ᠬᠤᠶᠠᠷ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠨᠢ ᠶᠠᠮᠠᠷ ᠶᠠᠮᠠᠷ ᠣᠨᠴᠠᠯᠢᠭ ᠪᠠ ᠦᠢᠯᠡᠳᠦᠯ ᠲᠠᠢ | ᠪᠤᠢ | ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠪᠣᠯ ᠲᠠᠷᠢᠮᠠᠯ ᠤᠨ ᠲᠣᠭᠲᠠᠭᠤᠨ ᠥᠨᠳᠥᠷ ᠤᠨᠠᠯᠲᠠ ᠪᠣᠯᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠤᠰ ᠠᠮᠵᠢᠯᠲᠠ ᠶᠢ ᠪᠡᠶᠡᠯᠡᠭᠦᠯᠬᠦ ᠲᠠᠷᠢᠶᠠᠯᠠᠩ ᠤᠨ | ᠮᠡᠷᠭᠡᠵᠢᠯ ᠪᠣᠯᠤᠨ᠎ᠠ᠃ ᠲᠡᠭᠦᠨ ᠤ ᠭᠤᠣᠯ ᠱᠠᠭᠠᠷᠳᠠᠯᠭ᠎ᠠ ᠨᠢ ᠬᠥᠷᠥᠰᠥ ᠶᠢ ᠤᠷᠪᠠᠭᠤᠯᠵᠤ ᠬᠠᠭᠠᠯᠪᠤᠷᠢᠯᠠᠬᠤ ᠦᠭᠡᠢ᠂ | ᠭᠠᠵᠠᠷ ᠤᠨ ᠭᠠᠳᠠᠷᠭᠤ ᠳᠤ ᠡᠰᠢ ᠰᠦᠷᠡᠯ ᠪᠦᠷᠬᠦᠭᠰᠡᠨ ᠪᠠᠶᠢᠳᠠᠯ ᠳᠣᠣᠷ᠎ᠠ ᠪᠠᠭ᠎ᠠ ᠬᠠᠭᠠᠯᠪᠤᠷᠢᠯᠠᠬᠤ ᠦᠭᠡᠢ ᠪᠠᠷ | ᠲᠠᠷᠢᠨ᠎ᠠ᠃ ᠲᠠᠷᠢᠶᠠᠨ ᠭᠠᠵᠠᠷ ᠤᠨ ᠲᠣᠭᠤᠰᠣ ᠳᠡᠭᠳᠡᠬᠦ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ | ᠂ ᠤᠰᠤ ᠬᠤᠷᠠᠮᠳᠤᠭᠤᠯᠤᠨ ᠴᠢᠬᠢᠭ ᠢ ᠬᠠᠮᠠᠭᠠᠯᠠᠬᠤ᠂ ᠭᠠᠵᠠᠷ ᠤᠨ ᠬᠦᠴᠦ ᠰᠢᠮ᠎ᠡ ᠶᠢ ᠨᠡᠮᠡᠭᠳᠡᠭᠦᠯᠬᠦ᠂ ᠥᠪᠡᠷ ᠤᠨ | ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ᠂ ᠡᠰᠢ ᠰᠦᠷᠡᠯ ᠢ ᠰᠢᠲᠠᠭᠠᠬᠤ ᠪᠠ ᠬᠦᠯᠡᠮᠵᠢ ᠶᠢᠨ ᠬᠡᠢ | ᠪᠡᠶᠡᠲᠦ ᠶᠢ ᠭᠠᠳᠠᠭᠰᠢᠯᠠᠭᠤᠯᠬᠤ ᠶᠢ ᠪᠠᠭᠠᠰᠬᠠᠬᠤ ᠵᠡᠷᠭᠡ ᠦᠢᠯᠡᠳᠦᠯ ᠲᠠᠢ ᠶᠤᠮ᠃ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠵᠡᠭᠦᠨ ᠬᠤᠶᠢᠲᠤ ᠣᠷᠣᠨ ᠤ ᠭᠠᠵᠠᠷ ᠵᠦᠶ ᠶᠢᠨ ᠰᠠᠯᠪᠣᠷᠢ ᠠᠴᠠ ᠬᠢᠨᠠᠨ ᠭᠡᠮᠵᠢᠭᠰᠡᠨ | ᠠᠴᠠ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠮᠥ ᠪᠦᠷᠢ ᠳᠤ ᠠᠷᠪᠢᠯᠠᠵᠤ ᠪᠣᠯᠬᠤ ᠠᠵᠢᠯ ᠤᠨ ᠥᠪᠡᠷ ᠤᠨ | ᠥᠷᠲᠡᠭ ᠢ 50 ᠲᠥᠭᠦᠷᠢᠭ ᠠᠴᠠ ᠳᠡᠭᠡᠭᠰᠢ ᠪᠣᠯᠬᠤ ᠦᠷᠬᠦᠯᠵᠢᠯᠠᠨ ᠭᠡᠷᠡᠭᠵᠢᠬᠦᠯᠵᠦ ᠪᠣᠯᠣᠨ᠎ᠠ ᠭᠡᠵᠠᠢ᠃ 5 ᠵᠢᠯ ᠤᠨ | ᠳᠠᠷᠠᠭ᠎ᠠ᠂ ᠬᠥᠷᠥᠰᠥᠨ ᠳᠠᠪᠬᠤᠷᠭ᠎ᠠ ᠶᠢᠨ 20cm ᠬᠥᠷᠥᠰᠥᠨ ᠤ ᠣᠷᠭᠠᠨᠢᠭ ᠪᠣᠳᠠᠰ ᠤᠨ ᠠᠭᠤᠯᠤᠭᠳᠠᠴᠠ | 10% ᠪᠠᠷ ᠨᠡᠮᠡᠭᠳᠡᠵᠦ᠂ 10 ᠵᠢᠯ ᠤᠨ ᠳᠠᠷᠠᠭ᠎ᠠ 21% ᠪᠠᠷ ᠨᠡᠮᠡᠭᠳᠡᠨ᠎ᠡ᠃ 15 ᠵᠢᠯ ᠤᠨ ᠳᠠᠷᠠᠭ᠎ᠠ 52% | ᠨᠡᠮᠡᠭᠳᠡᠵᠦ᠂ ᠣᠷᠭᠠᠨᠢᠭ ᠪᠣᠳᠠᠰ ᠤᠨ ᠠᠭᠤᠯᠤᠭᠳᠠᠴᠠ 28.28g/kg ᠪᠠᠶᠢᠭᠰᠠᠨ ᠠᠴᠠ ᠪᠠᠨ 43.02 g/kg | ᠪᠣᠯᠤᠨ ᠲᠡᠭᠡᠭᠰᠢᠯᠡᠬᠦ ᠪᠣᠯᠣᠨ᠎ᠠ᠃ ᠬᠢᠨᠠᠨ ᠬᠡᠮᠵᠢᠯᠲᠡ ᠠᠴᠠ ᠦᠵᠡᠪᠡᠯ᠂ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠨᠢ | ᠲᠠᠷᠢᠶᠠᠨ ᠭᠠᠵᠠᠷ ᠤᠨ ᠲᠣᠭᠤᠰᠣ ᠳᠡᠭᠳᠡᠬᠦ ᠶᠢ 35% ᠠᠴᠠ ᠲᠡᠭᠡᠭᠰᠢ ᠪᠠᠭᠠᠰᠬᠠᠵᠤ᠂ ᠭᠠᠵᠠᠷ ᠤᠨ ᠭᠠᠳᠠᠷᠭᠤ ᠶᠢᠨ | ᠤᠷᠤᠰᠤᠯ ᠢ 40% — 80% ᠪᠠᠷ ᠪᠠᠭᠠᠰᠬᠠᠵᠤ ᠪᠣᠯᠤᠨ᠎ᠠ᠃ | ᠭᠤᠷᠪᠠ᠂ ︽ᠬᠡᠷᠡᠭᠵᠢᠭᠦᠯᠬᠦ ᠲᠥᠰᠦᠯ︾ ᠤᠨ ᠪᠣᠳᠠᠲᠠᠶ ᠬᠠᠷᠠᠯᠲᠠ | ᠮᠠᠨ ᠤ ᠬᠤᠰᠢᠭᠤᠨ ᠤ ᠡᠷᠳᠡᠨᠢ ᠰᠢᠰᠢ ᠶᠢᠨ ᠲᠠᠷᠢᠶᠠᠯᠠᠬᠤ ᠦᠢᠯᠡᠳᠪᠦᠷᠢᠯᠠᠯ ᠢ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠬᠤ ᠶᠢ ᠲᠡᠯᠭᠡᠷᠡᠬᠦᠯᠣᠨ ᠬᠡᠷᠡᠭᠯᠡᠬᠦ ᠶᠢᠨ ᠭᠤᠤᠯᠳᠠᠯᠭ᠎ᠠ ᠪᠣᠯᠭᠠᠵᠤ᠂ ᠨᠡᠯᠢᠶᠡᠳ ᠪᠦᠷᠢᠨ ᠲᠡᠭᠦᠯᠳᠡᠷ | ᠬᠠᠮᠠᠭᠠᠯᠠᠯᠲᠠ ᠶᠢᠨ ᠴᠢᠨᠠᠷᠳᠠᠢ ᠲᠠᠷᠢᠶᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮᠵᠢ᠂ ᠮᠡᠷᠭᠡᠵᠢᠯ | ᠲᠣᠨᠣᠭᠯᠠᠯ ᠤᠨ ᠰᠢᠰᠲ᠋ᠧᠮᠵᠢ ᠪᠠ ᠳᠡᠯᠭᠡᠷᠡᠭᠦᠯᠦᠨ ᠬᠡᠷᠡᠭᠯᠡᠬᠦ ᠰᠢᠰᠲ᠋ᠧᠮᠵᠢ ᠶᠢ ᠪᠤᠢ ᠪᠣᠯᠭᠠᠭᠰᠠᠨ ᠪᠠᠶᠢᠨ᠎ᠡ᠃ | ᠦᠷᠭᠦᠯᠵᠢᠯᠡᠨ ᠴᠢᠷᠮᠠᠶᠢᠬᠤ ᠪᠠᠷ ᠲᠠᠮᠵᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠨᠢ ᠮᠠᠨ ᠤ ᠬᠤᠰᠢᠭᠤᠨ ᠤ | ᠲᠣᠬᠢᠷᠠᠮᠵᠢᠲᠠᠶ ᠣᠷᠣᠨ ᠪᠦᠰᠡ ᠶᠢᠨ ᠲᠠᠷᠢᠶᠠᠯᠠᠩ ᠤᠨ ᠭᠤᠤᠯ ᠤᠷᠤᠰᠬᠠᠯ ᠤᠨ ᠲᠠᠷᠢᠶᠠᠯᠠᠬᠤ ᠮᠡᠷᠭᠡᠵᠢᠯ ᠪᠣᠯᠵᠤ᠂ | ᠲᠠᠷᠢᠶᠠᠨ ᠭᠠᠵᠠᠷ ᠤᠨ ᠶᠠᠰᠤ ᠴᠢᠨᠠᠷ ᠪᠣᠯᠤᠨ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠲᠣᠭᠲᠠᠭᠤᠨ ᠢᠶᠠᠷ ᠲᠡᠭᠡᠭᠰᠢᠯᠡᠬᠦᠯᠣᠨ᠂ ᠠᠮᠢ ᠠᠬᠤᠶ᠂ ᠠᠵᠤ ᠠᠬᠤᠶ ᠪᠠ ᠨᠡᠶᠢᠭᠡᠮ ᠤᠨ ᠦᠷ᠎ᠡ ᠠᠰᠢᠭ ᠢᠯᠡᠳᠲᠡ | ᠴᠢᠩᠭᠠᠷᠠᠪᠠ᠃ | ᠲᠦᠷᠪᠡ᠂ ︽ᠬᠡᠷᠡᠭᠵᠢᠭᠦᠯᠬᠦ ᠲᠥᠰᠦᠯ︾ ᠳᠠᠬᠢ ᠲᠠᠷᠢᠶᠠᠯᠠᠬᠤ ᠶᠢ ᠬᠡᠯᠲᠦᠷᠢᠭᠦᠯᠬᠦ ᠠᠵᠢᠯ ᠤᠨ | ᠨᠥᠬᠦᠪᠥᠷᠢ ᠶᠢᠨ ᠪᠠᠷᠢᠮᠵᠢᠶ᠎ᠡ | ᠡᠷᠳᠡᠨᠢ ᠰᠢᠰᠢ ᠶᠢᠨ ᠡᠰᠢ ᠰᠦᠷᠡᠯ ᠤᠨ ᠪᠦᠬᠦ ᠬᠡᠮᠵᠢᠶᠡᠨ ᠤ ᠪᠦᠷᠬᠦᠴᠡ ᠶᠢ ᠪᠠᠭ᠎ᠠ ᠠᠴᠠ ᠬᠡᠯᠲᠦᠷᠢᠭᠦᠯᠬᠦ ᠬᠡᠪ | ᠵᠠᠭᠪᠤᠷ ᠤᠨ ᠨᠥᠬᠦᠪᠥᠷᠢ ᠶᠢᠨ ᠪᠠᠷᠢᠮᠵᠢᠶ᠎ᠠ ᠨᠢ ᠮᠦ ᠪᠦᠷᠢ ᠳᠤ 70 