| | 4 ᠰᠠᠷ᠎ᠠ ᠶᠢᠨ 3 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠪᠤᠶᠠᠨᠰᠠᠭ ᠰᠡᠳᠬᠢᠯᠲᠦ ᠪᠥᠬᠡᠪᠠᠶᠠᠷ | ᠠᠴᠠ ᠰᠤᠷᠤᠯᠭ᠎ᠠ ᠳᠠᠭᠠᠨ ᠴᠢᠷᠮᠠᠶᠢᠯᠲᠠᠲᠠᠢ ᠰᠤᠷᠤᠭᠴᠢ ᠶᠢ ᠲᠤᠰᠠᠯᠠᠨ ᠳᠡᠮᠵᠢᠬᠦ ᠶᠤᠰᠤᠯᠠᠯ ᠳ᠋ᠠᠪᠠᠨ ᠤ ᠮᠤᠩᠭᠤᠯ | ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠶᠤᠸᠠᠢ ᠶᠢᠨ ᠷᠥᠩ᠂ ᠳᠡᠳ᠋ ᠡᠷᠬᠢᠯᠡᠭᠴᠢ ᠳ᠋ᠦᠩ ᠸᠧᠨ | ᠯᠢ᠂ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠬᠠᠮᠢᠶ᠎ᠠ ᠪᠥᠬᠦᠢ ᠬᠠᠷᠢᠭᠤᠴᠠᠯᠭᠠᠲᠠᠨ᠂ ᠳ᠋ᠠᠪᠠᠨ ᠤ | ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ᠂ ᠳ᠋ᠠᠪᠠᠨ ᠤ ᠳᠦᠷᠪᠡᠳᠦᠭᠡᠷ ᠳᠤᠮᠳᠠᠳᠤ ᠰᠤᠷᠭᠠᠭᠤᠯᠢ᠂ ᠳ᠋ᠠᠪᠠᠨ | ᠤ ᠮᠤᠩᠭᠤᠯ ᠦᠨᠳᠦᠰᠦᠲᠡᠨ ᠤ ᠪᠠᠭ᠎ᠠ ᠰᠤᠷᠭᠠᠭᠤᠯᠢ᠂ ᠂ ᠳ᠋ᠠᠪᠠᠨ ᠤ ᠮᠤᠩᠭᠤᠯ ᠦᠨᠳᠦᠰᠦᠲᠡᠨ ᠤ ᠲᠤᠷᠰᠢᠯᠲᠠ ᠶᠢᠨ | ᠪᠠᠭ᠎ᠠ ᠰᠤᠷᠭᠠᠭᠤᠯᠢ ᠶᠢᠨ ᠰᠤᠷᠤᠭᠴᠢ ᠪᠤᠯᠤᠨ ᠪᠠᠭᠰᠢ ᠵᠢᠴᠢ ᠭᠡᠷ ᠤᠨ ᠠᠬᠠᠮᠠᠳ ᠨᠡᠶᠢᠲᠡ ᠵᠠᠭᠤ ᠭᠠᠷᠤᠢ ᠬᠥᠮᠦᠨ | ᠶᠤᠰᠤᠯᠠᠯ ᠳᠤ ᠣᠷᠤᠯᠴᠠᠪᠠ᠃ | | | | | | | | | | | | | | | | | | | | | | ᠶᠤᠰᠤᠯᠠᠯ ᠳᠡᠭᠡᠷ᠎ᠡ᠂ ᠪᠤᠶᠠᠨᠰᠠᠭ ᠰᠡᠳᠬᠢᠯᠲᠦ ᠪᠥᠬᠡᠪᠠᠶᠠᠷ ᠠᠴᠠ ᠳ᠋ᠠᠪᠠᠨ ᠤ ᠮᠤᠩᠭᠤᠯ ᠦᠨᠳᠦᠰᠦᠲᠡᠨ ᠤ | ᠪᠠᠭ᠎ᠠ ᠰᠤᠷᠭᠠᠭᠤᠯᠢ᠂ ᠳ᠋ᠠᠪᠠᠨ ᠤ ᠳᠦᠷᠪᠡᠳᠦᠭᠡᠷ ᠳᠤᠮᠳᠠᠳᠤ ᠰᠤᠷᠭᠠᠭᠤᠯᠢ᠂ ᠳ᠋ᠠᠪᠠᠨ ᠤ ᠮᠤᠩᠭᠤᠯ ᠦᠨᠳᠦᠰᠦᠲᠡᠨ ᠤ | ᠲᠤᠷᠰᠢᠯᠲᠠ ᠶᠢᠨ ᠪᠠᠭ᠎ᠠ ᠰᠤᠷᠭᠠᠭᠤᠯᠢ᠂ ᠳ᠋ᠠᠪᠠᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ | ᠰᠤᠷᠭᠠᠭᠤᠯᠢ ᠶᠢᠨ 40 ᠨᠡᠷ᠎ᠡ ᠰᠤᠷᠤᠯᠭ᠎ᠠ ᠮᠤᠷᠠᠯ ᠬᠤᠤᠰᠯᠠᠭᠰᠠᠨ ᠰᠤᠷᠤᠭᠴᠢᠳ ᠲᠤ ᠬᠥᠮᠦᠨ ᠪᠦᠷᠢ ᠶᠢ 500 | ᠲᠥᠭᠦᠷᠢᠭ ᠤᠨ ᠳᠡᠳᠬᠦᠮᠵᠢ ᠶᠢᠨ ᠮᠥᠩᠭᠦ ᠬᠠᠨᠳᠢᠪᠯᠠᠬᠤ ᠶᠢᠨ ᠬᠠᠮᠲᠤ ᠰᠤᠷᠤᠯᠭ᠎ᠠ ᠳᠠᠭᠠᠨ ᠮᠡᠷᠡᠶᠢᠨ ᠴᠢᠷᠮᠠᠶᠢᠵᠤ᠂ | ᠢᠷᠡᠭᠡᠳᠦᠢ ᠳᠤ ᠡᠬᠡ ᠣᠷᠤᠨ᠂ ᠨᠡᠶᠢᠭᠡᠮ ᠨᠡᠶᠢᠲᠡ ᠳᠤ ᠪᠠᠨ ᠬᠡᠷᠡᠭᠴᠡᠭᠡ ᠲᠠᠢ ᠬᠥᠮᠦᠨ ᠪᠤᠯᠬᠤ ᠶᠢ ᠬᠦᠰᠡᠨ ᠵᠥᠩᠨᠡᠪᠡ | ᠃ ᠳ᠋ᠠᠪᠠᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠰᠤᠷᠤᠭᠴᠢ ᠠᠮᠢᠯᠯᠠ ᠠᠴᠠ ᠪᠥᠬᠦ | ᠰᠤᠷᠤᠭᠴᠢᠳ ᠢ ᠲᠥᠯᠦᠭᠡᠯᠡᠨ ᠪᠤᠶᠠᠨᠰᠠᠭ ᠰᠡᠳᠬᠢᠯᠲᠦ ᠪᠥᠬᠡᠪᠠᠶᠠᠷ ᠲᠤ ᠲᠠᠯᠠᠷᠬᠠᠵᠤ ᠪᠠᠶᠢᠬᠤ ᠰᠡᠳᠬᠢᠯ ᠢᠶᠠᠨ | ᠢᠯᠡᠳᠬᠡᠪᠡ᠃ | | | | | | | | | | | | | | | | | | | ᠣᠶᠢᠯᠠᠭᠠᠭᠰᠠᠨ ᠢᠶᠠᠷ᠂ ᠪᠥᠬᠡᠪᠠᠶᠠᠷ ᠬᠠᠷᠠᠬᠠᠨ ᠪᠠᠭ᠎ᠠ ᠠᠴᠠ ᠪᠠᠨ ᠭᠡᠷ ᠤᠨ ᠠᠮᠢᠳᠤᠷᠠᠯ ᠬᠦᠴᠢᠷᠳᠡᠯᠲᠠᠢ | ᠪᠤᠯᠪᠠᠴᠤ ᠰᠢᠷᠭᠠᠭᠤ ᠬᠠᠲᠠᠭᠤᠵᠢᠯᠲᠠᠢ ᠴᠢᠷᠮᠠᠶᠢᠯᠠᠭ᠎ᠠ ᠪᠠᠷ ᠢᠶᠠᠨ 2015 ᠣᠨ ᠳᠤ ︽ᠪᠤᠮᠠᠨ ᠰᠢᠷᠤᠢ︾ ᠬᠤᠭᠤᠯᠠᠨ | ᠭᠡᠷ ᠢ ᠡᠷᠬᠢᠯᠡᠵᠦ ᠥᠭᠡᠳᠡ ᠲᠠᠢ ᠥᠩᠭᠡ ᠲᠠᠢ ᠦᠢᠯᠡᠰ ᠪᠤᠰᠬᠠᠨ ᠭᠢᠯᠠᠷᠠᠭᠤᠯᠵᠤ ᠶᠠᠪᠤᠭ᠎ᠠ ᠪᠢᠯᠡ᠂ ᠬᠡᠳᠦᠶᠢᠪᠡᠷ ᠪᠠᠭ᠎ᠠ | ᠰᠠᠭ᠎ᠠ ᠬᠠᠳᠠᠭᠠᠯᠠᠮᠵᠢ ᠲᠠᠢ ᠪᠤᠯᠪᠠᠴᠤ ᠣᠳᠤ ᠪᠤᠯᠲᠠᠯ᠎ᠠ ᠬᠤᠪᠢ ᠶᠢᠨ ᠮᠠᠰᠢᠨ ᠲᠡᠷᠭᠡ ᠠᠪᠤᠭ᠎ᠠ ᠦᠭᠡᠢ᠂ ᠬᠠᠷᠢᠨ 2 | ᠲᠦᠮᠡᠨ ᠲᠥᠭᠦᠷᠢᠭ ᠢᠶᠠᠷ ᠢᠷᠡᠭᠡᠳᠦᠢ ᠶᠢᠨ ᠭᠡᠷᠡᠯ ᠭᠢᠯᠪᠠᠭ᠎ᠠ ᠪᠤᠯᠬᠤ ᠰᠤᠷᠤᠭᠴᠢᠳ ᠲᠤ ᠬᠠᠨᠳᠢᠪᠯᠠᠭᠰᠠᠨ ᠪᠠᠶᠢᠨ᠎ᠠ᠃ | ︵ᠰᠤᠷᠤᠨ᠎ᠠ ᠮᠡᠳᠡᠭᠡᠯᠡᠪᠡ︶ | | | | | | | | | | | | | | | | |