2017  ᠤᠨ ᠎ ᠤ  ᠡᠳ᠋ ᠎ ᠤᠨ  ᠵᠠᠰᠠᠭ ᠎ ᠤᠨ  ᠲᠦᠰᠤᠪ ᠎ ᠢ  ᠭᠡᠷᠡᠭᠵᠢᠭᠦᠯᠦᠭᠰᠡᠨ  ᠪᠠᠶᠢᠳᠠᠯ  ᠪᠠ  2018 ᠤᠨ ᠤ ᠡᠳ᠋ ᠤᠨ ᠵᠠᠰᠠᠭ ᠤᠨ ᠲᠦᠰᠤᠪ ︵ᠡᠭᠡ ᠲᠦᠰᠤᠯ︶᠎ ᠤᠨ ᠲᠤᠬᠠᠢ ᠮᠡᠳᠡᠭᠦᠯᠤᠯᠳᠠ ︵ᠭᠤᠷᠪᠠ︶
ᠨᠡᠶᠢᠲᠡᠯᠡᠭᠰᠡᠨ ᠴᠠᠭ᠄
2018/3/12
     ᠭᠤᠷᠪᠠ᠂ 2018 ᠤᠨ ᠤ ᠡᠳ᠋ ᠤᠨ ᠵᠠᠰᠠᠭ ᠤᠨ ᠲᠦᠰᠤᠪ ᠤᠨ ᠡᠭᠡ ᠲᠦᠰᠤᠯ      2018 ᠤᠨ ᠤ ᠪᠦᠭᠦ ᠬᠤᠰᠢᠭᠤᠨ ᠤ ᠲᠦᠰᠤᠪ ᠢ ᠨᠠᠶᠢᠷᠠᠭᠤᠯᠤᠨ ᠵᠤᠭᠢᠶᠠᠬᠤ ᠪᠠ ᠡᠳ᠋ ᠤᠨ ᠵᠠᠰᠠᠭ ᠤᠨ ᠠᠵᠢᠯ ᠤᠨ ᠵᠢᠯᠤᠭᠤᠳᠬᠤ ᠦᠵᠠᠯ ᠰᠠᠨᠠᠭ᠎ᠠ ᠪᠤᠯ᠄ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠦᠷᠭᠦᠯᠵᠢᠯᠠᠨ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠭᠦᠯᠤᠨ᠂ ᠠᠷᠠᠳ ᠎ ᠤᠨ ᠠᠮᠢᠳᠤᠷᠠᠯ ᠢ ᠦᠨᠠᠨ ᠭᠦ ᠪᠠᠳᠤᠯᠠᠨ ᠰᠠᠶᠢᠵᠢᠷᠠᠭᠤᠯᠤᠨ᠎ᠠ︔ ᠠᠷᠪᠢᠯᠠᠨ ᠭᠠᠮᠨᠠᠬᠤ ᠶᠢ ᠪᠠᠷᠢᠮᠳᠠᠯᠠᠵᠦ᠂ ᠲᠦᠰᠤᠪ ᠢ ᠴᠢᠩᠭ᠎ᠠ ᠡᠷᠴᠢᠳᠠᠢ ᠨᠠᠶᠢᠷᠠᠭᠤᠯᠤᠨ ᠵᠤᠭᠢᠶᠠᠵᠦ᠂ ︽ᠠᠯᠪᠠᠨ ᠤ ᠭᠤᠷᠪᠠᠨ ᠵᠠᠷᠤᠳᠠᠯ︾᠎ ᠤᠨ ᠵᠠᠷᠤᠯᠭ᠎ᠠ ᠶᠢ ᠴᠢᠩᠭ᠎ᠠ ᠭᠢᠵᠠᠭᠠᠷᠯᠠᠨ᠎ᠠ︔ ᠬᠠᠤᠯᠢ ᠶᠤᠰᠤᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠳᠠᠯᠠᠵᠦ᠂ ᠡᠳ᠋ ᠎ ᠤᠨ ᠵᠰᠠᠭ ᠲᠤ ᠭᠢᠨᠠᠯᠳᠠ ᠲᠠᠯᠪᠢᠬᠤ ᠦᠷ᠎ᠠ ᠠᠰᠢᠭ ᠢ ᠲᠡᠭᠡᠭᠰᠢᠯᠡᠭᠦᠯᠤᠭᠡᠳ ᠠᠵᠦ ᠠᠬᠤᠢ ᠨᠡᠶᠢᠭᠡᠮ ᠤᠨ ᠦᠷᠭᠦᠯᠵᠢᠯᠠᠨ ᠡᠷᠡᠭᠦᠯ ᠢᠶᠠᠷ ᠭᠦᠭᠵᠢᠭᠦ ᠶᠢ ᠠᠭᠢᠭᠤᠯᠤᠨ᠎ᠠ᠃      ︵ᠨᠢᠭᠡ︶ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢ ᠲᠤᠭᠢᠷᠠᠭᠤᠯᠤᠭᠰᠠᠨ ᠪᠠᠶᠢᠳᠠᠯ      2018  ᠤᠨ ᠤ ᠪᠦᠭᠦ ᠬᠤᠰᠢᠭᠤᠨ ᠤ ᠡᠳ᠋ ᠤᠨ ᠵᠠᠰᠠᠭ ᠤᠨ ᠤᠷᠤᠯᠭ᠎ᠠ ᠶᠢ 55316 ᠲᠦᠮᠠᠨ ᠲᠦᠭᠦᠷᠢᠭ ᠢᠶᠠᠷ ᠲᠤᠭᠢᠷᠠᠭᠤᠯᠪᠠ᠃ ᠡᠭᠦᠨ ᠳᠤ᠄ ᠲᠡᠭᠡᠭᠰᠢ ᠲᠦᠪ ᠲᠤ 18941 ᠲᠦᠮᠠᠨ ᠲᠦᠭᠦᠷᠢᠭ ᠢ ᠰᠢᠯᠵᠢᠭᠦᠯᠤᠨ ᠦᠭᠴᠤ᠂ ᠲᠡᠭᠡᠭᠰᠢ ᠦᠪᠠᠷᠳᠡᠭᠡᠨ ᠵᠠᠰᠠᠬᠤ ᠤᠷᠤᠨ ᠳᠤ 5536 ᠲᠦᠭᠦᠷᠢᠭ ᠰᠢᠯᠵᠢᠭᠦᠯᠤᠨ ᠦᠭᠬᠦᠨ᠎ᠠ᠂ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠳᠤ 31000 ᠲᠦᠮᠠᠨ ᠲᠦᠭᠦᠷᠢᠭ ᠲᠤᠭᠢᠷᠠᠭᠤᠯᠤᠭᠰᠠᠨ ᠨᠢ 2017 ᠤᠨ ᠤ ᠪᠤᠳᠠᠳᠤ ᠤᠷᠤᠯᠭ᠎ᠠ ᠲᠠᠢ ᠬᠠᠷᠢᠴᠠᠭᠤᠯᠪᠠᠯ 3.8% ᠨᠡᠮᠡᠭᠳᠡᠪᠠ᠃ ᠡᠭᠦᠨ ᠢ ᠰᠠᠯᠠᠭ᠎ᠠ ᠮᠦᠴᠢᠷ ᠢᠶᠠᠷ ᠬᠤᠪᠢᠶᠠᠨ ᠦᠵᠠᠪᠠᠯ᠄ ᠤᠯᠤᠰ ᠤᠨ ᠭᠠᠶᠢᠯᠢ ᠶᠢᠨ ᠰᠠᠯᠠᠭ᠎ᠠ ᠮᠦᠴᠢᠷ 10993 ᠲᠦᠮᠠᠨ ᠲᠦᠭᠦᠷᠢᠭ ᠤᠨ ᠤᠷᠤᠯᠭ᠎ᠠ ᠶᠢ ᠵᠤᠭᠢᠶᠠᠨ ᠪᠠᠶᠢᠭᠤᠯᠵᠦ᠂ ᠤᠷᠤᠨ ᠨᠤᠳᠤᠭ ᠤᠨ ᠰᠠᠯᠠᠭ᠎ᠠ ᠮᠦᠴᠢᠷ 15613 ᠲᠦᠮᠠᠨ ᠲᠦᠭᠦᠷᠢᠭ ᠤᠨ ᠤᠷᠤᠯᠭ᠎ᠠ ᠶᠢ ᠵᠤᠭᠢᠶᠠᠨ ᠪᠠᠶᠢᠭᠤᠯᠤᠨ᠂ ᠡᠳ᠋ ᠤᠨ ᠵᠠᠰᠠᠭ ᠤᠨ ᠰᠠᠯᠠᠭ᠎ᠠ ᠮᠦᠴᠢᠷ 4394 ᠲᠦᠮᠠᠨ ᠲᠦᠭᠦᠷᠢᠭ ᠤᠨ ᠤᠷᠤᠯᠭ᠎ᠠ ᠶᠢ ᠵᠤᠭᠢᠶᠠᠨ ᠪᠠᠶᠢᠭᠤᠯᠤᠨ᠂ ᠡᠳ᠋ ᠎ ᠤᠨ ᠵᠠᠰᠠᠭ ᠤᠨ ᠰᠠᠯᠠᠭ᠎ᠠ ᠮᠦᠴᠢᠷ ᠤᠨ ᠭᠠᠶᠢᠯᠢ ᠪᠤᠰᠤ ᠤᠷᠤᠯᠭ᠎ᠠ ᠶᠢᠨ ᠬᠤᠪᠢ ᠶᠢᠨ ᠵᠢᠩ 14.17%᠎ ᠳᠤ ᠭᠦᠷᠪᠠ᠃ ᠡᠳ᠋ ᠤᠨ ᠵᠰᠠᠭ ᠤᠨ ᠡᠩ ᠤᠨ ᠤᠯᠠᠨ ᠲᠦᠮᠠᠨ ᠤ ᠲᠦᠰᠤᠪ ᠤᠨ ᠤᠷᠤᠯᠭ᠎ᠠ ᠶᠢᠨ ᠴᠢᠨᠠᠷ ᠴᠢᠨᠰᠠᠭ᠎ᠠ ᠡᠳᠤᠢ ᠲᠡᠳᠤᠢ ᠲᠡᠭᠡᠭᠰᠢᠯᠠᠪᠠ᠃      2018 ᠤᠨ ᠤ ᠪᠦᠭᠦ ᠬᠤᠰᠢᠭᠤᠨ ᠤ ᠲᠤᠰ ᠵᠢᠯ ᠤᠨ ᠪᠦᠭᠦᠳᠠ ᠪᠠᠯᠠ ᠮᠦᠩᠭᠦ 164264 ᠲᠦᠮᠠᠨ ᠲᠦᠭᠦᠷᠢᠭ᠂ ᠡᠭᠦᠨ ᠤ ᠭᠤᠤᠯ ᠢᠷᠠᠯᠳᠠ ᠨᠢ᠄ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ 31000 ᠲᠦᠮᠠᠨ ᠲᠦᠭᠦᠷᠢᠭ ︵ᠪᠤᠴᠠᠭᠠᠭᠰᠠᠨ ᠤᠷᠤᠯᠭ᠎ᠠ 4429 ᠲᠦᠮᠠᠨ ᠲᠦᠭᠦᠷᠢᠭ᠂ ᠡᠩ ᠤᠨ ᠰᠢᠯᠵᠢᠭᠦᠯᠤᠨ ᠦᠭᠭᠦᠭᠰᠡᠨ ᠨᠦᠭᠦᠪᠤᠷᠢ ᠶᠢᠨ ᠤᠷᠤᠯᠭ᠎ᠠ 81731 ᠲᠦᠮᠠᠨ ᠲᠦᠭᠦᠷᠢᠭ᠂ ᠲᠤᠰᠬᠠᠢ ᠵᠤᠶᠢᠯ ᠤᠨ ᠰᠢᠯᠵᠢᠭᠦᠯᠤᠨ ᠦᠭᠭᠦᠭᠰᠡᠨ ᠨᠦᠭᠦᠪᠤᠷᠢ ᠎ ᠶᠢᠨ ᠤᠷᠤᠯᠭ᠎ᠠ 12745 ᠲᠦᠮᠠᠨ ᠲᠦᠭᠦᠷᠢᠭ︶︔ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦ ᠶᠢᠨ ᠤᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ 15410 ᠲᠦᠮᠠᠨ ᠲᠦᠭᠦᠷᠢᠭ ᠢ ᠰᠢᠯᠵᠢᠭᠦᠯᠤᠨ ᠤᠷᠤᠭᠤᠯᠪᠠ︔ ᠲᠦᠷᠤᠭᠦᠦ ᠵᠢᠯ ᠤᠨ ᠦᠯᠠᠳᠠᠪᠤᠷᠢ 18949 ᠲᠦᠮᠠᠨ ᠲᠦᠭᠦᠷᠢᠭ ᠪᠤᠢ᠃      2018 ᠤᠨ ᠤ ᠪᠦᠭᠦ ᠬᠤᠰᠢᠭᠤᠨ ᠤ ᠤᠯᠠᠨ ᠨᠠᠶᠢᠳᠠ ᠶᠢᠨ ᠡᠳ᠋ ᠤᠨ ᠵᠠᠰᠠᠭ ᠤᠨ ᠤᠷᠤᠯᠭ᠎ᠠ ᠳᠤ 242464 ᠲᠦᠮᠠᠨ ᠲᠦᠭᠦᠷᠢᠭ ᠲᠤᠭᠢᠷᠠᠭᠤᠯᠤᠭᠰᠠᠨ ᠎ ᠨᠢ ᠲᠦᠷᠤᠭᠦᠦ ᠵᠢᠯ ᠠᠴᠠ 49112 ᠲᠦᠮᠠᠨ ᠲᠦᠭᠦᠷᠢᠭ ᠨᠡᠮᠡᠭᠳᠡᠵᠦ᠂ ᠲᠦᠷᠤᠭᠦᠦ ᠵᠢᠯ ᠤᠨ ᠠᠳᠠᠯᠢ ᠬᠤᠭᠤᠴᠠᠭᠠᠨ ᠠᠴᠠ 25.40% ᠨᠡᠮᠡᠭᠳᠡᠪᠠ︔ ᠭᠤᠤᠯ ᠪᠤᠯᠬᠤ ᠲᠦᠷᠤᠯ ᠵᠤᠶᠢᠯ ᠪᠤᠯ᠄ ᠡᠩ ᠤᠨ ᠤᠯᠠᠨ ᠨᠠᠶᠢᠳᠠ ᠶᠢᠨ ᠤᠶᠢᠯᠠᠴᠢᠯᠡᠭᠡᠨ ᠤ ᠵᠠᠷᠤᠯᠭ᠎ᠠ ᠳᠤ 16079 ᠲᠦᠮᠠᠨ ᠲᠦᠭᠦᠷᠢᠭ ᠲᠤᠭᠢᠷᠠᠭᠤᠯᠤᠭᠰᠠᠨ ᠨᠢ 30.55% ᠨᠡᠮᠡᠭᠳᠡᠭᠡᠳ ᠪᠦᠭᠦ ᠵᠠᠷᠤᠯᠭ᠎ᠠ ᠶᠢᠨ 6.63%᠎ ᠶᠢ ᠡᠵᠡᠯᠡᠪᠠ︔ ᠤᠯᠤᠰ ᠤᠨ ᠪᠠᠳᠤᠯᠠᠨ ᠬᠠᠮᠠᠭᠠᠯᠠᠯᠳᠠ ᠶᠢᠨ ᠵᠠᠷᠤᠯᠭ᠎ᠠ ᠳᠤ 873 ᠲᠦᠮᠠᠨ ᠲᠦᠭᠦᠷᠢᠭ ᠲᠤᠭᠢᠷᠠᠭᠤᠯᠤᠭᠰᠠᠨ ᠨᠢ ᠪᠦᠭᠦ ᠵᠠᠷᠤᠯᠭ᠎ᠠ ᠶᠢᠨ 0.36%᠎ ᠶᠢ ᠡᠵᠡᠯᠡᠪᠠ︔ ᠤᠯᠠᠨ ᠨᠠᠶᠢᠳᠠ ᠶᠢᠨ ᠠᠮᠤᠷ ᠲᠦᠪᠰᠢᠨ ᠳᠤ 6.029 ᠲᠦᠮᠠᠨ ᠲᠦᠭᠦᠷᠢᠭ ᠲᠤᠭᠢᠷᠠᠭᠤᠯᠤᠭᠰᠠᠨ ᠨᠢ 1.9%᠎ ᠢᠶᠠᠷ ᠪᠠᠭᠤᠷᠪᠠ᠃ ᠡᠨᠡ ᠨᠢ  ᠪᠦᠭᠦ ᠵᠠᠷᠤᠯᠭ᠎ᠠ ᠶᠢᠨ 2.94%᠎ ᠶᠢ ᠡᠵᠡᠯᠡᠪᠠ︔ ᠰᠤᠷᠭᠠᠨ ᠭᠦᠮᠤᠵᠢᠯ ᠤᠨ ᠵᠠᠷᠤᠯᠭ᠎ᠠ ᠳᠤ 33468 ᠲᠦᠮᠠᠨ ᠲᠦᠭᠦᠷᠢᠭ ᠲᠤᠭᠢᠷᠠᠭᠤᠯᠤᠭᠰᠠᠨ ᠨᠢ 0.99% ᠪᠠᠭᠤᠷᠠᠵᠦ᠂ ᠪᠦᠭᠦ ᠵᠠᠷᠤᠯᠭ᠎ᠠ 13.8% ᠨᠡᠮᠡᠭᠳᠡᠵᠦ᠂ ᠪᠦᠭᠦ ᠵᠠᠷᠤᠯᠭ᠎ᠠ ᠶᠢᠨ 13.8%᠎ ᠶᠢ ᠡᠵᠡᠯᠡᠪᠠ︔ ᠰᠤᠶᠤᠯ ᠪᠡᠶ᠎ᠡ ᠶᠢᠨ ᠲᠠᠮᠢᠷ ᠪᠤᠯᠤᠨ ᠵᠠᠭᠤᠴᠢᠯᠠᠭᠤᠷ ᠤᠨ ᠵᠠᠷᠤᠯᠭ᠎ᠠ ᠳᠤ 2845 ᠲᠦᠮᠠᠨ ᠲᠦᠭᠦᠷᠢᠭ ᠲᠤᠭᠢᠷᠠᠭᠤᠯᠤᠭᠰᠠᠨ ᠨᠢ 22.63% ᠨᠡᠮᠡᠭᠳᠡᠵᠦ ᠂ ᠪᠦᠭᠦ ᠵᠠᠷᠤᠯᠭ᠎ᠠ ᠶᠢᠨ 1.17%᠎ ᠶᠢ ᠡᠵᠡᠯᠡᠨ᠎ᠠ︔ ᠨᠡᠶᠢᠭᠡᠮ ᠤᠨ ᠪᠠᠳᠤᠯᠠᠭ᠎ᠠ ᠪᠠ ᠠᠵᠢᠯ ᠤᠯᠭᠤᠯᠳᠠ ᠶᠢᠨ ᠵᠠᠷᠤᠯᠭ᠎ᠠ ᠳᠤ 44395 ᠲᠦᠮᠠᠨ ᠲᠦᠭᠦᠷᠢᠭ ᠲᠤᠭᠢᠷᠠᠭᠤᠯᠤᠭᠰᠠᠨ ᠨᠢ 5.0% ᠨᠡᠮᠡᠭᠳᠡᠵᠦ᠂ ᠪᠦᠭᠦ ᠵᠠᠷᠤᠯᠭ᠎ᠠ ᠶᠢᠨ 18.31%᠎ ᠶᠢ ᠡᠵᠡᠯᠡᠨ᠎ᠠ︔ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠤᠪᠯᠡᠭᠡᠳᠦ ᠦᠷᠠᠵᠢᠯ ᠎ ᠤᠨ ᠵᠠᠷᠤᠯᠭ᠎ᠠ ᠳᠤ 16624 ᠲᠦᠮᠠᠨ ᠲᠦᠭᠦᠷᠢᠭ ᠲᠤᠭᠢᠷᠠᠭᠤᠯᠤᠭᠰᠠᠨ ᠨᠢ 8.77% ᠨᠡᠮᠡᠭᠳᠡᠵᠦ᠂ ᠪᠦᠭᠦ ᠵᠠᠷᠤᠯᠭ᠎ᠠ ᠶᠢᠨ 6.86%᠎ ᠶᠢ ᠡᠵᠡᠯᠠᠨ᠎ᠠ︔ ᠡᠨᠧᠷᠭᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠳᠤ 6863 ᠲᠦᠮᠠᠨ ᠲᠦᠭᠦᠷᠢᠭ ᠲᠤᠭᠢᠷᠠᠭᠤᠯᠤᠭᠰᠠᠨ ᠨᠢ ᠪᠦᠭᠦ ᠵᠠᠷᠤᠯᠭ᠎ᠠ ᠶᠢᠨ 2.83%᠎ ᠶᠢ ᠡᠵᠡᠯᠡᠨ᠎ᠠ︔ ᠬᠤᠳᠠ ᠭᠦᠳᠡᠭᠡ ᠶᠢᠨ ᠨᠡᠶᠢᠭᠡᠮ ᠲᠤᠭᠤᠷᠢᠭ ᠤᠨ ᠠᠵᠢᠯ ᠤᠨ ᠵᠠᠷᠤᠯᠭ᠎ᠠ ᠳᠤ 24669 ᠲᠦᠮᠠᠨ ᠲᠦᠭᠦᠷᠢᠭ ᠲᠤᠭᠢᠷᠠᠭᠤᠯᠤᠭᠰᠠᠨ ᠨᠢ ᠪᠦᠭᠦ ᠵᠠᠷᠯᠤᠭ᠎ᠠ ᠶᠢᠨ 10.17%᠎ ᠶᠢ ᠡᠵᠡᠯᠡᠨ᠎ᠠ︔ ᠲᠠᠷᠢᠶᠠᠯᠠᠩ ᠤᠢ ᠰᠢᠭᠤᠢ ᠤᠰᠤᠨ ᠠᠰᠢᠭᠯᠠᠯᠳᠠ ᠶᠢᠨ ᠠᠵᠢᠯ ᠤᠨ ᠵᠠᠷᠤᠯᠭ᠎ᠠ ᠳᠤ 32056 ᠲᠦᠮᠠᠨ ᠲᠦᠭᠦᠷᠢᠭ ᠲᠤᠭᠢᠷᠠᠭᠤᠯᠤᠭᠰᠠᠨ ᠎ ᠨᠢ 1.85% ᠨᠡᠮᠡᠭᠳᠡᠵᠦ᠂ ᠪᠦᠭᠦ ᠵᠠᠷᠤᠯᠭ᠎ᠠ ᠶᠢᠨ 13.22% ᠡᠵᠡᠯᠡᠨ᠎ᠠ︔ ᠵᠠᠮ ᠬᠠᠷᠢᠯᠴᠠᠭ᠎ᠠ ᠲᠡᠭᠡᠭᠡᠪᠤᠷᠢ ᠶᠢᠨ ᠵᠠᠷᠤᠯᠭ᠎ᠠ ᠳᠤ 7684 ᠲᠦᠮᠠᠨ ᠲᠦᠭᠦᠷᠢᠭ ᠲᠤᠭᠢᠷᠠᠭᠤᠯᠤᠭᠰᠠᠨ ᠨᠢ 232.35% ᠨᠡᠮᠡᠭᠳᠡᠵᠦ᠂ ᠪᠦᠭᠦ ᠵᠠᠷᠤᠯᠭ᠎ᠠ ᠶᠢᠨ 3.17%᠎ ᠶᠢ ᠡᠵᠡᠯᠡᠨ᠎ᠠ︔ ᠡᠭᠢ ᠪᠠᠶᠠᠯᠢᠭ ᠢ ᠬᠠᠶᠢᠨ ᠰᠢᠨᠵᠢᠭᠦ ᠴᠠᠭᠢᠯᠭᠠᠨ ᠭᠦᠴᠦ ᠮᠡᠳᠡᠭᠡ ᠵᠠᠩᠭᠢ ᠵᠡᠷᠭᠡ ᠠᠵᠢᠯ ᠤᠨ ᠵᠠᠷᠤᠯᠭ᠎ᠠ ᠳᠤ 14.54 ᠲᠦᠮᠠᠨ ᠲᠦᠭᠦᠷᠢᠭ ᠲᠤᠭᠢᠷᠠᠭᠤᠯᠤᠭᠰᠠᠨ ᠨᠢ 219.56% ᠨᠡᠮᠡᠭᠳᠡᠵᠦ᠂ ᠪᠦᠭᠦ ᠵᠠᠷᠤᠯᠭ᠎ᠠ ᠶᠢᠨ 0.60%᠎ ᠶᠢ ᠡᠵᠡᠯᠡᠨ᠎ᠠ︔ ᠤᠯᠤᠰ ᠤᠨ ᠭᠠᠵᠠᠷ ᠰᠢᠷᠤᠢ ᠴᠠᠭ ᠠᠭᠤᠷ ᠵᠡᠷᠭᠡ ᠠᠵᠢᠯ ᠤᠨ ᠵᠠᠷᠤᠯᠭ᠎ᠠ ᠳᠤ 1080 ᠲᠦᠮᠠᠨ ᠲᠦᠭᠦᠷᠢᠭ ᠲᠤᠭᠢᠷᠠᠭᠤᠯᠤᠭᠰᠠᠨ ᠨᠢ 23.99% ᠨᠡᠮᠡᠭᠳᠡᠵᠦ᠂ ᠪᠦᠭᠦ ᠵᠠᠷᠤᠯᠭ᠎ᠠ ᠶᠢᠨ 2.68%᠎ ᠶᠢ ᠡᠵᠡᠯᠡᠨ᠎ᠠ︔ ᠦᠷᠢ ᠰᠢᠷᠢ ᠶᠢᠨ ᠡᠭᠡ ᠪᠠᠯᠠ ᠭᠦᠤ ᠮᠦᠩᠭᠦ ᠶᠢ ᠪᠤᠴᠠᠭᠠᠬᠤ ᠵᠠᠷᠤᠯᠭ᠎ᠠ ᠳᠤ 22130 ᠲᠦᠮᠠᠨ ᠲᠦᠭᠦᠷᠢᠭ ᠲᠤᠭᠢᠷᠠᠭᠤᠯᠤᠭᠰᠠᠨ ᠨᠢ 21.15% ᠨᠡᠮᠡᠭᠳᠡᠵᠦ᠂ ᠪᠦᠭᠦ ᠵᠠᠷᠤᠯᠭ᠎ᠠ ᠶᠢᠨ 9.13%᠎ ᠶᠢ ᠡᠵᠡᠯᠡᠨ᠎ᠠ︔ ᠲᠡᠭᠡᠭᠰᠢ ᠲᠤᠰᠢᠶᠠᠭᠰᠠᠨ ᠵᠠᠷᠤᠯᠭ᠎ᠠ 12678 ᠲᠦᠮᠠᠨ ᠲᠦᠭᠦᠷᠢᠭ ᠪᠠᠶᠢᠵᠦ᠂ 28.15% ᠨᠡᠮᠡᠭᠳᠡᠵᠦ᠂ ᠪᠦᠭᠦ ᠵᠠᠷᠤᠯᠭ᠎ᠠ ᠶᠢᠨ 5.23%᠎ ᠶᠢ ᠡᠵᠡᠯᠡᠨ᠎ᠠ᠂ ᠤᠷᠢᠳᠴᠢᠯᠠᠨ ᠦᠯᠡᠳᠡᠭᠡᠭᠦ ᠴᠠᠯᠢᠩ ᠳᠤ 3000 ᠲᠦᠮᠠᠨ ᠲᠦᠭᠦᠷᠢᠭ  ᠲᠤᠭᠢᠷᠠᠭᠤᠯᠵᠦ᠂ ᠪᠠᠯᠠᠳᠭᠡᠯ ᠵᠠᠷᠤᠳᠠᠯ 3500 ᠲᠦᠮᠠᠨ ᠲᠦᠭᠦᠷᠢᠭ ᠪᠤᠢ᠃      2018  ᠤᠨ ᠤ ᠪᠦᠭᠦ ᠬᠤᠰᠢᠭᠤᠨ ᠤ ᠤᠯᠠᠭᠠᠨ ᠦᠰᠦᠭᠳᠦ ᠲᠦᠰᠤᠪ ᠤᠨ ᠲᠤᠭ᠎ᠠ 78200 ᠲᠦᠮᠠᠨ ᠲᠦᠭᠦᠷᠢᠭ ᠪᠤᠯᠤᠨ᠎ᠠ᠃ ᠤᠯᠠᠭᠠᠨ ᠲᠤᠭ᠎ᠠ ᠶᠢ ᠪᠦᠷᠢᠯᠳᠦᠭᠦᠯᠦᠭᠰᠡᠨ ᠰᠢᠯᠳᠠᠭᠠᠨ ᠨᠢ ᠬᠤᠰᠢᠭᠤ ᠲᠤᠰ ᠱᠠᠳᠤᠨ ᠤ ᠡᠵᠡᠮᠳᠡᠵᠦ ᠪᠤᠯᠬᠤ ᠡᠳ᠋ ᠤᠨ ᠵᠠᠰᠠᠭ ᠤᠨ ᠭᠢᠵᠠᠭᠠᠷᠳᠠᠢ ᠴᠤ 2018 ᠤᠨ ᠳᠤ ᠪᠦᠭᠦ ᠬᠤᠰᠢᠭᠤᠨ ᠎ ᠤ ᠲᠤᠰ ᠵᠢᠯ ᠤᠨ ᠪᠦᠭᠦᠳᠠ ᠪᠠᠯᠠ ᠮᠦᠩᠭᠦ ᠶᠢ 164264 ᠲᠦᠮᠠᠨ ᠲᠦᠭᠦᠷᠢᠭ ᠡᠷᠭᠡᠪᠰᠢ ᠲᠤᠭᠢᠷᠠᠭᠤᠯᠬᠤ ᠶᠢ ᠪᠠᠳᠤᠯᠠᠬᠤ ᠳᠤ ᠤᠷᠢᠳᠴᠢᠯᠠᠨ ᠰᠤᠷᠭᠠᠨ ᠭᠦᠮᠤᠵᠢᠯ ᠂ ᠨᠡᠶᠢᠭᠡᠮ ᠤᠨ ᠪᠠᠳᠤᠯᠠᠭ᠎ᠠ᠂ ᠡᠮᠨᠡᠯᠭᠡ ᠡᠷᠡᠭᠦᠯ ᠬᠠᠮᠠᠭᠠᠯᠠᠯ᠂ ᠲᠤᠳᠤᠭᠠᠳᠦ ᠶᠢ ᠬᠠᠮᠠᠭᠠᠯᠠᠬᠤ᠂ ᠠᠷᠠᠳ ᠤ ᠶᠠᠪᠤᠳᠠᠯ᠂ ᠡᠮᠨᠡᠯᠭᠡ ᠡᠷᠡᠭᠦᠯ ᠬᠠᠮᠠᠭᠠᠯᠠᠯ ᠵᠡᠷᠭᠡ ᠰᠢᠯᠵᠢᠭᠦᠯᠤᠨ ᠦᠭᠭᠦ ᠵᠠᠷᠤᠯᠭ᠎ᠠ 18632 ᠲᠦᠮᠠᠨ ᠲᠦᠭᠦᠷᠢᠭ ᠢ ᠲᠤᠷᠤᠭᠰᠢ ᠪᠠᠭᠤᠯᠭᠠᠨ᠂ ᠲᠡᠭᠡᠷ᠎ᠡ ᠵᠢᠯ ᠤᠨ ᠦᠯᠠᠳᠠᠪᠤᠷᠢ ᠶᠢᠨ ᠲᠤᠰᠬᠠᠢ ᠵᠤᠶᠢᠯ ᠤᠨ ᠪᠠᠯᠠ ᠮᠦᠩᠭᠦ ᠶᠢᠨ ᠵᠠᠷᠤᠯᠭ᠎ᠠ ᠳᠤ 18949 ᠲᠦᠮᠠᠨ ᠲᠦᠭᠦᠷᠢᠭ ᠲᠤᠭᠢᠷᠠᠭᠤᠯᠬᠤ ᠭᠡᠷᠡᠭᠳᠠᠢ ᠪᠠᠶᠢᠨ᠎ᠠ᠃ ᠪᠤᠳᠠᠳᠠᠢ ᠡᠵᠡᠮᠳᠡᠵᠦ ᠪᠤᠯᠬᠤ ᠡᠳ᠋ ᠤᠨ ᠭᠦᠴᠤᠨ 126683 ᠲᠦᠮᠠᠨ ᠲᠦᠭᠦᠷᠢᠭ ᠪᠠᠶᠢᠪᠠᠴᠤ ᠲᠤᠰ ᠱᠠᠳᠦ ᠡᠷᠭᠡᠪᠰᠢ 192205 ᠲᠦᠮᠠᠨ ᠲᠦᠭᠦᠷᠢᠭ ᠤᠨ ᠵᠠᠷᠤᠯᠭ᠎ᠠ ᠶᠢ ᠲᠤᠭᠢᠷᠠᠭᠤᠯᠬᠤ ᠶᠢ ᠪᠠᠳᠤᠯᠠᠵᠦ᠂ ᠲᠡᠭᠡᠭᠰᠢ 12678 ᠲᠦᠮᠠᠨ ᠲᠦᠭᠦᠷᠢᠭ ᠤᠨ ᠪᠠᠯᠠ ᠮᠦᠩᠭᠦ ᠶᠢ ᠲᠤᠰᠢᠶᠠᠬᠤ ᠭᠡᠷᠡᠭᠳᠠᠢ᠃       ᠵᠦᠪᠭᠡᠨ ᠲᠤᠤᠷᠠᠭᠢ ᠠᠷᠪᠠᠨ ᠵᠤᠶᠢᠯ ᠤᠨ ᠨᠠᠯᠢᠶᠠᠳ ᠶᠡᠭᠡ ᠬᠤᠪᠢᠷᠠᠰᠢ ᠦᠭᠡᠢ ᠵᠠᠷᠤᠯᠭ᠎ᠠ ᠶᠢ 181754 ᠲᠦᠮᠠᠨ ᠲᠦᠭᠦᠷᠢᠭ ᠲᠤ ᠭᠦᠷᠭᠡᠨ᠎ᠠ᠃ ᠨᠢᠭᠡ ᠎ ᠳᠤ ᠠᠵᠢᠯᠳᠠᠨ ᠤ ᠵᠠᠷᠤᠯᠭ᠎ᠠ 90668 ᠲᠦᠮᠠᠨ ᠲᠦᠭᠦᠷᠢᠭ︔ ᠬᠤᠶᠠᠷ ᠲᠤ ᠦᠷᠢ ᠦᠭᠴᠡᠭᠡ ᠶᠢᠨ ᠡᠭᠡ ᠮᠦᠩᠭᠦ ᠪᠠ ᠭᠦᠤ ᠮᠦᠩᠭᠦ ᠶᠢ ᠲᠦᠯᠤᠭᠦ ᠵᠠᠷᠤᠯᠭ᠎ᠠ 22130 ᠲᠦᠮᠠᠨ ᠲᠦᠭᠦᠷᠢᠭ ︵ᠡᠭᠦᠨ ᠳᠤ ᠤᠰᠤᠨ ᠠᠰᠢᠭᠯᠠᠯᠳᠠ ᠶᠢᠨ ᠲᠤᠪᠴᠢᠶᠠᠨ ᠤ ᠦᠶᠠᠷ ᠢ ᠰᠠᠷᠭᠡᠶᠢᠯᠠᠭᠦ ᠪᠠᠷᠢᠯᠭ᠎ᠠ ᠶᠢᠨ ᠪᠤᠴᠠᠭᠠᠨ ᠬᠤᠳᠠᠯᠳᠤᠨ ᠠᠪᠬᠤ ᠰᠠᠭᠤᠷᠢ ᠮᠦᠩᠭᠦ 1220 ᠲᠦᠮᠠᠨ ᠲᠦᠭᠦᠷᠢᠭ ᠪᠠᠭᠳᠠᠨ᠎ᠠ︶  ︔ ᠭᠤᠷᠪᠠ ᠳᠤ ᠲᠤᠰ ᠱᠠᠳᠤᠨ ᠤ ᠬᠤᠪᠢᠷᠠᠰᠢ ᠦᠭᠡᠢ ᠢᠵᠢ ᠪᠦᠷᠢᠳᠦᠭᠦᠯᠦᠭᠰᠡᠨ ᠵᠠᠷᠤᠯᠭ᠎ᠠ 9153 ᠲᠦᠮᠠᠨ ᠲᠦᠭᠦᠷᠢᠭ︔ ᠲᠦᠷᠪᠠ ᠳᠤ ᠡᠯ᠎ᠠ ᠲᠦᠷᠤᠯ ᠤᠨ ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠪᠠᠯᠠ ᠮᠦᠩᠭᠦ 30100 ᠲᠦᠮᠠᠨ ᠲᠦᠭᠦᠷᠢᠭ ︵ᠡᠨᠡ ᠨᠢ ᠤᠷᠤᠨ ᠰᠠᠭᠤᠴᠠ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠡ ᠶᠢᠨ ᠦᠷᠢᠳᠡᠵᠦ ᠪᠠᠶᠢᠭ᠎ᠠ ᠪᠠᠷᠢᠯᠭ᠎ᠠ ᠶᠢᠨ ᠵᠤᠭᠤᠰ 22113  