ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠠᠷᠭᠡᠶᠢᠯᠠᠨ ᠬᠢᠵᠠᠭᠠᠷᠯᠠᠬᠤ ᠲᠦᠪ ᠤᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠠᠷᠭᠡᠶᠢᠯᠡᠨ ᠬᠢᠵᠠᠭᠠᠷᠯᠠᠬᠤ  ᠶᠢ ᠬᠠᠮᠢᠶᠠᠷᠦᠨ ᠲᠦᠷᠢᠮᠵᠢᠬᠦᠯᠬᠦ ᠠᠵᠢᠯᠯᠠᠭ᠎ᠠ ᠶᠢᠨ ᠶᠠᠪᠣᠴᠠ ᠶᠢ ᠣᠯᠠᠮ ᠨᠢᠭᠡ ᠠᠯᠬᠤᠮ ᠴᠢᠩᠭᠠᠳᠬᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2020-02-18
ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠦᠪ ᠤᠨ ᠡᠯ᠎ᠡ ᠲᠣᠭᠤᠶᠢᠯᠠᠩ ᠤᠨ ᠲᠠᠷᠣᠭᠠᠳᠣ ᠨᠢᠭᠡᠴᠡ ᠵᠢᠴᠢ ᠭᠡᠰᠢᠬᠦᠨ ᠨᠢᠭᠡᠴᠡ᠂ ᠡᠯ᠎ᠡ ᠵᠡᠭᠡᠯᠢ ᠭᠤᠳᠣᠮᠵᠢ ᠳᠤ᠄      ᠨᠡᠶᠢᠭᠡᠮ ᠲᠣᠭᠤᠷᠢᠭ ᠤᠨ ᠬᠠᠮᠢᠶᠠᠷᠣᠯᠳᠠ ᠢ ᠣᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠵᠢᠯᠯᠠᠭ᠎ᠠ ᠶᠢᠨ ᠶᠠᠪᠣᠴᠠ ᠶᠢ ᠵᠢᠷᠣᠮᠵᠢᠭᠤᠯᠬᠤ ᠶᠢ ᠲᠦᠯᠦᠭᠡ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠵᠢᠯᠦᠭᠤᠳᠬᠤ ᠲᠦᠪ ᠤᠨ ᠭᠤᠣᠯᠳᠠᠯᠭ᠎ᠠ ᠲᠠᠢ ᠬᠦᠮᠦᠰ ᠢ ᠲᠣᠰᠠᠭᠠᠷᠯᠠᠨ ᠠᠵᠢᠭᠯᠠᠭᠰᠠᠨ ᠤ ᠲᠠᠷᠠᠭᠠᠬᠢ ᠦᠷᠬᠦᠯᠵᠢᠯᠠᠨ ᠬᠠᠮᠢᠶᠠᠷᠬᠤ ᠠᠵᠢᠯ ᠤᠨ ᠲᠣᠬᠠᠢ ᠮᠡᠳᠡᠭᠳᠡᠯ︾ ︵ᠦᠪᠦᠷ ᠰᠡᠷᠬᠡᠶᠢᠯᠡᠬᠦ ᠵᠢᠯᠣᠭᠤᠳᠬᠤ ᠲᠠᠷᠬᠠᠭᠠᠭᠰᠠᠨ ﹇2020﹈ 30 ᠲᠣᠭᠠᠳᠣ︶ ᠪᠢᠴᠢᠭ ᠮᠠᠲ᠋ᠧᠷᠢᠶᠡᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠠᠢ  ᠲᠠᠢ ᠣᠶᠠᠯᠳᠣᠭᠤᠯᠵᠦ᠂ ᠬᠠᠮᠢᠶ᠎ᠠ ᠪᠦᠬᠦᠢ ᠶᠠᠪᠣᠳᠠᠯ ᠢ ᠲᠣᠣᠷᠠᠬᠢ ᠮᠡᠳᠣ ᠮᠡᠳᠡᠭᠳᠡᠶ᠎ᠡ᠄      ᠨᠢᠭᠡ᠂ ᠰᠠᠭᠤᠭᠠᠯᠢ ᠲᠣᠭᠤᠷᠢᠭ ᠤᠨ ᠣᠷᠣᠵᠦ ᠭᠠᠷᠬᠤ ᠶᠢ ᠲᠠᠩᠰᠠᠯᠠᠬᠤ ᠶᠢ ᠵᠢᠷᠦᠮᠵᠢᠭᠤᠯᠣᠨ᠎ᠡ᠃ ᠭᠠᠷᠴᠦ ᠣᠷᠣᠬᠤ ᠡᠬᠦᠳᠡᠨ ᠳᠤ ᠬᠢᠨᠠᠨ ᠬᠡᠮᠵᠢᠬᠦ‍ ᠴᠢᠭ ᠪᠠᠶᠢᠭᠤᠯᠣᠨ᠂ ᠣᠷᠣᠵᠦ ᠭᠠᠷᠬᠤ ᠬᠦᠮᠦᠨ ᠬᠠᠷ᠎ᠠ ᠡᠷᠭᠡᠪᠰᠢ ᠠᠮᠠᠪᠴᠢ ᠵᠡᠬᠦᠵᠦ ᠪᠠᠶ᠎ᠡ ᠶᠢ ᠲᠣᠯᠠᠭᠠᠨ ᠢ ᠬᠡᠮᠵᠢᠬᠦ ᠭᠡᠷᠡᠭᠳᠡᠢ᠃ ︽ᠣᠷᠣᠵᠦ ᠭᠠᠷᠬᠤ ᠬᠦᠮᠦᠨ ᠬᠠᠷ᠎ᠠ ᠢ ᠠᠣᠲᠴᠢᠯᠠᠨ ᠲᠠᠩᠰᠠᠯᠠᠬᠤ ᠰᠢᠰᠲ᠋ᠧᠮ︾   ᠢ ᠨᠢᠭᠡᠨᠳᠡ ᠨᠡᠭᠡᠭᠡᠨ ᠭᠡᠷᠭᠯᠡᠭᠰᠡᠨ ᠪᠠᠶᠢᠪᠠᠯ ᠮᠡᠷᠭᠡᠨ ᠴᠣᠬᠤᠷ ᠢ ᠰᠢᠷᠪᠢᠵᠦ ᠣᠷᠣᠵᠦ ᠭᠠᠷᠬᠤ ᠪᠠᠨ ᠲᠠᠩᠰᠠᠯᠠᠭᠰᠠᠨ ᠪᠠᠶᠢᠬᠤ ᠶᠣᠰᠣᠳᠠᠢ᠃ ᠦᠯᠣ ᠨᠡᠭᠡᠭᠡᠵᠦ ᠠᠰᠢᠭᠯᠠᠨ ᠭᠡᠷᠡᠭᠯᠡᠭᠰᠡᠳ ᠲᠠᠷᠣᠶᠢᠬᠠᠨ ᠨᠡᠭᠡᠭᠡᠵᠦ ᠠᠰᠢᠭᠯᠠᠨ᠂ ᠰᠢᠯᠵᠢᠯᠳᠠ ᠶᠢᠨ ᠬᠤᠭᠤᠴᠠᠭᠠᠨ ᠳᠤ ᠨᠡᠶᠢᠭᠡᠮ ᠲᠣᠭᠤᠷᠢᠭ ᠠᠴᠠ ᠡᠯ᠎ᠡ ᠰᠠᠭᠤᠭᠠᠯᠢ ᠠᠷᠠᠳ  ᠲᠤ ᠨᠠᠪᠳᠠᠷᠡᠬᠦ ᠲᠡᠮᠳᠡᠭ ᠲᠠᠷᠣᠮᠯᠠᠨ ᠲᠠᠷᠬᠠᠭᠠᠬᠤ ᠭᠡᠷᠡᠭᠳᠡᠢ᠃ ᠠᠳᠠᠯ ᠦᠢᠯᠡᠰ ᠤᠨ ᠬᠠᠮᠢᠶᠠᠷᠣᠯᠳᠠ ᠦᠭᠡᠢ᠂ ᠠᠮᠣᠷ ᠢ ᠬᠠᠮᠠᠭᠠᠯᠠᠭᠴᠢ ᠦᠭᠡᠢ᠂ ᠨᠠᠭᠡᠭᠡᠯᠳᠡ ᠲᠠᠢ ᠰᠠᠭᠤᠭᠠᠯᠢ ᠲᠣᠭᠤᠷᠢᠭ ᠢ ᠬᠠᠷᠢᠶᠠᠯᠠᠭᠳᠠᠵᠦ ᠪᠠᠶᠢᠭ᠎ᠠ ᠵᠠᠭᠡᠯᠢ ᠭᠤᠳᠣᠮᠵᠢ  ᠠᠴᠠ ᠬᠠᠷᠢᠭᠤᠴᠠᠨ ᠪᠢᠳᠡᠬᠦᠮᠵᠢᠯᠡᠨ ᠨᠡᠶᠢᠳᠠᠪᠣᠷᠢᠵᠢᠭᠤᠯᠣᠨ᠎ᠠ᠃ ᠲᠦᠷᠭᠡᠨ ᠲᠠᠮᠵᠢᠭᠤᠯᠭ᠎ᠠ ᠰᠢᠣᠳᠠᠨ ᠲᠠᠮᠵᠢᠭᠤᠯᠭ᠎ᠠ᠂ ᠲᠦᠷᠭᠡᠨ ᠬᠤᠭᠤᠯᠠ ᠬᠦᠷᠭᠡᠬᠦ ᠵᠡᠷᠭᠡ ᠠᠵᠢᠯᠳᠠᠨ ᠨᠢ ᠰᠠᠭᠤᠭᠠᠯᠢ ᠲᠣᠭᠤᠷᠢᠭ ᠤᠨ ᠲᠣᠭᠳᠠᠭᠰᠠᠨ ᠴᠢᠭ ᠲᠤ ᠬᠦᠷᠭᠡᠨ ᠦᠭᠴᠦ᠂ ᠰᠠᠭᠤᠭᠠᠯᠢ ᠲᠣᠭᠤᠷᠢᠭ ᠤᠨ ᠠᠷᠠᠳ ᠦᠪᠡᠷᠳᠡᠭᠡᠨ ᠪᠠᠭᠤᠵᠦ ᠠᠪᠣᠨ᠂ ᠲᠣᠭᠳᠠᠭᠰᠠᠨ ᠬᠦᠷᠭᠡᠬᠦ‍ ᠴᠢᠭ ᠲᠤ ᠬᠦᠮᠦᠨ ᠣᠯᠠᠨ ᠬᠤᠷᠠᠵᠦ ᠴᠣᠭᠯᠠᠷᠠᠬᠤ ᠠᠴᠠ ᠵᠠᠶᠢᠯᠠᠰᠬᠢᠬᠦ ᠭᠡᠷᠡᠭᠳᠡᠢ᠃       ᠬᠤᠶᠠᠷ᠂ ᠭᠠᠳᠠᠷ ᠣᠷᠣᠨ ᠠᠴᠠ ᠪᠣᠴᠠᠨ ᠢᠷᠡᠭᠰᠡᠨ ᠬᠦᠮᠦᠰ ᠤᠨ ᠲᠠᠩᠰᠠᠯᠠᠬᠤ ᠶᠢ ᠵᠢᠷᠦᠮᠵᠢᠭᠤᠯᠣᠨ᠎ᠠ᠃ ᠭᠠᠳᠠᠷ ᠣᠷᠣᠨ ᠠᠴᠠ ᠪᠣᠴᠠᠨ ᠢᠷᠡᠭᠰᠡᠨ ᠬᠦᠮᠦᠰ ᠲᠣᠰ ᠡᠳᠦᠷ ᠲᠡᠭᠡᠨ ᠲᠠᠷᠦᠶᠢᠬᠠᠨ ᠰᠠᠭᠤᠭᠠᠯᠢ ᠭᠠᠵᠠᠷ ᠤᠨ ᠨᠡᠶᠢᠭᠡᠮ ᠲᠣᠭᠤᠷᠢᠭ ᠲᠤ ᠡᠷᠡᠬᠦᠯ ᠴᠢᠬᠢᠷᠠᠭ ᠤᠨ ᠪᠠᠶᠢᠳᠠᠯ ᠢᠶᠠᠨ ᠮᠡᠳᠡᠬᠦᠯᠵᠦ᠂ ᠬᠤᠪᠢ ᠬᠦᠮᠦᠨ ᠤ ᠮᠡᠳᠡᠭᠡ ᠵᠠᠩᠬᠢ  ᠪᠠᠨ ᠲᠠᠩᠰᠠᠯᠠᠬᠤ ᠠᠵᠢᠯ ᠳᠤ ᠬᠠᠮᠵᠢᠯᠴᠠᠨ ᠬᠦᠢᠴᠡᠳᠬᠡᠬᠦ ᠭᠡᠷᠡᠭᠳᠡᠢ᠃ ᠬᠠᠮᠢᠶ᠎ᠡ ᠪᠦᠬᠦᠢ ᠮᠡᠳᠡᠭᠡ ᠵᠠᠩᠬᠢ ᠪᠠᠨ ᠨᠢᠭᠤᠨ ᠲᠠᠯᠳᠠᠯᠠᠭᠰᠠᠨ᠂ ᠣᠳᠠᠭᠠᠰᠢᠷᠠᠭᠤᠯᠣᠨ ᠮᠡᠳᠡᠬᠦᠯᠦᠭᠰᠡᠨ᠂ ᠬᠤᠳᠠᠯ ᠢᠶᠠᠷ ᠮᠡᠳᠡᠬᠦᠯᠦᠭᠰᠡᠨ ᠪᠣᠶᠣ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠠᠵᠢᠯᠳᠠᠨ ᠤ ᠡᠬᠦᠷᠭᠡ ᠪᠠᠨ ᠬᠦᠢᠴᠡᠳᠬᠡᠬᠦ ᠶᠢ ᠬᠠᠷᠰᠢᠯᠠᠭᠰᠠᠨ ᠪᠠᠶᠢᠪᠠᠯ ᠬᠠᠣᠯᠢ ᠲᠦᠷᠢᠮ ᠲᠣᠭᠳᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠭᠤᠷᠪᠠ᠂ ᠬᠢᠨᠠᠨ ᠪᠠᠶᠢᠴᠠᠭᠠᠬᠤ ᠴᠢᠭ ᠤᠨ ᠠᠷᠢᠭᠤᠳᠬᠠᠬᠤ ᠠᠵᠢᠯ ᠢ ᠵᠢᠷᠣᠮᠵᠢᠭᠤᠯᠣᠨ᠎ᠠ᠃ ᠨᠡᠶᠢᠭᠡᠮ ᠲᠣᠭᠤᠷᠢᠭ ᠤᠨ ᠪᠠᠶ᠎ᠡ ᠶᠢᠨ ᠲᠣᠯᠠᠭᠠᠨ ᠢ ᠬᠡᠮᠵᠢᠬᠦ‍ ᠴᠢᠭ ᠤᠨ ᠬᠦᠮᠦᠨ ᠬᠠᠷ᠎ᠠ ᠬᠤᠷᠠᠵᠦ ᠴᠣᠭᠯᠠᠷᠠᠬᠤ ᠶᠢ ᠪᠠᠭᠠᠰᠬᠠᠨ᠂ ᠪᠠᠶ᠎ᠡ ᠶᠢᠨ ᠲᠣᠯᠠᠭᠠᠨ ᠢ ᠭᠡᠮᠵᠢᠬᠦ‍ ᠴᠢᠭ ᠤᠨ ᠠᠷᠢᠭᠤᠳᠬᠠᠬᠤ ᠠᠵᠢᠯ ᠢ ᠰᠠᠶᠢᠳᠣᠷ ᠬᠢᠨ᠎ᠡ᠃ ᠭᠤᠣᠯᠳᠠᠭᠤ ᠬᠢᠨᠠᠨ ᠪᠠᠶᠢᠴᠠᠭᠠᠬᠤ ᠴᠢᠭ ᠤᠨ ᠡᠳ᠋ ᠪᠣᠳᠠᠰ ᠢ ᠠᠷᠢᠭᠤᠳᠬᠠᠨ ᠴᠡᠪᠡᠷᠯᠡᠬᠦ᠂ ᠭᠠᠵᠠᠷ ᠤᠨ ᠨᠢᠭᠤᠷ ᠢ ᠴᠡᠪᠡᠷᠯᠡᠨ ᠠᠷᠢᠭᠤᠳᠬᠠᠬᠤ ᠵᠡᠷᠭᠡ ᠶᠢ ᠪᠠᠭᠳᠠᠭᠠᠵᠦ᠂ ᠪᠣᠳᠠᠳᠠᠢ ᠪᠠᠷ ᠨᠡᠶᠢᠭᠡᠮ ᠨᠡᠶᠢᠳᠠ ᠶᠢᠨ ᠲᠠᠯᠠᠪᠣᠷ ᠤᠨ ᠠᠷᠢᠭᠤᠳᠬᠠᠬᠤ ᠠᠷᠭ᠎ᠠ ᠭᠡᠯᠪᠡᠷᠢ ᠪᠠᠷ ᠴᠡᠪᠡᠷᠯᠡᠨ ᠠᠷᠢᠯᠭᠠᠨ᠎ᠡ᠃ ᠣᠯᠠᠨ ᠬᠦᠮᠦᠨ ᠳᠤ ᠲᠠᠪᠬᠤᠷᠳᠡᠨ ᠭᠡᠷᠡᠭᠯᠡᠭᠰᠡᠨ ᠪᠣᠶᠣ ᠣᠯᠠᠨ ᠬᠦᠮᠦᠨ ᠭᠡᠷᠡᠭᠯᠡᠭᠰᠡᠨ ᠪᠣᠳᠠᠰ ᠢ ᠲᠣᠭᠳᠠᠭᠰᠠᠨ ᠴᠠᠭ ᠢᠶᠠᠷ ᠠᠷᠢᠭᠤᠳᠬᠠᠨ ᠴᠡᠪᠡᠷᠯᠡᠬᠦ ᠭᠡᠷᠡᠭᠳᠡᠢ᠃      ᠲᠦᠷᠪᠡ᠂ ᠪᠡᠶ᠎ᠡ ᠶᠢᠨ ᠲᠣᠯᠠᠭᠠᠨ ᠭᠡᠮᠵᠢᠬᠦ ᠠᠵᠢᠯᠳᠠᠨ ᠤ ᠮᠡᠷᠭᠡᠵᠢᠯ ᠤᠨ ᠪᠣᠯᠪᠠᠰᠣᠷᠠᠯ ᠤᠨ ᠠᠵᠢᠯ ᠢ ᠵᠢᠷᠣᠮᠵᠢᠭᠤᠯᠣᠨ᠎ᠡ᠃ ᠪᠡᠶ᠎ᠡ ᠶᠢᠨ ᠲᠣᠯᠠᠭᠠᠨ ᠢ ᠭᠡᠮᠵᠢᠬᠦ ᠠᠵᠢᠯᠳᠠᠨ ᠳᠤ ᠪᠡᠶ᠎ᠡ ᠶᠢᠨ ᠲᠣᠯᠠᠭᠠᠨ ᠢ ᠭᠡᠮᠵᠢᠬᠦ ᠠᠷᠭ᠎ᠠ ᠠᠪᠴᠡᠯ ᠤᠨ ᠪᠣᠯᠪᠠᠰᠣᠷᠠᠯ ᠬᠢᠵᠦ᠂ ᠠᠯᠢ ᠪᠣᠰᠣ ᠭᠡᠯᠪᠡᠷᠢ ᠶᠢᠨ ᠪᠠᠶ᠎ᠡ ᠶᠢᠨ ᠲᠣᠯᠠᠭᠠᠨ ᠭᠡᠮᠵᠢᠬᠦ ᠪᠠᠭᠠᠵᠢ ᠶᠢ ᠪᠣᠯ ᠭᠡᠷᠡᠭᠯᠡᠬᠦ ᠲᠣᠳᠣᠷᠬᠠᠶᠢᠯᠠᠯᠳᠠ ᠶᠢ ᠨᠠᠷᠢᠨ ᠣᠩᠰᠢᠵᠦ ᠣᠶᠢᠯᠠᠭᠠᠬᠤ ᠶᠢ ᠱᠠᠭᠠᠷᠳᠠᠵᠦ᠂ ᠡᠬᠦᠨ ᠤ ᠲᠠᠭᠠᠣ ᠭᠠᠳᠠᠨ᠎ᠡ ᠭᠡᠷᠡᠭᠯᠡᠬᠦ ᠪᠠᠶ᠎ᠡ ᠶᠢᠨ ᠲᠣᠯᠠᠭᠠᠨ ᠤ ᠭᠡᠮᠵᠢᠬᠦᠷ ᠤᠨ ᠲᠣᠯᠠᠭᠠᠨ ᠢ ᠬᠠᠮᠠᠭᠠᠯᠠᠬᠤ ᠠᠵᠢᠯ ᠢ ᠰᠠᠶᠢᠳᠣᠷ ᠬᠢᠵᠦ᠂ ᠪᠠᠶ᠎ᠡ ᠶᠢᠨ ᠲᠣᠯᠠᠭᠠᠨ ᠤ ᠭᠡᠮᠵᠢᠬᠦᠷ ᠤᠨ ᠵᠦᠪ ᠣᠨᠣᠪᠴᠢᠳᠣ ᠴᠢᠨᠠᠷ ᠢ ᠪᠠᠳᠣᠯᠠᠨ᠎ᠡ᠃ ᠪᠡᠶ᠎ᠡ ᠶᠢᠨ ᠲᠣᠯᠠᠭᠠᠨ ᠢ ᠲᠡᠩᠰᠡᠯᠡᠬᠤ ᠬᠦᠰᠦᠨᠦᠭᠳᠣ ᠶᠢ ᠲᠣᠰᠬᠠᠢ ᠬᠦᠮᠦᠨ ᠲᠠᠭᠯᠠᠨ ᠪᠢᠴᠢᠵᠦ᠂ ᠰᠠᠭᠤᠭᠠᠯᠢ ᠠᠷᠠᠳ ᠦᠪᠡᠷᠳᠡᠭᠡᠨ ᠲᠠᠭᠯᠠᠨ ᠪᠢᠴᠢᠵᠦ ᠪᠣᠯᠬᠤ ᠦᠭᠡᠢ᠃      ᠲᠠᠪᠤ᠂ ᠬᠢᠨᠠᠨ ᠪᠠᠶᠢᠴᠠᠭᠠᠬᠤ ᠠᠵᠢᠯᠳᠠᠨ ᠤ ᠬᠤᠪᠢ ᠬᠦᠮᠦᠨ ᠤ ᠬᠠᠮᠠᠭᠠᠯᠠᠯᠳᠠ ᠶᠢ ᠵᠢᠷᠣᠮᠵᠢᠭᠤᠯᠣᠨ᠎ᠠ᠃ ᠠᠵᠢᠯᠳᠠᠨ ᠪᠣᠯᠣᠨ ᠬᠢᠨᠠᠨ ᠭᠡᠮᠵᠢᠭᠳᠡᠬᠦ ᠬᠦᠮᠦᠰ ᠤᠨ ᠬᠤᠭᠤᠷᠣᠨᠳᠣ ᠰᠣᠯᠢᠪᠴᠠᠨ ᠬᠠᠯᠳᠠᠪᠣᠷᠢᠯᠠᠬᠤ ᠠᠴᠠ ᠰᠡᠷᠭᠡᠶᠢᠯᠡᠨ᠂ ᠬᠢᠨᠠᠨ ᠪᠠᠶᠢᠴᠠᠭᠠᠬᠤ ᠠᠵᠢᠯᠳᠠᠨ ᠡᠷᠭᠡᠪᠰᠢ ᠪᠡᠷᠢᠮᠵᠢᠶ᠎ᠡ ᠳᠤ ᠨᠡᠶᠢᠴᠡᠭᠰᠡᠨ ᠠᠮᠠᠪᠴᠢ ᠪᠡ ᠪᠡᠭᠡᠯᠡᠢ ᠵᠡᠬᠦᠵᠦ᠂ ᠣᠨᠴᠠᠭᠠᠶᠢᠯᠠᠨ ᠠᠵᠢᠯ ᠤᠨ ᠲᠣᠮᠳᠠ ᠢᠮᠠᠭᠳᠠ ᠬᠦᠮᠦᠨ ᠬᠦᠮᠦᠨ ᠤ ᠬᠤᠭᠤᠷᠣᠨᠳᠣᠬᠢ ᠵᠠᠢ ᠶᠢ 1 ᠮᠧᠲᠷ ᠵᠠᠢ ᠲᠠᠢ ᠪᠠᠶᠢᠯᠭᠠᠬᠤ ᠭᠡᠷᠡᠭᠳᠡᠢ᠃      ᠵᠢᠷᠭᠤᠭ᠎ᠠ᠂ ᠬᠠᠯᠠᠭᠤᠷᠠᠭᠰᠠᠨ ᠬᠦᠮᠦᠨ ᠢ ᠦᠷᠬᠦᠯᠵᠢᠯᠡᠨ ᠰᠢᠢᠳᠪᠦᠷᠢᠯᠡᠬᠦ ᠠᠵᠢᠯ ᠢ ᠵᠢᠷᠣᠮᠵᠢᠭᠤᠯᠣᠨ᠎ᠠ᠃ ᠬᠠᠯᠠᠭᠤᠷᠠᠭᠰᠠᠨ ᠬᠦᠮᠦᠨ ᠢ ᠲᠠᠷᠦᠶᠢᠬᠠᠨ ᠵᠢᠯᠣᠭᠤᠳᠣᠨ ᠬᠦᠳᠣᠯᠵᠦ ᠠᠭᠤᠵᠢᠮ ᠰᠠᠷᠠᠭᠤᠯ ᠲᠠᠯᠠᠪᠣᠷ ᠣᠷᠴᠢᠨ ᠪᠣᠶᠣ ᠲᠣᠰᠬᠠᠢ ᠲᠣᠰᠠᠭᠠᠷᠯᠠᠬᠤ ᠭᠡᠷ ᠲᠤ ᠲᠦᠷ ᠦᠯᠡᠳᠡᠭᠡᠨ ᠠᠵᠢᠭᠯᠠᠵᠦ᠂ ᠲᠣᠬᠠᠢ ᠶᠢᠨ ᠭᠠᠵᠠᠷ ᠤᠨ ᠡᠷᠡᠬᠦᠯ ᠬᠠᠮᠠᠭᠠᠯᠠᠯ ᠡᠷᠡᠬᠦᠯ ᠮᠡᠨᠳᠣ ᠶᠢᠨ ᠪᠠᠶᠢᠭᠤᠯᠭ᠎ᠠ ᠨᠢᠭᠡᠴᠡ ᠳᠤ ᠮᠡᠳᠡᠬᠦᠯᠦᠨ᠂ ᠡᠮᠨᠡᠯᠭᠡ ᠶᠢᠨ ᠠᠵᠢᠯᠳᠠᠨ ᠲᠠᠢ  ᠬᠠᠯᠠᠭᠤᠷᠠᠭᠰᠠᠨ ᠬᠦᠮᠦᠨ ᠢ ᠰᠢᠯᠵᠢᠬᠦᠯᠬᠦ ᠳᠤ ᠬᠠᠮᠵᠢᠯᠴᠠᠨ᠂ ᠡᠬᠦᠨ ᠤ ᠲᠠᠭᠠᠣ ᠦᠯᠡᠳᠡᠭᠡᠨ ᠠᠵᠢᠭᠯᠠᠭᠰᠠᠨ ᠦᠷᠦᠭᠡ ᠶᠢ ᠠᠷᠢᠭᠤᠳᠬᠠᠬᠤ ᠠᠵᠢᠯ ᠢ ᠰᠠᠶᠢᠳᠣᠷ ᠬᠢᠨ᠎ᠡ᠃      ᠲᠣᠯᠤᠭ᠎ᠠ᠂ ᠭᠤᠣᠯᠳᠠᠯᠭ᠎ᠠ ᠲᠠᠢ ᠬᠦᠮᠦᠨ ᠢ ᠬᠠᠮᠢᠶᠠᠷᠴᠦ ᠦᠢᠯᠡᠴᠢᠯᠡᠬᠦ ᠶᠢ ᠵᠢᠷᠣᠮᠵᠢᠭᠤᠯᠣᠨ᠎ᠡ᠃ ᠨᠡᠶᠢᠭᠡᠮ ᠲᠣᠭᠤᠷᠢᠭ ᠤᠨ ᠭᠡᠷ ᠲᠡᠭᠡᠨ ᠲᠣᠰᠠᠭᠠᠷᠯᠠᠨ ᠠᠵᠢᠭᠯᠠᠵᠦ ᠪᠠᠶᠢᠭ᠎ᠠ ᠬᠦᠮᠦᠰ ᠤᠨ ᠬᠠᠮᠢᠶᠠᠷᠣᠯᠳᠠ ᠳᠤ᠂ ︽ᠲᠣᠰᠠᠭᠠᠷᠯᠠᠨ ᠡᠮᠨᠡᠯᠭᠡ ᠶᠢᠨ ᠠᠵᠢᠭᠯᠠᠯᠳᠠ ᠶᠢᠨ ᠠᠵᠢᠯ ᠢ ᠣᠯᠠᠮ ᠨᠢᠭᠡ ᠠᠯᠬᠤᠮ ᠰᠠᠶᠢᠳᠦᠷ ᠬᠢᠬᠦ ᠲᠣᠬᠠᠢ ᠪᠠᠴᠢᠮ ᠮᠡᠳᠡᠭᠳᠡᠯ︾ ︵ᠦᠪᠦᠷ ᠰᠡᠷᠭᠡᠶᠢᠯᠡᠬᠦ ᠵᠢᠯᠦᠭᠤᠳᠬᠤ ᠴᠠᠬᠢᠯᠭᠠᠨ ﹇2020﹈ 3 ᠲᠣᠭᠠᠳᠣ︶ ᠪᠢᠴᠢᠭ ᠮᠠᠲ᠋ᠧᠷᠢᠶᠡᠯ ᠶᠣᠰᠣᠭᠠᠷ ᠴᠢᠩᠭ᠎ᠠ ᠭᠡᠷᠡᠭᠵᠢᠬᠦᠯᠦᠨ᠎ᠡ᠃ ᠰᠡᠵᠢᠭ ᠲᠠᠢ ᠰᠢᠨ᠎ᠡ ᠲᠢᠳᠢᠮᠯᠢᠭ ᠠᠭᠤᠰᠬᠢᠨ ᠦᠷᠪᠢᠰᠣᠯ ᠤᠨ ᠰᠢᠨᠵᠢ ᠲᠠᠮᠳᠡᠭ ᠲᠠᠢ ᠬᠦᠮᠦᠰ ᠢ ᠡᠷᠭᠡᠪᠰᠢ ᠬᠠᠮᠢᠶ᠎ᠡ ᠪᠦᠬᠦᠢ ᠲᠣᠭᠳᠠᠭᠠᠯ ᠪᠠᠷ ᠴᠠᠭ ᠲᠣᠬᠠᠢ ᠳᠤ ᠨᠢ ᠪᠠᠶᠢᠴᠭᠠᠯᠳᠠ ᠬᠢᠨ᠎ᠡ᠃ ᠭᠡᠷ ᠲᠡᠭᠡᠨ ᠲᠣᠰᠠᠭᠠᠷᠯᠠᠵᠦ ᠠᠵᠢᠭᠯᠠᠯᠳᠠ ᠬᠢᠵᠦ ᠪᠠᠶᠢᠭ᠎ᠠ ᠬᠦᠮᠦᠰ ᠤᠨ ᠭᠡᠷ ᠤᠨ ᠬᠦᠮᠦᠰ ᠨᠢ ᠴᠦᠮ ᠭᠡᠷ ᠠᠴᠠ ᠭᠠᠷᠴᠦ ᠪᠣᠯᠬᠤ ᠦᠭᠡᠢ᠂ ᠨᠡᠶᠢᠭᠡᠮ ᠲᠣᠭᠤᠷᠢᠭ ᠤᠨ ᠬᠠᠮᠢᠶ᠎ᠡ ᠪᠦᠬᠦᠢ ᠠᠵᠢᠯᠳᠠᠨ ᠠᠴᠠ ᠦᠨᠳᠦᠰᠦᠨ ᠠᠮᠢᠳᠣᠷᠠᠯ ᠤᠨ ᠪᠠᠳᠣᠯᠠᠭ᠎ᠠ ᠶᠢᠨ ᠦᠢᠯᠡᠴᠢᠯᠡᠭᠡ ᠬᠠᠩᠭᠠᠬᠤ ᠭᠡᠷᠡᠭᠳᠡᠢ᠃      