ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2017/9/7
ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ                                      205 ᠳ᠋ᠤᠭᠠᠷ ᠲᠤᠭᠠᠳᠤ    ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ  ᠡᠳ᠋ ᠬᠦᠷᠦᠩᠭᠡ ᠶᠢ ᠰᠢᠯᠵᠢᠬᠦᠯᠦᠨ ᠦᠭᠬᠦ ᠬᠠᠮᠢᠶᠠᠷᠤᠯᠳᠠ ᠶᠢᠨ ᠠᠷᠭ᠎ᠠ︾ ᠶᠢ 2014 ᠤᠨ ᠤ 11 ᠳ᠋ᠤᠭᠡᠷ  ᠰᠠᠷ᠎ᠠ ᠶᠢᠨ 7 ᠤ ᠡᠳᠦᠷ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠤᠴᠢᠨ  ᠲᠦᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠳᠡᠯᠡᠪᠡ᠂  2015 ᠤᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                   ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ   ᠪᠠᠭᠠᠲᠤᠷ                                         2014 ᠣᠨ ᠤ 11 ᠳ᠋ᠤᠭᠡᠷ ᠰᠠᠷ᠎ᠠ ᠶᠢᠨ 21 ᠤ ᠡᠳᠦᠷ        ᠨᠢᠭᠡᠳᠦᠭᠡᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠠᠵᠢᠯᠯᠠᠭ᠎ᠠ ᠪᠠᠨ ᠵᠢᠷᠤᠮᠵᠢᠭᠤᠯᠤᠨ᠂ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠥᠷᠥᠩᠭᠡ ᠶᠢ  ᠵᠣᠬᠢᠰᠲᠠᠢ ᠡᠷᠭᠢᠯᠳᠦᠭᠦᠯᠬᠦ ᠪᠠ ᠰᠢᠯᠢᠳᠡᠭᠵᠢᠬᠦᠯᠦᠨ ᠲᠤᠬᠢᠷᠠᠭᠤᠯᠬᠤ ᠶᠢᠨ ᠲᠤᠰᠠᠳᠠ᠂ ︽ᠪᠦᠬᠦᠳᠡ ᠨᠠᠶᠢᠷᠠᠮᠳᠠᠬᠤ  ᠲᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠦᠩᠭᠡ ᠶᠢᠨ ᠬᠠᠤᠯᠢ︾  ᠪᠠ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠨ᠂ ᠦᠪᠡᠷᠳᠡᠭᠡᠨ ᠵᠠᠰᠠᠬᠤ  ᠤᠷᠤᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠤᠭᠳᠠᠭᠠᠪᠠ᠃       ᠬᠤᠶᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ  ᠡᠳ᠋ ᠬᠦᠷᠦᠩᠭᠡ ᠶᠢ ᠰᠢᠯᠵᠢᠬᠦᠯᠦᠨ ᠦᠭᠬᠦ ᠭᠡᠳᠡᠭ ᠨᠢ᠂ ᠤᠯᠤᠰ ᠤᠨ ᠲᠤᠭᠳᠠᠭᠠᠯ ᠶᠣᠰᠣᠭᠠᠷ ᠦᠨ᠎ᠡ ᠲᠦᠯᠦᠪᠦᠷᠢ  ᠦᠭᠡᠢ ᠪᠠᠷ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠬᠤᠪᠢᠶᠠᠷᠢᠯᠠᠨ ᠰᠢᠯᠵᠢᠬᠦᠯᠬᠦ ᠠᠴᠠ ᠪᠤᠰᠤᠳ᠂  ᠤᠯᠤᠰ ᠠᠴᠠ ᠠᠵᠤ ᠠᠬᠤᠶᠢᠯᠠᠯ ᠤᠨ ᠵᠣᠭᠤᠰ ᠭᠠᠷᠭᠠᠬᠤ ᠠᠴᠠ ᠪᠣᠯᠣᠭᠰᠠᠨ ᠡᠷᠭᠡ ᠠᠰᠢᠭ ᠢ ᠬᠠᠤᠯᠢ ᠶᠣᠰᠣᠭᠠᠷ  ᠪᠤᠰᠤᠳ ᠨᠢᠭᠡᠴᠡ ᠪᠤᠶᠤ ᠬᠤᠪᠢ ᠬᠦᠮᠦᠨ ᠳᠤ ᠰᠢᠯᠵᠢᠬᠦᠯᠦᠨ ᠦᠭᠬᠦ ᠦᠢᠯᠡ ᠠᠵᠢᠯᠯᠠᠭ᠎ᠠ ᠶᠢ ᠵᠢᠭᠠᠵᠤ ᠪᠤᠢ᠃  ᠲᠤᠰ ᠠᠷᠭ᠎ᠠ ᠳᠤ ᠬᠡᠯᠡᠵᠦ ᠪᠠᠶᠢᠭ᠎ᠠ ᠤᠯᠤᠰ ᠠᠴᠠ ᠵᠣᠭᠤᠰ ᠭᠠᠷᠭᠠᠬᠤ ᠠᠵᠤ ᠠᠬᠤᠶᠢᠯᠠᠯ ᠭᠡᠳᠡᠭ ᠨᠢ᠂  ᠤᠯᠤᠰ ᠠᠴᠠ ᠵᠣᠭᠤᠰ ᠭᠠᠷᠭᠠᠭᠰᠠᠨ ᠤᠯᠤᠰ ᠤᠨ ᠦᠮᠴᠢᠯᠠᠯᠳᠤ ᠲᠤᠰᠠᠭᠠᠷ ᠪᠡᠯᠡ ᠣᠷᠣᠭᠤᠯᠤᠯᠲᠠ ᠶᠢᠨ ᠠᠵᠤ  ᠠᠬᠤᠶᠢᠯᠠᠯ᠂ ᠤᠯᠤᠰ ᠤᠨ ᠦᠮᠴᠢᠯᠠᠯᠳᠤ ᠲᠤᠰᠠᠭᠠᠷ ᠪᠡᠯᠡ ᠣᠷᠣᠭᠤᠯᠤᠯᠲᠠ ᠶᠢᠨ ᠺᠤᠮᠫᠠᠨᠢ ᠵᠢᠴᠢ ᠤᠯᠤᠰ ᠤᠨ  ᠦᠮᠴᠢᠯᠠᠯᠳᠤ ᠬᠦᠷᠦᠩᠭᠡ ᠶᠢᠨ ᠬᠤᠪᠢ ᠤᠷᠤᠭᠤᠯᠤᠯᠳᠠ ᠶᠢ ᠡᠷᠬᠡᠰᠢᠶᠡᠬᠦ ᠺᠤᠮᠫᠠᠨᠢ᠂ ᠤᠯᠤᠰ ᠤᠨ ᠦᠮᠴᠢᠯᠠᠯᠳᠤ  ᠬᠦᠷᠦᠩᠭᠡ ᠶᠢᠨ ᠬᠤᠪᠢ ᠤᠷᠤᠭᠤᠯᠬᠤ ᠺᠤᠮᠫᠠᠨᠢ ᠶᠢ ᠵᠢᠭᠠᠵᠤ ᠪᠤᠢ᠃       ᠭᠤᠷᠪᠠᠳᠤᠭᠠᠷ ᠵᠦᠢᠯ   ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠵᠤ  ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠠᠵᠢᠯᠯᠠᠭ᠎ᠠ ᠳᠤ ᠲᠤᠰ ᠠᠷᠭ᠎ᠠ  ᠬᠡᠷᠡᠭᠯᠡᠭᠳᠡᠨ᠎ᠡ᠃      ᠮᠦᠩᠬᠦᠨ ᠬᠦᠢᠯᠭᠡᠭᠡᠨ ᠤ ᠲᠦᠷᠦᠯ ᠪᠦᠬᠦᠢ ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋  ᠬᠦᠷᠦᠩᠭᠡ ᠶᠢ ᠰᠢᠯᠵᠢᠬᠦᠯᠦᠨ ᠦᠭᠬᠦ ᠪᠠ ᠵᠠᠬ᠎ᠠ ᠲᠡᠯᠭᠡᠬᠦᠷ ᠲᠤ ᠭᠠᠷᠤᠭᠰᠠᠨ ᠺᠤᠮᠫᠠᠨᠢ ᠶᠢᠨ ᠤᠯᠤᠰ ᠤᠨ ᠦᠮᠴᠢᠯᠠᠯᠳᠤ  ᠰᠲ᠋ᠤᠺ ᠤᠨ ᠡᠷᠭᠡ ᠶᠢ ᠰᠢᠯᠵᠢᠬᠦᠯᠦᠨ ᠦᠭᠬᠦ ᠳᠤ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠣᠰᠣᠭᠠᠷ  ᠬᠡᠷᠡᠭᠵᠢᠬᠦᠯᠦᠨ᠎ᠡ᠃       ᠲᠦᠷᠪᠡᠳᠦᠭᠡᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠠᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠳᠤ ᠲᠡᠩᠴᠡᠭᠦᠦ ᠥᠷᠲᠡᠭ ᠤᠨ ᠲᠦᠯᠦᠪᠦᠷᠢ ᠲᠠᠢ᠂ ᠢᠯᠡ᠂ ᠲᠦᠪ ᠭᠤᠤᠯᠴᠢ ᠪᠠᠶᠢᠬᠤ ᠵᠠᠷᠴᠢᠮ ᠢ ᠵᠢᠷᠤᠮᠯᠠᠬᠤ  ᠬᠡᠷᠡᠭᠳᠡᠢ᠃   ᠲᠠᠪᠤᠳᠤᠭᠠᠷ ᠵᠦᠢᠯ   ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ  ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠲᠤᠰ ᠵᠠᠰᠠᠭ ᠵᠠᠬᠢᠷᠭᠠᠨ ᠤ  ᠣᠷᠣᠨ ᠤ ᠳᠣᠲᠣᠷᠠᠬᠢ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ  ᠳᠠᠯ᠎ᠠ ᠪᠠᠷ ᠬᠢ ᠬᠢᠨᠠᠯᠳᠠ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃       ᠡᠳ᠋ ᠤᠨ ᠵᠠᠰᠠᠭ᠂ ᠬᠦᠭᠵᠢᠬᠦᠯᠦᠯᠳᠡ ᠦᠭᠡᠷᠡᠴᠢᠯᠡᠯᠳᠡ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ  ᠵᠠᠬᠢᠷᠭᠠᠨ ᠤ ᠬᠠᠮᠢᠶᠠᠷᠤᠯᠳᠠ᠂ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠷᠤᠨ ᠰᠠᠭᠤᠴᠠ ᠬᠤᠲᠠ  ᠬᠦᠳᠡᠭᠡ ᠶᠢᠨ ᠪᠦᠳᠦᠭᠡᠨ ᠪᠠᠶᠢᠭᠤᠯᠤᠯᠳᠠ ᠂ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠲᠤᠰ  ᠲᠤᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋  ᠬᠦᠷᠦᠩᠭᠡ ᠶᠢ ᠰᠢᠯᠵᠢᠬᠦᠯᠦᠨ ᠦᠭᠬᠦ ᠬᠤᠯᠪᠤᠭᠳᠠᠯ ᠪᠦᠬᠦᠢ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ  ᠬᠡᠷᠡᠭᠳᠡᠢ᠃    ᠵᠢᠷᠭᠤᠳᠤᠭᠠᠷ ᠵᠦᠢᠯ  ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠡᠷᠭᠡ  ᠬᠠᠷᠢᠶ᠎ᠠ ᠶᠢᠨ ᠬᠠᠷᠢᠴᠠᠭ᠎ᠠ ᠲᠤᠳᠤᠷᠬᠠᠢ ᠦᠭᠡᠢ ᠪᠤᠶᠤ ᠡᠷᠭᠡ ᠬᠠᠷᠢᠶ᠎ᠠ ᠶᠢᠨ ᠵᠢᠭᠤᠷᠠᠯᠳᠤᠭᠠᠨ ᠲᠠᠢ ᠪᠣᠯ᠂ ᠰᠢᠯᠵᠢᠬᠦᠯᠦᠨ  ᠦᠭᠴᠤ ᠪᠤᠯᠬᠤ ᠦᠭᠡᠢ᠃       ᠲᠠᠭᠠᠭᠠᠯᠳᠠᠳᠤ ᠪᠤᠳᠠᠰ ᠤᠨ ᠡᠷᠭᠡ ᠲᠠᠢ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ  ᠰᠢᠯᠵᠢᠬᠦᠯᠦᠨ ᠦᠭᠬᠦ ᠳᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠭᠠᠭᠠᠯᠳᠠ ᠶᠢᠨ ᠬᠠᠤᠯᠢ︾  ᠪᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠪᠤᠳᠠᠰ ᠤᠨ ᠡᠷᠭᠡ ᠶᠢᠨ ᠬᠠᠤᠯᠢ︾ ᠶᠢᠨ ᠬᠠᠮᠢᠶ᠎ᠠ  ᠪᠦᠬᠦᠢ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠡᠢ᠃   ᠲᠤᠯᠤᠳᠤᠭᠠᠷ ᠵᠦᠢᠯ  ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠳᠤ ᠠᠵᠤ ᠠᠬᠤᠶᠢᠯᠠᠯ ᠤᠨ ᠳᠣᠲᠣᠭᠠᠳᠤ ᠳᠠᠬᠢ ᠰᠢᠢᠳᠪᠦᠷᠢᠳᠤ ᠪᠤᠳᠤᠯᠭ᠎ᠠ ᠶᠢᠨ ᠳᠡᠰ ᠲᠠᠷᠠᠭᠠᠯᠠᠯ ᠤᠨ  ᠶᠤᠰᠤᠭᠠᠷ ᠬᠢᠨᠠᠨ ᠵᠥᠪᠯᠡᠬᠦ ᠶᠢᠨ ᠬᠠᠮᠳᠤ᠂ ᠪᠢᠴᠢᠭᠯᠡᠭᠰᠡᠨ ᠰᠢᠢᠳᠪᠦᠷᠢ ᠪᠣᠯᠭᠠᠬᠤ ᠬᠡᠷᠡᠭᠳᠡᠢ᠃    ᠤᠯᠤᠰ ᠤᠨ ᠲᠤᠰᠠᠭᠠᠷ ᠪᠡᠯᠡ ᠤᠷᠤᠭᠤᠯᠤᠯᠳᠠ ᠶᠢᠨ ᠠᠵᠤ ᠠᠬᠤᠶᠢᠯᠠᠯ ᠤᠨ ᠡᠳ᠋ ᠬᠦᠷᠦᠩᠭᠡ ᠶᠢ ᠰᠢᠯᠵᠢᠬᠦᠯᠦᠨ  ᠦᠭᠬᠦ ᠳᠤ᠂ ᠶᠡᠷᠦᠩᠭᠡᠢ ᠳᠠᠭᠠᠭᠠᠮᠠᠯ ᠤᠨ ᠠᠵᠢᠯ ᠤᠨ ᠬᠤᠷᠠᠯ ᠢᠶᠠᠷ ᠬᠢᠨᠠᠨ ᠵᠥᠪᠯᠡᠬᠦ ᠬᠡᠷᠡᠭᠳᠡᠢ᠃ ᠤᠯᠤᠰ ᠤᠨ  ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠺᠤᠮᠫᠠᠨᠢ ᠶᠢᠨ ᠡᠳ᠋ ᠬᠦᠷᠦᠩᠭᠡ ᠶᠢ ᠰᠢᠯᠵᠢᠬᠦᠯᠦᠨ ᠦᠭᠬᠦ ᠳᠤ᠂  ᠬᠡᠷᠡᠭ ᠮᠡᠳᠡᠭᠴᠢᠳ ᠤᠨ ᠬᠤᠷᠠᠯ ᠢᠶᠠᠷ ᠬᠢᠨᠠᠨ ᠵᠥᠪᠯᠡᠭᠦᠯᠬᠦ ᠬᠡᠷᠡᠭᠲᠡᠢ︔ ᠬᠡᠷᠡᠭ ᠮᠡᠳᠡᠭᠴᠢᠳ ᠤᠨ ᠬᠤᠷᠠᠯ  ᠲᠤᠬᠢᠷᠠᠭᠤᠯᠤᠭᠰᠠᠨ ᠦᠭᠡᠢ ᠪᠤᠯ᠂ ᠶᠡᠷᠦᠩᠭᠡᠢ ᠳᠠᠭᠠᠭᠠᠮᠠᠯ ᠤᠨ ᠠᠵᠢᠯ ᠤᠨ ᠬᠤᠷᠠᠯ ᠢᠶᠠᠷ ᠬᠢᠨᠠᠨ ᠵᠥᠪᠯᠡᠭᠦᠯᠬᠦ  ᠬᠡᠷᠡᠭᠳᠡᠢ᠃  ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠨᠢ ᠠᠵᠢᠯᠳᠠᠨ  ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠲᠤ ᠬᠤᠯᠪᠤᠭᠳᠠᠭᠰᠠᠨ ᠪᠤᠯ᠂ ᠰᠢᠯᠵᠢᠬᠦᠯᠦᠨ ᠦᠭᠭᠦᠭᠰᠡᠨ ᠠᠵᠤ  ᠠᠬᠤᠶᠢᠯᠠᠯ ᠤᠨ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠢ ᠰᠣᠨᠣᠰᠴᠤ᠂  ᠠᠵᠢᠯᠳᠠᠨ ᠠᠵᠢᠯᠴᠢᠨ ᠢ ᠲᠦᠪᠬᠢᠨᠡᠬᠦᠯᠬᠦ ᠵᠡᠷᠭᠡ ᠤᠴᠢᠷ ᠤᠳ ᠢ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ  ᠶᠡᠭᠡ ᠬᠤᠷᠠᠯ ᠢᠶᠠᠷ ᠶᠠᠷᠢᠯᠴᠠᠭᠤᠯᠤᠨ ᠵᠥᠪᠰᠢᠶᠡᠷᠡᠭᠦᠯᠬᠦ ᠬᠡᠷᠡᠭᠳᠡᠢ᠃       ᠨᠠᠢᠮᠠᠳᠤᠭᠠᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠳᠤ ᠲᠤᠤᠷᠠᠬᠢ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢᠶᠠᠷ ᠬᠦᠢᠴᠡᠳᠭᠡᠬᠦ ᠬᠡᠷᠡᠭᠳᠡᠢ᠄      ︵ᠨᠢᠭᠡ︶ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠶᠢ  ᠪᠤᠯ ᠪᠡᠯᠡ ᠤᠷᠤᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠭᠦᠴᠡᠳᠬᠡᠬᠦ ᠪᠠᠶᠢᠭᠤᠯᠤᠮᠵᠢ ᠠᠴᠠ ᠲᠣᠭᠲᠠᠭᠠᠬᠤ ᠬᠡᠷᠡᠭᠳᠡᠢ  ᠃ ᠵᠣᠭᠤᠰ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠪᠠᠶᠢᠭᠤᠯᠤᠮᠵᠢ ᠠᠴᠠ ᠪᠦᠬᠦ᠋ᠢᠯᠡ ᠤᠯᠤᠰ ᠤᠨ  ᠦᠮᠴᠢᠯᠡᠯᠳᠤ ᠡᠳ᠋ ᠬᠦᠷᠦᠩᠭᠡ ᠪᠤᠶᠤ ᠬᠡᠰᠡᠭ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠪᠠᠷ ᠲᠣᠭᠲᠠᠭᠰᠠᠨ ᠨᠢ ᠤᠯᠤᠰ ᠠᠴᠠ ᠲᠤᠰ ᠠᠵᠤ ᠠᠬᠤᠶᠢᠯᠠᠯ ᠢ ᠬᠤᠪᠢ ᠡᠵᠡᠮᠳᠡᠬᠦ ᠪᠠᠶᠢᠷᠢ ᠰᠠᠭᠤᠷᠢ ᠦᠭᠡᠢ  ᠪᠤᠯᠭᠠᠬᠤ ᠳᠤ ᠬᠦᠷᠪᠡᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠬᠦᠯᠬᠦ ᠬᠡᠷᠡᠭᠳᠡᠢ᠃      ︵ᠬᠤᠶᠠᠷ︶ ᠤᠯᠤᠰ ᠠᠴᠠ ᠵᠣᠭᠤᠰ ᠭᠠᠷᠭᠠᠭᠰᠠᠨ ᠠᠵᠤ ᠠᠬᠤᠶᠢᠯᠠᠯ ᠤᠳ ᠲᠡᠬᠦᠨ ᠤ ᠬᠤᠪᠢᠶᠠᠷᠢ ᠠᠵᠤ  ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠶᠢ ᠨᠢ ᠲᠣᠭᠲᠠᠨ᠎ᠠ᠃  ᠡᠬᠦᠨ ᠳᠤ᠂ ᠭᠤᠤᠯ ᠪᠤᠯᠬᠤ ᠬᠤᠪᠢᠶᠠᠷᠢ ᠠᠵᠤ ᠠᠬᠤᠶᠢᠯᠠᠯ ᠤᠨ ᠴᠢᠬᠤᠯᠠ ᠶᠡᠭᠡ ᠤᠯᠤᠰ ᠤᠨ ᠦᠮᠴᠢᠯᠡᠯᠳᠤ ᠡᠳ᠋  ᠬᠦᠷᠦᠩᠭᠡ ᠶᠢ ᠰᠢᠯᠵᠢᠬᠦᠯᠦᠨ ᠦᠭᠬᠦ ᠤᠴᠢᠷ ᠤᠳ ᠢ ᠪᠤᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ  ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠵᠦᠪᠰᠢᠶᠡᠷᠡᠬᠦᠯᠬᠦ  ᠬᠡᠷᠡᠭᠳᠡᠢ      ︵ᠭᠤᠷᠪᠠ︶ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠭᠤᠳ ᠵᠥᠪᠳᠡᠨ ᠰᠢᠯᠵᠢᠬᠦᠯᠦᠨ ᠦᠭᠬᠦ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠯᠤᠰ ᠤᠨ ᠦᠮᠴᠢᠯᠡᠯᠳᠤ ᠡᠳ᠋  ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠵᠦᠪᠰᠢᠶᠡᠷᠡᠬᠦᠯᠬᠦ ᠬᠡᠷᠡᠭᠳᠡᠢ᠃       ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠳᠤᠮᠳᠠ᠂  ᠵᠠᠰᠠᠭ ᠤᠨ ᠤᠷᠳᠤᠨ ᠤ ᠤᠯᠠᠨ ᠨᠡᠶᠢᠳᠡ ᠶᠢᠨ ᠬᠠᠮᠢᠶᠠᠷᠤᠯᠳᠠ ᠶᠢᠨ ᠬᠢᠨᠠᠨ ᠵᠦᠪᠰᠢᠶᠡᠷᠡᠬᠦ ᠤᠴᠢᠷ ᠤᠳ ᠬᠤᠯᠪᠤᠭᠳᠠᠪᠠᠯ  ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ  ᠵᠦᠪᠰᠢᠶᠡᠷᠡᠬᠦᠯᠬᠦ ᠬᠡᠷᠡᠭᠳᠡᠢ᠃      ᠶᠢᠰᠦᠳᠦᠭᠡᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠶᠢᠨ ᠬᠢᠨᠠᠨ ᠵᠦᠪᠰᠢᠶᠡᠷᠡᠬᠦ ᠪᠠᠶᠢᠭᠤᠯᠤᠮᠵᠢ ᠠᠴᠠ ᠰᠢᠯᠵᠢᠬᠦᠯᠦᠨ ᠦᠭᠬᠦ ᠡᠲᠡᠭᠡᠳ ᠠᠴᠠ ᠳᠡᠪᠰᠢᠭᠦᠯᠦᠭᠰᠡᠨ  ᠪᠢᠴᠢᠭᠯᠡᠭᠰᠡᠨ ᠭᠤᠶᠤᠴᠢᠯᠠᠯ ᠤᠨ ᠮᠠᠲ᠋ᠤᠷᠢᠶᠠᠯ ᠢ ᠭᠠᠷᠳᠠᠭᠰᠠᠨ ᠡᠳᠦᠷ ᠠᠴᠠ ᠡᠬᠢᠯᠡᠵᠦ ᠬᠤᠷᠢᠨ ᠠᠵᠢᠯᠯᠠᠬᠤ ᠡᠳᠦᠷ ᠤᠨ  ᠲᠤᠳᠤᠷ᠎ᠠ ᠲᠣᠭᠲᠠᠭᠠᠯ ᠭᠠᠷᠭᠠᠬᠤ ᠬᠡᠷᠡᠭᠳᠡᠢ᠃ ᠨᠦᠬᠦᠴᠡᠯ ᠳᠤ ᠨᠡᠶᠢᠴᠡᠭᠰᠡᠨ ᠪᠣᠯ᠂ ᠰᠢᠯᠵᠢᠬᠦᠯᠦᠨ ᠦᠭᠬᠦ ᠶᠢ  ᠵᠥᠪᠰᠢᠶᠡᠷᠡᠭᠰᠡᠨ ᠪᠢᠴᠢᠭᠯᠡᠭᠰᠡᠨ ᠴᠣᠬᠤᠯᠠᠪᠤᠷᠢ ᠭᠠᠷᠭᠠᠵᠤ ᠦᠭᠬᠦ ᠬᠡᠷᠡᠭᠳᠡᠢ︔ ᠨᠦᠬᠦᠴᠡᠯ ᠳᠤ ᠨᠡᠶᠢᠴᠡᠭᠰᠡᠨ ᠦᠭᠡᠢ  ᠪᠣᠯ᠂ ᠰᠢᠯᠵᠢᠬᠦᠯᠦᠨ ᠦᠭᠬᠦ ᠡᠲᠡᠭᠡᠳ ᠲᠤ ᠪᠢᠴᠢᠭ ᠢᠶᠠᠷ ᠰᠢᠯᠳᠠᠭᠠᠨ ᠢ ᠨᠢ ᠲᠤᠳᠤᠷᠬᠠᠶᠢᠯᠠᠵᠤ ᠦᠭᠬᠦ ᠬᠡᠷᠡᠭᠳᠡᠢ᠃       ᠠᠷᠪᠠᠳᠤᠭᠠᠷ ᠵᠦᠢᠯ   ᠤᠯᠤᠰ ᠤᠨ ᠲᠤᠭᠳᠠᠭᠠᠯ ᠶᠣᠰᠣᠭᠠᠷ ᠰᠢᠭᠤᠳ ᠵᠥᠪᠳᠡᠯᠴᠡᠭᠡᠷ ᠢᠶᠠᠷ ᠰᠢᠯᠵᠢᠬᠦᠯᠦᠨ  ᠥᠭᠬᠦ ᠠᠴᠠ ᠪᠤᠰᠤᠳ᠂ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ  ᠦᠭᠬᠦ ᠳᠤ ᠬᠠᠤᠯᠢ ᠶᠤᠰᠤᠭᠠᠷ ᠪᠠᠶᠢᠭᠤᠯᠤᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋  ᠬᠦᠷᠦᠩᠭᠡ ᠶᠢᠨ ᠦᠮᠴᠢᠯᠡᠬᠦ ᠡᠷᠭᠡ ᠶᠢᠨ ᠠᠷᠠᠯᠵᠢᠶᠠᠯᠠᠬᠤ ᠬᠢᠷᠢ ᠬᠡᠮ ᠲᠠᠢ ᠦᠮᠴᠢᠯᠡᠬᠦ ᠡᠷᠭᠡ ᠠᠷᠠᠯᠵᠢᠶᠠᠯᠠᠬᠤ  ᠪᠠᠶᠢᠭᠤᠯᠤᠮᠵᠢ ᠳᠤ ᠢᠯᠡ ᠪᠠᠷ ᠶᠠᠪᠤᠭᠳᠠᠭᠤᠯᠬᠤ ᠬᠡᠷᠡᠭᠳᠡᠢ᠃       ᠰᠢᠯᠵᠢᠬᠦᠯᠦᠨ ᠦᠭᠬᠦ ᠡᠲᠡᠭᠡᠳ ᠠᠴᠠ ᠬᠤᠯᠪᠤᠭᠳᠠᠯ ᠪᠦᠬᠦᠢ ᠮᠡᠳᠡᠭᠡ ᠵᠠᠩᠬᠢ ᠶᠢ ᠦᠨᠡᠨ ᠪᠤᠳᠠᠳᠠᠢ ᠪᠠᠷ  ᠨᠡᠶᠢᠳᠡᠯᠡᠵᠤ᠂ ᠬᠦᠯᠢᠶᠡᠨ ᠠᠪᠬᠤ ᠡᠲᠡᠭᠡᠳ ᠢ ᠡᠯᠰᠡᠬᠦ ᠬᠡᠷᠡᠭᠳᠡᠢ︔ ᠡᠯᠰᠡᠭᠳᠡᠭᠰᠡᠨ ᠬᠦᠯᠢᠶᠡᠨ ᠠᠪᠬᠤ ᠡᠲᠡᠭᠡᠳ ᠨᠢ  ᠬᠤᠶᠠᠷ ᠠᠴᠠ ᠲᠡᠭᠡᠭᠰᠢ ᠪᠠᠶᠢᠪᠠᠯ᠂ ᠰᠢᠯᠵᠢᠬᠦᠯᠦᠨ ᠦᠭᠬᠦ ᠶᠢ ᠰᠦᠯᠵᠢᠶᠡᠨ ᠲᠡᠭᠡᠷ᠎ᠡ ᠦᠨ᠎ᠡ ᠦᠷᠢᠰᠦᠯᠳᠦᠬᠦ᠂ ᠦᠨ᠎ᠡ  ᠬᠠᠶᠠᠯᠴᠠᠨ ᠬᠤᠳᠠᠯᠳᠤᠬᠤ᠂ ᠲᠠᠭᠠᠭᠠᠴᠢᠯᠠᠯᠳᠠ ᠵᠠᠷᠯᠠᠬᠤ ᠲᠠᠭᠠᠭᠠᠴᠢᠯᠠᠯᠳᠠ ᠬᠦᠯᠢᠶᠡᠬᠦ ᠵᠡᠷᠭᠡ ᠢᠯᠡ ᠪᠠᠷ ᠦᠨ᠎ᠡ  ᠦᠷᠢᠰᠦᠯᠳᠦᠬᠦ ᠠᠷᠭ᠎ᠠ ᠮᠠᠶ᠋ᠢᠭ ᠢ ᠠᠪᠬᠤ ᠬᠡᠷᠡᠭᠳᠡᠢ᠃      ᠲᠠᠯᠠᠪᠠᠢ ᠶᠢᠨ ᠭᠠᠳᠠᠨ᠎ᠠ ᠰᠢᠯᠵᠢᠬᠦᠯᠦᠨ ᠦᠭᠬᠦ ᠪᠤᠶᠤ ᠨᠢᠭᠤᠴᠠ ᠪᠠᠷ ᠰᠢᠯᠵᠢᠬᠦᠯᠦᠨ ᠦᠭᠬᠦ ᠶᠢ ᠴᠠᠭᠠᠵᠠᠯᠠᠬᠤ  ᠬᠡᠷᠡᠭᠲᠡᠢ᠃     ᠠᠷᠪᠠᠨ ᠨᠢᠭᠡᠳᠦᠭᠡᠷ ᠵᠦᠢᠯ   ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠭᠤᠳ ᠵᠥᠪᠳᠡᠯᠴᠡᠭᠡᠷ ᠢᠶᠠᠷ  ᠰᠢᠯᠵᠢᠬᠦᠯᠦᠨ ᠦᠭᠴᠤ ᠪᠤᠯᠤᠨ᠎ᠠ᠄    ︵ᠨᠢᠭᠡ︶ ᠤᠯᠤᠰ ᠠᠷᠠᠳ ᠤᠨ ᠠᠵᠤ ᠠᠬᠤᠢ ᠶᠢᠨ ᠵᠠᠩᠬᠢᠯᠠᠭ᠎ᠠ ᠶᠢᠨ ᠠᠵᠢᠯ ᠲᠦᠷᠦᠯ᠂ ᠬᠦᠷᠢᠶ᠎ᠡ  ᠬᠡᠪᠴᠢᠶᠡᠨ ᠤ ᠲᠤᠳᠤᠷ᠎ᠠ ᠬᠦᠯᠢᠶᠡᠨ ᠠᠪᠬᠤ ᠡᠲᠡᠭᠡᠳ ᠠᠴᠠ ᠣᠨᠴᠤᠭᠠᠢ ᠱᠠᠭᠠᠷᠳᠠᠯᠭ᠎ᠠ ᠲᠠᠢ᠃       ︵ᠬᠤᠶᠠᠷ︶ ᠤᠯᠤᠰ ᠠᠴᠠ ᠵᠣᠭᠤᠰ ᠭᠠᠷᠭᠠᠭᠰᠠᠨ ᠠᠵᠤ ᠠᠬᠤᠶᠢᠯᠠᠯ ᠤᠨ ᠲᠤᠳᠤᠭᠠᠳᠤ ᠶᠢᠨ ᠡᠳ᠋  ᠬᠦᠷᠦᠩᠭᠡ ᠶᠢ ᠲᠠᠬᠢᠨ ᠪᠠᠶᠢᠭᠤᠯᠬᠤ ᠶᠢᠨ ᠲᠤᠮᠳᠠ᠂ ᠰᠢᠯᠵᠢᠬᠦᠯᠦᠨ ᠦᠭᠬᠦ ᠡᠲᠡᠭᠡᠳ ᠪᠠ ᠬᠦᠯᠢᠶᠡᠨ ᠠᠪᠬᠤ ᠡᠲᠡᠭᠡᠳ  ᠴᠦᠮ ᠤᠯᠤᠰ ᠤᠨ ᠲᠤᠰᠠᠭᠠᠷ ᠪᠡᠯᠡ ᠣᠷᠣᠭᠤᠯᠤᠯᠲᠠ ᠶᠢᠨ ᠺᠤᠮᠫᠠᠨᠢ ᠪᠤᠶᠤ ᠤᠯᠤᠰ ᠤᠨ ᠦᠮᠴᠢᠯᠡᠯᠳᠤ  ᠬᠦᠷᠦᠩᠭᠡ ᠶᠢᠨ ᠬᠤᠪᠢ ᠡᠵᠡᠮᠳᠡᠭᠰᠡᠨ ᠺᠤᠮᠫᠠᠨᠢ ᠪᠤᠯᠬᠤ᠃       ᠠᠷᠪᠠᠨ ᠬᠤᠶᠠᠳᠤᠭᠠᠷ ᠵᠦᠢᠯ   ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠮᠴᠢᠯᠡᠬᠦ ᠡᠷᠭᠡ  ᠠᠷᠠᠯᠵᠢᠶᠠᠯᠠᠬᠤ ᠪᠠᠶᠢᠭᠤᠯᠤᠮᠵᠢ ᠳᠤ ᠣᠷᠣᠵᠤ ᠠᠷᠠᠯᠵᠢᠶᠠᠯᠠᠬᠤ ᠬᠡᠷᠡᠭᠳᠡᠢ᠄      ︵ᠨᠢᠭᠡ︶ ᠤᠯᠤᠰ ᠤᠨ ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠪᠦᠬᠦᠯᠢ  ᠴᠣᠭᠴᠠ ᠪᠤᠶᠤ ᠬᠡᠰᠡᠭ ᠦᠮᠴᠢᠯᠡᠬᠦ ᠡᠷᠭᠡ ᠪᠠᠨ ᠰᠢᠯᠵᠢᠬᠦᠯᠦᠨ ᠦᠭᠬᠦ᠃      ︵ᠬᠤᠶᠠᠷ︶ ᠤᠯᠤᠰ ᠤᠨ ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠺᠤᠮᠫᠠᠨᠢ᠂ ᠤᠯᠤᠰ ᠤᠨ  ᠦᠮᠴᠢᠯᠠᠯᠳᠤ ᠬᠤᠪᠢ ᠤᠷᠤᠭᠤᠯᠤᠯᠳᠠ ᠶᠢ ᠡᠷᠬᠡᠰᠢᠶᠡᠬᠦ ᠺᠤᠮᠫᠠᠨᠢ᠂ ᠤᠯᠤᠰ ᠤᠨ ᠦᠮᠴᠢᠯᠠᠯᠳᠤ ᠬᠦᠷᠦᠩᠭᠡ ᠶᠢᠨ  ᠬᠤᠪᠢ ᠤᠷᠤᠭᠤᠯᠬᠤ ᠺᠤᠮᠫᠠᠨᠢ ᠶᠢᠨ ᠤᠯᠤᠰ ᠤᠨ ᠦᠮᠴᠢᠯᠡᠯᠳᠤ ᠰᠲ᠋ᠣᠺ ᠤᠨ ᠡᠷᠭᠡ ᠶᠢ ᠰᠢᠯᠵᠢᠬᠦᠯᠦᠨ ᠦᠭᠬᠦ᠃      ︵ᠭᠤᠷᠪᠠ︶ ᠤᠯᠤᠰ ᠤᠨ ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠠᠵᠤ ᠠᠬᠤᠶᠢᠯᠠᠯ᠂  ᠤᠯᠤᠰ ᠤᠨ ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠺᠤᠮᠫᠠᠨᠢ ᠵᠢᠴᠢ ᠤᠯᠤᠰ ᠤᠨ ᠦᠮᠴᠢᠯᠡᠯᠳᠤ ᠬᠤᠪᠢ  ᠤᠷᠤᠭᠤᠯᠤᠯᠳᠠ ᠶᠢ ᠡᠷᠭᠡᠰᠢᠶᠡᠷᠡᠬᠦ ᠺᠤᠮᠫᠠᠨᠢ ᠨᠤᠭᠤᠳ ᠲᠠᠯᠠᠪᠠᠢ ᠳᠤ ᠤᠷᠤᠵᠤ ᠠᠷᠠᠯᠵᠢᠶᠠᠯᠠᠬᠤ ᠦᠨ᠎ᠡ ᠦᠷᠳᠡᠭ ᠲᠠᠢ  ᠪᠤᠳᠠᠳᠤ ᠪᠤᠳᠠᠰ ᠤᠨ ᠡᠳ᠋ ᠬᠦᠷᠦᠩᠭᠡ ᠶᠢ ᠰᠢᠯᠵᠢᠬᠦᠯᠦᠨ ᠦᠭᠬᠦ᠃       ︵ᠲᠦᠷᠪᠡ︶ ᠤᠯᠤᠰ ᠤᠨ ᠦᠮᠴᠢᠯᠡᠯᠳᠤ ᠲᠤᠰᠠᠭᠠᠷ ᠪᠡᠯᠡ ᠣᠷᠣᠭᠤᠯᠤᠯᠲᠠ ᠶᠢᠨ ᠠᠵᠤ ᠠᠬᠤᠶᠢᠯᠠᠯ᠂  ᠤᠯᠤᠰ ᠤᠨ ᠦᠮᠴᠢᠯᠡᠯᠳᠤ ᠲᠤᠰᠠᠭᠠᠷ ᠬᠤᠪᠢ ᠣᠷᠣᠭᠤᠯᠤᠯᠲᠠ ᠶᠢᠨ ᠺᠤᠮᠫᠠᠨᠢ ᠵᠢᠴᠢ ᠤᠯᠤᠰ ᠤᠨ ᠦᠮᠴᠢᠯᠡᠯᠳᠤ  ᠬᠤᠪᠢ ᠤᠷᠤᠭᠤᠯᠤᠯᠳᠠ ᠶᠢ ᠡᠷᠬᠡᠰᠢᠶᠡᠬᠦ ᠺᠤᠮᠫᠠᠨᠢ ᠶᠢᠨ ᠠᠪᠴᠠᠭᠠᠨ ᠤ ᠡᠷᠬᠡ᠂ ᠮᠡᠳᠡᠯᠭᠡ ᠶᠢᠨ ᠥᠮᠴᠢᠯᠡᠬᠦ ᠡᠷᠭᠡ᠂  ᠡᠵᠡᠩᠨᠡᠯᠳᠡ ᠶᠢᠨ ᠴᠢᠨᠠᠷᠳᠠᠢ ᠭᠠᠵᠠᠷ ᠰᠢᠷᠤᠢ ᠬᠡᠷᠡᠭᠯᠡᠬᠦ ᠡᠷᠭᠡ᠂ ᠠᠭᠤᠷᠬᠠᠢ ᠶᠢᠨ ᠦᠢᠯᠡᠰ ᠤᠨ ᠡᠷᠭᠡ ᠵᠡᠷᠭᠡ ᠴᠢᠬᠤᠯᠠ  ᠡᠷᠭᠡ ᠠᠰᠢᠭ ᠤᠨ ᠴᠢᠨᠠᠷᠳᠠᠢ ᠡᠳ᠋ ᠬᠦᠷᠦᠩᠭᠡ ᠶᠢ ᠰᠢᠯᠵᠢᠬᠦᠯᠦᠨ ᠦᠭᠬᠦ᠃       ︵ᠲᠠᠪᠤ︶ ᠤᠯᠤᠰ ᠤᠨ ᠦᠮᠴᠢᠯᠡᠯᠳᠤ ᠲᠤᠰᠠᠭᠠᠷ ᠪᠡᠯᠡ ᠤᠷᠤᠭᠤᠯᠤᠯᠳᠠ ᠶᠢᠨ ᠠᠵᠤ ᠠᠬᠤᠶᠢᠯᠠᠯ᠂  ᠤᠯᠤᠰ ᠤᠨ ᠦᠮᠴᠢᠯᠡᠯᠳᠤ ᠲᠤᠰᠠᠭᠠᠷ ᠪᠡᠯᠡ ᠤᠷᠤᠭᠤᠯᠤᠯᠳᠠ ᠶᠢᠨ ᠺᠤᠮᠫᠠᠨᠢ ᠵᠢᠴᠢ ᠤᠯᠤᠰ ᠤᠨ ᠦᠮᠴᠢᠯᠡᠯᠳᠤ ᠬᠤᠪᠢ  ᠤᠷᠤᠭᠤᠯᠤᠯᠳᠠ ᠶᠢ ᠡᠷᠭᠡᠰᠢᠶᠡᠬᠦ ᠺᠤᠮᠫᠠᠨᠢ ᠶᠢᠨ ᠡᠳ᠋ ᠬᠦᠷᠦᠩᠭᠡ ᠪᠠᠨ ᠭᠠᠳᠠᠭᠰᠢ ᠲᠦᠷᠢᠶᠡᠰᠦᠯᠡᠵᠤ ᠵᠢᠬᠡᠯᠡᠬᠦᠯᠬᠦ᠂  ᠲᠠᠭᠠᠭᠠᠴᠢᠯᠠᠨ ᠡᠵᠡᠩᠨᠡᠬᠦ ᠡᠷᠭᠡ ᠵᠡᠷᠭᠡ ᠡᠳ᠋ ᠬᠦᠷᠦᠩᠭᠡ ᠶᠢᠨ ᠬᠡᠷᠡᠭᠯᠡᠭᠡᠨ ᠤ ᠡᠷᠭᠡ ᠶᠢ ᠦᠨ᠎ᠡ ᠲᠦᠯᠦᠪᠦᠷᠢ ᠲᠠᠢ ᠪᠠᠷ  ᠰᠢᠯᠵᠢᠬᠦᠯᠦᠨ ᠦᠭᠬᠦ᠃      ︵ᠵᠢᠷᠭᠤᠭ᠎ᠠ︶ ᠤᠯᠤᠰ ᠤᠨ ᠦᠮᠴᠢᠯᠡᠯᠳᠤ ᠲᠤᠰᠠᠭᠠᠷ ᠪᠡᠯᠡ ᠤᠷᠤᠭᠤᠯᠤᠯᠳᠠ ᠶᠢᠨ ᠠᠵᠤ ᠠᠬᠤᠶᠢᠯᠠᠯ᠂  ᠤᠯᠤᠰ ᠤᠨ ᠦᠮᠴᠢᠯᠡᠯᠳᠤ ᠲᠤᠰᠠᠭᠠᠷ ᠪᠡᠯᠡ ᠤᠷᠤᠭᠤᠯᠤᠯᠳᠠ ᠶᠢᠨ ᠺᠤᠮᠫᠠᠨᠢ ᠵᠢᠴᠢ ᠤᠯᠤᠰ ᠤᠨ ᠦᠮᠴᠢᠯᠡᠯᠳᠤ ᠬᠤᠪᠢ  ᠤᠷᠤᠭᠤᠯᠤᠯᠳᠠ ᠶᠢ ᠡᠷᠭᠡᠰᠢᠶᠡᠬᠦ ᠺᠤᠮᠫᠠᠨᠢ ᠶᠢᠨ ᠲᠠᠮᠫᠤᠷᠠᠯ ᠪᠠ ᠵᠠᠷᠭᠤ ᠳᠤ ᠬᠤᠯᠪᠤᠭᠳᠠᠭᠰᠠᠨ ᠡᠳ᠋ ᠬᠦᠷᠦᠩᠭᠡ ᠶᠢ  ᠰᠢᠯᠵᠢᠬᠦᠯᠦᠨ ᠦᠭᠬᠦ᠃       ︵ᠲᠤᠯᠤᠭ᠎ᠠ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠠᠵᠤ  ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ᠃       ᠠᠷᠪᠠᠨ ᠭᠤᠷᠪᠠᠳᠤᠭᠠᠷ ᠵᠦᠢᠯ  ᠬᠢᠯᠢ ᠶᠢᠨ ᠭᠠᠳᠠᠨᠠᠬᠢ ᠪᠡᠯᠡ ᠤᠷᠤᠭᠤᠯᠤᠭᠴᠢ ᠳᠤ ᠠᠵᠤ ᠠᠬᠤᠶᠢᠯᠠᠯ ᠤᠨ  ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠥᠭᠬᠦ ᠳᠤ᠂ ᠤᠯᠤᠰ ᠪᠠ ᠦᠪᠡᠷᠳᠡᠭᠡᠨ ᠵᠠᠰᠠᠬᠤ  ᠤᠷᠤᠨ ᠤ ᠬᠤᠯᠪᠤᠭᠳᠠᠯ ᠪᠦᠬᠦᠢ ᠭᠠᠳᠠᠭᠠᠳᠤ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠲᠤᠭᠳᠠᠭᠠᠯ ᠪᠠ  ᠠᠵᠤ ᠦᠢᠯᠡᠰ ᠤᠨ ᠵᠢᠯᠤᠭᠤᠳᠤᠮᠵᠢ ᠶᠢᠨ ᠭᠠᠷᠴᠠᠭ ᠲᠤ ᠨᠡᠶᠢᠴᠡᠬᠦ ᠶᠤᠰᠤᠳᠠᠢ᠂ ᠤᠯᠤᠰ ᠤᠨ ᠠᠮᠤᠷ ᠲᠦᠪᠰᠢᠨ ᠪᠠ  ᠨᠡᠶᠢᠭᠡᠮ ᠤᠨ ᠤᠯᠠᠨ ᠨᠡᠶᠢᠳᠡ ᠶᠢᠨ ᠡᠷᠭᠡ ᠠᠰᠢᠭ ᠲᠤ ᠬᠠᠯᠳᠠᠵᠤ ᠪᠤᠯᠬᠤ ᠦᠭᠡᠢ᠃      ᠠᠷᠪᠠᠨ ᠲᠦᠷᠪᠡᠳᠦᠭᠡᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ  ᠰᠢᠯᠵᠢᠬᠦᠯᠦᠨ ᠦᠭᠬᠦ ᠳᠤ ᠬᠠᠤᠯᠢ ᠶᠤᠰᠤᠭᠠᠷ ᠦᠨᠡᠯᠡᠨ ᠵᠢᠱᠢᠭᠰᠡᠨ᠂ ᠵᠣᠭᠤᠰ ᠭᠠᠷᠭᠠᠭᠴᠢ ᠶᠢᠨ ᠡᠭᠦᠷᠭᠡ  ᠬᠠᠷᠢᠭᠤᠴᠠᠯᠭ᠎ᠠ ᠬᠦᠢᠴᠡᠳᠭᠡᠬᠦ ᠪᠠᠶᠢᠭᠤᠯᠤᠮᠵᠢ ᠶᠢᠨ ᠦᠨᠡᠮᠰᠢᠯ ᠢ ᠲᠠᠮᠵᠢᠬᠤ ᠪᠤᠶᠤ ᠵᠣᠭᠤᠰ ᠭᠠᠷᠭᠠᠭᠴᠢ ᠶᠢᠨ ᠡᠬᠦᠷᠭᠡ  ᠬᠠᠷᠢᠭᠤᠴᠠᠯᠭ᠎ᠠ ᠬᠦᠢᠴᠡᠳᠭᠡᠬᠦ ᠪᠠᠶᠢᠭᠤᠯᠤᠮᠵᠢ ᠠᠴᠠ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ  ᠮᠡᠳᠡᠬᠦᠯᠦᠨ ᠬᠢᠨᠠᠨ ᠬᠠᠷᠭᠤᠭᠤᠯᠤᠭᠰᠠᠨ ᠦᠨ᠎ᠡ ᠬᠠᠩᠰᠢ ᠪᠠᠷ ᠦᠨᠳᠦᠰᠦᠯᠡᠯ ᠪᠤᠯᠭᠠᠵᠤ᠂ ᠬᠠᠮᠤᠭ ᠲᠤᠤᠷ᠎ᠠ  ᠰᠢᠯᠵᠢᠬᠦᠯᠦᠨ ᠦᠭᠬᠦ ᠦᠨ᠎ᠡ ᠬᠠᠩᠰᠢ ᠶᠢ ᠵᠦᠢ ᠵᠣᠬᠢᠰᠲᠠᠢ ᠲᠤᠭᠳᠠᠭᠠᠬᠤ ᠬᠡᠷᠡᠭᠳᠡᠢ᠃      ᠠᠷᠪᠠᠨ ᠲᠠᠪᠤᠳᠤᠭᠠᠷ ᠵᠦᠢᠯ    ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ  ᠰᠢᠯᠵᠢᠬᠦᠯᠦᠨ ᠦᠭᠬᠦ ᠠᠩᠬᠠᠨ ᠤ ᠢᠯᠡ ᠡᠯᠭᠦᠬᠦ ᠦᠨ᠎ᠡ ᠬᠠᠩᠰᠢ ᠨᠢ ᠬᠢᠨᠡᠨ ᠬᠠᠷᠭᠤᠭᠤᠯᠤᠭᠰᠠᠨ ᠪᠤᠶᠤ  ᠳᠠᠩᠰᠠᠯᠠᠭᠤᠯᠤᠭᠰᠠᠨ ᠬᠦᠷᠦᠩᠭᠡ ᠶᠢᠨ ᠦᠨᠡᠯᠡᠨ ᠵᠢᠱᠢᠭᠰᠡᠨ ᠦᠷ᠎ᠡ ᠳ᠋ᠦᠩ ᠠᠴᠠ ᠲᠤᠤᠷ᠎ᠠ ᠪᠠᠶᠢᠵᠤ ᠪᠤᠯᠬᠤ ᠦᠭᠡᠢ︔  ᠢᠯᠡ ᠪᠠᠷ ᠡᠯᠰᠡᠭᠡᠳ ᠬᠦᠯᠢᠶᠡᠨ ᠠᠪᠬᠤ ᠡᠲᠡᠭᠡᠳ ᠭᠠᠷᠤᠭᠰᠠᠨ ᠦᠭᠡᠢ ᠪᠣᠯ ᠰᠢᠯᠵᠢᠭᠦᠯᠦᠨ ᠥᠭᠬᠦ ᠡᠲᠡᠭᠡᠳ ᠠᠴᠠ  ᠢᠯᠡᠳᠬᠡᠯᠲᠡ ᠶᠢᠨ ᠪᠠᠶᠢᠳᠠᠯ ᠢ ᠦᠨᠳᠦᠰᠦᠯᠡᠨ ᠰᠢᠨ᠎ᠡ ᠢᠯᠡ ᠡᠯᠭᠦᠬᠦ ᠦᠨ᠎ᠡ ᠬᠠᠩᠰᠢ ᠶᠢ ᠲᠣᠭᠲᠠᠭᠠᠬᠤ ᠶᠢᠨ ᠬᠠᠮᠲᠤ  ᠳᠠᠬᠢᠨ ᠰᠢᠨ᠎ᠡ ᠪᠠᠷ ᠵᠠᠷᠯᠠᠬᠤ ᠬᠡᠷᠡᠭᠲᠡᠢ︔ ᠬᠡᠷᠪᠡ ᠲᠦᠰᠦᠭᠡᠯᠡᠨ ᠲᠤᠭᠳᠠᠭᠰᠠᠨ ᠰᠢᠨ᠎ᠡ ᠢᠯᠡ ᠡᠯᠭᠦᠬᠦ ᠦᠨ᠎ᠡ  ᠬᠠᠩᠰᠢ ᠨᠢ ᠬᠦᠷᠦᠩᠭᠡ ᠶᠢᠨ ᠦᠨᠡᠯᠡᠨ ᠵᠢᠱᠢᠭᠰᠡᠨ ᠦᠷ᠎ᠡ ᠳ᠋ᠦᠩ ᠤᠨ ᠵᠠᠭᠤᠨ ᠤ ᠶᠡᠷᠡ ᠠᠴᠠ ᠲᠤᠤᠷ᠎ᠠ ᠪᠤᠯᠪᠠᠯ᠂  ᠬᠠᠮᠢᠶ᠎ᠠ ᠪᠦᠬᠦᠢ ᠡᠳ᠋ ᠬᠦᠷᠦᠩᠭᠡ ᠶᠢ ᠰᠢᠯᠵᠢᠬᠦᠯᠦᠨ ᠦᠭᠬᠦ ᠶᠢᠨ ᠬᠢᠨᠠᠨ ᠵᠦᠪᠰᠢᠶᠡᠷᠡᠬᠦ ᠪᠠᠶᠢᠭᠤᠯᠤᠮᠵᠢ ᠠᠴᠠ  ᠪᠢᠴᠢᠭᠯᠡᠭᠰᠡᠨ ᠵᠦᠪᠰᠢᠶᠡᠷᠡᠯ ᠢ ᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ   ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠪᠠᠷ ᠳᠠᠮᠵᠢᠨ ᠠᠵᠤ  ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠳᠤ᠂ ᠳᠣᠣᠷᠠᠬᠢ ᠳᠡᠰ  ᠲᠠᠷᠠᠭᠠᠯᠠᠯ ᠢᠶᠠᠷ ᠬᠢᠬᠦ ᠬᠡᠷᠡᠭᠲᠡᠢ᠄     ︵ᠨᠢᠭᠡ︶ ᠰᠢᠯᠵᠢᠬᠦᠯᠦᠨ ᠦᠭᠬᠦ ᠡᠲᠡᠭᠡᠳ ᠠᠴᠠ ᠭᠤᠶᠤᠴᠢᠯᠠᠯ ᠲᠡᠪᠰᠢᠬᠦᠯᠵᠤ᠂ ᠦᠮᠴᠢᠯᠡᠬᠦ ᠡᠷᠭᠡ  ᠠᠷᠠᠯᠵᠢᠶᠠᠯᠠᠬᠤ ᠪᠠᠶᠢᠭᠤᠯᠤᠮᠵᠢ ᠠᠴᠠ ᠭᠤᠶᠤᠴᠢᠯᠠᠭᠰᠠᠨ ᠮᠠᠲ᠋ᠤᠷᠢᠶᠠᠯ ᠢ ᠬᠢᠨᠠᠨ ᠬᠠᠷᠭᠤᠭᠤᠯᠬᠤ ᠶᠢᠨ ᠬᠠᠮᠳᠤ ᠬᠦᠯᠢᠶᠡᠨ  ᠠᠪᠴᠤ ᠰᠢᠢᠳᠪᠦᠷᠢᠯᠡᠬᠦ ᠬᠡᠷᠡᠭᠳᠡᠢ᠃      ︵ᠬᠤᠶᠠᠷ︶ ᠰᠢᠯᠵᠢᠬᠦᠯᠦᠨ ᠦᠭᠬᠦ ᠡᠲᠡᠭᠡᠳ ᠠᠴᠠ ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠳᠤ  ᠨᠠᠶᠢᠳᠠᠵᠤ ᠰᠦᠯᠵᠢᠶ᠎ᠡ ᠪᠠ ᠰᠤᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠲᠠᠮᠵᠢᠨ ᠠᠵᠤ ᠠᠬᠤᠶᠢᠯᠠᠯ ᠤᠨ  ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠮᠡᠳᠡᠭᠡ ᠵᠠᠩᠬᠢ ᠪᠠᠨ ᠨᠡᠶᠢᠭᠡᠮ ᠳᠤ ᠢᠯᠡ ᠪᠠᠷ  ᠨᠡᠶᠢᠳᠡᠯᠡᠵᠤ᠂ ᠬᠦᠯᠢᠶᠡᠨ ᠠᠪᠬᠤ ᠡᠲᠡᠭᠡᠳ ᠢ ᠡᠯᠰᠡᠬᠦ ᠬᠡᠷᠡᠭᠳᠡᠢ᠃       ︵ᠭᠤᠷᠪᠠ︶ ᠬᠦᠯᠢᠶᠡᠨ ᠠᠪᠬᠤ ᠡᠲᠡᠭᠡᠳ ᠠᠴᠠ ᠬᠦᠯᠢᠶᠠᠨ ᠠᠪᠬᠤ ᠭᠤᠶᠤᠴᠢᠯᠠᠯ ᠲᠡᠪᠰᠢᠬᠦᠯᠵᠤ᠂  ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠠᠴᠠ ᠭᠤᠶᠤᠴᠢᠯᠠᠭᠰᠠᠨ ᠮᠠᠲ᠋ᠤᠷᠢᠶᠠᠯ ᠢ ᠬᠢᠨᠠᠨ ᠬᠠᠷᠭᠤᠭᠤᠯᠵᠤ᠂  ᠨᠦᠬᠦᠴᠡᠯ ᠳᠤ ᠨᠡᠶᠢᠴᠡᠭᠰᠡᠨ ᠪᠤᠯ᠂ ᠬᠦᠯᠢᠶᠡᠨ ᠠᠪᠬᠤ ᠪᠠᠷ ᠳᠠᠩᠰᠠᠯᠠᠭᠤᠯᠬᠤ ᠬᠡᠷᠡᠭᠳᠡᠢ᠃      ︵ᠲᠦᠷᠪᠡ︶ ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠨᠢ ᠬᠦᠯᠢᠶᠠᠨ ᠠᠪᠬᠤ ᠡᠲᠡᠭᠡᠳ ᠤᠨ  ᠳᠠᠩᠰᠠᠯᠠᠭᠤᠯᠤᠭᠰᠠᠨ ᠪᠠᠶᠢᠳᠠᠯ ᠢ ᠦᠨᠳᠦᠰᠦᠯᠡᠨ ᠢᠯᠡ ᠪᠠᠷ ᠦᠨ᠎ᠡ ᠬᠠᠶᠠᠯᠴᠠᠨ ᠠᠷᠠᠯᠵᠢᠶᠠᠯᠠᠬᠤ ᠠᠵᠢᠯᠯᠠᠭ᠎ᠠ ᠶᠢ  ᠵᠤᠬᠢᠶᠠᠨ ᠪᠠᠶᠢᠭᠤᠯᠬᠤ ᠶᠢᠨ ᠬᠠᠮᠳᠤ᠂ ᠠᠷᠠᠯᠵᠢᠶᠠᠯᠠᠬᠤ ᠬᠤᠶᠠᠷ ᠡᠲᠡᠭᠡᠳ ᠠᠴᠠ ᠰᠢᠯᠵᠢᠬᠦᠯᠦᠨ ᠦᠭᠬᠦ ᠬᠡᠷ᠎ᠡ  ᠲᠤᠭᠳᠠᠬᠤ ᠶᠢ ᠵᠤᠬᠢᠶᠠᠨ ᠪᠠᠶᠢᠭᠤᠯᠬᠤ ᠬᠡᠷᠡᠭᠳᠡᠢ᠃       ︵ᠲᠠᠪᠤ︶ ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠨᠢ ᠲᠤᠰᠠᠭᠠᠷ ᠳ᠋ᠦᠩᠨᠠᠨ ᠪᠤᠳᠤᠬᠤ ᠲᠠᠩᠰᠠ  ᠡᠷᠦᠭᠡ ᠪᠠᠶᠢᠭᠤᠯᠵᠤ᠂ ᠠᠷᠠᠯᠵᠢᠶᠠᠯᠠᠭᠰᠠᠨ ᠪᠡᠯᠡ ᠮᠦᠩᠬᠦ ᠳᠤ ᠨᠢᠭᠡᠳᠦᠯᠳᠡᠢ ᠳ᠋ᠦᠩᠨᠠᠨ ᠪᠤᠳᠤᠬᠤ ᠶᠢ ᠬᠡᠷᠡᠭᠵᠢᠬᠦᠯᠬᠦ  ᠬᠡᠷᠡᠭᠳᠡᠢ᠃      ︵ᠵᠢᠷᠭᠤᠭ᠎ᠠ︶ ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠠᠴᠠ ᠠᠷᠠᠯᠵᠢᠶᠠᠯᠠᠬᠤ ᠬᠤᠶᠠᠷ  ᠡᠲᠡᠭᠡᠳ ᠲᠤ ᠠᠷᠠᠯᠵᠢᠶᠠᠯᠠᠭᠰᠠᠨ ᠪᠠᠷᠢᠮᠳᠠ ᠭᠠᠷᠭᠠᠵᠤ ᠦᠭᠬᠦ ᠬᠡᠷᠡᠭᠳᠡᠢ᠃       ᠠᠷᠪᠠᠨ ᠲᠤᠯᠤᠳᠤᠭᠠᠷ ᠵᠦᠢᠯ  ᠰᠢᠯᠵᠢᠬᠦᠯᠦᠨ ᠦᠭᠬᠦ ᠡᠲᠡᠭᠡᠳ᠂ ᠬᠦᠯᠢᠶᠠᠨ ᠠᠪᠬᠤ ᠡᠲᠡᠭᠡᠳ ᠨᠢ  ᠠᠷᠠᠯᠵᠢᠶᠠᠯᠠᠬᠤ ᠪᠠᠷᠢᠮᠳᠠ ᠪᠠᠷ ᠢᠶᠠᠨ ᠬᠤᠯᠪᠤᠭᠳᠠᠯ ᠪᠦᠬᠦᠢ ᠡᠷᠭᠡ ᠶᠢᠨ ᠬᠠᠷᠢᠴᠠᠭ᠎ᠠ ᠳᠠᠬᠢ ᠬᠤᠪᠢᠷᠠᠯᠳᠠ ᠶᠢᠨ  ᠲᠠᠩᠰᠠᠯᠠᠯ ᠬᠢᠬᠦ ᠬᠡᠷᠡᠭᠳᠡᠢ᠃     ᠠᠷᠪᠠᠨ ᠨᠠᠢᠮᠠᠳᠤᠭᠠᠷ ᠵᠦᠢᠯ   ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ  ᠰᠢᠯᠵᠢᠬᠦᠯᠦᠨ ᠦᠭᠬᠦ ᠠᠵᠢᠯᠯᠠᠭ᠎ᠠ ᠬᠢᠵᠤ ᠪᠠᠶᠢᠭ᠎ᠠ ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠨᠢ ᠳᠣᠣᠷᠠᠬᠢ  ᠡᠬᠦᠷᠭᠡ ᠶᠢ ᠭᠦᠢᠴᠡᠳᠭᠡᠬᠦ ᠬᠡᠷᠡᠭᠲᠡᠢ᠄      ︵ᠨᠢᠭᠡ︶ ᠦᠮᠴᠢᠯᠡᠬᠦ ᠡᠷᠭᠡ ᠶᠢ ᠰᠢᠯᠵᠢᠬᠦᠯᠦᠨ ᠦᠭᠬᠦ ᠳᠤ ᠲᠠᠯᠠᠪᠠᠢ᠂ ᠪᠡᠯᠡᠳᠭᠡᠮᠵᠢ ᠪᠠ ᠮᠡᠳᠡᠭᠡ ᠵᠠᠩᠬᠢ  ᠨᠡᠶᠢᠳᠡᠯᠡᠬᠦ᠂ ᠯᠠᠪᠯᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠳᠡᠢ᠃       ︵ᠬᠤᠶᠠᠷ︶ ᠦᠮᠴᠢᠯᠡᠬᠦ ᠡᠷᠭᠡ ᠶᠢ ᠰᠢᠯᠵᠢᠬᠦᠯᠦᠨ ᠦᠭᠬᠦ ᠡᠯ᠎ᠡ ᠡᠲᠡᠭᠡᠳ ᠠᠴᠠ ᠬᠠᠩᠭᠠᠭᠰᠠᠨ ᠪᠢᠴᠢᠭ  ᠮᠠᠲ᠋ᠤᠷᠢᠶᠠᠯ ᠤᠨ ᠦᠨᠡᠨ ᠪᠤᠳᠠᠳᠤ ᠴᠢᠨᠠᠷ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠡᠷᠡᠭᠳᠡᠢ᠃      ︵ᠭᠤᠷᠪᠠ︶ ᠦᠮᠴᠢᠯᠡᠬᠦ ᠡᠷᠭᠡ ᠶᠢ ᠰᠢᠯᠵᠢᠬᠦᠯᠦᠨ ᠦᠭᠬᠦ ᠬᠡᠷ᠎ᠡ ᠪᠠᠨ ᠬᠢᠨᠠᠨ ᠬᠠᠷᠭᠤᠭᠤᠯᠬᠤ ᠶᠢᠨ ᠬᠠᠮᠳᠤ᠂  ᠦᠮᠴᠢᠯᠡᠬᠦ ᠡᠷᠭᠡ ᠠᠷᠠᠯᠵᠢᠶᠠᠯᠠᠬᠤ ᠪᠠᠷᠢᠮᠳᠠ ᠭᠠᠷᠭᠠᠵᠤ ᠦᠭᠬᠦ ᠬᠡᠷᠡᠭᠳᠡᠢ᠃       ︵ᠲᠦᠷᠪᠡ︶ ᠤᠯᠤᠰ ᠤᠨ ᠦᠮᠴᠢᠯᠡᠯᠳᠤ ᠶᠢᠨ ᠦᠮᠴᠢᠯᠡᠬᠦ ᠡᠷᠭᠡ ᠠᠷᠠᠯᠵᠢᠶᠠᠯᠠᠬᠤ ᠲᠦᠷᠢᠮ ᠢ ᠦᠨᠳᠦᠰᠦᠯᠡᠨ  ᠤᠯᠤᠰ ᠤᠨ ᠦᠮᠴᠢᠯᠡᠯᠳᠤ ᠶᠢᠨ ᠦᠮᠴᠢᠯᠡᠬᠦ ᠡᠷᠭᠡ ᠠᠷᠠᠯᠵᠢᠶᠠᠯᠠᠬᠤ ᠨᠠᠷᠢᠨ ᠲᠦᠷᠢᠮ ᠢ ᠲᠤᠭᠳᠠᠭᠠᠬᠤ ᠬᠡᠷᠡᠭᠳᠡᠢ᠃       ︵ᠲᠠᠪᠤ︶ ᠰᠢᠯᠵᠢᠬᠦᠯᠦᠨ ᠦᠭᠬᠦ ᠡᠲᠡᠭᠡᠳ᠂ ᠬᠦᠯᠢᠶᠠᠨ ᠠᠪᠬᠤ ᠡᠲᠡᠭᠡᠳ ᠨᠢ ᠠᠰᠢᠭ ᠲᠤᠰᠠ ᠶᠢᠨ  ᠬᠠᠷᠢᠴᠠᠭ᠎ᠠ ᠲᠠᠢ ᠪᠤᠯ ᠵᠠᠶᠢᠯᠠᠰᠬᠢᠬᠤ ᠬᠡᠷᠡᠭᠳᠡᠢ᠃       ︵ᠵᠢᠷᠭᠤᠭ᠎ᠠ︶ ᠰᠢᠯᠵᠢᠬᠦᠯᠦᠨ ᠦᠭᠬᠦ ᠠᠵᠢᠯᠯᠠᠭ᠎ᠠ ᠵᠢᠴᠢ ᠲᠤᠬᠠᠶᠢᠳᠠᠢ ᠬᠦᠮᠦᠨ ᠤ ᠬᠤᠳᠠᠯᠳᠤᠭᠠᠨ ᠤ  ᠨᠢᠭᠤᠴᠠ ᠶᠢ ᠬᠠᠮᠠᠭᠠᠯᠠᠬᠤ ᠬᠡᠷᠡᠭᠳᠡᠢ᠃      ︵ᠲᠤᠯᠤᠭ᠎ᠠ︶ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠳᠤ  ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠶᠢᠨ ᠦᠮᠴᠢᠯᠡᠬᠦ ᠡᠷᠭᠡ ᠶᠢ ᠰᠢᠯᠵᠢᠬᠦᠯᠦᠨ ᠦᠭᠬᠦᠭᠰᠡᠨ  ᠪᠠᠶᠢᠳᠠᠯ ᠢᠶᠠᠨ ᠮᠡᠳᠡᠬᠦᠯᠬᠦ ᠬᠡᠷᠡᠭᠳᠡᠢ᠃      ︵ᠨᠠᠢᠮᠠ︶ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠤᠨ ᠪᠤᠰᠤᠳ ᠡᠬᠦᠷᠭᠡ᠃       ᠠᠷᠪᠠ ᠶᠢᠰᠦᠳᠦᠭᠡᠷ ᠵᠦᠢᠯ  ᠲᠤᠰ ᠠᠷᠭ᠎ᠠ ᠶᠢᠨ ᠲᠤᠭᠳᠠᠭᠠᠯ ᠶᠤᠰᠤᠭᠠᠷ ᠦᠮᠴᠢᠯᠡᠬᠦ ᠡᠷᠭᠡ ᠠᠷᠠᠯᠵᠢᠶᠠᠯᠠᠬᠤ  ᠪᠠᠶᠢᠭᠤᠯᠤᠮᠵᠢ ᠪᠠᠷ ᠲᠠᠮᠵᠢᠨ ᠰᠢᠯᠵᠢᠬᠦᠯᠦᠨ ᠦᠭᠬᠦᠭᠰᠡᠨ ᠦᠭᠡᠢ ᠪᠤᠯ᠂ ᠤᠯᠤᠰ ᠤᠨ ᠦᠮᠴᠢᠯᠡᠯᠳᠤ ᠡᠳ᠋  ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ᠂ ᠤᠯᠤᠰ ᠤᠨ ᠭᠠᠵᠠᠷ ᠰᠢᠷᠦᠢ ᠡᠬᠢ ᠪᠠᠶᠠᠯᠢᠭ᠂ ᠤᠷᠤᠨ  ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ  ᠮᠦᠴᠢᠷ ᠠᠴᠠ ᠵᠤᠬᠢᠬᠤ ᠡᠷᠭᠡ ᠶᠢᠨ ᠬᠠᠷᠢᠶ᠎ᠠ ᠶᠢ ᠨᠢ ᠬᠤᠪᠢᠷᠠᠭᠤᠯᠬᠤ ᠲᠠᠩᠰᠠᠯᠠᠯ ᠢ ᠬᠦᠢᠴᠡᠳᠭᠡᠵᠤ ᠪᠤᠯᠬᠤ ᠦᠭᠡᠢ᠃       ᠬᠤᠷᠢᠳᠤᠭᠠᠷ ᠵᠦᠢᠯ   ᠰᠢᠯᠵᠢᠬᠦᠯᠦᠨ ᠦᠭᠬᠦ ᠡᠲᠡᠭᠡᠳ᠂ ᠬᠦᠯᠢᠶᠠᠨ ᠠᠪᠬᠤ ᠡᠲᠡᠭᠡᠳ ᠵᠢᠴᠢ ᠰᠢᠯᠵᠢᠬᠦᠯᠦᠨ  ᠦᠭᠬᠦ ᠵᠤᠷᠢᠯᠭ᠎ᠠ ᠲᠠᠢ ᠠᠵᠤ ᠠᠬᠤᠶᠢᠯᠠᠯ ᠤᠳ ᠲᠤᠰ ᠠᠷᠭ᠎ᠠ ᠶᠢᠨ ᠲᠤᠭᠳᠠᠭᠠᠯ ᠠᠴᠠ ᠵᠦᠷᠢᠴᠡᠭᠰᠡᠨ᠂ ᠲᠤᠤᠷᠠᠬᠢ  ᠦᠢᠯᠡ ᠠᠵᠢᠯᠯᠠᠭ᠎ᠠ ᠲᠠᠢ ᠪᠤᠯ᠂ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠠᠨ ᠬᠠᠮᠢᠶᠠᠷᠬᠤ ᠪᠠᠶᠢᠭᠤᠯᠤᠮᠵᠢ  ᠪᠤᠶᠤ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠬᠠᠮᠢᠶ᠎ᠠ ᠪᠦᠬᠦᠢ  ᠬᠢᠨᠠᠨ ᠵᠦᠪᠰᠢᠶᠠᠷᠡᠬᠦ ᠪᠠᠶᠢᠭᠤᠯᠤᠮᠵᠢ ᠠᠴᠠ ᠰᠢᠯᠵᠢᠬᠦᠯᠦᠨ ᠦᠭᠬᠦ ᠡᠲᠡᠭᠡᠳ ᠢ ᠵᠠᠷᠯᠢᠭᠳᠠᠵᠦ ᠪᠠᠶᠢᠭᠠᠳ ᠡᠳ᠋ ᠬᠦᠷᠦᠩᠭᠡ  ᠰᠢᠯᠵᠢᠬᠦᠯᠦᠨ ᠦᠭᠬᠦ ᠠᠵᠢᠯᠯᠠᠭ᠎ᠠ ᠶᠢ ᠨᠢ ᠵᠤᠭᠰᠤᠭᠠᠬᠤ ᠬᠡᠷᠡᠭᠳᠡᠢ︔ ᠰᠢᠭᠤᠳ ᠬᠠᠷᠢᠭᠤᠴᠠᠯᠭ᠎ᠠ ᠡᠬᠦᠷᠭᠡᠯᠡᠵᠤ ᠪᠠᠶᠢᠭ᠎ᠠ  ᠭᠤᠤᠯ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠳᠠᠨ ᠳᠤ᠂ ᠬᠠᠤᠯᠢ ᠶᠤᠰᠤᠭᠠᠷ ᠰᠢᠢᠳᠭᠡᠯ ᠦᠭᠬᠦᠨ᠎ᠡ︔ ᠤᠯᠤᠰ ᠤᠨ ᠦᠮᠴᠢᠯᠡᠯᠳᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠤᠯ᠂ ᠲᠦᠯᠦᠪᠦᠷᠢ ᠶᠢᠨ  ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠬᠦᠦ ᠶᠢᠨ  ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠄       ︵ᠨᠢᠭᠡ︶ ᠲᠠᠯᠠᠪᠠᠢ ᠶᠢᠨ ᠭᠠᠳᠠᠨ᠎ᠠ ᠰᠢᠯᠵᠢᠬᠦᠯᠦᠨ ᠦᠭᠬᠦᠭᠰᠡᠨ ᠪᠤᠶᠤ ᠨᠢᠭᠤᠴᠠ ᠪᠠᠷ ᠰᠢᠯᠵᠢᠬᠦᠯᠦᠨ  ᠦᠭᠬᠦᠭᠰᠡᠨ᠃       ︵ᠬᠤᠶᠠᠷ︶ ᠰᠢᠯᠵᠢᠬᠦᠯᠦᠨ ᠦᠭᠬᠦ ᠡᠲᠡᠭᠡᠳ᠂ ᠰᠢᠯᠵᠢᠬᠦᠯᠦᠨ ᠦᠭᠬᠦ ᠵᠤᠷᠢᠯᠭ᠎ᠠ ᠲᠠᠢ ᠠᠵᠤ ᠠᠬᠤᠶᠢᠯᠠᠯ ᠤᠳ  ᠲᠤᠳᠤᠭᠠᠳᠤ ᠳᠠᠬᠢ ᠰᠢᠢᠳᠪᠦᠷᠢᠳᠤ ᠪᠤᠳᠤᠯᠭ᠎ᠠ ᠶᠢᠨ ᠲᠡᠰ ᠲᠠᠷᠠᠭᠠᠯᠠᠯ᠂ ᠬᠢᠨᠠᠨ ᠵᠦᠪᠰᠢᠶᠡᠷᠡᠬᠦ ᠲᠡᠰ ᠲᠠᠷᠠᠭᠠᠯᠠᠯ ᠢᠶᠠᠷ  ᠬᠦᠢᠴᠡᠳᠭᠡᠬᠦ ᠦᠭᠡᠢ ᠪᠤᠶᠤ ᠡᠷᠭᠡ ᠮᠡᠳᠡᠯ ᠤᠨ ᠬᠡᠪᠴᠢᠶ᠎ᠡ ᠠᠴᠠ ᠬᠡᠳᠦᠷᠡᠬᠦᠯᠦᠨ ᠠᠵᠤ ᠠᠬᠤᠶᠢᠯᠠᠯ ᠤᠨ ᠤᠯᠤᠰ ᠤᠨ  ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦᠭᠰᠡᠨ᠃       ︵ᠭᠤᠷᠪᠠ︶ ᠰᠢᠯᠵᠢᠬᠦᠯᠦᠨ ᠦᠭᠬᠦ ᠡᠲᠡᠭᠡᠳ ᠨᠢ ᠲᠤᠭᠳᠠᠭᠠᠯ ᠶᠤᠰᠤᠭᠠᠷ ᠠᠵᠢᠯᠳᠠᠨ ᠠᠵᠢᠯᠴᠢᠨ ᠢᠶᠠᠨ  ᠳᠣᠬᠢᠲᠠᠢ ᠲᠦᠪᠬᠢᠨᠠᠬᠦᠯᠦᠭᠰᠡᠨ ᠦᠭᠡᠢ᠂ ᠠᠵᠢᠯᠳᠠᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠲᠤ  ᠬᠠᠯᠳᠠᠭᠰᠠᠨ᠃        ︵ᠲᠦᠷᠪᠡ︶ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠲᠣᠭᠲᠠᠭᠠᠭᠰᠠᠨ  ᠪᠤᠰᠤᠳ ᠴᠠᠭᠠᠵᠠᠯᠠᠬᠤ ᠴᠢᠨᠠᠷᠳᠠᠢ ᠠᠵᠢᠯᠯᠠᠭ᠎ᠠ᠃           ᠬᠤᠷᠢᠨ ᠨᠢᠭᠡᠳᠦᠭᠡᠷ ᠵᠦᠢᠯ  ᠦᠮᠴᠢᠯᠡᠬᠦ ᠡᠷᠭᠡ ᠠᠷᠠᠯᠵᠢᠶᠠᠯᠠᠬᠤ ᠪᠠᠶᠢᠭᠤᠯᠤᠮᠵᠢ ᠨᠢ ᠠᠵᠤ ᠠᠬᠤᠶᠢᠯᠠᠯ ᠤᠨ  ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ ᠲᠤᠮᠳᠠ ᠬᠤᠳᠠᠯ ᠬᠠᠭᠤᠷᠮᠠᠭ ᠬᠢᠵᠦ᠂  ᠭᠤᠶᠠᠴᠢᠯᠠᠨ ᠬᠠᠤᠯᠢ ᠶᠤᠰᠤ ᠶᠢ ᠵᠦᠷᠢᠴᠡᠵᠤ᠂ ᠤᠯᠤᠰ ᠤᠨ ᠠᠰᠢᠭ ᠲᠤᠰᠠ ᠪᠤᠶᠤ ᠡᠳ᠋ ᠬᠦᠷᠦᠩᠭᠡ ᠶᠢ  ᠰᠢᠯᠵᠢᠬᠦᠯᠦᠨ ᠦᠭᠬᠦ ᠡᠯ᠎ᠡ ᠡᠲᠡᠭᠡᠳ ᠤᠨ ᠬᠠᠤᠯᠢ ᠶᠤᠰᠤᠨ ᠤ ᠡᠷᠭᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠣᠯ᠂ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠵᠠᠷᠯᠢᠭᠳᠠᠨ  ᠵᠠᠯᠠᠷᠠᠭᠤᠯᠬᠤ ᠬᠡᠷᠡᠭᠳᠡᠢ︔ ᠰᠢᠭᠤᠳ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ  ᠬᠡᠷᠡᠭᠲᠡᠢ︔ ᠶᠡᠯ᠎ᠡ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠬᠦ  ᠬᠡᠷᠡᠭᠳᠡᠢ᠃       ᠬᠤᠷᠢᠨ ᠬᠤᠶᠠᠳᠤᠭᠠᠷ ᠵᠦᠢᠯ    ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠢᠨᠠᠯᠳᠠ  ᠬᠠᠮᠢᠶᠠᠷᠤᠯᠳᠠ ᠶᠢᠨ ᠪᠠᠶᠢᠭᠤᠯᠤᠮᠵᠢ ᠪᠤᠶᠤ ᠵᠣᠭᠤᠰ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠬᠦᠢᠴᠡᠳᠭᠡᠬᠦ  ᠪᠠᠶᠢᠭᠤᠯᠤᠮᠵᠢ ᠵᠢᠴᠢ ᠠᠵᠢᠯᠳᠠᠨ ᠲᠤᠰ ᠠᠷᠭ᠎ᠠ ᠶᠢᠨ ᠲᠤᠭᠳᠠᠭᠠᠯ ᠠᠴᠠ ᠵᠦᠷᠢᠴᠡᠵᠤ᠂ ᠳᠣᠣᠷᠠᠬᠢ ᠠᠵᠢᠯᠯᠠᠭ᠎ᠠ ᠶᠢᠨ  ᠨᠢᠭᠡ ᠨᠢ ᠪᠠᠶᠢᠪᠠᠯ᠂ ᠭᠤᠤᠯ ᠬᠠᠷᠢᠭᠤᠴᠠᠯᠭᠠᠳᠠᠨ ᠪᠠ ᠰᠢᠭᠤᠳ ᠬᠠᠷᠢᠭᠤᠴᠠᠯᠭᠠᠳᠠᠨ ᠳᠤ ᠬᠠᠤᠯᠢ ᠶᠤᠰᠤᠭᠠᠷ ᠵᠠᠰᠠᠭ  ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠤᠯ᠂ ᠬᠠᠤᠯᠢ ᠶᠤᠰᠤᠭᠠᠷ ᠡᠷᠡᠬᠦᠦ ᠶᠢᠨ  ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠄     ︵ᠨᠢᠭᠡ︶ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠰᠢᠯᠵᠢᠬᠦᠯᠦᠨ ᠦᠭᠬᠦ  ᠤᠴᠢᠷ ᠤᠳ ᠢ ᠲᠤᠷ᠎ᠠ ᠪᠠᠷ ᠢᠶᠠᠨ ᠬᠢᠨᠠᠨ ᠵᠦᠪᠰᠢᠶᠡᠷᠡᠵᠤ᠂ ᠡᠷᠭᠡ ᠠᠴᠠ ᠪᠠᠨ ᠲᠠᠪᠠᠵᠤ ᠬᠢᠨᠠᠨ ᠵᠦᠪᠰᠢᠶᠡᠷᠡᠬᠦ ᠪᠤᠶᠤ  ᠲᠤᠭᠳᠠᠭᠠᠯ ᠠᠴᠠ ᠵᠦᠷᠢᠴᠠᠨ ᠬᠦᠢᠴᠡᠳᠭᠡᠬᠦ᠃      ︵ᠬᠤᠶᠠᠷ︶ ᠬᠡᠭᠡᠯᠢ ᠬᠠᠭ᠋ᠤᠤᠯᠢ ᠠᠪᠬᠤ᠃       ︵ᠭᠤᠷᠪᠠ︶ ᠬᠠᠤᠯᠢ ᠪᠠᠷ ᠲᠣᠭᠲᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠃ ᠡᠬᠦᠷᠭᠡ  ᠬᠠᠷᠢᠭᠤᠴᠠᠯᠭ᠎ᠠ ᠪᠠᠨ ᠲᠤᠷ᠎ᠠ ᠪᠠᠷ ᠢᠶᠠᠨ ᠬᠡᠷᠡᠭᠯᠡᠬᠦ᠂ ᠭᠤᠶᠠᠴᠢᠯᠠᠨ ᠬᠠᠤᠯᠢ ᠶᠤᠰᠤ ᠶᠢ ᠵᠦᠷᠢᠴᠡᠬᠦ᠂ ᠠᠯᠪᠠᠨ  ᠲᠤᠰᠢᠶᠠᠯ ᠳᠤ ᠠᠯᠮᠠᠶᠢᠷᠠᠨ ᠤᠰᠤᠯᠳᠠᠬᠤ ᠪᠤᠰᠤᠳ ᠦᠢᠯᠡ ᠠᠵᠢᠯᠯᠠᠭ᠎ᠠ᠃      ᠬᠤᠷᠢᠨ ᠭᠤᠷᠪᠠᠳᠤᠭᠠᠷ ᠵᠦᠢᠯ   ᠲᠤᠰ ᠠᠷᠭ᠎ᠠ ᠶᠢ 2015 ᠤᠨ ᠤ 1 ᠳ᠋ᠤᠭᠡᠷ ᠰᠠᠷ᠎ᠠ ᠶᠢᠨ 1 ᠤ  ᠡᠳᠦᠷ ᠠᠴᠠ ᠡᠬᠢᠯᠡᠨ ᠬᠡᠷᠡᠭᠵᠢᠬᠦᠯᠦᠨ᠎ᠡ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ  ᠵᠠᠰᠠᠭ ᠤᠨ ᠤᠷᠳᠤᠨ ᠤ 2003 ᠤᠨ ᠤ 3 ᠳ᠋ᠤᠭᠠᠷ ᠰᠠᠷ᠎ᠠ ᠶᠢᠨ 28 ᠤ ᠡᠳᠦᠷ ᠨᠡᠶᠢᠳᠡᠯᠡᠭᠰᠡᠨ ︽ᠦᠪᠦᠷ  ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠳᠤ ᠡᠳ᠋  ᠬᠦᠷᠦᠩᠭᠡ ᠶᠢᠨ ᠦᠮᠴᠢᠯᠡᠬᠦ ᠡᠷᠭᠡ ᠠᠷᠠᠯᠵᠢᠶᠠᠯᠠᠬᠤ ᠬᠠᠮᠢᠶᠠᠷᠤᠯᠳᠠ ᠶᠢᠨ ᠠᠷᠭ᠎ᠠ︾ ︵ᠦᠪᠡᠷᠳᠡᠭᠡᠨ ᠵᠠᠰᠠᠬᠤ  ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 126 ᠳ᠋ᠤᠭᠠᠷ ᠲᠤᠭᠠᠳᠤ︶ ᠶᠢ ᠬᠠᠮᠳᠤ ᠳᠤᠨᠢ ᠬᠦᠴᠦᠨ  ᠦᠭᠡᠢ ᠪᠤᠯᠭᠠᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2