ᠪᠠᠭᠠᠷᠢᠨ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠪᠦᠬᠦ ᠬᠤᠰᠢᠭᠤᠨ ᠤ ᠦᠷᠬᠡᠨ ᠣᠯᠠᠨ ᠠᠵᠢᠯᠳᠡᠨ ᠠᠵᠢᠯᠴᠢᠨ ᠳᠤ ᠦᠭᠭᠦᠭᠰᠡᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020-01-29
ᠪᠦᠬᠦ ᠬᠤᠰᠢᠭᠤᠨ ᠤ ᠡᠯ᠎ᠡ ᠱᠠᠳᠣᠨ ᠤ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ᠂ ᠠᠵᠢᠯᠴᠢᠨ ᠤ ᠡᠪᠯᠡᠯ  ᠤᠨ ᠺᠠᠳ᠋ᠷ ᠵᠢᠴᠢ ᠦᠷᠬᠡᠨ ᠣᠯᠠᠨ ᠠᠵᠢᠯᠳᠡᠨ ᠠᠵᠢᠯᠴᠢᠨ ᠳᠤ᠄      ᠣᠳᠣᠬᠠᠨ ᠳᠤ᠂ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠬᠠᠯᠳᠠᠪᠣᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠶᠠᠭ ᠵᠠᠩᠬᠢᠯᠠᠭ᠎ᠠ ᠶᠢᠨ ᠦᠶ᠎ᠡ ᠳᠤ ᠣᠷᠣᠰᠢᠵᠤ ᠪᠠᠶᠢᠨ᠎ᠠ᠃ ᠪᠦᠬᠦ ᠲᠣᠮᠳᠠᠳᠣ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠰᠢᠨ᠎ᠡ ᠮᠠᠶ᠋ᠢᠭ ᠤᠨ ᠠᠭᠤᠰᠬᠢᠨ ᠦᠷᠪᠢᠰᠦᠯ ᠤᠨ ᠬᠢᠵᠢᠭ ᠢ ᠡᠰᠡᠷᠭᠦᠴᠡᠬᠦ ᠲᠣᠬᠠᠢ ᠰᠠᠨᠠᠭᠠᠴᠢᠯᠠᠭ᠎ᠠ ᠶᠢᠨ ᠪᠢᠴᠢᠭ ᠭᠠᠷᠭᠠᠵᠤ᠂ ᠦᠪᠡᠷᠳᠡᠬᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠪᠠ ᠣᠯᠠᠭᠠᠨᠬᠠᠳᠠ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠪᠠᠰᠠ ᠦᠷᠬᠡᠨ ᠣᠯᠠᠨ ᠠᠵᠢᠯᠳᠠᠨ ᠠᠵᠢᠯᠴᠢᠨ ᠳᠤ ᠦᠭᠭᠦᠭᠰᠡᠨ ᠰᠠᠨᠠᠭᠠᠴᠢᠯᠠᠭ᠎ᠠ ᠶᠢᠨ ᠪᠢᠴᠢᠭ ᠭᠠᠷᠭᠠᠵᠠᠢ᠂ ᠪᠦᠬᠦ ᠬᠤᠰᠢᠭᠤᠨ ᠤ ᠡᠯ᠎ᠡ ᠱᠠᠳᠣᠨ ᠤ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ᠂ ᠠᠵᠢᠯᠴᠢᠨ ᠤ ᠡᠪᠯᠡᠯ ᠤᠨ ᠺᠠᠳ᠋ᠷ ᠪᠤᠯᠤᠨ ᠦᠷᠬᠡᠨ ᠣᠯᠠᠨ ᠠᠵᠢᠯᠳᠡᠨ ᠠᠵᠢᠯᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠦᠷᠨᠢᠭᠦᠯᠵᠦ ᠪᠦᠬᠦᠢ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠢ ᠨᠠᠷᠢᠨ ᠬᠢᠨᠠᠮᠠᠭᠠᠢ ᠤᠶᠢᠯᠠᠭᠠᠵᠤ᠂ ᠢᠳᠡᠪᠬᠢᠳᠡᠢ ᠴᠣᠣᠷᠢᠶᠠᠳᠣᠨ ᠲᠠᠭᠠᠵᠣ᠂ ᠪᠦᠬᠦ ᠬᠦᠴᠦᠨ ᠢᠶᠠᠷ ᠢᠶᠠᠨ ᠬᠠᠮᠵᠢᠯᠴᠠᠨ ᠳᠡᠮᠵᠢᠬᠦ ᠬᠡᠷᠡᠭᠳᠡᠢ᠃       ᠪᠠᠭᠠᠷᠢᠨ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ ᠰᠠᠨᠠᠭᠠᠴᠢᠯᠠᠬᠤ ᠨᠢ᠄      1. ᠰᠣᠨᠢᠨ ᠮᠡᠳᠡᠭᠡ ᠶᠢ ᠢᠯᠡᠬᠦᠬᠡᠨ ᠦᠵᠡᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠤ ᠰᠡᠷᠬᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠳᠠ ᠶᠢ ᠴᠠᠭ ᠲᠣᠬᠠᠢ ᠳᠤᠨᠢ ᠡᠵᠡᠮᠰᠢᠨ ᠤᠶᠢᠯᠠᠭᠠᠵᠤ ᠨᠠᠶᠢᠳᠠᠪᠤᠷᠢᠵᠢᠭᠤᠯᠬᠤ ᠬᠡᠷᠡᠭᠳᠡᠢ᠃      2. ᠡᠭᠦᠷᠭᠡ ᠬᠠᠷᠢᠭᠤᠴᠠᠯᠭᠠᠳᠣ ᠣᠬᠠᠮᠰᠡᠷ ᠢᠶᠠᠨ ᠴᠢᠩᠭᠠᠳᠬᠠᠵᠤ᠂ ᠠᠯᠢᠪᠠ ᠪᠦᠬᠦᠨ ᠳᠤ ᠬᠤᠰᠢᠭᠤᠨ ᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠤ ᠨᠢᠬᠡᠳᠦᠯᠳᠡᠢ ᠣᠳᠣᠷᠢᠳᠣᠯᠭ᠎ᠠ ᠪᠠ ᠵᠢᠯᠣᠭᠤᠳᠣᠯᠭ᠎ᠠ ᠶᠢ ᠲᠠᠭᠠᠬᠤ ᠬᠡᠷᠡᠭᠳᠡᠢ᠃      3. ᠮᠡᠳᠡᠭᠡ ᠵᠠᠩᠬᠢ ᠶᠢ ᠰᠠᠭᠠᠳ ᠦᠬᠡᠢ ᠨᠡᠪᠳᠡᠷᠡᠭᠦᠯᠵᠦ᠂ ᠬᠠᠷᠢᠯᠴᠠᠨ ᠬᠠᠯᠠᠮᠵᠢᠯᠠᠨ᠂ ᠦᠷᠬᠡᠨ ᠣᠯᠠᠨ ᠠᠵᠢᠯᠳᠡᠨ ᠠᠵᠢᠯᠴᠢᠨ ᠤ ᠰᠡᠷᠬᠡᠶᠢᠯᠡᠨ ᠬᠢᠵᠠᠭᠠᠷᠯᠠᠬᠤ ᠬᠠᠮᠳᠣ ᠶᠢᠨ ᠬᠦᠴᠦᠨ ᠢ ᠪᠠᠳᠠᠷᠠᠭᠤᠯᠬᠤ ᠬᠡᠷᠡᠭᠲᠡᠢ᠃      4. ᠬᠠᠣᠯᠢ ᠶᠣᠰᠣᠭᠠᠷ ᠰᠢᠨᠵᠢᠯᠡᠬᠦ ᠣᠬᠠᠭᠠᠨᠴᠢ ᠪᠠᠷ ᠰᠡᠷᠬᠡᠶᠢᠯᠡᠨ ᠬᠢᠵᠠᠭᠠᠷᠯᠠᠵᠦ᠂ ᠴᠣᠣᠷᠬᠠᠯ ᠢ ᠢᠳᠡᠬᠡᠬᠦ ᠦᠬᠡᠢ᠂ ᠴᠣᠣᠷᠬᠠᠯ ᠢ ᠲᠠᠷᠬᠠᠭᠠᠬᠤ ᠦᠬᠡᠢ᠂ ᠴᠣᠣᠷᠬᠠᠯ ᠲᠠᠯᠪᠢᠬᠤ ᠦᠬᠡᠢ ᠪᠠᠶᠢᠵᠤ᠂ ᠵᠦᠪ ᠡᠨᠧᠷᠭᠢ ᠶᠢ ᠳᠠᠮᠵᠢᠭᠤᠯᠬᠤ ᠬᠡᠷᠡᠭᠲᠡᠢ᠃      5. ᠰᠡᠷᠬᠡᠶᠢᠯᠡᠨ ᠬᠢᠵᠠᠭᠠᠷᠯᠠᠬᠤ ᠳᠤ ᠨᠠᠷᠢᠯᠢᠭ ᠵᠦᠢᠯᠡᠰ ᠢ ᠴᠢᠬᠤᠯᠠᠴᠢᠯᠠᠵᠤ᠂ ᠮᠢᠨᠴᠦᠭᠦᠷᠡᠮᠡᠯ ᠲᠠᠶᠢᠪᠤᠰᠢᠷᠠᠩᠭᠤᠢ ᠪᠤᠶᠤ ᠬᠤᠪᠢ ᠵᠠᠶᠠᠭᠠᠨ ᠳᠤ ᠪᠠᠨ ᠨᠠᠶᠢᠳᠠᠬᠤ ᠰᠡᠳᠬᠢᠯᠭᠡ ᠲᠠᠢ ᠪᠠᠶᠢᠵᠤ ᠪᠤᠯᠬᠤ ᠦᠬᠡᠢ᠃      6. ᠡᠪᠡᠳᠴᠢᠨ ᠤ ᠰᠡᠵᠢᠭᠯᠡᠯᠳᠡᠢ ᠬᠦᠮᠦᠨ ᠤ ᠪᠠᠶᠢᠳᠠᠯ ᠢ ᠱᠠᠭᠠᠷᠳᠠᠯᠭ᠎ᠠ ᠪᠠ ᠵᠢᠷᠦᠮᠵᠢᠯ ᠶᠣᠰᠣᠭᠠᠷ ᠴᠠᠭ ᠲᠣᠬᠠᠢ ᠳᠤᠨᠢ ᠮᠡᠳᠡᠬᠦᠯᠬᠦ ᠬᠡᠷᠡᠭᠳᠡᠢ᠃      7. ᠦᠢᠯᠡᠳᠪᠦᠷᠢᠯᠡᠯ ᠤᠨ ᠨᠢᠬᠡᠳᠦᠬᠡᠷ ᠹᠷᠣᠨᠲ ᠤᠨ ᠠᠵᠢᠯᠳᠡᠨ ᠠᠵᠢᠯᠴᠢᠨ ᠳᠤ ᠴᠢᠩᠭ᠎ᠠ ᠰᠡᠷᠬᠡᠶᠢᠯᠡᠨ ᠬᠢᠵᠠᠭᠠᠷᠯᠠᠬᠤ ᠠᠷᠭ᠎ᠠ ᠠᠪᠴᠦ᠂ ᠬᠤᠷᠢᠭ᠎ᠠ ᠡᠵᠡᠮᠳᠡᠯ ᠢᠶᠠᠨ ᠠᠯᠳᠠᠬᠤ ᠶᠢ ᠰᠡᠷᠬᠡᠶᠢᠯᠡᠬᠦ ᠬᠡᠷᠡᠭᠳᠡᠢ᠃      8. ᠰᠡᠷᠬᠡᠶᠢᠯᠡᠨ ᠬᠢᠵᠠᠭᠠᠷᠯᠠᠬᠤ ᠠᠵᠢᠯ ᠢ ᠰᠠᠶᠢᠳᠣᠷ ᠬᠢᠬᠦ ᠶᠢᠨ ᠬᠠᠮᠳᠣ ᠪᠠᠰᠠ ᠪᠣᠰᠣᠳ ᠠᠮᠣᠷ ᠲᠦᠪᠰᠢᠨ ᠤ ᠠᠰᠠᠭᠤᠳᠠᠯ ᠢ ᠣᠷᠢᠳᠴᠢᠯᠡᠨ ᠰᠡᠷᠬᠡᠶᠢᠯᠡᠬᠦ   ᠶᠢ ᠴᠢᠬᠤᠯᠠᠴᠢᠯᠠᠬᠤ ᠬᠡᠷᠡᠭᠳᠡᠢ᠃      9. ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠮᠴᠢ ᠰᠤᠪᠢᠯᠠᠭᠴᠢᠳ ᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠣᠬᠤᠨᠢᠭᠤᠯᠵᠤ᠂ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠬᠠᠯᠠᠮᠵᠢᠯᠠᠯ ᠢ ᠬᠦᠷᠲᠡᠭᠡᠬᠦ ᠬᠡᠷᠡᠭᠲᠡᠢ᠃      10. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠳᠣ ᠴᠢᠩᠭ᠎ᠠ ᠣᠳᠣᠷᠢᠳᠣᠯᠭ᠎ᠠ ᠪᠠ ᠵᠢᠯᠤᠭᠤᠳᠣᠯᠭ᠎ᠠ ᠲᠣᠣᠷ᠎ᠠ᠂ ᠰᠡᠳᠬᠢᠯ ᠢᠶᠠᠨ ᠨᠢᠬᠡᠳᠭᠡᠨ᠂ ᠬᠦᠴᠦ ᠪᠠᠨ ᠬᠠᠮᠳᠣᠳᠬᠠᠵᠣ᠂ ᠳᠠᠶᠠᠭᠠᠷ ᠣᠯᠠᠨ ᠢᠶᠠᠷ  ᠢᠶᠠᠨ ᠰᠡᠷᠬᠡᠶᠢᠯᠡᠨ ᠬᠢᠵᠠᠭᠠᠷᠯᠠᠵᠦ᠂ ᠠᠵᠢᠯᠴᠢᠨ ᠤ ᠡᠪᠯᠡᠯ ᠤᠨ ᠵᠤᠬᠢᠶᠠᠨ ᠪᠠᠶᠢᠭᠤᠯᠤᠯᠳᠠ ᠶᠢᠨ ᠡᠬᠦᠷᠬᠡ ᠴᠢᠳᠠᠪᠣᠷᠢ  ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠳᠤ ᠢᠳᠡᠪᠬᠢᠳᠡᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠲᠠᠶᠢᠯᠠᠯᠳᠣᠭᠠᠨ ᠤ ᠢᠯᠠᠯᠳᠠ ᠶᠢ ᠦᠳᠳᠦᠷ ᠲᠦᠷᠬᠡᠨ ᠣᠯᠬᠤ ᠳᠤ ᠣᠶᠣᠨ ᠣᠬᠠᠭᠠᠨ ᠪᠠ ᠬᠦᠴᠦᠨ ᠴᠢᠳᠠᠯ ᠢᠶᠠᠨ ᠡᠷᠭᠦᠵᠡᠭᠡᠶ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2