ᠪᠦᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠰᠠᠭᠤᠭᠠᠯᠢ ᠠᠷᠠᠳ ᠲᠤ ᠥᠭᠭᠦᠭᠰᠡᠨ ᠵᠠᠬᠢᠲᠠᠯ
ᠨᠡᠶᠢᠲᠡᠯᠡᠭᠰᠡᠨ ᠴᠠᠭ᠄
2020-01-26
ᠪᠥᠬᠦ ᠬᠤᠰᠢᠭᠤᠨ ᠤ ᠮᠠᠯᠴᠢᠨ ᠲᠠᠷᠢᠶᠠᠴᠢᠨ᠂ ᠰᠠᠭᠤᠭᠠᠯᠢ ᠠᠷᠠᠳ ᠨᠠᠶᠢᠵᠠ ᠨᠠᠷ  ᠡ᠄       ᠨᠢᠭᠡ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠶᠠᠭ ᠳᠡᠷᠭᠡᠳᠡ ᠮᠢᠨᠢ ᠪᠠᠶᠢᠵᠤ ᠮᠡᠳᠡᠨ᠎ᠡ᠃ ᠮᠠᠨ ᠤ ᠬᠤᠲᠠ ᠳᠤ ᠨᠢᠭᠡᠨᠲᠡ ᠰᠡᠵᠢᠭ ᠲᠠᠢ ᠡᠪᠡᠳᠴᠢᠨ ᠤ ᠵᠢᠱᠢᠶ᠎ᠡ ᠨᠢᠭᠡ ᠭᠠᠷᠪᠠ᠃ ᠡᠷᠬᠡᠪᠰᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠃ ᠨᠠᠳᠠ ᠬᠠᠮᠢᠶ᠎ᠠ ᠦᠭᠡᠢ ᠬᠡᠮᠡᠨ ᠰᠠᠨᠠᠵᠤ᠂ ᠠᠯᠮᠠᠶᠢᠷᠠᠵᠤ ᠰᠡᠷᠡᠮᠵᠢ ᠠᠯᠳᠠᠵᠤ ᠶᠠᠭᠠᠬᠢᠭᠰᠠᠨ ᠴᠦ ᠪᠣᠯᠬᠤ ᠦᠭᠡᠢ᠃ ᠶᠠᠮᠠᠷᠪᠠ ᠠᠵᠠ ᠬᠠᠷᠠᠭᠰᠠᠨ ᠪᠣᠳᠣᠯ ᠨᠢ ᠴᠥᠮ ᠭᠠᠢ ᠭᠠᠮᠰᠢᠭ ᠠᠪᠴᠢᠷᠠᠵᠤ ᠮᠡᠳᠡᠨ᠎ᠡ᠃ ᠬᠥᠮᠦᠨ ᠤ ᠠᠮᠢ ᠨᠠᠰᠤ ᠶᠠᠭᠤᠨ ᠠᠴᠠ ᠴᠦ ᠡᠷᠬᠢᠮ᠂ ᠠᠮᠢ ᠨᠠᠰᠤ ᠶᠢ ᠬᠦᠨᠳᠦᠳᠬᠡᠨ ᠳᠡᠭᠡᠳᠦᠯᠡᠬᠦ ᠬᠡᠷᠡᠭᠲᠡᠢ᠃      ᠬᠤᠶᠠᠷ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ  ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠶᠠᠭ ᠰᠠᠶᠢᠬᠠᠨ ᠡᠮᠬᠢ ᠳᠠᠷᠠᠭ᠎ᠠ ᠲᠠᠢ ᠥᠷᠨᠢᠭᠦᠯᠵᠦ᠂ ᠮᠠᠰᠢ ᠣᠯᠠᠨ ᠺᠠᠳ᠋ᠷ ᠴᠠᠭᠠᠨ ᠰᠠᠷ᠎ᠠ ᠶᠢᠨ ᠠᠮᠠᠷᠠᠯᠲᠠ ᠪᠠᠨ ᠲᠠᠶᠠᠭᠳᠠᠨ᠂ ᠡᠨᠡ ᠤᠳᠠᠭᠠᠨ ᠤ ᠪᠠᠶᠢᠯᠳᠤᠭᠠᠨ ᠳᠤ  ᠣᠷᠣᠯᠴᠠᠵᠤ ᠪᠠᠶᠢᠨ᠎ᠠ ᠃ ᠣᠯᠠᠨ ᠢᠶᠠᠷ ᠢᠶᠠᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠢᠲᠡᠭᠡᠵᠦ ᠲᠦᠰᠢᠭᠯᠡᠨ᠂ ᠭᠠᠴᠠᠭ᠎ᠠ ᠲᠣᠰᠬᠤᠨ ᠤ ᠨᠠᠮ ᠤᠨ ᠡᠭᠦᠷ ᠲᠣᠰᠬᠤᠨ ᠤ ᠵᠥᠪᠯᠡᠯ  ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ ᠢᠳᠡᠪᠬᠢᠲᠡᠶ ᠬᠠᠮᠵᠢᠯᠴᠠᠵᠤ  ᠪᠠᠶᠢᠭᠠᠳ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ  ᠬᠢᠭᠡᠷᠡᠢ᠃      ᠭᠤᠷᠪᠠ᠂ ᠣᠯᠠᠨ ᠢᠶᠠᠷ ᠢᠶᠠᠨ ᠥᠪᠡᠷ ᠤᠨ ᠪᠠᠶᠢᠭ᠎ᠠ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠠᠮᠢᠶᠠᠷᠤᠯᠲᠠ  ᠶᠢᠨ ᠠᠯᠪᠠᠨ ᠬᠡᠷ ᠪᠣᠯᠤᠨ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠬᠤᠪᠧᠢ ᠦᠬᠠᠨ ᠠᠴᠠ ᠪᠠᠭᠠᠷᠢᠨ ᠪᠠᠷᠠᠭᠤᠨ ᠬᠤᠰᠢᠭᠤᠨ ᠳᠤ ᠪᠤᠴᠠᠵᠤ ᠢᠷᠡᠭᠰᠡᠨ ᠬᠥᠮᠥᠰ ᠢ ᠰᠠᠨᠠᠭᠠᠴᠢᠯᠠᠭ᠎ᠠ ᠠᠴᠠ ᠪᠠᠨ ᠲᠤᠰᠬᠠᠬᠤ  ᠪᠣᠯᠪᠠᠤ᠃ ᠡᠲᠡᠭᠡᠷ ᠬᠥᠮᠦᠰ ᠪᠣᠯ ᠸᠢᠷᠦ᠋ᠰ ᠬᠠᠯᠳᠠᠪᠤᠷᠢᠯᠠᠭᠤᠯᠬᠤ ᠭᠤᠣᠯ  ᠵᠠᠮ ᠮᠥᠨ᠃ ᠬᠥᠮᠥᠨ ᠪᠦᠬᠦᠨ ᠤ ᠠᠮᠢ ᠨᠠᠰᠤ ᠲᠠᠢ ᠬᠤᠯᠪᠣᠭᠳᠠᠬᠤ ᠲᠤᠯᠠ ᠪᠦᠬᠦᠨ ᠢ ᠪᠠᠶᠢᠴᠠᠭᠠᠨ  ᠲᠣᠳᠣᠷᠬᠠᠶᠢᠯᠠᠵᠤ᠂ ᠪᠥᠬᠦ ᠬᠤᠰᠢᠭᠤᠨ ᠤ ᠠᠷᠠᠳ ᠲᠦᠮᠡᠨ ᠣᠷᠣᠯᠴᠠᠭᠰᠠᠨ ᠪᠥᠬᠦ ᠠᠷᠠᠳ ᠤᠨ ᠲᠡᠶᠢᠨ ᠢ ᠥᠷᠨᠢᠭᠦᠯᠬᠦ ᠬᠡᠷᠡᠭᠲᠡᠶ᠃      ᠳᠥᠷᠪᠡ᠂ ᠣᠯᠠᠨ ᠢᠶᠠᠷ ᠢᠶᠠᠨ ᠴᠠᠭᠠᠨ ᠰᠠᠷ᠎ᠠ ᠶᠢᠨ ᠬᠤᠭᠤᠴᠠᠭᠠᠨ ᠳᠤ ᠲᠥᠷᠥᠯ ᠰᠠᠳᠤᠨ ᠢᠶᠠᠨ ᠡᠷᠭᠢᠵᠦ ᠦᠵᠡᠬᠦ ᠥᠬᠡᠶ᠂ ᠠᠶᠢᠯ ᠲᠣᠭᠤᠷᠢᠬᠤ ᠥᠬᠡᠶ  ᠪᠥᠭᠡᠳ ᠬᠠᠮᠲᠤ ᠬᠤᠭᠤᠯᠠᠯᠠᠬᠤ ᠪᠠᠨ ᠪᠣᠯᠢᠵᠤ᠂ ᠤᠲᠠᠰᠤ ᠸᠢᠴᠠᠲ ᠵᠡᠷᠭᠡ ᠪᠠᠷ ᠰᠢᠨ᠎ᠡ ᠶᠢᠨ ᠵᠣᠯᠭᠠᠯᠲᠠ ᠬᠢᠵᠦ᠂ ᠠᠯᠢ ᠴᠢᠳᠠᠬᠤ ᠪᠠᠷ ᠬᠡᠷ ᠲᠡᠭᠡᠨ ᠠᠮᠠᠷᠠᠬᠤ ᠶᠢᠨ ᠬᠠᠮᠲᠤ ᠬᠡᠷ ᠲᠡᠭᠡᠨ ᠰᠠᠯᠬᠢ ᠨᠡᠪᠲᠡᠷᠡᠭᠦᠯᠦᠨ ᠠᠷᠢᠭᠤᠳᠬᠠᠬᠤ ᠬᠡᠷᠡᠭᠲᠡᠶ᠃ ᠦᠨᠡᠬᠡᠷ ᠭᠠᠳᠠᠭᠰᠢ ᠭᠠᠷᠬᠤ ᠴᠢᠬᠤᠯᠠ ᠲᠠᠢ ᠦᠶ᠎ᠡ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠢ᠃ ᠬᠠᠨᠢᠶᠠᠵᠤ ᠨᠠᠶᠢᠲᠠᠭᠠᠪᠠᠯ ᠴᠠᠭᠠᠰᠤᠨ ᠠᠯᠴᠢᠭᠤᠷ ᠢᠶᠠᠷ ᠪᠤᠶᠤ ᠲᠣᠬᠤᠢ ᠪᠠᠨ ᠨᠤᠭᠤᠯᠤᠨ ᠠᠮᠠ ᠬᠠᠮᠠᠷ ᠢᠶᠠᠨ ᠬᠠᠯᠬᠠᠯᠠᠵᠤ᠂ ᠪᠠᠶᠢᠩᠭᠤ ᠭᠠᠷ ᠢᠶᠠᠨ  ᠤᠬᠢᠶᠠᠨ᠂ ᠬᠤᠪᠢ ᠬᠥᠮᠦᠨ ᠤ ᠡᠷᠡᠭᠦᠯ ᠬᠠᠮᠠᠭᠠᠯᠠᠯ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠠᠩᠬᠠᠷᠬᠤ ᠬᠡᠷᠡᠭᠲᠡᠢ᠃      ᠲᠠᠪᠤ᠂ ᠬᠡᠭᠡᠷ᠎ᠡ ᠶᠢᠨ ᠠᠮᠢᠲᠠᠨ ᠢ ᠠᠩᠨᠠᠬᠤ᠂ ᠫᠠᠨᠽᠠᠯᠠᠬᠤ᠂ ᠬᠤᠳᠠᠯᠳᠤᠨ ᠠᠪᠬᠤ᠂ ᠡᠳ᠋ᠰᠢᠭᠦᠯᠬᠦ ᠪᠠ ᠢᠳᠡᠬᠦ  ᠶᠢ ᠲᠡᠪᠴᠢᠬᠦ ᠬᠡᠷᠡᠭᠲᠡᠶ᠃ ᠬᠠᠮᠠᠭᠠᠯᠠᠯᠲᠠ ᠦᠭᠡᠶ ᠪᠠᠶᠢᠳᠠᠯ ᠳᠣᠤᠷ᠎ᠠ ᠬᠡᠭᠡᠷ᠎ᠡ ᠶᠢᠨ ᠠᠮᠢᠲᠠᠨ ᠲᠠᠢ ᠣᠶᠢᠷᠠᠳᠬᠤ ᠠᠴᠠ ᠵᠠᠶᠢᠯᠠᠰᠬᠢᠵᠦ᠂ ᠬᠡᠭᠡᠷ᠎ᠡ ᠶᠢᠨ ᠠᠮᠢᠲᠠᠨ ᠢ ᠲᠡᠵᠢᠭᠡᠨ ᠦᠷᠡᠵᠢᠭᠦᠯᠬᠦ ᠲᠠᠯᠠᠪᠠᠶ ᠪᠠ ᠨᠢᠲᠤᠯᠬᠤ ᠭᠠᠵᠠᠷ᠂ ᠠᠮᠢᠳᠤ ᠵᠢᠭᠦᠷᠲᠡᠨ ᠠᠮᠢᠲᠠᠨ ᠤ ᠵᠠᠬ᠎ᠠ ᠳᠡᠯᠭᠡᠭᠦᠷ᠂ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠵᠤ ᠪᠠᠶᠢᠭ᠎ᠠ ᠭᠠᠵᠠᠷ ᠲᠤ ᠣᠴᠢᠬᠤ ᠠᠴᠠ ᠵᠠᠶᠢᠯᠠᠰᠬᠢᠬᠦ  ᠬᠡᠷᠡᠭᠲᠡᠢ᠃      ᠵᠢᠷᠭᠤᠭ᠎ᠠ᠂ ᠬᠤᠰᠢᠭᠤᠨ ᠳᠤ ᠨᠢᠭᠡᠨᠲᠡ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ︵ᠪᠠᠭᠠᠷᠢᠨ ᠪᠠᠷᠠᠭᠤᠨ  ᠬᠤᠰᠢᠭᠤᠨ  ᠤ ᠠᠷᠠᠳ ᠤᠨ ᠡᠮᠨᠡᠯᠭᠡ ᠶᠢᠨ ᠬᠤᠷᠢᠶ᠎ᠠ︶  ᠭᠠᠷᠭᠠᠪᠠ᠃ ᠦᠬᠠᠨ ᠠᠴᠠ ᠨᠤᠲᠤᠭ ᠲᠠᠭᠠᠨ ᠪᠤᠴᠠᠭᠰᠠᠳ ᠪᠤᠶᠤ ᠲᠡᠳᠡᠨ ᠲᠠᠢ ᠨᠢᠭᠲᠠ ᠣᠶᠢᠷᠠᠲᠤᠭᠰᠠᠨ ᠬᠥᠮᠦᠰ ᠬᠠᠯᠠᠭᠤᠷᠠᠬᠤ ᠪᠠ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ ᠪᠠᠶᠢᠭ᠎ᠠ ᠭᠠᠵᠠᠷ ᠤᠨ ᠢᠶᠠᠨ ᠡᠮᠨᠡᠯᠭᠡ ᠶᠢᠨ ᠬᠤᠷᠢᠶ᠎ᠠ ᠪᠠ ᠬᠠᠷᠢᠯᠴᠠᠬᠤ ᠬᠥᠮᠦᠨ ᠲᠠᠢ ᠬᠠᠷᠢᠴᠠᠵᠤ ᠴᠠᠭ ᠲᠤᠬᠠᠶ ᠳᠤ ᠨᠢ ᠡᠮᠨᠡᠭᠦᠯᠬᠦ ᠬᠡᠷᠡᠭᠲᠡᠶ᠃ ᠥᠪᠡᠷ ᠢᠶᠠᠨ ᠲᠡᠷᠭᠡᠨ ᠳᠤ ᠰᠠᠭᠤᠵᠤ ᠡᠮᠨᠡᠯᠭᠡ ᠳᠤ ᠣᠴᠢᠵᠤ ᠪᠣᠯᠬᠤ ᠥᠬᠡᠶ᠃                ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ                          ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ                          ᠬᠢᠵᠠᠭᠠᠷᠯᠠᠬᠤ ᠤᠳᠤᠷᠢᠳᠬᠤ ᠳᠤᠭᠤᠢᠯᠠᠩ                2020 ᠣᠨ ᠤ 1 ᠰᠠᠷ᠎ᠠ ᠶᠢᠨ 25 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2