ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠢᠭ                        2 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2020-01-30
    ᠳᠡᠭᠡᠳᠦ ᠱᠠᠲᠤᠨ ᠤ ᠱᠠᠭᠠᠷᠳᠠᠯᠭ᠎ᠠ ᠵᠢᠴᠢ ᠮᠠᠨ ᠤ ᠬᠤᠰᠢᠭᠤᠨ ᠤ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠳᠠᠷᠠᠭᠠᠬᠢ ᠵᠠᠷᠯᠢᠭ ᠢ ᠪᠠᠭᠤᠯᠭᠠᠪᠠ᠄     ᠨᠢᠭᠡ᠂ ︽ᠣᠳᠣᠬᠢ ᠪᠠᠶᠢᠳᠠᠯ ᠳᠣᠤᠷᠠᠬᠢ ᠰᠢᠨ᠎ᠡ ᠮᠠᠶ᠋ᠢᠭ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ︵ ᠣᠯᠠᠭᠠᠨᠬᠠᠳᠠ ᠨᠠᠮ ᠲᠠᠷᠬᠠᠭᠠᠭᠰᠠᠨ ᠴᠠᠬᠢᠯᠭᠠᠨ ﹇2020﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨᠬᠦ  ᠪᠤᠳᠠᠲᠠᠶᠢᠵᠢᠭᠤᠯᠬᠤ ᠬᠡᠷᠡᠭᠲᠡᠶ᠃     ᠬᠤᠶᠠᠷ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠨᠢ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠤᠪᠧᠶ ᠠᠴᠠ ᠢᠷᠡᠭᠰᠡᠨ ᠪᠠ ᠬᠤᠪᠧᠶ ᠡᠴᠠ‌ᠬᠤᠰᠢᠭᠤᠨ ᠳᠠᠭᠠᠨ ᠪᠤᠴᠠᠵᠤ ᠢᠷᠡᠭᠰᠡᠨ ᠬᠥᠮᠦᠰ ᠢ ᠦᠷᠭᠦᠯᠵᠢᠯᠡᠨ ᠭᠦᠨᠵᠡᠭᠡᠢ ᠨᠠᠷᠢᠯᠢᠭ ᠵᠢᠭᠰᠠᠭᠠᠨ ᠪᠠᠶᠢᠴᠠᠭᠠᠵᠤ᠂ ᠡᠷᠲᠡ ᠢᠯᠡᠷᠡᠭᠦᠯᠦᠨ᠂ ᠡᠷᠲᠡ ᠮᠡᠳᠡᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠮᠡᠳᠡᠭᠦᠯᠬᠦ ᠪᠠ ᠵᠢᠭᠰᠠᠭᠠᠨ ᠪᠠᠶᠢᠴᠠᠭᠠᠭᠰᠠᠨ ᠬᠥᠮᠥᠨ ᠨᠢ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠭᠤᠤᠯᠳᠠᠯᠭ᠎ᠠ ᠲᠠᠢ ᠬᠥᠮᠦᠰ ᠢ ᠨᠢᠭᠡᠳ ᠨᠢᠭᠡ ᠪᠠᠷ ᠳᠠᠩᠰᠠᠯᠠᠨ ᠳᠡᠪᠲᠡᠷᠯᠡᠵᠦ᠂ ︽ᠨᠢᠭᠡ ᠬᠥᠮᠦᠨ ᠨᠢᠭᠡ ᠡᠪᠬᠡᠮᠡᠯ︾ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃     ᠭᠤᠷᠪᠠ᠂ ᠪᠦᠬᠦ ᠬᠤᠰᠢᠭᠤᠨ ᠳᠤ ᠵᠠᠮ ᠬᠠᠷᠢᠯᠴᠠᠭᠠᠨ ᠤ ᠬᠢᠨᠠᠨ ᠬᠠᠮᠢᠶᠠᠷᠤᠯᠲᠠ ᠶᠢ ᠬᠡᠷᠡᠭᠵᠢᠭᠦᠯᠵᠦ᠂ ᠳ᠋ᠠᠪᠠᠨ ᠪᠠᠯᠭᠠᠰᠤᠨ ᠤ ᠬᠤᠲᠠ ᠶᠢᠨ ᠲᠥᠪ ᠲᠣᠭᠤᠷᠢᠭ ᠤᠨ ᠬᠡᠰᠡᠭ ᠵᠠᠮ ᠤᠨ ᠠᠮᠠᠰᠠᠷ ᠢ ᠬᠠᠭᠠᠵᠤ᠂ ᠨᠢᠭᠡ ᠬᠡᠰᠡᠭ ᠢ ᠨᠢ ᠦᠯᠡᠳᠡᠭᠡᠨ᠎ᠡ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠪᠠ ᠭᠠᠴᠠᠭ᠎ᠠ ᠲᠣᠰᠬᠤᠨ ᠵᠠᠷᠴᠢᠮ ᠳᠡᠭᠡᠷ᠎ᠡ ᠪᠠᠨ  ᠣᠷᠣᠵᠤ ᠭᠠᠷᠬᠤ ᠠᠮᠠᠰᠠᠷ ᠨᠢᠭᠡ ᠶᠢ ᠦᠯᠡᠳᠡᠭᠡᠵᠦ᠂ ᠭᠠᠳᠠᠷ ᠣᠷᠣᠨ ᠤ ᠲᠡᠷᠭᠡ ᠤᠨᠤᠭ᠎ᠠ ᠶᠢ ᠭᠠᠴᠠᠭ᠎ᠠ ᠲᠣᠰᠬᠤᠨ ᠳᠠᠭᠠᠨ ᠣᠷᠣᠭᠤᠯᠵᠤ ᠪᠣᠯᠬᠤ ᠦᠭᠡᠢ᠃ ᠬᠥᠮᠦᠨ ᠲᠣᠮᠢᠯᠠᠨ ᠰᠠᠬᠢᠭᠤᠯᠬᠤ ᠬᠡᠷᠡᠭᠲᠡᠶ᠃ ᠬᠢᠵᠢᠭ ᠤᠨ ᠰᠢᠨ᠎ᠡ ᠪᠠᠶᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠬᠤᠷᠢᠭᠯᠠᠬᠤ ᠬᠡᠷᠡᠭᠲᠡᠶ᠃ ᠲᠤᠰᠬᠠᠶ ᠬᠥᠮᠦᠨ ᠲᠣᠬᠢᠷᠠᠭᠤᠯᠵᠤ ᠣᠷᠣᠵᠤ ᠭᠠᠷᠬᠤ ᠬᠥᠮᠦᠰ ᠤᠨ ᠪᠡᠶ᠎ᠡ ᠶᠢᠨ ᠬᠠᠯᠠᠭᠤᠨ ᠢ ᠪᠠᠶᠢᠴᠠᠭᠠᠨ ᠰᠢᠯᠭᠠᠬᠤ ᠶᠢᠨ ᠬᠠᠮᠲᠤ ᠬᠤᠪᠢ ᠬᠥᠮᠦᠨ ᠤ ᠮᠡᠳᠡᠭᠡ ᠵᠠᠩᠭᠢ ᠵᠢᠴᠢ ᠬᠠᠮᠢᠭ᠎ᠠ ᠣᠳᠬᠤ ᠶᠢ ᠨᠢ ᠲᠡᠮᠳᠡᠭᠯᠡᠨ᠎ᠡ᠃ ᠵᠠᠮ ᠬᠠᠭᠠᠭᠰᠠᠨ ᠪᠠ ᠦᠯᠡᠳᠡᠭᠡᠭᠰᠡᠨ ᠪᠠᠶᠢᠳᠠᠯ ᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃     ᠳᠥᠷᠪᠡ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠤᠨ ᠠᠮᠢᠵᠢᠷᠠᠯᠭ᠎ᠠ ᠶᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠢ ᠵᠢᠯᠣᠭᠤᠳᠤᠨ ᠰᠠᠭᠤᠭᠠᠯᠢ ᠠᠷᠠᠳ ᠤᠨ ᠤᠰᠤ᠂ ᠴᠠᠬᠢᠯᠭᠠᠨ᠂ ᠳᠤᠯᠠᠭᠠᠯᠠᠭ᠎ᠠ᠂ ᠰᠢᠲᠠᠭᠠᠯᠭ᠎ᠠ ᠶᠢᠨ ᠬᠡᠢ᠂ ᠠᠮᠤ ᠲᠣᠰᠣ᠂ ᠢᠳᠡᠰᠢᠨ ᠨᠣᠭᠤᠭ᠎ᠠ ᠵᠡᠷᠭᠡ ᠡᠳᠦᠷ ᠲᠤᠲᠤᠮ ᠤᠨ ᠠᠮᠢᠳᠤᠷᠠᠯ ᠤᠨ ᠡᠳ᠋ ᠪᠤᠳᠠᠰ ᠢ ᠲᠤᠬᠢᠷᠠᠭᠤᠯᠤᠨ ᠬᠠᠩᠭᠠᠬᠤ ᠪᠠᠨ ᠴᠢᠩᠭᠠᠳᠬᠠᠵᠤ᠂ ᠥᠷᠭᠡᠨ ᠣᠯᠠᠨ ᠠᠷᠠᠳ ᠲᠦᠮᠡᠨ ᠤ ᠬᠡᠪ ᠤᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠨᠢ ᠪᠠᠷᠠᠭᠠᠨ ᠤ ᠦᠨ᠎ᠡ ᠶᠢ ᠦᠢᠮᠡᠭᠦᠯᠦᠨ ᠥᠰᠬᠡᠬᠦ᠂ ᠬᠤᠷᠠᠮᠳᠤᠭᠤᠯᠤᠨ ᠳᠠᠷᠤᠵᠤ ᠬᠤᠨᠵᠢᠶ᠎ᠠ ᠣᠯᠬᠤ ᠵᠡᠷᠭᠡ ᠬᠠᠤᠯᠢ ᠪᠤᠰᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ᠂ ᠰᠣᠨᠢᠨ ᠮᠡᠳᠡᠭᠡᠨ ᠤ ᠵᠠᠭᠤᠴᠢᠯᠠᠭᠤᠷ ᠤᠳ ᠦᠢᠯᠡ ᠪᠠᠶᠢᠳᠠᠯ ᠨᠢ ᠬᠦᠨᠳᠦ ᠨᠣᠴᠢᠲᠠᠶ᠂ ᠰᠢᠨᠵᠢ ᠴᠢᠨᠠᠷ ᠨᠢ ᠮᠠᠭᠤ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ ᠢᠯᠡᠴᠢᠯᠡᠬᠦ ᠬᠡᠷᠡᠭᠲᠡᠶ᠃     ᠲᠠᠪᠤ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠳᠣᠲᠣᠷᠠᠬᠢ ᠬᠡᠲᠦ ᠳᠡᠯᠭᠡᠭᠦᠷ ᠵᠡᠷᠭᠡ ᠬᠡᠪ ᠤᠨ ᠡᠵᠡᠩᠨᠡᠯᠲᠡ ᠶᠢᠨ ᠣᠯᠠᠨ ᠨᠡᠶᠢᠲᠡ ᠶᠢᠨ ᠲᠠᠯᠠᠪᠤᠷ ᠵᠢᠴᠢ ᠪᠤᠰᠤᠳ ᠴᠢᠬᠤᠯᠠ ᠬᠡᠰᠡᠭ ᠢ ᠠᠷᠢᠭᠤᠳᠬᠠᠬᠤ ᠠᠵᠢᠯ ᠢ ᠵᠢᠭᠠᠨ ᠵᠢᠯᠣᠭᠤᠳᠴᠤ ᠰᠠᠶᠢᠲᠤᠷ ᠬᠢᠬᠦ ᠬᠡᠷᠡᠭᠲᠡᠶ᠃     ᠵᠢᠷᠭᠤᠭ᠎ᠠ᠂ ᠠᠮᠠᠪᠴᠢ ᠵᠡᠭᠦᠭᠰᠡᠨ ᠦᠭᠡᠢ ᠬᠥᠮᠦᠰ ᠨᠡᠶᠢᠲᠡ ᠶᠢᠨ ᠦᠢᠯᠡᠴᠢᠯᠡᠭᠡ᠂ ᠡᠵᠡᠩᠨᠡᠯᠲᠡ ᠶᠢᠨ ᠲᠠᠯᠠᠪᠤᠷ ᠲᠤ ᠣᠷᠣᠵᠤ ᠪᠣᠯᠬᠤ ᠦᠭᠡᠢ᠃     ᠳᠣᠯᠤᠭ᠎ᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠨᠤᠭᠤᠳ ᠰᠠᠭᠤᠭᠠᠯᠢ ᠠᠷᠠᠳ ᠤᠨ ᠠᠮᠢᠳᠤᠷᠠᠯ ᠤᠨ  ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠬᠦ ᠶᠢᠨ ᠬᠠᠮᠲᠤ ᠬᠤᠭ ᠨᠣᠪᠰᠢ ᠶᠢᠨ ᠴᠡᠭ ᠢ ᠠᠷᠢᠭᠤᠳᠬᠠᠨ ᠴᠡᠪᠡᠷᠯᠡᠵᠦ᠂ ᠳᠠᠬᠢᠨᠲᠠ ᠪᠤᠬᠢᠷᠳᠤᠬᠤ ᠠᠴᠠ ᠡᠷᠡᠰ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃     ᠨᠠᠢᠮᠠ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠭᠡ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠢᠯᠠᠩᠭᠤᠶ᠎ᠠ ᠡᠯ᠎ᠡ ᠲᠥᠷᠥᠯ ᠤᠨ ᠮᠡᠳᠡᠭᠡ ᠵᠠᠩᠭᠢ ᠶᠢ ᠬᠠᠮᠲᠤᠪᠠᠷ ᠠᠰᠢᠭᠯᠠᠬᠤ ᠶᠢ ᠰᠠᠶᠢᠲᠤᠷ ᠬᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠤᠷᠤᠭᠰᠢᠲᠠᠶ ᠥᠷᠨᠢᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃             ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ               ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                                   2020 ᠣᠨ ᠤ 1 ᠰᠠᠷ᠎ᠠ ᠶᠢᠨ 29 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2