ᠲᠦᠷᠪᠠ᠂ 2018 ᠤᠨ ᠤ ᠡᠳ᠋ ᠤᠨ ᠵᠠᠰᠠᠭ ᠤᠨ ᠲᠦᠰᠤᠪ ᠤᠨ ᠡᠭᠦᠷᠭᠡ ᠶᠢ ᠦᠨᠠᠨ ᠭᠦ ᠪᠠᠶᠠᠯᠠᠭᠦᠯᠭᠦ ᠶᠢ ᠪᠠᠳᠤᠯᠠᠬᠤ ᠶᠢᠨ ᠲᠦᠯᠤᠭᠡ ᠲᠤᠤᠷᠠᠭᠢ ᠠᠵᠢᠯ ᠢ | ᠭᠤᠤᠯᠳᠠᠯᠭ᠎ᠠ ᠪᠤᠯᠭᠠᠵᠦ ᠠᠳᠬᠤᠨ᠎ᠠ | ︵ᠨᠢᠭᠡ︶ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠠᠭᠦ ᠤᠷᠳᠦ ᠬᠤᠭᠤᠴᠠᠭᠠᠨ ᠤ ᠦᠷ᠎ᠠ ᠪᠦᠳᠤᠮᠵᠢᠳᠠᠢ ᠲᠤᠭᠳᠠᠴᠠ ᠶᠢ ᠪᠠᠶᠢᠭᠤᠯᠤᠨ | ᠲᠡᠭᠦᠯᠳᠠᠷᠵᠢᠭᠦᠯᠤᠨᠠ | ᠲᠦᠰᠤᠪ ᠤᠨ ᠰᠢᠨᠵᠢᠯᠠᠭᠦ ᠤᠬᠠᠭᠠᠨᠴᠢᠯᠠᠵᠦ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠴᠢᠩᠭᠠᠳᠬᠠᠵᠦ᠂ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠲᠦᠰᠤᠪ ᠤᠨ ᠬᠠᠤᠯᠢ︾ ᠶᠢ ᠴᠢᠩᠭ᠎ᠠ ᠵᠢᠷᠤᠮᠯᠠᠵᠦ᠂ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠵᠠᠷᠤᠯᠭ᠎ᠠ ᠶᠢ ᠬᠠᠮᠢᠶᠠᠷᠤᠨ᠂ ᠤᠨ ᠵᠢᠯ | ᠬᠤᠪᠢᠶᠠᠵᠦ ᠵᠤᠭᠤᠰ ᠪᠤᠴᠠᠭᠠᠬᠤ ᠲᠦᠯᠤᠪᠯᠡᠭᠡ ᠶᠢ ᠰᠢᠨᠵᠢᠯᠠᠭᠦ ᠤᠬᠠᠭᠨᠠᠴᠢ ᠪᠠᠷ ᠲᠤᠭᠳᠠᠭᠠᠨ᠎ᠠ᠃ ᠲᠦᠪ ᠤᠨ ᠮᠦᠩᠭᠦᠨ ᠭᠦᠢᠯᠭᠡᠭᠡᠨ ᠤ ᠠᠵᠢᠯ ᠤᠨ ᠬᠤᠷᠠᠯᠳᠤᠭᠠᠨ | ᠤ ᠵᠤᠷᠢᠭ ᠰᠠᠨᠠᠭ᠎ᠠ ᠶᠢ ᠦᠨᠳᠤᠰᠤᠯᠠᠵᠦ᠂ ᠡᠳ᠋ ᠤᠨ ᠵᠠᠰᠠᠭ ᠤᠨ ᠶᠠᠮᠤᠨ ︵ᠡᠳ᠋ ᠲᠦᠰᠤᠪ〈2017〉56 ᠳ᠋ᠤᠭᠠᠷ ᠲᠤᠭᠠᠳᠦ︶᠂ ᠡᠳ᠋ ᠲᠦᠰᠤᠪ〈2017〉 | 87 ᠳ᠋ᠤᠭᠠᠷ ᠲᠤᠭᠠᠳᠦ ᠪᠢᠴᠢᠭ ᠮᠠᠲ᠋ᠧᠷᠢᠶᠠᠯ ᠢᠶᠠᠷ ᠦᠨᠳᠤᠰᠤᠯᠠᠯ ᠪᠤᠯᠭᠠᠵᠦ᠂ ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ | ᠬᠤᠯᠪᠤᠭᠳᠠᠯ ᠪᠦᠭᠦᠢ ᠱᠠᠭᠠᠷᠳᠠᠯᠭ᠎ᠠ ᠶᠤᠰᠤᠭᠠᠷ ᠵᠠᠰᠠᠭ ᠤᠨ ᠤᠷᠳᠤᠨ ᠤ ᠦᠷᠢ ᠦᠭᠴᠡᠭᠡ ᠶᠢ ᠴᠢᠩᠭ᠎ᠠ ᠭᠢᠵᠠᠭᠠᠷᠯᠠᠵᠦ᠂ ᠮᠦᠩᠭᠦᠨ ᠭᠦᠢᠯᠭᠡᠭᠡᠨ ᠤ ᠠᠶᠤᠯ | ᠲᠦᠭᠰᠢᠭᠦᠷᠢ ᠶᠢ ᠰᠠᠷᠭᠡᠶᠢᠯᠠᠨ᠎ᠠ᠃ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠬᠠᠮᠢᠶᠠᠷᠬᠤ ᠲᠦᠷᠢᠮ ᠢ ᠲᠤᠭᠳᠠᠭᠠᠨ ᠲᠡᠭᠦᠯᠳᠠᠷᠵᠢᠭᠦᠯᠵᠦ᠂ | ᠲᠦᠷᠢᠮ ᠲᠤᠭᠳᠠᠭᠠᠯ ᠪᠠ ᠬᠠᠤᠯᠢ ᠴᠠᠭᠠᠵᠠ ᠪᠠᠷ ᠵᠠᠰᠠᠭ ᠤᠨ ᠤᠷᠳᠤᠨ ᠤ ᠦᠷᠢ ᠦᠭᠴᠡᠭᠡ ᠶᠢᠨ ᠠᠵᠢᠯᠯᠠᠭ᠎ᠠ ᠶᠢ ᠲᠦᠷᠢᠮᠵᠢᠭᠦᠯᠤᠨ᠂ ᠵᠠᠰᠠᠭ ᠤᠨ ᠤᠷᠳᠤᠨ ᠤ | ᠵᠢᠭᠡᠯᠡᠯᠭᠡ ᠵᠢᠭᠡᠯᠡᠭᠦ ᠶᠢ ᠲᠡᠭᠡᠳᠦ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠵᠦᠪᠰᠢᠶᠡᠷᠡᠭᠰᠡᠨ ᠭᠢᠵᠠᠭᠠᠷᠯᠠᠭᠰᠠᠨ ᠲᠤᠭ᠎ᠠ ᠳᠤ ᠪᠠᠶᠢᠯᠭᠠᠵᠦ᠂ ᠡᠳ᠋ ᠤᠨ | ᠵᠠᠰᠠᠭ ᠤᠨ ᠰᠠᠯᠠᠭ᠎ᠠ ᠮᠦᠴᠢᠷ ᠢᠶᠠᠷ ᠲᠠᠮᠵᠢᠭᠤᠯᠵᠦ ᠱᠠᠳᠦ ᠲᠠᠷᠠᠭᠠᠯᠠᠨ ᠤᠷᠤᠨ ᠨᠤᠳᠤᠭ ᠤᠨ ᠵᠢᠭᠡᠯᠡᠯᠭᠡ ᠶᠢᠨ ᠲᠡᠮᠳᠡᠭ ᠢ ᠲᠡᠭᠡᠭᠰᠢ ᠮᠡᠳᠡᠭᠦᠯᠵᠦ ᠭᠤᠶᠤᠴᠢᠯᠠᠬᠤ ᠠᠴᠠ | ᠭᠠᠳᠠᠨ᠎ᠠ ᠶᠠᠮᠠᠷ ᠴᠤ ᠭᠡᠯᠪᠠᠷᠢ ᠪᠠᠷ ᠵᠢᠭᠡᠯᠡᠯᠭᠡ ᠵᠢᠭᠡᠯᠡᠵᠦ ᠪᠤᠯᠬᠤ ᠦᠭᠡᠢ᠃ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠠᠷᠭᠡᠶᠢᠯᠠᠵᠦ᠂ ᠤᠷᠤᠨ ᠨᠤᠳᠤᠭ ᠤᠨ | ᠵᠠᠰᠠᠭ ᠤᠨ ᠤᠷᠳᠤᠨ ᠤ ᠦᠷᠢ ᠰᠢᠷᠢ ᠶᠢ ᠠᠷᠢᠯᠭᠠᠬᠤ ᠠᠵᠢᠯ ᠢ ᠤᠳᠤᠬᠠᠨ ᠤ ᠴᠢᠬᠤᠯᠠ ᠠᠴᠠ ᠴᠢᠬᠤᠯᠠ ᠠᠵᠢᠯ ᠪᠤᠯᠭᠠᠵᠦ᠂ ᠡᠩ ᠤᠨ ᠵᠠᠷᠤᠯᠭ᠎ᠠ ᠶᠢ ᠪᠠᠭᠠᠰᠬᠠᠬᠤ᠂ | ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢᠨ ᠵᠠᠷᠤᠯᠭ᠎ᠠ ᠶᠢ ᠭᠢᠵᠠᠭᠠᠷᠯᠠᠬᠤ᠂ PPP ᠵᠠᠰᠠᠭ ᠤᠨ ᠤᠷᠳᠤᠨ ᠠᠴᠠ ᠵᠠᠷᠤᠳᠠᠯ ᠦᠭᠭᠦ ᠲᠦᠷᠤᠯ | ᠵᠤᠶᠢᠯ ᠤᠨ ᠵᠠᠷᠤᠯᠭ᠎ᠠ ᠶᠢ ᠭᠢᠵᠠᠭᠠᠷᠯᠠᠭᠠᠳ ᠵᠠᠰᠠᠭ ᠤᠨ ᠤᠷᠳᠤᠨ ᠤ ᠵᠢᠭᠡᠯᠡᠯᠭᠡ ᠵᠢᠭᠡᠯᠡᠭᠦ ᠳᠤ ᠭᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠳᠠ ᠶᠢ ᠴᠢᠩᠭ᠎ᠠ | ᠭᠡᠷᠡᠭᠵᠢᠭᠦᠯᠤᠨ᠎ᠠ᠃ 4.5 ᠵᠢᠯ ᠤᠨ ᠲᠤᠳᠤᠷ᠎ᠠ ᠦᠷᠢ ᠦᠭᠴᠡᠭᠡ ᠶᠢᠨ ᠨᠤᠷᠮ᠎ᠠ ᠶᠢ ᠵᠤᠭᠢᠬᠤ ᠲᠦᠪᠰᠢᠨ ᠳᠤ ᠭᠦᠷᠳᠡᠯ᠎ᠠ ᠪᠠᠭᠤᠷᠠᠭᠤᠯᠬᠤ ᠪᠠᠷ ᠴᠢᠷᠮᠠᠶᠢᠨ᠎ᠠ᠃ | ︵ᠬᠤᠶᠠᠷ︶ ᠪᠦᠭᠦ ᠭᠦᠴᠤᠨ ᠢᠶᠠᠷ ᠤᠷᠤᠯᠭ᠎ᠠ ᠶᠢ ᠠᠳᠬᠤᠵᠦ᠂ ᠭᠠᠶᠢᠯᠢ ᠶᠢᠨ ᠤᠷᠤᠯᠭ᠎ᠠ ᠶᠢᠨ ᠡᠭᠦᠷᠭᠡ ᠶᠢ ᠠᠮᠵᠢᠯᠳᠠ ᠲᠡᠭᠦᠯᠳᠠᠷ ᠪᠠᠶᠠᠯᠠᠭᠦᠯᠭᠦ ᠶᠢ | ᠪᠠᠳᠤᠯᠠᠨ᠎ᠠ | ᠠᠵᠢᠯ ᠤᠨ ᠬᠠᠷᠠᠯᠳᠠ ᠪᠠᠨ ᠲᠤᠳᠤᠷᠬᠠᠶᠢᠯᠠᠵᠦ᠂ ᠲᠠᠳᠠᠪᠤᠷᠢᠯᠠᠬᠤ ᠡᠭᠦᠷᠭᠡ ᠶᠢ ᠵᠤᠭᠢᠰᠳᠠᠢ ᠬᠤᠪᠢᠶᠠᠷᠢᠯᠠᠭᠠᠳ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠭᠠᠶᠢᠯᠢ ᠶᠢ ᠶᠡᠷᠤᠩᠭᠡᠶᠢᠯᠠᠨ ᠵᠠᠰᠠᠬᠤ ᠲᠠᠪᠴᠠᠩ ᠤᠨ ᠤᠶᠢᠯᠠᠳᠤᠯ ᠢ ᠭᠦᠢᠴᠠᠳ ᠠᠰᠢᠭᠯᠠᠵᠦ᠂ ᠭᠠᠶᠢᠯᠢ ᠶᠢ ᠶᠡᠷᠤᠩᠭᠡᠶᠢᠯᠠᠨ ᠵᠠᠰᠠᠬᠤ | ᠱᠠᠩᠨᠠᠨ ᠭᠦᠭᠢᠭᠦᠯᠭᠦ ᠲᠤᠭᠳᠠᠴᠠ ᠶᠢ ᠭᠡᠷᠡᠭᠵᠢᠭᠦᠯᠤᠨ᠂ ᠡᠯ᠎ᠠ ᠤᠷᠤᠨ ᠭᠠᠵᠠᠷ ᠡᠯ᠎ᠠ ᠨᠢᠭᠡᠴᠠ ᠶᠢᠨ ᠭᠠᠶᠢᠯᠢ ᠶᠢᠨ ᠤᠷᠤᠯᠭ᠎ᠠ ᠶᠢ ᠠᠳᠬᠤᠬᠤ ᠢᠳᠡᠪᠭᠢᠵᠢᠯ ᠪᠠ | ᠰᠠᠨᠠᠭᠠᠴᠢᠯᠠᠭᠠᠳᠦ ᠴᠢᠨᠠᠷ ᠢ ᠲᠠᠶᠢᠴᠢᠯᠠᠨ᠎ᠠ᠃ ᠡᠨᠡᠬᠦ ᠰᠠᠭᠤᠷᠢᠨ ᠲᠡᠭᠡᠷ᠎ᠡ ᠠᠮᠵᠢᠯᠳᠠ ᠪᠦᠳᠤᠮᠵᠢ ᠶᠢ ᠰᠢᠯᠭᠠᠨ ᠭᠢᠨᠠᠬᠤ ᠶᠢ ᠭᠡᠷᠡᠭᠵᠢᠭᠦᠯᠵᠦ ᠨᠢᠭᠡᠴᠠ ᠶᠢᠨ ᠵᠠᠷᠤᠳᠠᠯ ᠲᠠᠢ | ᠰᠢᠭᠤᠳ ᠬᠤᠯᠪᠤᠭᠠᠳ ᠡᠭᠦᠷᠭᠡ ᠪᠠᠨ ᠪᠠᠶᠠᠯᠠᠭᠦᠯᠭᠦ ᠶᠢ ᠠᠭᠢᠭᠤᠯᠤᠨ᠎ᠠ᠃ | ︵ᠭᠤᠷᠪᠠ︶ ᠵᠠᠷᠤᠯᠭ᠎ᠠ ᠶᠢᠨ ᠪᠦᠳᠤᠴᠠ ᠶᠢ ᠰᠢᠯᠢᠳᠡᠭᠵᠢᠭᠦᠯᠵᠦ᠂ ᠡᠯ᠎ᠠ ᠵᠤᠶᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠪᠦᠳᠤᠮᠵᠢ ᠰᠠᠶᠢᠳᠠᠢ | ᠪᠠᠳᠤᠯᠠᠨ᠎ᠠ | ᠲᠦᠰᠤᠪ ᠤᠨ ᠬᠠᠤᠯᠢ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠬᠠᠤᠯᠢ ᠴᠠᠭᠠᠵᠠ ᠪᠠᠷ ᠵᠠᠰᠠᠭ ᠤᠨ ᠤᠷᠳᠤᠨ ᠤ ᠤᠷᠤᠯᠭ᠎ᠠ ᠵᠠᠷᠤᠯᠭ᠎ᠠ ᠶᠢᠨ | ᠠᠵᠢᠯᠯᠠᠭ᠎ᠠ ᠶᠢ ᠲᠦᠷᠢᠮᠵᠢᠭᠦᠯᠤᠨ ᠭᠢᠵᠠᠭᠠᠷᠯᠠᠬᠤ ᠶᠢ ᠴᠢᠩᠭᠠᠷᠠᠭᠤᠯᠤᠨ᠂ ᠵᠠᠰᠠᠭ ᠤᠨ ᠤᠷᠳᠤᠨ ᠤ ᠪᠦᠭᠦ ᠠᠮᠠ ᠰᠡᠭᠡᠷ ᠤᠨ ᠲᠦᠰᠤᠪ ᠪᠠ ᠲᠦᠰᠤᠪ ᠤᠨ ᠭᠦᠢᠴᠠᠳᠭᠡᠯ | ᠢ ᠨᠠᠶᠢᠷᠠᠭᠤᠯᠤᠨ ᠵᠤᠭᠢᠶᠠᠬᠤ ᠪᠠ ᠬᠠᠮᠢᠶᠠᠷᠬᠤ ᠶᠢ ᠴᠢᠩᠭᠠᠳᠬᠠᠨ᠂ ᠭᠢᠨᠠᠨ ᠲᠤᠭᠳᠠᠭᠠᠬᠤ᠂ ᠲᠠᠭᠠᠭᠠᠴᠢᠯᠠᠯᠳᠠ ᠵᠠᠷᠯᠠᠬᠤ᠂ ᠭᠢᠨᠠᠨ ᠪᠤᠳᠤᠬᠤ ᠲᠦᠷᠢᠮ ᠢ | ᠲᠡᠭᠦᠯᠳᠠᠷᠵᠢᠭᠦᠯᠵᠦ᠂ ᠡᠳ᠋ ᠤᠨ ᠵᠠᠰᠠᠭ ᠤᠨ ᠪᠠᠯᠠ ᠮᠦᠩᠭᠦ ᠶᠢ ᠪᠦᠷᠢᠯᠭᠡᠭᠦ ᠶᠢ ᠡᠷᠡᠰ ᠴᠠᠭᠠᠵᠠᠯᠠᠨ᠎ᠠ᠃ ᠨᠢᠭᠡ ᠳᠤ᠂ ᠵᠢᠯ ᠤᠨ ᠡᠭᠢᠨ ᠳᠤ ᠲᠦᠰᠤᠪ ᠲᠤ | ᠲᠤᠭᠢᠷᠠᠭᠤᠯᠤᠭᠰᠠᠨ ᠴᠠᠯᠢᠩ ᠢ ᠪᠠᠳᠤᠯᠠᠬᠤ᠂ ᠡᠷᠭᠢᠯᠳᠠ ᠶᠢ ᠪᠠᠳᠤᠯᠠᠬᠤ᠂ ᠲᠤᠭᠳᠠᠭᠤᠨ ᠢ ᠪᠠᠳᠤᠯᠠᠬᠤ ᠵᠠᠷᠤᠯᠭ᠎ᠠ ᠶᠢᠨ ᠲᠤᠭ᠎ᠠ ᠭᠦᠢᠴᠠᠳ ᠪᠠᠶᠢᠬᠤ ᠶᠢ ᠪᠠᠳᠤᠯᠠᠵᠦ | ᠲᠤᠳᠠᠭᠤ ᠲᠤᠷᠭᠤᠨ ᠵᠤᠶᠢᠯ ᠦᠯᠡᠳᠡᠭᠡᠭᠦ ᠦᠭᠡᠢ᠃ ᠬᠤᠶᠠᠷ ᠲᠤ ᠬᠤᠰᠢᠭᠤᠨ ᠨᠠᠮ ᠤᠨ ᠬᠤᠷᠢᠶ᠎ᠡ ᠠᠴᠠ ᠭᠠᠷᠭᠠᠭᠰᠠᠨ ᠭᠤᠤᠯᠳᠠᠯᠭ᠎ᠠ ᠲᠠᠢ ᠰᠢᠢᠳᠪᠤᠷᠢᠳᠦ ᠪᠤᠳᠤᠯᠭ᠎ᠠ | ᠶᠢ ᠤᠷᠤᠨ ᠪᠠᠶᠢᠷᠢ ᠳᠤ ᠭᠦᠷᠳᠡᠯ᠎ᠠ ᠨᠠᠶᠢᠳᠠᠪᠤᠷᠢᠵᠢᠭᠤᠯᠵᠦ ᠲᠦᠷᠤᠯ ᠵᠤᠶᠢᠯ ᠤᠨ ᠡᠮᠤᠨᠡᠭᠢ ᠬᠤᠭᠤᠴᠠᠭᠠᠨ ᠤ ᠵᠠᠷᠤᠳᠠᠯ ᠢ ᠭᠦᠢᠴᠠᠳ ᠦᠯᠡᠳᠡᠭᠡᠨ᠎ᠠ᠃ ᠵᠠᠷᠤᠯᠭ᠎ᠠ ᠶᠢᠨ | ᠠᠭᠢᠴᠠ ᠶᠢ ᠲᠦᠷᠭᠡᠳᠭᠡᠵᠦ᠂ ᠡᠳ᠋ ᠤᠨ ᠵᠠᠰᠠᠭ ᠤᠨ ᠪᠠᠯᠠ ᠮᠦᠩᠭᠦ ᠶᠢᠨ ᠬᠠᠮᠤᠭ ᠤᠨ ᠶᠡᠭᠡ ᠦᠷ᠎ᠠ ᠠᠰᠢᠭ ᠢ ᠪᠠᠳᠠᠷᠠᠭᠤᠯᠤᠨ᠎ᠠ᠃ ᠭᠤᠷᠪᠠ ᠳᠤ᠂ ᠡᠩ ᠤᠨ | ᠵᠠᠷᠤᠯᠭ᠎ᠠ ᠶᠢ ᠭᠢᠵᠠᠭᠠᠷᠯᠠᠨ ᠪᠠᠭᠠᠰᠬᠠᠵᠦ᠂ ︽ᠠᠯᠪᠠᠨ ᠤ ᠭᠤᠷᠪᠠᠨ ᠵᠠᠷᠤᠳᠠᠯ︾ ᠪᠠ ᠬᠤᠷᠠᠯ ᠤᠨ ᠵᠠᠷᠤᠳᠠᠯ᠂ ᠪᠤᠯᠪᠠᠰᠤᠷᠠᠯ ᠤᠨ ᠰᠤᠶᠢᠳᠭᠡᠯ᠂ ᠠᠶᠠᠨ ᠵᠠᠮ ᠤᠨ | ᠵᠠᠷᠤᠳᠠᠯ ᠵᠡᠷᠭᠡ ᠵᠠᠷᠤᠯᠭ᠎ᠠ ᠶᠢᠨ ᠬᠠᠮᠢᠶᠠᠷᠤᠯᠳᠠ ᠶᠢ ᠴᠢᠩᠭᠠᠳᠬᠠᠨ᠂ ᠪᠠᠳᠤᠯᠠᠬᠤ ᠶᠢ ᠨᠢ ᠪᠠᠳᠤᠯᠠᠵᠦ ᠪᠠᠭᠠᠰᠬᠠᠬᠤ ᠶᠢ ᠨᠢ ᠪᠠᠭᠠᠰᠬᠠᠭᠠᠳ ᠶᠠᠳᠠᠭᠤ ᠶᠢ ᠲᠡᠳᠭᠦᠭᠦ ᠪᠠᠯᠠ | ᠤᠷᠤᠭᠤᠯᠤᠯᠳᠠ ᠭᠦᠢᠴᠠᠳ ᠪᠠᠶᠢᠬᠤ ᠶᠢ ᠪᠠᠳᠤᠯᠠᠵᠦ᠂ ᠲᠡᠭᠡᠳᠦ ᠱᠠᠳᠤᠨ ᠤ ᠱᠠᠭᠠᠷᠳᠠᠯᠭ᠎ᠠ ᠶᠢᠨ ᠪᠠᠷᠢᠮᠵᠢᠶ᠎ᠡ ᠳᠤ ᠨᠠᠶᠢᠴᠠᠭᠦᠯᠤᠨᠠ᠃ | ︵ᠲᠦᠷᠪᠠ︶ ᠰᠢᠨ᠎ᠠ ᠭᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠭᠢᠴᠠᠵᠦ᠂ ᠡᠳ᠋ ᠤᠨ ᠵᠠᠰᠠᠭ ᠤᠨ ᠡᠩᠨᠡᠭᠡ ᠶᠢ ᠴᠢᠩᠭᠠᠳᠬᠠᠨ᠎ᠠ | ᠡᠳ᠋ ᠤᠨ ᠵᠠᠰᠠᠭ ᠤᠨ ᠺᠠᠳ᠋ᠷ ᠤᠨ ᠡᠩᠨᠡᠭᠡ ᠳᠤ ᠰᠢᠯᠢᠳᠡᠭ ᠢ ᠲᠤᠭᠢᠷᠠᠭᠤᠯᠵᠦ᠂ ᠲᠤᠰᠬᠠᠢ ᠰᠠᠳᠤᠪᠳᠦ ᠲᠠᠶᠢᠯᠤᠮᠵᠢ ᠡᠷᠭᠢᠯᠠᠭᠦ᠂ ᠸᠢᠴᠡᠲ ᠤᠨ ᠪᠦᠯᠦᠭ ᠤᠨ | ᠰᠤᠷᠤᠯᠴᠠᠯᠭ᠎ᠠ ᠵᠡᠷᠭᠡ ᠤᠯᠠᠨ ᠵᠤᠶᠢᠯ ᠤᠨ ᠭᠡᠯᠪᠠᠷᠢ ᠪᠠᠷ ᠨᠠᠮ ᠤᠨ ᠭᠡᠰᠢᠭᠦᠨ ᠺᠠᠳ᠋ᠷ ᠢ ᠵᠤᠭᠢᠶᠠᠨ ᠪᠠᠶᠢᠭᠤᠯᠵᠦ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ | ᠵᠤᠷᠢᠭ ᠰᠠᠨᠠᠭ᠎ᠠ ᠶᠢ ᠭᠢᠨᠠᠮᠠᠭᠠᠢ ᠰᠤᠷᠤᠯᠴᠠᠨ ᠤᠬᠠᠭᠤᠯᠵᠦ ᠲᠤᠤᠱᠯᠠᠭᠤᠯᠤᠨ᠎ᠠ᠃ ᠲᠡᠭᠡᠭᠡᠳ ᠨᠠᠮ ᠤᠨ ᠭᠡᠰᠢᠭᠦᠨ ᠺᠡᠳ᠋ᠷ ᠲᠤ ᠨᠠᠮ ᠤᠨ ᠠᠷᠪᠠ ᠶᠢᠰᠤᠳᠤᠭᠡᠷ ᠶᠡᠭᠡ | ᠬᠤᠷᠠᠯ ᠤᠨ ᠵᠤᠷᠢᠭ ᠰᠠᠨᠠᠭᠠᠨ ᠤ ᠡᠯᠪᠡᠭ ᠪᠠᠶᠠᠯᠢᠭ ᠠᠭᠤᠯᠤᠭᠳᠠᠬᠤᠨ ᠪᠠ ᠭᠤᠤᠯᠯᠠᠬᠤ ᠴᠢᠬᠤᠯᠠ ᠠᠭᠤᠯᠭ᠎ᠠ ᠶᠢ ᠭᠦᠨᠵᠡᠭᠡᠢ ᠤᠶᠢᠯᠠᠭᠠᠭᠤᠯᠤᠨ ᠡᠵᠡᠮᠰᠢᠭᠦᠯᠤᠭᠡᠳ | ᠨᠠᠪᠳᠠᠷᠠᠳᠠᠯ᠎ᠠ ᠤᠶᠢᠯᠠᠭᠠᠭᠤᠯᠵᠦ ᠰᠤᠷᠤᠭᠰᠠᠨ ᠢᠶᠠᠨ ᠭᠡᠷᠡᠭᠯᠡᠵᠦ ᠴᠢᠳᠠᠬᠤ ᠪᠤᠯᠭᠠᠨ᠎ᠠ᠃ ᠡᠳ᠋ ᠤᠨ ᠵᠠᠰᠠᠭ ᠤᠨ ᠹᠷᠤᠨᠲ ᠤᠨ ᠦᠷᠭᠡᠨ ᠤᠯᠠᠨ ᠺᠡᠳ᠋ᠷ ᠠᠵᠢᠯᠳᠠᠨ ᠢ | ᠰᠤᠷᠭᠠᠨ ᠭᠦᠮᠤᠵᠢᠭᠦᠯᠵᠦ᠂ ᠰᠢᠨᠵᠢᠯᠠᠭᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠠᠷᠢᠭᠤᠨ ᠴᠢᠭᠴᠢ ᠪᠠᠷ ᠡᠳ᠋ ᠤᠨ ᠶᠠᠪᠤᠳᠠᠯ ᠢ ᠬᠠᠮᠢᠶᠠᠷᠬᠤ | ᠤᠶᠢᠯᠠᠭᠠᠭᠳᠠᠬᠤᠨ ᠢ ᠪᠤᠢ ᠪᠤᠯᠭᠠᠨ᠂ ᠲᠦᠪ ᠤᠨ ︽ᠨᠡᠢᠮᠠᠨ ᠲᠤᠭᠳᠠᠭᠠᠯ︾ ᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠶᠢᠯᠠᠴᠢᠯᠠᠭᠦ | ᠤᠬᠠᠮᠰᠠᠷ ᠢᠶᠠᠨ ᠲᠡᠭᠡᠭᠰᠢᠯᠠᠭᠦᠯᠵᠦ᠂ ᠤᠶᠢᠯᠠᠴᠢᠯᠠᠭᠦ ᠭᠡᠯᠪᠠᠷᠢ ᠪᠠᠨ ᠰᠢᠨᠠᠴᠢᠯᠠᠨ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ | ᠲᠦᠪᠰᠢᠨ ᠢᠶᠠᠨ ᠲᠡᠭᠡᠭᠰᠢᠯᠠᠭᠦᠯᠤᠨᠠ᠃ ᠢᠳᠡᠭᠡᠯ ᠪᠠᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠠᠵᠯᠴᠢ ᠭᠢᠴᠢᠶᠠᠩᠭᠦᠢ ᠪᠠᠷ ᠪᠤᠳᠠᠳᠠᠢ ᠠᠵᠢᠯᠯᠠᠭ᠎ᠠ ᠶᠢ | ᠡᠷᠭᠢᠮᠯᠠᠭᠦ᠂ ᠵᠤᠷᠢᠭᠳᠠᠢ ᠡᠭᠦᠷᠭᠡᠯᠡᠭᠦ᠂ ᠰᠤᠷᠳᠠᠯ ᠴᠠᠪᠠᠷ ᠴᠤᠭ ᠵᠤᠯᠢ ᠲᠠᠢ ᠡᠳ᠋ ᠤᠨ ᠵᠠᠰᠠᠭ ᠤᠨ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠦ᠂ ᠡᠳ᠋ ᠤᠨ ᠵᠠᠰᠠᠭ | ᠤᠨ ᠦᠭᠡᠷᠡᠴᠢᠯᠠᠯᠳᠠ ᠪᠠ ᠭᠦᠭᠵᠢᠯᠳᠠ ᠳᠤ ᠭᠦᠴᠦ ᠲᠤᠷᠪᠢᠳᠠᠢ ᠪᠠᠳᠤᠯᠠᠭ᠎ᠠ ᠬᠠᠩᠭᠠᠨ᠎ᠠ᠃ | ᠲᠦᠯᠦᠭᠡᠯᠡᠭᠴᠢᠳ ᠡ᠂ 2018 ᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠤᠪ ᠤᠨ ᠠᠵᠢᠯ ᠤᠨ ᠡᠭᠦᠷᠭᠡ ᠪᠡᠷᠭᠡ ᠬᠠᠳᠠᠭᠤ᠂ | ᠬᠠᠷᠢᠭᠤᠴᠠᠯᠭ᠎ᠠ ᠭᠦᠨᠳᠦ ᠴᠢᠬᠤᠯᠠ᠃ ᠪᠢᠳᠠ ᠬᠤᠰᠢᠭᠤᠨ ᠨᠠᠮ ᠤᠨ ᠬᠤᠷᠢᠶᠠᠨ ᠤ ᠡᠷᠡᠰ ᠪᠠᠳᠦ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ | ᠲᠦᠯᠤᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠭᠢᠨᠠᠯᠳᠠ ᠪᠠ ᠲᠡᠮᠵᠢᠯᠭᠡ ᠲᠤᠤᠷ᠎ᠠ᠂ ᠭᠦᠴᠤᠨ ᠢᠶᠠᠨ ᠨᠢᠠᠠᠳᠠᠷᠠᠭᠤᠯᠵᠦ᠂ | ᠦᠭᠡᠷᠡᠴᠢᠯᠠᠯᠳᠠ ᠭᠢᠵᠦ ᠰᠢᠨ᠎ᠠ ᠶᠢ ᠡᠭᠦᠳᠤᠨ᠂ ᠰᠢᠷᠭᠠᠭᠤ ᠲᠠᠮᠠᠴᠠᠵᠦ᠂ ᠵᠤᠯ ᠵᠢᠷᠭᠠᠯᠳᠦ ᠪᠠᠭᠠᠷᠢᠨ ᠪᠠᠷᠠᠭᠤᠨ ᠬᠤᠰᠢᠭᠤ ᠶᠢ ᠪᠦᠳᠤᠭᠡᠨ ᠪᠠᠶᠢᠭᠤᠯᠬᠤ ᠳᠤ ᠨᠠᠮᠠᠷᠢ | ᠬᠠᠨᠳᠢᠪ ᠢᠶᠠᠨ ᠡᠷᠭᠦᠨ᠎ᠠ᠃ |