ᠪᠦᠬᠦ ᠬᠤᠰᠢᠭᠤᠨ ᠤ ᠰᠠᠶᠢᠨ ᠳᠤᠷᠠᠴᠤᠳ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠦᠭᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2020-02-13
ᠪᠦᠬᠦ ᠬᠤᠰᠢᠭᠤᠨ ᠤ ᠥᠷᠭᠡᠨ ᠣᠯᠠᠨ ᠰᠠᠶᠢᠨ ᠳᠤᠷᠠᠴᠤᠳ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ᠄      ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠥᠬᠦ ᠲᠠᠯ᠎ᠠ ᠪᠠᠷ ᠰᠡᠷᠭᠡᠶᠢᠯᠡᠨ ᠬᠢᠵᠠᠭᠠᠷᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠲᠥᠪ᠂ ᠦᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠠᠴᠠ ᠴᠢᠬᠤᠯᠠ ᠪᠠᠶᠢᠷᠢᠯᠠᠭᠤᠯᠤᠯᠲᠠ ᠬᠢᠵᠦ᠂ ᠪᠥᠬᠦ ᠤᠯᠤᠰ ᠳᠠᠶᠠᠭᠠᠷ ᠢᠶᠠᠨ ᠭᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠪᠤᠢ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠪᠦᠬᠦ ᠬᠤᠰᠢᠭᠤᠨ ᠤ ᠡᠯ᠎ᠡ ᠱᠠᠲᠤ ᠪᠠᠷ ᠢᠶᠠᠨ ᠪᠦᠯᠬᠦᠮᠳᠡᠨ ᠨᠢᠭᠲᠠᠷᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠡᠷᠡᠰ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠡᠷᠡᠰ ᠬᠠᠮᠠᠭᠠᠯᠠᠪᠠ᠃ ᠮᠠᠨ ᠤ ᠬᠤᠰᠢᠭᠤᠨ ᠤ ᠥᠷᠭᠡᠨ ᠣᠯᠠᠨ ᠰᠠᠶᠢᠨ ᠳᠤᠷᠠᠴᠤᠳ ᠪᠣᠯᠤᠨ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠭᠦᠶᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠪᠠᠷ ᠥᠷᠨᠢᠭᠦᠯᠬᠦ ᠶᠢᠨ ᠲᠤᠰᠠᠳᠠ᠂ ᠪᠠᠭᠠᠷᠢᠨ ᠪᠠᠷᠠᠭᠤᠨ ᠬᠤᠰᠢᠭᠤᠨ ᠤ ᠣᠶᠤᠨ  ᠤ ᠪᠤᠯᠪᠠᠰᠤᠨ ᠤ ᠠᠯᠪᠠᠨ ᠭᠡᠷ ᠠᠴᠠ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄      1. ᠲᠤᠯᠤᠭᠠᠶᠢᠯᠠᠨ ᠳᠠᠶᠢᠴᠢᠯᠠᠵᠤ ᠰᠡᠷᠭᠡᠶᠢᠯᠡᠯᠲᠡ ᠪᠠᠨ ᠴᠢᠩᠭᠠᠳᠬᠠᠬᠤ ᠬᠡᠷᠡᠭᠲᠡᠶ᠃ ᠪᠦᠬᠦ ᠬᠤᠰᠢᠭᠤᠨ ᠤ ᠥᠷᠭᠡᠨ ᠣᠯᠠᠨ ᠰᠠᠶᠢᠨ ᠲᠤᠷᠠᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠶᠯ ᠤᠨ ᠲᠣᠭᠲᠠᠭᠠᠯ ᠢ ᠲᠠᠭᠠᠭᠤᠯᠤᠨ ᠵᠢᠷᠤᠮᠯᠠᠵᠤ᠂ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠬᠠᠮᠰᠠᠷ ᠠᠴᠠ ᠪᠠᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠶᠣᠰᠣᠭᠠᠷ ᠬᠤᠪᠢ ᠬᠥᠮᠦᠨ᠂ ᠭᠡᠷ ᠪᠦᠯᠢ ᠪᠠ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠭᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠬᠡᠭᠡᠷ᠎ᠡ ᠶᠢᠨ ᠠᠮᠢᠲᠠᠨ ᠤ ᠮᠢᠬ᠎ᠠ ᠶᠢ ᠢᠳᠡᠬᠦ ᠦᠭᠡᠢ᠂ ᠠᠶᠢᠯᠴᠢᠯᠠᠬᠤ ᠦᠭᠡᠢ᠂ ᠴᠤᠭᠯᠠᠭᠠᠨ ᠬᠢᠬᠦ ᠦᠭᠡᠢ ᠪᠠᠶᠢᠬᠤ ᠬᠡᠷᠡᠭᠲᠡᠶ᠃ ᠬᠤᠪᠢ ᠬᠥᠮᠦᠨ  ᠤ ᠡᠷᠡᠭᠦᠯ ᠬᠠᠮᠠᠭᠠᠯᠠᠯ᠂ ᠭᠡᠷ ᠪᠦᠯᠢ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠵᠦ᠂ ᠭᠡᠷ ᠪᠦᠯᠢ ᠶᠢᠨ ᠪᠦᠷᠢᠯᠳᠦᠬᠦᠨ  ᠤ ᠡᠷᠡᠭᠦᠯ ᠮᠡᠨᠳᠦ ᠠᠮᠤᠷ ᠲᠦᠪᠰᠢᠨ ᠢ ᠰᠠᠶᠢᠲᠤᠷ ᠬᠠᠮᠠᠭᠠᠯᠠᠨ᠎ᠠ᠃ ᠲᠥᠷᠥᠯ ᠰᠠᠳᠤᠨ ᠰᠠᠶᠢᠨ ᠨᠠᠶᠢᠵᠠ ᠨᠥᠬᠦᠳ  ᠢᠶᠠᠨ ᠢᠳᠬᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠭ᠎ᠠ ᠠᠴᠠ ᠪᠠᠨ ᠬᠠᠮᠵᠢᠯᠴᠠᠨ ᠪᠠᠶᠢᠴᠠᠭᠠᠵᠤ ᠂ ᠤᠨᠴᠠᠭᠠᠢ ᠪᠠᠶᠢᠳᠠᠯ ᠲᠣᠬᠢᠶᠠᠯᠳᠤᠪᠠᠯ ᠲᠡᠷᠡ ᠳᠠᠷᠤᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      2. ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠨ᠎ᠠ᠃ ᠥᠷᠭᠡᠨ ᠣᠯᠠᠨ ᠰᠠᠶᠢᠨ ᠳᠤᠷᠠᠴᠤᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ  ᠪᠤᠯᠤᠨ ᠮᠡᠳᠡᠭᠡ ᠵᠠᠩᠭᠢ ᠶᠢ ᠠᠩᠬᠠᠷᠴᠤ᠂ ᠬᠢᠵᠢᠭ ᠢ ᠡᠰᠡᠷᠭᠦᠴᠡᠬᠦ ᠲᠡᠮᠡᠴᠡᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠥᠪᠡᠷ ᠤᠨ ᠳᠠᠪᠠᠭᠤᠯᠢᠭ ᠲᠠᠢ  ᠪᠠᠨ ᠤᠶᠠᠯᠳᠤᠭᠤᠯᠵᠤ᠂ ᠲᠤᠬᠠᠢ ᠶᠢᠨ ᠭᠠᠵᠠᠷ ᠲᠠᠭᠠᠨ ᠰᠠᠭᠤᠷᠢᠯᠠᠨ᠂ ᠤᠶᠢᠷ᠎ᠠ ᠬᠠᠪᠢ ᠳᠠᠭᠠᠨ ᠦᠶᠯᠡᠴᠢᠯᠡᠭᠡ ᠬᠠᠩᠭᠠᠬᠤ ᠬᠡᠷᠡᠭᠲᠡᠶ᠃ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠰᠠᠭᠤᠭᠠᠯᠢ ᠠᠷᠠᠳ  ᠤᠨ ᠵᠥᠪᠯᠡᠯ᠂ ᠲᠣᠰᠬᠤᠨ ᠤ ᠵᠥᠪᠯᠡᠯ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢ ᠬᠠᠪᠰᠤᠷᠤᠨ ᠬᠥᠮᠦᠰ ᠤᠨ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠴᠤᠭᠯᠠᠭᠤᠯᠬᠤ᠂ ᠬᠥᠮᠦᠰ ᠢ ᠲᠤᠰᠠᠭᠠᠷᠯᠠᠬᠤ᠂ ᠣᠯᠠᠨ ᠨᠡᠶᠢᠲᠡ ᠶᠢᠨ ᠪᠡᠯᠡᠳᠬᠡᠮᠵᠢ ᠶᠢ ᠠᠷᠢᠭᠤᠳᠬᠠᠬᠤ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠤᠬᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃       3. ᠤᠬᠠᠭᠤᠯᠵᠤ ᠬᠥᠲᠥᠯᠥᠨ ᠵᠢᠯᠣᠭᠤᠳᠬᠤ ᠶᠢ ᠥᠷᠨᠢᠭᠦᠯᠦᠨ᠎ᠡ᠃ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠳᠤ ᠢᠳᠡᠪᠬᠢᠲᠡᠶ ᠣᠷᠣᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ᠂ ᠬᠢᠵᠢᠭ ᠢ ᠰᠡᠷᠭᠡᠶᠢᠯᠡᠬᠦ ᠨᠢᠭᠡᠳᠦᠭᠡᠷ ᠹᠷᠣᠨᠲ ᠲᠤ ᠭᠠᠪᠰᠢᠭᠠᠶᠢᠯᠠᠵᠤ ᠪᠠᠶᠢᠭ᠎ᠠ ᠡᠮᠴᠢ ᠰᠤᠪᠢᠯᠠᠭᠴᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠦᠨᠳᠦᠰᠦᠨ ᠱᠠᠲᠤᠨ ᠤ ᠺᠠᠳ᠋ᠷ ᠤᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠢᠨᠵᠢᠯᠡᠬᠦ ᠤᠬᠠᠭᠠᠨᠴᠢ ᠮᠡᠳᠡᠯᠭᠡ ᠶᠢ ᠶᠡᠬᠡᠪᠡᠷ ᠲᠦᠭᠡᠮᠡᠯᠵᠢᠭᠦᠯᠵᠦ᠂ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠬᠢᠵᠢᠭ ᠢ ᠢᠯᠠᠨ ᠳᠠᠪᠠᠭ᠋ᠤ ᠢᠲᠡᠭᠡᠯ ᠵᠣᠷᠢᠭ ᠢ ᠨᠢ ᠨᠡᠮᠡᠭᠳᠡᠭᠦᠯᠬᠦ ᠬᠡᠷᠡᠭᠲᠡᠶ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠤᠤᠷᠬᠠᠯ ᠲᠠᠯᠪᠢᠬᠤ ᠥᠬᠡᠶ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠰᠦᠯᠵᠢᠶ᠎ᠡ᠂ ᠨᠠᠶᠢᠵᠠ ᠶᠢᠨ ᠲᠣᠭᠤᠷᠢᠭ᠂ ᠸᠢᠴᠠᠲ ᠤᠨ ᠴᠤᠭᠯᠠᠷᠠᠯ ᠲᠤ ᠭᠡᠷᠡᠴᠢᠯᠡᠭᠰᠡᠨ ᠥᠬᠡᠶ ᠬᠤᠳᠠᠯ ᠬᠠᠭᠤᠷᠮᠠᠭ ᠮᠡᠳᠡᠭᠡ ᠶᠢ ᠳᠤᠷ᠎ᠠ ᠪᠠᠷ ᠢᠶᠠᠨ ᠨᠠᠶᠢᠲᠡᠯᠡᠬᠦ ᠦᠭᠡᠢ᠂ ᠴᠤᠤᠷᠬᠠᠯ ᠢ ᠨᠢᠴᠤᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠢᠯᠡᠴᠢᠯᠡᠨ ᠮᠡᠳᠡᠭᠦᠯᠬᠦ ᠬᠡᠷᠡᠭᠲᠡᠶ᠃      4. ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠶᠢ ᠬᠠᠩᠭᠠᠨ᠎ᠠ᠃ ᠠᠨᠠᠭᠠᠬᠤ ᠤᠬᠠᠭᠠᠨ᠂ ᠰᠡᠳᠬᠢᠴᠡ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠲᠤᠰᠬᠠᠶ ᠮᠡᠷᠭᠡᠵᠢᠯ ᠤᠨ ᠮᠡᠷᠭᠡᠵᠢᠯ ᠴᠢᠳᠠᠪᠤᠷᠢ ᠲᠠᠢ ᠰᠠᠶᠢᠨ ᠳᠤᠷᠠᠴᠤᠳ ᠢ ᠵᠣᠷᠢᠭᠵᠢᠭᠤᠯᠵᠤ᠂ ᠬᠠᠮᠢᠶ᠎ᠠ ᠪᠦᠬᠦᠢ ᠲᠤᠰᠬᠠᠶ ᠪᠠᠶᠢᠭᠤᠯᠤᠮᠵᠢ ᠶᠢᠨ ᠨᠢᠭᠡᠳᠦᠯᠲᠡᠶ ᠳᠤᠬᠢᠷᠠᠭᠤᠯᠭ᠎ᠠ ᠳᠣᠤᠷ᠎ᠠ᠂ ᠡᠷᠡᠭᠦᠯ ᠢ ᠬᠠᠮᠠᠭᠠᠯᠠᠨ ᠬᠢᠵᠢᠭ ᠢ ᠰᠡᠷᠭᠡᠶᠢᠯᠡᠬᠦ᠂ ᠰᠡᠳᠬᠢᠴᠡ ᠶᠢᠨ ᠦᠶᠯᠡᠴᠢᠯᠡᠭᠡ᠂ ᠠᠪᠤᠷᠠᠨ ᠲᠤᠰᠠᠯᠠᠬᠤ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡ ᠳᠤ ᠢᠳᠡᠪᠬᠢᠲᠡᠢ ᠤᠷᠤᠯᠴᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠤ ᠠᠬᠤᠶ ᠶᠢᠨ ᠨᠥᠬᠦᠴᠡᠯ ᠲᠠᠢ ᠰᠠᠶᠢᠨ ᠳᠤᠷᠠᠴᠤᠳ᠂ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠡᠳ᠋ ᠪᠤᠳᠠᠰ ᠬᠤᠳᠠᠯᠳᠤᠨ ᠠᠪᠬᠤ ᠶᠢ ᠵᠣᠷᠢᠭᠵᠢᠭᠤᠯᠵᠤ᠂ ᠪᠠᠴᠢᠮ ᠬᠡᠷᠡᠭᠴᠡᠭᠡ ᠲᠠᠢ ᠣᠯᠠᠨ ᠲᠦᠮᠡᠨ ᠤ ᠭᠠᠷ ᠲᠤ ᠬᠦᠷᠭᠡᠬᠦ ᠬᠡᠷᠡᠭᠲᠡᠶ᠃ ᠬᠢᠵᠢᠭ ᠤᠨ ᠪᠠᠶᠢᠳᠠᠯ ᠬᠦᠨᠳᠦ ᠨᠣᠴᠢᠲᠠᠶ ᠭᠠᠵᠠᠷ ᠣᠷᠣᠨ ᠠᠴᠠ ᠨᠤᠲᠤᠭ ᠲᠠᠭᠠᠨ ᠪᠤᠴᠠᠭᠰᠠᠨ ᠬᠥᠮᠦᠰ᠂ ᠮᠠᠨ ᠤ ᠬᠤᠰᠢᠭᠤᠨ ᠳᠤ ᠰᠠᠭᠤᠵᠤ ᠭᠡᠷ ᠲᠡᠭᠡᠨ ᠬᠠᠷᠢᠵᠤ ᠳᠡᠶᠢᠯᠬᠦ ᠥᠬᠡᠶ ᠪᠠᠶᠢᠭ᠎ᠠ ᠬᠤᠪᠸᠢ ᠶᠢᠨ ᠬᠥᠮᠦᠰ ᠲᠤ ᠰᠢᠨᠵᠢᠯᠡᠬᠦ ᠤᠬᠠᠭᠠᠨᠴᠢ ᠵᠥᠪ  ᠪᠠᠷ ᠬᠠᠨᠳᠤᠵᠤ᠂ ᠲᠡᠳᠡᠨ ᠤ ᠬᠦᠴᠢᠷ ᠠᠰᠠᠭᠤᠳᠠᠯ ᠢ ᠠᠯᠢ ᠴᠢᠳᠠᠬᠤ ᠪᠠᠷ ᠰᠢᠶᠳᠪᠦᠷᠢᠯᠡᠵᠦ᠂ ᠪᠥᠬᠦ ᠬᠦᠴᠦᠨ ᠢᠶᠠᠷ  ᠢᠶᠠᠨ ᠲᠡᠳᠡᠨ ᠤ ᠬᠦᠴᠢᠷᠳᠡᠯ ᠢ ᠬᠠᠪᠰᠤᠷᠤᠨ᠂ ᠪᠠᠭᠠᠷᠢᠨ ᠪᠠᠷᠠᠭᠤᠨ ᠬᠤᠰᠢᠭᠤᠨ ᠤ ᠬᠥᠮᠦᠰ ᠤᠨ ᠶᠡᠭᠡ ᠬᠠᠶᠢᠷ᠎ᠠ ᠶᠢ ᠭᠦᠶᠴᠡᠳ ᠢᠯᠡᠷᠡᠭᠦᠯᠬᠦ ᠬᠡᠷᠡᠭᠲᠡᠶ᠃      5. ᠰᠡᠷᠭᠡᠶᠢᠯᠡᠨ ᠬᠠᠮᠠᠭᠠᠯᠠᠬᠤ ᠪᠠᠲᠤᠯᠠᠭ᠎ᠠ ᠶᠢ ᠰᠠᠶᠢᠲᠤᠷ ᠬᠢᠨ᠎ᠡ᠃ ᠬᠥᠮᠦᠨ ᠨᠢᠭᠲᠠᠷᠠᠭᠰᠠᠨ ᠬᠡᠯᠪᠡᠷᠢ ᠶᠢᠨ ᠦᠶᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠠᠴᠠ ᠵᠠᠶᠢᠯᠠᠰᠬᠢᠵᠦ᠂ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠷᠭ᠎ᠠ ᠪᠣᠳᠣᠯᠭ᠎ᠠ ᠶᠢ ᠢᠳᠡᠪᠬᠢᠲᠡᠢ ᠰᠤᠷᠤᠯᠴᠠᠭᠤᠯᠵᠤ᠂ ᠡᠯ᠎ᠡ ᠵᠦᠶᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠤᠷ ᠰᠦᠯᠵᠢᠶ᠎ᠡ ᠶᠢ ᠠᠰᠢᠭᠯᠠ ᠰᠠᠶᠢᠨ ᠳᠤᠷᠠᠴᠤᠳ ᠤᠨ ᠰᠤᠷᠤᠯᠴᠠᠯᠭ᠎ᠠ ᠪᠤᠯᠪᠠᠰᠤᠷᠠᠯ ᠢ ᠰᠠᠶᠢᠲᠤᠷ ᠬᠢᠵᠦ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ ᠪᠣᠯ ᠠᠵᠢᠯ ᠤᠨ ᠪᠠᠶᠢᠷᠢ ᠳᠤ ᠭᠠᠷᠬᠤ ᠦᠭᠡᠢ᠂ ᠪᠤᠯᠪᠠᠰᠤᠷᠠᠯ  ᠲᠤ ᠬᠢᠷᠢ ᠲᠡᠩᠴᠡᠬᠦ ᠦᠭᠡᠢ ᠪᠣᠯ ᠠᠵᠢᠯ ᠤᠨ ᠪᠠᠶᠢᠷᠢ ᠳᠤ ᠭᠠᠷᠬᠤ ᠦᠭᠡᠢ ᠪᠠᠶᠢᠬᠤ ᠶᠢ ᠪᠡᠶᠡᠯᠡᠭᠦᠯᠵᠦ᠂ ᠰᠠᠶᠢᠨ ᠳᠤᠷᠠᠴᠤᠳ ᠤᠨ ᠪᠡᠶ᠎ᠡ ᠮᠠᠬᠠᠪᠤᠳ ᠤᠨ ᠠᠮᠤᠷ ᠲᠦᠪᠰᠢᠨ ᠢ ᠦᠨᠡᠩᠬᠦ ᠬᠠᠮᠠᠭᠠᠯᠠᠬᠤ ᠬᠡᠷᠡᠭᠲᠡᠶ᠃      ᠠᠮᠢ ᠨᠠᠰᠤ ᠶᠢ ᠡᠷᠬᠢᠮᠯᠡᠵᠦ᠂ ᠬᠢᠵᠢᠭ ᠤᠨ ᠪᠠᠶᠢᠳᠠᠯ ᠪᠣᠯ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ  ᠲᠤᠭᠤᠯᠤᠨ᠂ ᠬᠠᠮᠲᠤ ᠪᠠᠷ ᠲᠡᠮᠡᠴᠡᠵᠦ᠂ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠤᠬᠢᠬᠤ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠵᠡᠭᠡᠶ᠎ᠡ᠃ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ  ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠮᠲᠤ ᠶᠢᠨ ᠲᠡᠮᠡᠴᠡᠯ ᠳᠣᠤᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠤᠷᠢᠭᠯᠠᠨ ᠴᠣᠬᠢᠬᠤ ᠳᠠᠶᠢᠯᠠᠯᠳᠤᠭᠠᠨ ᠯᠠᠪᠲᠠᠶ ᠢᠯᠠᠯᠲᠠ ᠤᠯᠬᠤ ᠶᠢ ᠪᠢᠳᠡ ᠢᠳᠡᠭᠡᠵᠦ ᠪᠠᠶᠢᠨ᠎ᠠ︕                          ᠪᠠᠭᠠᠷᠢᠨ ᠪᠠᠷᠠᠭᠤᠨ ᠬᠤᠰᠢᠭᠤᠨ ᠤ ᠣᠶᠤᠨ ᠤ ᠪᠣᠯᠪᠠᠰᠤᠨ ᠤ                                          ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ                                                        2020 ᠣᠨ ᠤ 2 ᠰᠠᠷ᠎ᠠ ᠶᠢᠨ 12 ᠤᠨ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2