠭ  ᠪᠡᠯᠴᠢᠬᠡᠷ ᠤᠨ ᠡᠪᠳᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠳᠠᠴᠢ ᠦᠢᠯᠡᠳᠪᠦᠷᠢᠯᠡᠯ ᠤᠨ ᠦᠷᠲᠡᠭ ᠤᠨ  ᠭᠤᠷᠪᠠᠨ ᠲᠠᠬᠢᠨ ᠠᠴᠠ ᠲᠡᠭᠡᠭᠰᠢ ᠶᠢᠰᠦᠨ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠨᠤᠲᠤᠭ  ᠪᠡᠯᠴᠢᠬᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠ ᠪᠤᠯ ᠬᠠᠤᠯᠢ ᠶᠤᠰᠤᠭᠠᠷ ᠲᠦᠯᠦᠪᠦᠷᠢ   ᠶᠢᠨ ᠬᠠᠷᠢᠭᠤᠴᠠᠯᠭ᠎ᠠ ᠡᠬᠦᠷᠭᠡᠯᠡᠨ᠎ᠠ᠃       ᠭᠤᠴᠢᠨ ᠲᠠᠪᠤᠳᠤᠭᠠᠷ ᠵᠦᠢᠯ   ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠤᠳᠤ ᠶᠠᠬ ᠮᠠᠰᠢᠨ  ᠲᠦᠬᠦᠬᠡᠷᠦᠮᠵᠢ ᠬᠡᠷᠡᠭᠯᠡᠵᠦ ᠦᠨᠳᠦᠰᠦᠨ ᠨᠤᠲᠤᠭ ᠪᠡᠯᠴᠢᠬᠡᠷ ᠢ ᠬᠠᠭᠠᠯᠪᠤᠷᠢᠯᠠᠨ ᠡᠪᠳᠡᠭᠰᠡᠨ ᠪᠤᠯ ᠬᠤᠰᠢᠭᠤ ᠰᠢᠶᠠᠨ ᠤ  ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠪᠠᠯ ᠬᠠᠤᠯᠢ  ᠪᠤᠰᠤ ᠠᠵᠢᠯᠯᠠᠭ᠎ᠠ ᠶᠢ ᠵᠤᠭᠰᠤᠭᠠᠬᠤ ᠶᠢᠨ ᠬᠠᠮᠲᠤ᠂ ︽ᠪᠦᠬᠦᠳᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ  ᠵᠠᠰᠠᠬ ᠵᠠᠬᠢᠷᠭᠠᠨ ᠤ ᠲᠤᠷᠭᠠᠭᠤᠯᠢ ᠶᠢᠨ ᠬᠠᠤᠯᠢ︾ ᠶᠢᠨ ᠭᠤᠴᠢᠨ ᠲᠤᠯᠤᠳᠤᠭᠠᠷ ᠵᠦᠢᠯ ᠤᠨ ᠬᠠᠮᠢᠶ᠎ᠠ ᠪᠦᠬᠦᠢ  ᠲᠤᠭᠲᠠᠭᠠᠯ ᠢ ᠦᠨᠳᠦᠰᠦᠯᠡᠨ ᠰᠢᠢᠳᠪᠦᠷᠢᠯᠡᠨ᠎ᠠ᠃       ᠭᠤᠴᠢᠨ ᠵᠢᠷᠭᠤᠳᠤᠭᠠᠷ ᠵᠦᠢᠯ   ᠲᠤᠰ ᠲᠦᠷᠢᠮ ᠤᠨ ᠲᠤᠭᠲᠠᠭᠠᠯ ᠢ ᠵᠦᠷᠢᠴᠡᠨ᠂ ᠵᠦᠪᠰᠢᠶᠡᠷᠡᠯ ᠦᠬᠡᠢ ᠪᠠᠷ  ᠪᠤᠶᠤ ᠮᠡᠬᠡᠯᠡᠬᠦ ᠠᠷᠭ᠎ᠠ ᠠᠪᠴᠠᠯ ᠢᠶᠠᠷ ᠵᠦᠪᠰᠢᠶᠡᠷᠡᠯ ᠤᠯᠵᠦ᠂ ᠦᠨᠳᠦᠰᠦᠨ ᠨᠤᠲᠤᠭ ᠪᠡᠯᠴᠢᠬᠡᠷ ᠢ ᠬᠠᠤᠯᠢ ᠪᠤᠰᠤ ᠪᠠᠷ  ᠬᠡᠷᠡᠭᠯᠡᠭᠰᠡᠨ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ ᠬᠢᠨᠠᠨ ᠬᠠᠮᠢᠶᠠᠷᠤᠯᠲᠠ   ᠶᠢᠨ ᠪᠠᠶᠢᠭᠤᠯᠤᠮᠵᠢ ᠠᠴᠠ ᠵᠠᠷᠯᠢᠬᠳᠠᠨ ᠬᠠᠤᠯᠢ ᠪᠤᠰᠤ ᠪᠠᠷ ᠭᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠢ  ᠪᠤᠴᠠᠭᠠᠯᠭᠠᠵᠦ᠂ ᠬᠠᠤᠯᠢ ᠪᠤᠰᠤ ᠪᠠᠷ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠰᠢᠨ᠎ᠠ ᠪᠠᠷ  ᠪᠠᠶᠢᠭᠤᠯᠤᠬᠰᠠᠨ ᠪᠠᠷᠢᠯᠭ᠎ᠠ ᠪᠠ ᠪᠤᠰᠤᠳ ᠲᠦᠬᠦᠬᠡᠷᠦᠮᠵᠢ ᠶᠢ ᠬᠤᠭᠤᠴᠠᠭ᠎ᠠ ᠲᠤᠭᠲᠠᠭᠠᠨ ᠨᠤᠷᠠᠭᠠᠵᠦ᠂ ᠨᠤᠲᠤᠭ  ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ ᠰᠡᠷᠬᠦᠬᠡᠯᠬᠡᠬᠦ ᠶᠢᠨ ᠬᠠᠮᠲᠤ᠂ ᠲᠤᠰ ᠦᠨᠳᠦᠰᠦᠨ ᠨᠤᠲᠤᠭ  ᠪᠡᠯᠴᠢᠬᠡᠷ ᠤᠨ ᠬᠠᠤᠯᠢ ᠪᠤᠰᠤ ᠪᠠᠷ ᠬᠡᠷᠡᠭᠯᠡᠭᠳᠡᠬᠦ ᠠᠴᠠ ᠡᠮᠦᠨᠡᠬᠢ ᠭᠤᠷᠪᠠᠨ ᠵᠢᠯ ᠤᠨ ᠲᠤᠮᠲᠠᠴᠢ ᠦᠢᠯᠡᠳᠪᠦᠷᠢᠯᠡᠯ ᠤᠨ  ᠦᠷᠲᠡᠭ ᠤᠨ ᠶᠢᠰᠦᠨ ᠲᠠᠬᠢᠨ ᠠᠴᠠ ᠲᠡᠭᠡᠭᠰᠢ ᠠᠷᠪᠠᠨ ᠬᠤᠶᠠᠷ ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠶᠠᠯ᠎ᠠ ᠬᠢᠭᠰᠡᠨ ᠬᠡᠮᠵᠢᠶᠠᠨ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ  ᠨᠡᠬᠡᠮᠵᠢᠯᠡᠨ᠎ᠠ᠃       ᠭᠤᠴᠢᠨ ᠲᠤᠯᠤᠳᠤᠭᠠᠷ ᠵᠦᠢᠯ   ᠲᠤᠰ ᠲᠦᠷᠢᠮ ᠤᠨ ᠠᠷᠪᠠ ᠶᠢᠰᠦᠳᠦᠭᠡᠷ ᠵᠦᠢᠯ ᠤᠨ ᠬᠤᠶᠠᠳᠤᠭᠠᠷ  ᠲᠤᠭᠲᠠᠭᠠᠯ ᠢ ᠵᠦᠷᠢᠴᠡᠨ᠂ ᠲᠦᠷ ᠴᠠᠬ ᠡᠵᠡᠯᠡᠨ ᠬᠡᠷᠡᠭᠯᠡᠭᠰᠡᠨ ᠦᠨᠳᠦᠰᠦᠨ ᠨᠤᠲᠤᠭ ᠪᠡᠯᠴᠢᠬᠡᠷ ᠲᠡᠭᠡᠷ᠎ᠠ ᠦᠨᠢᠳᠡ   ᠶᠢᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ ᠪᠠᠷᠢᠯᠭ᠎ᠠ ᠪᠤᠶᠤ ᠲᠦᠷ ᠴᠠᠬ ᠡᠵᠡᠯᠡᠨ ᠬᠡᠷᠡᠭᠯᠡᠭᠦ  ᠬᠤᠭᠤᠴᠠᠭ᠎ᠠ ᠨᠢ ᠲᠦᠬᠦᠷᠦᠭᠰᠡᠨ ᠪᠠᠶᠢᠲᠠᠯ᠎ᠠ ᠲᠦᠷ ᠴᠠᠬ ᠤᠨ ᠴᠢᠨᠠᠷᠲᠠᠢ ᠪᠠᠷᠢᠯᠭ᠎ᠠ᠂ ᠤᠷᠤᠨ ᠰᠠᠭᠤᠴᠠ ᠶᠢᠨ ᠪᠤᠰᠤ  ᠪᠠᠷᠢᠯᠭ᠎ᠠ ᠪᠠᠨ ᠨᠤᠷᠠᠭᠠᠬᠰᠠᠨ ᠦᠬᠡᠢ ᠪᠤᠯ ᠬᠤᠰᠢᠭᠤ ᠰᠢᠶᠠᠨ ᠤ ᠱᠠᠲᠤᠨ ᠠᠴᠠ ᠲᠡᠭᠡᠭᠰᠢᠬᠢ ᠨᠤᠲᠤᠭ ᠪᠡᠯᠴᠢᠬᠡᠷ ᠤᠨ  ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠬᠳᠠᠨ ᠬᠤᠭᠤᠴᠠᠭ᠎ᠠ ᠲᠤᠭᠲᠠᠭᠠᠨ ᠨᠤᠷᠠᠭᠠᠯᠭᠠᠨ᠎ᠠ︔  ᠬᠤᠭᠤᠴᠠᠭ᠎ᠠ ᠨᠢ ᠦᠩᠭᠡᠷᠡᠭᠰᠡᠨ ᠪᠠᠶᠢᠳᠠᠯ᠎ᠠ ᠨᠤᠷᠠᠭᠠᠬᠰᠠᠨ ᠦᠬᠡᠢ ᠪᠤᠯ ᠬᠠᠤᠯᠢ ᠶᠤᠰᠤᠭᠠᠷ ᠠᠯᠪᠠᠳᠠᠯᠭ᠎ᠠ ᠪᠠᠷ  ᠨᠤᠷᠠᠭᠠᠨ᠂ ᠬᠡᠷᠡᠭᠰᠡᠬᠦ ᠰᠦᠢᠳᠭᠡᠯ ᠢ ᠬᠠᠤᠯᠢ ᠶᠢ ᠵᠦᠷᠢᠴᠡᠭᠴᠢ ᠠᠴᠠ ᠲᠠᠭᠠᠭᠠᠨ᠎ᠠ᠃        ᠭᠤᠴᠢᠨ ᠨᠡᠢᠮᠠᠳᠤᠭᠠᠷ ᠵᠦᠢᠯ  ᠲᠤᠰ ᠲᠤᠭᠳᠠᠭᠠᠯ ᠤᠨ ᠬᠤᠷᠢᠨ ᠬᠤᠶᠠᠳᠤᠭᠠᠷ ᠵᠦᠢᠯ ᠤᠨ ᠲᠤᠭᠳᠠᠭᠠᠯ ᠢ  ᠵᠦᠷᠢᠴᠡᠭᠰᠡᠨ ᠲᠤᠤᠷᠠᠬᠢ ᠠᠵᠢᠯᠯᠠᠭ᠎ᠠ ᠶᠢᠨ ᠨᠢᠭᠡ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ  ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠰᠡᠷᠡᠮᠵᠢ ᠦᠭᠬᠦ ᠶᠢᠨ ᠬᠠᠮᠳᠤ ᠲᠤᠤᠷᠠᠬᠢ  ᠲᠤᠭᠳᠠᠭᠠᠯ ᠢᠶᠠᠷ ᠲᠤᠷᠭᠠᠨ ᠰᠢᠳᠬᠡᠨ᠎ᠡ᠃        ︵ᠨᠢᠬᠡ︶ ᠦᠨᠳᠦᠰᠦᠨ ᠨᠤᠲᠤᠭ ᠪᠡᠯᠴᠢᠭᠡᠷ ᠢ ᠬᠢᠨᠠᠨ ᠲᠤᠭᠳᠠᠭᠠᠭᠰᠠᠨ ᠪᠡᠯᠴᠢᠭᠡᠷ ᠤᠨ ᠳᠠᠭᠠᠭᠠᠴᠠ ᠠᠴᠠ  ᠭᠡᠲᠦᠷᠡᠳᠡᠯ᠎ᠡ ᠮᠠᠯᠵᠢᠭᠰᠠᠳ ᠢ ᠬᠤᠭᠤᠴᠠᠭ᠎ᠠ ᠲᠤᠭᠳᠠᠨ ᠵᠠᠷᠯᠢᠭᠳᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ  ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠲᠤᠮᠳᠠᠴᠢ ᠬᠤᠨᠢᠨ ᠨᠢᠭᠡᠴᠢ ᠪᠦᠷᠢ ᠶᠢ 100 ᠲᠦᠭᠦᠷᠢᠭ ᠵᠤᠭᠤᠰ   ᠢᠶᠠᠷ ᠲᠤᠷᠭᠠᠨ᠎ᠠ᠃       ︵ᠬᠤᠶᠠᠷ︶ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠦᠨᠳᠤᠰᠤᠨ ᠨᠤᠲᠤᠭ ᠪᠡᠯᠴᠢᠭᠡᠷ ᠲᠤ  ᠮᠠᠯ ᠮᠠᠯᠵᠢᠭᠰᠠᠳ ᠢ ᠲᠤᠮᠳᠠᠴᠢ ᠬᠤᠨᠢᠨ ᠨᠢᠭᠡᠴᠢ ᠪᠦᠷᠢ ᠶᠢ 30 ᠲᠦᠭᠦᠷᠢᠭ ᠵᠤᠭᠤᠰ ᠢᠶᠠᠷ ᠲᠤᠷᠭᠠᠨ᠎ᠠ᠃       ᠭᠤᠴᠢ ᠶᠢᠰᠦᠳᠦᠭᠡᠷ ᠵᠦᠢᠯ   ᠲᠤᠰ ᠲᠤᠭᠳᠠᠭᠠᠯ ᠤᠨ ᠬᠤᠷᠢᠨ ᠭᠤᠷᠪᠠᠳᠤᠭᠠᠷ ᠵᠦᠢᠯ ᠤᠨ ᠲᠤᠭᠳᠠᠭᠠᠯ ᠢ  ᠵᠦᠷᠢᠴᠡᠭᠰᠡᠨ᠂ ᠲᠡᠵᠢᠭᠡᠯ ᠡᠪᠡᠰᠦ ᠪᠤᠷᠳᠤᠭ᠎ᠠ ᠶᠢᠨ ᠰᠠᠭᠤᠷᠢᠨ ᠤ ᠪᠦᠲᠦᠭᠡᠨ ᠪᠠᠶᠢᠭᠤᠯᠤᠯᠳᠠ ᠨᠢ ᠦᠨᠳᠦᠰᠦᠨ  ᠨᠤᠲᠤᠭ ᠪᠡᠯᠴᠢᠭᠡᠷ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠪᠤᠶᠤ ᠲᠡᠵᠢᠭᠡᠯ ᠪᠤᠷᠳᠤᠭ᠎ᠠ ᠶᠢᠨ ᠰᠠᠭᠤᠷᠢᠨ ᠤ  ᠲᠠᠷᠢᠮᠠᠯ ᠤᠨ ᠲᠦᠷᠦᠯ ᠵᠦᠢᠯ ᠨᠢ ᠲᠤᠭᠳᠠᠭᠠᠯ ᠳᠤ ᠨᠡᠶᠢᠴᠡᠬᠦ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ  ᠳᠡᠭᠡᠭᠰᠢᠬᠢ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠠᠴᠠ ᠵᠦᠷᠢᠴᠡᠭᠰᠡᠨ  ᠠᠵᠢᠯᠯᠠᠭ᠎ᠠ ᠶᠢ ᠨᠢ ᠱᠠᠭᠠᠷᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ ᠵᠠᠯᠠᠷᠠᠭᠤᠯᠬᠤ ᠬᠡᠷᠡᠭᠳᠡᠢ︔ ᠲᠤᠭᠳᠠᠭᠰᠠᠨ  ᠬᠤᠭᠤᠴᠠᠭ᠎ᠠ ᠳᠤ ᠵᠠᠯᠠᠷᠠᠭᠤᠯᠤᠭᠰᠠᠨ ᠦᠭᠡᠢ ᠪᠤᠯ ᠮᠦ ᠪᠦᠷᠢ ᠠᠴᠠ 200 ᠲᠦᠭᠦᠷᠢᠭ ᠠᠴᠠ ᠳᠡᠭᠡᠭᠰᠢ 500  ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃       ᠲᠦᠴᠢᠳᠦᠭᠡᠷ ᠵᠦᠢᠯ  ᠲᠤᠰ ᠲᠤᠭᠳᠠᠭᠠᠯ ᠤᠨ ᠬᠤᠷᠢᠨ ᠲᠦᠷᠪᠡᠳᠦᠭᠡᠷ ᠵᠦᠢᠯ ᠤᠨ ᠲᠤᠭᠳᠠᠭᠠᠯ ᠢ  ᠵᠦᠷᠢᠴᠡᠭᠰᠡᠨ᠂ ᠨᠤᠲᠤᠭ ᠪᠡᠯᠴᠡᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ ᠴᠤᠭᠯᠠᠭᠤᠯᠬᠤ᠂ ᠬᠤᠳᠠᠯᠳᠤᠨ ᠠᠪᠬᠤ  ᠵᠦᠪᠰᠢᠶᠡᠷᠡᠯ ᠤᠨ ᠦᠨᠠᠮᠯᠠᠯ ᠠᠪᠤᠭᠰᠠᠨ ᠦᠭᠡᠢ ᠪᠤᠶᠤ ᠳᠡᠭᠦᠨ ᠴᠤᠭᠯᠠᠭᠤᠯᠬᠤ᠂ ᠬᠤᠳᠠᠯᠳᠤᠨ ᠠᠪᠬᠤ  ᠵᠦᠪᠰᠢᠶᠡᠷᠡᠯ ᠤᠨ ᠦᠨᠠᠮᠯᠠᠯ ᠤᠨ ᠲᠤᠭᠳᠠᠭᠠᠯ ᠶᠤᠰᠤᠭᠠᠷ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠲᠡᠭᠦᠨ  ᠴᠤᠭᠯᠠᠭᠤᠯᠬᠤ᠂ ᠬᠤᠳᠠᠯᠳᠤᠨ ᠠᠪᠤᠭᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠨᠤᠲᠤᠭ  ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠬᠠᠤᠯᠢ ᠪᠤᠰᠤ ᠠᠵᠢᠯᠯᠠᠭ᠎ᠠ ᠶᠢ ᠵᠠᠷᠯᠢᠭᠳᠠᠨ  ᠵᠤᠭᠰᠤᠭᠠᠵᠤ᠂ ᠬᠠᠤᠯᠢ ᠪᠤᠰᠤ ᠡᠳ᠋ ᠪᠤᠳᠠᠰ ᠪᠠ ᠤᠯᠵᠠᠪᠤᠷᠢ ᠶᠢ ᠨᠢ ᠬᠤᠷᠢᠶᠠᠨ ᠠᠪᠬᠤ ᠬᠡᠷᠡᠭᠳᠡᠢ᠂ ᠡᠭᠦᠨ ᠤ ᠬᠠᠮᠳᠤ  ᠬᠠᠤᠯᠢ ᠪᠤᠰᠤ ᠤᠯᠵᠠᠪᠤᠷᠢ ᠶᠢᠨ ᠬᠢᠨ ᠭᠤᠷᠪᠠ ᠳᠠᠬᠢᠨ ᠠᠴᠠ ᠳᠡᠭᠡᠭᠰᠢ ᠲᠠᠪᠦᠨ ᠳᠠᠬᠢᠨ ᠠᠴᠠ ᠲᠤᠷᠤᠭᠰᠢ ᠵᠤᠭᠤᠰ   ᠢᠶᠠᠷ ᠲᠤᠷᠭᠠᠨ᠎ᠠ︔ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠳᠡᠭᠦᠨ ᠴᠤᠭᠯᠠᠭᠤᠯᠬᠤ᠂ ᠬᠤᠳᠠᠯᠳᠤᠨ  ᠠᠪᠬᠤ ᠵᠦᠪᠰᠢᠶᠡᠷᠡᠯ ᠤᠨ ᠦᠨᠡᠮᠯᠡᠯ ᠲᠠᠢ ᠶᠢ ᠨᠢ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠤᠨ  ᠵᠦᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠤᠯᠭᠠᠬᠤ ᠬᠡᠷᠡᠭᠳᠡᠢ︔ ᠨᠤᠲᠤᠭ ᠪᠡᠯᠴᠢᠭᠡᠷ ᠤᠨ ᠦᠮᠴᠢᠯᠡᠭᠴᠢ  ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠠ ᠪᠤᠯ ᠬᠠᠤᠯᠢ ᠶᠤᠰᠤᠭᠠᠷ ᠲᠦᠯᠦᠪᠦᠷᠢ ᠶᠢᠨ ᠬᠠᠷᠢᠭᠤᠴᠠᠯᠭ᠎ᠠ  ᠨᠡᠬᠡᠮᠵᠢᠯᠡᠬᠦ ᠬᠡᠷᠡᠭᠳᠡᠢ᠃      ᠲᠦᠴᠢᠨ ᠨᠢᠭᠡᠳᠦᠭᠡᠷ ᠵᠦᠢᠯ   ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ  ᠮᠦᠴᠢᠷ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠵᠢᠴᠢ ᠪᠤᠰᠤᠳ ᠤᠯᠤᠰ ᠤᠨ  ᠪᠠᠶᠢᠭᠤᠯᠭ᠎ᠠ ᠶᠢᠨ ᠠᠵᠢᠯᠳᠠᠨ ᠲᠤᠤᠷᠠᠬᠢ ᠠᠵᠢᠯᠯᠠᠭ᠎ᠠ ᠶᠢᠨ ᠨᠢᠭᠡ ᠨᠢ ᠪᠠᠶᠢᠪᠠᠯ ᠠᠵᠢᠯᠯᠠᠵᠤ ᠪᠠᠶᠢᠭ᠎ᠠ ᠪᠠᠶᠢᠭᠤᠯᠤᠯᠭ᠎ᠠ  ᠪᠤᠶᠤ ᠳᠡᠭᠡᠷ᠎ᠡ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ  ᠭᠤᠤᠯ ᠬᠠᠮᠢᠶᠠᠷᠤᠯᠳᠠ ᠶᠢᠨ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ  ᠰᠢᠳᠬᠡᠯ ᠤᠯᠭᠤᠨ᠎ᠠ︔ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠠ ᠪᠤᠯ ᠬᠠᠤᠯᠢ ᠶᠤᠰᠤᠭᠠᠷ ᠡᠷᠡᠭᠦᠦ ᠶᠢᠨ  ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄        ︵ᠨᠢᠬᠡ︶ ᠨᠤᠲᠤᠭ ᠪᠡᠯᠴᠢᠭᠡᠷ ᠤᠨ ᠨᠦᠬᠦᠪᠦᠷᠢ᠂ ᠲᠦᠪᠬᠢᠨᠡᠭᠦᠯᠬᠦ ᠨᠦᠬᠦᠪᠦᠷᠢ᠂ ᠳᠠᠭᠠᠯᠳᠤᠪᠤᠷᠢ ᠨᠦᠬᠦᠪᠦᠷᠢ᠂  ᠤᠷᠭᠤᠮᠠᠯ ᠤᠨ ᠪᠦᠷᠬᠦᠴᠠ ᠶᠢ ᠰᠡᠷᠭᠦᠭᠡᠬᠦ ᠨᠦᠬᠦᠪᠦᠷᠢ ᠪᠤᠯᠤᠨ ᠨᠤᠲᠤᠭ ᠪᠡᠯᠴᠢᠭᠡᠷ ᠤᠨ ᠠᠮᠢ ᠠᠬᠤᠢ ᠶᠢᠨ  ᠬᠠᠮᠠᠭᠠᠯᠠᠯᠳᠠ ᠶᠢᠨ ᠱᠠᠩᠨᠠᠯ ᠤᠨ ᠮᠦᠩᠭᠦ ᠶᠢᠨ ᠨᠦᠬᠦᠪᠦᠷᠢ ᠶᠢ ᠲᠤᠮᠳᠠ ᠠᠴᠠ ᠨᠢ ᠦᠯᠡᠳᠡᠭᠡᠬᠦ᠂ ᠰᠢᠯᠵᠢᠭᠦᠯᠦᠨ  ᠬᠡᠷᠡᠭᠯᠡᠬᠦ︔       ︵ᠬᠤᠶᠠᠷ︶ ᠦᠨᠳᠦᠰᠦᠨ ᠨᠤᠲᠤᠭ ᠪᠡᠯᠴᠢᠭᠡᠷ ᠢ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ  ᠪᠤᠯᠤᠨ ᠲᠦᠷ ᠴᠠᠭ ᠬᠡᠷᠡᠭᠯᠡᠬᠦ ᠶᠢ ᠡᠷᠬᠡ ᠦᠭᠡᠢ ᠪᠠᠶᠢᠭᠠᠳ ᠵᠦᠪᠰᠢᠶᠡᠷᠡᠬᠦ ᠪᠤᠶᠤ ᠳᠡᠰ ᠳᠠᠪᠠᠨ ᠵᠦᠪᠰᠢᠶᠡᠷᠡᠬᠦ︔        ︵ᠭᠤᠷᠪᠠ︶ ᠳᠠᠳᠠᠪᠦᠷᠢᠯᠠᠨ ᠠᠪᠬᠤ᠂ ᠳᠠᠳᠠᠪᠦᠷᠢᠯᠡᠨ ᠬᠡᠷᠡᠭᠯᠡᠬᠦ᠂ ᠬᠡᠷᠡᠭᠯᠡᠬᠦ ᠪᠤᠯᠤᠨ ᠲᠦᠷ ᠴᠠᠭ ᠬᠡᠷᠡᠭᠯᠡᠬᠦ  ᠦᠨᠳᠦᠰᠦᠨ ᠨᠤᠲᠤᠭ ᠪᠡᠯᠴᠢᠭᠡᠷ ᠢ ᠬᠠᠤᠯᠢ ᠶᠢᠨ ᠳᠡᠰ ᠳᠠᠷᠠᠭᠠᠯᠠᠯ ᠢᠶᠠᠷ ᠵᠦᠪᠰᠢᠶᠡᠷᠡᠭᠰᠡᠨ ᠦᠭᠡᠢ︔       ︵ᠳᠦᠷᠪᠠ︶ ᠬᠢᠨᠠᠨ ᠬᠠᠮᠢᠶᠠᠷᠤᠯᠳᠠ ᠶᠢᠨ ᠡᠬᠦᠷᠬᠡ ᠬᠠᠷᠢᠭᠤᠴᠠᠯᠭ᠎ᠠ ᠪᠠᠨ ᠬᠠᠤᠯᠢ ᠪᠤᠰᠤ ᠪᠠᠷ  ᠬᠡᠷᠡᠭᠵᠢᠭᠦᠯᠦᠭᠰᠡᠨ︔        ︵ᠳᠠᠪᠤ︶ ᠦᠨᠳᠦᠰᠦᠨ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠬᠠᠤᠯᠢ ᠪᠤᠰᠤ ᠠᠵᠢᠯᠯᠠᠭ᠎ᠠ ᠶᠢ  ᠢᠯᠡᠴᠢᠯᠡᠨ ᠮᠡᠳᠡᠭᠦᠯᠦᠭᠰᠡᠨ ᠪᠤᠯᠤᠨ ᠵᠠᠭᠠᠯᠳᠤᠭᠰᠠᠨ ᠢ ᠬᠦᠯᠢᠶᠡᠨ ᠠᠪᠴᠦ ᠰᠢᠢᠳᠪᠦᠷᠢᠯᠡᠭᠰᠡᠨ ᠦᠭᠡᠢ ᠪᠤᠶᠤ ᠬᠠᠤᠯᠢ  ᠪᠤᠰᠤ ᠠᠵᠢᠯᠯᠠᠭ᠎ᠠ ᠶᠢ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ᠂ ᠬᠦᠨᠳᠦ ᠨᠤᠴᠢᠳᠡᠢ ᠦᠷ᠎ᠡ ᠳ᠋ᠦᠩ  ᠭᠠᠷᠭᠠᠭᠰᠠᠨ︔       ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠵᠤ᠂ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ  ᠬᠡᠷᠡᠭᠯᠡᠬᠦ᠂ ᠬᠠᠤᠯᠢ ᠶᠤᠰᠤ ᠶᠢ ᠵᠦᠷᠢᠴᠡᠭᠰᠡᠨ ᠵᠡᠷᠭᠡ ᠬᠠᠤᠯᠢ ᠪᠤᠰᠤ ᠠᠵᠢᠯᠯᠠᠭ᠎ᠠ᠃      ᠵᠢᠷᠭᠤᠳᠤᠭᠠᠷ ᠪᠦᠯᠦᠭ     ᠳᠠᠭᠠᠯᠳᠤᠭᠤᠯᠤᠯ ᠳᠦᠷᠢᠮ      ᠲᠦᠴᠢᠨ ᠬᠤᠶᠠᠳᠤᠭᠠᠷ ᠵᠦᠢᠯ  ᠲᠤᠰ ᠲᠤᠭᠳᠠᠭᠠᠯ ᠤᠨ ᠭᠤᠴᠢᠨ ᠨᠠᠢᠮᠠᠳᠤᠭᠠᠷ ᠵᠦᠢᠯ ᠳᠤ ᠬᠡᠯᠡᠵᠦ ᠪᠠᠶᠢᠭ᠎ᠠ  ︽ᠬᠤᠨᠢᠨ ᠨᠢᠭᠡᠴᠢ︾ ᠭᠡᠳᠡᠭ ᠨᠢ ᠮᠠᠯ ᠤᠨ ᠲᠤᠭ᠎ᠠ ᠬᠡᠮᠵᠢᠯᠳᠡ ᠶᠢᠨ ᠨᠢᠭᠡᠴᠢ ᠪᠤᠯᠤᠨ᠎ᠠ᠃ ᠨᠢᠭᠡ ᠬᠤᠨᠢ ᠨᠢ ᠨᠢᠭᠡ  ᠬᠤᠨᠢᠨ ᠨᠢᠭᠡᠴᠢ᠂ ᠨᠢᠭᠡ ᠦᠬᠡᠷ 5 ᠬᠤᠨᠢᠨ ᠨᠢᠭᠡᠴᠢ᠂ ᠨᠢᠭᠡ ᠮᠤᠷᠢ 6 ᠬᠤᠨᠢᠨ ᠨᠢᠭᠡᠴᠢ᠂ ᠨᠢᠭᠡ ᠯᠠᠭᠤᠰᠠ 3  ᠬᠤᠨᠢᠨ ᠨᠢᠭᠡᠴᠢ᠂ ᠨᠢᠭᠡ ᠡᠯᠵᠢᠭᠡ 5 ᠬᠤᠨᠢᠨ ᠨᠢᠭᠡᠴᠢ᠂ ᠨᠢᠭᠡ ᠲᠡᠮᠡᠭᠡ 7 ᠬᠤᠨᠢᠨ ᠨᠢᠭᠡᠴᠢ ᠲᠠᠢ ᠲᠡᠩᠴᠡᠨ᠎ᠡ᠃      ᠲᠦᠴᠢᠨ ᠭᠤᠷᠪᠠᠳᠤᠭᠠᠷ ᠵᠦᠢᠯ  ᠲᠤᠰ ᠳᠦᠷᠢᠮ ᠢ 2011 ᠤᠨ ᠤ 12 ᠳ᠋ᠤᠭᠠᠷ ᠰᠠᠷ᠎ᠠ ᠶᠢᠨ 1 ᠤ ᠡᠳᠦᠷ   ᠠᠴᠠ ᠡᠬᠢᠯᠡᠵᠦ ᠬᠡᠷᠡᠭᠵᠢᠭᠦᠯᠦᠨ᠎ᠠ᠃ 1998 ᠤᠨ ᠤ 11 ᠳ᠋ᠦ᠋ᠭᠡᠷ ᠰᠠᠷ᠎ᠠ ᠶᠢᠨ 27 ᠤ ᠡᠳᠦᠷ ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ  ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠤᠳᠠᠭᠠᠨ ᠤ ᠬᠤᠷᠠᠯ ᠠᠴᠠ ᠪᠠᠳᠤᠯᠠᠭᠰᠠᠨ ︽ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾ ᠢ  ᠬᠠᠮᠳᠤ ᠳᠤᠨᠢ ᠬᠦᠴᠦᠨ ᠦᠭᠡᠢ ᠪᠤᠯᠭᠠᠨ᠎ᠠ᠃      
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2