ᠭᠤᠣᠯ ᠡᠭᠦᠷᠭᠡ ᠲᠤᠰᠢᠶᠠᠯ᠄ | 1. ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ | ᠴᠢᠭᠯᠡᠯᠲᠡ᠂ ᠲᠥᠷᠥ ᠶᠢᠨ ᠪᠣᠳᠣᠯᠭ᠎ᠠ ᠪᠠ ᠴᠢᠬᠤᠯᠠ ᠶᠡᠭᠡ ᠰᠢᠢᠳᠪᠦᠷᠢ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠣᠨ ᠤ ᠠᠷᠠᠯᠵᠢᠶᠠᠴᠢᠨ ᠤᠷᠢᠵᠤ ᠪᠡᠯᠡ | ᠲᠠᠲᠠᠬᠤ ᠠᠵᠢᠯ ᠤᠨ ᠲᠥᠰᠥᠪ ᠢ ᠰᠤᠳᠤᠯᠤᠨ ᠲᠣᠭᠲᠠᠭᠠᠬᠤ ᠵᠢᠴᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | 2. ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠬᠤᠪᠢᠶᠠᠨ ᠳᠠᠭᠠᠯᠭᠠᠵᠤ ᠨᠠᠶᠢᠳᠠᠪᠤᠷᠢᠵᠢᠭᠤᠯᠬᠤ᠂ ᠬᠢᠨᠠᠨ ᠲᠣᠭᠲᠠᠭᠠᠵᠤ | ᠰᠢᠯᠭᠠᠬᠤ ᠪᠠ ᠪᠦᠷᠢᠳᠬᠡᠬᠦ᠂ ᠬᠤᠷᠢᠶᠠᠩᠭᠤᠶᠢᠯᠠᠨ ᠳ᠋ᠦᠩᠨᠡᠬᠦ᠂ ᠳᠡᠭᠡᠭᠰᠢ ᠮᠡᠳᠡᠭᠦᠯᠬᠦ ᠠᠵᠢᠯ ᠢ ᠬᠠᠷᠢᠭᠤᠴᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠨ᠎ᠠ᠃ | 3. ᠪᠦᠬᠦ ᠬᠤᠰᠢᠭᠤᠨ ᠤ ᠴᠢᠬᠤᠯᠠ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯᠯᠠᠭᠠᠨ ᠢ ᠲᠥᠰᠥᠪᠯᠡᠬᠦ᠂ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ | ᠠᠵᠢᠯ ᠢ ᠬᠠᠷᠢᠭᠤᠴᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠠᠴᠠ ᠡᠷᠬᠢᠯᠡᠭᠰᠡᠨ ᠡᠯ᠎ᠡ ᠵᠦᠢᠯ ᠤᠨ ᠭᠠᠳᠠᠭᠰᠢ ᠭᠠᠷᠴᠤ | ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯᠯᠠᠭᠠᠨ ᠢ ᠳᠠᠭᠠᠭᠠᠴᠢᠯᠠᠨ᠂ ᠳᠣᠲᠣᠭᠠᠳᠤ ᠭᠠᠳᠠᠭᠠᠳᠤ ᠶᠢᠨ ᠠᠷᠠᠯᠵᠢᠶᠠᠴᠢᠳ ᠤᠨ ᠪᠠᠭᠠᠷᠢᠨ ᠪᠠᠷᠠᠭᠤᠨ ᠬᠤᠰᠢᠭᠤᠨ ᠳᠤ | ᠢᠷᠡᠵᠦ ᠪᠡᠯᠡ ᠣᠷᠣᠭᠤᠯᠬᠤ ᠠᠵᠢᠯᠯᠠᠭᠠᠨ ᠤ ᠡᠮᠦᠨᠡᠬᠢ ᠬᠤᠭᠤᠴᠠᠭᠠᠨ ᠤ ᠬᠦᠯᠢᠶᠡᠨ ᠠᠪᠴᠤ ᠦᠢᠯᠡᠴᠢᠯᠡᠬᠦ᠂ ᠮᠡᠳᠡᠭᠡ ᠵᠠᠩᠭᠢ ᠰᠣᠯᠢᠯᠴᠠᠬᠤ᠂ ᠲᠥᠷᠥ ᠶᠢᠨ | ᠪᠣᠳᠣᠯᠭ᠎ᠠ ᠶᠢᠨ ᠯᠠᠪᠯᠠᠯᠲᠠ᠂ ᠭᠠᠵᠠᠷ ᠰᠢᠷᠣᠢ ᠶᠢ ᠬᠠᠩᠰᠢᠯᠠᠨ ᠦᠨᠡᠯᠡᠬᠦ᠂ ᠭᠠᠷ ᠭᠦᠢᠴᠡᠳᠬᠡᠯ ᠡᠷᠡᠮᠡᠯᠵᠡᠯᠡᠨ ᠮᠡᠳᠡᠭᠦᠯᠬᠦ᠂ ᠦᠢᠯᠡᠴᠢᠯᠡᠭᠡ ᠣᠷᠣᠭᠤᠯᠤᠨ | ᠲᠠᠨᠢᠯᠴᠠᠭᠤᠯᠬᠤ᠂ ᠵᠥᠪᠯᠡᠨ ᠶᠠᠷᠢᠯᠴᠠᠵᠤ ᠭᠡᠷ᠎ᠡ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠴᠣᠩᠬᠤᠪᠴᠢ ᠶᠢᠨ | ᠦᠢᠯᠡᠴᠢᠯᠡᠭᠡᠨ ᠢ ᠰᠠᠶᠢᠲᠤᠷ ᠪᠠᠳᠠᠷᠠᠭᠤᠯᠤᠨ᠎ᠠ᠃ | 4. ᠠᠷᠠᠯᠵᠢᠶᠠᠴᠢᠨ ᠤᠷᠢᠵᠤ ᠪᠡᠯᠡ ᠲᠠᠲᠠᠬᠤ ᠮᠡᠳᠡᠭᠡ ᠵᠠᠩᠭᠢ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠲᠤᠭ᠎ᠠ ᠪᠠᠷᠢᠮᠳᠠ ᠶᠢ ᠪᠦᠷᠢᠳᠬᠡᠨ ᠵᠠᠳᠠᠯᠬᠤ | ᠠᠵᠢᠯ ᠢ ᠬᠠᠷᠢᠭᠤᠴᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠨ ᠲᠤᠰ ᠭᠠᠵᠠᠷ ᠣᠷᠣᠨ ᠤ | ᠲᠥᠷᠥᠯ ᠵᠦᠢᠯ ᠤᠨ ᠮᠠᠲ᠋ᠧᠷᠢᠶᠠᠯ ᠤᠨ ᠬᠥᠮᠥᠷᠭᠡ ᠳᠤ ᠲᠠᠰᠤᠷᠠᠯᠲᠠ ᠦᠭᠡᠢ ᠲᠣᠬᠢᠷᠠᠭᠤᠯᠤᠯᠲᠠ ᠲᠡᠭᠦᠯᠳᠡᠷᠵᠢᠭᠦᠯᠦᠯᠲᠡ ᠬᠢᠬᠦ ᠶᠢᠨ ᠬᠠᠮᠲᠤ ᠪᠠᠭᠠᠷᠢᠨ ᠪᠠᠷᠠᠭᠤᠨ | ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠬᠥᠲᠥᠯᠪᠦᠷᠢ ᠶᠢ ᠨᠠᠶᠢᠷᠠᠭᠤᠯᠤᠨ ᠲᠠᠷᠬᠠᠭᠠᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ | ᠲᠥᠷᠥᠯ ᠵᠦᠢᠯ ᠡᠷᠢᠯᠬᠢᠯᠡᠬᠦ᠂ ᠴᠤᠭᠯᠠᠭᠤᠯᠬᠤ᠂ ᠲᠥᠯᠥᠪᠵᠢᠭᠦᠯᠬᠦ᠂ ᠪᠡᠯᠡᠳᠬᠡᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠢ | ᠬᠠᠮᠵᠢᠯᠴᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯ ᠢ ᠭᠦᠢᠴᠡᠳᠬᠡᠨ᠎ᠡ᠃ | 5. ᠬᠤᠶᠢᠰᠢᠳᠠ ᠶᠢᠨ ᠬᠡᠰᠡᠭ ᠬᠤᠭᠤᠴᠠᠭ᠎ᠠ ᠪᠠ ᠡᠯ᠎ᠡ ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠶᠢ ᠬᠠᠷᠢᠭᠤᠴᠠᠵᠤ᠂ ᠪᠦᠬᠦ | ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ᠂ ᠣᠷᠣᠨ ᠲᠤᠭ᠎ᠠ᠂ ᠤᠬᠠᠭᠤᠯᠭ᠎ᠠ ᠶᠢᠨ ᠠᠵᠢᠯ ᠵᠢᠴᠢ ᠬᠡᠰᠡᠭ ᠭᠤᠣᠯᠳᠠᠯᠭ᠎ᠠ ᠲᠠᠢ | ᠲᠥᠷᠥᠯ ᠵᠦᠢᠯ ᠢ ᠰᠣᠩᠭᠤᠵᠤ ᠰᠠᠨᠠᠭᠤᠯᠭ᠎ᠠ ᠶᠢᠨ ᠪᠢᠴᠢᠭ ᠨᠠᠶᠢᠷᠠᠭᠤᠯᠵᠤ ᠠᠵᠢᠯ ᠢ ᠭᠦᠢᠴᠡᠳᠬᠡᠨ᠎ᠡ᠃ ᠨᠥᠬᠦᠴᠡᠯ ᠪᠣᠯᠣᠮᠵᠢ ᠶᠢᠨ ᠪᠠᠶᠢᠳᠠᠯ ᠢᠶᠠᠨ ᠦᠨᠳᠦᠰᠦᠯᠡᠨ | ᠬᠠᠮᠢᠶ᠎ᠠ ᠪᠦᠬᠦᠢ ᠵᠢᠷᠤᠭ ᠲᠥᠯᠥᠪᠵᠢᠭᠦᠯᠭᠡ ᠶᠢᠨ ᠰᠠᠯᠠᠭ᠎ᠠ ᠮᠥᠴᠢᠷ ᠢ ᠤᠷᠢᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠨᠠᠶᠢᠷᠠᠭᠤᠯᠤᠨ᠂ ᠣᠯᠠᠨ ᠠᠷᠭ᠎ᠠ ᠵᠠᠮ ᠢᠶᠠᠷ | ᠭᠤᠣᠯᠳᠠᠯᠭ᠎ᠠ ᠲᠠᠢ ᠲᠥᠷᠥᠯ ᠵᠦᠢᠯ ᠢ ᠪᠦᠲᠦᠭᠡᠨ ᠪᠠᠶᠢᠭᠤᠯᠬᠤ ᠪᠡᠯᠡ ᠮᠥᠩᠭᠦ ᠲᠠᠲᠠᠵᠤ᠂ ᠨᠢᠭᠡᠨᠲᠡ ᠲᠣᠭᠲᠠᠭᠰᠠᠨ ᠭᠤᠣᠯᠳᠠᠯᠭ᠎ᠠ ᠲᠠᠢ ᠲᠥᠷᠥᠯ ᠵᠦᠢᠯ ᠳᠤ | ᠬᠠᠨᠳᠤᠯᠭᠠᠲᠤ ᠴᠢᠨᠠᠷᠲᠠᠢ ᠠᠷᠠᠯᠵᠢᠶᠠᠴᠢᠨ ᠤᠷᠢᠬᠤ ᠠᠵᠢᠯ ᠢ ᠰᠠᠶᠢᠲᠤᠷ ᠭᠦᠢᠴᠡᠳᠬᠡᠨ᠎ᠡ᠃ | 6. ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤᠨ ᠤ 3000 ᠲᠦᠮᠡᠨ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ᠂ ᠲᠣᠬᠢᠷᠠᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠂ ᠭᠤᠣᠯᠳᠠᠯᠭ᠎ᠠ | ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠳᠤᠮᠳᠠᠬᠢ ᠡᠯ᠎ᠡ ᠵᠦᠢᠯ ᠤᠨ ᠣᠷᠣᠨ ᠨᠤᠲᠤᠭ ᠤᠨ ᠴᠢᠨᠠᠷᠲᠠᠢ ᠠᠵᠢᠯ᠂ ᠬᠢᠨᠠᠨ ᠬᠠᠮᠢᠶᠠᠷᠤᠯᠲᠠ ᠪᠠ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠤᠨ ᠠᠬᠢᠴᠠ ᠶᠢ ᠪᠠᠶᠢᠴᠠᠭᠠᠬᠤ ᠵᠡᠷᠭᠡ ᠠᠵᠢᠯ ᠢ ᠭᠦᠢᠴᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠡᠬᠢᠨ ᠬᠤᠭᠤᠴᠠᠭᠠᠨ ᠤ ᠪᠡᠯᠡᠳᠬᠡᠯ | ᠠᠵᠢᠯ ᠠᠴᠠ ᠲᠥᠷᠥᠯ ᠵᠦᠢᠯ ᠤᠨ ᠪᠠᠷᠢᠯᠭ᠎ᠠ ᠳᠠᠭᠤᠰᠬᠠᠬᠤ ᠬᠦᠷᠲᠡᠯᠡᠬᠢ ᠪᠦᠬᠦᠶᠢᠯᠡ ᠶᠠᠪᠤᠴᠠ ᠳᠤ ᠮᠥᠷᠳᠡᠨ ᠦᠢᠯᠡᠴᠢᠯᠡᠭᠡ ᠬᠠᠩᠭᠠᠨ᠎ᠠ᠃ | 7. ᠪᠦᠬᠦ ᠬᠤᠰᠢᠭᠤᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠰᠥᠪᠯᠡᠯ ᠪᠠ ᠲᠥᠷᠥᠯ | ᠵᠦᠢᠯ ᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠳᠠᠬᠢ ᠡᠯ᠎ᠡ ᠵᠦᠢᠯ ᠤᠨ ᠣᠷᠣᠨ ᠨᠤᠲᠤᠭ ᠤᠨ ᠴᠢᠨᠠᠷᠲᠠᠢ ᠠᠵᠢᠯ ᠢ | ᠵᠣᠬᠢᠴᠠᠭᠤᠯᠵᠤ ᠰᠢᠢᠳᠪᠦᠷᠢᠯᠡᠨ᠂ ᠥᠮᠴᠢᠯᠡᠭᠴᠢ ᠪᠠ ᠪᠠᠷᠢᠯᠭ᠎ᠠ ᠶᠢᠨ ᠨᠢᠭᠡᠴᠡ ᠳᠤ ᠦᠢᠯᠡᠴᠢᠯᠡᠭᠡ ᠬᠠᠩᠭᠠᠨ᠎ᠠ᠃ | 8. ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠳᠠᠭᠠᠭᠠᠯᠭᠠᠨ ᠲᠤᠰᠢᠶᠠᠭᠰᠠᠨ ᠪᠤᠰᠤᠳ ᠠᠵᠢᠯ ᠡᠭᠦᠷᠭᠡ ᠶᠢ ᠭᠦᠢᠴᠡᠳᠬᠡᠨ᠎ᠡ᠃ | ᠠᠯᠪᠠᠨ ᠭᠡᠷ ᠤᠨ ᠬᠠᠷᠢᠯᠴᠠᠬᠤ ᠤᠲᠠᠰᠤ᠄ 0476-6216090 |