ᠳᠣᠲᠣᠭᠠᠳᠤ ᠶᠢ ᠬᠠᠮᠠᠭᠠᠯᠠᠬᠤ ᠲᠣᠪᠴᠢᠶ᠎ᠠ
ᠨᠡᠶᠢᠲᠡᠯᠡᠭᠰᠡᠨ ᠴᠠᠭ᠄
2018/3/8
    ᠭᠤᠣᠯ ᠡᠭᠦᠷᠭᠡ ᠬᠠᠷᠢᠭᠤᠴᠠᠯᠭ᠎ᠠ᠄     ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠳᠦᠷᠢᠮ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠠᠵᠢᠯ ᠢ ᠵᠢᠯᠣᠭᠤᠳᠴᠤ᠂ ᠬᠢᠨᠠᠨ ᠪᠠᠶᠢᠴᠠᠭᠠᠨ᠎ᠠ᠃     ︵ᠬᠤᠶᠠᠷ︶ ᠪᠦᠬᠦ ᠬᠤᠰᠢᠭᠤᠨ ᠤ ᠨᠡᠶᠢᠭᠡᠮ ᠤᠨ ᠪᠠᠶᠢᠳᠠᠯ ᠢ ᠰᠤᠳᠤᠯᠤᠨ ᠵᠠᠳᠠᠯᠵᠤ᠂ ᠲᠣᠭᠲᠠᠭᠤᠨ ᠢ ᠨᠥᠯᠥᠭᠡᠯᠡᠵᠦ ᠪᠠᠶᠢᠭ᠎ᠠ ᠪᠠᠶᠢᠳᠠᠯ᠂ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠨᠥᠯᠥᠭᠡᠯᠡᠵᠦ ᠪᠠᠶᠢᠭ᠎ᠠ ᠪᠠᠶᠢᠳᠠᠯ ᠢ ᠡᠵᠡᠮᠰᠢᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠤᠯᠢ ᠶᠢ ᠵᠥᠷᠢᠴᠡᠵᠦ ᠶᠠᠯ᠎ᠠ ᠬᠢᠬᠦ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ᠂ ᠨᠡᠶᠢᠭᠡᠮ ᠤᠨ ᠠᠮᠤᠷ ᠲᠦᠪᠰᠢᠨ ᠢ ᠴᠡᠭᠴᠡᠯᠡᠬᠦ ᠪᠠ ᠠᠷᠭᠠᠴᠠᠭᠠᠬᠤ ᠠᠷᠭ᠎ᠠ ᠪᠣᠳᠣᠯᠭ᠎ᠠ ᠬᠠᠩᠭᠠᠨ᠎ᠠ᠃    ︵ᠭᠤᠷᠪᠠ︶ ᠤᠯᠤᠰ ᠤᠨ ᠳᠣᠲᠣᠭᠠᠳᠤ ᠶᠢᠨ ᠠᠮᠤᠷ ᠲᠦᠪᠰᠢᠨ ᠤ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠤᠭᠰᠠᠨ ᠬᠡᠷᠡᠭ ᠪᠠ ᠡᠷᠡᠭᠦᠦ ᠶᠢᠨ ᠬᠡᠷᠡᠭ᠂ ᠠᠵᠤ ᠠᠬᠤᠢ ᠶᠢᠨ ᠶᠠᠯᠠᠲᠤ ᠬᠡᠷᠡᠭ ᠢ ᠲᠠᠩᠨᠠᠨ ᠢᠯᠡᠷᠡᠭᠦᠯᠬᠦ ᠠᠵᠢᠯ ᠢ ᠵᠣᠬᠢᠶᠠᠨ ᠪᠠᠶᠢᠭᠤᠯᠵᠤ᠂ ︽ᠨᠣᠮ ᠤᠨ ᠬᠦᠷᠳᠦᠨ ᠪᠢᠰᠢᠯᠭᠠᠯ︾ ᠵᠡᠷᠭᠡ ᠭᠠᠵᠢᠭᠤ ᠱᠠᠰᠢᠨ ᠤ ᠵᠣᠬᠢᠶᠠᠨ ᠪᠠᠶᠢᠭᠤᠯᠤᠯᠲᠠ ᠲᠠᠢ ᠲᠡᠮᠡᠴᠡᠯ ᠬᠢᠬᠦ ᠶᠢ ᠪᠠᠷᠢᠮᠲᠠᠯᠠᠨ᠎ᠠ︔ ᠬᠤᠯᠪᠣᠭᠳᠠᠯ ᠪᠦᠬᠦᠢ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠢᠨᠠᠨ ᠵᠢᠯᠣᠭᠤᠳᠴᠤ᠂ ᠬᠤᠯᠪᠣᠭᠳᠠᠯ ᠪᠦᠬᠦᠢ ᠬᠦᠨᠳᠦ ᠶᠡᠭᠡ ᠭᠡᠮᠲᠦ ᠬᠡᠷᠡᠭ᠂ ᠬᠦᠨᠳᠦ ᠶᠡᠭᠡ ᠬᠡᠷᠡᠭ ᠤᠴᠢᠷ᠂ ᠬᠦᠨᠳᠦ ᠶᠡᠭᠡ ᠠᠮᠤᠷ ᠲᠦᠪᠰᠢᠨ ᠤ ᠠᠶᠤᠯ ᠭᠡᠨᠡᠳᠡᠯ ᠢ ᠵᠣᠬᠢᠴᠠᠭᠤᠯᠤᠨ ᠰᠢᠢᠳᠪᠦᠷᠢᠯᠡᠨ᠎ᠡ᠃    ︵ᠳᠥᠷᠪᠡ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠤᠨ ᠠᠮᠤᠷ ᠲᠦᠪᠰᠢᠨ ᠡᠮᠬᠢ ᠳᠢᠭᠯᠢᠮ ᠳᠤ ᠬᠤᠣᠷ ᠬᠥᠨᠥᠭᠡᠯ ᠤᠴᠠᠷᠠᠭᠤᠯᠤᠭᠰᠠᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠬᠢᠨᠠᠨ ᠵᠢᠯᠣᠭᠤᠳᠤᠨ᠎ᠠ︔  ᠫᠤᠤ ᠵᠡᠪᠰᠡᠭ ᠳᠠᠷᠢ ᠰᠤᠮᠤ᠂ ᠠᠶᠤᠯᠲᠠᠢ ᠳᠡᠯᠪᠡᠷᠡᠬᠦ ᠪᠣᠳᠠᠰ᠂ ᠣᠨᠴᠠᠭᠠᠢ ᠠᠵᠢᠯ ᠲᠥᠷᠥᠯ ᠪᠠ ᠤᠯᠠᠨ ᠨᠡᠶᠢᠲᠡ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ︔ ᠰᠠᠭᠤᠭᠠᠯᠢ ᠠᠷᠠᠳ ᠤᠨ ᠡᠷᠦᠬᠡ ᠠᠮᠠ᠂ ᠪᠡᠶ᠎ᠡ ᠶᠢᠨ ᠦᠨᠡᠮᠯᠡᠬᠦ᠂ ᠤᠯᠤᠰ ᠤᠨ ᠬᠠᠷᠢᠶ᠎ᠠ᠂ ᠬᠢᠯᠢ ᠪᠠᠷ ᠣᠷᠣᠵᠤ ᠭᠠᠷᠬᠤ ᠪᠠ ᠭᠠᠳᠠᠭᠠᠳᠤ ᠤᠯᠤᠰ ᠤᠨ ᠬᠥᠮᠥᠨ᠂ ᠳᠤᠮᠳᠠᠳᠤ ᠶᠢᠨ ᠬᠠᠷᠢᠶᠠᠲᠤ᠂ ᠰᠢᠶᠠᠩᠭᠠᠩ ᠣᠣᠮᠧᠨ ᠲᠠᠶᠢᠸᠠᠨ ᠤ ᠡᠯᠢᠭᠡ ᠨᠢᠭᠡᠲᠡᠨ ᠤ ᠪᠠᠭᠠᠷᠢᠨ ᠪᠠᠷᠠᠭᠤᠨ ᠬᠤᠰᠢᠭᠤᠨ ᠳᠤ ᠣᠷᠣᠰᠢᠨ ᠰᠠᠭᠤᠬᠤ᠂ ᠵᠢᠭᠤᠯᠴᠢᠯᠠᠬᠤ ᠵᠡᠷᠭᠡ ᠬᠤᠯᠪᠣᠭᠳᠠᠯ ᠪᠦᠬᠦᠢ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ︔ ᠭᠠᠳᠠᠭᠠᠳᠤ ᠲᠠᠢ ᠬᠤᠯᠪᠣᠭᠳᠠᠭᠰᠠᠨ ᠬᠡᠷᠡᠭ ᠢ ᠵᠣᠬᠢᠴᠠᠭᠤᠯᠤᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠬᠢᠨᠠᠨ ᠵᠢᠯᠣᠭᠤᠳᠤᠨ᠎ᠠ᠃    ︵ᠲᠠᠪᠤ︶ ᠪᠦᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠤᠯᠢ ᠶᠣᠰᠣᠭᠠᠷ ᠬᠠᠮᠢᠶᠠᠷᠴᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠎ᠠ︔ ᠮᠠᠰᠢᠨ ᠲᠡᠷᠭᠡ ᠪᠠ ᠵᠢᠯᠣᠭᠤᠴᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠮ ᠬᠠᠷᠢᠯᠴᠠᠭᠠᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠵᠡᠭᠡᠯᠢ ᠭᠤᠳᠤᠮᠵᠢ ᠶᠢᠨ ᠠᠮᠤᠷ ᠲᠦᠪᠰᠢᠨ ᠢ ᠴᠠᠭᠳᠠᠨ ᠪᠠᠶᠢᠴᠠᠭᠠᠬᠤ ᠪᠠ ᠵᠡᠭᠡᠯᠢ ᠳᠡᠭᠡᠷᠡᠬᠢ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠵᠦ ᠬᠤᠷᠢᠭᠯᠠᠨ ᠵᠣᠭᠰᠣᠭᠠᠬᠤ ᠠᠵᠢᠯ ᠢ ᠬᠠᠷᠢᠭᠤᠴᠠᠨ᠎ᠠ᠃    ︵ᠵᠢᠷᠭᠤᠭ᠎ᠠ︶ ᠪᠦᠬᠦ ᠬᠤᠰᠢᠭᠤᠨ ᠤ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠤᠳᠤᠷᠢᠳᠤᠨ᠎ᠠ᠃    ︵ᠳᠣᠯᠤᠭ᠎ᠠ︶ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠠᠮᠤᠷ ᠢ ᠬᠠᠮᠠᠭᠠᠯᠠᠬᠤ ᠠᠵᠢᠯ ᠢ ᠬᠢᠨᠠᠨ ᠵᠢᠯᠣᠭᠤᠳᠤᠨ᠎ᠠ︔ ᠤᠯᠠᠨ ᠲᠦᠮᠡᠨᠴᠢ ᠴᠢᠨᠠᠷᠲᠠᠢ ᠠᠮᠤᠷ ᠢ ᠬᠠᠮᠠᠭᠠᠯᠠᠬᠤ ᠠᠶᠤᠯ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ᠂  ᠠᠷᠠᠳ ᠤᠨ ᠴᠠᠭᠳᠠᠭ᠎ᠠ ᠶᠢᠨ ᠡᠩᠨᠡᠭᠡᠨ ᠤ ᠪᠠᠶᠢᠭᠤᠯᠤᠯᠲᠠ ᠪᠠ ᠲᠤᠬᠠᠶᠢᠯᠠᠭᠰᠠᠨ ᠠᠵᠢᠯ ᠢ ᠵᠢᠯᠣᠭᠤᠳᠤᠨ᠎ᠠ᠃    ︵ᠨᠠᠢᠮᠠ︶ ᠪᠦᠬᠦ ᠬᠤᠰᠢᠭᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠲᠣᠣᠷ ᠰᠦᠯᠵᠢᠶᠡᠨ ᠤ ᠠᠮᠤᠷ ᠲᠦᠪᠰᠢᠨ ᠳᠤ ᠬᠢᠨᠠᠯᠲᠠ ᠲᠠᠯᠪᠢᠬᠤ ᠪᠠ ᠰᠦᠯᠵᠢᠶ᠎ᠡ ᠶᠢ ᠠᠰᠢᠭᠯᠠᠵᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃    ︵ᠶᠢᠰᠦ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠭᠡᠯᠡᠵᠦ ᠪᠠᠶᠢᠭ᠎ᠠ ᠡᠷᠡᠭᠦᠦ ᠰᠢᠢᠳᠬᠡᠯ ᠢ ᠭᠦᠢᠴᠡᠳᠬᠡᠬᠦ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ︔ ᠵᠠᠬᠢᠷᠤᠨ ᠬᠠᠮᠢᠶᠠᠷᠬᠤ᠂ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠭᠳᠡᠭᠰᠡᠨ ᠪᠠ ᠲᠡᠩᠰᠡᠨ ᠰᠤᠯᠠᠯᠠᠬᠤ ᠶᠠᠯᠠᠲᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠪᠠᠶᠢᠴᠠᠭᠠᠨ᠎ᠠ︔ ᠬᠤᠰᠢᠭᠤᠨ ᠤ ᠬᠤᠷᠢᠭᠤᠯ ᠤᠨ ᠭᠠᠵᠠᠷ᠂ ᠲᠦᠷ ᠬᠤᠷᠢᠬᠤ ᠭᠠᠵᠠᠷ ᠢ ᠰᠢᠭᠤᠳ ᠬᠠᠮᠢᠶᠠᠷᠤᠨ᠎ᠠ᠃    ︵ᠠᠷᠪᠠ︶ ᠬᠤᠷᠢᠶᠠᠮᠵᠢᠯᠠᠨ ᠬᠥᠮᠥᠵᠢᠭᠦᠯᠵᠦ ᠪᠠ ᠬᠥᠳᠡᠯᠮᠦᠷᠢ ᠪᠠᠷ ᠵᠠᠰᠠᠨ ᠬᠥᠮᠥᠵᠢᠭᠦᠯᠬᠦ ᠶᠢ ᠬᠢᠨᠠᠨ ᠵᠥᠪᠰᠢᠶᠡᠷᠡᠭᠦᠯᠬᠦ ᠪᠠᠷ ᠮᠡᠳᠡᠭᠦᠯᠬᠦ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃    ︵ᠠᠷᠪᠠᠨ ᠨᠢᠭᠡ︶ ᠪᠠᠭᠠᠷᠢᠨ ᠪᠠᠷᠠᠭᠤᠨ ᠬᠤᠰᠢᠭᠤᠨ ᠳᠤ ᠢᠷᠡᠭᠰᠡᠨ ᠨᠠᠮ ᠤᠨ ᠲᠥᠷᠥ ᠶᠢᠨ ᠤᠳᠤᠷᠢᠳᠬᠤ ᠬᠥᠮᠥᠰ᠂ ᠴᠢᠬᠤᠯᠠ ᠭᠠᠳᠠᠭᠠᠳᠤ ᠶᠢᠨ ᠵᠣᠴᠢᠨ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠠᠷᠪᠠᠨ ᠬᠤᠶᠠᠷ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠤᠣᠷ ᠢ ᠴᠠᠭᠠᠵᠠᠯᠠᠬᠤ᠂ ᠬᠤᠣᠷ ᠫᠠᠨᠽᠠᠯᠠᠭᠴᠢ ᠶᠢ ᠪᠠᠷᠢᠪᠴᠢᠯᠠᠬᠤ ᠠᠵᠢᠯ ᠢ ᠵᠣᠬᠢᠶᠠᠨ ᠪᠠᠶᠢᠭᠤᠯᠵᠤ ᠬᠢᠨᠠᠨ ᠵᠢᠯᠣᠭᠤᠳᠤᠨ᠎ᠠ︔ ᠬᠤᠰᠢᠭᠤᠨ ᠤ ᠬᠤᠣᠷᠲᠤ ᠡᠳ᠋ ᠢ ᠴᠠᠭᠠᠵᠠᠯᠠᠬᠤ ᠺᠣᠮᠢᠰ ᠤᠨ ᠠᠯᠪᠠᠨ ᠭᠡᠷ ᠤᠨ ᠡᠳᠦᠷ ᠳᠣᠲᠣᠮ ᠤᠨ ᠠᠵᠢᠯ ᠢ ᠡᠭᠦᠷᠭᠡᠯᠡᠨ᠎ᠡ᠃    ︵ᠠᠷᠪᠠᠨ ᠭᠤᠷᠪᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠡᠪᠰᠡᠭ ᠲᠣᠨᠣᠭᠯᠠᠯ᠂ ᠲᠣᠬᠢᠷᠠᠭᠤᠯᠤᠯᠲᠠ ᠶᠢᠨ ᠲᠥᠯᠥᠪᠯᠡᠭᠡ᠂ ᠮᠡᠳᠡᠭᠦᠯᠬᠦ᠂ ᠬᠤᠪᠢᠶᠠᠷᠢᠯᠠᠬᠤ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠰᠢᠭᠤ ᠲᠣᠪᠴᠢᠶᠠᠨ ᠤ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠵᠠᠷᠤᠳᠠᠯ ᠵᠢᠴᠢ ᠲᠤᠰᠬᠠᠢ ᠵᠦᠢᠯ ᠳᠤ ᠰᠠᠯᠭᠠᠨ ᠥᠭᠭᠦᠭᠰᠡᠨ ᠮᠥᠩᠭᠦ ᠶᠢ ᠬᠤᠪᠢᠶᠠᠷᠢᠯᠠᠬᠤ ᠲᠥᠯᠥᠪᠯᠡᠭᠡ ᠶᠢ ᠬᠠᠷᠢᠭᠤᠴᠠᠬᠤ ᠶᠢᠨ ᠬᠠᠮᠲᠤ ᠵᠠᠷᠤᠳᠠᠯ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃    ︵ᠠᠷᠪᠠᠨ ᠳᠥᠷᠪᠡ︶ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ ᠮᠡᠷᠭᠡᠵᠢᠯ᠂ ᠡᠷᠡᠭᠦᠦ ᠶᠢᠨ ᠬᠡᠷᠡᠭ ᠤᠨ ᠮᠡᠷᠭᠡᠵᠢᠯ ᠪᠠ ᠠᠵᠢᠯᠯᠠᠭ᠎ᠠ ᠶᠢᠨ ᠮᠡᠷᠭᠡᠵᠢᠯ ᠤᠨ ᠪᠠᠶᠢᠭᠤᠯᠤᠯᠲᠠ ᠶᠢ ᠲᠥᠯᠥᠪᠵᠢᠭᠦᠯᠦᠨ᠎ᠡ᠃    ︵ᠠᠷᠪᠠᠨ ᠲᠠᠪᠤ︶ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠶᠢᠨ ᠳᠣᠲᠣᠭᠠᠳᠤ ᠶᠢ ᠬᠠᠮᠠᠭᠠᠯᠠᠬᠤ ᠡᠭᠦᠷᠭᠡ ᠭᠦᠢᠴᠡᠳᠬᠡᠬᠦ ᠪᠠ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠤᠳᠤᠷᠢᠳᠴᠤ ᠵᠢᠯᠣᠭᠤᠳᠤᠨ᠎ᠠ᠃    ︵ᠠᠷᠪᠠᠨ ᠵᠢᠷᠭᠤᠭ᠎ᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ ᠵᠢᠯᠣᠭᠤᠳᠤᠨ᠎ᠠ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯᠲᠠᠨ ᠢ ᠳᠠᠪᠲᠠᠨ ᠪᠣᠯᠪᠠᠰᠤᠷᠠᠭᠤᠯᠬᠤ᠂ ᠬᠥᠮᠥᠵᠢᠭᠦᠯᠬᠦ᠂ ᠱᠠᠩᠨᠠᠵᠤ ᠲᠣᠷᠭᠠᠭᠤᠬᠤ᠂ ᠠᠰᠠᠷᠠᠨ ᠬᠠᠷᠠᠭᠠᠯᠵᠠᠬᠤ ᠪᠠ ᠳᠣᠲᠣᠭᠠᠳᠤ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ ᠬᠢᠨᠠᠨ ᠬᠠᠮᠢᠶᠠᠷᠤᠨ᠎ᠠ︔ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠴᠣᠯᠠ ᠣᠯᠭᠤᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠣᠭᠲᠠᠭᠠᠭᠰᠠᠨ ᠡᠷᠬᠡ ᠮᠡᠳᠡᠯ ᠶᠣᠰᠣᠭᠠᠷ ᠺᠠᠳ᠋ᠷ ᠠᠵᠢᠯᠲᠠᠨ ᠢ ᠬᠠᠮᠢᠶᠠᠷᠤᠨ᠎ᠠ᠃    ︵ᠠᠷᠪᠠᠨ ᠳᠣᠯᠤᠭ᠎ᠠ︶ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠤᠨ᠎ᠠ︔ ᠲᠣᠭᠲᠠᠭᠠᠭᠰᠠᠨ ᠡᠷᠬᠡ ᠮᠡᠳᠡᠯ ᠶᠣᠰᠣᠭᠠᠷ ᠺᠠᠳ᠋ᠷ ᠠᠵᠢᠯᠲᠠᠨ ᠳᠤ ᠬᠢᠨᠠᠯᠲᠠ ᠲᠠᠯᠪᠢᠨ᠎ᠠ︔ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠶᠢ ᠱᠠᠭᠠᠷᠳᠠᠨ ᠪᠠᠶᠢᠴᠠᠭᠠᠵᠤ ᠵᠢᠯᠣᠭᠤᠳᠤᠨ᠎ᠠ︔ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠰᠠᠬᠢᠯᠭ᠎ᠠ ᠪᠠᠲᠤ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃    ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠤᠰᠢᠶᠠᠨ ᠥᠭᠭᠦᠭᠰᠡᠨ ᠪᠤᠰᠤᠳ ᠠᠵᠢᠯ ᠢ ᠭᠦᠢᠴᠡᠳᠬᠡᠨ᠎ᠡ᠃
ᠢᠷᠡᠯᠲᠡ᠄ ᠪᠠᠭᠠᠷᠢᠨ ᠰᠦᠯᠵᠢᠶ᠎ᠡ