ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠣ ᠪᠠᠶᠢᠭ᠎ᠠ ᠡᠯ᠎ᠡ ᠱᠠᠲᠤᠨ ᠤ ᠠᠵᠢᠯᠴᠢᠨ ᠤ ᠡᠪᠯᠡᠯ ᠤᠨ ᠺᠠᠳ᠋ᠷ | ᠪᠣᠯᠣᠨ ᠨᠢᠭᠡᠳᠦᠭᠡᠷ ᠹᠷᠣᠨᠲ ᠤᠨ ᠥᠷᠭᠡᠨ ᠣᠯᠠᠨ ᠠᠵᠢᠯᠲᠠᠨ ᠠᠵᠢᠯᠴᠢᠨ ᠳᠤ᠄ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠬᠤᠷᠢᠭᠯᠠᠨ ᠴᠣᠬᠢᠬᠤ ᠳᠠᠶᠢᠨ ᠡᠬᠢᠯᠡᠭᠰᠡᠨ ᠠᠴᠠ ᠨᠠᠰᠢ᠂ ᠪᠥᠬᠦ ᠬᠤᠰᠢᠭᠤᠨ ᠤ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠺᠠᠳ᠋ᠷ ᠪᠣᠯᠤᠨ ᠨᠢᠭᠡᠳᠦᠭᠡᠷ ᠹᠷᠣᠨᠲ ᠤᠨ ᠥᠷᠭᠡᠨ ᠣᠯᠠᠨ ᠠᠵᠢᠯᠲᠠᠨ ᠠᠵᠢᠯᠴᠢᠨ | ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠠᠢ ᠪᠠᠷ ᠴᠤᠤᠷᠢᠶᠠᠲᠤᠨ | ᠳᠠᠭᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠬᠢᠷ ᠬᠦᠢᠲᠡᠨ ᠠᠴᠠ ᠠᠶᠤᠬᠤ ᠥᠬᠡᠶ᠂ | ᠠᠮᠢ ᠪᠡᠶ᠎ᠡ ᠪᠠᠨ ᠤᠮᠠᠷᠲᠠᠨ ᠠᠵᠢᠯᠯᠠᠵᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠤ ᠬᠡᠷ ᠢᠶᠠᠨ | ᠬᠠᠶᠠᠵᠤ ᠣᠯᠠᠨ ᠤ ᠲᠥᠯᠥᠭᠡ ᠵᠢᠳᠬᠦᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠹᠷᠣᠨᠲ ᠲᠤ | ᠡᠷᠡᠯᠬᠡᠭᠯᠡᠨ ᠲᠡᠮᠡᠴᠡᠭᠰᠡᠭᠡᠷ ᠢᠷᠡᠵᠡᠶ᠃ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠦᠳᠡᠰᠢ᠂ ᠣᠯᠠᠨ ᠢᠶᠠᠷ | ᠢᠶᠠᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠪᠠᠲᠤ ᠴᠢᠩᠭ᠎ᠠ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠠᠵᠢᠯᠴᠢᠨ ᠠᠩᠭᠢ ᠶᠢᠨ ᠭᠤᠤᠯ ᠬᠦᠴᠦᠨ ᠴᠡᠷᠢᠭ ᠤᠨ | ᠦᠢᠯᠡᠳᠦᠯ ᠢᠶᠠᠨ ᠪᠠᠳᠠᠷᠠᠭᠤᠯᠵᠠᠶ᠃ ᠠᠳᠡ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠺᠠᠳ᠋ᠷ ᠪᠣᠯᠣᠨ ᠥᠷᠭᠡᠨ ᠣᠯᠠᠨ ᠠᠵᠢᠯᠲᠠᠨ ᠠᠵᠢᠯᠴᠢᠨ ᠳᠤ ᠴᠢᠩ ᠰᠡᠳᠬᠢᠯ ᠤᠨ | ᠮᠡᠨᠳᠦᠴᠢᠯᠡᠯ ᠪᠣᠯᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ ᠲᠡᠷᠡᠴᠢᠯᠡᠨ ᠲᠠ ᠨᠠᠷ ᠢᠶᠠᠷ | ᠳᠠᠮᠵᠢᠭᠤᠯᠤᠨ ᠲᠠᠨ ᠤ ᠭᠡᠷ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠣᠳᠣᠬᠠᠨ ᠳᠤ᠂ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠤ ᠪᠠᠶᠢᠵᠤ᠂ ᠰᠡᠷᠭᠡᠶᠢᠯᠡᠨ ᠬᠢᠵᠠᠭᠠᠷᠯᠠᠬᠤ | ᠠᠵᠢᠯ ᠳᠤ ᠠᠯᠳᠠᠰᠢ ᠭᠠᠷᠭᠠᠵᠤ ᠪᠣᠯᠬᠤ ᠦᠭᠡᠶ᠃ ᠡᠯ᠎ᠡ ᠱᠠᠲᠤᠨ ᠤ ᠠᠵᠢᠯᠴᠢᠨ ᠤ ᠡᠪᠯᠡᠯ ᠤᠨ ᠺᠠᠳ᠋ᠷ ᠪᠣᠯᠤᠨ ᠥᠷᠭᠡᠨ | ᠤᠯᠠᠨ ᠠᠵᠢᠯᠳᠠᠨ ᠠᠵᠢᠯᠴᠢᠨ ᠥᠪᠡᠷ ᠢ ᠪᠠᠨ ᠬᠠᠮᠭᠠᠯᠠᠬᠤ ᠠᠵᠢᠯ ᠢᠶᠠᠨ ᠴᠢᠩᠭᠠᠳᠬᠠᠵᠤ᠂ ᠠᠵᠢᠯᠯᠠᠵᠤ ᠠᠮᠠᠷᠠᠬᠤ ᠶᠢ | ᠤᠶᠠᠯᠳᠤᠭᠤᠯᠬᠤ ᠶᠢ ᠠᠩᠬᠠᠷᠴᠤ᠂ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠶ᠃ ᠡᠭᠦᠨ ᠤ | ᠬᠠᠮᠲᠤ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ᠂ ᠦᠷᠭᠦᠯᠵᠢᠯᠡᠨ ᠪᠠᠶᠢᠯᠳᠤᠬᠤ ᠰᠢᠯᠢᠳᠡᠭ ᠰᠣᠷᠲᠠᠯ ᠢ | ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠮᠦᠨ᠎ᠡ ᠹᠷᠣᠨᠲ ᠲᠤ ᠭᠠᠪᠰᠢᠭᠠᠶᠢᠯᠠᠨ᠂ | ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ | ᠡᠯ᠎ᠡ ᠵᠦᠢᠯ ᠤᠨ ᠠᠵᠢᠯ ᠢ ᠴᠢᠩᠭ᠎ᠠ ᠨᠢᠮᠪᠠᠢ ᠨᠠᠶᠢᠳᠠᠪᠦᠷᠢᠵᠢᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠵᠣ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ︕ | ᠰᠢ ᠶᠢᠨ ᠫᠢᠩ ᠨᠥᠬᠦᠷ ᠢᠶᠠᠷ ᠭᠤᠤᠯ ᠪᠤᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠮᠪᠠᠢ ᠪᠠᠶᠢᠷᠢᠯᠠᠭᠤᠯᠤᠯᠲᠠ | ᠳᠣᠤᠷ᠎ᠠ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠣ ᠬᠤᠷᠢᠭᠯᠠᠨ ᠴᠣᠬᠢᠬᠤ ᠲᠡᠶᠢᠨ ᠤ ᠪᠥᠬᠦ | ᠲᠠᠯ᠎ᠠ ᠶᠢᠨ ᠢᠯᠠᠯᠲᠠ ᠶᠢ ᠯᠠᠪᠲᠠᠶ ᠲᠡᠮᠡᠴᠡᠨ ᠤᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃ | ᠡᠴᠦᠰ ᠲᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠡᠯ᠎ᠡ ᠱᠠᠲᠤᠨ ᠤ | ᠠᠵᠢᠯᠴᠢᠨ ᠤ ᠡᠪᠯᠡᠯ ᠤᠨ ᠺᠠᠳ᠋ᠷ ᠪᠣᠯᠤᠨ ᠥᠷᠭᠡᠨ ᠣᠯᠠᠨ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠡᠷᠡᠭᠦᠯ | ᠴᠢᠭᠢᠷᠠᠭ᠂ ᠠᠵᠢᠯ ᠦᠢᠯᠡᠰ ᠤᠷᠤᠭᠰᠢᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ ᠪᠠᠶᠢᠬᠤ ᠶᠢ ᠵᠥᠩᠨᠡᠶ᠎ᠡ︕ | | ᠪᠠᠭᠠᠷᠢᠨ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ | 2020 ᠣᠨ ᠤ 2 ᠰᠠᠷ᠎ᠠ ᠶᠢᠨ 9 ᠤ ᠡᠳᠦᠷ | | | | | | |