ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ | ᠨᠡᠶᠢᠲᠡᠯᠡᠭᠰᠡᠨ ᠴᠠᠭ᠄ 2020 — 06 — 12 | | ᠣᠶᠢᠷ᠎ᠠ ᠳᠤ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ | ︽ᠪᠠᠭᠠᠷᠢᠨ ᠪᠠᠷᠠᠭᠤᠨ ᠬᠤᠰᠢᠭᠤᠨ ᠤ 2020 ᠣᠨ ᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ᠠᠵᠢᠯ ᠤᠨ ᠨᠠᠶᠢᠳᠠᠪᠤᠷᠢᠵᠢᠭᠤᠯᠤᠯᠲᠠ ᠶᠢ | ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠡᠳᠦᠭᠡ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ | ᠠᠬᠤᠶ ᠪᠠᠶᠢᠳᠠᠯ᠂ ᠬᠠᠷᠠᠯᠲᠠᠲᠤ ᠡᠭᠦᠷᠭᠡ᠂ ᠭᠤᠤᠯ ᠠᠭᠤᠯᠭ᠎ᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠡᠷᠭᠡ | ᠠᠰᠠᠭᠤᠳᠠᠯ ᠤᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠪᠠ᠃ | ᠨᠢᠭᠡ᠂ ︽ᠬᠡᠷᠡᠭᠵᠢᠭᠦᠯᠬᠦ ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠡᠭᠦᠨ ᠬᠤᠶᠢᠲᠤ ᠶᠢᠨ ᠦᠩ ᠰᠢᠮᠡᠯᠢᠭ | ᠭᠠᠵᠠᠷ ᠰᠢᠷᠣᠶ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ 2017 ᠣᠨ | ᠳᠤ᠂ ᠬᠥᠳᠡᠭᠡ ᠠᠵᠤ ᠠᠬᠤᠶ ᠶᠢᠨ ᠶᠠᠮᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ | ᠮᠥᠴᠢᠷ ᠲᠠᠢ ᠬᠠᠮᠲᠤᠷᠠᠨ ᠳᠠᠷᠤᠮᠯᠠᠨ ᠲᠠᠷᠬᠠᠭᠠᠭᠰᠠᠨ ︽ᠵᠡᠭᠦᠨ ᠬᠤᠶᠢᠲᠤ ᠶᠢᠨ ᠦᠩ ᠰᠢᠮᠡᠯᠢᠭ ᠭᠠᠵᠠᠷ ᠬᠥᠷᠥᠰᠥ ᠶᠢ | ᠬᠠᠮᠠᠭᠠᠯᠠᠬᠤ ᠲᠦᠯᠦᠪᠵᠢᠬᠦᠯᠭᠡ ᠶᠢᠨ ᠲᠣᠪᠴᠢ ︵2017 — 2030 ᠣᠨ︶︾ ᠳᠤ᠂ ᠬᠠᠮᠠᠭᠠᠯᠠᠯᠲᠠ ᠶᠢᠨ | ᠴᠢᠨᠠᠷᠲᠠᠶ ᠲᠠᠷᠢᠶᠠᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠤᠷᠠᠮᠠᠯ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠦᠨ᠎ᠡ ᠭᠡᠵᠦ ᠳᠤᠷᠠᠳᠤᠨ ᠭᠠᠷᠭᠠᠵᠠᠢ᠃ 2018 ᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠳᠠᠷᠤᠮᠠᠯᠯᠠᠨ ᠲᠠᠷᠬᠠᠭᠠᠭᠰᠠᠨ ︽ᠲᠠᠷᠢᠶᠠᠯᠠᠩ ᠤᠨ ᠮᠧᠬᠠᠨᠢᠭᠵᠢᠭᠤᠯᠤᠯᠲᠠ ᠪᠠ ᠲᠠᠷᠢᠶᠠᠯᠠᠩ ᠤᠨ ᠮᠠᠰᠢᠨ ᠲᠣᠨᠤᠭ | ᠲᠥᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠲᠠᠪᠰᠢᠬᠦᠯᠬᠦ ᠶᠢ ᠲᠦᠷᠭᠡᠳᠬᠡᠨ | ᠠᠬᠢᠭᠤᠯᠬᠤ ᠲᠤᠬᠠᠶ ᠵᠢᠯᠣᠭᠤᠳᠬᠤ ᠰᠠᠨᠠᠯ︾ ᠲᠤ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠵᠡᠷᠭᠡ ᠪᠣᠬᠢᠷᠲᠤᠯ | ᠥᠬᠡᠶ ᠥᠨᠳᠥᠷ ᠪᠦᠲᠦᠮᠵᠢᠲᠡᠶ ᠮᠡᠷᠭᠡᠵᠢᠯ ᠤᠨ ᠵᠢᠱᠢᠶ᠎ᠡ ᠦᠵᠡᠭᠦᠯᠵᠦ ᠲᠡᠯᠭᠡᠷᠡᠬᠦᠯᠬᠦ ᠶᠢ ᠶᠡᠭᠡ ᠪᠠᠷ ᠳᠡᠮᠵᠢᠬᠦ ᠬᠡᠷᠡᠭᠲᠡᠶ | ᠭᠡᠵᠦ ᠳᠤᠷᠠᠳᠤᠨ ᠭᠠᠷᠭᠠᠪᠠ᠃ 2019 ᠤᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠳᠡᠳ᠋ | ᠶᠡᠷᠦᠩᠬᠡᠶ ᠰᠠᠶᠢᠳ ᠬᠤᠣ ᠴᠦᠨ ᠬᠤᠸᠠ ᠵᠡᠭᠦᠨ ᠬᠤᠶᠢᠳᠣ ᠣᠷᠣᠨ ᠤ ᠦᠩ ᠰᠢᠮᠡᠯᠢᠭ ᠭᠠᠵᠷ ᠬᠥᠷᠥᠰᠥ ᠶᠢ | ᠬᠠᠮᠠᠭᠠᠯᠠᠬᠤ ᠳᠡᠭᠡᠳᠦ ᠲᠠᠰ ᠤᠨ ᠶᠠᠷᠢᠯᠴᠠᠭᠠᠨ ᠤ ᠲᠠᠪᠴᠠᠩ ᠳᠤ ᠣᠷᠣᠯᠴᠠᠭᠰᠠᠨ ᠨᠢ ᠵᠡᠭᠦᠨ ᠬᠤᠶᠢᠲᠤ ᠣᠷᠣᠨ ᠤ | ᠦᠩ ᠰᠢᠮᠡᠯᠢᠭ ᠭᠠᠵᠠᠷ ᠬᠥᠷᠥᠰᠥ ᠪᠣᠯ ᠴᠢᠬᠤᠯᠠ ᠪᠠᠶᠢᠷᠢ ᠰᠠᠭᠤᠷᠢ ᠲᠠᠢ ᠭᠡᠵᠡᠢ᠃ 2020 ᠣᠨ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ ᠤ ᠬᠦᠷᠢᠶᠡᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠣᠭᠳᠠᠭᠰᠠᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠬᠠᠶ ᠰᠠᠨᠠᠯ︾ ᠲᠤ᠂ ᠲᠠᠷᠢᠶᠠᠯᠠᠩ ᠤᠨ | ᠰᠦᠯᠢᠶᠣᠣ ᠪᠦᠷᠬᠦᠪᠴᠢ ᠶᠢᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ ᠡᠰᠢ ᠰᠦᠷᠡᠯ ᠢ ᠶᠡᠷᠦᠩᠬᠡᠶᠢᠯᠡᠨ | ᠠᠰᠢᠭᠯᠠᠬᠤ ᠶᠢ ᠠᠬᠢᠭᠤᠯᠤᠨ᠎ᠠ᠃ ᠦᠩ ᠰᠢᠮᠡᠯᠢᠭ ᠬᠥᠷᠥᠰᠥᠲᠦ ᠭᠠᠵᠠᠷ ᠰᠢᠷᠣᠶ ᠶᠢᠨ ᠬᠠᠮᠠᠭᠠᠯᠠᠯᠲᠠ ᠶᠢᠨ | ᠪᠦᠲᠦᠮᠵᠢᠲᠡᠶ ᠵᠠᠰᠠᠯᠲᠠ ᠶᠢᠨ ᠵᠠᠭᠪᠤᠷ ᠢ ᠲᠠᠯᠭᠡᠷᠡᠬᠦᠯᠣᠨ᠂ ᠢᠳᠡᠭᠳᠡᠯ ᠤᠨ ᠭᠤᠤ ᠶᠢ ᠵᠠᠰᠠᠬᠤ ᠶᠢ ᠠᠬᠢᠭᠤᠯᠵᠤ᠂ ᠵᠡᠭᠦᠨ | ᠬᠤᠶᠢᠲᠤ ᠶᠢᠨ ᠦᠩ ᠰᠢᠮᠡᠯᠢᠭ ᠬᠥᠷᠥᠰᠥᠲᠦ ᠭᠠᠵᠠᠷ ᠰᠢᠷᠦᠢ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ | ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠦᠨ ᠬᠡᠷᠡᠭᠵᠢᠭᠦᠯᠦᠨ᠎ᠡ ᠭᠡᠵᠡᠢ᠃ 2020 ᠣᠨ ᠤ 3 ᠰᠠᠷ᠎ᠠ ᠳᠤ᠂ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠡᠳ᠋ ᠤᠨ ᠵᠠᠰᠠᠭ ᠤᠨ ᠶᠠᠮᠤᠨ ᠬᠠᠮᠳᠣᠷᠠᠨ ︽ᠵᠡᠭᠦᠨ ᠬᠤᠶᠢᠲᠤ ᠶᠢᠨ | ᠦᠩ ᠰᠢᠮᠡᠯᠢᠭ ᠬᠥᠷᠥᠰᠥᠲᠦ ᠭᠠᠵᠠᠷ ᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠠᠵᠢᠯᠯᠠᠭᠠᠨ ᠤ ᠲᠥᠯᠥᠪᠯᠡᠭᠡ ︵ | 2020 — 2025 ᠣᠨ︶︾ ᠶᠢ ᠨᠡᠶᠢᠲᠡᠯᠡᠪᠡ᠃ 3 ᠰᠠᠷ᠎ᠠ ᠶᠢᠨ 26 ᠤ ᠡᠳᠦᠷ᠂ ᠲᠠᠷᠢᠶᠠᠯᠠᠩ ᠬᠥᠳᠡᠭᠡ | ᠲᠣᠰᠬᠤᠨ ᠤ ᠶᠠᠮᠤᠨ ᠤ ᠠᠯᠪᠠᠨ ᠲᠢᠩᠬᠢᠮ ᠪᠣᠯᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠠᠮᠲᠤᠷᠠᠨ ︽ | ᠵᠡᠭᠦᠨ ᠬᠤᠶᠢᠲᠤ ᠶᠢᠨ ᠦᠩ ᠰᠢᠮᠡᠯᠢᠭ ᠬᠥᠷᠥᠰᠥᠲᠦ ᠰᠢᠷᠣᠶ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ ᠠᠵᠢᠯᠯᠠᠭᠠᠨ ᠤ | ᠲᠥᠯᠥᠪᠯᠡᠭᠡ ᠶᠢ ᠬᠡᠷᠡᠭᠵᠢᠭᠦᠯᠬᠦ ᠵᠢᠯᠣᠭᠤᠳᠬᠤ ᠰᠠᠨᠠᠯ︾ ᠢ ᠨᠡᠶᠢᠲᠡᠯᠡᠪᠡ᠂ ᠡᠭᠦᠨ ᠳᠤ ᠭᠡᠷᠡᠭᠵᠢᠬᠦᠯᠬᠦ ᠣᠷᠣᠨ | ᠪᠦᠰᠡ ᠳᠤ᠄ ︽ᠠᠵᠢᠯᠯᠠᠭᠠᠨ ᠤ ᠲᠥᠯᠥᠪᠯᠡᠭᠡ︾ ᠶᠢ ᠯᠢᠶᠣᠤᠨᠢᠩ ᠮᠤᠵᠢ᠂ ᠭᠢᠷᠢᠨ ᠮᠤᠵᠢ᠂ ᠬᠠᠷᠠᠮᠥ᠋ᠷᠡᠨ ᠮᠤᠵᠢ | ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ᠂ ᠲᠦᠩᠯᠢᠶᠣᠤ ᠬᠤᠲᠠ᠂ | ᠬᠢᠩᠭᠠᠨ ᠠᠶᠢᠮᠠᠭ᠂ ᠬᠥᠯᠥᠨ ᠪᠤᠶᠢᠷ ᠬᠤᠲᠠ ᠳᠤ ᠬᠡᠷᠡᠭᠵᠢᠭᠦᠯᠦᠨ᠎ᠡ᠃ ᠡᠷᠳᠡᠨᠢ ᠰᠢᠰᠢ ᠶᠢᠨ ᠦᠢᠯᠡᠳᠪᠦᠷᠢᠯᠠᠯ ᠳᠤ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠡᠷᠭᠡᠵᠢᠯ ᠭᠡᠷᠡᠭᠯᠡᠬᠦ ᠶᠢ ᠭᠤᠤᠯᠳᠠᠯᠭ᠎ᠠ ᠲᠠᠢ ᠳᠡᠮᠵᠢᠵᠦ᠂ ᠰᠢᠷ᠎ᠠ ᠪᠤᠷᠴᠠᠭ᠂ | ᠪᠤᠭᠤᠳᠠᠶ ᠵᠡᠷᠭᠡ ᠲᠠᠷᠢᠮᠠᠯ ᠤᠨ ᠦᠢᠯᠡᠳᠪᠦᠷᠢᠯᠡᠯ ᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ ᠭᠡᠰᠡᠨ ᠪᠠᠶᠢᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠮᠳᠣᠷᠠᠨ 2020 ᠣᠨ ᠤ 4 ᠳ᠋ᠣᠭᠡᠷ ᠰᠠᠷ᠎ᠠ ᠶᠢᠨ 16 ᠤ ᠡᠳᠦᠷ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2020 ᠣᠨ ᠤ ᠦᠩ ᠰᠢᠮᠡᠯᠢᠭ ᠬᠥᠷᠥᠰᠥᠲᠦ ᠭᠠᠵᠠᠷ ᠰᠢᠷᠣᠶ ᠶᠢ | ᠬᠠᠮᠠᠭᠠᠯᠠᠬᠤ ᠴᠢᠨᠠᠷᠲᠠᠶ ᠲᠠᠷᠢᠶᠠᠯᠠᠬᠤ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠥᠪᠥᠷ | ᠲᠠᠷᠢᠶᠠᠯᠠᠩ ᠮᠠᠯ ᠠᠵᠤ ᠠᠬᠤᠶ ᠮᠠᠰᠢᠨ ᠲᠠᠷᠬᠠᠭᠠᠭᠰᠠᠨ ︹ 2020 ︺ 113 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠪᠠ᠃ ᠲᠦᠩᠯᠢᠶᠣᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ ᠬᠠᠮᠳᠣᠷᠠᠨ4 