ᠲᠢᠶᠠᠨ ᠬᠠᠢ ᠹᠧᠩ
ᠨᠡᠶᠢᠲᠡᠯᠡᠭᠰᠡᠨ ᠴᠠᠭ᠄
2019/12/26
 ᠲᠢᠶᠠᠨ ᠬᠠᠢ ᠹᠧᠩ ᠨᠥᠬᠦᠷ ᠤᠨ ᠲᠣᠪᠴᠢ ᠲᠠᠨᠢᠯᠴᠠᠭᠤᠯᠭ᠎ᠠ    ᠨᠢᠭᠡ᠂ ᠦᠨᠳᠦᠰᠦᠨ ᠪᠠᠶᠢᠳᠠᠯ    ᠲᠢᠶᠠᠨ ᠬᠠᠢ ᠹᠧᠩ᠂ ᠡᠷᠡᠭᠲᠡᠶ᠂ ᠬᠢᠲᠠᠳ ᠦᠨᠳᠦᠰᠦᠲᠡᠨ᠂ 1977 ᠣᠨ ᠤ 1 ᠳ᠋ᠦ᠋ᠭᠡᠷ ᠰᠠᠷ᠎ᠠ ᠳᠤ ᠲᠥᠷᠥᠵᠡᠢ᠂ ᠣᠩᠨᠢᠭᠤᠳ ᠬᠤᠰᠢᠭᠤᠨ ᠤ ᠬᠥᠮᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠭᠠᠭᠤᠯᠢ ᠶᠢᠨ ᠵᠠᠬᠢᠳᠠᠯ ᠢᠶᠠᠷ ᠰᠤᠷᠤᠯᠴᠠᠬᠤ ᠳᠡᠭᠡᠳᠦ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ  ᠎ ᠤᠨ ᠰᠠᠯᠪᠤᠷᠢ ᠠᠴᠠ ᠲᠡᠭᠦᠰᠴᠡᠶ᠃ 2000 ᠣᠨ ᠤ 7 ᠰᠠᠷ᠎ᠠ ᠳᠤ ᠠᠵᠢᠯ ᠳᠤ ᠭᠠᠷᠴᠤ᠂ 2002 ᠣᠨ ᠤ 1 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠤ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃    ᠬᠤᠶᠠᠷ᠂ ᠠᠵᠢᠯ ᠤᠨ ᠥᠩᠭᠡᠷᠡᠯᠲᠡ    1996.09 — 2000.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠢᠳᠡᠭᠡᠨ ᠤ ᠢᠨᠵᠧᠨᠧᠷᠢᠩ  ᠎ ᠤᠨ ᠰᠠᠯᠪᠤᠷᠢ ᠶᠢᠨ ᠢᠳᠡᠭᠡᠨ ᠎ ᠤ ᠰᠢᠨᠵᠢᠯᠡᠬᠦ ᠤᠬᠠᠭᠠᠨ ᠪᠣᠯᠤᠨ ᠢᠨᠵᠧᠨᠧᠷᠢᠩ ᠤᠨ ᠲᠤᠰᠬᠠᠶ ᠮᠡᠷᠭᠡᠵᠢᠯ ᠳᠤ ᠰᠤᠷᠤᠯᠴᠠᠪᠠ︔    2000.07 — 2000.08 ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠰᠤᠩᠭᠤᠵᠤ ᠲᠤᠮᠢᠯᠠᠬᠤ ᠰᠤᠷᠤᠭᠴᠢ  ᠵᠢᠨ‌ᠠᠩᠭᠢ ᠳᠤ ᠰᠤᠷᠤᠯᠴᠠᠪᠠ︔    2000.08 — 2002.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠤ ᠨᠠᠮ ᠤᠨ ᠬᠤᠷᠢᠶᠠᠨ ᠳᠤ ᠠᠵᠢᠯᠯᠠᠪᠠ︔    2002.06 — 2006.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠠᠷᠢᠨ ᠪᠢᠴᠢᠭᠡᠴᠢ︔    2006.06 — 2006.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ  ᠪᠤᠷᠤᠠᠣᠰᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ︔    2006.09 — 2011.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠪᠠᠶᠠᠨᠲᠠᠯ᠎ᠠ ᠰᠤᠮᠤᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ︔    2011.07 — 2016.