ᠬᠤᠶᠠᠷ᠂ 2018 ᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ︵ᠲᠦᠰᠦᠯ ︶ | 2018 ᠤᠨ ᠪᠤᠯ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠬᠤ ᠡᠬᠢᠯᠡᠯᠳᠡ ᠶᠢᠨ ᠵᠢᠯ ᠮᠦᠨ ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠵᠠᠩᠬᠢᠯᠠᠭ᠎ᠠ ᠶᠢᠨ ᠵᠢᠯ ᠮᠦᠨ᠃ ︽ᠠᠷᠪᠠᠨ ᠭᠤᠷᠪᠠᠳᠤᠭᠠᠷ ᠲᠠᠪᠤᠨ ᠵᠢᠯ ︾ ᠤᠨ | ᠲᠦᠯᠦᠪᠵᠢᠬᠦᠯᠭᠡ ᠶᠢᠨ ᠵᠠᠯᠭᠠᠮᠵᠢ ᠤᠨ ᠵᠢᠯ ᠮᠦᠨ᠂ 2018 ᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠠ ᠲᠦᠷᠦᠯ ᠤᠨ ᠠᠵᠢᠯ ᠢ | ᠰᠠᠶᠢᠳᠤᠷ ᠬᠢᠬᠦ ᠨᠢ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ ᠃ ᠬᠤᠰᠢᠭᠤᠨ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠨᠠᠢᠮᠠᠳᠤᠭᠠᠷ ᠤᠳᠠᠭᠠᠨ ᠤ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠨᠳᠤᠰᠤᠯᠠᠪᠠᠯ ᠂ 2018 ᠤᠨ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠶᠢᠨ ᠰᠠᠨᠠᠭᠤᠯᠭ᠎ᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 96.3 | ᠳ᠋ᠦᠩᠰᠢᠭᠤᠷ ᠲᠦᠬᠦᠷᠢᠭ ᠲᠤ ᠬᠦᠷᠭᠡᠵᠦ᠂ 7 % ᠪᠠᠷ ᠨᠡᠮᠡᠭᠳᠡᠬᠦᠯᠵᠤ︔ ᠨᠡᠶᠢᠳᠡ ᠤᠨ ᠡᠳ᠋ ᠶᠢᠨ ᠵᠠᠰᠠᠭ ᠤᠨ ᠲᠦᠰᠦᠪ ᠤᠨ ᠤᠷᠤᠯᠭ᠎ᠠ ᠶᠢ 3.1 | ᠳ᠋ᠦᠩᠰᠢᠭᠤᠷ ᠲᠦᠬᠦᠷᠢᠭ ᠲᠤ ᠬᠦᠷᠭᠡᠵᠦ᠂ 3.8 % ᠪᠠᠷ ᠨᠡᠮᠡᠭᠳᠡᠬᠦᠯᠦᠨ︔ ᠭᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠶᠢ 88 ᠳ᠋ᠦᠩᠰᠢᠭᠤᠷ ᠲᠦᠬᠦᠷᠢᠭ ᠲᠤ ᠬᠦᠷᠭᠡᠵᠦ᠂ 9% ᠤᠷᠴᠢᠮ ᠨᠡᠮᠡᠭᠳᠡᠬᠦᠯᠵᠤ︔ ᠨᠡᠶᠢᠭᠡᠮ ᠤᠨ ᠭᠡᠷᠡᠭᠯᠡᠭᠡ ᠶᠢᠨ ᠡᠳ᠋ ᠪᠤᠳᠠᠰ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠭᠡᠮᠵᠢᠶ᠎ᠠ ᠶᠢ 29.6 ᠳ᠋ᠦᠩᠰᠢᠭᠤᠷ ᠲᠦᠬᠦᠷᠢᠭ ᠳᠤ ᠬᠦᠷᠭᠡᠵᠦ᠂ 8 % ᠠᠴᠠ ᠲᠡᠭᠡᠭᠰᠢ ᠨᠡᠮᠡᠭᠳᠡᠬᠦᠯᠵᠤ︔ | ᠬᠤᠳᠠ ᠪᠠᠯᠭᠠᠰᠤ ᠬᠢᠭᠡᠳ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ | ᠤᠷᠤᠯᠭ᠎ᠠ ᠶᠢ ᠲᠤᠰ ᠲᠤᠰ 27150 ᠲᠦᠬᠦᠷᠢᠭ ᠪᠠ10500 ᠲᠦᠬᠦᠷᠢᠭ ᠲᠤ ᠬᠦᠷᠭᠡᠵᠤ᠂ ᠴᠦᠮ 9 % ᠪᠠᠷ ᠨᠡᠮᠡᠭᠳᠡᠬᠦᠯᠦᠨ︔ ᠬᠤᠳᠠ ᠪᠠᠯᠭᠠᠰᠤᠵᠢᠯᠳᠠ | ᠶᠢ 52% ᠠᠴᠠ ᠲᠡᠭᠡᠭᠰᠢ ᠳᠤ ᠬᠦᠷᠭᠡᠵᠤ︔ ᠬᠤᠳᠠ ᠪᠠᠯᠭᠠᠰᠤᠨ ᠤ ᠲᠠᠩᠰᠠᠯᠠᠭᠰᠠᠨᠠᠵᠢᠯ ᠠᠯᠳᠠᠯᠳᠠ ᠶᠢᠨ ᠨᠤᠷᠮ᠎ᠠ ᠶᠢ 3.87 % ᠶᠢᠨ ᠲᠤᠳᠤᠷ᠎ᠠ | ᠬᠢᠵᠠᠭᠠᠷᠯᠠᠨ᠎ᠠ᠃ ᠬᠦᠮᠦᠨ ᠠᠮᠠ ᠶᠢᠨ ᠠᠶᠠᠨᠳᠠᠭᠠᠨ ᠤ ᠦᠰᠦᠯᠳᠠ ᠶᠢᠨ ᠨᠤᠷᠮ᠎ᠠ᠂ ᠡᠨᠧᠷᠬᠢ ᠠᠷᠪᠢᠯᠠᠵᠤ ᠭᠠᠳᠠᠭᠰᠢᠯᠠᠭᠤᠯᠤᠯᠳᠠ ᠪᠠᠭᠠᠰᠬᠠᠬᠤ ᠵᠡᠷᠭᠡ ᠵᠢᠭᠠᠯᠳᠠ | ᠳᠤ ᠲᠡᠭᠡᠳᠤ ᠱᠠᠳᠤᠨ ᠤ ᠪᠠᠭᠤᠯᠭᠠᠭᠰᠠᠨ ᠬᠠᠷᠠᠯᠳᠠ ᠡᠬᠦᠷᠭᠡ ᠶᠢ ᠪᠡᠶᠡᠯᠡᠬᠦᠯᠤᠨ᠎ᠠ᠃ | ︵ᠨᠢᠭᠡ︶ ᠭᠤᠤᠯ ᠵᠢᠱᠢᠭᠰᠡᠨ ᠬᠠᠷᠠᠯᠳᠠ | 1. ᠤᠷᠤᠨ ᠨᠤᠳᠤᠭ ᠤᠨ ᠦᠢᠯᠠᠳᠪᠤᠷᠢᠯᠠᠯ ᠤᠨ ᠶᠡᠷᠦᠩᠬᠡᠢ ᠦᠷᠳᠡᠭ ᠤᠨ ᠲᠤᠬᠠᠢ ᠵᠢᠱᠢᠭᠰᠡᠨ ᠬᠠᠷᠠᠯᠳᠠ | ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠳᠡᠭ ᠢ 96.3 ᠳ᠋ᠦᠩᠰᠢᠭᠤᠷ ᠲᠦᠬᠦᠷᠢᠭ ᠲᠤ ᠬᠦᠷᠭᠡᠵᠦ᠂ 7% ᠪᠠᠷ | ᠨᠡᠮᠡᠭᠳᠡᠬᠦᠯᠦᠨ᠎ᠡ᠃ ᠭᠤᠤᠯ ᠪᠤᠳᠤᠯᠬᠢᠯᠠᠯ᠄ 2018 ᠤᠨ ᠳᠤ ᠲᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠲᠤᠷᠠᠳᠤᠨ ᠭᠠᠷᠭᠠᠭᠰᠠᠨ | ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ ᠂ ᠰᠢᠨ᠎ᠠ ᠬᠦᠭᠵᠢᠯᠳᠡ ᠶᠢᠨ ᠤᠶᠢᠯᠠᠭᠠᠭᠳᠠᠬᠤᠨ | ᠢ ᠪᠠᠷᠢᠮᠳᠠᠯᠠᠵᠤ ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠤ ᠂ ᠲᠤᠭᠳᠠᠭᠤᠨ | ᠴᠢᠨᠠᠷᠯᠢᠭ ᠵᠤᠭᠤᠰ ᠤᠨ ᠲᠦᠷᠦ ᠶᠢᠨ ᠪᠤᠳᠤᠯᠭ᠎ᠠ ᠪᠠ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠪᠠᠷᠢᠮᠳᠠᠯᠠᠵᠤ ᠂ ᠬᠦᠨᠳᠤ ᠶᠡᠭᠡ | ᠲᠦᠭᠰᠢᠬᠦᠷᠢ ᠶᠢ ᠰᠡᠷᠭᠡᠶᠢᠯᠡᠵᠤ ᠨᠠᠮᠳᠠᠭᠠᠬᠤ ᠂ ᠨᠠᠷᠢᠯᠢᠭ ᠤᠨᠤᠪᠴᠢᠳᠠᠢ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ | ᠰᠢᠪᠳᠤᠯᠬᠤ ᠲᠠᠶᠢᠯᠠᠯᠳᠤᠭᠠᠨ ᠤ ᠲᠠᠯ᠎ᠠ ᠪᠠᠷ ᠪᠠᠳᠤᠳᠠᠢ ᠠᠬᠢᠴᠠ ᠭᠠᠷᠭᠠᠵᠤ᠂ ᠵᠢᠱᠢᠯᠳᠠ ᠶᠢ ᠬᠦᠳᠦᠯᠦᠨ ᠲᠠᠭᠠᠭᠤᠯᠬᠤ ᠪᠠ ᠲᠤᠭᠳᠠᠪᠤᠷᠢᠵᠢᠭᠤᠯᠵᠤ᠂ ᠠᠷᠠᠳ ᠤᠨ | ᠠᠮᠢᠳᠤᠷᠠᠯ ᠢ ᠴᠢᠩᠭᠠᠳᠬᠠᠬᠤ ᠪᠠ ᠰᠠᠶᠢᠵᠢᠷᠠᠭᠤᠯᠵᠤ᠂ ᠠᠵᠤ ᠠᠬᠤᠢ ᠨᠡᠶᠢᠭᠡᠮ ᠶᠢ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ ᠃ | ᠶᠡᠷᠦᠩᠬᠡᠶᠢᠯᠡᠨ ᠰᠤᠳᠤᠯᠤᠨ ᠮᠠᠭᠠᠳᠯᠠᠪᠠᠯ ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠢᠳᠡᠪᠬᠢᠳᠠᠢ ᠬᠦᠴᠦᠨ ᠵᠤᠶᠢᠯ | ᠲᠠᠰᠤᠷᠠᠯᠳᠠ ᠦᠭᠡᠢ ᠨᠡᠮᠡᠭᠳᠡᠵᠤ ᠂ ︽ᠲᠤᠭᠳᠠᠭᠤᠨ︾ ᠤ ᠪᠠᠶᠢᠷᠢᠰᠢᠯ ᠪᠠᠬᠢᠵᠢᠵᠤ ᠂ ︽ᠠᠬᠢᠯᠳᠠ ︾ ᠪᠠ ︽ᠰᠠᠶᠢᠵᠢᠷᠠᠯᠳᠠ︾ ᠶᠢᠨ ᠪᠠᠶᠢᠳᠠᠯ ᠨᠡᠩ | ᠲᠤᠪᠤᠶᠢᠮ᠎ᠠ ᠪᠤᠯᠵᠠᠢ᠃ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠤᠨ ᠬᠤᠷᠳᠤᠴᠠ ᠶᠢᠨ 7% ᠶᠢᠨ ᠵᠢᠱᠢᠯᠳᠠ ᠶᠢ | ᠭᠠᠷᠭᠠᠭᠰᠠᠨ ᠨᠢ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠨ ᠡᠵᠡᠮᠳᠡᠵᠤ ᠪᠤᠯᠬᠤ ᠬᠦᠳᠦᠯᠦᠨ ᠲᠠᠭᠠᠭᠤᠯᠬᠤ | ᠱᠠᠭᠠᠷᠳᠠᠯᠭ᠎ᠠ ᠪᠤᠯᠬᠤ ᠮᠦᠷᠳᠡᠭᠡᠨ ᠪᠠᠰᠠ ᠠᠷᠠᠳ ᠲᠦᠮᠡᠨ ᠤ ᠡᠳᠤᠷ ᠢᠷᠡᠬᠦᠶ᠎ᠠ ᠨᠡᠮᠡᠭᠳᠡᠵᠤ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ | ᠬᠠᠩᠭᠠᠬᠤ ᠱᠠᠭᠠᠷᠳᠠᠯᠭ᠎ᠠ ᠪᠤᠯᠬᠤ ᠶᠤᠮ᠃ ᠨᠡᠩ ᠴᠦ ᠰᠢᠨ᠎ᠠ ᠴᠠᠭ ᠦᠶ᠎ᠡ ᠶᠢᠨ ᠨᠡᠶᠢᠭᠡᠮ ᠵᠢᠷᠤᠮᠳᠤ ᠠᠵᠤ ᠠᠬᠤᠢ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ ᠪᠤᠯᠬᠤ ᠶᠤᠮ ᠃ | ︵1︶ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 12.73 ᠳ᠋ᠦᠩᠰᠢᠭᠤᠷ ᠲᠦᠬᠦᠷᠢᠭ ᠲᠤ ᠬᠦᠷᠭᠡᠵᠤ᠂ 4% ᠤᠷᠴᠢᠮ ᠨᠡᠮᠡᠭᠳᠡᠬᠦᠯᠦᠨ᠎ᠡ᠃ | 2017 ᠤᠨ ᠵᠢᠴᠢ 2018 ᠤᠨ ᠳᠤ ᠭᠡᠷᠡᠭᠵᠢᠬᠦᠯᠬᠦ ᠭᠡᠰᠡᠭ ᠲᠦᠷᠦᠯ ᠵᠤᠶᠢᠯ ᠨᠢ ᠰᠢᠨ᠎ᠠ ᠦᠷᠳᠡᠭ ᠪᠦᠷᠢᠯᠳᠤᠵᠤ᠂ ᠰᠢᠨ᠎ᠠ ᠪᠠᠷ ᠨᠡᠮᠡᠭᠳᠡᠬᠦ ᠨᠡᠮᠡᠭᠳᠡᠯ | ᠦᠷᠳᠡᠭ ᠢ 0.55 ᠳ᠋ᠦᠩᠰᠢᠭᠤᠷ ᠲᠦᠬᠦᠷᠢᠭ ᠢᠶᠠᠷ ᠪᠠᠷᠤᠭᠴᠠᠭᠠᠯᠠᠵᠤ ᠂ ᠲᠤᠭᠳᠠᠪᠤᠷᠢ ᠦᠭᠡᠢ ᠬᠦᠴᠦᠨ ᠵᠤᠶᠢᠯ ᠢ ᠪᠤᠳᠤᠯᠬᠢᠯᠠᠪᠠᠯ ᠂ ᠰᠢᠨ᠎ᠠ ᠪᠠᠷ | ᠨᠡᠮᠡᠭᠳᠡᠬᠦ ᠨᠡᠮᠡᠭᠳᠡᠯ ᠦᠷᠳᠡᠭ ᠢ 0.43 ᠳ᠋ᠦᠩᠰᠢᠭᠤᠷ ᠲᠦᠬᠦᠷᠢᠭ ᠢᠶᠠᠷ ᠵᠢᠱᠢᠪᠠ᠃ ᠭᠤᠤᠯᠳᠠᠭᠤ᠄ ᠭᠠᠵᠠᠷ ᠰᠢᠷᠦᠢ ᠶᠢᠨ ᠴᠡᠭᠴᠡᠯᠡᠨ ᠡᠮᠬᠢᠯᠡᠬᠦ ᠂ ᠪᠦᠷᠬᠦᠬᠦᠯ | ᠤᠨ ᠲᠤᠤᠷ᠎ᠠ ᠲᠤᠰᠤᠯᠭᠠᠨ ᠤᠰᠤᠯᠠᠬᠤ᠂ ᠤᠰᠤᠯᠠᠯᠳᠠ ᠶᠢᠨ ᠤᠷᠤᠨ ᠤ ᠤᠰᠤ ᠠᠷᠪᠢᠯᠠᠬᠤ ᠲᠦᠬᠦᠷᠵᠢᠬᠦᠯᠦᠭᠰᠡᠨ ᠦᠭᠡᠷᠡᠴᠢᠯᠡᠡ ᠵᠠᠰᠠᠯᠳᠠ ᠵᠡᠷᠭᠡ ᠲᠦᠷᠦᠯ | ᠵᠤᠶᠢᠯ ᠢ ᠭᠡᠷᠡᠭᠵᠢᠬᠦᠯᠵᠤ᠂ ᠤᠰᠤᠯᠠᠯᠳᠠ ᠶᠢᠨ ᠲᠠᠯᠠᠪᠠᠢ ᠶᠢ 10 ᠲᠦᠮᠡᠨ ᠮᠤ᠋ ᠰᠢᠨ᠎ᠠ ᠪᠠᠷ ᠨᠡᠮᠡᠭᠳᠡᠬᠦᠯᠬᠦ ᠪᠠ ᠦᠭᠡᠷᠡᠴᠢᠯᠡᠨ ᠰᠠᠶᠢᠵᠢᠷᠠᠭᠤᠯᠵᠤ᠂ ᠰᠢᠨ᠎ᠠ ᠪᠠᠷ | ᠨᠡᠮᠡᠭᠳᠡᠬᠦ ᠨᠡᠮᠡᠭᠳᠡᠯ ᠦᠷᠳᠡᠭ 0.2 ᠳ᠋ᠦᠩᠰᠢᠭᠤᠷ ᠲᠦᠬᠦᠷᠢᠭ︔ ᠬᠤᠸᠠ ᠰᠦᠩ ᠦᠷ᠎ᠡ ᠶᠢᠨ ᠦᠢᠯᠡᠰ ᠤᠨ 2.5 ᠲᠦᠮᠡᠨ ᠮᠤ᠋ ᠲᠦᠮᠦᠰᠤ ᠲᠠᠷᠢᠬᠤ᠂ ᠸᠠᠨ | ᠯᠢ ᠱᠧᠨ ᠨᠦᠩ ᠪᠦᠯᠦᠭᠯᠡᠯ ᠤᠨ 0.8 ᠲᠦᠮᠡᠨ ᠮᠤ᠋ ᠨᠠᠩᠬᠢ ᠡᠷᠳᠡᠨᠢ ᠰᠢᠰᠢ ᠲᠠᠷᠢᠬᠤ ᠂ ᠪᠸᠢ ᠳ᠋ᠠ ᠬᠤᠸᠠᠩ ᠪᠦᠯᠦᠭᠯᠡᠯ ᠤᠨ 5 ᠲᠦᠮᠡᠨ ᠮᠤ᠋ ᠴᠠᠷᠭᠠᠰᠤ ᠲᠠᠷᠢᠬᠤ | ᠵᠡᠷᠭᠡ ᠲᠠᠷᠢᠮᠠᠯ ᠤᠨ ᠦᠢᠯᠡᠰ ᠤᠨ ᠠᠵᠤ ᠦᠢᠯᠡᠰᠵᠢᠯᠳᠠ ᠶᠢᠨ ᠲᠦᠷᠦᠯ ᠵᠤᠶᠢᠯ ᠤᠨ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 0.22 ᠳ᠋ᠦᠩᠰᠢᠭᠤᠷ | ᠲᠦᠬᠦᠷᠢᠭ ︔ ᠮᠢᠬᠠᠨ ᠤ ᠡᠯᠵᠢᠭᠡ 0.3 ᠲᠦᠮᠡᠨ ᠲᠤᠯᠤᠭᠠᠢ ᠂ ᠮᠢᠬᠠᠨ ᠤ ᠬᠤᠨᠢ 10 ᠲᠦᠮᠡᠨ ᠲᠤᠯᠤᠭᠠᠢ᠂ ᠮᠢᠬᠠᠨ ᠤ ᠦᠬᠡᠷ 0.5 ᠲᠦᠮᠡᠨ | ᠲᠤᠯᠤᠭᠠᠢ ᠰᠢᠨ᠎ᠠ ᠪᠠᠷ ᠨᠡᠮᠡᠭᠳᠡᠬᠦᠯᠵᠤ᠂ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 0.13 ᠳ᠋ᠦᠩᠰᠢᠭᠤᠷ ᠲᠦᠬᠦᠷᠢᠭ ᠲᠤ ᠬᠦᠷᠬᠦ ᠪᠤᠯᠤᠨ᠎ᠠ᠃ | ︵2︶ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 53.51 ᠳ᠋ᠦᠩᠰᠢᠭᠤᠷ ᠲᠦᠬᠦᠷᠢᠭ ᠲᠤ ᠬᠦᠷᠭᠡᠵᠤ ᠂ 7 % ᠠᠴᠠ ᠲᠡᠭᠡᠭᠰᠢ | ᠨᠡᠮᠡᠭᠳᠡᠬᠦᠯᠦᠨ᠎ᠡ᠃ | ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 43.6 ᠳ᠋ᠦᠩᠰᠢᠭᠤᠷ ᠲᠦᠬᠦᠷᠢᠭ ᠲᠤ ᠬᠦᠷᠭᠡᠵᠤ ᠂ 7 % ᠠᠴᠠ ᠲᠡᠭᠡᠭᠰᠢ ᠨᠡᠮᠡᠭᠳᠡᠬᠦᠯᠤᠨ᠎ᠡ ᠃ | 2018 ᠤᠨ ᠳᠤ ᠲᠦᠪ ᠤᠨ ᠠᠵᠤ ᠠᠬᠤᠢ ᠶᠢᠨ ᠠᠵᠢᠯ ᠳᠤ ᠪᠤᠳᠠᠳᠤ ᠠᠵᠤ ᠠᠬᠤᠢ ᠶᠢ ᠬᠦᠴᠦᠯᠡᠨ ᠬᠦᠭᠵᠢᠬᠦᠯᠵᠤ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠬᠦᠭᠵᠢᠯᠳᠡ ᠶᠢ ᠲᠡᠮᠵᠢᠵᠤ ᠂ ᠲᠦᠷᠢᠮ ᠤᠨ ᠴᠢᠨᠠᠷᠳᠠᠢ ᠠᠷᠠᠯᠵᠢᠶᠠᠨ ᠤ ᠦᠪᠡᠷ ᠤᠨ ᠦᠷᠳᠡᠭ ᠢ ᠪᠠᠭᠤᠷᠠᠭᠤᠯᠵᠤ ᠂ ᠠᠵᠤ | ᠠᠬᠤᠶᠢᠯᠠᠯ ᠳᠤ ᠬᠤᠯᠪᠤᠭᠳᠠᠭᠰᠠᠨ ᠰᠤᠶᠢᠳᠬᠡᠯ ᠢ ᠦᠷᠬᠦᠯᠵᠢᠯᠡᠨ ᠴᠡᠭᠴᠠᠯᠠᠨ ᠴᠡᠪᠡᠷᠯᠡᠵᠤ ᠂ ᠭᠡᠷᠡᠭᠯᠡᠭᠡᠨ ᠤ ᠡᠨᠧᠷᠬᠢ ᠂ ᠪᠠᠷᠠᠭᠠᠨ ᠤ ᠬᠦᠢᠯᠭᠡᠭᠡᠨ ᠤ ᠦᠪᠡᠷ | ᠤᠨ ᠦᠷᠳᠡᠭ ᠶᠢ ᠪᠠᠭᠤᠷᠠᠭᠤᠯᠤᠨ᠎ᠠ ᠭᠡᠵᠤ ᠴᠢᠬᠤᠯᠠᠴᠢᠯᠠᠭᠰᠠᠨ ᠨᠢ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨᠴᠠᠭᠠᠶᠢᠯᠠᠨ | ᠭᠡᠪᠴᠢᠶᠠᠵᠢᠯ ᠠᠴᠠ ᠲᠡᠭᠡᠭᠰᠢᠬᠢ ᠠᠵᠤ ᠦᠢᠯᠠᠳᠪᠤᠷᠢ ᠶᠢᠨ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠵᠤ ᠪᠦᠳᠦᠮᠵᠢ ᠨᠡᠮᠡᠭᠳᠡᠬᠦᠯᠬᠦ ᠳᠤ | ᠠᠰᠢᠭᠳᠠᠢ ᠶᠤᠮ᠃ ᠡᠬᠦᠨ ᠤ ᠵᠡᠷᠭᠡᠪᠡᠷ᠂ ᠨᠢᠭᠡ ᠪᠦᠯᠦᠭ ᠠᠵᠤ ᠦᠢᠯᠡᠳᠪᠦᠷᠢ ᠶᠢᠨ ᠲᠦᠷᠦᠯ ᠵᠤᠶᠢᠯ ᠠᠰᠢᠭᠯᠠᠯᠳᠠ ᠳᠤ ᠤᠷᠤᠵᠤ᠂ ᠰᠢᠨ᠎ᠠ ᠪᠠᠷ ᠨᠡᠮᠡᠭᠳᠡᠬᠦ | ᠨᠡᠮᠡᠭᠳᠡᠯ ᠦᠷᠳᠡᠭ 4.32 ᠳ᠋ᠦᠩᠰᠢᠭᠤᠷ ᠲᠦᠬᠦᠷᠢᠭ ᠢᠶᠠᠷ ᠪᠠᠷᠤᠭᠴᠠᠭᠠᠯᠠᠵᠤ ᠂ ᠲᠤᠭᠳᠠᠪᠤᠷᠢ ᠦᠭᠡᠢ ᠬᠦᠴᠦᠨ ᠵᠤᠶᠢᠯ ᠢ ᠪᠤᠳᠤᠯᠬᠢᠯᠠᠨ ᠂ ᠰᠢᠨ᠎ᠠ ᠪᠠᠷ | ᠨᠡᠮᠡᠭᠳᠡᠬᠦ ᠨᠡᠮᠡᠭᠳᠡᠯ ᠦᠷᠳᠡᠭ ᠢ 3 ᠳ᠋ᠦᠩᠰᠢᠭᠤᠷ ᠲᠦᠬᠦᠷᠢᠭ ᠢᠶᠠᠷ ᠵᠢᠱᠢᠪᠠ᠃ ᠭᠤᠤᠯᠳᠠᠭᠤ᠄ ᠤᠩᠭᠤᠨ ᠠᠭᠤᠯᠠ ᠶᠢᠨ ᠰᠠᠯᠬᠢᠨ ᠴᠠᠬᠢᠯᠭᠠᠨ ᠤ ᠬᠤᠶᠠᠳᠠᠭᠴᠢ | ᠬᠤᠭᠤᠴᠠᠭ᠎ᠠ᠂ ᠵᠢᠩ ᠤᠤ ᠭᠡᠷᠡᠯ ᠸᠤᠯᠲ ᠶᠢᠨ ᠴᠠᠬᠢᠯᠭᠠᠨ ᠭᠠᠷᠭᠠᠬᠤ ᠬᠤᠶᠠᠳᠠᠭᠴᠢ ᠬᠤᠭᠤᠴᠠᠭ᠎ᠠ᠂ 1.7 ᠲᠦᠮᠡᠨ ᠺᠢᠯᠤᠸᠤᠯᠲ ᠶᠠᠳᠠᠭᠤ ᠶᠢ ᠲᠡᠳᠬᠦᠬᠦ | ᠭᠡᠷᠡᠯ ᠸᠤᠯᠲ ᠶᠢᠨ ᠴᠠᠬᠢᠯᠭᠠᠨ ᠭᠠᠷᠭᠠᠬᠤ ᠵᠡᠷᠭᠡ ᠲᠦᠷᠦᠯ ᠵᠤᠶᠢᠯ ᠤᠨ ᠡᠨᠧᠷᠬᠢ ᠶᠢᠨ ᠠᠵᠤ ᠦᠢᠯᠡᠳᠪᠦᠷᠢ ᠶᠢᠨ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ | 1.48 ᠳ᠋ᠦᠩᠰᠢᠭᠤᠷ ᠲᠦᠬᠦᠷᠢᠭ︔ ᠬᠦᠪ ᠤᠨ ᠮᠤᠬᠤᠷ ᠤᠨ 5000 ᠲᠤᠨ ᠲᠤᠭᠤᠯᠭ᠎ᠠ ᠴᠠᠶᠢᠷ ᠤᠨ ᠠᠭᠤᠷᠬᠠᠢ ᠶᠢᠨ ᠬᠦᠳᠡᠷ ᠰᠤᠩᠭᠤᠬᠤ ᠂ ᠯᠤᠤ ᠶᠢᠨ | ᠴᠢᠰᠤᠨ ᠴᠢᠯᠠᠭᠤ ᠪᠤᠯᠪᠠᠰᠤᠷᠠᠭᠤᠯᠬᠤ ᠵᠡᠷᠭᠡ ᠲᠦᠷᠦᠯ ᠵᠤᠶᠢᠯ ᠤᠨ ᠲᠠᠶᠢᠴᠢᠯᠠᠨ ᠲᠠᠭᠠᠭᠤᠯᠬᠤ ᠠᠭᠤᠷᠬᠠᠢ ᠶᠢᠨ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 1.25 | ᠳ᠋ᠦᠩᠰᠢᠭᠤᠷ ᠲᠦᠬᠦᠷᠢᠭ ︔ ᠬᠤᠩ ᠹᠠ ᠪᠠᠭᠠᠷᠢᠨ ᠮᠠᠯ ᠠᠵᠤ ᠠᠬᠤᠢ ᠶᠢᠨ ᠮᠢᠠᠬᠨ ᠤ ᠬᠤᠨᠢ ᠡᠳ᠋ᠰᠢᠬᠦᠯᠬᠦ᠂ ᠸᠠ ᠬᠠ ᠬᠠ ᠰᠠᠪᠠᠯᠠᠭᠰᠠᠨ ᠤᠰᠤᠨ ᠤ | ᠦᠢᠯᠡᠳᠪᠦᠷᠢᠯᠡᠯ ᠵᠡᠷᠭᠡ ᠲᠦᠷᠦᠯ ᠵᠤᠶᠢᠯ ᠤᠨ ᠲᠠᠶᠢᠴᠢᠯᠠᠨ ᠲᠠᠭᠠᠭᠤᠯᠬᠤ ᠢᠳᠡᠭᠡᠨ ᠤ ᠡᠳ᠋ᠰᠢᠬᠦᠯᠦᠨ ᠪᠤᠯᠪᠠᠰᠤᠷᠠᠭᠤᠯᠬᠤ ᠠᠵᠤ ᠦᠢᠯᠡᠳᠪᠦᠷᠢ ᠵᠢᠨᠰᠢᠨᠠ ᠪᠠᠷ | ᠨᠡᠮᠡᠭᠳᠡᠬᠦ ᠨᠡᠮᠡᠭᠳᠡᠯ ᠦᠷᠳᠡᠭ 1.36 ᠳ᠋ᠦᠩᠰᠢᠭᠤᠷ ᠲᠦᠬᠦᠷᠢᠭ ︔ ᠶᠢᠨ ᠵᠢᠢ ᠠᠮᠢᠳᠤ ᠪᠤᠳᠠᠰ ᠤᠨ ᠪᠤᠷᠳᠤᠭ᠎ᠠ ᠪᠤᠯᠪᠠᠰᠤᠷᠠᠭᠤᠯᠬᠤ᠂ ᠶᠤᠸᠠᠨ ᠢ ᠠᠮᠢᠳᠤ | ᠪᠤᠳᠠᠰ ᠤᠨ ᠰᠢᠳᠠᠮᠠᠭᠠᠢ ᠭᠡᠢ ᠵᠡᠷᠭᠡ ᠲᠦᠷᠦᠯ ᠵᠤᠶᠢᠯ ᠤᠨ ᠲᠠᠶᠢᠴᠢᠯᠠᠨ ᠲᠠᠭᠠᠭᠤᠯᠬᠤ ᠪᠤᠰᠤᠳ ᠠᠵᠤ ᠦᠢᠯᠡᠳᠪᠦᠷᠢ ᠵᠢᠨᠰᠢᠨᠠ ᠪᠠᠷ ᠨᠡᠮᠡᠭᠳᠡᠬᠦ ᠨᠡᠮᠡᠭᠳᠡᠯ ᠦᠷᠳᠡᠭ | 0.23 ᠳ᠋ᠦᠩᠰᠢᠭᠤᠷ ᠲᠦᠬᠦᠷᠢᠭ ᠪᠠᠶᠢᠬᠤ ᠪᠤᠯᠤᠨ᠎ᠠ᠃ | ᠪᠠᠷᠢᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠢ 9.51 ᠳ᠋ᠦᠩᠰᠢᠭᠤᠷ ᠲᠦᠬᠦᠷᠢᠭ ᠲᠤ ᠬᠦᠷᠭᠡᠵᠤ᠂ 7% ᠪᠠᠷ ᠨᠡᠮᠡᠭᠳᠡᠬᠦᠯᠤᠨ᠎ᠡ ᠃ ᠭᠤᠤᠯ | ᠪᠤᠳᠤᠯᠬᠢᠯᠠᠯ᠄ 2018 ᠤᠨ ᠳᠤ ᠮᠠᠨ ᠤ ᠬᠤᠰᠢᠭᠤᠨ ᠤ ᠭᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 88 ᠳ᠋ᠦᠩᠰᠢᠭᠤᠷ | ᠲᠦᠬᠦᠷᠢᠭ ᠲᠤ ᠬᠦᠷᠴᠤ᠂ ᠪᠠᠷᠢᠯᠭ᠎ᠠ ᠶᠢᠨ ᠦᠢᠯᠡᠰ ᠢ ᠲᠠᠶᠢᠴᠢᠯᠠᠬᠤ ᠨᠡᠮᠡᠭᠳᠡᠯ ᠦᠷᠳᠡᠭ 0.51 ᠳ᠋ᠦᠩᠰᠢᠭᠤᠷ ᠲᠦᠬᠦᠷᠢᠭ ᠰᠢᠨ᠎ᠠ ᠪᠠᠷ ᠨᠡᠮᠡᠭᠳᠡᠬᠦ ᠪᠤᠯᠤᠨ᠎ᠠ᠃ | ︵3︶ ᠭᠤᠳᠠᠭᠠᠷ ᠠᠵᠤ ᠦᠢᠯᠡᠰ ᠤᠨ ᠨᠡᠮᠡᠭᠳᠡᠯ ᠦᠷᠳᠡᠭ ᠢ 30.46 ᠳ᠋ᠦᠩᠰᠢᠭᠤᠷ ᠲᠦᠬᠦᠷᠢᠭ ᠲᠤ ᠬᠦᠷᠭᠡᠵᠤ ᠂ 8 % ᠪᠠᠷ ᠨᠡᠮᠡᠭᠳᠡᠬᠦᠯᠤᠨ᠎ᠡ᠃ | ᠭᠤᠤᠯ ᠬᠦᠴᠦᠨ ᠵᠤᠶᠢᠯ᠄ 2018 ᠤᠨ ᠳᠤ᠂ ᠤᠯᠤᠰ ᠤᠨ ᠭᠡᠷᠡᠭᠯᠡᠭᠡ ᠶᠢ ᠨᠡᠮᠡᠭᠳᠡᠬᠦᠯᠬᠦ ᠲᠦᠷᠦ ᠶᠢᠨ ᠪᠤᠳᠤᠯᠭ᠎ᠠ ᠶᠢᠨ ᠭᠡᠷᠡᠭᠵᠢᠬᠦ ᠵᠢᠴᠢ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠬᠦ ᠨᠢ ᠮᠠᠨ ᠤ ᠬᠤᠰᠢᠭᠤᠨ ᠤ ᠭᠤᠳᠠᠭᠠᠷ ᠠᠵᠤ ᠦᠢᠯᠡᠰ ᠤᠨ ᠲᠤᠭᠳᠠᠭᠤᠨ ᠬᠦᠭᠵᠢᠯᠳᠡ | ᠶᠢ ᠬᠦᠴᠦᠳᠠᠢ ᠲᠦᠯᠬᠢᠨ ᠠᠬᠢᠭᠤᠯᠵᠤ ᠂ ᠤᠨᠴᠠᠭᠠᠶᠢᠯᠠᠨ ᠡᠯᠧᠺᠲᠷᠦᠨ ᠬᠤᠳᠠᠯᠳᠤᠭ᠎ᠠ ᠂ ᠰᠤᠶᠦᠯ ᠵᠤᠭᠠᠴᠠᠯ ᠤᠨ ᠲᠦᠷᠭᠡᠨ ᠬᠦᠭᠵᠢᠯᠳᠡ ᠳᠤ ᠰᠢᠨ᠎ᠠ | ᠭᠦᠳᠡᠯᠭᠡᠭᠴᠢ ᠬᠦᠴᠦᠨ ᠨᠡᠮᠡᠷᠢᠯᠡᠵᠤ᠂ ᠭᠤᠳᠠᠭᠠᠷ ᠠᠵᠤ ᠦᠢᠯᠡᠰ ᠤᠨ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 2.65 ᠳ᠋ᠦᠩᠰᠢᠭᠤᠷ ᠲᠦᠬᠦᠷᠢᠭ ᠢᠶᠠᠷ | ᠪᠠᠷᠤᠭᠴᠠᠭᠠᠯᠠᠵᠤ᠂ ᠲᠤᠭᠳᠠᠪᠤᠷᠢ ᠦᠭᠡᠢ ᠬᠦᠴᠦᠨ ᠵᠤᠶᠢᠯ ᠢ ᠪᠤᠳᠤᠯᠬᠢᠯᠠᠨ᠂ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ ᠢ 2.06 ᠳ᠋ᠦᠩᠰᠢᠭᠤᠷ ᠲᠦᠬᠦᠷᠢᠭ ᠢᠶᠠᠷ | ᠵᠢᠱᠢᠪᠠ᠃ ᠭᠤᠤᠯᠳᠠᠭᠤ᠄ ᠪᠠᠭᠠᠷᠢᠨ ᠰᠢᠶᠠᠨ ᠳ᠋ᠠ ᠬᠦᠢᠳᠡᠨ ᠬᠡᠯᠬᠢᠶᠠᠨ ᠤ ᠪᠠᠷᠠᠭᠠᠨ ᠤ ᠬᠦᠢᠯᠭᠡᠭᠡᠨ᠂ ᠤᠶᠤᠨᠴᠢ ᠲᠠᠯ᠎ᠠ ᠨᠤᠳᠤᠭ ᠤᠨ ᠶᠡᠭᠡ ᠳ᠋ᠠᠶᠢᠲ᠋ᠠ ᠶᠢᠨ | ᠲᠠᠪᠴᠠᠩ ᠵᠡᠷᠭᠡ ᠲᠦᠷᠦᠯ ᠵᠤᠶᠢᠯ ᠤᠨ ᠠᠷᠠᠯᠵᠢᠶ᠎ᠠ ᠬᠤᠳᠠᠯᠳᠤᠭᠠᠨ ᠤ ᠬᠦᠮᠦᠷᠭᠡᠯᠡᠬᠦ ᠦᠢᠯᠡᠰ ᠢ ᠲᠠᠶᠢᠴᠢᠯᠠᠬᠤ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 1.18 | ᠳ᠋ᠦᠩᠰᠢᠭᠤᠷ ᠲᠦᠬᠦᠷᠢᠭ︔ ᠪᠠᠭᠠᠷᠢᠨ ᠨᠠᠭᠤᠷ ᠵᠢᠴᠢ ᠡᠷᠭᠢᠨ ᠲᠤᠭᠤᠷᠢᠨ ᠤ ᠤᠷᠤᠨ ᠪᠦᠰᠡ ᠶᠢᠨ ᠵᠤᠭᠠᠴᠠᠯ ᠤᠨ ᠨᠡᠭᠡᠭᠡᠨ ᠠᠰᠢᠭᠯᠠᠯᠳᠠ ᠂ ᠲᠠᠯ᠎ᠠ ᠨᠤᠳᠤᠭ | ᠤᠨ ᠬᠦᠯᠢᠶᠡᠨ ᠠᠪᠬᠤ ᠲᠦᠪ ᠵᠡᠷᠭᠡ ᠲᠦᠷᠦᠯ ᠵᠤᠶᠢᠯ ᠤᠨ ᠵᠤᠭᠠᠴᠠᠯ ᠤᠨ ᠠᠵᠤ ᠦᠢᠯᠡᠰ ᠢ ᠲᠠᠶᠢᠴᠢᠯᠠᠨ ᠲᠠᠭᠠᠭᠤᠯᠬᠤ ᠰᠢᠨ᠎ᠠ ᠪᠠᠷ ᠨᠡᠮᠡᠭᠳᠡᠬᠦ | ᠨᠡᠮᠡᠭᠳᠡᠯ ᠦᠷᠳᠡᠭ 1.04 ᠳ᠋ᠦᠩᠰᠢᠭᠤᠷ ᠲᠦᠬᠦᠷᠢᠭ ︔ ᠮᠦᠩᠬᠦᠨ ᠬᠦᠢᠯᠭᠡᠭᠡᠨ ᠵᠢᠴᠢ ᠭᠡᠷ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠰᠢᠨ᠎ᠠ ᠪᠠᠷ | ᠨᠡᠮᠡᠭᠳᠡᠬᠦ ᠨᠡᠮᠭᠳᠡᠯ ᠦᠷᠳᠡᠭ 0.25 ᠳ᠋ᠦᠩᠰᠢᠭᠤᠷ ᠲᠦᠬᠦᠷᠢᠭ︔ ᠰᠢᠯᠵᠢᠮᠡᠯ ᠬᠤᠯᠪᠤᠭ᠎ᠠ᠂ ᠲᠤᠤᠷ ᠰᠦᠯᠵᠢᠶ᠎ᠡ᠂ ᠤᠳᠠᠰᠤᠳᠤ ᠲᠧᠯᠸᠢᠰ ᠵᠡᠷᠭᠡ ᠴᠢᠮᠡᠭᠡ | ᠨᠡᠪᠳᠡᠷᠡᠯᠭᠡ ᠶᠢᠨ ᠭᠡᠷᠡᠭᠯᠡᠭᠡ ᠶᠢᠨ ᠨᠡᠮᠡᠭᠳᠡᠯ ᠤᠨ ᠲᠠᠶᠢᠴᠢᠯᠠᠨ ᠲᠠᠭᠠᠭᠤᠯᠬᠤ ᠠᠰᠢᠭ ᠬᠤᠨᠵᠢᠪᠤᠷᠢ ᠶᠢᠨ ᠴᠢᠨᠠᠷ ᠲᠠᠢ ᠦᠢᠯᠡᠴᠢᠯᠡᠭᠡᠨ ᠤ ᠦᠢᠯᠡᠰ ᠤᠨ ᠨᠡᠮᠡᠭᠳᠡᠯ | ᠦᠷᠳᠡᠭ 0.07 ᠳ᠋ᠦᠩᠰᠢᠭᠤᠷ ᠲᠦᠬᠦᠷᠢᠭ ︔ ᠰᠤᠷᠭᠠᠨ ᠬᠦᠮᠦᠵᠢᠯ᠂ ᠡᠷᠡᠬᠦᠯ ᠬᠠᠮᠠᠭᠠᠠᠯᠠᠯ᠂ ᠰᠢᠨᠵᠢᠯᠡᠭᠡ ᠮᠡᠷᠭᠡᠵᠢᠯ᠂ ᠨᠠᠰᠤᠳᠠᠨ ᠢ ᠠᠰᠠᠷᠠᠬᠤ ᠵᠡᠷᠭᠡ ᠠᠰᠢᠭ | ᠬᠤᠨᠵᠢᠪᠤᠷᠢ ᠶᠢᠨ ᠪᠤᠰᠤ ᠦᠢᠯᠡᠴᠢᠯᠭᠡᠨ ᠤ ᠦᠢᠯᠡᠰ ᠤᠨ ᠰᠢᠨ᠎ᠠ ᠪᠠᠷ ᠨᠡᠮᠡᠭᠳᠡᠬᠦ ᠨᠡᠮᠡᠭᠳᠡᠯ ᠦᠷᠳᠡᠭ 0.11 ᠳ᠋ᠦᠩᠰᠢᠭᠤᠷ ᠲᠦᠬᠦᠷᠢᠭ ᠲᠤ ᠬᠦᠷᠬᠦ ᠪᠤᠯᠤᠨ᠎ᠠ᠃ | | 2. ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠳᠠ ᠶᠢᠨ ᠵᠢᠱᠢᠭᠰᠡᠨ ᠬᠠᠷᠠᠯᠳᠠ | ᠭᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 88 ᠳ᠋ᠦᠩᠰᠢᠭᠤᠷ ᠲᠦᠬᠦᠷᠢᠭ ᠪᠡᠶᠡᠯᠡᠬᠦᠯᠵᠦ᠂ 9% ᠤᠷᠴᠢᠮ | ᠨᠡᠮᠡᠭᠳᠡᠬᠦᠯᠦᠨ᠎ᠡ᠃ ᠭᠤᠤᠯ ᠬᠦᠴᠦᠨ ᠵᠤᠶᠢᠯ᠄ 2018 ᠤᠨ ᠳᠤ ᠲᠦᠯᠦᠪᠯᠡᠨ ᠭᠡᠷᠡᠭᠵᠢᠬᠦᠯᠬᠦ ᠭᠤᠤᠯᠳᠠᠯᠭ᠎ᠠ ᠲᠠᠢ ᠲᠦᠷᠦᠯ ᠵᠤᠶᠢᠯ ︵ᠤᠷᠤᠨ ᠪᠦᠰᠡ | ᠠᠯᠭᠠᠰᠠᠭᠰᠠᠨ ᠲᠦᠷᠦᠯ ᠵᠤᠶᠢᠯ ᠢ ᠪᠠᠭᠳᠠᠭᠠᠬᠤ ᠦᠭᠡᠢ ︶ ᠲᠤᠰ ᠵᠢᠯ ᠳᠤ 99.3 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠦ᠂ | ᠲᠦᠷᠦᠯ ᠵᠤᠶᠢᠯ ᠭᠡᠷᠡᠭᠵᠢᠬᠦᠯᠬᠦ ᠳᠤ ᠤᠷᠤᠰᠢᠵᠤ ᠪᠠᠶᠢᠭ᠎ᠠ ᠲᠤᠭᠳᠠᠪᠤᠷᠢ ᠦᠭᠡᠢ ᠬᠦᠴᠦᠨ ᠵᠤᠶᠢᠯ ᠢ ᠪᠤᠳᠤᠯᠬᠢᠯᠠᠨ᠂ ᠪᠡᠯᠡ ᠤᠷᠤᠭᠤᠯᠤᠯᠳᠠ 88 ᠳ᠋ᠦᠩᠰᠢᠭᠤᠷ | ᠲᠦᠬᠦᠷᠢᠭ ᠪᠡᠶᠡᠯᠡᠬᠦᠯᠵᠤ ᠂ 9% ᠤᠷᠴᠢᠮ ᠨᠡᠮᠡᠭᠳᠡᠬᠦᠯᠬᠦ ᠪᠠᠷ ᠵᠢᠱᠢᠪᠠ ᠃ ᠭᠤᠤᠯᠳᠠᠭᠤ᠄ ᠵᠢᠯ ᠳᠤ 70 ᠲᠦᠮᠡᠨ ᠲᠤᠨ ᠡᠲ᠋ᠠ ᠬᠤᠶᠠᠷᠴᠢ ᠠᠯᠺᠤᠤᠯ | ᠦᠢᠯᠡᠳᠪᠦᠷᠢᠯᠡᠬᠦ᠂ ᠵᠢᠯ ᠳᠤ 120 ᠲᠤᠨ ᠤ ᠡᠾᠷᠦᠮ ᠤᠨ ᠬᠠᠶᠢᠯᠤᠰᠢ ᠦᠢᠯᠡᠳᠪᠦᠷᠢᠯᠡᠬᠦ ᠵᠡᠷᠭᠡ ᠠᠵᠤ ᠦᠢᠯᠡᠳᠪᠦᠷᠢ ᠶᠢᠨ ᠲᠦᠷᠦᠯ ᠵᠤᠶᠢᠯ ᠨᠢ ᠲᠤᠰ ᠵᠢᠯ | ᠳᠤ 33.54 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ ︔ ᠪᠸᠢ ᠳ᠋ᠠ ᠬᠤᠸᠠᠩ ᠺᠤᠮᠫᠠᠨᠢ ᠶᠢᠨ ᠴᠠᠷᠭᠠᠰᠤ ᠲᠠᠷᠢᠬᠤ ᠵᠢᠴᠢ ᠮᠢᠬᠠᠨ | ᠡᠯᠵᠢᠭᠡ ᠲᠡᠵᠢᠭᠡᠨ ᠦᠷᠡᠵᠢᠬᠦᠯᠬᠦ ᠰᠠᠭᠤᠷᠢᠨ ᠭᠠᠵᠠᠷ᠂ ᠸᠠᠨ ᠯᠢ ᠱᠧᠨ ᠨᠦᠩ ᠨᠠᠩᠬᠢ ᠡᠷᠳᠡᠨᠢ ᠰᠢᠰᠢ ᠲᠠᠷᠢᠬᠤ ᠵᠡᠷᠭᠡ ᠲᠠᠷᠢᠶᠠᠯᠠᠩ ᠮᠠᠯ ᠠᠵᠤ ᠠᠬᠤᠢ | ᠶᠢᠨ ᠲᠦᠷᠦᠯ ᠵᠤᠶᠢᠯ ᠨᠢ ᠲᠤᠰ ᠵᠢᠯ ᠳᠤ 32.42 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ ︔ ᠳ᠋ᠠᠪᠠᠨ ᠤ ᠬᠤᠶᠠᠳᠤᠭᠠᠷ ᠪᠤᠬᠢᠷ | ᠤᠰᠤ ᠰᠢᠢᠳᠪᠦᠷᠢᠯᠡᠬᠦ ᠦᠢᠯᠡᠳᠪᠦᠷᠢ᠂ ᠳ᠋ᠠᠪᠠᠨ ᠪᠠᠯᠭᠠᠰᠤᠨ ᠤ ᠬᠤᠳᠠ ᠲᠤᠭᠤᠷᠢᠭ ᠤᠨ ᠤᠰᠤᠨ ᠬᠠᠩᠭᠠᠮᠵᠢ ᠶᠢᠨ ᠢᠨᠵᠧᠨᠧᠷᠢᠩ ᠵᠡᠷᠭᠡ ᠬᠤᠳᠠ ᠪᠠᠯᠭᠠᠰᠤᠨ | ᠤ ᠰᠠᠭᠤᠷᠢ ᠲᠦᠬᠦᠭᠡᠷᠦᠮᠵᠢ ᠵᠢᠴᠢ ᠭᠡᠷ ᠭᠠᠵᠠᠷ ᠬᠦᠷᠦᠩᠭᠡ ᠶᠢᠨ ᠨᠡᠭᠡᠭᠡᠨ ᠠᠰᠢᠭᠯᠠᠬᠤ ᠲᠦᠷᠦᠯ ᠵᠤᠶᠢᠯ ᠨᠢ ᠲᠤᠰ ᠵᠢᠯ ᠳᠤ 15.15 ᠳ᠋ᠦᠩᠰᠢᠭᠤᠷ | ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ ︔ ᠪᠠᠭᠠᠷᠢᠨ ᠪᠠᠷᠠᠭᠤᠨ ᠬᠤᠰᠢᠭᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠭᠡᠭᠡᠨ ᠤ ᠬᠦᠷᠢᠶᠠᠯᠠᠩ | ᠲᠤᠭᠤᠷᠢᠭ ᠤᠨ ᠰᠠᠭᠤᠷᠢ ᠲᠦᠬᠦᠭᠡᠷᠦᠮᠵᠢ ᠂ ᠲᠠᠯ᠎ᠠ ᠨᠤᠳᠤᠭ ᠤᠨ ᠬᠦᠯᠢᠶᠠᠨ ᠠᠪᠬᠤ ᠲᠦᠪ ᠵᠡᠷᠭᠡ ᠠᠷᠠᠯᠵᠢᠶ᠎ᠠ ᠬᠤᠳᠠᠯᠳᠤᠭ᠎ᠠ ᠬᠦᠢᠯᠭᠡᠭᠡᠨ ᠤ ᠲᠦᠷᠦᠯ | ᠵᠤᠶᠢᠯ ᠨᠢ ᠲᠤᠰ ᠵᠢᠯ ᠳᠤ 6.07 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠨ︔ ᠨᠡᠶᠢᠳᠡ ᠶᠢᠨ ᠭᠡᠷᠡᠭᠯᠡᠭᠡᠨ ᠤ ᠨᠢᠰᠭᠡᠯ ᠤᠨ ᠪᠠᠭᠤᠳᠠᠯ | ᠂ ᠲᠤᠷᠵᠢᠭᠰᠠᠨ ᠵᠠᠰᠠᠮᠠᠯ ᠵᠠᠮ ᠤᠨ ᠦᠭᠡᠷᠡᠴᠢᠯᠡᠨ ᠦᠷᠭᠡᠵᠢᠬᠦᠯᠬᠦ ᠪᠦᠳᠦᠭᠡᠨ ᠪᠠᠶᠢᠭᠤᠯᠤᠯᠳᠠ ᠵᠡᠷᠭᠡ ᠲᠦᠷᠦᠯ ᠵᠤᠶᠢᠯ ᠨᠢ ᠲᠤᠰ ᠵᠢᠯ ᠳᠤ 2.55 | ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ︔ ᠪᠠᠭᠠᠷᠢᠨ ᠨᠠᠭᠤᠷ ᠵᠢᠴᠢ ᠡᠷᠬᠢᠨ ᠲᠤᠭᠤᠷᠢᠨ ᠤ ᠤᠷᠤᠨ ᠪᠦᠰᠡ ᠶᠢᠨ ᠵᠤᠭᠠᠴᠠᠯ ᠤᠨ | ᠨᠡᠭᠡᠭᠡᠨ ᠠᠰᠢᠭᠯᠠᠯᠳᠠ ᠂ ᠭᠡᠰᠡᠷ ᠤᠨ ᠵᠢᠭᠠᠨ ᠰᠤᠷᠭᠠᠯᠳᠠ ᠶᠢᠨ ᠭᠠᠵᠠᠷ ᠵᠡᠷᠭᠡ ᠰᠤᠶᠤᠯ ᠵᠤᠭᠠᠴᠠᠯ ᠤᠨ ᠲᠦᠷᠦᠯ ᠵᠤᠶᠢᠯ ᠨᠢ ᠲᠤᠰ ᠵᠢᠯ ᠳᠤ 7.01 | ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ︔ ᠪᠭᠠᠷᠢᠨ ᠪᠠᠷᠠᠭᠤᠨ ᠬᠤᠰᠢᠭᠤᠨ ᠤ ᠦᠩᠭᠡ ᠭᠡᠷᠡᠯᠳᠤ ᠬᠦᠷᠢᠶᠠᠯᠠᠩ᠂ ᠭᠤᠷᠪᠠᠳᠤᠭᠠᠷ | ᠭᠡᠤᠭᠡᠳ ᠤᠨ ᠴᠡᠴᠡᠷᠯᠢᠭ ᠵᠡᠷᠭᠡ ᠨᠠᠶᠢᠭᠡᠮ ᠤᠨ ᠦᠢᠯᠡᠰ ᠤᠨ ᠲᠦᠷᠦᠯ ᠵᠤᠶᠢᠯ ᠨᠢ ᠲᠤᠰ ᠵᠢᠯ ᠳᠤ 2.57 ᠳ᠋ᠦᠩᠰᠢᠭᠤᠷ ᠲᠦᠬᠦᠷᠢᠭ ᠪᠡᠯᠡ ᠤᠷᠤᠭᠤᠯᠬᠤ | ᠪᠠᠷ ᠲᠦᠯᠦᠪᠯᠡᠵᠤ ᠪᠠᠶᠢᠨ᠎ᠠ᠃ | 3. ᠨᠡᠶᠢᠭᠡᠮ ᠤᠨ ᠭᠡᠷᠡᠭᠯᠡᠭᠡ ᠶᠢᠨ ᠡᠳ᠋ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠭᠡᠮᠵᠢᠶ᠎ᠠ ᠶᠢᠨ ᠵᠢᠱᠢᠭᠰᠡᠨ ᠬᠠᠷᠠᠯᠳᠠ | ᠨᠡᠶᠢᠭᠡᠮ ᠤᠨ ᠭᠡᠷᠡᠭᠯᠡᠭᠡ ᠶᠢᠨ ᠡᠳ᠋ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠭᠡᠮᠵᠢᠶ᠎ᠠ ᠶᠢ 29.6 ᠳ᠋ᠦᠩᠰᠢᠭᠤᠷ ᠲᠦᠬᠦᠷᠢᠭ ᠳᠤ ᠬᠦᠷᠭᠡᠵᠤ | ᠂ 8% ᠠᠴᠠ ᠲᠡᠭᠡᠭᠰᠢ ᠨᠡᠮᠡᠭᠳᠡᠬᠦᠯᠤᠨ᠎ᠠ ᠃ ᠭᠤᠤᠯ ᠪᠤᠳᠤᠯᠬᠢᠯᠠᠯ ᠄ 2018 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠤᠯᠳᠠ ᠨᠢ | ᠮᠠᠯᠴᠢᠨ ᠲᠠᠷᠢᠶᠠᠴᠢᠳ ᠤᠨ ᠤᠷᠤᠯᠭ᠎ᠠ ᠶᠢ ᠪᠦᠳᠦᠮᠵᠢᠳᠠᠢ ᠲᠡᠭᠡᠭᠰᠢᠯᠡᠬᠦᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠤᠨ | ᠬᠦᠷᠢᠶ᠎ᠠ ᠴᠠᠷᠠᠭ᠎ᠠ ᠲᠠᠶᠢᠰᠢ ᠭᠡᠯᠪᠡᠶᠢᠯᠭᠡᠵᠤ ᠂ ᠰᠤᠷᠠᠭ ᠵᠠᠩᠬᠢ᠂ ᠡᠷᠡᠬᠦᠯ ᠮᠡᠨᠳᠤ ᠪᠠᠷ ᠨᠠᠰᠤᠳᠠᠨ ᠢ ᠠᠰᠠᠷᠠᠬᠤ᠂ ᠭᠡᠷᠡᠭᠯᠡᠭᠡᠨ ᠤ ᠲᠠᠯᠳᠠ ᠬᠦᠴᠦᠨ ᠢ | ᠴᠢᠯᠦᠭᠡᠯᠡᠬᠦ ᠵᠡᠷᠭᠡ ᠨᠢ ᠭᠡᠷᠡᠭᠯᠡᠭᠡᠨ ᠤ ᠲᠤᠭᠳᠠᠭᠤᠨ ᠨᠡᠮᠡᠭᠳᠡᠯ ᠳᠤ ᠲᠤᠰᠠ ᠨᠡᠮᠡᠷᠢ ᠪᠤᠯᠵᠤ ᠂ ᠡᠬᠦᠨ ᠤ ᠲᠡᠭᠡᠷ᠎ᠡ ᠡᠯᠧᠺᠲᠷᠦᠨ ᠬᠤᠳᠠᠯᠳᠤᠭᠠᠨ ᠤ | ᠶᠠᠪᠤᠳᠠᠯ ᠤᠨ ᠬᠦᠭᠵᠢᠯᠳᠡ ᠶᠢᠨ ᠲᠦᠬᠦᠭᠡᠷᠦᠮᠵᠢ ᠶᠢᠨ ᠨᠦᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ 2018 ᠤᠨ ᠳᠤ ᠮᠠᠨ ᠤ ᠬᠤᠰᠢᠭᠤᠨ ᠤ | ᠨᠡᠶᠢᠭᠡᠮ ᠤᠨ ᠭᠡᠷᠡᠭᠯᠡᠭᠡ ᠶᠢᠨ ᠡᠳ᠋ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠭᠡᠮᠵᠢᠶ᠎ᠠ ᠮᠦᠨ ᠨᠡᠯᠢᠶᠠᠳ ᠲᠦᠷᠭᠡᠨ ᠨᠡᠮᠡᠭᠳᠡᠯ ᠢ ᠪᠠᠳᠤᠯᠠᠬᠤ ᠪᠤᠯᠤᠨ᠎ᠠ ᠃ | | 4. ᠬᠤᠳᠠ ᠪᠠᠯᠭᠠᠰᠤ ᠪᠠ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ | ᠪᠤᠯᠬᠤ ᠤᠷᠤᠯᠭ᠎ᠠ ᠶᠢᠨ ᠵᠢᠱᠢᠭᠰᠡᠨ ᠬᠠᠷᠠᠯᠳᠠ | ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 27150 ᠲᠦᠬᠦᠷᠢᠭ ᠲᠤ ᠬᠦᠷᠭᠡᠵᠤ᠂ | 9% ᠪᠠᠷ ᠨᠡᠮᠡᠭᠳᠡᠬᠦᠯᠦᠨ᠎ᠡ᠃ ᠲᠤᠤᠷᠠᠬᠢ ᠲᠦᠷᠪᠡᠨ ᠬᠦᠴᠦᠨ ᠵᠤᠶᠢᠯ ᠳᠤ ᠬᠦᠮᠦᠨ ᠲᠤᠮᠳᠠᠴᠢ ᠪᠠᠷ 2860 ᠲᠦᠬᠦᠷᠢᠭ ᠨᠡᠮᠡᠭᠳᠡᠬᠦᠯᠵᠤ᠂ ᠲᠤᠭᠳᠠᠪᠤᠷᠢ | ᠦᠭᠡᠢ ᠬᠦᠴᠦᠨ ᠵᠤᠶᠢᠯ ᠢ ᠪᠤᠳᠤᠯᠬᠢᠯᠠᠵᠤ᠂ ᠬᠤᠳᠠ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ | 2250 ᠲᠦᠬᠦᠷᠢᠭ ᠰᠢᠨ᠎ᠠ ᠪᠠᠷ ᠨᠡᠮᠡᠭᠳᠡᠬᠦᠯᠦᠨ᠎ᠡ᠃ ᠭᠤᠤᠯᠳᠠᠭᠤ᠄ ᠬᠤᠳᠠ ᠪᠠᠯᠭᠠᠰᠤᠨ ᠤ ᠠᠵᠢᠯ ᠤᠯᠭᠤᠯᠳᠠ ᠳᠤ 1300 ᠬᠦᠮᠦᠨ ᠰᠢᠨ᠎ᠠ ᠪᠠᠷ | ᠨᠡᠮᠡᠭᠳᠡᠬᠦ ᠵᠢᠴᠢ ᠴᠠᠯᠢᠩ ᠤᠨ ᠤᠷᠤᠯᠭ᠎ᠠ ᠶᠢᠨ ᠦᠷᠬᠦᠯᠵᠢᠯᠡᠨ ᠨᠡᠮᠡᠭᠳᠡᠬᠦ ᠵᠡᠷᠭᠡ ᠬᠦᠴᠦᠨ ᠵᠤᠶᠢᠯ ᠨᠢ ᠬᠦᠮᠦᠨ ᠲᠤᠮᠳᠠᠴᠢ ᠶᠢᠨ ᠴᠠᠯᠢᠩ ᠤᠨ | ᠴᠢᠨᠠᠷᠳᠠᠢ ᠤᠷᠤᠯᠭ᠎ᠠ ᠶᠢ 590 ᠲᠦᠭᠦᠷᠢᠭ ᠨᠡᠮᠡᠭᠳᠡᠬᠦᠯᠵᠤ ︔ ᠭᠡᠷᠡᠭᠯᠡᠭᠡᠨ ᠤ ᠵᠠᠬ᠎ᠠ ᠲᠡᠯᠭᠡᠬᠦᠷ ᠰᠠᠶᠢᠵᠢᠷᠠᠵᠤ ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ | ᠶᠢᠨ ᠴᠢᠨᠠᠷᠳᠠᠢ ᠦᠭᠡᠷᠡᠴᠢᠯᠡᠯᠳᠡ ᠶᠢ ᠭᠡᠷᠡᠭᠵᠢᠬᠦᠯᠬᠦ ᠵᠡᠷᠭᠡ ᠶᠢᠨ ᠲᠠᠶᠢᠴᠢᠯᠠᠨ ᠲᠠᠭᠠᠭᠤᠯᠬᠤ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢ ᠬᠦᠮᠦᠨ ᠲᠤᠮᠳᠠᠴᠢ | ᠪᠠᠷ 350 ᠲᠦᠬᠦᠷᠢᠭ ᠨᠡᠮᠡᠭᠳᠡᠬᠦᠯᠦᠨ ︔ 2000 ᠡᠷᠦᠭᠡ ᠲᠠᠢ ᠬᠤᠳᠠ ᠪᠠᠯᠭᠠᠰᠤᠨ ᠤ ᠪᠦᠷᠭᠡ ᠭᠡᠷ ᠲᠤᠭᠤᠷᠢᠭ ᠢ ᠦᠭᠡᠷᠡᠴᠢᠯᠡᠨ ᠪᠠᠶᠢᠭᠤᠯᠬᠤ ᠵᠡᠷᠭᠡ | ᠶᠢᠨ ᠬᠦᠮᠦᠨ ᠲᠤᠮᠳᠠᠴᠢ ᠶᠢᠨ ᠡᠳ᠋ ᠬᠦᠷᠦᠩᠭᠡ ᠶᠢᠨ ᠴᠢᠨᠠᠷᠳᠠᠢ ᠤᠷᠤᠯᠭ᠎ᠠ ᠶᠢ 1800 ᠲᠦᠬᠦᠷᠢᠭ ᠨᠡᠮᠡᠭᠳᠡᠬᠦᠯᠵᠤ᠂ ᠲᠤᠤᠷ᠎ᠠ ᠤᠷᠤᠯᠭ᠎ᠠ ᠲᠠᠢ ᠬᠦᠮᠦᠰ | ᠤᠨ ᠪᠠᠳᠤᠯᠠᠭ᠎ᠠ ᠵᠢᠴᠢ ᠡᠯ᠎ᠡ ᠲᠦᠷᠦᠯ ᠤᠨ ᠲᠠᠭᠠᠳᠬᠠᠯ ᠤᠨ ᠪᠦᠷᠬᠦᠴᠠ ᠲᠡᠯᠡᠬᠦ᠂ ᠪᠠᠷᠢᠮᠵᠢᠶ᠎ᠠ ᠲᠡᠭᠡᠭᠰᠢᠯᠡᠬᠦ ᠵᠡᠷᠭᠡ ᠬᠦᠴᠦᠨ ᠵᠤᠶᠢᠯ ᠨᠢ ᠬᠦᠮᠦᠨ | ᠲᠤᠮᠳᠠᠴᠢ ᠶᠢᠨ ᠰᠢᠯᠵᠢᠯᠳᠠ ᠶᠢᠨ ᠴᠢᠨᠠᠷᠳᠠᠢ ᠤᠷᠤᠯᠭ᠎ᠠ ᠶᠢ ᠲᠠᠶᠢᠴᠢᠯᠠᠨ 120 ᠲᠦᠬᠦᠷᠢᠭ ᠨᠡᠮᠡᠭᠳᠡᠬᠦᠯᠤᠨ᠎ᠡ ᠃ | ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠵᠢᠨᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ | 10500 ᠲᠦᠬᠦᠷᠢᠭ ᠲᠤ ᠬᠦᠷᠭᠡᠵᠤ᠂ 9% ᠪᠠᠷ ᠨᠡᠮᠡᠭᠳᠡᠬᠦᠯᠦᠨ᠎ᠡ᠃ ᠲᠤᠤᠷᠠᠬᠢ ᠬᠦᠴᠦᠨ ᠵᠤᠶᠢᠯ ᠨᠢ ᠬᠦᠮᠦᠨ ᠲᠤᠮᠳᠠᠴᠢ ᠪᠠᠷ 1150 ᠲᠦᠬᠦᠷᠢᠭ | ᠨᠡᠮᠡᠭᠳᠡᠬᠦᠯᠵᠤ᠂ ᠲᠤᠭᠳᠠᠪᠤᠷᠢ ᠦᠭᠡᠢ ᠬᠦᠴᠦᠨ ᠵᠤᠶᠢᠯ ᠢ ᠪᠤᠳᠤᠯᠬᠢᠯᠠᠨ ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ | ᠬᠦᠮᠦᠨ ᠲᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ 910 ᠲᠦᠬᠦᠷᠢᠭ ᠰᠢᠨ᠎ᠠ ᠪᠠᠷ ᠨᠡᠮᠡᠭᠳᠡᠬᠦᠯᠤᠨ᠎ᠡ ᠃ ᠭᠤᠤᠯᠳᠠᠭᠤ᠄ ᠮᠠᠯᠴᠢᠨ ᠲᠠᠷᠢᠶᠠᠴᠢᠳ ᠤᠨ | ᠰᠢᠯᠵᠢᠯᠳᠠ ᠠᠵᠢᠯ ᠤᠯᠭᠤᠯᠳᠠ ᠶᠢ 2.5 ᠲᠦᠮᠡᠨ ᠬᠦᠮᠦᠨ ᠰᠢᠨ᠎ᠠ ᠪᠠᠷ ᠨᠡᠮᠡᠭᠳᠡᠬᠦᠯᠵᠤ᠂ ᠬᠦᠮᠦᠨ ᠲᠤᠮᠳᠠᠴᠢ ᠶᠢᠨ ᠴᠠᠯᠢᠩ ᠤᠨ ᠴᠢᠨᠠᠷᠳᠠᠢ | ᠤᠷᠤᠯᠭ᠎ᠠ ᠶᠢ 160 ᠲᠦᠬᠦᠷᠢᠭ ᠨᠡᠮᠡᠭᠳᠡᠬᠦᠯᠵᠤ︔ 10 ᠲᠦᠮᠡᠨ ᠮᠤ᠋ ᠦᠨᠳᠤᠷ ᠪᠠᠷᠢᠮᠵᠢᠶᠠᠳᠤ ᠲᠡᠷᠢᠶᠠᠨ ᠭᠠᠵᠠᠷ ᠂ 3000 ᠮᠤ᠋ ᠲᠦᠬᠦᠭᠡᠷᠦᠮᠵᠢᠳᠤ | ᠲᠠᠷᠢᠶᠠᠯᠠᠩ ᠂ ᠬᠤᠩ ᠹᠠ ᠮᠢᠬᠠᠨ ᠬᠤᠨᠢ᠂ ᠪᠸᠢ ᠳ᠋ᠠ ᠬᠤᠸᠠᠩ ᠺᠤᠮᠫᠠᠨᠢ ᠶᠢᠨ ᠴᠠᠷᠭᠠᠰᠤ ᠲᠠᠷᠢᠬᠤ ᠵᠡᠷᠭᠡ ᠲᠡᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠳᠠ ᠶᠢᠨ ᠲᠦᠷᠦᠯ ᠵᠤᠶᠢᠯ ᠨᠢ ᠭᠡᠷᠡᠭᠵᠢᠯᠳᠡ ᠶᠢᠨ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢ ᠲᠠᠶᠢᠴᠢᠯᠠᠨ 510 ᠲᠦᠬᠦᠷᠢᠭ ᠨᠡᠮᠡᠭᠳᠡᠬᠦᠯᠵᠤ ︔ | ᠵᠠᠮ ᠬᠠᠷᠢᠯᠴᠠᠭ᠎ᠠ᠂ ᠰᠢᠨ᠎ᠠ ᠡᠨᠧᠷᠬᠢ ᠵᠡᠷᠭᠡ ᠲᠦᠷᠦᠯ ᠵᠤᠶᠢᠯ ᠤᠨ ᠭᠠᠵᠠᠷ ᠲᠠᠳᠠᠪᠤᠷᠢᠯᠡᠨ ᠭᠡᠷᠡᠭᠯᠡᠬᠦ ᠨᠦᠬᠦᠪᠦᠷᠢ᠂ 10 ᠲᠦᠮᠡᠨ ᠮᠤ᠋ ᠭᠠᠵᠠᠷ ᠰᠢᠷᠦᠢ ᠶᠢ | ᠡᠷᠬᠢᠯᠳᠡ ᠳᠤ ᠤᠷᠤᠭᠤᠯᠬᠤ ᠵᠡᠷᠭᠡ ᠨᠢ ᠡᠳ᠋ ᠬᠦᠷᠦᠩᠭᠡ ᠶᠢᠨ ᠴᠢᠨᠠᠷᠳᠠᠢ ᠤᠷᠤᠯᠭ᠎ᠠ ᠶᠢ ᠲᠠᠶᠢᠴᠢᠯᠠᠨ130 ᠲᠦᠬᠦᠷᠢᠭ ᠨᠡᠮᠡᠭᠳᠡᠬᠦᠯᠵᠤ ︔ ᠨᠠᠷᠢᠯᠢᠭ | ᠤᠨᠤᠪᠴᠢᠳᠠᠢ ᠶᠠᠳᠠᠭᠤ ᠶᠢ ᠲᠡᠳᠬᠦᠬᠦ ᠵᠢᠴᠢ ᠲᠤᠤᠷ᠎ᠠ ᠪᠠᠳᠤᠯᠠᠭ᠎ᠠ ᠶᠢᠨ ᠨᠦᠬᠦᠪᠦᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠬᠦ ᠵᠡᠷᠭᠡ ᠲᠦᠷᠦ ᠶᠢᠨ ᠪᠤᠳᠤᠯᠭ᠎ᠠ | ᠶᠢᠨ ᠨᠠᠶᠢᠳᠠᠪᠦᠷᠢᠵᠢᠯᠳᠠ ᠨᠢ ᠬᠦᠮᠦᠨ ᠲᠤᠮᠳᠠᠴᠢ ᠶᠢᠨ ᠰᠢᠯᠵᠢᠯᠳᠠ ᠤᠷᠤᠯᠭ᠎ᠠ ᠶᠢ ᠲᠠᠶᠢᠴᠢᠯᠠᠨ 350 ᠲᠦᠬᠦᠷᠢᠭ ᠨᠡᠮᠡᠭᠳᠡᠬᠦᠯᠬᠦ ᠪᠤᠯᠤᠨ᠎ᠠ ᠃ | ︵ᠬᠤᠶᠠᠷ︶ ᠭᠤᠤᠯ ᠡᠬᠦᠷᠭᠡ ᠪᠠ ᠠᠷᠭ᠎ᠠ ᠭᠡᠮᠵᠢᠶ᠎ᠠ | 2018 ᠤᠨ ᠳᠤ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠦᠭ ᠠᠶᠠᠰ ᠢ ᠪᠠᠷᠢᠮᠳᠠᠯᠠᠵᠤ ᠂ ᠠᠵᠤ ᠠᠬᠤᠢ ᠶᠢᠨ | ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠠᠭᠠᠵᠤ᠂ ᠬᠠᠩᠭᠠᠯᠭ᠎ᠠ ᠶᠢᠨ ᠲᠠᠯ᠎ᠠ ᠪᠦᠳᠦᠴᠠ ᠶᠢᠨ ᠴᠢᠨᠠᠷᠳᠠᠢ | ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠤ ᠂ ᠭᠤᠤᠯᠳᠠᠯᠭ᠎ᠠ ᠲᠠᠢ ᠲᠦᠷᠦᠯ ᠵᠤᠶᠢᠯ ᠢᠶᠠᠷ ᠬᠦᠴᠦᠯᠡᠬᠦ ᠴᠢᠭ ᠪᠤᠯᠭᠠᠨ᠂ ᠠᠷᠠᠳ ᠤᠨ ᠠᠮᠢᠳᠤᠷᠠᠯ ᠤᠨ | ᠵᠤᠯ ᠵᠢᠷᠭᠠᠯ ᠢᠶᠠᠷ ᠲᠤᠰᠤᠯᠳᠠ ᠶᠢᠨ ᠴᠢᠭ ᠪᠤᠯᠭᠠᠵᠤ ᠂ ᠨᠡᠮᠡᠭᠳᠡᠯ ᠢ ᠲᠤᠭᠳᠠᠪᠤᠷᠢᠵᠢᠭᠤᠯᠵᠤ᠂ ᠦᠭᠡᠷᠡᠴᠢᠯᠡᠯᠳᠡ ᠶᠢ ᠠᠬᠢᠭᠤᠯᠤᠨ᠂ ᠠᠷᠠᠳ ᠤᠨ | ᠠᠮᠢᠳᠤᠷᠠᠯ ᠳᠤ ᠠᠰᠢᠭ ᠬᠦᠷᠳᠡᠭᠡᠵᠤ᠂ ᠠᠮᠢ ᠠᠬᠤᠢ ᠶᠢ ᠰᠢᠯᠢᠳᠡᠭᠵᠢᠬᠦᠯᠤᠨ᠂ ᠲᠦᠭᠰᠢᠬᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ ᠢ | ᠨᠢᠭᠡᠳᠦᠯᠵᠢᠬᠦᠯᠦᠨ ᠰᠠᠶᠢᠳᠤᠷ ᠬᠢᠵᠤ ᠂ ᠪᠦᠬᠦ ᠵᠢᠯ ᠤᠨ ᠬᠠᠷᠠᠯᠳᠠ ᠡᠬᠦᠷᠭᠡ ᠪᠠᠨ ᠪᠠᠶᠡᠯᠡᠬᠦᠯᠬᠦ ᠶᠢ ᠪᠠᠳᠤᠯᠠᠨ᠎ᠠ᠃ ᠂ | — ᠲᠦᠷᠦᠯ ᠵᠤᠶᠢᠯ ᠢ ᠠᠳᠬᠤᠨ᠂ ᠤᠷᠤᠭᠤᠯᠤᠯᠳᠠ ᠶᠢ ᠰᠢᠯᠢᠳᠡᠭᠵᠢᠬᠦᠯᠤᠨ᠎ᠠ᠃ ᠨᠢᠭᠡᠳᠦᠯᠵᠢᠬᠦᠯᠤᠨ ᠵᠤᠬᠢᠴᠠᠭᠤᠯᠬᠤ ᠶᠢ ᠴᠢᠩᠭᠠᠳᠬᠠᠨ᠂ | ᠬᠠᠷᠢᠭᠤᠴᠠᠯᠭ᠎ᠠ ᠨᠡᠶᠢᠳᠠᠪᠦᠷᠢᠵᠢᠭᠤᠯᠬᠤ ᠶᠢ ᠴᠢᠩᠭᠠᠷᠠᠭᠤᠯᠵᠤ ᠂ ᠬᠢᠨᠠᠨ ᠪᠠᠶᠢᠴᠠᠭᠠᠯᠳᠠ ᠬᠢᠨᠠᠨ ᠰᠢᠯᠭᠠᠯᠳᠠ ᠶᠢ ᠴᠢᠩᠳᠠᠯᠠᠨ ᠂ ᠲᠤᠳᠠᠭᠤᠳᠠᠯ ᠢᠶᠠᠨ | ᠪᠠᠶᠢᠴᠠᠭᠠᠨ ᠡᠷᠢᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢᠨ ︽ᠡᠪᠦᠯ ᠤᠨ ᠤᠯᠠᠷᠢᠯ ᠤᠨ | ᠪᠤᠭᠤᠮᠳᠠ ᠰᠢᠪᠳᠤᠯᠬᠤ︾ ᠠᠵᠢᠯᠯᠠᠭ᠎ᠠ ᠶᠢ ᠬᠦᠴᠦᠯᠡᠨ ᠦᠷᠨᠢᠬᠦᠯᠵᠤ ᠂ ᠲᠦᠯᠦᠪᠯᠡᠨ ᠭᠡᠷᠡᠭᠵᠢᠬᠦᠯᠬᠦ ᠭᠡᠵᠤ ᠪᠠᠶᠢᠭ᠎ᠠ 99 ᠭᠤᠤᠯᠳᠠᠯᠭ᠎ᠠ ᠲᠠᠢ ᠲᠦᠷᠦᠯ ᠵᠤᠶᠢᠯ | ᠤᠨ ᠪᠦᠳᠦᠭᠡᠨ ᠪᠠᠶᠢᠭᠤᠯᠤᠯᠳᠠ ᠶᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ ᠂ ᠵᠢᠯ ᠳᠤ 70 ᠲᠦᠮᠡᠨ ᠲᠤᠨ ᠡᠲ᠋ᠠ ᠬᠤᠶᠠᠷᠴᠢ ᠠᠯᠺᠤᠤᠯ | ᠦᠢᠯᠡᠳᠪᠦᠷᠢᠯᠡᠬᠦ ᠂ 120 ᠲᠦᠮᠡᠨ ᠲᠤᠨ ᠡᠾᠷᠦᠮ ᠤᠨ ᠬᠠᠶᠢᠯᠤᠰᠢ ᠦᠢᠯᠡᠳᠪᠦᠷᠢᠯᠡᠬᠦ ᠵᠡᠷᠭᠡ ᠨᠢᠭᠡ ᠪᠦᠯᠦᠭ ᠴᠢᠬᠤᠯᠠ ᠲᠦᠷᠦᠯ ᠵᠤᠶᠢᠯ ᠢ ᠡᠬᠢᠯᠡᠬᠦᠯᠬᠦ ᠶᠢ | ᠪᠠᠳᠤᠯᠠᠵᠤ ᠂ ᠪᠡᠯᠡ ᠤᠷᠤᠭᠤᠯᠤᠯᠳᠠ ᠶᠢᠨ ᠨᠡᠮᠡᠭᠳᠡᠯ ᠢ ᠲᠤᠭᠳᠠᠪᠤᠷᠢᠵᠢᠭᠤᠯᠬᠤ ᠵᠠᠩᠬᠢᠯᠠᠭ᠎ᠠ ᠶᠢᠨ ᠦᠢᠯᠡᠳᠤᠯ ᠢ ᠪᠠᠳᠠᠷᠠᠭᠤᠯᠤᠨ᠎ᠠ ᠃ ᠲᠠᠪᠠᠭᠤᠯᠢᠭ | ᠭᠤᠤᠯᠯᠠᠭᠴᠢ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠬᠦᠭᠵᠢᠵᠤ ᠪᠠᠶᠢᠭ᠎ᠠ ᠠᠵᠤ ᠦᠢᠯᠡᠰ ᠲᠤ ᠲᠦᠪᠯᠡᠷᠡᠬᠦᠯᠵᠤ ᠂ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ᠂ ᠠᠵᠢᠯ ᠲᠦᠷᠦᠯ ᠤᠨ ᠪᠠᠶᠢᠳᠠᠯ᠂ ᠪᠡᠯᠡ ᠤᠷᠤᠭᠤᠯᠤᠯᠳᠠ ᠶᠢᠨ ᠬᠠᠯᠠᠮᠰᠢᠯ ᠴᠢᠭ ᠢ ᠤᠨᠤᠪᠴᠢᠳᠠᠢ ᠡᠵᠡᠮᠳᠡᠵᠤ᠂ | ᠨᠡᠩ ᠨᠡᠭᠡᠭᠡᠯᠳᠡᠳᠡᠢ ᠤᠶᠢᠯᠠᠭᠠᠭᠳᠠᠬᠤᠨ᠂ ᠨᠡᠩ ᠪᠤᠳᠠᠳᠠᠢ ᠠᠷᠭ᠎ᠠ ᠭᠡᠮᠵᠢᠶ᠎ᠠ ᠶᠢ ᠠᠪᠴᠤ᠂ ᠠᠵᠤ ᠦᠢᠯᠡᠰ ᠤᠨ ᠭᠡᠯᠬᠢᠶᠠᠨ ᠲᠡᠭᠡᠷ᠎ᠡ ᠨᠠᠷᠢᠯᠢᠭ ᠤᠨᠤᠪᠴᠢᠳᠠᠢ | ᠠᠷᠠᠯᠵᠢᠶᠠᠴᠢᠨ ᠤᠷᠢᠬᠤ ᠶᠢ ᠬᠦᠨᠵᠡᠭᠡᠢ ᠦᠷᠨᠢᠬᠦᠯᠵᠤ ᠂ ᠨᠢᠭᠡ ᠪᠦᠯᠦᠭ ᠲᠤᠭᠴᠢ ᠬᠡᠯᠪᠡᠷᠢ ᠶᠢᠨ᠂ ᠰᠢᠨᠵᠢᠯᠡᠭᠡ ᠮᠡᠷᠭᠡᠵᠢᠯ ᠤᠨ ᠬᠡᠯᠪᠡᠷᠢ ᠶᠢᠨ᠂ ᠭᠠᠶᠢᠯᠢ | ᠶᠢᠨ ᠢᠷᠡᠯᠳᠡ ᠶᠢᠨ ᠭᠡᠯᠪᠡᠷᠢ ᠶᠢᠨ᠂ ᠠᠷᠠᠳ ᠢ ᠪᠠᠶᠠᠵᠢᠭᠤᠯᠬᠤ ᠭᠡᠯᠪᠡᠷᠢ ᠶᠢᠨ ᠴᠢᠬᠤᠯᠠ ᠶᠡᠭᠡ ᠰᠢᠯᠢᠳᠡᠭ ᠲᠦᠷᠦᠯ ᠵᠤᠶᠢᠯ ᠢ ᠲᠠᠬᠢᠨᠳᠠ ᠬᠦᠴᠦᠯᠡᠨ ᠲᠠᠳᠠᠨ | ᠠᠪᠴᠢᠷᠠᠨ᠎ᠠ᠃ ᠪᠡᠯᠡ ᠤᠷᠤᠭᠤᠯᠬᠤ ᠪᠡᠯᠡ ᠨᠡᠶᠢᠯᠡᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠡᠯ᠎ᠠ ᠵᠤᠶᠢᠯ ᠤᠨ ᠠᠷᠭ᠎ᠠ ᠭᠡᠮᠵᠢᠶ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ ᠂ ᠨᠡᠶᠢᠭᠡᠮ ᠤᠨ ᠪᠡᠯᠡ ᠤᠷᠤᠭᠤᠯᠤᠯᠳᠠ ᠶᠢ ᠵᠤᠷᠢᠭᠵᠢᠭᠤᠯᠬᠤ ᠂ ᠠᠷᠠᠳ ᠤᠨ ᠪᠡᠯᠡ ᠤᠷᠤᠭᠤᠯᠤᠯᠳᠠ ᠶᠢ ᠠᠬᠢᠭᠤᠯᠬᠤ ᠡᠷᠡᠬᠦᠯ | ᠬᠦᠭᠵᠢᠯᠳᠡ ᠶᠢᠨ ᠰᠢᠷᠢᠰ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠵᠤ ᠂ ᠠᠷᠠᠳ ᠤᠨ ᠪᠡᠯᠡ ᠤᠷᠤᠭᠤᠯᠤᠯᠳᠠ ᠶᠢᠨ ᠪᠦᠬᠦ ᠨᠡᠶᠢᠭᠡᠮ | ᠤᠨ ᠪᠡᠯᠡ ᠤᠷᠤᠭᠤᠯᠤᠯᠳᠠ ᠲᠤᠮᠳᠠᠬᠢ ᠭᠤᠤᠯᠯᠠᠭᠴᠢ ᠦᠢᠯᠡᠳᠤᠯ ᠢ ᠨᠡᠩ ᠰᠠᠶᠢᠳᠤᠷ ᠪᠠᠳᠠᠷᠠᠭᠤᠯᠤᠨ᠎ᠠ ᠃ | — ᠬᠡᠯᠪᠡᠷᠢ ᠬᠤᠪᠢᠷᠠᠭᠤᠯᠬᠤ ᠶᠢ ᠠᠳᠬᠤᠵᠤ ᠂ ᠬᠦᠳᠡᠯᠭᠡᠭᠡᠨ ᠤ ᠴᠢᠳᠠᠮᠵᠢ ᠶᠢ ᠴᠢᠩᠭᠠᠷᠠᠭᠤᠯᠤᠨ᠎ᠠ ᠃ ᠲᠡᠷᠢᠶᠠᠯᠠᠩ ᠮᠠᠯ ᠠᠵᠤ ᠠᠬᠤᠢ ᠶᠢᠨ | ︽2862︾ ᠢᠨᠵᠧᠨᠧᠷᠢᠩ ᠢ ᠲᠦᠷᠭᠡᠪᠴᠢᠯᠡᠨ ᠭᠡᠷᠡᠭᠵᠢᠬᠦᠯᠵᠤ᠂ ᠭᠠᠵᠠᠷ ᠰᠢᠷᠦᠢ ᠶᠢᠨ ᠲᠠᠭᠠᠭᠠᠴᠢᠯᠠᠯᠳᠠ ᠡᠵᠡᠩᠨᠡᠯᠳᠡ ᠶᠢᠨ ᠡᠷᠭᠡ ᠶᠢᠨ ᠡᠷᠬᠢᠯᠳᠡ ᠶᠢ | ᠢᠳᠡᠪᠬᠢᠳᠠᠢ ᠲᠦᠯᠬᠢᠨ ᠠᠬᠢᠭᠤᠯᠵᠤ ᠂ ᠠᠵᠤ ᠦᠯᠡᠰ ᠤᠨ ᠨᠡᠶᠢᠯᠡᠯ ᠬᠦᠭᠵᠢᠯᠳᠠ ᠶᠢ ᠠᠬᠢᠭᠤᠯᠵᠤ ᠂ ᠰᠢᠬᠢᠷᠯᠢᠭ ᠡᠷᠳᠡᠨᠢ ᠰᠢᠰᠢ᠂ ᠲᠦᠮᠦᠰᠤ᠂ | ᠠᠮᠳᠠᠳᠤ ᠭᠡᠮᠭᠡ ᠵᠡᠷᠭᠡ ᠲᠠᠷᠢᠮᠠᠯ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠨ᠎ᠠ ᠃ ᠡᠯ᠎ᠡ ᠲᠦᠷᠦᠯ ᠤᠨ | ᠭᠡᠯᠪᠡᠷᠢ ᠶᠢᠨ ᠰᠢᠨ᠎ᠠ ᠮᠠᠶ᠋ᠢᠭ ᠤᠨ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠪᠠ ᠤᠯᠠᠨ ᠡᠰᠢᠳᠤ ᠦᠢᠯᠡᠴᠢᠯᠡᠭᠡᠨ ᠤ ᠭᠤᠤᠯ | ᠴᠤᠭᠴᠠ ᠶᠢ ᠵᠤᠷᠢᠭᠵᠢᠭᠤᠯᠤᠨ ᠬᠦᠭᠵᠢᠬᠦᠯᠵᠤ᠂ ᠠᠵᠤ ᠦᠢᠯᠡᠰᠵᠢᠯᠳᠠ ᠶᠢᠨ ᠭᠡᠮᠵᠢᠶ᠎ᠠ ᠶᠢ ᠲᠡᠭᠡᠭᠰᠢᠯᠡᠬᠦᠯᠵᠤ ᠂ ᠤᠯᠠᠮᠵᠢᠯᠠᠯᠳᠤ ᠲᠠᠷᠢᠶᠠᠯᠠᠩ ᠮᠠᠯ ᠠᠵᠤ | ᠠᠬᠤᠢ ᠶᠢ ᠪᠤᠬᠢᠷᠳᠤᠯ ᠦᠭᠡᠢ᠂ ᠦᠨᠳᠤᠷ ᠪᠦᠳᠦᠮᠵᠢᠳᠠᠢ᠂ ᠠᠮᠢ ᠠᠬᠤᠢ ᠶᠢᠨ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠲᠡᠰᠢ ᠬᠤᠪᠢᠷᠠᠭᠤᠯᠬᠤ | ᠶᠢ ᠠᠬᠢᠭᠤᠯᠤᠨ᠎ᠠ᠃ 70 ᠲᠦᠮᠡᠨ ᠲᠤᠨ ᠨᠡᠬᠦᠷᠡᠰᠤ ᠪᠠᠷ ᠡᠲ᠋ᠠ ᠬᠤᠶᠠᠷᠴᠢ ᠠᠯᠺᠤᠤᠯ ᠦᠢᠯᠡᠳᠪᠦᠷᠢᠡᠯᠬᠦ ᠲᠦᠷᠦᠯ ᠵᠤᠶᠢᠯ ᠤᠨ ᠲᠤᠭᠤᠷᠢᠨ ᠳᠤ ᠰᠢᠨ᠎ᠠ | ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠢ ᠶᠢᠨ | ᠨᠡᠮᠡᠭᠳᠡᠯ ᠤᠨ ᠲᠤᠶᠢᠯ ᠢ ᠪᠤᠶᠢᠵᠢᠭᠤᠯᠤᠨ᠎ᠠ ᠃ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ ᠂ ᠡᠨᠧᠷᠬᠢ ᠠᠷᠪᠢᠯᠠᠬᠤ ᠤᠷᠴᠢᠨ ᠲᠤᠭᠤᠷᠢᠨ ᠤ ᠬᠠᠮᠠᠭᠠᠯᠠᠯᠳᠠ | ᠵᠡᠷᠭᠡ ᠪᠠᠶᠢᠯᠳᠤᠬᠤ ᠪᠤᠳᠤᠯᠭ᠎ᠠ ᠶᠢᠨ ᠰᠢᠨ᠎ᠠ ᠪᠠᠷ ᠬᠦᠭᠵᠢᠭᠰᠡᠨ ᠠᠵᠤ ᠦᠢᠯᠡᠰ ᠢ ᠶᠡᠭᠡᠪᠡᠷ ᠬᠦᠭᠵᠢᠬᠦᠯᠵᠤ᠂ ᠰᠢᠨ᠎ᠠ ᠨᠡᠮᠡᠭᠳᠡᠯ ᠴᠢᠭ ᠢ ᠪᠤᠶᠢᠵᠢᠭᠤᠯᠵᠤ ᠂ 1. | 7 ᠲᠦᠮᠡᠨ ᠺᠢᠯᠤᠸᠤᠯᠲ ᠶᠠᠳᠠᠭᠤ ᠶᠢ ᠲᠡᠳᠬᠦᠬᠦ ᠭᠡᠷᠡᠯ ᠸᠤᠯᠲ ᠶᠢᠨ ᠴᠠᠬᠢᠯᠭᠠᠨ ᠭᠠᠷᠭᠠᠬᠤ᠂ ᠯᠤᠤ ᠶᠢᠨ ᠴᠢᠰᠤᠨ ᠴᠢᠯᠠᠭᠤ ᠪᠤᠯᠪᠠᠰᠤᠷᠠᠭᠤᠯᠬᠤ ᠵᠡᠷᠭᠡ | ᠴᠢᠬᠤᠯᠠ ᠶᠡᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠎ᠠ ᠃ ᠬᠦᠷᠢᠶᠠᠯᠠᠩ ᠲᠤᠭᠤᠷᠢᠭ ᠤᠨ ᠤᠰᠤ᠂ ᠴᠠᠬᠢᠯᠭᠠᠨ ᠂ | ᠵᠠᠮ᠂ ᠴᠢᠮᠡᠭᠡ ᠨᠡᠪᠳᠡᠷᠡᠯᠭᠡ ᠵᠡᠷᠭᠡ ᠰᠠᠭᠤᠷᠢ ᠲᠦᠬᠦᠭᠡᠷᠦᠮᠵᠢ ᠶᠢ ᠲᠦᠷᠭᠡᠪᠴᠢᠯᠡᠨ ᠲᠡᠬᠦᠯᠳᠡᠷᠵᠢᠬᠦᠯᠵᠤ ᠂ ᠭᠡᠮᠵᠢᠶ᠎ᠠ ᠶᠢ ᠦᠨᠳᠤᠷᠵᠢᠬᠦᠯᠦᠨ ᠴᠠᠬᠢᠯᠭᠠᠨ | ᠬᠦᠷᠭᠡᠬᠦ ᠲᠤᠤᠷ ᠤᠨ ᠢᠨᠵᠧᠨᠧᠷᠢᠩ ᠢ ᠭᠡᠷᠡᠭᠵᠢᠬᠦᠯᠵᠤ ᠂ ᠬᠦᠷᠢᠶᠠᠯᠠᠩ ᠲᠤᠭᠤᠷᠢᠭ ᠤᠨ ᠰᠠᠴᠤᠷᠠᠭᠤᠯᠬᠤ ᠴᠢᠳᠠᠮᠵᠢ ᠶᠢ ᠲᠡᠭᠡᠭᠰᠢᠯᠡᠬᠦᠯᠤᠨ᠎ᠠ ᠃ ᠵᠤᠭᠠᠴᠠᠯ | ᠤᠨ ᠠᠵᠤ ᠦᠢᠯᠡᠰ ᠤᠨ ᠲᠠᠶᠢᠴᠢᠯᠠᠯ ᠢ ᠲᠤᠪᠤᠶᠢᠯᠭᠠᠵᠤ᠂ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠵᠤ ᠂ ᠪᠠᠭᠠᠷᠢᠨ ᠨᠠᠭᠤᠷ ᠵᠢᠴᠢ | ᠡᠷᠬᠢᠨ ᠲᠤᠭᠤᠷᠢᠨ ᠤ ᠵᠤᠭᠠᠴᠠᠯ ᠤᠨ ᠨᠡᠭᠡᠭᠡᠯᠳᠡ ᠂ ᠭᠡᠰᠡᠷ ᠰᠤᠶᠤᠯ ᠤᠨ ᠪᠦᠳᠦᠭᠡᠯᠴᠢ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠭᠤᠤᠯᠳᠠᠯᠭ᠎ᠠ | ᠲᠠᠢ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦ ᠪᠠᠷ ᠲᠦᠯᠬᠢᠨ ᠠᠬᠢᠭᠤᠯᠵᠤ ᠂ ᠰᠤᠪᠤᠷᠭ᠎ᠠ ᠂ ᠴᠠᠭᠠᠨᠮᠦ᠋ᠷᠡᠨ ᠵᠡᠷᠭᠡ ᠤᠨᠴᠠᠯᠢᠭᠳᠤ | ᠵᠢᠵᠢᠭ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢ ᠠᠳᠬᠤᠵᠤ ᠂ ᠬᠦᠳᠡᠭᠡ ᠲᠤᠰᠬᠤᠨ ᠤ ᠵᠤᠭᠠᠴᠠᠯ ᠵᠢᠴᠢ ᠵᠤᠭᠠᠴᠠᠯ ᠢᠶᠠᠷ ᠶᠠᠳᠠᠭᠤ ᠶᠢ ᠲᠡᠳᠬᠦᠬᠦ | ᠢᠨᠵᠧᠨᠧᠷᠢᠩ ᠢ ᠶᠡᠬᠡᠪᠡᠷ ᠬᠦᠭᠵᠢᠬᠦᠯᠵᠤ ᠂ ᠮᠠᠨ ᠤ ᠬᠤᠰᠢᠭᠤ ᠪᠠᠨ ᠨᠡᠷᠡᠳᠡᠢ ᠤᠷᠤᠨ ᠭᠡᠴᠠ ᠶᠢᠨ ᠵᠤᠭᠠᠴᠠᠯ ᠤᠨ ᠬᠠᠷᠠᠯᠳᠠᠳᠤ ᠤᠷᠤᠨ ᠪᠤᠯᠭᠠᠬᠤ ᠪᠠᠷ | ᠴᠢᠷᠮᠠᠶᠢᠨ᠎ᠠ᠃ ᠪᠤᠳᠠᠳᠤ ᠴᠤᠭᠴᠠ ᠶᠢᠨ ᠠᠵᠤ ᠠᠬᠤᠢ ᠶᠢ ᠬᠦᠴᠦᠯᠡᠨ ᠪᠤᠶᠢᠵᠢᠭᠤᠯᠵᠤ ᠂ ᠠᠷᠠᠳ ᠠᠴᠠ ᠡᠷᠬᠢᠯᠡᠭᠰᠡᠨ ᠠᠵᠤ ᠠᠬᠤᠢ ᠶᠢᠨ ᠬᠦᠭᠵᠢᠯᠳᠡ | ᠶᠢᠨ ᠰᠢᠷᠢᠰ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠨ ᠲᠡᠮᠵᠢᠵᠤ ᠂ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠲᠡᠮᠵᠢᠬᠦ | ᠬᠦᠴᠦᠯᠡᠴᠠ ᠶᠢ ᠴᠢᠩᠭᠠᠷᠠᠭᠤᠯᠵᠤ ᠂ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠶᠢ ᠬᠠᠮᠠᠭᠠᠯᠠᠨ᠎ᠠ ᠃ | — ᠦᠭᠡᠷᠡᠴᠢᠯᠡᠯᠳᠡ ᠶᠢ ᠠᠳᠬᠤᠵᠤ᠂ ᠠᠮᠢᠵᠢᠷᠠᠯ ᠤᠨ ᠬᠦᠴᠦᠨ ᠢ ᠨᠡᠮᠡᠭᠳᠡᠬᠦᠯᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ | ᠦᠭᠡᠷᠡᠴᠢᠯᠡᠯᠳᠡ ᠶᠢ ᠬᠦᠨᠵᠡᠭᠡᠷᠡᠬᠦᠯᠦᠨ ᠲᠦᠯᠬᠢᠨ ᠠᠬᠢᠭᠤᠯᠵᠤ ᠂ ᠠᠵᠤ ᠠᠬᠤᠶᠢᠯᠠᠯ ᠤᠨ ᠦᠪᠡᠷ ᠤᠨ ᠦᠷᠳᠡᠭ ᠢ ᠪᠠᠭᠤᠷᠠᠭᠤᠯᠬᠤ ᠠᠷᠭ᠎ᠠ ᠭᠡᠮᠵᠢᠶ᠎ᠠ ᠶᠢ | ᠨᠠᠶᠢᠳᠠᠪᠤᠷᠢᠵᠢᠭᠤᠯᠤᠨ ᠂ ᠠᠵᠤ ᠠᠬᠤᠶᠢᠯᠠᠯ ᠤᠨ ᠲᠤᠰ ᠪᠠᠶ᠎ᠠ ᠶᠢᠨ ᠦᠷᠢ ᠦᠭᠴᠢᠭᠡ ᠶᠢᠨ ᠬᠦᠰᠢᠬᠦᠷᠭᠡ ᠶᠢᠨ ᠬᠦᠯᠢᠶᠡᠰᠤᠯᠠᠯ ᠢ ᠴᠢᠩᠭᠠᠳᠬᠠᠵᠤ᠂ ᠠᠵᠤ | ᠠᠬᠤᠶᠢᠯᠠᠯ ᠤᠨ ᠬᠦᠰᠢᠬᠦᠷᠭᠡ ᠶᠢᠨ ᠨᠤᠷᠮ᠎ᠠ ᠶᠢ ᠪᠠᠭᠤᠷᠠᠭᠤᠯᠤᠨ᠎ᠠ ᠃ ᠬᠦᠮᠦᠷᠭᠡᠯᠡᠯ ᠪᠠ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢ ᠤᠶᠠᠯᠳᠤᠭᠤᠯᠵᠤ | ᠂ ᠭᠡᠷ ᠭᠠᠵᠠᠷ ᠬᠦᠷᠦᠩᠭᠡ ᠤᠨ ᠵᠠᠬ᠎ᠠ ᠲᠡᠯᠭᠡᠬᠦᠷ ᠤᠨ ᠲᠤᠭᠳᠠᠭᠤᠨ ᠡᠷᠡᠬᠦᠯ ᠬᠦᠭᠵᠢᠯᠳᠡ ᠶᠢ ᠠᠬᠢᠭᠤᠯᠤᠨ᠎ᠠ ᠃ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ | ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠲᠦᠯᠬᠢᠨ ᠠᠬᠢᠭᠤᠯᠵᠤ ᠂ ᠪᠤᠬᠢᠷᠳᠤᠯ ᠦᠭᠡᠢ ᠰᠢᠯᠢᠳᠡᠭ ᠲᠠᠷᠢᠶᠠᠯᠠᠩ ᠤᠨ ᠪᠦᠳᠦᠭᠡᠭᠳᠡᠬᠦᠨ ᠤ ᠬᠠᠨᠭ᠍ᠭᠠᠯᠭ᠎ᠠ ᠶᠢ | ᠨᠡᠮᠡᠭᠳᠡᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠶᠠᠷᠤᠩᠬᠡᠶᠢᠯᠡᠭᠰᠠᠨ ᠦᠢᠯᠡᠳᠪᠦᠷᠢᠯᠡᠯ ᠤᠨ ᠴᠢᠳᠠᠮᠵᠢ ᠶᠢ ᠲᠡᠭᠡᠭᠰᠢᠯᠡᠬᠦᠯᠵᠤ ᠂ ᠮᠠᠯᠴᠢᠨ ᠲᠠᠷᠢᠶᠠᠴᠢᠳ | ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ ᠃ ᠵᠠᠰᠠᠭ ᠤᠨ ᠶᠠᠪᠤᠳᠠᠯ ᠢ ᠴᠤᠮᠬᠠᠳᠬᠠᠵᠤ ᠡᠷᠭᠡ ᠶᠢ ᠲᠤᠷᠤᠭᠰᠢ ᠲᠠᠯᠪᠢᠨ᠎ᠠ ᠃ ᠵᠠᠰᠠᠭ ᠵᠡᠬᠢᠷᠭᠠᠨ ᠤ | ᠦᠢᠯᠡᠴᠢᠯᠡᠭᠡ ᠶᠢ ᠰᠢᠯᠢᠳᠡᠭᠵᠢᠬᠦᠯᠵᠤ ᠂ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠬᠤᠪᠢᠷᠠᠭᠤᠯᠵᠤ ᠂ ᠡᠷᠭᠡ ᠲᠡᠭᠰᠢ ᠦᠷᠢᠰᠦᠯᠳᠦᠭᠡᠨ ᠤ | ᠵᠠᠬ᠎ᠠ ᠲᠡᠯᠭᠡᠬᠦᠷ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ ᠡᠳ᠋ ᠤᠨ ᠵᠠᠰᠠᠭ ᠭᠠᠶᠢᠯᠢ᠂ ᠮᠦᠩᠬᠦᠨ ᠬᠦᠢᠯᠭᠡᠭᠡ᠂ ᠠᠷᠠᠯᠵᠢᠶᠠᠨ ᠤ ᠶᠠᠪᠤᠳᠠᠯ ᠤᠨ | ᠲᠦᠷᠢᠮ ᠵᠡᠷᠭᠡ ᠶᠢᠨ ᠦᠭᠡᠷᠡᠴᠢᠯᠡᠯᠳᠡ ᠶᠢ ᠨᠠᠶᠢᠳᠠᠪᠤᠷᠢᠵᠢᠭᠤᠯᠵᠤ ᠂ ᠬᠠᠤᠯᠢ ᠪᠤᠰᠤ ᠪᠡᠯᠡ ᠴᠤᠭᠯᠠᠭᠤᠯᠬᠤ ᠂ ᠢᠨᠲ᠋ᠧᠷᠨᠧᠲ ᠰᠦᠯᠵᠢᠶᠠᠨ ᠤ ᠮᠦᠩᠬᠦᠨ | ᠬᠦᠢᠯᠭᠡᠭᠡᠨ ᠤ ᠮᠡᠭᠡᠯᠡᠯ᠂ ᠭᠡᠨᠡᠳᠳᠡ ᠶᠢᠨ ᠴᠢᠨᠠᠷᠳᠠᠢ ᠵᠢᠭᠡᠯᠡᠯᠭᠡ ᠶᠢᠨ ᠭᠡᠷ᠎ᠡ ᠵᠦᠷᠢᠴᠡᠬᠦ ᠵᠡᠷᠭᠡ ᠮᠦᠩᠬᠦᠨ ᠬᠦᠢᠯᠭᠡᠭᠡᠨ ᠤ ᠲᠦᠭᠰᠢᠬᠦᠷᠢ ᠶᠢ ᠰᠡᠷᠭᠡᠶᠢᠯᠡᠨ᠂ | ᠠᠷᠠᠳ ᠢᠷᠭᠡᠳ ᠤᠨ ᠢᠳᠡᠭᠡᠮᠵᠢᠳᠤ ᠵᠢᠭᠡᠯᠡᠯᠭᠡ ᠶᠢᠨ ᠠᠵᠢᠯᠯᠠᠭᠠᠨ ᠤ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠤᠨ᠎ᠠ ᠃ | — ᠤᠷᠴᠢᠨ ᠲᠤᠭᠤᠷᠢᠨ ᠢ ᠠᠳᠬᠤᠵᠤ᠂ ᠴᠢᠳᠠᠮᠵᠢ ᠶᠢ ᠲᠡᠭᠡᠭᠰᠢᠯᠡᠬᠦᠯᠤᠨ᠎ᠡ᠃ ᠬᠦᠳᠡᠭᠡ ᠲᠤᠰᠬᠤᠨ ᠢ ᠬᠦᠭᠵᠢᠬᠦᠯᠬᠦ ᠪᠠᠷ ᠠᠵᠠ ᠲᠤᠬᠢᠶᠠᠯ ᠪᠤᠯᠭᠠᠵᠤ ᠂ | ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠨᠢᠭᠡᠳᠦᠯᠵᠢᠬᠦᠯᠦᠨᠠ᠃ ᠦᠵᠡᠰᠬᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠶᠢᠨ ᠦᠷ᠎ᠠ ᠪᠦᠳᠦᠭᠡᠯ ᠢ ᠪᠠᠬᠢᠵᠢᠬᠦᠯᠵᠤ ᠂ ᠠᠮᠢ ᠠᠬᠤᠢ ᠂ ᠵᠡᠮ ᠬᠠᠷᠢᠯᠴᠠᠭ᠎ᠠ᠂ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠂ | ᠤᠰᠤ ᠤᠮᠳᠠᠭᠠᠨ ᠤ ᠠᠶᠤᠯᠬᠦᠢ ᠵᠡᠷᠭᠡ ᠪᠠᠷ ᠭᠤᠤᠯᠳᠠᠯᠭ᠎ᠠ ᠪᠤᠯᠭᠠᠭᠰᠠᠨ ᠰᠠᠭᠤᠷᠢ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠷᠠᠭᠤᠯᠵᠤ᠂ | ᠬᠦᠳᠡᠭᠡ ᠲᠤᠰᠬᠤᠨ ᠮᠠᠯᠵᠢᠬᠤ ᠤᠷᠤᠨ ᠤ ᠬᠤᠭ ᠨᠤᠪᠰᠢ ᠶᠢ ᠪᠤᠬᠢᠷᠳᠤᠯ ᠦᠭᠡᠢ ᠰᠢᠢᠳᠪᠦᠷᠢᠯᠡᠬᠦ ᠂ ᠲᠠᠷᠢᠶᠠᠯᠠᠩ ᠤᠨ ᠭᠠᠳᠠᠷᠭᠤ ᠶᠢᠨ ᠪᠤᠬᠢᠷᠳᠤᠯ ᠢ | ᠰᠡᠷᠭᠡᠶᠢᠯᠡᠨ ᠵᠠᠰᠠᠬᠤ ᠵᠡᠷᠭᠡ ᠠᠵᠢᠯ ᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠦᠬᠦᠴᠡᠯ ᠢ ᠲᠠᠰᠤᠷᠠᠯᠳᠠ | ᠦᠭᠡᠢ ᠰᠠᠶᠢᠵᠢᠷᠠᠭᠤᠯᠤᠨ᠎ᠠ ᠃ ᠳ᠋ᠠᠪᠠᠨ ᠪᠠᠯᠭᠠᠰᠤᠨ ᠤ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠦᠶᠡᠷ ᠢ | ᠰᠡᠷᠭᠡᠶᠢᠯᠡᠬᠦ ᠢᠨᠵᠧᠨᠧᠷᠢᠩ ᠂ ᠬᠤᠳᠠ ᠲᠤᠭᠤᠷᠢᠭ ᠤᠨ ᠤᠰᠤ ᠬᠠᠩᠭᠠᠬᠤ ᠲᠦᠬᠦᠭᠡᠷᠦᠮᠵᠢ ᠂ ᠬᠤᠶᠠᠳᠤᠭᠠᠷ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠴᠡᠴᠡᠷᠯᠢᠭᠵᠢᠬᠦᠯᠦᠭᠰᠡᠨ ᠵᠡᠭᠡᠯᠢ ᠭᠤᠳᠤᠮᠵᠢ ᠶᠢᠨ ᠵᠠᠮ ᠵᠡᠷᠭᠡ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠠᠳᠬᠤᠵᠤ ᠂ ᠳ᠋ᠠᠪᠠᠨ ᠪᠠᠯᠭᠠᠰᠤᠨ ᠤ | ᠤᠷᠴᠢᠨ ᠲᠤᠭᠤᠷᠢᠨ ᠡᠷᠡᠬᠦᠯ ᠬᠠᠮᠠᠭᠠᠯᠠᠯ ᠤᠨ ᠨᠢᠭᠡ ᠴᠤᠭᠴᠠᠵᠢᠭᠤᠯᠬᠤ ᠲᠦᠷᠦᠯ ᠵᠤᠶᠢᠯ ᠢ ᠭᠡᠷᠡᠭᠵᠢᠬᠦᠯᠵᠤ᠂ 2000 ᠡᠷᠦᠭᠡ ᠲᠠᠢ ᠪᠦᠷᠭᠡ ᠭᠡᠷ ᠲᠤᠭᠤᠷᠢᠭ | ᠤᠨ ᠦᠭᠡᠷᠡᠴᠢᠯᠡᠨ ᠵᠠᠰᠠᠯᠳᠠ ᠶᠢ ᠪᠡᠶᠡᠯᠡᠬᠦᠯᠵᠤ ᠂ ᠬᠤᠳᠠ ᠶᠢᠨ ᠬᠠᠮᠢᠶᠠᠷᠤᠯᠳᠠ ᠶᠢ ᠬᠦᠴᠦᠯᠡᠨ ᠴᠢᠩᠭᠠᠳᠬᠠᠵᠤ ᠂ ᠬᠤᠳᠠ ᠶᠢᠨ ᠴᠢᠳᠠᠮᠵᠢ ᠶᠢ | ᠲᠡᠭᠡᠭᠰᠢᠯᠡᠬᠦᠯᠤᠨ᠎ᠠ ᠃ ᠠᠶᠤᠯᠬᠦᠢ ᠦᠢᠯᠡᠳᠪᠦᠷᠢᠯᠡᠯ᠂ ᠢᠳᠡᠭᠡᠨ ᠤ ᠠᠮᠤᠷ ᠲᠦᠪᠰᠢᠨ ᠢ ᠰᠠᠶᠢᠳᠤᠷ ᠠᠳᠬᠤᠵᠤ ᠂ ᠡᠯ᠎ᠡ ᠵᠤᠶᠢᠯ ᠤᠨ ᠠᠮᠤᠷ ᠲᠦᠪᠰᠢᠨ ᠤ | ᠭᠡᠷᠡᠭ ᠢ ᠪᠦᠳᠦᠮᠵᠢᠳᠠᠢ ᠰᠡᠷᠭᠡᠶᠢᠯᠡᠨ᠎ᠡ ᠃ ᠶᠡᠷᠦᠩᠬᠡᠶᠢᠯᠡᠭᠰᠡᠨ ᠵᠠᠬᠢᠳᠠᠯ ᠰᠤᠷᠪᠤᠯᠵᠢᠯᠠᠭ᠎ᠠ ᠂ ᠬᠦᠮᠦᠨ ᠠᠮᠠ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠲᠠᠶᠢᠴᠢᠯᠠᠯ ᠵᠡᠷᠭᠡ ᠠᠵᠢᠯ ᠢ ᠰᠠᠶᠢᠳᠤᠷ ᠬᠢᠵᠤ ᠂ ᠨᠡᠶᠢᠭᠡᠮ ᠤᠨ ᠵᠠᠰᠠᠯᠳᠠ ᠶᠢᠨ ᠭᠡᠯᠪᠡᠷᠢ ᠶᠢ ᠰᠢᠨᠡᠴᠢᠯᠡᠵᠤ ᠂ ᠡᠶ᠎ᠡ ᠨᠠᠶᠢᠷᠠᠮᠳᠠᠭᠤ ᠠᠮᠤᠷ ᠲᠠᠶᠢᠪᠤᠡᠭ ᠪᠠᠭᠠᠷᠢᠨ | ᠪᠠᠷᠠᠭᠤᠨ ᠬᠤᠰᠢᠭᠤ ᠶᠢ ᠪᠦᠳᠦᠭᠡᠨ ᠪᠠᠶᠢᠭᠤᠯᠤᠨ᠎ᠠ ᠃ | — ᠠᠷᠠᠳ ᠢᠶᠠᠨ ᠪᠠᠶᠠᠵᠢᠭᠤᠯᠬᠤ ᠶᠢ ᠠᠳᠬᠤᠵᠤ᠂ ᠠᠷᠡᠳ ᠲᠤ ᠪᠤᠶᠠᠨ ᠦᠢᠯᠠᠳᠤᠨᠠ᠃ ︽ᠬᠤᠶᠠᠷ ᠲᠤ ᠵᠤᠪᠠᠭ᠋ᠤ ᠦᠭᠡᠢ᠂ ᠭᠤᠷᠪᠠᠨ | ᠪᠠᠳᠤᠯᠠᠭ᠎ᠠ ᠲᠠᠢ ᠪᠠᠶᠢᠬᠤ︾ ᠬᠠᠷᠠᠯᠳᠠ ᠳᠤ ᠲᠦᠪᠯᠡᠷᠡᠬᠦᠯᠵᠤ ᠂ ᠶᠠᠳᠠᠭᠤ ᠶᠢ ᠲᠡᠳᠬᠦᠨ ᠪᠤᠭᠤᠮᠳᠠ ᠰᠢᠪᠳᠤᠯᠬᠤ ᠶᠢ ᠯᠠᠪᠳᠠᠭᠤᠨ ᠪᠠᠳᠤᠳᠠᠢ ᠲᠦᠯᠬᠢᠨ | ᠠᠬᠢᠭᠤᠯᠵᠤ ᠂ 2018 ᠤᠨ ᠤ ᠡᠴᠤᠰ ᠢᠶᠠᠷ ᠪᠦᠬᠦ ᠬᠤᠰᠢᠭᠤᠨ ᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠦᠭᠡ ᠶᠢ ᠪᠦᠬᠦᠨ ᠢ | ᠶᠠᠳᠠᠭᠤ ᠠᠴᠠ ᠠᠩᠬᠢᠵᠢᠷᠠᠭᠤᠯᠤᠨ᠎ᠠ ᠃ ᠭᠤᠤᠯᠳᠠᠯᠭ᠎ᠠ ᠲᠠᠢ ᠪᠦᠯᠦᠭᠵᠢᠯ ᠤᠨ ᠠᠵᠢᠯ ᠤᠯᠭᠤᠯᠳᠠ ᠶᠢ ᠦᠨᠡᠩᠬᠦ ᠰᠠᠶᠢᠳᠤᠷ ᠠᠳᠬᠤᠵᠤ ᠂ ᠦᠢᠯᠡᠰ ᠪᠦᠳᠦᠭᠡᠬᠦ | ᠪᠠᠷ ᠠᠵᠢᠯ ᠤᠯᠭᠤᠯᠳᠠ ᠶᠢ ᠲᠠᠶᠢᠴᠢᠯᠠᠬᠤ ᠶᠢ ᠶᠡᠬᠡᠪᠡᠷ ᠵᠤᠷᠢᠭᠵᠢᠭᠤᠯᠵᠤ ᠂ ᠤᠯᠠᠨ ᠨᠡᠶᠢᠳᠡ ᠶᠢᠨ ᠦᠢᠯᠡᠰ ᠪᠤᠰᠬᠠᠬᠤ ᠂ ᠲᠤᠬᠠᠶᠢᠯᠠᠭᠰᠠᠨ ᠠᠵᠢᠯ ᠤᠨ | ᠴᠢᠳᠠᠪᠤᠷᠢ ᠲᠡᠭᠡᠭᠰᠢᠯᠡᠬᠦᠯᠬᠦ ᠵᠡᠷᠭᠡ ᠠᠵᠢᠯᠯᠠᠭ᠎ᠠ ᠶᠢᠨ ᠲᠦᠯᠦᠪᠯᠡᠭᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠎ᠠ᠃ ᠰᠤᠷᠭᠠᠨ ᠬᠦᠮᠦᠵᠢᠯ ᠤᠨ ᠲᠡᠩᠴᠡᠬᠦᠷᠢᠳᠠᠢ | ᠬᠦᠭᠵᠢᠯ ᠢ ᠤᠯᠠᠮ ᠴᠢᠨᠠᠭᠰᠢᠳᠠ ᠠᠬᠢᠭᠤᠯᠵᠤ ᠂ ᠡᠮ ᠡᠮᠨᠡᠯᠭᠡ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠦᠷᠢᠨᠰᠢᠬᠦᠯᠵᠤ᠂ ᠪᠠᠭᠠᠷᠢᠨ ᠪᠠᠷᠠᠭᠤᠨ | ᠬᠤᠰᠢᠭᠤᠨ ᠤ ᠭᠤᠷᠪᠠᠳᠤᠭᠠᠷ ᠭᠡᠤᠭᠡᠳ ᠤᠨ ᠴᠡᠴᠡᠷᠯᠢᠭ ᠂ ᠬᠤᠰᠢᠭᠤᠨ ᠤ ᠨᠡᠶᠢᠳᠡ ᠶᠢᠨ ᠦᠢᠯᠡᠴᠢᠯᠡᠭᠡᠨ ᠤ ᠲᠦᠪ ᠵᠡᠷᠭᠡ ᠲᠦᠷᠦᠯ ᠵᠤᠶᠢᠯ ᠢ | ᠪᠠᠶᠢᠭᠤᠯᠵᠤ ᠠᠰᠢᠭᠯᠠᠯᠳᠠ ᠳᠤ ᠤᠷᠤᠭᠤᠯᠤᠨ᠎ᠠ ᠃ ᠭᠤᠤᠯᠳᠠᠯᠭ᠎ᠠ ᠲᠠᠢ ᠰᠤᠶᠤᠯ ᠤᠨ ᠠᠷᠠᠳ ᠲᠤ ᠠᠰᠢᠭ ᠬᠦᠷᠳᠡᠭᠡᠬᠦ ᠢᠨᠵᠧᠨᠧᠷᠢᠩ ᠢ ᠬᠦᠨᠵᠡᠭᠡᠢ | ᠭᠡᠷᠡᠭᠵᠢᠬᠦᠯᠵᠤ ᠂ ᠪᠦᠬᠦ ᠠᠷᠠᠳ ᠤᠨ ᠪᠡᠶ᠎ᠡ ᠴᠢᠬᠢᠷᠠᠭᠵᠢᠯ ᠤᠨ ᠲᠦᠯᠦᠪᠯᠡᠭᠡ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠎ᠠ ᠃ ᠨᠡᠶᠢᠳᠡ ᠶᠢᠨ ᠡᠳ᠋ ᠤᠨ | ᠵᠠᠰᠠᠭ ᠤᠨ ᠪᠡᠯᠡ ᠮᠦᠩᠬᠦᠨ ᠤ ᠠᠷᠠᠳ ᠤᠨ ᠠᠮᠢᠵᠢᠷᠠᠭ᠎ᠠ ᠶᠢᠨ ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠪᠦᠳᠦᠮᠵᠢ ᠶᠢᠨ ᠨᠤᠷᠮ᠎ᠠ ᠶᠢ ᠤᠯᠠᠮ | ᠴᠢᠨᠠᠭᠰᠢᠳᠠ ᠲᠡᠭᠡᠭᠰᠢᠯᠡᠬᠦᠯᠵᠤ ᠂ ᠦᠵᠡᠭᠳᠡᠵᠤ ᠬᠠᠷᠠᠭᠳᠠᠬᠤ ᠪᠤᠳᠠᠳᠤ ᠦᠷ᠎ᠠ ᠪᠦᠳᠦᠮᠵᠢ ᠪᠠᠷ ᠬᠤᠳᠠ ᠬᠦᠳᠡᠭᠡ ᠶᠢᠨ ᠠᠷᠠᠳ ᠤᠯᠠᠨ ᠤ ᠬᠦᠷᠳᠡᠭᠡᠮᠵᠢ | ᠤᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠢ ᠨᠡᠮᠡᠭᠳᠡᠬᠦᠯᠤᠨ᠎ᠠ ᠃ | ᠲᠦᠯᠦᠭᠡᠯᠡᠭᠴᠢᠳ ᠡ ᠂ 2018 ᠤᠨ ᠤ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠵᠢᠯ ᠢ ᠰᠠᠶᠢᠳᠤᠷ ᠬᠢᠬᠦ ᠬᠠᠷᠢᠭᠤᠴᠯᠭ᠎ᠠ ᠶᠡᠭᠡ ᠂ | ᠡᠬᠦᠷᠭᠡ ᠬᠦᠨᠳᠤ ᠪᠠᠶᠢᠭ᠎ᠠ ᠶᠤᠮ᠃ ᠪᠢᠳᠡ ᠬᠤᠰᠢᠭᠤᠨ ᠨᠠᠮ ᠶᠢ ᠬᠤᠷᠢᠶ᠎ᠠ ᠂ ᠬᠤᠰᠢᠭᠤᠨ ᠵᠠᠰᠭ ᠤᠨ ᠤᠷᠳᠤᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠪᠠ ᠲᠡᠮᠵᠢᠯᠭᠡ ᠲᠤᠤᠷ᠎ᠠ᠂ | ᠤᠭ ᠰᠠᠨᠠᠭ᠎ᠠ ᠪᠠᠨ ᠮᠠᠷᠳᠠᠯ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ ᠂ ᠤᠶᠤᠨ ᠢᠶᠠᠨ ᠲᠦᠪᠯᠡᠷᠡᠬᠦᠯᠵᠤ ᠬᠦᠴᠦ ᠪᠠᠨ ᠨᠢᠭᠡᠳᠭᠡᠨ᠂ | ᠪᠤᠭᠤᠮᠳᠠ ᠰᠢᠪᠳᠤᠯᠤᠨ ᠬᠦᠴᠢᠷ ᠢ ᠢᠯᠡᠵᠤ ᠂ ᠨᠡᠩ ᠠᠮᠢᠳᠤᠯᠢᠭ ᠬᠦᠭᠵᠢᠯ ᠲᠠᠢ ᠂ ᠨᠡᠩ ᠪᠤᠳᠠᠳᠤ ᠬᠦᠴᠦᠨ ᠲᠠᠢ ᠂ ᠨᠡᠩ ᠦᠵᠡᠰᠬᠦᠯᠡᠩᠳᠤ ᠰᠠᠶᠢᠬᠠᠨ | ᠵᠤᠯ ᠵᠢᠷᠭᠠᠯᠳᠤ ᠪᠠᠭᠠᠷᠢᠨ ᠪᠠᠷᠠᠭᠤᠨ ᠬᠤᠰᠢᠭᠤ ᠶᠢ ᠪᠦᠳᠦᠭᠡᠨ ᠪᠠᠶᠢᠭᠤᠯᠬᠤ ᠳᠤ ᠰᠢᠨ᠎ᠠ ᠨᠡᠩ ᠶᠡᠭᠡ ᠬᠤᠪᠢ ᠨᠡᠮᠡᠷᠢ ᠭᠠᠷᠭᠠᠰᠤᠭᠠᠢ ᠃ |