ᠰᠠᠷ᠎ᠠ ᠶᠢᠨ 27 ᠤ ᠡᠳᠦᠷ ︽ᠲᠦᠩᠯᠢᠶᠣᠤ ᠬᠤᠲᠠ ᠶᠢᠨ 2020 ᠣᠨ ᠤ | ᠦᠩ ᠰᠢᠮᠡᠯᠢᠭ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠠᠬᠢᠭᠤᠯᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︵ᠲᠠᠷᠢᠶᠠᠯᠠᠩ ᠮᠠᠯ ᠠᠵᠤ ᠠᠬᠤᠶ ᠲᠠᠷᠬᠠᠭᠠᠭᠰᠠᠨ ︹ 2020 ︺ | 110 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠦᠩ ᠰᠢᠮᠡᠯᠢᠭ ᠬᠦᠷᠦᠰᠣ ᠰᠢᠷᠣᠶ ᠪᠣᠯ ᠲᠦᠢᠯ ᠤᠨ ᠬᠤᠪᠣᠷ ᠨᠠᠨᠳᠢᠨ ᠪᠠᠶᠢᠭᠠᠯᠢ ᠶᠢᠨ ᠡᠬᠢ ᠪᠠᠶᠠᠯᠢᠭ ᠮᠥᠨ | ᠃ ᠮᠠᠨ ᠤ ᠤᠯᠤᠰ ᠤᠨ ᠵᠡᠭᠦᠨ ᠬᠤᠶᠢᠲᠤ ᠣᠷᠣᠨ ᠤᠮᠠᠷᠠᠲᠤ ᠬᠠᠭᠠᠰ ᠪᠥᠮᠪᠥᠷᠴᠡᠭ ᠤᠨ ᠵᠥᠪᠬᠡᠨ ᠪᠠᠶᠢᠬᠤ ᠭᠤᠷᠪᠠᠨ | ᠭᠡᠰᠡᠭ ᠦᠩ ᠰᠢᠮᠡᠯᠢᠭ ᠬᠥᠷᠥᠰᠥᠲᠦ ᠣᠷᠣᠨ ᠤ ᠨᠢᠭᠡ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠴᠢᠬᠤᠯᠠ | ᠠᠮᠤ ᠪᠤᠳᠠᠭᠠᠨ ᠤ ᠦᠢᠯᠡᠳᠪᠦᠷᠢᠯᠡᠯ ᠤᠨ ᠳᠠᠪᠠᠭᠤᠯᠢᠭ ᠣᠷᠣᠨ᠂ ᠬᠠᠮᠤᠭ ᠤᠨ ᠶᠡᠭᠡ ᠲᠠᠸᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠨ᠎ᠠ᠃ ᠣᠯᠠᠨ ᠵᠢᠯ ᠤᠨ ᠲᠤᠷᠰᠢ᠂ ᠵᠦᠶ ᠵᠣᠬᠢᠰ ᠦᠭᠡᠢ ᠲᠠᠷᠢᠶᠠᠯᠠᠬᠤ | ᠠᠷᠭ᠎ᠠ ᠮᠠᠶ᠋ᠢᠭ ᠵᠡᠷᠭᠡ ᠬᠦᠴᠦᠨ ᠵᠦᠢᠯ ᠤᠨ ᠨᠥᠯᠥᠭᠡ ᠪᠠᠷ᠂ ᠵᠡᠭᠦᠨ ᠬᠤᠶᠢᠲᠤ ᠣᠷᠣᠨ ᠤ ᠬᠡᠰᠡᠭ ᠭᠠᠵᠠᠷ ᠣᠷᠣᠨ ᠤ | ᠦᠩ ᠰᠢᠮᠡᠯᠢᠭ ᠬᠦᠷᠦᠰᠣ ᠤᠷᠲᠤ ᠬᠤᠭᠤᠴᠠᠭ᠎ᠠ ᠪᠠᠷ ᠢᠯᠡ ᠭᠠᠷᠴᠤ᠂ ᠬᠥᠷᠥᠰᠥ ᠰᠢᠷᠣᠶ ᠶᠢᠨ ᠪᠦᠲᠦᠴᠡ | ᠮᠠᠭᠤᠳᠠᠵᠤ᠂ ᠰᠠᠯᠬᠢᠨ ᠤ ᠢᠳᠡᠭᠳᠡᠯ ᠪᠡ ᠤᠰᠤᠨ ᠤ ᠢᠳᠡᠭᠳᠡᠯ ᠢ ᠬᠤᠷᠴᠠᠳᠬᠠᠵᠤ᠂ ᠵᠡᠭᠦᠨ ᠬᠤᠶᠢᠲᠤ ᠣᠷᠣᠨ ᠤ | ᠲᠠᠷᠢᠶᠠᠯᠠᠩ ᠤᠨ ᠦᠷᠭᠦᠯᠵᠢᠯᠡᠨ ᠬᠥᠭᠵᠢᠬᠦ ᠪᠠ ᠮᠠᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠳᠤ ᠬᠠᠲᠠᠭᠤ ᠴᠢᠩᠭ᠎ᠠ ᠰᠢᠯᠭᠠᠯᠳᠠ ᠶᠢ ᠠᠪᠴᠢᠷᠠᠵᠦ ᠦᠭᠴᠢ᠃ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ ᠪᠣᠯ ᠠᠮᠢ ᠠᠬᠤᠶ ᠶᠢᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠵᠡᠷᠭᠡᠪᠡᠷ ᠶᠠᠪᠤᠭᠳᠠᠭᠰᠠᠨ᠂ | ᠣᠳᠣᠬᠠᠨ ᠤ ᠪᠠ ᠠᠯᠤᠰ ᠭᠡᠳᠤ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠭᠰᠠᠨ᠂ ᠤᠯᠤᠰ ᠲᠤ ᠠᠰᠢᠭᠲᠠᠶ | ᠠᠷᠠᠳ ᠲᠤ ᠠᠰᠢᠭᠲᠠᠶ ᠨᠢᠭᠡ ᠵᠦᠢᠯ ᠤᠨ ᠬᠤᠪᠢᠰᠬᠠᠯᠲᠤ ᠴᠢᠨᠠᠷᠲᠠᠶ ᠲᠠᠷᠢᠶᠠᠯᠠᠭ᠎ᠠ ᠶᠢᠨ ᠠᠷᠭ᠎ᠠ ᠬᠡᠮᠵᠢᠶ᠎ᠡ ᠮᠥᠨ | ᠭᠡᠳᠡᠭ ᠢ ᠤᠯᠤᠰ ᠤᠨ ᠳᠣᠲᠣᠭᠠᠳᠤ ᠭᠠᠳᠠᠭᠠᠳᠤ ᠶᠢᠨ ᠰᠤᠳᠤᠯᠭᠠᠨ ᠪᠠ ᠦᠢᠯᠡᠳᠪᠦᠷᠢᠯᠠᠯ ᠤᠨ ᠦᠢᠯᠡᠳᠦᠯᠭᠡ | ᠭᠡᠷᠡᠴᠢᠯᠡᠭᠰᠡᠨ ᠪᠠᠶᠢᠨ᠎ᠠ᠃ ᠤᠯᠤᠰ ᠠᠴᠠ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ ᠵᠡᠭᠦᠨ ᠬᠤᠶᠢᠲᠤ ᠣᠷᠣᠨ ᠤ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠤᠯᠤᠰ ᠤᠨ ᠠᠵᠢᠯᠯᠠᠭ᠎ᠠ ᠪᠣᠯᠭᠠᠨ ᠳᠡᠭᠡᠭᠰᠢᠯᠡᠭᠦᠯᠵᠦ᠂ ᠲᠥᠷᠥ ᠶᠢᠨ | ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠬᠠᠳᠬᠠᠵᠤ᠂ ᠤᠯᠠᠮᠵᠢᠯᠠᠯᠲᠤ ᠲᠠᠷᠢᠶᠠᠯᠠᠬᠤ ᠳᠦᠷᠢᠮ ᠢ | ᠥᠭᠡᠷᠡᠴᠢᠯᠡᠨ᠎ᠡ᠃ ᠦᠩ ᠰᠢᠮᠡᠯᠢᠭ ᠬᠥᠷᠥᠰᠥ ᠰᠢᠷᠣᠶ ᠶᠢᠨ ᠮᠠᠭᠤᠵᠢᠷᠠᠯ ᠢ ᠬᠤᠷᠢᠭᠯᠠᠵᠤ᠂ ᠲᠠᠷᠢᠶᠠᠨ ᠭᠠᠵᠠᠷ ᠤᠨ | ᠬᠦᠴᠦ ᠶᠢ ᠲᠡᠭᠡᠭᠰᠢᠯᠡᠬᠦᠯᠬᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠳᠣᠳᠬᠠᠬᠤ ᠨᠢ | ᠮᠠᠰᠢ ᠴᠢᠬᠤᠯᠠᠲᠠᠶ ᠪᠥᠭᠡᠳ ᠦᠨᠡᠩᠬᠦ ᠪᠣᠯᠤᠮᠵᠢᠲᠠᠶ ᠶᠤᠮ᠃ | | | | | | |