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠰᠢᠷᠠᠮᠥ᠋ᠷᠡᠨ ᠰᠤᠮᠤ ᠶᠢᠨ ᠨᠠᠮ ᠎ ᠤᠨ ᠬᠤᠷᠢᠶᠠᠨ ᠤ ᠱᠦᠵᠢ︔    2016.01 — 2017.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠲᠣᠪᠴᠢᠶᠠᠨ ᠳᠠᠷᠤᠭ᠎ᠠ︔    2017.07 — 2019.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔    2019.01 — 2019.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠎ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔    2019.09 — 2019.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠶᠢᠨ ᠨᠡᠷ᠎ᠡ ᠳᠤᠷᠠᠳᠤᠭᠰᠠᠨ ᠵᠢᠱᠢᠭᠳᠡᠭᠴᠢ᠃    2019.10 — ᠣᠳᠣ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠰᠢᠭᠤᠨ ᠳᠠᠷᠤᠭ᠎ᠠ᠃    ᠭᠤᠷᠪᠠ᠂ ᠠᠵᠢᠯ ᠤᠨ ᠬᠤᠪᠢᠶᠠᠷᠢᠯᠠᠯ    ᠬᠤᠰᠢᠭᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠬᠤᠪᠢᠳᠠᠨ ᠬᠠᠮᠢᠶᠠᠷᠬᠤ᠄ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠳ᠋ᠤᠸᠠᠨ ᠵᠢᠶᠣᠣ ᠦᠬᠡᠷ ᠤᠨ ᠲᠠᠯᠠᠪᠠᠢ᠂ ᠬᠠᠨ ᠠᠭᠤᠯᠠ ᠶᠢᠨ ᠴᠠᠭᠠᠨ ᠨᠣᠣᠯᠤᠷ ᠤᠨ ᠢᠮᠠᠭᠠᠨ ᠤ ᠡᠭᠦᠯᠳᠡᠷ ᠤᠨ ᠢᠮᠠᠭᠠᠨ ᠤ ᠲᠠᠯᠠᠪᠠᠢ ᠪᠠᠭᠲᠠᠨ᠎ᠠ︶᠂ ᠤᠰᠤᠨ ᠠᠰᠢᠭᠯᠠᠯᠲᠠ ᠶᠢᠨ ᠲᠣᠪᠴᠢᠶ᠎ᠠ ︵ᠡᠯ᠎ᠡ ᠤᠯᠤᠰ ᠤᠨ ᠥᠮᠴᠢᠯᠡᠯᠲᠦ ᠵᠢᠭᠠᠰᠤᠨ ᠲᠠᠯᠠᠪᠠᠢ ᠪᠠᠭᠲᠠᠨ᠎ᠠ︶᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︵ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠡᠯ᠎ᠡ ᠤᠯᠤᠰ ᠤᠨ ᠥᠮᠴᠢᠯᠡᠯᠲᠦ ᠣᠢ ᠰᠢᠭᠤᠶ ᠶᠢᠨ ᠲᠠᠯᠠᠪᠠᠢ ᠪᠠᠭᠲᠠᠨ᠎ᠠ︶᠂ ᠲᠠᠷᠢᠶᠠᠯᠠᠩ ᠤᠨ ᠮᠠᠰᠢᠨ ᠤ ᠮᠡᠷᠭᠡᠵᠢᠯ ᠤᠨ ᠦᠶᠯᠡᠴᠢᠯᠡᠭᠡᠨ ᠤ ᠲᠥᠪ᠂ ᠮᠠᠯ ᠠᠵᠤ ᠠᠬᠤᠢ ᠎ ᠶᠢᠨ ᠣᠳᠣᠬᠢᠴᠢᠯᠠᠯᠲᠠ ᠶᠢᠨ ᠠᠯᠪᠠᠨ ᠭᠡᠷ ︵ᠰᠠᠶᠢᠨ ᠡᠭᠦᠯᠳᠡᠷ ᠤᠨ ᠲᠠᠯᠠᠪᠠᠢ᠂ ᠡᠾᠦ᠋ᠩ ᠸᠧᠢ ᠵᠢᠮᠢᠰ ᠤᠨ ᠬᠦᠷᠢᠶᠡᠯᠡᠩ᠂ ᠲᠠᠷᠢᠶᠠᠯᠠᠩ ᠤᠨ ᠰᠤᠳᠤᠯᠭᠠᠨ ᠤ ᠭᠠᠵᠠᠷ ᠪᠠᠭᠲᠠᠨ᠎ᠠ︶᠂ ᠰᠠᠶᠢᠬᠠᠨ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ᠂ ᠳᠠᠷᠠᠰᠤ ᠪᠤᠯᠤᠩ ᠤᠰᠤᠨ ᠴᠥᠭᠦᠷᠥᠮ ᠤᠨ ᠬᠠᠮᠢᠶᠠᠷᠤᠯᠲᠠ ᠶᠢᠨ ᠲᠣᠪᠴᠢᠶ᠎ᠠ  ᠪᠤᠯᠤᠨ᠎ᠠ᠃
ᠢᠷᠡᠯᠲᠡ᠄ ᠲᠣᠲᠣᠷᠬᠠᠢ ᠦᠭᠡᠢ