ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠪᠠ ᠪᠥᠬᠦ | ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠲᠡᠶᠢᠨ ᠤ ᠳᠠᠶᠢᠴᠢᠯᠠᠯᠲᠠ ᠶᠢᠨ | ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠦᠭᠰᠡᠨᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠬᠡᠷᠡᠭ ᠤᠨ 1 ᠳ᠋ᠦ᠋ᠭᠡᠷ ᠲᠠᠰ ᠤᠨ ᠠᠵᠢᠯᠯᠠᠭ᠎ᠠ ᠡᠬᠢᠯᠡᠭᠦᠯᠬᠦ ᠵᠡᠷᠭᠡ ᠱᠠᠭᠠᠷᠳᠠᠯᠭ᠎ᠠ ᠶᠢ | ᠦᠨᠳᠦᠰᠦᠯᠡᠨ᠂ ᠬᠢᠵᠢᠭ ᠬᠠᠯᠳᠠᠪᠤᠷᠢᠯᠠᠨ ᠳᠡᠯᠭᠡᠷᠡᠬᠦ ᠡᠷᠡᠰᠳᠡᠯ ᠢ ᠪᠥᠬᠦ ᠬᠦᠴᠦᠨ ᠢᠶᠠᠷ ᠢᠶᠠᠨ ᠬᠤᠷᠢᠭᠯᠠᠬᠤ ᠶᠢᠨ | ᠲᠥᠯᠥᠭᠡ᠂ ᠪᠠᠭᠠᠷᠢᠨ ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠨᠢ | 2020 ᠣᠨ ᠤ 2 ᠰᠠᠷ᠎ᠠ ᠶᠢᠨ 2 ᠤᠨ ᠡᠳᠦᠷ ᠤᠨ 0 ᠴᠠᠭ ᠠᠴᠠ ᠡᠬᠢᠯᠡᠨ ᠳᠠᠷᠠᠭᠠᠬᠢ ᠠᠷᠭ᠎ᠠ ᠬᠡᠮᠵᠢᠶ᠎ᠡ ᠶᠢ | ᠠᠪᠬᠤ ᠪᠠᠷ ᠰᠢᠢᠳᠪᠡ᠄ | ᠨᠢᠭᠡ᠂ ᠳ᠋ᠠᠪᠠᠨ ᠪᠠᠯᠭᠠᠰᠤ ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠲᠤ ᠳᠠᠷᠠᠭᠠᠬᠢ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠠᠪᠴᠤ ᠬᠠᠮᠢᠶᠠᠷᠤᠨ᠎ᠠ | 1᠂ ᠡᠯ᠎ᠡ ᠰᠠᠭᠤᠭᠠᠯᠢ ᠲᠣᠭᠤᠷᠢᠭ ᠵᠥᠪᠬᠡᠨ ᠨᠢᠭᠡ ᠯᠡ ᠣᠷᠣᠵᠤ ᠭᠠᠷᠬᠤ ᠵᠠᠮ ᠦᠯᠡᠳᠡᠭᠡᠨ᠎ᠡ᠃ | 2᠂ ᠡᠯ᠎ᠡ ᠰᠠᠭᠤᠭᠠᠯᠢ ᠲᠣᠭᠤᠷᠢᠭ ᠤᠨ ᠰᠠᠭᠤᠭᠠᠯᠢ ᠢᠷᠭᠡᠳ ᠨᠡᠪᠲᠡᠷᠡᠬᠦ ᠦᠨᠡᠮᠯᠡᠯ ᠢᠶᠠᠷ ᠢᠶᠠᠨ ᠣᠷᠣᠵᠤ | ᠭᠠᠷᠤᠨ᠎ᠠ᠃ | 3᠂ ᠪᠦᠬᠦᠯᠢ ᠡᠳᠦᠷᠵᠢᠨ ᠲᠣᠰ ᠰᠠᠭᠤᠭᠠᠯᠢ ᠠᠷᠠᠳ ᠤᠨ ᠲᠣᠭᠤᠷᠢᠭ ᠠᠴᠠ ᠭᠠᠳᠠᠨᠠᠬᠢ ᠲᠡᠷᠭᠡ ᠤᠨᠤᠭ᠎ᠠ ᠪᠠ | ᠬᠥᠮᠦᠰ ᠤᠨ ᠣᠷᠣᠬᠤ ᠶᠢ ᠬᠤᠷᠢᠭᠯᠠᠨ᠎ᠠ᠃ | 4᠂ ᠡᠯ᠎ᠡ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠣᠷᠣᠵᠤ ᠭᠠᠷᠬᠤ ᠴᠠᠭ ᠢ ᠥᠷᠯᠥᠭᠡ ᠶᠢᠨ | 6᠄ 00 — ᠣᠷᠣᠢ ᠶᠢᠨ 20᠄ 00 ᠭᠡᠵᠦ ᠬᠢᠵᠠᠭᠠᠷᠯᠠᠨ᠎ᠠ᠃ ᠣᠨᠴᠠᠭᠠᠶ ᠪᠠᠴᠢᠮ ᠪᠠᠶᠢᠳᠠᠯ ᠢ ᠭᠠᠷᠭᠠᠪᠠᠯ᠂ | ᠪᠤᠰᠤᠳ ᠴᠠᠭ ᠲᠤ ᠴᠥᠮ ᠣᠷᠣᠵᠤ ᠭᠠᠷᠬᠤ ᠶᠢ ᠬᠤᠷᠢᠭᠯᠠᠨ᠎ᠠ᠃ ᠦᠨᠡᠨ ᠬᠦ ᠣᠷᠣᠵᠤ ᠭᠠᠷᠬᠤ ᠴᠢᠬᠤᠯᠠᠲᠠᠶ ᠪᠣᠯ | ᠲᠣᠣᠷᠵᠢᠯ ᠬᠡᠰᠡᠭ ᠤᠨ ᠬᠠᠮᠢᠶᠠᠷᠤᠭᠴᠢ ︵ ᠰᠠᠭᠤᠭᠠᠯᠢ ᠲᠣᠭᠤᠷᠢᠭ ᠤᠨ ᠠᠳᠠᠯ ᠠᠬᠤᠶ ᠪᠤᠶᠤ ᠲᠣᠭᠲᠠᠭᠰᠠᠨ | ᠬᠠᠮᠢᠶᠠᠷᠤᠯᠲᠠ ᠶᠢᠨ ᠠᠵᠢᠯᠲᠠᠨ︶ ᠵᠢᠨᠦᠯᠡᠳᠡᠭᠡᠭᠰᠡᠨ 24 ᠴᠠᠭ ᠤᠨ ᠵᠢᠵᠢᠭᠦᠷ ᠤᠲᠠᠰᠤᠨ ᠳᠤ ᠤᠲᠠᠰᠤᠳᠠᠵᠤ᠂ | ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠣᠷᠣᠵᠤ ᠭᠠᠷᠴᠤ ᠪᠣᠯᠤᠨ᠎ᠠ᠃ | 5᠂ ᠪᠦᠬᠦ ᠰᠠᠭᠤᠭᠠᠯᠢ ᠲᠣᠭᠤᠷᠢᠭ ᠨᠢ ᠴᠥᠮ ᠲᠤᠰᠬᠠᠢ ᠬᠥᠮᠦᠨ ᠲᠣᠬᠢᠷᠠᠭᠤᠯᠤᠨ ᠬᠠᠮᠢᠶᠠᠷᠴᠤ᠂ ᠡᠯ᠎ᠡ | ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠪᠦᠷᠢᠯᠳᠦᠭᠦᠨ ᠨᠢᠭᠡᠴᠡ ᠨᠢ ᠬᠤᠯᠪᠣᠭᠠᠯᠠᠨ ᠪᠠᠶᠢᠭᠤᠯᠬᠤ | ᠪᠠ ᠬᠠᠮᠲᠤᠪᠠᠷ ᠪᠠᠶᠢᠭᠤᠯᠬᠤ ᠨᠡᠶᠢᠭᠡᠮ ᠲᠣᠭᠤᠷᠢᠭ ᠲᠠᠭᠠᠨ ᠬᠦᠷᠴᠦ ᠨᠢᠭᠡᠳᠦᠯᠲᠡᠢ ᠨᠡᠷ᠎ᠡ ᠮᠡᠳᠡᠭᠦᠯᠦᠨ᠂ ᠨᠡᠶᠢᠭᠡᠮ | ᠲᠣᠭᠤᠷᠢᠭ ᠤᠨ ᠵᠢᠯᠣᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠦᠨ᠎ᠡ᠃ | ᠬᠤᠶᠠᠷ᠂ ᠪᠥᠬᠦ ᠬᠤᠰᠢᠭᠤᠨ ᠳᠤ ᠳᠠᠷᠠᠭᠠᠬᠢ ᠲᠡᠷᠭᠡ ᠨᠦ᠋ᠭᠦᠳᠡᠴᠠ ᠪᠤᠰᠤᠳ ᠬᠤᠪᠢ ᠶᠢᠨ ᠲᠡᠷᠭᠡ᠂ | ᠲᠦᠷᠢᠶᠡᠰᠦᠨ ᠮᠠᠰᠢᠨ ᠵᠡᠷᠭᠡ ᠪᠣᠶ ᠪᠥᠬᠦᠶ ᠮᠠᠰᠢᠨ ᠲᠡᠷᠭᠡ ᠶᠠᠪᠤᠬᠤ ᠶᠢ ᠬᠤᠷᠢᠭᠯᠠᠨ᠎ᠠ | 1᠂ ᠲᠦᠷᠭᠡᠨ ᠡᠮᠨᠡᠯᠭᠡ ᠲᠦᠷᠭᠡᠨ ᠠᠪᠤᠷᠠᠯᠲᠠ ᠶᠢᠨ ᠲᠡᠷᠭᠡ᠂ ᠦᠢᠯᠡᠳᠪᠦᠷᠢᠯᠡᠯ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠢ ᠲᠡᠭᠡᠭᠡᠪᠦᠷᠢᠯᠡᠨ ᠬᠦᠷᠭᠡᠬᠦ ᠲᠡᠷᠭᠡ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ | ᠲᠡᠭᠡᠭᠡᠪᠦᠷᠢᠯᠡᠬᠦ ᠲᠡᠷᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠲᠤᠯᠠᠭ᠎ᠠ ᠶᠢᠨ ᠲᠡᠷᠭᠡ ᠂ ᠬᠠᠤᠯᠢ | ᠬᠡᠷᠡᠭᠵᠢᠭᠦᠯᠬᠦ ᠲᠡᠷᠭᠡ᠂ ᠬᠤᠭ ᠨᠣᠪᠰᠢ ᠴᠡᠪᠡᠷᠯᠡᠨ ᠲᠡᠭᠡᠭᠡᠪᠦᠷᠢᠯᠡᠬᠦ᠂ ᠠᠶᠤᠯ ᠠᠴᠠ ᠠᠪᠤᠷᠠᠬᠤ᠂ ᠵᠠᠪᠳᠤᠨ ᠰᠡᠯᠪᠢᠬᠦ | ᠵᠡᠷᠭᠡ ᠨᠡᠶᠢᠭᠡᠮ ᠤᠨ ᠣᠯᠠᠨ ᠨᠡᠶᠢᠲᠡ ᠶᠢᠨ ᠠᠵᠢᠯ ᠦᠢᠯᠡᠰ ᠤᠨ ᠲᠡᠷᠭᠡ ᠬᠡᠪ ᠤᠨ ᠶᠣᠰᠣᠭᠠᠷ ᠶᠠᠪᠤᠨ᠎ᠠ᠃ | 2᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯ ᠤᠨ ᠬᠡᠷᠡᠭᠴᠡᠭᠡ ᠪᠠᠷ ᠦᠨᠡᠨᠬᠦ | ᠲᠡᠷᠭᠡ ᠵᠢᠯᠣᠭᠤᠳᠴᠤ ᠭᠠᠳᠠᠭᠰᠢ ᠭᠠᠷᠬᠤ ᠴᠢᠬᠤᠯᠠ ᠲᠠᠢ ᠪᠣᠯ᠂ ᠠᠵᠢᠯᠯᠠᠵᠤ ᠪᠠᠶᠢᠭ᠎ᠠ ᠨᠢᠭᠡᠴᠡ ᠨᠢ ᠭᠡᠷᠡᠴᠢᠯᠡᠵᠦ | ᠨᠡᠪᠲᠡᠷᠡᠬᠦ ᠦᠨᠡᠮᠯᠡᠯ ᠬᠢᠯᠭᠡᠨ ᠠᠪᠴᠤ ᠪᠣᠯᠣᠨ᠎ᠠ᠃ ᠦᠨᠡᠮᠯᠡᠯ ᠢ ᠪᠤᠰᠤᠳ ᠵᠦᠢᠯ ᠳᠤ ᠬᠡᠷᠡᠭᠯᠡᠵᠦ ᠪᠣᠯᠬᠤ ᠦᠭᠡᠢ᠃ | ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠨᠢ ᠦᠨᠡᠨᠬᠦ ᠨᠡᠪᠲᠡᠷᠡᠬᠦ ᠴᠢᠬᠤᠯᠠᠲᠠᠶ ᠲᠡᠷᠭᠡᠨ ᠤ ᠪᠠᠨ ᠨᠣᠮᠧᠷ ᠢ | ᠡᠷᠬᠡᠪᠰᠢ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠪᠠᠲᠤᠯᠠᠭ᠎ᠠ ᠶᠢᠨ ᠲᠥᠪ ᠲᠤ ᠳᠠᠩᠰᠠᠯᠠᠭᠤᠯᠬᠤ ᠶᠢᠨ | ᠬᠠᠮᠲᠤ ᠨᠡᠪᠲᠡᠷᠡᠬᠦ ᠦᠨᠡᠮᠯᠡᠯ ᠠᠪᠬᠤ ᠬᠡᠷᠡᠭᠲᠡᠶ᠃ | 3᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢᠶᠠᠷ ᠣᠷᠣᠵᠤ ᠭᠠᠷᠬᠤ ᠰᠠᠭᠤᠭᠠᠯᠢ ᠠᠷᠠᠳ ᠤᠨ ᠮᠠᠰᠢᠨ | ᠲᠡᠷᠭᠡ ᠡᠷᠬᠡᠪᠰᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ | ᠣᠷᠣᠵᠤ ᠭᠠᠷᠤᠨ᠎ᠠ᠃ | 4᠂ ᠡᠪᠡᠳᠴᠢᠲᠡᠨ ᠢ ᠵᠥᠭᠡᠭᠡᠵᠦ ᠬᠦᠷᠭᠡᠬᠦ ᠬᠤᠪᠢ ᠶᠢᠨ ᠲᠡᠷᠭᠡ ᠤᠷᠢᠳᠠᠪᠠᠷ ᠶᠠᠪᠤᠵᠤ᠂ ᠳᠠᠷᠠᠭ᠎ᠠ ᠨᠢ ᠵᠠᠮ | ᠬᠠᠷᠢᠯᠴᠠᠭᠠᠨ ᠤ ᠴᠠᠭᠳᠠᠭᠠᠨ ᠤ ᠰᠠᠯᠠᠭ᠎ᠠ ᠮᠥᠴᠢᠷ ᠲᠤ ᠶᠠᠪᠤᠭᠰᠠᠨ ᠵᠠᠮ ᠱᠤᠭᠤᠮ᠂ ᠬᠦᠷᠦᠭᠰᠡᠨ ᠭᠠᠵᠠᠷ ᠢᠶᠠᠨ | ᠮᠡᠳᠡᠭᠦᠯᠦᠨ ᠳᠠᠩᠰᠠᠯᠠᠭᠤᠯᠵᠤ ᠪᠣᠯᠤᠨ᠎ᠠ᠃ ᠬᠦᠯᠢᠶᠡᠨ ᠠᠪᠴᠤ ᠰᠢᠢᠳᠪᠦᠷᠢᠯᠡᠬᠦ ᠨᠢᠭᠡᠴᠢ᠄ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ᠂ ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ 0476 — 6188829 | 5᠂ ᠭᠠᠳᠠᠷ ᠣᠷᠣᠨ ᠠᠴᠠ ᠪᠤᠴᠠᠵᠤ ᠢᠷᠡᠭᠰᠡᠨ ᠬᠥᠮᠦᠰ ᠡᠷᠬᠡᠪᠰᠢ ᠪᠠᠶᠢᠭ᠎ᠠ ᠨᠡᠶᠢᠭᠡᠮ ᠲᠣᠭᠤᠷᠢᠭ᠂ ᠨᠢᠭᠡᠴᠢ | ᠪᠤᠶᠤ ᠲᠦᠷᠦᠯ ᠰᠠᠳᠤᠨ ᠤ ᠬᠢ ᠪᠠᠨ ᠬᠦᠴᠦᠨ ᠪᠦᠬᠦᠢ ᠮᠡᠳᠡᠭᠡ ᠵᠠᠩᠭᠢ ᠶᠢ ᠬᠠᠩᠭᠠᠬᠤ ᠶᠢᠨ ᠬᠠᠮᠲᠤ ᠬᠠᠷᠢᠴᠠᠵᠤ | ᠬᠠᠷᠭᠤᠭᠤᠯᠤᠭᠰᠠᠨ ᠤ ᠳᠠᠷᠠᠭ᠎ᠠ ᠳᠠᠩᠰᠠᠯᠠᠭᠤᠯᠤᠭᠠᠳ ᠰᠠᠶ᠋ᠢ ᠣᠷᠣᠵᠤ ᠪᠣᠯᠤᠨ᠎ᠠ᠃ | ᠭᠤᠷᠪᠠ᠂ ᠪᠤᠴᠠᠵᠤ ᠢᠷᠡᠭᠰᠡᠨ ᠬᠥᠮᠥᠰ ᠢ ᠲᠤᠰᠠᠭᠠᠷᠯᠠᠨ ᠠᠵᠢᠭᠯᠠᠬᠤ᠂ ᠲᠤᠰᠠᠭᠠᠷᠯᠠᠯᠲᠠ ᠶᠢ ᠲᠠᠶᠢᠯᠬᠤ | ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠨ᠎ᠠ | 1᠂ ᠡᠯ᠎ᠡ ᠰᠤᠮᠤ ᠪᠠᠯᠭᠠᠰᠣ ᠵᠡᠭᠡᠯᠢ ᠭᠤᠳᠤᠮᠵᠢ ᠨᠢ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ | ᠨᠡᠶᠢᠲᠡᠯᠡᠭᠰᠡᠨ ᠵᠠᠷᠯᠢᠭ ᠤᠨ ᠳᠣᠤᠷ᠎ᠠ᠂ ᠲᠤᠬᠠᠶ ᠶᠢᠨ ᠭᠠᠵᠠᠷ ᠤᠨ ᠵᠢᠯᠣᠭᠤᠳᠬᠤ ᠭᠠᠵᠠᠷ ᠤᠨ ᠨᠡᠷ᠎ᠡ ᠪᠠᠷ ᠬᠠᠷᠢᠶ᠎ᠠ | ᠣᠷᠣᠨ ᠤ ᠪᠠᠨ ᠠᠵᠢᠯ ᠢ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠵᠢᠷᠤᠮᠵᠢᠭᠤᠯᠤᠨ ᠪᠠᠶᠢᠷᠢᠯᠠᠭᠤᠯᠬᠤ | ᠬᠡᠷᠡᠭᠲᠡᠢ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠣᠣᠷᠵᠢᠭᠤᠯᠤᠨ ᠬᠠᠮᠢᠶᠠᠷᠬᠤ ᠪᠠ | ᠳᠠᠷᠤᠨ ᠬᠠᠮᠢᠶᠠᠷᠬᠤ ᠠᠷᠭ᠎ᠠ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ | ᠡᠷᠦᠬᠡ ᠳᠤ ᠬᠦᠷᠲᠡᠯ᠎ᠡ ᠬᠠᠷᠢᠯᠴᠠᠵᠤ᠂ ᠥᠨᠴᠥᠭ ᠪᠤᠯᠤᠩ ᠦᠯᠡᠳᠡᠭᠡᠵᠦ ᠪᠣᠯᠬᠤ ᠦᠭᠡᠶ᠃ ᠮᠥᠷᠳᠡᠨ ᠳᠠᠭᠠᠬᠤ ᠶᠢ | ᠴᠢᠩᠭᠠᠳᠬᠠᠵᠤ᠂ ᠨᠢᠭᠲᠠ ᠣᠶᠢᠷᠠᠲᠤᠭᠰᠠᠨ ᠬᠥᠮᠦᠰ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ᠡᠷᠦᠬᠡ ᠪᠠᠷ | ᠨᠢᠭᠡᠴᠡ ᠪᠣᠯᠭᠠᠨ᠂ ᠭᠡᠷ ᠲᠡᠭᠡᠨ ᠰᠠᠭᠤᠵᠤ ᠲᠤᠰᠠᠭᠠᠷᠯᠠᠬᠤ ᠠᠵᠢᠯ ᠢ ᠰᠠᠶᠢᠲᠤᠷ ᠬᠢᠵᠦ᠂ ᠣᠯᠠᠨ ᠢᠶᠠᠷ ᠢᠶᠠᠨ | ᠰᠡᠷᠭᠡᠶᠢᠯᠡᠨ᠂ ᠣᠯᠠᠨ ᠢᠶᠠᠷ ᠢᠶᠠᠨ ᠬᠢᠵᠠᠭᠠᠷᠯᠠᠵᠤ᠂ ᠲᠣᠭᠲᠠᠭᠤᠨ ᠢᠶᠠᠷ ᠰᠡᠷᠭᠡᠶᠢᠯᠡᠨ ᠲᠣᠭᠲᠠᠭᠤᠨ ᠢᠶᠠᠷ ᠬᠢᠵᠠᠭᠠᠷᠯᠠᠬᠤ | ᠬᠡᠷᠡᠭᠲᠡᠶ᠃ | 2᠂ ᠲᠤᠰᠠᠭᠠᠷᠯᠠᠵᠤ ᠪᠠᠶᠢᠬᠤ ᠬᠥᠮᠥᠰ ᠬᠤᠪᠢ ᠬᠥᠮᠦᠨ ᠤ ᠰᠡᠷᠭᠡᠶᠢᠯᠡᠯᠲᠡ ᠪᠠᠨ ᠴᠢᠩᠭᠠᠳᠬᠠᠵᠤ᠂ | ᠴᠢᠳᠠᠬᠤ ᠶᠢᠨ ᠳᠣᠲᠣᠷ᠎ᠠ ᠨᠢᠭᠡ ᠬᠥᠮᠥᠨ ᠨᠢᠭᠡ ᠥᠷᠥᠭᠡᠨ ᠳᠤ ᠪᠠᠶᠢᠬᠤ ᠶᠢ ᠪᠠᠲᠤᠯᠠᠨ᠂ ᠪᠤᠰᠤᠳ ᠬᠥᠮᠦᠰ ᠲᠠᠢ | ᠰᠢᠭᠤᠳ ᠣᠶᠢᠷᠠᠳᠬᠤ ᠶᠢ ᠪᠠᠭᠠᠰᠬᠠᠬᠤ ᠬᠡᠷᠡᠭᠲᠡᠶ᠃ | 3᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠳ ᠲᠤᠰᠠᠭᠠᠷᠯᠠᠵᠤ ᠪᠠᠶᠢᠭ᠎ᠠ ᠬᠥᠮᠦᠰ ᠢ ᠬᠠᠮᠢᠶᠠᠷᠤᠨ | ᠬᠢᠵᠠᠭᠠᠷᠯᠠᠬᠤ ᠠᠵᠢᠯ ᠢ ᠴᠢᠩᠭᠠᠳᠬᠠᠵᠤ᠂ ᠨᠢᠭᠡ ᠨᠢᠭᠡ ᠪᠠᠷ ᠳᠠᠩᠰᠠ ᠡᠪᠬᠡᠮᠡᠯ ᠪᠠᠶᠢᠭᠤᠯᠵᠤ᠂ ᠨᠢᠭᠡ ᠨᠢᠭᠡ ᠪᠠᠷ ᠨᠢ | ᠬᠠᠮᠢᠶᠠᠷᠤᠨ ᠬᠢᠵᠠᠭᠠᠷᠯᠠᠬᠤ ᠬᠡᠷᠡᠭᠲᠡᠶ᠃ ᠨᠡᠶᠢᠭᠡᠮ ᠲᠣᠭᠤᠷᠢᠭ ᠤᠨ ᠲᠤᠰᠠᠭᠠᠷᠯᠠᠭᠰᠠᠨ ᠬᠥᠮᠦᠰ ᠢ ᠬᠠᠮᠢᠶᠠᠷᠤᠨ | ᠬᠢᠵᠠᠭᠠᠷᠯᠠᠬᠤ ᠳᠤ ᠡᠷᠬᠡᠪᠰᠢ ᠨᠠᠮ ᠤᠨ ᠶᠡᠷᠦᠩᠬᠡᠶ ᠡᠭᠦᠷ ᠤᠨ ᠱᠦᠵᠢ᠂ ᠠᠵᠢᠯᠲᠠᠨ᠂ ᠬᠡᠰᠡᠭ ᠳᠠᠭᠠᠭᠠᠴᠢᠯᠠᠭᠰᠠᠨ | ᠠᠷᠠᠳ ᠤᠨ ᠴᠠᠭᠳᠠᠭ᠎ᠠ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠭᠠᠴᠠᠭ᠎ᠠ ᠲᠣᠰᠬᠤᠨ ᠤ ᠲᠤᠰᠠᠭᠠᠷᠯᠠᠬᠤ ᠬᠥᠮᠦᠰ ᠢ | ᠬᠠᠮᠢᠶᠠᠷᠤᠨ ᠬᠢᠵᠠᠭᠠᠷᠯᠠᠬᠤ ᠳᠤ ᠡᠷᠬᠡᠪᠰᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠣᠯᠤᠨ ᠬᠤᠶᠠᠷ | ᠵᠥᠪᠯᠡᠯ ᠤᠨ ᠪᠠᠭ ᠤᠨ ᠪᠤᠰᠤᠳ ᠪᠦᠷᠢᠯᠳᠦᠬᠦᠨ ᠪᠤᠶᠤ ᠲᠤᠰᠬᠠᠶ ᠲᠣᠭᠲᠠᠭᠠᠭᠰᠠᠨ ᠠᠵᠢᠯᠲᠠᠨ ᠠᠴᠠ ᠬᠠᠷᠢᠭᠤᠴᠠᠵᠤ | ᠪᠠᠶᠢᠭᠠᠳ ᠬᠠᠮᠢᠶᠠᠷᠤᠨ ᠬᠢᠵᠠᠭᠠᠷᠯᠠᠬᠤ ᠬᠡᠷᠡᠭᠲᠡᠶ᠃ | 4᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰᠠᠭᠠᠷᠯᠠᠯᠲᠠ ᠠᠴᠠ | ᠲᠠᠶᠢᠯᠬᠤ ᠬᠥᠮᠥᠰ ᠢ ᠰᠢᠨᠵᠢᠯᠡᠬᠦ ᠤᠬᠠᠭᠠᠨᠴᠢ ᠪᠠᠷ ᠰᠢᠢᠳᠬᠦ ᠬᠡᠷᠡᠭᠲᠡᠶ᠄ ᠲᠤᠰᠠᠭᠠᠷᠯᠠᠬᠤ ᠬᠤᠭᠤᠴᠠᠭ᠎ᠠ ᠨᠢ ᠪᠦᠬᠦᠯᠢ | 14 ᠡᠳᠦᠷ ᠪᠣᠯᠵᠤ᠂ ᠪᠠᠶᠢᠴᠠᠭᠠᠳ ᠬᠠᠯᠠᠭᠤᠷᠠᠬᠤ᠂ ᠬᠠᠨᠢᠶᠠᠬᠤ ᠵᠡᠷᠭᠡ ᠲᠠᠭᠠᠯᠠᠮᠵᠢ ᠦᠭᠡᠢ ᠡᠪᠡᠳᠴᠢᠨ ᠤ ᠰᠢᠨᠵᠢ | ᠦᠭᠡᠢ ᠪᠣᠯᠤᠭᠰᠠᠨ ᠤ ᠳᠠᠷᠠᠭ᠎ᠠ ᠰᠠᠶ᠋ᠢ ᠲᠤᠰᠠᠭᠠᠷᠯᠠᠯᠲᠠ ᠶᠢ ᠨᠢ ᠲᠠᠶᠢᠯᠬᠤ ᠪᠦᠭᠡᠳ ᠡᠪᠬᠡᠮᠡᠯ ᠳᠤ ᠣᠷᠣᠭᠤᠯᠤᠨ | ᠬᠠᠮᠢᠶᠠᠷᠤᠨ᠎ᠠ᠃ | 5᠂ ᠴᠠᠭᠠᠨ ᠰᠠᠷ᠎ᠠ ᠳᠤ ᠨᠤᠲᠤᠭ ᠲᠠᠭᠠᠨ ᠢᠷᠡᠭᠰᠡᠨ ᠬᠥᠮᠦᠰ ᠪᠤᠴᠠᠬᠤ ᠲᠥᠯᠥᠪᠯᠡᠭᠡ ᠲᠠᠢ ᠪᠠᠶᠢᠪᠠᠯ᠂ | ᠬᠤᠪᠸᠢ ᠠᠴᠠ ᠨᠤᠲᠤᠭ ᠲᠠᠭᠠᠨ ᠪᠤᠴᠠᠭᠰᠠᠨ ᠬᠥᠮᠦᠰ ᠲᠤᠰᠠᠭᠠᠷᠯᠠᠭᠰᠠᠨ ᠴᠠᠭ ᠨᠢ ᠡᠷᠬᠡᠪᠰᠢ ᠪᠦᠬᠦᠯᠢ 14 | ᠡᠳᠦᠷ ᠠᠴᠠ ᠳᠡᠭᠡᠭᠰᠢ ᠪᠠᠶᠢᠬᠤ ᠬᠡᠷᠡᠭᠲᠡᠶ ᠪᠥᠭᠡᠳ ᠪᠡᠶ᠎ᠡ ᠶᠢᠨ ᠬᠠᠯᠠᠭᠤᠨ ᠤ ᠪᠠᠶᠢᠴᠠᠭᠠᠯᠲᠠ ᠬᠢᠵᠦ᠂ ᠬᠠᠯᠠᠭᠤᠷᠠᠬᠤ᠂ | ᠬᠠᠨᠢᠶᠠᠬᠤ ᠵᠡᠷᠭᠡ ᠡᠪᠡᠳᠴᠢᠨ ᠤ ᠢᠯᠡᠷᠡᠯ ᠦᠭᠡᠶ ᠪᠣᠯ ᠰᠠᠶ᠋ᠢ ᠮᠠᠨ ᠤ ᠬᠤᠰᠢᠭᠤᠨ ᠠᠴᠠ ᠶᠠᠪᠤᠵᠤ ᠪᠣᠯᠤᠨ᠎ᠠ᠃ | ᠬᠤᠪᠧᠶ ᠮᠤᠵᠢ ᠠᠴᠠ ᠪᠤᠰᠤᠳ ᠭᠠᠵᠠᠷ ᠣᠷᠣᠨ ᠠᠴᠠ ᠬᠠᠷᠢᠵᠤ ᠢᠷᠡᠭᠡᠳ ᠪᠤᠴᠠᠬᠤ ᠪᠠᠷ ᠲᠥᠯᠥᠪᠯᠡᠵᠦ ᠪᠠᠶᠢᠭ᠎ᠠ | ᠬᠥᠮᠦᠰ ᠨᠢ ᠰᠤᠮᠤ ᠪᠠᠯᠭᠠᠰᠤ᠂ ᠵᠡᠭᠡᠯᠢ ᠭᠤᠳᠤᠮᠵᠢ ᠳᠤ ᠳᠠᠩᠰᠠᠯᠠᠭᠤᠯᠬᠤ ᠶᠢᠨ ᠬᠠᠮᠲᠤ ᠬᠠᠯᠠᠭᠤᠷᠠᠬᠤ᠂ ᠬᠠᠨᠢᠶᠠᠬᠤ | ᠡᠪᠡᠳᠴᠢᠨ ᠤ ᠰᠢᠨᠵᠢ ᠯᠠᠪᠲᠠᠢ ᠦᠭᠡᠶ ᠪᠣᠯ ᠶᠠᠪᠤᠬᠤ ᠶᠢ ᠨᠢ ᠵᠥᠪᠰᠢᠶᠡᠷᠡᠨ᠎ᠡ᠃ | ᠳᠥᠷᠪᠡ᠂ ᠤᠬᠠᠭᠤᠯᠭ᠎ᠠ ᠶᠢᠨ ᠠᠷᠭ᠎ᠠ ᠵᠠᠮ ᠢ ᠨᠢᠭᠡᠳᠬᠡᠵᠦ᠂ ᠤᠬᠠᠭᠤᠯᠤᠨ ᠮᠡᠳᠡᠭᠡᠯᠡᠬᠦ ᠶᠢ ᠵᠢᠷᠤᠮᠵᠢᠭᠤᠯᠤᠨ᠎ᠠ | 1᠂ ᠪᠤᠢ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢ ᠡᠷᠬᠡᠪᠰᠢ | ᠵᠢᠯᠣᠭᠤᠳᠬᠤ ᠭᠠᠵᠠᠷ ᠢᠶᠠᠷ ᠬᠢᠨᠠᠭᠤᠯᠤᠭᠰᠠᠨ ᠤ ᠳᠠᠷᠠᠭ᠎ᠠ ᠨᠡᠶᠢᠲᠡᠯᠡᠬᠦ ᠬᠡᠷᠡᠭᠲᠡᠶ ᠃ ᠠᠯᠪᠠᠨ ᠤ ᠪᠤᠰᠤ ᠵᠠᠭᠤᠴᠢᠯᠠᠭᠤᠷ | ᠤᠨ ᠨᠡᠶᠢᠲᠡᠯᠡᠭᠰᠡᠨ ᠪᠤᠶᠤ ᠢᠷᠡᠯᠲᠡ ᠨᠢ ᠲᠣᠳᠣᠷᠬᠠᠶ ᠦᠭᠡᠶ ᠮᠡᠳᠡᠭᠡ ᠵᠠᠩᠭᠢ ᠶᠢ ᠤᠯᠠᠮᠵᠢᠯᠠᠨ ᠶᠠᠪᠤᠭᠤᠯᠬᠤ ᠶᠢ | ᠴᠢᠩᠭ᠎ᠠ ᠬᠤᠷᠢᠭᠯᠠᠬᠤ ᠬᠡᠷᠡᠭᠲᠡᠶ᠃ | 2᠂ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠵᠢᠷᠤᠮᠵᠢᠭᠤᠯᠤᠨ ᠤᠬᠠᠭᠤᠯᠵᠤ᠂ ᠤᠬᠠᠭᠤᠯᠭ᠎ᠠ ᠶᠢᠨ | ᠤᠷᠢᠶ᠎ᠠ ᠯᠣᠽᠦ᠋ᠩ ᠢ ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠨᠢᠭᠡᠳᠦᠯᠲᠡᠶ ᠬᠠᠩᠭᠠᠨ᠎ᠠ᠃ | 3᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠡᠰᠡᠷᠭᠦᠴᠡᠭᠰᠡᠨ | ᠨᠡᠶᠢᠲᠡᠯᠢᠭ ᠵᠢᠱᠢᠶ᠎ᠡ ᠶᠢ ᠭᠦᠢᠴᠡᠳ ᠠᠭᠤᠳᠠᠯᠵᠤ᠂ ᠵᠢᠯᠣᠭᠤᠳᠬᠤ ᠭᠠᠵᠠᠷ ᠲᠤ ᠴᠠᠭ ᠲᠤᠬᠠᠶ ᠳᠤᠨᠢ ᠮᠡᠳᠡᠭᠦᠯᠵᠦ᠂ | ᠵᠢᠯᠣᠭᠤᠳᠬᠤ ᠭᠠᠵᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠵᠢᠯᠣᠭᠤᠳᠬᠤ ᠭᠠᠵᠠᠷ ᠤᠨ ᠠᠯᠪᠠᠨ ᠭᠡᠷ ᠠᠴᠠ | ᠨᠢᠭᠡᠳᠦᠯᠲᠡᠶ ᠭᠠᠳᠠᠭᠰᠢ ᠤᠬᠠᠭᠤᠯᠬᠤ ᠬᠡᠷᠡᠭᠲᠡᠶ᠃ | 4᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠢᠯᠣᠭᠤᠳᠬᠤ ᠭᠠᠵᠠᠷ ᠤᠨ ᠨᠢᠭᠡᠳᠦᠯᠲᠡᠶ | ᠵᠢᠯᠣᠭᠤᠳᠤᠯᠭ᠎ᠠ ᠳᠣᠣᠷ᠎ᠠ ᠠᠵᠢᠯ ᠢᠶᠠᠨ ᠥᠷᠨᠢᠭᠦᠯᠬᠦ ᠬᠡᠷᠡᠭᠲᠡᠶ᠃ ᠪᠤᠢ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠮᠡᠳᠡᠭᠡ ᠵᠠᠩᠭᠢ ᠪᠣᠯᠤᠨ ᠲᠤᠭ᠎ᠠ ᠪᠠᠷᠢᠮᠲᠠ ᠶᠢ ᠴᠥᠮ ᠵᠢᠯᠣᠭᠤᠳᠬᠤ ᠭᠠᠵᠠᠷ ᠤᠨ ᠠᠯᠪᠠᠨ ᠭᠡᠷ ᠠᠴᠠ | ᠨᠢᠭᠡᠳᠦᠯᠲᠡᠶ ᠲᠣᠬᠢᠷᠠᠭᠤᠯᠵᠤ᠂ ᠪᠦᠷᠢᠳᠬᠡᠵᠦ᠂ ᠨᠡᠶᠢᠲᠡᠯᠡᠨ᠎ᠡ᠃ | 5᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠡᠯ᠎ᠡ ᠨᠢᠭᠡᠴᠡ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠨᠡᠶᠢᠲᠡᠯᠡᠬᠦ ᠳᠡᠭᠡᠨ ᠡᠷᠬᠡᠪᠰᠢ | ᠵᠢᠯᠣᠭᠤᠳᠬᠤ ᠭᠠᠵᠠᠷ ᠢᠶᠠᠷ ᠬᠢᠨᠠᠭᠤᠯᠤᠭᠰᠠᠨ ᠤ ᠳᠠᠷᠠᠭ᠎ᠠ ᠰᠠᠶ᠋ᠢ ᠨᠡᠶᠢᠲᠡᠯᠡᠵᠦ ᠪᠣᠯᠤᠨ᠎ᠠ᠃ ᠵᠢᠯᠣᠭᠤᠳᠬᠤ ᠭᠠᠵᠠᠷ ᠤᠨ | ᠵᠥᠪᠰᠢᠶᠡᠷᠡᠯ ᠥᠬᠡᠶ ᠪᠠᠷ ᠳᠤᠷ᠎ᠠ ᠪᠠᠷ ᠢᠶᠠᠨ ᠨᠡᠶᠢᠲᠡᠯᠡᠭᠰᠡᠨ ᠪᠠᠶᠢᠪᠠᠯ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠳᠣᠤᠷᠠᠬᠢ ᠮᠡᠲᠦ ᠦᠢᠯᠡ | ᠠᠵᠢᠯᠯᠠᠭ᠎ᠠ ᠶᠢ ᠪᠠᠶᠢᠴᠠᠭᠠᠨ ᠲᠣᠳᠣᠯᠠᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠴᠣᠬᠢᠯᠲᠠ ᠥᠭᠴᠦ | ᠰᠢᠢᠳᠪᠦᠷᠢᠯᠡᠨ᠎ᠡ | 1᠂ ᠵᠣᠷᠢᠭᠤᠳᠠ ᠵᠠᠶᠢᠯᠠᠬᠤ᠂ ᠮᠠᠭᠤ ᠰᠠᠨᠠᠭ᠎ᠠ ᠲᠠᠢ ᠪᠠᠷ ᠬᠠᠷᠰᠢᠯᠠᠬᠤ ᠵᠡᠷᠭᠡ ᠠᠷᠭ᠎ᠠ ᠮᠠᠶ᠋ᠢᠭ ᠢᠶᠠᠷ ᠬᠢᠵᠢᠭ ᠢ | ᠰᠡᠷᠭᠡᠶᠢᠯᠡᠬᠦ᠂ ᠪᠠᠶᠢᠴᠠᠭᠠᠬᠤ᠂ ᠲᠤᠰᠠᠭᠠᠷᠯᠠᠬᠤ ᠠᠷᠭ᠎ᠠ ᠬᠡᠮᠵᠢᠶ᠎ᠡ ᠳᠤ ᠬᠠᠮᠵᠢᠯᠴᠠᠬᠤ ᠠᠴᠠ ᠲᠠᠲᠠᠭᠠᠯᠵᠠᠭᠰᠠᠨ᠃ | 2᠂ ᠬᠠᠷᠢᠶᠠᠬᠤ᠂ ᠲᠦᠯᠬᠢᠵᠦ ᠲᠠᠲᠠᠬᠤ ᠵᠡᠷᠭᠡ ᠬᠦᠴᠦᠷᠬᠡᠭᠯᠡᠯ ᠰᠦᠷᠳᠡᠭᠦᠯᠦᠯ ᠤᠨ ᠠᠷᠭ᠎ᠠ ᠪᠠᠷ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯᠲᠠᠨ ᠤ ᠬᠢᠵᠢᠭ ᠢ ᠰᠡᠷᠭᠡᠶᠢᠯᠡᠬᠦ ᠡᠭᠦᠷᠭᠡ ᠴᠢᠳᠠᠪᠤᠷᠢ ᠪᠠᠨ ᠬᠠᠤᠯᠢ | ᠶᠣᠰᠣᠭᠠᠷ ᠭᠦᠢᠴᠡᠳᠬᠡᠬᠦ ᠶᠢ ᠬᠠᠷᠰᠢᠯᠠᠭᠰᠠᠨ᠃ | 3᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠵᠤ ᠮᠡᠳᠡᠬᠦ ᠶᠢ ᠲᠣᠳᠣᠷᠬᠠᠶ ᠮᠡᠳᠡᠵᠦ ᠪᠠᠶᠢᠭᠠᠳ | ᠵᠣᠷᠢᠭᠤᠳᠠ ᠤᠯᠠᠨ ᠨᠡᠶᠢᠲᠡ ᠶᠢᠨ ᠲᠠᠯᠠᠪᠤᠷ ᠲᠤ ᠤᠷᠤᠭᠰᠠᠨ ᠪᠤᠶᠤ ᠪᠠᠶᠢᠳᠠᠯ ᠢ ᠨᠢᠭᠤᠨ ᠳᠠᠯᠳᠠᠯᠠᠵᠤ ᠪᠤᠰᠤᠳ | ᠬᠥᠮᠦᠨ ᠲᠠᠢ ᠬᠦᠷᠦᠯᠴᠡᠭᠰᠡᠨ᠃ | 4᠂ ᠪᠠᠷᠠᠭ᠎ᠠ ᠶᠢᠨ ᠦᠨ᠎ᠡ ᠶᠢ ᠦᠢᠮᠡᠭᠦᠯᠦᠨ ᠥᠰᠬᠡᠬᠦ᠂ ᠰᠥᠯᠪᠡᠭᠡᠯᠳᠦᠨ ᠦᠨ᠎ᠡ ᠬᠠᠩᠰᠢ ᠶᠢ ᠥᠰᠬᠡᠬᠦ᠂ | ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠪᠠᠷ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠨᠣᠴᠢᠲᠠᠢ | ᠰᠠᠮᠠᠭᠤᠷᠠᠭᠤᠯᠤᠭᠰᠠᠨ᠃ | 5᠂ ᠬᠠᠭᠤᠷᠮᠠᠭ ᠮᠠᠭᠤ ᠠᠮᠠᠪᠴᠢ᠂ ᠬᠠᠮᠠᠭᠠᠯᠠᠯᠲᠠ ᠶᠢᠨ ᠬᠤᠪᠴᠠᠰᠤ ᠵᠡᠷᠭᠡ ᠰᠡᠷᠭᠡᠶᠢᠯᠡᠨ ᠬᠠᠮᠠᠭᠠᠯᠠᠬᠤ ᠡᠳ᠋᠂ | ᠡᠮᠴᠢᠯᠡᠭᠡᠨ ᠤ ᠡᠳ᠋ ᠪᠣᠳᠠᠰ ᠢ ᠦᠢᠯᠡᠳᠪᠦᠷᠢᠯᠡᠵᠦ ᠪᠣᠷᠣᠯᠠᠭᠤᠯᠤᠭᠰᠠᠨ᠃ | 6᠂ ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ | ᠠᠭᠤᠰᠭᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠶᠢᠲᠡᠯᠡᠭᠰᠡᠨ | ᠮᠡᠳᠡᠭᠳᠡᠯ᠂ ᠠᠯᠪᠠᠨ ᠵᠠᠷ᠂ ᠵᠠᠷᠯᠢᠭ ᠢ ᠬᠡᠷᠡᠭᠵᠢᠭᠦᠯᠬᠦ ᠠᠴᠠ ᠲᠠᠲᠠᠭᠠᠯᠵᠠᠭᠰᠠᠨ᠃ | 7᠂ ᠰᠦᠯᠵᠢᠶ᠎ᠡ ᠪᠠᠷ ᠳᠠᠮᠵᠢᠭᠤᠯᠤᠨ ᠬᠤᠳᠠᠯ ᠬᠠᠭᠤᠷᠮᠠᠭ ᠮᠡᠳᠡᠭᠡ ᠵᠠᠩᠭᠢ ᠨᠡᠶᠢᠲᠡᠯᠡᠵᠦ ᠲᠠᠷᠬᠠᠭᠠᠭᠠᠳ | ᠨᠡᠶᠢᠭᠡᠮ ᠳᠤ ᠮᠠᠭᠤ ᠨᠥᠯᠥᠭᠡ ᠭᠠᠷᠭᠠᠭᠰᠠᠨ᠃ | 8 ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠵᠥᠭᠡᠭᠡᠪᠦᠷᠢᠯᠡᠭᠰᠡᠨ᠂ | ᠪᠣᠷᠣᠯᠠᠭᠤᠯᠤᠭᠰᠠᠨ᠃ | 9᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ | ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠨᠡᠷ᠎ᠡ ᠪᠠᠷ ᠮᠡᠬᠡᠯᠡᠬᠦ ᠠᠵᠢᠯᠯᠠᠭ᠎ᠠ ᠬᠢᠭᠰᠡᠨ ᠃ | 10᠂ ᠪᠤᠰᠤᠳ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠵᠦ᠂ ᠨᠡᠶᠢᠭᠡᠮ ᠤᠨ ᠡᠮᠬᠢ ᠵᠢᠷᠤᠮ ᠪᠠ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠮᠠᠭᠤᠷᠠᠭᠤᠯᠤᠭᠰᠠᠨ᠃ | ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ | 2020 ᠣᠨ ᠤ 1 ᠰᠠᠷ᠎ᠠ ᠶᠢᠨ 31 ᠤ ᠡᠳᠦᠷ | | | | | | |