ᠪᠥᠬᠦ ᠬᠤᠰᠢᠭᠤᠨ ᠤ ᠲᠦᠷᠢᠶᠡᠰᠦᠨ ᠮᠠᠰᠢᠨ ᠡᠵᠡᠩᠨᠡᠭᠴᠢ᠂ ᠵᠢᠯᠣᠭᠤᠴᠢ ᠵᠢᠴᠢ ᠬᠤᠲᠠ ᠶᠢᠨ ᠠᠷᠠᠳ ᠤᠯᠠᠨ ᠳᠤ᠄ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ | ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠸᠢᠷᠦ᠋ᠰ ᠤᠨ | ᠲᠠᠷᠬᠠᠯᠲᠠ ᠶᠢᠨ ᠲᠦᠭᠰᠢᠭᠦᠷᠢ ᠶᠢ ᠪᠠᠭᠠᠰᠬᠠᠵᠤ᠂ ᠬᠢᠵᠢᠭ ᠤᠨ ᠪᠠᠶᠢᠳᠠᠯ ᠤᠨ ᠳᠡᠯᠭᠡᠷᠡᠬᠦ ᠶᠢ ᠪᠦᠲᠦᠮᠵᠢᠲᠡᠶ | ᠠᠷᠭᠠᠴᠠᠭᠠᠬᠤ ᠪᠠ ᠰᠡᠷᠭᠡᠶᠢᠯᠡᠵᠦ᠂ ᠲᠠ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ | ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ | ᠭᠠᠵᠠᠷ ᠠᠴᠠ ᠲᠣᠭᠲᠠᠭᠠᠭᠰᠠᠨ ᠨᠢ᠄ | 2020 ᠣᠨ ᠤ 1ᠰᠠᠷ᠎ᠠ ᠶᠢᠨ 30 ᠤ ᠡᠳᠦᠷ ᠤᠨ ᠦᠳᠡ ᠶᠢᠨ 12 ᠴᠠᠭ ᠠᠴᠠ ᠡᠬᠢᠯᠡᠨ᠂ ᠪᠠᠭᠠᠷᠢᠨ | ᠪᠠᠷᠠᠭᠤᠨ ᠬᠤᠰᠢᠭᠤᠨ ᠤ ᠵᠡᠭᠡᠯᠢ ᠲᠤᠲᠤᠷᠠᠬᠢ ᠲᠦᠷᠢᠶᠡᠰᠦᠨ ᠮᠠᠰᠢᠨ ᠲᠡᠷᠭᠡ ᠠᠯᠢ ᠴᠢᠳᠠᠬᠤ ᠪᠠᠷ ᠲᠡᠭᠡᠭᠡᠪᠦᠷᠢᠯᠡᠬᠦ ᠪᠠᠨ | ᠵᠤᠭᠰᠤᠵᠤ᠂ ᠬᠡᠷᠪᠡ ᠦᠷᠭᠦᠯᠵᠢᠯᠡᠨ ᠡᠵᠡᠩᠨᠡᠪᠡᠯ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠵᠥᠪᠬᠡᠨ ᠭᠤᠤᠯ | ᠬᠤᠲᠠ ᠶᠢᠨ ᠲᠤᠭᠤᠷᠢᠭ ᠲᠤ ᠬᠢᠵᠠᠭᠠᠷᠯᠠᠭᠳᠠᠵᠤ᠂ ᠭᠤᠤᠯ ᠬᠤᠲᠠ ᠶᠢᠨ ᠲᠣᠭᠤᠷᠢᠭ ᠪᠠ ᠪᠠᠭᠠᠷᠢᠨ ᠵᠠᠮ ᠤᠨ ᠡᠮᠦᠨ᠎ᠡ | ᠂ ᠬᠤᠶᠢᠨ᠎ᠠ ᠭᠠᠷᠬᠤ ᠠᠮᠠ ᠪᠠᠷ ᠭᠠᠷᠴᠤ ᠪᠣᠯᠬᠤ ᠥᠬᠡᠶ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃ | ᠡᠵᠡᠩᠨᠡᠵᠦ ᠪᠠᠶᠢᠭ᠎ᠠ ᠲᠦᠷᠢᠶᠡᠰᠦᠨ ᠮᠠᠰᠢᠨ ᠤ ᠵᠢᠯᠣᠭᠤᠴᠢ ᠡᠷᠬᠡᠪᠰᠢ ᠬᠠᠮᠠᠭᠠᠯᠠᠯᠲᠠ ᠶᠢᠨ ᠠᠮᠠᠪᠴᠢ ᠵᠡᠭᠦᠪᠡᠯ | ᠰᠠᠶ᠋ᠢ ᠠᠵᠢᠯ ᠤᠨ ᠪᠠᠶᠢᠷᠢ ᠳᠤ ᠭᠠᠷᠴᠦ ᠪᠤᠯᠬᠤ ᠪᠥᠭᠡᠳ ᠠᠵᠢᠯᠯᠠᠵᠤ ᠪᠠᠶᠢᠭ᠎ᠠ ᠪᠦᠬᠦ ᠶᠠᠪᠤᠴᠠ ᠳᠤ ᠠᠮᠠᠪᠴᠢ ᠵᠡᠭᠦᠬᠦ | ᠶᠢᠨ ᠬᠠᠮᠲᠤ ᠠᠶᠠᠨᠴᠢᠳ ᠤᠨ ᠠᠮᠠᠪᠴᠢ ᠵᠡᠭᠦᠬᠦ ᠶᠢ ᠱᠠᠭᠠᠷᠲᠠᠵᠤ᠂ ᠠᠮᠠᠪᠴᠢ ᠵᠡᠭᠦᠬᠦ ᠦᠭᠡᠢ ᠠᠶᠠᠨᠴᠢᠳ ᠢ ᠲᠡᠭᠡᠭᠡᠬᠦ | ᠦᠭᠡᠢ ᠪᠠᠶᠢᠵᠤ ᠪᠣᠯᠤᠨ᠎ᠠ᠃ ᠲᠦᠷᠢᠶᠡᠰᠦᠨ ᠮᠠᠰᠢᠨ ᠲᠡᠷᠭᠡ ᠢᠶᠠᠨ ᠬᠥᠳᠡᠯᠬᠦ ᠠᠴᠠ ᠡᠮᠦᠨ᠎ᠡ᠂ ᠬᠤᠷᠢᠶᠠᠭᠰᠠᠨ ᠤ | ᠳᠠᠷᠠᠭ᠎ᠠ ᠰᠠᠯᠬᠢ ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠵᠤ᠂ | ᠥᠷᠭᠡᠨᠣᠯᠠᠨ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠵᠢᠴᠢ ᠬᠤᠲᠠ ᠶᠢᠨ ᠠᠷᠠᠳ ᠤᠯᠠᠨ ᠤ ᠤᠶᠢᠯᠭᠠᠬᠤ | ᠪᠠ ᠳᠡᠮᠵᠢᠬᠦ ᠶᠢ ᠬᠦᠰᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠦᠴᠦ ᠪᠠᠨ | ᠬᠠᠮᠲᠤᠳᠬᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠤᠬᠢᠬᠤ | ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠶ᠃ | | ᠪᠠᠭᠠᠷᠢᠨ ᠪᠠᠷᠠᠭᠤᠨ ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ | 2020 ᠣᠨ ᠤ 1 ᠰᠠᠷ᠎ᠠ ᠶᠢᠨ 30 ᠤ ᠡᠳᠦᠷ | |