ᠲᠦᠮᠠᠨ ᠲᠦᠭᠦᠷᠢᠭ᠂ ᠰᠤᠷᠭᠠᠨ ᠭᠦᠮᠤᠵᠢᠯ ᠤᠨ ᠲᠤᠪᠴᠢᠶᠠᠨ ᠤ ᠡᠯ᠎ᠠ ᠲᠦᠷᠤᠯ ᠤᠨ ᠪᠠᠷᠢᠯᠭ᠎ᠠ ᠶᠢᠨ ᠵᠤᠭᠤᠰ 3403 ᠲᠦᠮᠠᠨ ᠲᠦᠭᠦᠷᠢᠭ᠂ ᠵᠠᠮ ᠬᠠᠷᠢᠯᠴᠠᠭᠠᠨ ᠤ ᠲᠤᠪᠴᠢᠶᠠᠨ ᠤ ᠪᠠᠷᠢᠯᠭ᠎ᠠ ᠶᠢᠨ ᠵᠤᠭᠤᠰ 1000 ᠲᠦᠮᠠᠨ ᠲᠦᠭᠦᠷᠢᠭ᠂ ᠵᠠᠰᠠᠮᠠᠯ ᠵᠠᠮ ᠤᠨ ᠭᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠠᠷᠤᠳᠠᠯ 822 ᠲᠦᠮᠠᠨ ᠲᠦᠭᠦᠷᠢᠭ᠂ ᠭᠦᠷᠢᠶᠠᠯᠠᠩ ᠲᠤᠭᠤᠷᠢᠭ ᠤᠨ ᠠᠯᠪᠠᠨ ᠭᠡᠷ ᠤᠨ ᠰᠠᠭᠤᠷᠢ ᠲᠦᠭᠦᠭᠡᠷᠤᠮᠵᠢ ᠶᠢᠨ ᠱᠠᠩᠨᠠᠨ ᠨᠦᠭᠦᠪᠤᠷᠢᠯᠠᠭᠦ ᠪᠤᠯᠤᠨ ᠨᠤᠭᠤᠭᠠᠷᠠᠭᠤᠯᠤᠯᠳᠠ ᠵᠡᠷᠭᠡ ᠎ ᠶᠢᠨ ᠵᠠᠷᠤᠳᠠᠯ 796 ᠲᠦᠮᠠᠨ ᠲᠦᠭᠦᠷᠢᠭ᠂ ᠤᠢ ᠰᠢᠭᠤᠢ ᠶᠢᠨ ᠲᠤᠪᠴᠢᠶᠠᠨ ᠤ ᠭᠤᠤᠯᠳᠠᠯᠭ᠎ᠠ ᠲᠠᠢ ᠤᠷᠤᠨ ᠪᠦᠰᠠ ᠶᠢᠨ ᠨᠤᠭᠤᠭᠠᠷᠠᠭᠤᠯᠤᠯᠳᠠ ᠶᠢᠨ ᠵᠠᠷᠤᠳᠠᠯ 1000 ᠲᠦᠮᠠᠨ ᠲᠦᠭᠦᠷᠢᠭ᠂ ᠲᠤᠳᠤᠭᠠᠳᠦ ᠶᠢ ᠬᠠᠮᠠᠭᠠᠯᠠᠬᠤ ᠲᠤᠪᠴᠢᠶᠠᠨ ᠤ ᠠᠮᠤᠭᠤᠯᠠᠩ ᠬᠤᠳᠠ ᠶᠢ ᠪᠠᠶᠢᠭᠤᠯᠬᠤ ᠪᠠ ᠴᠠᠭᠳᠠᠭᠠᠨ ᠶᠠᠪᠤᠳᠠᠯ ᠤᠨ ᠲᠠᠰᠤᠭ ᠤᠨ ᠪᠦᠳᠤᠭᠡᠨ ᠪᠠᠶᠢᠭᠤᠯᠤᠯᠳᠠ ᠶᠢᠨ ᠵᠠᠷᠤᠳᠠᠯ᠂ 960 ᠲᠦᠮᠠᠨ ᠲᠦᠭᠦᠷᠢᠭ ᠪᠤᠯᠤᠨ᠎ᠠ︶᠃ ᠲᠠᠪᠤ ᠳᠤ ᠭᠠᠴᠠᠭ᠎ᠠ ᠲᠤᠰᠬᠤᠨ ᠤ ᠤᠳᠤ ᠪᠠᠶᠢᠭ᠎ᠠ ᠺᠠᠳ᠋ᠷ ᠤᠨ ᠴᠠᠯᠢᠩ᠂ ᠲᠤᠰᠢᠠᠯ ᠠᠴᠠ ᠪᠠᠨ ᠰᠠᠯᠤᠭᠰᠠᠨ ᠺᠠᠳ᠋ᠷ ᠤᠨ ᠴᠠᠯᠢᠩ᠂ ᠵᠠᠷᠤᠳᠠᠯ᠂ ᠨᠠᠮ ᠤᠨ ᠵᠤᠭᠢᠶᠠᠨ ᠪᠠᠶᠢᠭᠤᠯᠤᠯᠳᠠ ᠶᠢᠨ ᠠᠵᠢᠯᠯᠠᠭᠠᠨ ᠤ ᠵᠠᠷᠤᠳᠠᠯ ᠵᠡᠷᠭᠡ ᠲᠦᠷᠪᠠᠨ ᠵᠤᠶᠢᠯ ᠤᠨ ᠵᠠᠷᠤᠯᠭ᠎ᠠ 4378 ᠲᠦᠮᠠᠨ ᠲᠦᠭᠦᠷᠢᠭ︔ ᠵᠢᠷᠭᠤᠭ᠎ᠠ ᠳᠤ ᠵᠠᠰᠠᠭ ᠵᠠᠭᠢᠷᠭᠠᠨ ᠠᠵᠢᠯ ᠤᠶᠢᠯᠠᠰ ᠤᠨ ᠨᠢᠭᠡᠴᠠ ᠶᠢᠨ ᠲᠤᠯᠠᠭᠠᠴᠠᠬᠤ ᠵᠡᠷᠤᠳᠠᠯ 1695 ᠲᠦᠮᠠᠨ ᠲᠦᠭᠦᠷᠢᠭ︔ ᠲᠤᠯᠤᠭ᠎ᠠ ᠳᠤ ᠶᠠᠳᠠᠭᠤ ᠶᠢ ᠲᠡᠳᠭᠦᠵᠦ ᠪᠤᠭᠤᠮᠳᠠ ᠰᠢᠪᠳᠤᠯᠬᠤ ᠲᠦᠭᠦᠷ ᠪᠠᠯᠠ ᠮᠦᠩᠭᠦ 3250 ᠲᠦᠮᠠᠨ ᠲᠦᠭᠦᠷᠢᠭ᠂ ᠡᠷᠡᠭᠦᠯ ᠮᠠᠨᠳᠦ ᠪᠠᠷ ᠶᠠᠳᠠᠭᠤ ᠶᠢ ᠲᠡᠳᠭᠦᠭᠦ ᠵᠠᠷᠤᠯᠭ᠎ᠠ 402 ᠲᠦᠮᠠᠨ ᠲᠦᠭᠦᠷᠢᠭ᠂ ᠨᠠᠶᠢᠮᠠ ᠳᠤ ᠠᠵᠦ ᠠᠬᠤᠢ ᠪᠠ ᠮᠡᠳᠡᠭᠡ ᠵᠠᠩᠭᠢᠴᠢᠯᠠᠯᠳᠠ ᠶᠢᠨ ᠲᠤᠪᠴᠢᠶᠠᠨ ᠤ ᠲᠤᠮᠳᠠ ᠵᠢᠵᠢᠭ ᠠᠵᠦ ᠠᠬᠤᠶᠢᠯᠠᠯ ᠤᠨ ᠵᠢᠭᠡᠯᠡᠯᠭᠡ ᠶᠢᠨ ᠵᠤᠭᠤᠰ ᠢ ᠪᠠᠳᠤᠯᠠᠨ ᠲᠠᠭᠠᠭᠠᠭᠰᠠᠨ ᠰᠠᠭᠤᠷᠢ ᠮᠦᠩᠭᠦ 800 ᠲᠦᠮᠠᠨ ᠲᠦᠭᠦᠷᠢᠭ︔ ᠶᠢᠰᠤ ᠳᠤ ᠲᠡᠭᠡᠳᠦ ᠱᠠᠳᠤᠨ ᠳᠤ ᠲᠤᠰᠢᠶᠠᠬᠤ ᠵᠠᠷᠤᠯᠭ᠎ᠠ 12678 ᠲᠦᠮᠠᠨ ᠲᠦᠭᠦᠷᠢᠭ ︵ᠡᠭᠦᠨ ᠳᠤ ᠰᠢᠭᠦᠭᠦ ᠬᠤᠷᠢᠶ᠎ᠡ ᠪᠠ ᠪᠠᠶᠢᠴᠠᠭᠠᠬᠤ ᠬᠤᠷᠢᠶ᠎ᠡ ᠶᠢᠨ 2450 ᠲᠦᠮᠠᠨ ᠲᠦᠭᠦᠷᠢᠭ᠂ ᠠᠵᠦ ᠤᠶᠢᠯᠠᠰ ᠤᠨ ᠰᠠᠭᠤᠷᠢ ᠮᠦᠩᠭᠦ ᠶᠢ ᠲᠡᠭᠡᠭᠰᠢ ᠰᠢᠯᠵᠢᠭᠦᠯᠦᠭᠰᠡᠨ 4792 ᠲᠦᠮᠠᠨ ᠲᠦᠭᠦᠷᠢᠭ᠂ ᠪᠤᠰᠤᠳ ᠨᠢ ᠬᠤᠳᠠ ᠬᠤᠰᠢᠭᠤ ᠬᠤᠶᠠᠷ ᠱᠠᠳᠤᠨ ᠤ ᠬᠠᠮᠳᠤᠪᠠᠷ ᠡᠳ᠋ᠯᠠᠭᠦ ᠭᠠᠶᠢᠯᠢ ᠪᠤᠯᠤᠨ ᠠᠷᠰᠠᠷ ᠲᠡᠭᠡᠭᠰᠢ ᠲᠤᠰᠢᠶᠠᠬᠤ ᠵᠠᠷᠤᠯᠭ᠎ᠠ ᠶᠢ ᠵᠢᠯ ᠤᠨ ᠡᠴᠤᠰ ᠲᠤ ᠳ᠋ᠦᠩᠨᠡᠨ ᠪᠤᠳᠤᠭᠰᠠᠨ ᠢᠶᠠᠷ ᠪᠠᠷᠢᠮᠵᠢᠶ᠎ᠡ ᠪᠤᠯᠭᠠᠨ᠎ᠠ︶︔ ᠠᠷᠪᠠ ᠳᠤ ᠤᠷᠢᠳᠴᠢᠯᠠᠨ ᠦᠯᠡᠳᠡᠭᠡᠭᠰᠡᠨ ᠴᠠᠯᠢᠩ ᠪᠤᠯᠤᠨ ᠪᠠᠯᠠᠳᠭᠡᠯ ᠵᠠᠷᠤᠳᠠᠯ ᠳᠤ 6500 ᠲᠦᠮᠠᠨ ᠲᠦᠭᠦᠷᠢᠭ ᠲᠤᠭᠢᠷᠠᠭᠤᠯᠪᠠ᠃ ᠵᠦᠪᠭᠡᠨ ᠡᠷᠭᠢᠯᠳᠠ ᠶᠢᠨ ᠵᠠᠷᠤᠳᠠᠯ 1045 ᠲᠦᠮᠠᠨ ᠲᠦᠭᠦᠷᠢᠭ ᠪᠠᠶᠢᠵᠦ᠂ ᠪᠦᠭᠦ ᠵᠠᠷᠤᠯᠭ᠎ᠠ ᠶᠢᠨ 4.67%᠎ ᠶᠢ ᠡᠵᠡᠯᠡᠨ᠎ᠠ᠃       ᠲᠤᠤᠷᠠᠭᠢ ᠵᠠᠮ ᠮᠦᠷ ᠢᠶᠠᠷ ᠡᠳ᠋ ᠤᠨ ᠵᠠᠰᠠᠭ ᠤᠨ ᠤᠷᠤᠯᠭ᠎ᠠ ᠶᠢ ᠢᠳᠡᠪᠭᠢᠳᠠᠢ ᠵᠤᠭᠢᠶᠠᠨ ᠪᠠᠶᠢᠭᠤᠯᠵᠦ᠂ ᠲᠦᠰᠤᠪ ᠤᠨ ᠤᠯᠠᠭᠠᠨ ᠲᠤᠭ᠎ᠠ ᠶᠢ ᠨᠦᠭᠦᠪᠤᠷᠢᠯᠠᠨ ᠂ ᠤᠷᠤᠯᠭ᠎ᠠ ᠵᠠᠷᠤᠯᠭ᠎ᠠ ᠶᠢᠨ ᠲᠦᠰᠤᠪ ᠤᠨ ᠲᠡᠩᠴᠠᠭᠦᠷᠢ ᠲᠠᠢ ᠪᠠᠶᠢᠬᠤ ᠶᠢ ᠪᠠᠶᠠᠯᠠᠭᠦᠯᠭᠦ ᠪᠠᠷ ᠲᠦᠯᠤᠪᠯᠠᠵᠦ ᠪᠠᠶᠢᠨ᠎ᠠ᠃ ᠨᠢᠭᠡ ᠳᠤ ᠭᠦᠴᠤᠳᠠᠢ ᠠᠷᠭ᠎ᠠ ᠭᠡᠮᠵᠢᠡ ᠠᠪᠴᠤ᠂ ᠭᠠᠶᠢᠯᠢ ᠶᠢᠨ ᠤᠷᠤᠯᠭ᠎ᠠ ᠪᠠ ᠭᠠᠶᠢᠯᠢ ᠪᠤᠰᠤ ᠤᠷᠤᠯᠭ᠎ᠠ ᠶᠢ ᠭᠤᠤᠯᠳᠠᠯᠭ᠎ᠠ ᠪᠤᠯᠭᠠᠨ ᠰᠠᠶᠢᠳᠤᠷ ᠠᠳᠬᠤᠨ᠂ ᠬᠤᠷᠢᠶᠠᠪᠠᠰᠤ ᠵᠤᠭᠢᠬᠤ ᠶᠢ ᠪᠦᠭᠦᠨ ᠢ ᠬᠤᠷᠢᠶᠠᠬᠤ ᠶᠢ ᠪᠠᠳᠤᠯᠠᠭᠠᠳ ᠡᠳ᠋ ᠤᠨ ᠵᠠᠰᠠᠭ ᠤᠨ ᠤᠷᠤᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠠᠭᠦᠯᠤᠨ᠎ᠠ︔ ᠬᠤᠶᠠᠷ ᠲᠤ ᠰᠢᠨ᠎ᠠ ᠨᠡᠮᠡᠭᠳᠡᠯ ᠤᠨ ᠭᠠᠶᠢᠯᠢ ᠶᠢᠨ ᠢᠷᠠᠯᠳᠠ ᠶᠢ ᠪᠤᠶᠢᠵᠢᠭᠤᠯᠤᠨ᠎ᠠ᠃ 70 ᠲᠦᠮᠠᠨ ᠲᠤᠨ ᠤ ᠡᠲ᠋ᠠ ᠬᠤᠶᠠᠷᠴᠢ ᠠᠯᠺᠤᠤᠯ ᠤᠨ ᠲᠦᠷᠤᠯ ᠵᠤᠶᠢᠯ᠂ ᠵᠢᠯ ᠤᠨ ᠭᠠᠷᠤᠯᠳᠠ 120 ᠲᠦᠮᠠᠨ ᠲᠤᠨ ᠤ ᠾᠷᠤᠮ ᠤᠨ ᠬᠠᠶᠢᠯᠤᠰᠢ ᠶᠢᠨ ᠲᠦᠷᠤᠯ ᠵᠤᠶᠢᠯ ᠤᠨ ᠠᠵᠢᠯ ᠢ ᠡᠭᠢᠯᠠᠭᠦᠯᠵᠦ ᠪᠦᠳᠤᠭᠡᠨ ᠪᠠᠶᠢᠭᠤᠯᠬᠤ ᠶᠢ ᠢᠳᠡᠪᠭᠢᠳᠠᠢ ᠠᠭᠢᠭᠤᠯᠵᠦ᠂ ᠪᠠᠷᠢᠯᠭ᠎ᠠ ᠶᠢᠨ ᠭᠤᠭᠴᠠᠭ᠎ᠠ ᠳᠤ ᠰᠢᠨ᠎ᠠ ᠪᠠᠷ ᠨᠡᠮᠡᠭᠳᠡᠭᠰᠡᠨ ᠭᠠᠶᠢᠯᠢ ᠶᠢᠨ ᠢᠷᠠᠯᠳᠠ ᠶᠢ ᠭᠦᠮᠤᠷᠭᠡᠯᠡᠭᠦ ᠶᠢ ᠰᠠᠶᠢᠳᠤᠷ ᠠᠳᠬᠤᠵᠦ᠂ ᠤᠷᠤᠨ ᠨᠤᠳᠤᠭ ᠤᠨ ᠤᠷᠤᠯᠭ᠎ᠠ ᠶᠢ ᠨᠡᠮᠡᠭᠳᠡᠭᠦᠯᠤᠨ᠎ᠠ︔ ᠭᠤᠷᠪᠠ ᠎ ᠳᠤ ᠦᠪᠠᠷᠳᠡᠭᠡᠨ ᠵᠠᠰᠠᠬᠤ ᠤᠷᠤᠨ ᠠᠴᠠ ᠲᠠᠷᠬᠠᠭᠠᠬᠤ ᠰᠢᠨ᠎ᠠ ᠪᠠᠷ ᠨᠡᠮᠡᠭᠳᠡᠭᠦ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ ᠲᠡᠮᠳᠡᠭ ᠤᠨ ᠤᠷᠤᠯᠭ᠎ᠠ ᠶᠢ ᠡᠷᠡᠮᠡᠯᠵᠢᠯᠠᠨ ᠤᠯᠬᠤ ᠪᠠᠷ ᠴᠢᠷᠮᠠᠶᠢᠨ᠎ᠠ︔ ᠲᠦᠷᠪᠠ ᠳᠤ ᠤᠯᠤᠰ ᠤᠨ ᠦᠮᠴᠢᠯᠠᠯᠳᠦ ᠭᠦᠷᠤᠩᠭᠡ ᠶᠢᠨ ᠤᠷᠤᠯᠭ᠎ᠠ ᠶᠢ ᠭᠢᠨᠠᠮᠠᠭᠠᠢ ᠰᠠᠶᠢᠳᠤᠷ ᠠᠳᠬᠤᠵᠦ᠂ ᠤᠯᠤᠰ ᠤᠨ ᠦᠮᠴᠢᠯᠠᠯᠳᠦ ᠭᠦᠷᠤᠩᠭᠡ ᠶᠢᠨ ᠡᠵᠡᠩᠨᠠᠯᠳᠠ ᠶᠢᠨ ᠤᠷᠤᠯᠭ᠎ᠠ ᠪᠠ ᠤᠯᠤᠰ ᠤᠨ ᠦᠮᠴᠢᠯᠠᠯᠳᠦ ᠭᠦᠷᠤᠩᠭᠡ ᠶᠢ ᠰᠢᠢᠳᠪᠤᠷᠢᠯᠡᠭᠰᠡᠨ ᠤᠷᠤᠯᠭ᠎ᠠ ᠶᠢ  ᠪᠦᠭᠦ ᠭᠦᠴᠤᠨ ᠢᠶᠠᠷ ᠵᠤᠭᠢᠶᠠᠨ ᠪᠠᠶᠢᠭᠤᠯᠤᠨ᠎ᠠ︔ ᠲᠠᠪᠤ ᠳᠤ ᠡᠩ ᠤᠨ ᠰᠢᠯᠵᠢᠭᠦᠯᠤᠨ ᠦᠭᠭᠦ ᠶᠢ ᠤᠷᠢᠳᠴᠢᠯᠠᠨ ᠲᠤᠷᠤᠭᠰᠢ ᠪᠠᠭᠤᠯᠭᠠᠭᠰᠠᠨ ᠨᠢ ᠭᠦᠢᠴᠠᠳ ᠪᠤᠰᠤ ᠪᠤᠯ ᠵᠢᠯ ᠎ ᠤᠨ ᠡᠴᠤᠰ ᠲᠤ ᠳ᠋ᠦᠩᠨᠡᠨ ᠪᠤᠳᠤᠬᠤ ᠳᠤ ᠨᠦᠭᠦᠵᠦ ᠭᠦᠢᠴᠠᠳᠭᠡᠨ᠎ᠠ︔ ᠵᠢᠷᠭᠤᠭ᠎ᠠ ᠳᠤ ᠲᠡᠭᠡᠳᠦ ᠱᠠᠳᠤᠨ ᠤ ᠲᠤᠰᠬᠠᠢ ᠵᠤᠶᠢᠯ ᠤᠨ ᠪᠠᠯᠠ ᠮᠦᠩᠭᠦ ᠶᠢ ᠢᠳᠡᠪᠭᠢᠳᠠᠢ ᠡᠷᠡᠮᠡᠯᠵᠠᠯᠠᠨ ᠤᠯᠵᠦ ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠳᠤ ᠭᠡᠷᠡᠭᠯᠡᠵᠦ᠂ ᠬᠤᠰᠢᠭᠤ ᠲᠤᠰ ᠱᠠᠳᠤᠨ ᠤ ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠲᠦᠷᠤᠯ ᠵᠤᠶᠢᠯ ᠤᠨ ᠤᠷᠤᠯᠭ᠎ᠠ ᠶᠢ ᠪᠠᠭᠠᠰᠬᠠᠨ᠎ᠠ᠃      ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠲᠦᠰᠤᠪ ᠤᠨ ᠤᠷᠤᠯᠭ᠎ᠠ ᠵᠠᠷᠤᠯᠭ᠎ᠠ ᠶᠢ ᠲᠤᠭᠢᠷᠠᠭᠤᠯᠤᠭᠰᠠᠨ ᠪᠠᠶᠢᠳᠠᠯ      2018  ᠤᠨ ᠤ ᠪᠦᠭᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠤᠷᠤᠯᠭ᠎ᠠ ᠶᠢ 47576 ᠲᠦᠮᠠᠨ ᠲᠦᠭᠦᠷᠢᠭ ᠢᠶᠠᠷ ᠲᠤᠭᠢᠷᠠᠭᠤᠯᠪᠠ᠃ ᠡᠭᠦᠨ ᠳᠤ᠄ ᠲᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠤᠷᠤᠯᠭ᠎ᠠ ᠶᠢ 20275 ᠲᠦᠮᠠᠨ ᠲᠦᠭᠦᠷᠢᠭ ᠢᠶᠠᠷ ᠲᠤᠭᠢᠷᠠᠭᠤᠯᠵᠦ᠂ ᠰᠢᠯᠵᠢᠯᠳᠠ ᠶᠢᠨ ᠴᠢᠨᠠᠷᠳᠠᠢ ᠨᠦᠭᠦᠪᠤᠷᠢ ᠶᠢᠨ ᠤᠷᠤᠯᠭ᠎ᠠ 334 ᠲᠦᠮᠠᠨ ᠲᠦᠭᠦᠷᠢᠭ᠂ ᠲᠦᠷᠤᠭᠦᠦ ᠵᠢᠯ ᠤᠨ ᠦᠯᠠᠳᠠᠪᠤᠷᠢ 26967 ᠲᠦᠮᠠᠨ ᠲᠦᠭᠦᠷᠢᠭ ᠪᠤᠯᠤᠨ᠎ᠠ᠃ ᠲᠤᠰ ᠱᠠᠳᠦ ᠶᠢᠨ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠤᠷᠤᠯᠭ᠎ᠠ ᠶᠢ ᠲᠤᠭᠢᠷᠠᠭᠤᠯᠤᠭᠰᠠᠨ ᠳᠤ ᠭᠤᠤᠯᠳᠠᠭᠤ ᠭᠠᠵᠠᠷ ᠰᠢᠷᠤᠢ ᠶᠢ ᠭᠢᠮᠳᠠ ᠦᠨ᠎ᠠ ᠪᠠᠷ ᠬᠤᠳᠠᠯᠳᠤᠭᠰᠠᠨ ᠤᠷᠤᠯᠭ᠎ᠠ 2000 ᠲᠦᠮᠠᠨ ᠲᠦᠭᠦᠷᠢᠭ᠂ ᠬᠤᠳᠠ ᠶᠢᠨ ᠰᠠᠭᠤᠷᠢ ᠲᠦᠬᠦᠭᠡᠷᠤᠮᠵᠢ ᠢᠵᠢ ᠢᠵᠢ ᠪᠦᠷᠢᠳᠦᠭᠦᠯᠦᠭᠰᠡᠨ ᠵᠠᠷᠤᠳᠠᠯ ᠤᠨ ᠤᠷᠤᠯᠭ᠎ᠠ 150 ᠲᠦᠮᠠᠨ ᠲᠦᠭᠦᠷᠢᠭ᠂ ᠪᠤᠵᠠᠷ ᠤᠰᠤ ᠶᠢ ᠰᠢᠢᠳᠪᠤᠷᠢᠯᠡᠭᠰᠡᠨ ᠵᠠᠷᠤᠳᠠᠯ ᠤᠨ ᠤᠷᠤᠯᠭ᠎ᠠ 125 ᠲᠦᠮᠠᠨ ᠲᠦᠭᠦᠷᠢᠭ ᠢ ᠪᠠᠭᠳᠠᠭᠠᠨ᠎ᠠ᠃      2018 ᠤᠨ ᠤ ᠪᠦᠭᠦ ᠬᠤᠰᠢᠭᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠵᠠᠷᠤᠯᠭ᠎ᠠ ᠳᠤ 5375 ᠲᠦᠮᠠᠨ ᠲᠦᠭᠦᠷᠢᠭ ᠲᠤᠭᠢᠷᠠᠭᠤᠯᠪᠠ᠃ ᠡᠭᠦᠨ ᠳᠤ᠄ ᠬᠤᠰᠢᠭᠤ ᠲᠤᠰ ᠱᠠᠳᠤᠨ ᠤ ᠵᠠᠰᠠᠭ ᠤᠨ ᠤᠷᠳᠤᠨ ᠤ ᠴᠢᠨᠠᠷᠳᠠᠢ ᠰᠠᠭᠤᠷᠢ ᠮᠦᠩᠭᠦᠨ ᠤ ᠵᠠᠷᠤᠯᠭ᠎ᠠ ᠳᠤ 5375 ᠲᠦᠮᠠᠨ ᠲᠦᠭᠦᠷᠢᠭ ᠲᠤᠭᠢᠷᠠᠭᠤᠯᠪᠠ᠃ ᠤᠷᠢᠳᠴᠢᠯᠠᠨ ᠲᠤᠷᠤᠭᠰᠢ ᠪᠠᠭᠤᠯᠭᠠᠬᠤ ᠲᠤᠰᠬᠠᠢ ᠵᠤᠶᠢᠯ ᠤᠨ ᠵᠠᠷᠤᠯᠭ᠎ᠠ ᠳᠤ 334 ᠲᠦᠮᠠᠨ ᠲᠦᠭᠦᠷᠢᠭ ᠲᠤᠭᠢᠷᠠᠭᠤᠯᠪᠠ︔ ᠲᠦᠷᠤᠭᠦᠦ ᠵᠢᠯ ᠤᠨ ᠦᠯᠠᠳᠠᠪᠤᠷᠢ ᠳᠤ ᠲᠤᠰᠬᠠᠢ ᠵᠤᠶᠢᠯ ᠤᠨ 26457 ᠲᠦᠮᠠᠨ ᠲᠦᠭᠦᠷᠢᠭ ᠤᠨ ᠵᠠᠷᠤᠯᠭ᠎ᠠ ᠲᠤᠭᠢᠷᠠᠭᠤᠯᠪᠠ︔ 15410  ᠲᠦᠮᠠᠨ ᠲᠦᠭᠦᠷᠢᠭ ᠎ ᠤᠨ ᠪᠠᠯᠠ ᠮᠦᠩᠭᠦ ᠶᠢ ᠰᠢᠯᠵᠢᠭᠦᠯᠤᠨ ᠭᠠᠷᠭᠠᠪᠠ᠃      ︵ᠭᠤᠷᠪᠠ︶ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦᠨ ᠤ ᠲᠦᠰᠤᠪ ᠤᠨ ᠤᠷᠤᠯᠭ᠎ᠠ ᠵᠠᠷᠤᠯᠭ᠎ᠠ ᠶᠢ ᠲᠤᠭᠢᠷᠠᠭᠤᠯᠤᠭᠰᠠᠨ ᠪᠠᠶᠢᠳᠠᠯ      2018  ᠤᠨ ᠤ ᠪᠦᠭᠦ ᠬᠤᠰᠢᠭᠤᠨ ᠤ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦᠨ ᠤ ᠤᠷᠤᠯᠭ᠎ᠠ ᠶᠢᠨ ᠲᠦᠰᠤᠪ 34791 ᠲᠦᠮᠠᠨ ᠲᠦᠭᠦᠷᠢᠭ ᠪᠤᠯᠤᠨ᠎ᠠ᠃ ᠡᠭᠦᠨ ᠳᠤ᠄ ᠪᠠᠶᠢᠭᠤᠯᠭ᠎ᠠ ᠠᠵᠢᠯ ᠤᠶᠢᠯᠠᠰ ᠤᠨ ᠨᠢᠭᠡᠴᠠ ᠶᠢᠨ ᠨᠠᠰᠤᠵᠢᠯ ᠤᠨ ᠦᠨᠳᠤᠰᠤᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 15459 ᠲᠦᠮᠠᠨ ᠲᠦᠭᠦᠷᠢᠭ︔ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠤᠰᠤᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 3189 ᠲᠦᠮᠠᠨ ᠲᠦᠭᠦᠷᠢᠭ︔ ᠬᠤᠳᠠ ᠪᠠᠯᠭᠠᠰᠤ ᠶᠢᠨ ᠠᠵᠢᠯᠴᠢᠨ ᠠᠵᠢᠯᠳᠠᠨ ᠤ ᠦᠨᠳᠤᠰᠤᠨ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 6849 ᠲᠦᠮᠠᠨ ᠲᠦᠭᠦᠷᠢᠭ︔ ᠬᠤᠳᠠ ᠪᠠᠯᠭᠠᠰᠤ ᠶᠢᠨ ᠠᠵᠢᠯᠴᠢᠨ ᠠᠵᠢᠯᠳᠠᠨ ᠤ ᠦᠷᠠᠵᠢᠯ ᠤᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 366 ᠲᠦᠮᠠᠨ ᠲᠦᠭᠦᠷᠢᠭ︔ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠤᠷᠤᠯᠭ᠎ᠠ 8928 ᠲᠦᠮᠠᠨ ᠲᠦᠭᠦᠷᠢᠭ ᠪᠤᠯᠤᠨ᠎ᠠ᠃      2018 ᠤᠨ ᠤ ᠪᠦᠭᠦ ᠬᠤᠰᠢᠭᠤᠨ ᠤ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠦᠩᠭᠦᠨ ᠤ ᠵᠠᠷᠤᠯᠭ᠎ᠠ 32732 ᠲᠦᠮᠠᠨ ᠲᠦᠭᠦᠷᠢᠭ ᠪᠤᠯᠤᠨ᠎ᠠ᠃ ᠡᠭᠦᠨ ᠳᠤ᠄ ᠪᠠᠶᠢᠭᠤᠯᠭ᠎ᠠ ᠠᠵᠢᠯ ᠤᠶᠢᠯᠠᠰ ᠤᠨ ᠨᠢᠭᠡᠴᠠ ᠶᠢᠨ ᠨᠠᠰᠤᠵᠢᠯ ᠤᠨ ᠦᠨᠳᠤᠰᠤᠨ ᠲᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ 15217 ᠲᠦᠮᠠᠨ ᠲᠦᠭᠦᠷᠢᠭ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠦᠨᠳᠤᠰᠤᠨ ᠲᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ 2234 ᠲᠦᠮᠠᠨ ᠲᠦᠭᠦᠷᠢᠭ︔ ᠬᠤᠳᠠ ᠪᠠᠯᠭᠠᠰᠤ ᠶᠢᠨ ᠠᠵᠢᠯᠴᠢᠨ ᠠᠵᠢᠯᠳᠠᠨ ᠤ ᠦᠨᠳᠤᠰᠤᠨ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ 6666 ᠲᠦᠮᠠᠨ ᠲᠦᠭᠦᠷᠢᠭ︔ ᠬᠤᠳᠠ ᠪᠠᠯᠭᠠᠰᠤ ᠶᠢᠨ ᠠᠵᠢᠯᠴᠢᠨ ᠠᠵᠢᠯᠳᠠᠨ ᠤ ᠦᠷᠠᠵᠢᠯ ᠤᠨ ᠲᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ 191 ᠲᠦᠮᠠᠨ ᠲᠦᠭᠦᠷᠢᠭ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠤᠰᠤᠨ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠵᠠᠷᠤᠯᠭ᠎ᠠ 8424 ᠲᠦᠮᠠᠨ ᠲᠦᠭᠦᠷᠢᠭ᠂  ᠲᠤᠰ ᠵᠢᠯ ᠤᠨ ᠤᠷᠤᠯᠭ᠎ᠠ ᠵᠠᠷᠤᠯᠭ᠎ᠠ ᠶᠢᠨ ᠦᠯᠠᠳᠠᠪᠤᠷᠢ 2059 ᠲᠦᠮᠠᠨ ᠲᠦᠭᠦᠷᠢᠭ ᠪᠤᠯᠤᠨ᠎ᠠ᠃
ᠢᠷᠡᠯᠲᠡ᠄ ᠲᠣᠲᠣᠷᠬᠠᠢ ᠦᠭᠡᠢ