| ᠬᠥᠳᠡᠭᠡ ᠲᠣᠰᠬᠤᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢᠨ ᠲᠥᠯᠥᠭᠡ᠂ ᠲᠣᠰ ᠤᠳᠠᠭᠠᠨ ᠤ ᠬᠤᠭᠤᠴᠠᠭ᠎ᠠ | ᠰᠣᠯᠢᠬᠤ ᠳᠤ᠂ ᠰᠤᠪᠤᠷᠭ᠎ᠠ ᠪᠠᠯᠭᠠᠰᠤ ᠬᠤᠶᠠᠷ ᠵᠥᠪᠯᠡᠯ ᠤᠨ ᠵᠢᠱᠢᠭᠳᠡᠭᠴᠢ ᠳᠤ ᠨᠠᠩ ᠥᠨᠳᠥᠷ ᠱᠠᠭᠠᠷᠳᠠᠯᠭ᠎ᠠ | ᠳᠤᠷᠠᠳᠴᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠶᠠᠷ ᠵᠥᠪᠯᠡᠯ ᠤᠨ ᠬᠤᠭᠤᠴᠠᠭ᠎ᠠ | ᠰᠣᠯᠢᠬᠤ ᠠᠵᠢᠯ ᠢ ᠳᠥᠯᠭᠢᠨ ᠠᠬᠢᠭᠤᠯᠪᠠ᠃ | ᠨᠢᠭᠡ ᠳᠤ᠂ ᠪᠠᠯᠭᠠᠰᠤᠨ ᠤ ᠨᠠᠮ ᠤᠨ ᠬᠤᠷᠢᠶ᠎ᠠ ᠬᠤᠭᠤᠴᠠᠭ᠎ᠠ ᠰᠣᠯᠢᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠠᠯᠭᠠᠰᠤᠨ ᠤ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ ᠬᠤᠶᠠᠷ | ᠵᠥᠪᠯᠡᠯ ᠤᠨ ᠬᠤᠭᠤᠴᠠᠭ᠎ᠠ ᠰᠣᠯᠢᠬᠤ ᠶᠢ ᠵᠢᠯᠣᠭᠤᠳᠬᠤ ᠳᠤᠭᠤᠶᠢᠯᠠᠩ ᠪᠠᠶᠢᠭᠤᠯᠵᠤ᠂ ᠰᠤᠪᠤᠷᠭ᠎ᠠ ᠪᠠᠯᠭᠠᠰᠤᠨ ᠤ ᠡᠯ᠎ᠡ | ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠠᠵᠢᠯ ᠢ ᠬᠢᠨᠠᠨ ᠵᠢᠯᠣᠭᠤᠳᠴᠤ᠂ ᠬᠤᠭᠤᠴᠠᠭ᠎ᠠ ᠰᠣᠯᠢᠬᠤ | ᠠᠵᠢᠯ ᠤᠨ ᠲᠥᠪ ᠭᠤᠤᠯᠴᠢ ᠢᠯᠡ ᠲᠣᠳᠣ᠂ ᠵᠦᠶ ᠵᠣᠬᠢᠰᠲᠠᠶ ᠬᠠᠤᠯᠢ ᠶᠣᠰᠣᠨ ᠤ ᠪᠠᠶᠢᠬᠤ ᠶᠢ ᠪᠠᠲᠤᠯᠠᠵᠤ᠂ | ᠨᠠᠮ ᠤᠨ ᠭᠡᠰᠢᠭᠦᠨ ᠵᠢᠴᠢ ᠣᠯᠠᠨ ᠲᠦᠮᠡᠨ ᠤ ᠲᠥᠯᠥᠭᠡᠯᠡᠭᠴᠢ ᠶᠢᠨ ᠬᠤᠪᠢ ᠪᠡᠶ᠎ᠡ ᠶᠢᠨ ᠬᠦᠰᠡᠯ ᠡᠷᠡᠮᠡᠯᠵᠡᠯ ᠢ | ᠢᠯᠡᠷᠡᠭᠦᠯᠪᠡ᠃ ᠬᠤᠶᠠᠷ ᠲᠤ᠂ ᠭᠠᠴᠠᠭ᠎ᠠ ᠲᠣᠰᠬᠤᠨ ᠤ ᠣᠷᠣᠨ ᠲᠤᠭ᠎ᠠ ᠶᠢᠨ ᠠᠵᠢᠯᠲᠠᠨ ᠲᠣᠮᠢᠯᠠᠨ ᠭᠠᠴᠠᠭ᠎ᠠ | ᠲᠣᠰᠬᠤᠨ ᠤ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠳᠤ ᠪᠦᠬᠦ ᠶᠠᠪᠤᠴᠠ ᠪᠠᠷ ᠣᠷᠣᠯᠴᠠᠵᠤ᠂ ᠤᠯᠠᠨ | ᠲᠦᠮᠡᠨ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠭᠠᠴᠠᠭ᠎ᠠ ᠲᠣᠰᠬᠤᠨ ᠤ ᠰᠣᠩᠭᠤᠭᠤᠯᠢ ᠶᠢᠨ ᠪᠠᠶᠢᠳᠠᠯ ᠢ | ᠣᠶᠢᠯᠠᠭᠠᠵᠤ᠂ ᠰᠡᠭᠦᠯᠴᠢ ᠶᠢᠨ ᠬᠤᠭᠤᠴᠠᠭᠠᠨ ᠤ ᠲᠣᠰᠬᠤᠨ ᠤ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ | ᠲᠠᠯᠪᠢᠵᠤ ᠥᠭᠪᠡ᠃ ᠭᠤᠷᠪᠠ ᠳᠤ᠂ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ | ᠬᠤᠭᠤᠴᠠᠭ᠎ᠠ ᠰᠣᠯᠢᠬᠤ ᠠᠵᠢᠯ ᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠰᠤᠪᠤᠷᠭ᠎ᠠ | ᠪᠠᠯᠭᠠᠰᠤᠨ ᠤ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠬᠤᠶᠠᠷ ᠵᠥᠪᠯᠡᠯ ᠨᠢᠭᠲᠠ ᠬᠠᠮᠵᠢᠯᠴᠠᠵᠤ᠂ ᠪᠥᠬᠦ | ᠭᠡᠰᠢᠭᠦᠳ ᠬᠥᠳᠡᠯᠦᠯᠴᠡᠨ᠂ ᠡᠯ᠎ᠡ ᠭᠠᠴᠠᠭ᠎ᠠ ᠲᠣᠰᠬᠤᠨ ᠤ ᠰᠣᠩᠭᠤᠭᠤᠯᠢ ᠶᠢᠨ ᠪᠠᠶᠢᠳᠠᠯ ᠢ ᠣᠶᠢᠯᠠᠭᠠᠵᠤ᠂ ᠬᠤᠶᠠᠷ | ᠵᠥᠪᠯᠡᠯ ᠤᠨ ᠬᠤᠭᠤᠴᠠᠭ᠎ᠠ ᠰᠣᠯᠢᠬᠤ ᠲᠠᠩᠰᠠ ᠡᠪᠬᠡᠮᠡᠯ ᠢ ᠡᠮᠬᠢᠯᠡᠬᠦ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ | ᠠᠵᠢᠯ ᠤᠨ ᠠᠯᠳᠠᠭ᠎ᠠ ᠭᠠᠷᠭᠠᠬᠤ ᠥᠬᠡᠶ᠂ ᠲᠠᠩᠰᠠ ᠡᠪᠬᠡᠮᠡᠯ ᠢ ᠡᠮᠬᠢ ᠵᠢᠷᠤᠮ ᠲᠠᠢ ᠡᠮᠬᠢᠯᠡᠬᠦ ᠶᠢ ᠪᠠᠲᠤᠯᠠᠪᠠ᠃ | ᠭᠠᠴᠠᠭ᠎ᠠ ᠲᠣᠰᠬᠤᠨ ᠤ ᠨᠠᠮ ᠤᠨ ᠡᠭᠦᠷ ᠤᠨ ᠬᠤᠭᠤᠴᠠᠭ᠎ᠠ ᠰᠣᠯᠢᠬᠤ ᠠᠵᠢᠯ ᠤᠳᠠᠯ ᠥᠬᠡᠶ ᠳᠠᠭᠤᠰᠴᠤ᠂ | ᠭᠠᠴᠠᠭ᠎ᠠ ᠲᠣᠰᠬᠤᠨ ᠤ ᠨᠠᠮ ᠤᠨ ᠡᠭᠦᠷ ᠤᠨ ᠰᠢᠨ᠎ᠡ ᠵᠥᠪᠯᠡᠯ ᠵᠢᠴᠢ ᠲᠣᠰᠬᠤᠨ ᠤ ᠠᠷᠠᠳ ᠤᠨ ᠰᠣᠩᠭᠤᠭᠤᠯᠢ ᠶᠢᠨ | ᠵᠥᠪᠯᠡᠯ ᠨᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠣᠯᠠᠨ ᠲᠦᠮᠡᠨ ᠤ ᠳᠡᠮᠵᠢᠯᠭᠡ ᠳᠣᠤᠷ᠎ᠠ | ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠪᠣᠯᠤᠨ᠎ᠠ᠃ |