ᠯᠢ ᠣᠪᠣᠭᠲᠤ᠂ ᠭᠦᠸᠧ ᠣᠪᠣᠭᠲᠤ᠂ ᠵᠤᠤ ᠣᠪᠣᠭᠲᠤ ᠵᠡᠷᠭᠡ ᠭᠤᠷᠪᠠᠨ ᠬᠥᠮᠦᠨ ᠤ ᠬᠤᠪᠧᠶ ᠵᠢᠴᠢ ᠦᠬᠠᠨ ᠬᠤᠲᠠ ᠳᠤ ᠠᠶᠠᠯᠠᠭᠰᠠᠨ ᠵᠠᠮ ᠢᠶᠠᠨ ᠨᠢᠭᠤᠵᠤ ᠳᠠᠯᠳᠠᠯᠠᠨ ᠰᠠᠨᠠᠭᠠᠴᠢᠯᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠲᠤᠬᠠᠶ ᠨᠡᠶᠢᠲᠡᠯᠡᠯ
ᠨᠡᠶᠢᠲᠡᠯᠡᠭᠰᠡᠨ ᠴᠠᠭ᠄
2020-02-15
     ᠣᠶᠢᠷ᠎ᠠ ᠳᠤ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠤᠷᠪᠠᠨ ᠰᠠᠭᠤᠭᠠᠯᠢ ᠠᠷᠠᠳ ᠤᠨ ᠬᠤᠪᠧᠶ ᠵᠢᠴᠢ ᠦᠬᠠᠨ ᠬᠤᠲᠠ ᠪᠠᠷ ᠠᠶᠠᠯᠠᠭᠰᠠᠨ ᠵᠠᠮ ᠢᠶᠠᠨ ᠨᠢᠭᠤᠵᠤ ᠳᠠᠯᠳᠠᠯᠠᠨ ᠰᠠᠨᠠᠭᠠᠴᠢᠯᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ  ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠪᠡ᠃  ᠪᠠᠶᠢᠴᠠᠭᠠᠭᠰᠠᠨ ᠢᠶᠠᠷ᠄      ᠯᠢ ᠣᠪᠣᠭᠲᠤ᠂ ᠡᠷᠡᠭᠲᠡᠶ᠂ ᠣᠳᠣ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠳᠤ ᠰᠠᠭᠤᠵᠤ ᠪᠠᠶᠢᠨ᠎ᠠ᠃ ᠲᠤᠰ ᠬᠥᠮᠦᠨ 2020 ᠤ 1 ᠰᠠᠷ᠎ᠠ ᠶᠢᠨ 14 ᠤ ᠡᠳᠦᠷ ᠲᠡᠷᠭᠡ ᠵᠢᠯᠤᠭᠤᠳᠴᠦ᠂ ᠱᠠᠨᠳᠦ᠋ᠩ ᠮᠤᠵᠢ ᠶᠢᠨ ᠯᠠᠢ ᠡᠦ ᠬᠤᠲᠠ ᠶᠢᠨ ᠭᠠᠩ ᠴᠧᠩ ᠲᠤᠭᠤᠷᠢᠭ ᠠᠴᠠ ᠬᠤᠪᠧᠢ ᠮᠤᠵᠢ ᠶᠢᠨ ᠰᠢᠶᠤᠤ ᠭᠠᠨ ᠳᠤ ᠬᠦᠷᠴᠦ᠂1 ᠰᠠᠷ᠎ᠠ ᠶᠢᠨ15 ᠤ ᠡᠳᠦᠷ ᠬᠤᠪᠧᠢ ᠮᠤᠵᠢ ᠶᠢᠨ ᠰᠢᠶᠤᠤ ᠭᠠᠨ ᠠᠴᠠ ᠱᠠᠨᠳᠦ᠋ᠩ ᠮᠤᠵᠢ ᠶᠢᠨ ᠯᠠᠢ ᠡᠦ ᠬᠤᠲᠠ ᠶᠢᠨ ᠭᠠᠩ ᠴᠧᠩ ᠲᠤᠭᠤᠷᠢᠭ ᠲᠤ ᠪᠤᠴᠠᠵᠤ᠂ 1 ᠰᠠᠷ᠎ᠠ ᠶᠢᠨ 17 ᠤ ᠡᠳᠦᠷ  ᠲᠡᠷᠭᠡ ᠵᠢᠯᠤᠭᠤᠳᠴᠦ ᠳ᠋ᠠᠪᠠᠨ ᠤ ᠭᠡᠷ  ᠲᠡᠭᠡᠨ ᠪᠤᠴᠠᠵᠤ᠂ ᠦᠪᠡᠷ ᠤᠨ ᠬᠠᠷᠢᠶᠠᠯᠠᠭᠳᠠᠬᠤ ᠨᠡᠶᠢᠭᠡᠮ ᠲᠣᠭᠤᠷᠢᠭ ᠲᠤ ᠪᠠᠨ ᠦᠬᠠᠨ ᠠᠴᠠ ᠪᠤᠴᠠᠵᠤ ᠢᠷᠡᠭᠰᠡᠨ ᠪᠠᠶᠢᠳᠠᠯ ᠢᠶᠠᠨ ᠰᠠᠨᠠᠭᠠᠴᠢᠯᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ᠃     ᠭᠦᠸᠧ ᠣᠪᠣᠭᠲᠤ᠂ ᠡᠷᠡᠭᠲᠡᠶ᠂ ᠣᠲᠣ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠳᠤ ᠰᠠᠭᠤᠵᠤ ᠪᠣᠶ᠃ ᠲᠤᠰ ᠬᠥᠮᠦᠨ ᠦᠬᠠᠨ ᠳᠤ ᠠᠵᠢᠯᠯᠠᠵᠤ᠂ 2020 ᠣᠨ ᠤ 1 ᠰᠠᠷ᠎ᠠ ᠶᠢᠨ 16 ᠤ ᠡᠳᠦᠷ ᠨᠢᠰᠬᠡᠯ ᠢᠶᠠᠷ ᠦᠬᠠᠨ ᠠᠴᠠ ᠰᠠᠯᠵᠤ᠂ 1 ᠰᠠᠷ᠎ᠠ ᠶᠢᠨ 17 ᠤ ᠡᠳᠦᠷ ᠳ᠋ᠠᠪᠠᠨ ᠤ ᠭᠡᠷ ᠲᠡᠭᠡᠨ ᠢᠷᠡᠵᠦ᠂ ᠦᠪᠡᠷ ᠤᠨ ᠬᠠᠷᠢᠶᠠᠯᠠᠭᠳᠠᠬᠤ ᠨᠡᠶᠢᠭᠡᠮ ᠲᠣᠭᠤᠷᠢᠭ ᠲᠤ ᠪᠠᠨ ᠦᠬᠠᠨ ᠠᠴᠠ ᠪᠤᠴᠠᠵᠤ ᠢᠷᠡᠭᠰᠡᠨ ᠪᠠᠶᠢᠳᠠᠯ ᠢᠶᠠᠨ ᠰᠠᠨᠠᠭᠠᠴᠢᠯᠭ᠎ᠠ  ᠠᠴᠠ ᠪᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ᠃     ᠵᠣᠣ ᠣᠪᠣᠭᠲᠤ᠂ ᠡᠷᠡᠭᠲᠡᠶ᠂ ᠣᠲᠣ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤᠨ ᠳᠤ ᠰᠠᠭᠤᠵᠤ ᠪᠣᠶ᠃ ᠲᠣᠰ ᠬᠥᠮᠦᠨ 2020 ᠣᠨ ᠤ 1 ᠰᠠᠷ᠎ᠠ ᠶᠢᠨ 12 ᠤᠨ ᠡᠳᠦᠷ ᠳᠡᠭᠡᠳᠦ ᠬᠤᠷᠳᠤᠴᠠᠲᠤ ᠲᠡᠮᠦᠷ ᠵᠠᠮ ᠢᠶᠠᠷ ᠦᠬᠠᠨ ᠳᠤ ᠬᠦᠷᠴᠦ ᠵᠤᠭᠠᠯᠠᠵᠤ᠂ 1 ᠰᠠᠷ᠎ᠠ ᠶᠢᠨ 16 ᠤ ᠡᠳᠦᠷ ᠦᠬᠠᠨ ᠠᠴᠠ ᠨᠢᠰᠬᠡᠯ ᠢᠶᠠᠷ ᠮᠥᠭᠳᠡᠨ ᠳᠤ ᠬᠦᠷᠴᠦ᠂ ᠲᠣᠰ ᠡᠳᠦᠷ ᠲᠡᠭᠡᠨ ᠳ᠋ᠠᠪᠠᠨ ᠤ ᠬᠡᠷ ᠲᠡᠭᠡᠨ ᠪᠤᠴᠠᠵᠤ᠂ ᠨᠡᠶᠢᠭᠡᠮ ᠲᠣᠭᠤᠷᠢᠭ ᠲᠤ ᠮᠡᠳᠡᠭᠦᠯᠵᠦ ᠳᠠᠩᠰᠠᠯᠠᠭᠤᠯᠬᠤ ᠳ᠋ᠠᠭᠠ ᠦᠬᠠᠨ ᠳᠤ ᠠᠶᠠᠯᠠᠵᠤ ᠰᠠᠭᠤᠭᠰᠠᠨ ᠵᠠᠮ ᠢᠶᠠᠨ ᠨᠢᠭᠤᠵᠤ ᠳᠠᠯᠳᠠᠯᠠᠨ ᠮᠡᠳᠡᠭᠦᠯᠦᠭᠰᠡᠨ ᠦᠭᠡᠢ     ᠯᠢ ᠤᠪᠤᠭᠲᠦ᠂ ᠭᠦᠸᠧ ᠤᠪᠤᠭᠲᠦ᠂ ᠵᠤᠤ ᠤᠪᠤᠭᠲᠦ ᠨᠢ ᠦᠪᠡᠷ ᠤᠨ ᠬᠠᠷᠢᠶᠠᠯᠠᠭᠳᠠᠬᠤ ᠨᠡᠶᠢᠭᠡᠮ ᠲᠣᠭᠤᠷᠢᠭ  ᠲᠤ ᠬᠤᠪᠧᠢ ᠮᠤᠵᠢ ᠪᠤᠯᠤᠨ ᠦᠬᠠᠨ ᠬᠤᠲᠠ ᠳᠤ ᠠᠶᠠᠯᠠᠭᠰᠠᠨ ᠵᠠᠮ ᠢᠶᠠᠨ ᠨᠢᠭᠤᠵᠤ ᠳᠠᠯᠳᠠᠯᠠᠨ ᠮᠡᠳᠡᠭᠦᠯᠵᠦ ᠳᠠᠩᠰᠠᠯᠠᠭᠤᠯᠤᠭᠰᠠᠨ ᠦᠭᠡᠢ ᠪᠠᠶᠢᠳᠠᠯ ᠨᠢ ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ1.2.3. ᠳ᠋ᠤᠭᠠᠷ ᠲᠤᠭᠠᠲᠦ ᠵᠠᠷᠯᠢᠭ ᠤᠨ ᠬᠠᠮᠢᠶ᠎ᠠ ᠪᠥᠬᠦᠢ ᠳᠤᠭᠲᠠᠭᠠᠯ ᠢ ᠵᠥᠷᠢᠴᠡᠵᠦ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠳᠠᠯᠳᠠ ᠭᠡᠮ ᠠᠪᠴᠢᠷᠠᠭᠰᠠᠨ ᠠᠴᠠ ᠬᠠᠤᠯᠢ ᠶᠤᠰᠤᠭᠠᠷ ᠰᠢᠳᠬᠡᠪᠡᠯ ᠵᠤᠬᠢᠨ᠎ᠠ᠃ ᠳᠡᠭᠡᠷ᠎ᠡ ᠳᠤᠷᠠᠳᠤᠭᠰᠠᠨ ᠭᠤᠷᠪᠠᠨ ᠬᠥᠮᠦᠨ ᠤ ᠪᠤᠷᠤᠭᠤ ᠪᠠᠨ ᠮᠡᠳᠡᠷᠡᠬᠦ ᠣᠪᠣᠷ ᠦᠨᠡᠨᠴᠢ ᠰᠢᠳᠤᠷᠭᠤ᠂ ᠣᠳᠣᠬᠠᠨ  ᠳᠤ ᠬᠠᠷᠠᠬᠠᠨ ᠬᠦᠨᠳᠦ ᠨᠣᠴᠢᠲᠠᠶ ᠨᠥᠯᠦᠭᠡ ᠭᠠᠷᠭᠠᠭᠰᠠᠨ ᠦᠭᠡᠢ ᠪᠣᠯᠬᠤᠷ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠭᠤᠷᠪᠠᠨ ᠬᠥᠮᠦᠨ ᠢ ᠰᠢᠭᠦᠮᠵᠢᠯᠡᠨ ᠰᠤᠷᠭᠠᠪᠠ᠃ ᠬᠤᠶᠢᠰᠢᠳᠠ ᠬᠡᠷᠪᠡ ᠳᠡᠭᠡᠷ᠎ᠡ ᠳᠤᠷᠠᠳᠤᠭᠰᠠᠨ ᠭᠤᠷᠪᠠᠨ ᠬᠥᠮᠦᠨ ᠤ ᠡᠪᠡᠳᠴᠢᠯᠡᠭᠰᠡᠨ ᠠᠴᠠ ᠪᠤᠯᠵᠤ ᠪᠤᠰᠤᠳ ᠬᠥᠮᠦᠨ ᠳᠤ ᠬᠠᠯᠳᠠᠪᠤᠷᠢᠯᠠᠭᠰᠠᠨ ᠪᠠᠶᠢᠳᠠᠯ ᠭᠠᠷᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠡᠭᠡᠷ᠎ᠡ ᠳᠤᠷᠠᠳᠤᠭᠰᠠᠨ ᠭᠤᠷᠪᠠᠨ ᠬᠥᠮᠦᠨ ᠤ ᠡᠷᠡᠭᠦᠦ ᠶᠢᠨ ᠬᠠᠷᠢᠭᠤᠴᠠᠯᠭ᠎ᠠ ᠶᠢ ᠦᠷᠭᠦᠯᠵᠢᠯᠡᠨ ᠬᠠᠤᠯᠢ ᠶᠣᠰᠣᠭᠠᠷ ᠴᠢᠩᠭ᠎ᠠ ᠨᠡᠬᠡᠮᠵᠢᠯᠡᠨ᠎ᠡ᠃      ᠴᠠᠭᠳᠠᠭᠠᠨ ᠤ ᠲᠠᠯ᠎ᠠ ᠶᠢᠨ ᠰᠠᠨᠠᠭᠤᠯᠤᠮᠵᠢ᠄     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠃ ᠵᠠᠰᠠᠭ ᠤᠨ ᠣᠷᠳᠣᠨ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ  ᠢ ᠰᠠᠶᠢᠲᠤᠷ ᠬᠢᠬᠦ ᠪᠣᠯ ᠠᠷᠠᠳ ᠢᠷᠭᠡᠳ ᠤᠨ ᠭᠦᠶᠴᠡᠳᠬᠡᠪᠡᠰᠦ ᠵᠣᠬᠢᠬᠤ ᠡᠭᠦᠷᠭᠡ ᠮᠥᠨ᠂ ᠠᠵᠠ ᠬᠠᠷᠠᠬᠤ ᠰᠡᠳᠬᠢᠯ ᠡᠪᠦᠷᠯᠡᠵᠦ᠂ ᠮᠡᠳᠡᠭᠦᠯᠵᠦ ᠳᠠᠩᠰᠠᠯᠠᠭᠤᠯᠬᠤ ᠶᠢ ᠳᠡᠪᠴᠢᠬᠦ ᠨᠢ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠶᠡᠭᠡ ᠲᠠᠯ᠎ᠠ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠦᠭᠡᠢ ᠬᠢᠵᠢᠭ ᠲᠠᠷᠬᠠᠬᠤ ᠦᠷ᠎ᠡ ᠨᠥᠯᠦᠭᠡ ᠭᠠᠷᠭᠠᠪᠠᠯ ᠨᠠᠩ ᠴᠤ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠣᠯᠤᠨ᠎ᠠ᠃ ᠠᠳᠡ᠂ ᠲᠠᠬᠢᠨᠲᠠ ᠬᠤᠪᠧᠶ ᠠᠴᠠ ᠢᠷᠡᠭᠰᠡᠨ ︵ᠪᠤᠴᠠᠭᠰᠠᠨ︶ ᠪᠠᠭᠠᠷᠢᠨ ᠪᠠᠷᠠᠭᠤᠨ ᠬᠤᠰᠢᠭᠤᠨ ᠤ ᠬᠥᠮᠦᠰ᠂ ᠬᠥᠮᠦᠰ ᠤᠨ ᠬᠡᠷ ᠪᠦᠯᠢ ᠶᠢᠨ ᠬᠢᠨ ᠵᠢᠴᠢ ᠨᠢᠭᠲᠠ ᠣᠶᠢᠷᠠᠲᠤᠭᠰᠠᠨ ᠬᠥᠮᠦᠰ᠂ 1 ᠰᠠᠷ᠎ᠠ ᠶᠢᠨ 25 ᠤ ᠡᠳᠦᠷ ᠠᠴᠠ ᠬᠤᠶᠢᠰᠢ ᠬᠤᠪᠧᠶ ᠮᠤᠵᠢ ᠠᠴᠠ ᠭᠠᠳᠠᠨᠠᠬᠢ ᠪᠤᠰᠤᠳ ᠮᠤᠵᠢ ︵ᠬᠤᠲᠠ᠂ ᠥᠪᠡᠷᠲᠡᠭᠡᠨ ᠵᠠᠰᠠᠬᠤ ᠣᠷᠣᠨ︶ ᠠᠴᠠ ᠢᠷᠡᠭᠰᠡᠨ ︵ᠪᠤᠴᠠᠭᠰᠠᠨ︶ ᠪᠠᠭᠠᠷᠢᠨ ᠪᠠᠷᠠᠭᠤᠨ ᠬᠤᠰᠢᠭᠤᠨ ᠤ ᠬᠥᠮᠦᠰ᠂ ᠲᠣᠰ ᠭᠠᠵᠠᠷ ᠵᠢᠴᠢ ᠭᠠᠳᠠᠷ ᠣᠷᠣᠨ ᠤ ᠤᠨᠤᠰᠢᠯᠠᠭᠰᠠᠨ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠨ ᠦᠩᠭᠡᠷᠡᠯᠲᠡ ᠲᠠᠢ ᠬᠥᠮᠦᠰ᠂ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠭᠠᠳᠠᠭᠰᠢ ᠭᠠᠷᠴᠤ ᠰᠠᠭᠤᠵᠤ ᠠᠶᠠᠯᠠᠭᠰᠠᠨ ᠦᠩᠭᠡᠷᠡᠯᠲᠡ ᠤᠯᠠᠨᠲᠠᠢ ᠬᠥᠮᠦᠰ ᠡᠷᠬᠡᠪᠰᠢ ᠰᠠᠨᠠᠭᠠᠴᠢᠯᠠᠭ᠎ᠠ ᠠᠴᠠ ᠪᠠᠨ ᠬᠠᠷᠢᠶᠠᠯᠠᠭᠳᠠᠵᠤ ᠪᠥᠬᠦᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ ᠭᠡᠵᠦ ᠳᠠᠬᠢᠨᠲᠠ ᠱᠠᠭᠠᠷᠳᠠᠶ᠎ᠠ᠃ ᠮᠡᠳᠡᠭᠦᠯᠦᠨ ᠳᠠᠩᠰᠠᠯᠠᠭᠤᠯᠬᠤ ᠡᠭᠦᠷᠭᠡ ᠪᠠᠨ ᠭᠦᠶᠴᠡᠳᠬᠡᠬᠦ ᠶᠢ ᠲᠡᠪᠴᠢᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠳᠬᠡᠵᠦ᠂ ᠪᠤᠰᠤᠳ ᠬᠦᠨᠳᠦ ᠨᠣᠴᠢᠲᠠᠶ ᠨᠥᠯᠦᠭᠡ ᠭᠠᠷᠭᠠᠭᠰᠠᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                  2020 ᠣᠨ ᠤ 2 ᠰᠠᠷ᠎ᠠ ᠶᠢᠨ 14 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2