ᠪᠠᠭᠠᠷᠢᠨ ᠪᠠᠷᠠᠭᠤᠨ ᠬᠤᠰᠢᠭᠤᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ︽ᠦᠷᠭᠡᠨ ᠢᠶᠠᠷ ᠰᠠᠨᠠᠯ ᠬᠤᠷᠢᠶᠠᠬᠤ︾ ᠠᠯᠪᠠᠨ ᠵᠠᠷ
ᠨᠡᠶᠢᠲᠡᠯᠡᠭᠰᠡᠨ ᠴᠠᠭ᠄
2019/9/29
        ᠮᠠᠨ ᠤ ᠬᠤᠰᠢᠭᠤᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠨᠡᠭᠡᠭᠡᠯᠲᠠᠢ ᠰᠤᠷᠭᠠᠨ ᠬᠥᠮᠦᠵᠢᠯ ᠬᠢᠬᠦ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠥᠭᠡᠷᠡᠴᠢᠯᠡᠬᠦ ︾ ᠶᠢ ᠢᠮᠠᠭᠲᠠ ᠲᠤᠤᠱᠯᠠᠭᠤᠯᠤᠨ᠂ ᠠᠷᠠᠳ ᠲᠦᠮᠡᠨ ᠳᠤ ᠦᠢᠯᠡᠴᠢᠯᠡᠬᠦ ᠬᠦᠴᠢᠷ ᠠᠰᠠᠭᠤᠳᠠᠯ ᠢ ᠰᠢᠢᠳᠪᠥᠷᠢᠯᠡᠬᠦ ᠶᠢ ᠪᠣᠳᠠᠲᠠᠢ ᠨᠠᠶᠢᠳᠠᠪᠤᠷᠢᠵᠢᠭᠤᠯᠬᠤ ᠶᠢᠨ ᠲᠥᠯᠦᠭᠡ᠂ 9 ᠰᠠᠷ᠎ᠠ ᠶᠢᠨ 20 ᠤ ᠡᠳᠦᠷ ᠠᠴᠠ 11 ᠰᠠᠷ᠎ᠠ ᠶᠢᠨ 30 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︽ᠦᠷᠭᠡᠨ ᠢᠶᠠᠷ ᠰᠠᠨᠠᠯ ᠬᠤᠷᠢᠶᠠᠬᠤ︾ ᠪᠠᠷ ᠳᠠᠮᠵᠢᠨ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠭᠦᠢᠴᠡᠳ ᠰᠤᠨᠤᠰᠤᠨ᠎ᠠ᠂ ᠭᠤᠤᠯ ᠨᠢ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ᠂ ᠲᠥᠪ ᠬᠤᠷᠢᠶᠠᠨ ᠤ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠬᠦ ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠂ ᠬᠡᠯᠪᠡᠷᠢᠴᠢ ᠦᠵᠡᠯ ᠪᠠ ᠨᠣᠶᠠᠨᠴᠢ ᠰᠤᠷᠲᠠᠯ ᠢ ᠡᠷᠬᠢᠮᠯᠡᠬᠦ ᠵᠡᠷᠭᠡ ᠠᠰᠠᠭᠤᠳᠠᠯ ᠤᠨ ᠲᠤᠬᠠᠶ ᠲᠤᠰᠬᠠᠯ ᠵᠢᠴᠢ ᠠᠷᠠᠳ  ᠤᠨ ᠠᠮᠢᠳᠤᠷᠠᠯ ᠢ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠵᠡᠷᠭᠡ ᠲᠠᠯ᠎ᠠ ᠪᠠᠷ ᠬᠢ ᠰᠠᠨᠠᠯ ᠰᠠᠨᠠᠭᠤᠯᠭ᠎ᠠ ᠪᠣᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠤᠳᠤᠷᠢᠳᠬᠤ ᠳᠤᠭᠤᠢᠯᠠᠩ ᠤᠨ ᠠᠯᠪᠠᠨ ᠭᠡᠷ ᠬᠦᠯᠢᠶᠡᠨ ᠠᠪᠴᠤ ᠰᠢᠶᠳᠪᠦᠷᠢᠯᠡᠬᠦ ᠠᠰᠠᠭᠤᠳᠠᠯ ᠢ ᠲᠣᠭᠲᠠᠭᠠᠯ ᠶᠣᠰᠣᠭᠠᠷ ᠨᠠᠷᠢᠨ ᠬᠢᠨᠠᠮᠠᠭᠠᠶ ᠰᠤᠳᠤᠯᠤᠨ ᠰᠢᠶᠳᠪᠦᠷᠢᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃          ᠲᠤᠰᠬᠠᠶ ᠤᠲᠠᠰᠤ᠄ 0476 — 6180987᠂ ᠬᠦᠯᠢᠶᠡᠨ ᠠᠪᠴᠤ ᠰᠢᠶᠳᠪᠦᠷᠢᠯᠡᠬᠦ ᠴᠠᠭ ᠨᠢ ᠠᠵᠢᠯ ᠤᠨ ᠡᠳᠦᠷ ︵ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︶ ᠤ ᠦᠳᠡ ᠶᠢᠨ ᠡᠮᠦᠨ᠎ᠡ 8᠄ 30 — 11 ᠄ 30᠂  ᠦᠳᠡ ᠶᠢᠨ ᠬᠤᠶᠢᠨ᠎ᠠ 14᠄ 30 — 17᠄ 30          ︽ᠦᠷᠭᠡᠨ ᠢᠶᠠᠷ ᠰᠠᠨᠠᠯ ᠬᠤᠷᠢᠶᠠᠬᠤ︾ ᠡᠯᠧᠺᠲᠷᠣᠨ ᠰᠢᠦᠳᠠᠨ ᠬᠠᠶᠢᠷᠴᠠᠭ᠄ yqkmnj 2019 @ 163. com          ᠰᠢᠦᠳᠠᠨ ᠤ ᠬᠠᠶ᠋ᠢᠭ᠄ ᠪᠠᠭᠠᠷᠢᠨ ᠪᠠᠷᠠᠭᠤᠨ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ  ᠤᠨ 525 ᠲᠠᠰᠤᠭ᠂ ᠰᠢᠦᠳᠠᠨ ᠳ᠋ᠤᠭᠠᠷ᠄ 025150                            ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ                              ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ                      2019 ᠣᠨ 9 ᠰᠠᠷ᠎ᠠ ᠶᠢᠨ 20 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2