ᠣᠯᠠᠨ ᠨᠡᠶᠢᠲᠡ ᠵᠢᠨ‌‍ᠴᠤᠭᠯᠠᠭᠠᠨ ᠤ ᠴᠢᠨᠠᠷᠲᠠᠶ ᠠᠵᠢᠯᠯᠠᠭ᠎ᠠ ᠶᠢ ᠵᠣᠭᠰᠣᠭᠠᠬᠤ ᠪᠤᠶᠤ ᠪᠣᠯᠢᠭᠤᠯᠬᠤ ᠲᠤᠬᠠᠶ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2020-01-26
                ᠪᠠᠷᠠᠭᠤᠨ ᠵᠠᠰᠠᠭ ᠦᠰᠦᠭ ﹇2020  ﹈  2 ᠳ᠋ᠤᠭᠠᠷ ᠲᠣᠭᠠᠲᠤ       ᠣᠯᠠᠨ ᠨᠡᠶᠢᠲᠡ ᠵᠢᠨ‌‍ᠴᠤᠭᠯᠠᠭᠠᠨ ᠤ ᠴᠢᠨᠠᠷᠲᠠᠶ ᠠᠵᠢᠯᠯᠠᠭ᠎ᠠ ᠶᠢ ᠵᠣᠭᠰᠣᠭᠠᠬᠤ ᠪᠤᠶᠤ ᠪᠣᠯᠢᠭᠤᠯᠬᠤ ᠲᠤᠬᠠᠶ ᠪᠠᠴᠢᠮ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ᠂ ᠬᠤᠰᠢᠭᠤᠨ ᠤ ᠬᠠᠷᠢᠶ᠎ᠠ ᠡᠯ᠎ᠡ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ  ᠲᠥᠪ᠂ ᠬᠠᠮᠢᠶ᠎ᠠ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄       ᠪᠦᠬᠦ ᠤᠯᠤᠰ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ  ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ  ᠤᠨ ᠬᠦᠨᠳᠦ ᠨᠣᠴᠢᠲᠠᠢ ᠪᠠᠶᠢᠳᠠᠯ ᠢ ᠦᠨᠳᠦᠰᠦᠯᠡᠵᠦ᠂ ᠮᠠᠨ ᠤ ᠬᠤᠰᠢᠭᠤᠨ ᠤ ᠦᠬᠠᠨ ᠵᠡᠷᠭᠡ ᠭᠠᠵᠠᠷ ᠠᠴᠠ ᠨᠤᠲᠤᠭ ᠲᠠᠭᠠᠨ ᠪᠤᠴᠠᠭᠰᠠᠨ ᠬᠥᠮᠦᠰ ᠤᠨ ᠪᠣᠳᠠᠲᠤ ᠪᠠᠶᠢᠳᠠᠯ ᠢ  ᠪᠣᠳᠣᠯᠬᠢᠯᠠᠨ᠂ ᠬᠢᠵᠢᠭ ᠣᠷᠣᠵᠤ ᠢᠷᠡᠵᠦ ᠬᠠᠯᠳᠠᠪᠤᠷᠢᠯᠠᠬᠤ ᠪᠠ ᠳᠡᠯᠭᠡᠷᠡᠬᠦ ᠪᠣᠯᠤᠯᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠦᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾  ᠵᠡᠷᠭᠡ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠣᠰ ᠡᠳᠦᠷ ᠠᠴᠠ ᠡᠬᠢᠯᠡᠨ ᠪᠥᠬᠦ ᠬᠤᠰᠢᠭᠤ ᠬᠡᠪᠴᠢᠶᠡᠨ ᠳᠤ ᠡᠯ᠎ᠡ ᠲᠥᠷᠥᠯ ᠤᠨ ᠣᠯᠠᠨ ᠨᠡᠶᠢᠲᠡ ᠶᠢᠨ ᠴᠤᠭᠯᠠᠭᠠᠨ ᠤ ᠴᠢᠨᠠᠷᠲᠠᠶ ᠠᠵᠢᠯᠯᠠᠭ᠎ᠠ ᠶᠢ ᠵᠣᠭᠰᠣᠭᠠᠬᠤ ᠪᠤᠶᠤ  ᠪᠣᠯᠢᠭᠤᠯᠬᠤ ᠶᠢᠨ ᠬᠠᠮᠲᠤ ᠮᠦᠽᠧᠶ᠂ ᠨᠣᠮ ᠤᠨ ᠰᠠᠩ᠂ ᠺᠢᠨᠣ᠋ ᠲᠢᠶᠠᠲᠷ᠂ ᠰᠦᠯᠵᠢᠶᠡᠨ ᠤ ᠪᠠᠭᠠᠷ᠂ KTV᠂ ᠪᠥᠵᠢᠭ ᠤᠨ ᠲᠢᠩᠬᠢᠮ ᠵᠡᠷᠭᠡ ᠬᠥᠮᠦᠰ ᠴᠤᠭᠯᠠᠷᠠᠳᠠᠭ  ᠭᠠᠵᠠᠷ ᠢ ᠲᠦᠷ ᠬᠠᠭᠠᠬᠤ ᠪᠠᠷ ᠪᠣᠯᠪᠠ᠃ ᠳᠠᠬᠢᠨ ᠨᠡᠭᠡᠭᠡᠬᠦ ᠴᠠᠭ ᠢ ᠠᠰ ᠲᠤᠨᠢ ᠮᠡᠳᠡᠭᠳᠡᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠨᠢ ᠬᠠᠷᠢᠶ᠎ᠠ ᠭᠠᠵᠠᠷ ᠤᠨ ᠢᠶᠠᠨ ᠬᠠᠮᠢᠶᠠᠷᠤᠯᠲᠠ  ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠪᠣᠳᠠᠲᠠᠶᠢᠵᠢᠭᠤᠯᠬᠤ  ᠶᠠᠪᠤᠳᠠᠯ ᠢ ᠪᠠᠲᠤᠯᠠᠬᠤ ᠬᠡᠷᠡᠭᠲᠡᠶ᠃                                                         ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                     2020 ᠣᠨ ᠤ 1 ᠰᠠᠷ᠎ᠠ ᠶᠢᠨ 24 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2