ᠲᠦᠮᠡᠨ ᠣᠯᠠᠨ ᠢᠶᠠᠷ ᠢᠶᠠᠨ ᠰᠡᠳᠬᠢᠯ ᠨᠢᠭᠡᠳᠦᠨ ᠭᠢᠵᠢᠭ ᠢ ᠰᠠᠷᠭᠡᠶᠢᠯᠡᠬᠦ ᠲᠠᠶᠢᠨ ᠤ ᠢᠯᠠᠯᠳᠠ ᠶᠢ ᠣᠯᠣᠶᠡ | — ᠪᠦᠬᠦ ᠬᠤᠰᠢᠭᠤᠨ ᠤ ᠡᠯ᠎ᠡ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠠ | ᠦᠷᠭᠡᠨ ᠣᠯᠠᠨ ᠨᠠᠮ ᠤᠨ ᠭᠡᠰᠢᠬᠦᠳ ᠳᠤ ᠦᠭᠬᠦᠭᠰᠡᠨ ᠰᠠᠨᠠᠭᠠᠴᠢᠯᠠᠭ᠎ᠠ ᠶᠢᠨ ᠪᠢᠴᠢᠭ | | | ᠪᠦᠬᠦ ᠬᠤᠰᠢᠭᠤᠨ ᠤ ᠡᠯ᠎ᠡ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠠ ᠦᠷᠭᠡᠨ ᠣᠯᠠᠨ ᠨᠠᠮ | ᠤᠨ ᠭᠡᠰᠢᠬᠦᠳ ᠳᠤ᠄ | ᠰᠢ ᠶᠢᠨ ᠫᠢᠩ ᠶᠡᠷᠦᠩᠭᠡᠢ ᠱᠦᠵᠢ᠂ ᠠᠷᠠᠳ ᠣᠯᠠᠨ ᠤ ᠠᠮᠢ ᠨᠠᠰᠣᠨ ᠤ ᠠᠮᠣᠷ ᠲᠦᠪᠰᠢᠨ ᠪᠠ ᠪᠡᠶ᠎ᠡ | ᠮᠠᠬᠠᠪᠣᠳ ᠤᠨ ᠡᠷᠡᠬᠦᠯ ᠴᠢᠬᠢᠷᠠᠭ ᠢ ᠡᠩ ᠲᠡᠷᠢᠬᠦᠨ ᠪᠠᠶᠢᠷᠢᠨ ᠳᠤ ᠲᠠᠯᠪᠢᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠠᠵᠢᠯ ᠢ ᠣᠳᠣᠬᠠᠨ ᠤ ᠬᠠᠮᠤᠭ ᠤᠨ ᠴᠢᠬᠤᠯᠠ ᠠᠵᠢᠯ ᠪᠣᠯᠭᠠᠨ ᠠᠳᠬᠤᠬᠤ ᠭᠡᠷᠡᠭᠳᠠᠢ ᠭᠡᠵᠦ | ᠴᠢᠬᠤᠯᠠᠴᠢᠯᠠᠪᠠ᠃ ᠰᠢ ᠶᠢᠨ ᠫᠢᠩ ᠶᠡᠷᠦᠩᠭᠡᠢ ᠱᠦᠵᠢ ᠶᠢᠨ ᠰᠢᠨ᠎ᠡ ᠭᠡᠯᠪᠡᠷᠢ ᠵᠢ᠊ ᠲᠢᠳᠢᠮ ᠸᠢᠷᠦ᠋ᠰ ᠲᠤ | ᠬᠠᠯᠳᠠᠪᠣᠷᠢᠯᠠᠭᠰᠠᠨ ᠠᠭᠤᠰᠬᠢᠨ ᠤ ᠦᠷᠦᠪᠢᠰᠣᠯ ᠤᠨ ᠭᠢᠵᠢᠭ ᠤᠨ ᠪᠠᠶᠢᠳᠠᠯ ᠤᠨ ᠲᠣᠬᠠᠢ ᠴᠢᠬᠤᠯᠠ ᠵᠢᠭᠠᠪᠣᠷᠢ ᠶᠢᠨ | ᠵᠣᠷᠢᠭ ᠰᠠᠨᠠᠭ᠎ᠠ ᠶᠢ ᠡᠷᠡᠰ ᠲᠣᠣᠱᠯᠠᠭᠤᠯᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠡ ᠬᠤᠰᠢᠭᠤᠨ ᠤ ᠨᠠᠮ ᠤᠨ ᠬᠤᠷᠢᠶ᠎ᠠ ᠶᠢᠨ ᠲᠣᠰ ᠣᠳᠠᠭᠠᠨ ᠤ | ᠬᠢᠵᠢᠭ ᠤᠨ ᠪᠠᠶᠢᠳᠠᠯ ᠢ ᠰᠡᠷᠭᠡᠶᠢᠯᠠᠨ ᠡᠵᠡᠮᠳᠡᠬᠦ ᠠᠵᠢᠯ ᠤᠨ ᠲᠣᠬᠠᠢ ᠪᠠᠶᠢᠷᠢᠭᠤᠯᠣᠯᠳᠠ ᠱᠠᠭᠠᠷᠳᠠᠯᠭ᠎ᠠ ᠶᠢ | ᠨᠠᠶᠢᠳᠠᠪᠣᠷᠢᠵᠢᠭᠤᠯᠵᠦ᠂ ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠪᠡ ᠦᠷᠭᠡᠨ ᠣᠯᠠᠨ ᠨᠠᠮ | ᠭᠡᠰᠢᠬᠦᠨ ᠰᠢᠨ᠎ᠡ ᠭᠡᠯᠪᠡᠷᠢ ᠶᠢᠨ ᠲᠢᠳᠢᠮ ᠸᠢᠷᠦ᠋ᠰ ᠲᠠᠢ ᠲᠡᠮᠡᠴᠡᠵᠦ᠂ ᠠᠭᠤᠰᠬᠢᠨ ᠦᠷᠦᠪᠢᠰᠦᠯ ᠤᠨ ᠬᠢᠵᠢᠭ ᠤᠨ | ᠪᠠᠶᠢᠳᠠᠯ ᠲᠠᠢ ᠣᠷᠣᠯᠳᠣᠬᠤ ᠵᠢᠱᠢᠶ᠎ᠡ ᠦᠵᠡᠬᠦᠯᠦᠨ ᠬᠦᠳᠦᠯᠣᠨ ᠲᠠᠭᠠᠭᠤᠯᠬᠤ ᠪᠠ ᠬᠤᠰᠢᠭᠤᠴᠢ ᠵᠢᠱᠢᠶᠠᠴᠢ | ᠦᠢᠯᠡᠳᠦᠯ ᠢ ᠬᠦᠢᠴᠡᠳ ᠪᠠᠳᠠᠷᠠᠭᠤᠯᠬᠤ ᠶᠢᠨ ᠲᠦᠯᠦᠭᠡ᠂ ᠣᠨᠴᠠᠭᠠᠶᠢᠯᠠᠨ ᠲᠣᠣᠷᠡᠭᠢ ᠮᠡᠳᠣ ᠰᠠᠨᠠᠭᠠᠴᠢᠯᠠᠭ᠎ᠠ ᠶᠢ | ᠲᠣᠷᠠᠳᠪᠠ᠄ | ᠨᠢᠭᠡ᠂ ᠵᠣᠭᠰᠣᠴᠠ ᠪᠠᠨ ᠲᠡᠭᠡᠭᠰᠢᠯᠡᠬᠦᠯᠵᠦ᠂ ᠴᠠᠭ ᠤᠨ ᠪᠡᠷᠭᠡ ᠶᠢ ᠬᠠᠮᠳᠣ ᠪᠠᠷ ᠲᠠᠪᠠᠵᠦ᠂ ᠬᠢᠵᠢᠭ ᠤᠨ | ᠪᠠᠶᠢᠳᠠᠯ ᠤᠨ ᠡᠰᠡᠷᠬᠦᠴᠡᠭᠴᠢ ᠪᠣᠯᠣᠨ᠎ᠡ᠃ ᠪᠦᠬᠦ ᠬᠤᠰᠢᠭᠤᠨ ᠤ ᠡᠯ᠎ᠡ ᠦᠨᠳᠦᠰᠦᠨ ᠱᠠᠳᠣᠨ ᠤ ᠨᠠᠮ ᠤᠨ ᠵᠣᠬᠢᠶᠠᠨ | ᠪᠠᠶᠢᠭᠤᠯᠣᠯᠳᠠ ᠪᠡ ᠦᠷᠭᠡᠨ ᠣᠯᠠᠨ ᠨᠠᠮ ᠤᠨ ᠭᠡᠰᠢᠬᠦᠨ ᠪᠠᠬᠢᠯᠡᠯᠳᠠ ᠶᠢᠨ ᠬᠤᠰᠢᠭᠤᠴᠢ ᠦᠢᠯᠡᠳᠦᠯ ᠢᠶᠠᠨ ᠬᠦᠢᠴᠡᠳ | ᠪᠠᠳᠠᠷᠠᠭᠤᠯᠵᠦ᠂ ᠲᠦᠷᠦ ᠶᠢᠨ ᠬᠦᠷᠦᠨ ᠲᠦᠮᠡᠨ ᠣᠯᠠᠨ ᠤ ᠲᠦᠯᠦᠭᠡ ᠰᠠᠨᠠᠭᠠᠰᠢᠷᠡᠨ ᠵᠣᠪᠠᠵᠦ᠂ ᠪᠠᠶᠢᠷᠢᠨ ᠳᠤ ᠪᠠᠨ | ᠰᠠᠶᠢᠳᠣᠷ ᠵᠣᠭᠰᠣᠵᠦ᠂ ᠬᠠᠷᠢᠭᠤᠴᠠᠯᠭ᠎ᠠ ᠪᠠᠨ ᠰᠠᠶᠢᠳᠣᠷ ᠬᠦᠢᠴᠡᠳᠭᠡᠵᠦ᠂ ᠲᠣᠰᠢᠶᠠᠯ ᠢᠶᠠᠨ ᠰᠠᠶᠢᠳᠣᠷ ᠡᠬᠦᠷᠭᠡᠯᠡᠵᠦ ᠂ | ᠴᠠᠭ ᠢᠮᠠᠭᠳᠠ ᠪᠡᠯᠡᠳᠭᠡᠯ ᠬᠢᠵᠦ᠂ ᠵᠣᠷᠢᠭᠳᠠᠢ ᠪᠠᠷ ᠡᠬᠦᠷᠭᠡᠯᠡᠨ᠂ ᠡᠬᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠬᠦᠯᠵᠦ᠂ ᠠᠷᠠᠳ ᠣᠯᠠᠨ ᠤ ᠠᠮᠢ ᠨᠠᠰᠣᠨ ᠤ ᠠᠮᠣᠷ ᠲᠦᠪᠰᠢᠨ ᠪᠡ ᠪᠠᠶ᠎ᠡ ᠮᠠᠬᠠᠪᠣᠳ ᠤᠨ ᠡᠷᠡᠬᠦᠯ | ᠴᠢᠬᠢᠷᠠᠭ ᠢ ᠦᠨᠡᠨ ᠬᠦ ᠲᠡᠷᠢᠬᠦᠨ ᠪᠠᠶᠢᠷᠢᠨ ᠳᠤ ᠲᠠᠯᠪᠢᠬᠤ ᠭᠡᠷᠡᠭᠳᠠᠢ᠃ | ᠬᠤᠶᠠᠷ᠂ ᠬᠤᠯᠪᠣᠭᠠᠯᠠᠨ ᠰᠡᠷᠬᠡᠶᠢᠯᠡᠵᠦ ᠬᠤᠯᠪᠣᠭᠠᠯᠠᠨ ᠡᠵᠡᠮᠳᠠᠵᠦ᠂ ᠪᠡᠶ᠎ᠡ ᠪᠠᠨ ᠬᠢᠴᠢᠶᠠᠵᠦ᠂ ᠡᠷᠡᠬᠦᠯ | ᠴᠢᠬᠢᠷᠠᠭ ᠦᠢᠯᠡᠳᠦᠯᠭᠡᠵᠢᠬᠦᠯᠦᠭᠴᠢ ᠪᠣᠯᠬᠤ ᠭᠡᠷᠡᠭᠳᠠᠢ᠃ ᠬᠢᠵᠢᠭ ᠤᠨ ᠪᠠᠶᠢᠳᠠᠯ ᠤᠨ ᠡᠮᠦᠨ᠎ᠡ᠂ ᠠᠮᠣᠷ ᠲᠦᠪᠰᠢᠨ | ᠨᠢᠭᠡᠳᠦᠭᠡᠷ᠃ ᠠᠮᠢ ᠨᠠᠰᠣ ᠦᠨᠡᠯᠡᠰᠢ ᠦᠭᠡᠢ᠂ ᠡᠷᠡᠬᠦᠯ ᠮᠡᠨᠳᠣ ᠨᠢᠭᠡᠳᠦᠭᠡᠷ᠃ ᠦᠷᠭᠡᠨ ᠣᠯᠠᠨ ᠨᠠᠮ ᠤᠨ ᠭᠡᠰᠢᠬᠦᠨ | ᠦᠪᠡᠷ ᠢ ᠪᠠᠨ ᠬᠠᠮᠠᠭᠠᠯᠠᠬᠤ ᠠᠵᠢᠯ ᠢ ᠰᠠᠶᠢᠳᠣᠷ ᠬᠢᠬᠦ ᠶᠢᠨ ᠬᠠᠮᠳᠣ ᠦᠷᠭᠡᠨ ᠣᠯᠠᠨ ᠲᠦᠮᠡᠨ ᠢ ᠬᠦᠮᠦᠵᠢᠬᠦᠯᠣᠨ | ᠵᠢᠯᠣᠭᠤᠳᠴᠦ ᠪᠠᠶᠢᠭᠠᠳ ᠦᠪᠡᠷ ᠢ ᠪᠠᠨ ᠬᠠᠮᠠᠭᠠᠯᠠᠬᠤ ᠣᠬᠠᠮᠰᠠᠷ ᠢ ᠴᠢᠩᠭᠠᠳᠬᠠᠵᠦ᠂ ᠠᠮᠠᠪᠴᠢ ᠵᠠᠬᠦᠵᠦ᠂ ᠭᠠᠷ | ᠢᠶᠠᠨ ᠦᠷᠬᠦᠯᠵᠢ ᠣᠬᠢᠶᠠᠵᠦ᠂ ᠡᠷᠡᠬᠦᠯ ᠴᠢᠬᠢᠷᠠᠭ ᠠᠮᠢᠳᠣᠷᠠᠯ ᠳᠤ ᠬᠠᠰᠢ ᠶᠠᠰᠢ ᠬᠠᠨᠳᠣᠵᠦ ᠪᠣᠯᠬᠤ ᠦᠭᠡᠢ᠃ | ᠴᠦᠬᠡᠨ ᠠᠶᠢᠯᠴᠢᠯᠠᠵᠦ᠂ ᠴᠣᠭᠯᠠᠷᠠᠬᠤ ᠦᠭᠡᠢ᠂ ᠭᠠᠷ ᠣᠳᠠᠰᠣ ᠪᠠᠷ ᠰᠢᠨ᠎ᠡ ᠶᠢᠨ ᠵᠣᠯᠭᠠᠯᠳᠠ ᠬᠢᠨ᠎ᠠ᠃ ᠴᠦᠭᠡᠨ | ᠴᠣᠭᠯᠠᠷᠠᠵᠦ᠂ ᠢᠯᠡᠬᠦᠭᠡᠨ ᠨᠣᠮ ᠦᠵᠡᠵᠦ᠂ ᠴᠠᠭᠠᠨ ᠰᠠᠷ᠎ᠠ ᠶᠢ ᠰᠢᠨ᠎ᠡ ᠡᠬᠦᠳᠦᠯᠳᠠ ᠲᠠᠢ ᠦᠩᠭᠡᠷᠡᠭᠡᠵᠦ ᠪᠣᠯᠣᠨ᠎ᠡ᠃ | ᠡᠮᠦᠨ᠎ᠡ ᠹᠷᠣᠨᠲ ᠲᠤ ᠪᠠᠶᠢᠬᠤ ᠦᠭᠡᠢ ᠴᠦ ᠡᠮᠦᠨ᠎ᠡ ᠹᠷᠦᠨᠲ ᠲᠤ ᠪᠠᠶᠢᠬᠤ ᠲᠦᠷᠰᠣ ᠪᠠᠶᠢᠳᠠᠯ ᠲᠠᠢ ᠪᠠᠶᠢᠵᠦ᠂ | ᠵᠣᠷᠢᠭᠳᠠᠢ ᠪᠠᠷ ᠣᠷᠣᠰᠬᠠᠯ ᠤᠨ ᠡᠮᠦᠨ᠎ᠡ ᠡᠩᠨᠡᠭᠡᠨ ᠳᠤ ᠵᠣᠭᠰᠣᠵᠦ᠂ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠨ᠂ | ᠣᠯᠠᠨ ᠢᠶᠠᠷ ᠢᠶᠠᠨ ᠵᠣᠷᠢᠭ ᠨᠢᠭᠡᠳᠴᠦ᠂ ᠡᠨᠡ ᠬᠦ ᠲᠡᠷᠢ ᠶᠢᠨ ᠣᠳᠤᠭ᠎ᠠ ᠦᠭᠡᠢ ᠲᠠᠶᠢᠨ ᠳᠤ ᠡᠷᠳᠡᠭᠡᠨ ᠢᠯᠡᠯᠳᠠ | ᠣᠯᠬᠤ ᠪᠠᠷ ᠴᠢᠷᠮᠠᠶᠢᠬᠤ ᠭᠡᠷᠡᠭᠳᠠᠢ︕ | ᠭᠤᠷᠪᠠ᠂ ᠰᠢᠨᠵᠢᠯᠡᠬᠦ ᠣᠬᠠᠭᠠᠴᠢ ᠪᠠᠷ ᠮᠠᠭᠠᠳᠯᠠᠵᠦ᠂ ᠣᠶᠣᠨᠴᠢ ᠪᠠᠷ ᠰᠡᠳᠬᠢᠵᠦ᠂ ᠵᠦᠪ ᠲᠠᠯ᠎ᠠ ᠶᠢᠨ | ᠣᠯᠠᠮᠵᠢᠯᠠᠭᠴᠢ ᠪᠣᠯᠬᠤ ᠭᠡᠷᠡᠭᠳᠠᠢ᠃ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠨᠠᠮ ᠤᠨ ᠭᠡᠰᠢᠬᠦᠳ ᠣᠮᠤᠭ | ᠵᠣᠷᠢᠭ ᠢᠶᠠᠨ ᠬᠦᠪᠴᠢᠯᠠᠨ᠂ ᠣᠷᠮ᠎ᠡ ᠮᠢᠳᠠᠷᠠᠵᠦ ᠪᠣᠯᠬᠤ ᠦᠭᠡᠢ᠃ ᠨᠡᠶᠢᠭᠡᠮ ᠤᠨ ᠬᠠᠷᠢᠭᠤᠴᠠᠯᠭ᠎ᠠ ᠶᠢ ᠬᠦᠢᠴᠡᠳᠭᠡᠵᠦ | ᠂ ᠶᠠᠷᠢᠶ᠎ᠠ ᠭᠡᠯᠡᠯᠴᠡᠭᠡ ᠪᠠᠷ ᠬᠦᠳᠦᠯᠣᠨ ᠵᠢᠯᠣᠭᠤᠳᠬᠤ ᠶᠢ ᠰᠠᠶᠢᠳᠣᠷ ᠬᠢᠵᠦ᠂ ᠡᠷᠭᠡ ᠰᠦᠷᠳᠣ ᠮᠡᠳᠡᠭᠡ ᠵᠠᠩᠬᠢ ᠶᠢ | ᠢᠳᠡᠪᠬᠢᠳᠡᠢ ᠪᠠᠷ ᠣᠯᠠᠮᠵᠢᠯᠠᠨ ᠲᠠᠷᠬᠠᠭᠠᠵᠦ᠂ ᠴᠣᠣᠷᠬᠠᠯ ᠲᠠᠯᠪᠢᠬᠤ ᠦᠭᠡᠢ᠂ ᠴᠣᠣᠷᠬᠠᠯ ᠢ ᠢᠳᠡᠭᠡᠬᠦ ᠦᠭᠡᠢ᠂ | ᠴᠣᠣᠷᠬᠠᠯ ᠲᠠᠷᠬᠠᠭᠠᠬᠤ ᠦᠭᠡᠢ᠂ ᠭᠡᠷᠡᠴᠢᠯᠡᠭᠰᠡᠨ ᠦᠭᠡᠢ ᠮᠡᠳᠡᠭᠡ ᠵᠠᠩᠬᠢ ᠶᠢ ᠣᠯᠠᠮᠵᠢᠯᠠᠬᠤ ᠦᠭᠡᠢ᠂ ᠲᠡᠯᠭᠡᠷᠡᠬᠦᠯᠬᠦ | ᠦᠭᠡᠢ᠂ ᠪᠦᠷᠢᠨ ᠲᠡᠬᠦᠯᠳᠠᠷ ᠵᠦᠪ ᠡᠨᠧᠷᠬᠢ ᠪᠠᠷ ᠣᠯᠠᠨ ᠲᠦᠮᠡᠨ ᠤ ᠠᠩᠬᠠᠷᠣᠯ ᠲᠠᠯᠪᠢᠵᠦ ᠪᠠᠶᠢᠭ᠎ᠠ ᠠᠰᠠᠭᠤᠳᠠᠯ ᠳᠤ | ᠴᠠᠭ ᠲᠣᠬᠠᠢ ᠳᠤ ᠨᠢ ᠬᠠᠷᠢᠭᠤᠯᠳᠠ ᠦᠭᠴᠦ᠂ ᠣᠯᠠᠨ ᠲᠦᠮᠡᠨ ᠤ ᠰᠡᠵᠢᠭᠯᠡᠯ ᠲᠦᠭᠡᠷᠢᠭᠳᠡᠯ ᠢ ᠠᠯᠳᠠᠷᠭᠠᠵᠦ ᠦᠭᠬᠦ | ᠭᠡᠷᠡᠭᠳᠠᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠳᠣᠳᠬᠠᠵᠦ᠂ ᠰᠡᠷᠭᠡᠶᠢᠯᠡᠨ ᠡᠵᠡᠮᠳᠡᠬᠦ ᠶᠢ ᠰᠠᠶᠢᠳᠣᠷ ᠬᠢᠵᠦ᠂ | ᠨᠠᠮ ᠤᠨ ᠲᠦᠯᠦᠭᠡ ᠰᠠᠨᠠᠭᠠᠰᠢᠷᠠᠵᠦ᠂ ᠣᠯᠣᠰ ᠣᠷᠣᠨ ᠤ ᠪᠠᠨ ᠲᠦᠯᠦᠭᠡ ᠬᠦᠴᠦ ᠪᠠᠨ ᠡᠷᠬᠦᠬᠦ ᠭᠡᠷᠡᠭᠳᠠᠢ᠃ | ᠬᠦᠴᠢᠷ ᠪᠡᠷᠭᠡᠰᠢᠶᠠᠯ ᠢ ᠲᠠᠭᠤᠯᠪᠠᠯ ᠰᠠᠶ᠋ᠢ ᠡᠷᠡᠯᠭᠡᠭ ᠪᠠᠭᠠᠳᠣᠷ ᠪᠣᠯᠵᠦ᠂ ᠬᠠᠳᠠᠭᠤᠵᠢᠨ ᠲᠠᠪᠳᠠᠭᠳᠠᠪᠠᠯ ᠰᠠᠶ᠋ᠢ | ᠬᠠᠰ ᠪᠣᠯᠣᠨ᠎ᠠ ᠭᠡᠳᠡᠭᠴᠢᠯᠠᠨ ᠪᠢᠳᠠ ᠡᠨᠡ ᠭᠡᠰᠡᠭ ᠲᠡᠣᠭᠡ ᠶᠢᠨ ᠭᠡᠷᠡᠴᠢᠯᠡᠭᠴᠢ ᠪᠠ ᠢᠷᠠᠭᠤ ᠠᠯᠳᠠᠷᠳᠣ ᠬᠠᠮᠠᠭᠠᠯᠠᠭᠴᠢ | ᠪᠣᠯᠣᠨ᠎ᠡ ᠭᠡᠳᠡᠭ ᠲᠤ ᠢᠳᠡᠭᠡᠭᠡᠷᠡᠢ︕ ᠮᠠᠨ ᠤ ᠡᠭᠡ ᠣᠯᠣᠰ ᠭᠡᠳᠦᠶᠢᠪᠡᠷ ᠨᠠᠢᠮᠠᠨ ᠵᠦᠭ ᠤᠨ ᠰᠠᠯᠬᠢ ᠪᠣᠷᠣᠭᠠᠨ ᠢ | ᠡᠰᠡᠷᠬᠦᠴᠡᠨ ᠬᠤᠷᠢᠭᠯᠠᠵᠦ ᠪᠠᠶᠢᠪᠠᠴᠦ ᠪᠣᠴᠠᠵᠦ ᠢᠷᠡᠪᠡᠯ ᠮᠥᠨ ᠯᠡ ᠬᠦᠴᠦᠳᠡᠨ ᠪᠣᠯᠣᠨ᠎ᠡ ᠭᠡᠳᠡᠭ ᠲᠤ ᠢᠳᠡᠭᠡᠭᠡᠷᠡᠢ︕ | | ᠲᠣᠮᠳᠠᠳᠣ ᠣᠯᠣᠰ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶᠠᠨ ᠤ | ᠵᠣᠬᠢᠶᠠᠨ ᠪᠠᠶᠢᠭᠤᠯᠬᠤ ᠭᠡᠯᠳᠡᠰ | 2020 ᠣᠨ ᠤ1 ᠰᠠᠷ᠎ᠠ ᠶᠢᠨ26 ᠤ ᠡᠳᠦᠷ | | | | | | |