ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ ᠡᠳ᠋ ᠪᠤᠲᠠᠰ ᠵᠡᠷᠭᠡ ᠶᠢᠨ ᠦᠨ᠎ᠡ ᠬᠠᠩᠰᠢ ᠶᠢ ᠦᠰᠭᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020-01-29
ᠪᠦᠬᠦ ᠬᠤᠰᠢᠭᠤᠨ ᠤ ᠡᠯ᠎ᠡ ᠡᠮ ᠡᠮᠨᠡᠯᠭᠡ ᠶᠢᠨ ᠬᠡᠷᠡᠭᠰᠡᠯ ᠡᠵᠡᠩᠨᠡᠬᠦ ᠨᠢᠭᠡᠴᠡ ᠳᠤ᠄      ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ ᠡᠳ᠋ ᠪᠤᠲᠠᠰ ᠵᠡᠷᠭᠡ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠢ ᠶᠡᠷᠦᠩᠬᠡᠶ  ᠳᠡᠭᠡᠨ ᠲᠣᠭᠲᠠᠭᠤᠨ ᠪᠠᠶᠢᠯᠭᠠᠵᠤ᠂ ᠥᠷᠭᠡᠨ ᠣᠯᠠᠨ ᠲᠦᠮᠡᠨ ᠪᠠ ᠬᠠᠤᠯᠢ ᠶᠣᠰᠣᠨ ᠤ ᠡᠵᠡᠩᠨᠡᠭᠴᠢ ᠶᠢᠨ ᠵᠦᠶ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ᠂ ︽ᠪᠥᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠦᠨ᠎ᠡ ᠬᠠᠩᠰᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠶᠯ  ᠤᠨ ᠬᠠᠤᠯᠢ︾᠂ ︽ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ  ᠤ ᠰᠢᠳᠬᠡᠯ ᠥᠭᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠡᠳᠦᠭᠡ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠸᠢᠷᠦ᠋ᠰ ᠢ ᠡᠰᠡᠷᠭᠦᠴᠡᠬᠦ ᠡᠮ᠂ ᠠᠷᠢᠭᠤᠳᠬᠠᠬᠤ ᠡᠳ᠋᠂ ᠠᠮᠠᠪᠴᠢ ᠵᠡᠷᠭᠡ ᠡᠮ ᠡᠮᠨᠡᠯᠭᠡ ᠶᠢᠨ ᠬᠡᠷᠡᠭᠰᠡᠯ ᠢ ᠬᠦᠭᠡᠷᠲᠡᠨ ᠦᠰᠭᠡᠬᠦ ᠶᠢ ᠰᠡᠷᠭᠡᠶᠢᠯᠡᠨ ᠬᠢᠵᠠᠭᠠᠷᠯᠠᠬᠤ ᠵᠡᠷᠭᠡ ᠬᠤᠯᠪᠣᠭᠳᠠᠯ ᠪᠥᠬᠦᠶ ᠵᠦᠶᠯ ᠢ ᠳᠣᠤᠷᠠᠬᠢ ᠮᠡᠲᠦ ᠵᠠᠷᠯᠠᠬᠤ ᠨᠢ᠄      ᠨᠢᠭᠡ᠂ ᠡᠯ᠎ᠡ ᠬᠠᠮᠢᠶ᠎ᠠ ᠪᠥᠬᠦᠶ ᠡᠵᠡᠩᠨᠡᠭᠴᠢ ︽ᠦᠨ᠎ᠡ ᠬᠠᠩᠰᠢ ᠶᠢᠨ ᠬᠠᠤᠯᠢ︾᠂ ︽ᠡᠮ ᠤᠨ ᠵᠦᠶᠯ ᠤᠨ ᠬᠠᠤᠯᠢ︾᠂ ︽ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ︾᠂ ︽ᠲᠠᠸᠠᠷ ᠪᠠ ᠦᠶᠯᠡᠴᠢᠯᠡᠭᠡ ᠳᠤ ᠦᠨ᠎ᠡ ᠬᠠᠩᠰᠢ ᠶᠢ ᠢᠯᠡ ᠬᠠᠳᠠᠬᠤ ᠲᠤᠬᠠᠶ ᠲᠣᠭᠲᠠᠭᠠᠯ︾ ᠵᠡᠷᠭᠡ ᠦᠨ᠎ᠡ ᠬᠠᠩᠰᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠷᠬᠡ ᠲᠡᠭᠰᠢ᠂ ᠬᠠᠤᠯᠢ ᠳᠤ ᠨᠡᠶᠢᠴᠡᠬᠦ ᠪᠠ ᠦᠨᠡᠨᠴᠢ ᠢᠲᠡᠭᠡᠮᠵᠢᠲᠡᠶ ᠦᠨ᠎ᠡ ᠲᠣᠭᠲᠠᠭᠠᠬᠤ ᠵᠠᠷᠴᠢᠮ ᠢ ᠵᠢᠷᠤᠮᠯᠠᠨ᠂ ᠬᠡᠷᠡᠭᠯᠡᠭᠴᠢᠳ ᠲᠤ ᠶᠠᠰᠤ ᠴᠢᠨᠠᠷ ᠪᠠ ᠦᠨ᠎ᠡ ᠬᠠᠩᠰᠢ ᠨᠢ ᠬᠠᠷᠢᠯᠴᠠᠨ ᠨᠡᠶᠢᠴᠡᠭᠰᠡᠨ ᠲᠠᠸᠠᠷ ᠪᠠ ᠦᠶᠯᠡᠴᠢᠯᠡᠭᠡ ᠬᠠᠩᠭᠠᠬᠤ ᠬᠡᠷᠡᠭᠲᠡᠶ᠃ ᠬᠤᠯᠪᠣᠭᠳᠠᠯ ᠪᠦᠬᠦᠢ ᠡᠵᠡᠩᠨᠡᠭᠴᠢ ᠶᠢᠨ ᠳᠣᠣᠷ᠎ᠠ ᠵᠢᠭᠰᠠᠭᠠᠭᠰᠠᠨ ᠵᠦᠢ ᠪᠤᠰᠤ ᠦᠨ᠎ᠡ ᠬᠠᠩᠰᠢ ᠶᠢᠨ ᠠᠵᠢᠯᠯᠠᠭ᠎ᠠ ᠬᠢᠬᠦ ᠶᠢ ᠴᠠᠭᠠᠵᠠᠯᠠᠨ᠎ᠠ᠄      1. ᠬᠠᠷᠢᠯᠴᠠᠨ ᠰᠥᠯᠪᠡᠭᠡᠯᠳᠦᠵᠦ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠵᠠᠬᠢᠷᠤᠨ ᠡᠵᠡᠮᠳᠡᠵᠦ᠂ ᠪᠤᠰᠤᠳ ᠡᠵᠡᠩᠨᠡᠭᠴᠢ ᠪᠤᠶᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ︔      2. ᠦᠨ᠎ᠡ ᠬᠠᠩᠰᠢ ᠥᠰᠬᠦ ᠮᠡᠳᠡᠭᠡ ᠵᠠᠩᠭᠢ ᠶᠢ ᠬᠤᠳᠠᠯ ᠢᠶᠠᠷ ᠵᠣᠬᠢᠶᠠᠵᠤ ᠲᠠᠷᠬᠠᠭᠠᠨ᠂ ᠦᠨ᠎ᠡ ᠬᠠᠩᠰᠢ ᠶᠢ ᠬᠦᠭᠡᠷᠲᠡᠨ ᠥᠰᠬᠡᠵᠦ ᠲᠠᠸᠠᠷ ᠤᠨ ᠦᠨ᠎ᠡ ᠬᠠᠩᠰᠢ ᠬᠡᠳᠦ ᠥᠨᠳᠥᠷ ᠦᠰᠭᠡᠭᠦ︔      3. ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠬᠡᠷᠡᠭᠰᠡᠬᠦ ᠬᠢᠵᠢᠭ ᠢ ᠰᠡᠷᠭᠡᠶᠢᠯᠡᠬᠦ ᠡᠮ ᠡᠮᠨᠡᠯᠭᠡ ᠶᠢᠨ ᠬᠡᠷᠡᠭᠰᠡᠯ ᠢ ᠶᠡᠭᠡ ᠬᠡᠮᠵᠢᠶ᠎ᠡ ᠪᠠᠷ ᠬᠤᠷᠠᠮᠳᠤᠭᠤᠯᠤᠨ ᠬᠠᠳᠠᠭᠠᠯᠠᠵᠤ᠂ ᠪᠣᠷᠣᠯᠠᠭᠤᠯᠬᠤ ᠦᠨ᠎ᠡ ᠬᠠᠩᠰᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ︔      4. ᠬᠤᠳᠠᠯ ᠬᠠᠭᠤᠷᠮᠠᠭ ᠪᠤᠶᠤ ᠬᠥᠮᠦᠨ ᠢ ᠠᠳᠡᠭᠦᠷᠡᠭᠦᠯᠬᠦ ᠦᠨ᠎ᠡ ᠬᠠᠩᠰᠢ ᠶᠢᠨ ᠠᠷᠭ᠎ᠠ ᠪᠠᠷᠢᠯ ᠢ ᠠᠰᠢᠭᠯᠠᠨ ᠂ ᠬᠡᠷᠡᠭᠯᠡᠭᠴᠢᠳ ᠪᠤᠶᠤ ᠪᠤᠰᠤᠳ ᠡᠵᠡᠩᠨᠡᠭᠴᠢᠳ ᠢ ᠥᠳᠥᠭᠡᠨ ᠮᠡᠬᠡᠯᠡᠵᠦ ᠲᠡᠭᠦᠨ ᠲᠠᠢ ᠠᠷᠠᠯᠵᠢᠶᠠᠯᠠᠭᠤᠯᠬᠤ︔      5. ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠵᠦ ᠬᠡᠳᠦ ᠠᠰᠢᠭ ᠤᠯᠬᠤ︔      6. ᠢᠯᠡ ᠦᠨ᠎ᠡ ᠬᠠᠳᠠᠬᠤ ᠲᠣᠭᠲᠠᠭᠠᠯ ᠢ ᠵᠥᠷᠢᠴᠡᠵᠦ᠂ ᠬᠠᠳᠠᠭᠰᠠᠨ ᠦᠨ᠎ᠡ ᠠᠴᠠ ᠭᠠᠳᠠᠨ᠎ᠠ ᠦᠨ᠎ᠡ ᠨᠡᠮᠡᠵᠦ ᠲᠠᠸᠠᠷ ᠬᠤᠳᠠᠯᠳᠤᠬᠤ᠂ ᠲᠣᠳᠣᠷᠬᠠᠶᠢᠯᠠᠭᠰᠠᠨ ᠦᠭᠡᠢ ᠵᠠᠷᠤᠳᠠᠯ ᠬᠤᠷᠢᠶᠠᠬᠤ ᠦᠢᠯᠡ ᠠᠵᠢᠯᠯᠠᠭ᠎ᠠ᠃      ᠳᠡᠭᠡᠷ᠎ᠡ ᠳᠤᠷᠠᠳᠤᠭᠰᠠᠨ 1-5 ᠵᠤᠷᠪᠤᠰ ᠲᠣᠭᠲᠠᠭᠠᠯ ᠢ ᠵᠥᠷᠢᠴᠡᠭᠰᠡᠨ ᠵᠠᠬ᠎ᠠ ᠳᠡᠯᠭᠡᠭᠦᠷ ᠤᠨ ᠦᠨ᠎ᠡ ᠬᠠᠩᠰᠢ  ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠠᠵᠢᠯᠯᠠᠭ᠎ᠠ  ᠶᠢᠨ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ  ᠢ ᠨᠢ ᠬᠤᠷᠢᠶᠠᠨ ᠠᠪᠴᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠤᠨ ᠬᠢᠨᠢ 5 ᠲᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠳᠬᠡᠨ᠎ᠡ︔  ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠦᠭᠡᠢ ᠪᠠᠶᠢᠪᠠᠯ᠂ 5 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠵᠦ᠂ ᠦᠢᠯᠡ ᠪᠠᠶᠢᠳᠠᠯ ᠨᠢ ᠨᠡᠯᠢᠶᠡᠳ ᠬᠦᠨᠳᠦ ᠪᠠᠶᠢᠪᠠᠯ 50 ᠲᠦᠮᠡᠨ ᠲᠥᠭᠦᠷᠢᠭ ᠠᠴᠠ ᠳᠡᠭᠡᠭᠰᠢ 300 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔  ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠪᠤᠶᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ ᠪᠠᠶᠢᠭᠤᠯᠭ᠎ᠠ ᠠᠴᠠ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠨ᠎ᠠ᠃ ᠢᠯᠡ ᠦᠨ᠎ᠡ ᠬᠠᠳᠠᠬᠤ ᠲᠣᠭᠲᠠᠭᠠᠯ ᠠᠴᠠ ᠵᠥᠷᠢᠴᠡᠭᠰᠡᠨ ᠬᠠᠤᠯᠢ ᠠᠴᠠ ᠵᠥᠷᠢᠴᠡᠵᠦ ᠣᠯᠤᠭᠰᠠᠨ ᠤᠯᠵᠠ ᠶᠢ ᠨᠢ ᠬᠤᠷᠢᠶᠠᠨ ᠠᠪᠬᠤ ᠶᠢᠨ ᠬᠠᠮᠲᠤ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃      ᠬᠤᠶᠠᠷ᠂ ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ  ᠨᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠬᠢᠵᠢᠭ ᠰᠡᠷᠭᠡᠶᠢᠯᠡᠬᠦ ᠡᠮ ᠡᠮᠨᠡᠯᠭᠡ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ᠂ ᠬᠦᠨᠳᠦ᠂ ᠲᠦᠷᠭᠡᠨ ᠢᠶᠠᠷ ᠪᠠᠶᠢᠴᠠᠭᠠᠨ ᠰᠢᠶᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠡᠮ ᠤᠨ ᠵᠦᠶᠯ᠂ ᠡᠮᠴᠢᠯᠡᠭᠡᠨ ᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ ᠡᠳ᠋ ᠪᠤᠲᠠᠰ ᠵᠡᠷᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠬᠠᠮᠠᠭᠠᠯᠠᠨ᠎ᠠ᠃      ᠭᠤᠷᠪᠠ᠂ ᠥᠷᠭᠡᠨ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠢᠳᠡᠪᠬᠢᠲᠡᠢ ᠬᠢᠨᠠᠯᠲᠠ ᠲᠠᠯᠪᠢᠵᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ 6212315 ᠢᠯᠡᠴᠢᠯᠡᠨ ᠮᠡᠳᠡᠭᠦᠯᠬᠦ ᠤᠲᠠᠰᠤ ᠳᠤ ᠴᠠᠭ ᠲᠤᠬᠠᠶ ᠳᠤᠨᠢ ᠤᠲᠠᠰᠤᠳᠠᠵᠤ ᠢᠯᠡᠴᠢᠯᠡᠨ ᠮᠡᠳᠡᠭᠦᠯᠵᠦ ᠵᠠᠭᠠᠯᠳᠤᠬᠤ ᠶᠢ ᠬᠦᠰᠡᠵᠦ ᠪᠠᠶᠢᠨ᠎ᠠ᠃           ᠪᠠᠭᠠᠷᠢᠨ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ                                      2020 ᠣᠨ ᠤ 1 ᠰᠠᠷ᠎ᠠ ᠶᠢᠨ 28 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2