ᠲᠥᠭᠦᠷᠢᠭ ᠠᠴᠠ ᠬᠡᠲᠦᠷᠡᠭᠦᠯᠬᠦ ᠦᠭᠡᠶ᠂ ᠡᠷᠳᠡᠨᠢ | ᠰᠢᠰᠢ ᠶᠢᠨ ᠲᠠᠷᠢᠮᠠᠯ ᠤᠨ ᠡᠰᠢ ᠰᠦᠷᠡᠯ ᠤᠨ ᠬᠡᠰᠡᠭ ᠢ ᠪᠦᠷᠬᠦᠭᠦᠯᠬᠦ ᠳᠤ ᠴᠥᠭᠡᠨ ᠬᠠᠭᠠᠯᠪᠤᠷᠢᠯᠠᠬᠤ ᠵᠠᠭᠪᠣᠷ ᠲᠤ | ᠨᠥᠬᠦᠪᠥᠷᠢ ᠥᠭᠬᠦ ᠪᠠᠷᠢᠮᠵᠢᠶ᠎ᠠ ᠨᠢ ᠮᠥ ᠪᠦᠷᠢ ᠳᠤ 35 ᠲᠥᠭᠦᠷᠢᠭ ᠠᠴᠠ ᠬᠡᠲᠦᠷᠡᠵᠦ ᠪᠣᠯᠬᠤ ᠥᠬᠡᠶ︔ | ᠪᠣᠭᠤᠳᠠᠶ ᠶᠢᠨ ᠲᠥᠷᠥᠯ᠂ ᠠᠮᠤ ᠪᠤᠳᠠᠭᠠᠨ ᠤ ᠲᠥᠷᠥᠯ ᠵᠢᠴᠢ ᠡᠯᠳᠡᠪ ᠠᠮᠤ ᠵᠡᠷᠭᠡ ᠲᠠᠷᠢᠮᠠᠯ ᠤᠨ ᠡᠰᠢ ᠰᠦᠷᠡᠯ ᠢ | ᠪᠦᠬᠦᠨ ᠢ ᠬᠠᠮᠤᠷᠴᠤ ᠳᠤᠲᠠᠭᠤ ᠬᠠᠭᠠᠯᠪᠤᠷᠢᠯᠠᠬᠤ ᠵᠠᠭᠪᠤᠷ ᠲᠤ ᠨᠥᠬᠦᠪᠥᠷᠢ ᠥᠭᠬᠦ ᠪᠠᠷᠢᠮᠵᠢᠶ᠎ᠠ ᠨᠢ ᠮᠥ ᠪᠦᠷᠢ ᠳᠤ | 35 ᠲᠥᠭᠦᠷᠢᠭ ᠠᠴᠠ ᠬᠡᠲᠦᠷᠡᠵᠦ ᠪᠣᠯᠬᠤ ᠥᠬᠡᠶ᠃ | ᠲᠠᠪᠤ᠂ ︽ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ | ᠲᠥᠪ ᠤᠨ ᠡᠳ᠋ ᠤᠨ ᠵᠠᠰᠠᠭ ᠠᠴᠠ ᠣᠲᠣ ᠪᠠᠶᠢᠭ᠎ᠠ ᠠᠷᠭ᠎ᠠ ᠵᠠᠮ ᠠᠴᠠ ᠵᠡᠭᠦᠨ ᠬᠤᠶᠢᠲᠤ ᠶᠢᠨ ᠦᠩ | ᠰᠢᠮᠡᠯᠢᠭ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠨᠥᠬᠦᠪᠥᠷᠢ ᠪᠠᠯᠠ ᠮᠥᠩᠭᠦ ᠶᠢ | ᠳᠣᠭᠢᠷᠠᠭᠤᠯᠵᠤ᠂ ᠡᠰᠢ ᠰᠦᠷᠡᠯ ᠤᠨ ᠪᠦᠷᠬᠦᠴᠡ ᠶᠢ ᠭᠡᠯᠳᠦᠷᠢᠭᠦᠯᠬᠦ ︵ᠴᠥᠭᠡᠨ︶ ᠳᠠᠷᠢᠬᠤ ᠠᠵᠢᠯ ᠥᠷᠨᠢᠭᠦᠯᠬᠦ ᠵᠢᠴᠢ | ᠥᠨᠳᠥᠷ ᠪᠠᠷᠢᠮᠵᠢᠶᠠᠳᠣ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢᠨ ᠬᠡᠷᠡᠭᠯᠡᠭᠡᠨ ᠤ ᠰᠠᠭᠤᠷᠢᠨ ᠭᠠᠵᠠᠷ | ᠪᠠᠶᠢᠭᠤᠯᠬᠤ ᠶᠢ ᠳᠡᠮᠵᠢᠨ᠎ᠡ᠃ ᠵᠡᠭᠦᠨ ᠬᠤᠶᠢᠲᠤ ᠣᠷᠣᠨ ᠤ ᠳᠥᠷᠪᠡᠨ ᠮᠤᠵᠢ ᠣᠷᠣᠨ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠣᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠥᠭᠵᠢᠭᠦᠯᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃ ᠪᠤᠰᠤᠳ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠨᠢᠭᠡᠳᠦᠯᠲᠡᠶ ᠲᠥᠯᠥᠪᠯᠡᠵᠦ ᠵᠡᠭᠦᠨ ᠬᠤᠶᠢᠲᠤ ᠣᠷᠣᠨ ᠤ ᠦᠩ ᠰᠢᠮᠡᠯᠢᠭ ᠬᠠᠷ᠎ᠠ ᠬᠥᠷᠥᠰᠥ | ᠰᠢᠷᠣᠶ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠠᠵᠢᠯᠯᠠᠭ᠎ᠠ ᠶᠢᠨ ᠲᠦᠯᠦᠪᠯᠡᠭᠡ ︵2020 — 2025︶ | ︾ ᠶᠢ ᠪᠦᠲᠦᠮᠵᠢᠲᠡᠶ ᠭᠡᠷᠡᠭᠵᠢᠬᠦᠯᠬᠦ ᠶᠢ ᠠᠬᠢᠭᠤᠯᠵᠦ᠂ ᠲᠥᠷᠥ ᠶᠢᠨ ᠪᠣᠳᠣᠯᠭ᠎ᠠ ᠶᠢᠨ ᠴᠤᠭᠯᠠᠷᠠᠯ ᠤᠨ ᠦᠢᠯᠡᠳᠦᠯ ᠢ | ᠦᠨᠡᠩᠬᠦ ᠪᠠᠳᠠᠷᠠᠭᠤᠯᠤᠨ᠎ᠠ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠴᠢᠳ ᠢ ᠬᠥᠲᠥᠯᠥᠨ | ᠵᠢᠯᠣᠭᠤᠳᠴᠤ ᠪᠠᠶᠢᠭᠠᠳ ᠡᠰᠢ ᠰᠦᠷᠡᠯ ᠢ ᠲᠠᠷᠢᠶᠠᠯᠠᠬᠤ ᠮᠠᠰᠢᠨ᠂ ᠥᠨᠳᠥᠷ ᠴᠢᠳᠠᠪᠬᠢᠲᠤ ᠬᠠᠭᠠᠯᠪᠤᠷᠢᠯᠠᠬᠤ ᠥᠬᠡᠶ | ᠲᠠᠷᠢᠬᠤ ᠮᠠᠰᠢᠨ᠂ ᠨᠠᠷᠢᠯᠢᠭ ᠤᠨᠤᠪᠴᠢᠲᠠᠢ ᠪᠠᠷ ᠡᠮ ᠣᠷᠣᠭᠤᠯᠬᠤ ᠮᠠᠰᠢᠨ᠂ ᠬᠦᠷᠦᠰᠣ ᠶᠢ ᠭᠦᠨ ᠰᠤᠯᠠᠷᠠᠭᠤᠯᠬᠤ | ᠮᠠᠰᠢᠨ ᠵᠡᠷᠭᠡ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠮᠠᠰᠢᠨ ᠪᠠᠭᠠᠵᠢ ᠬᠤᠳᠠᠯᠳᠤᠨ ᠠᠪᠤᠭᠤᠯᠬᠤ ᠬᠡᠷᠡᠭᠲᠡᠶ᠃ | | | | | | |