ᠨᠠᠢᠮᠠ᠂ ᠲᠦᠷᠢᠶᠡᠰᠦᠯᠡᠬᠦ ᠭᠡᠷ ᠪᠠᠶᠢᠰᠢᠩ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ ᠪᠠᠶᠢᠰᠢᠩ ᠲᠦᠷᠢᠶᠡᠰᠦᠯᠡᠭᠦᠯᠦᠭᠴᠢ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠭᠡᠷ ᠪᠠᠶᠢᠰᠢᠩ ᠲᠦᠷᠢᠶᠡᠰᠦᠯᠡᠭᠦᠯᠦᠭᠴᠢ ᠠᠴᠠ ᠶᠠᠪᠤᠭᠤᠯ ᠬᠥᠮᠦᠨ ᠠᠮᠠ ᠳᠤ ᠬᠢᠨᠠᠯᠲᠠ ᠲᠠᠯᠪᠢᠵᠦ ᠪᠠᠶᠢᠭᠠᠳ ᠭᠡᠷ ᠪᠠᠶᠢᠰᠢᠩ ᠤᠨ ᠬᠠᠷᠢᠶᠠᠯᠠᠭᠳᠠᠬᠤ ᠨᠡᠶᠢᠭᠡᠮ ᠲᠣᠭᠤᠷᠢᠭ ᠲᠤ ᠪᠡᠨ‌ᠡᠷᠡᠭᠦᠯ ᠮᠡᠨᠳᠦ ᠶᠢᠨ ᠪᠠᠶᠢᠳᠠᠯ ᠢ ᠨᠢ ᠮᠡᠳᠡᠬᠦᠯᠬᠦ ᠶᠢᠨ ᠬᠠᠮᠲᠤ ᠲᠦᠷ ᠰᠠᠭᠤᠬᠤ ᠶᠢ ᠲᠠᠩᠰᠠᠯᠠᠬᠤ ᠠᠵᠢᠯ ᠢᠶᠠᠨ ᠮᠡᠳᠡᠭᠦᠯᠬᠦ ᠬᠡᠷᠡᠭᠲᠡᠶ᠃ ᠭᠡᠷ ᠪᠠᠶᠢᠰᠢᠩ ᠲᠦᠷᠢᠶᠡᠰᠦᠯᠡᠬᠦ ᠵᠠᠭᠤᠴᠢ ᠠᠵᠤ ᠠᠬᠤᠶᠢᠯᠠᠯ ᠪᠤᠶᠤ ᠠᠵᠢᠯ ᠦᠢᠯᠡᠰ ᠲᠤ ᠭᠤᠤᠯᠳᠠᠭᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠬᠠᠷᠢᠯᠴᠠᠬᠤ ᠬᠥᠮᠦᠨ ᠢ ᠲᠣᠳᠣᠷᠬᠠᠶᠢᠯᠠᠵᠤ᠂ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠨᠡᠶᠢᠭᠡᠮ ᠲᠣᠭᠤᠷᠢᠭ ᠲᠤ ᠭᠡᠷ ᠪᠠᠶᠢᠰᠢᠩ ᠲᠦᠷᠢᠶᠡᠰᠦᠯᠡᠬᠦ ᠪᠠ ᠲᠦᠷᠢᠶᠡᠰᠦᠯᠡᠭᠴᠢ ᠶᠢᠨ ᠬᠥᠳᠡᠯᠦᠯ  ᠪᠠᠶᠢᠳᠠᠯ ᠤᠨ ᠮᠡᠳᠡᠭᠡ ᠵᠠᠩᠭᠢ ᠶᠢ ᠬᠠᠩᠭᠠᠬᠤ ᠬᠡᠷᠡᠭᠲᠡᠶ᠃      ᠶᠢᠰᠦ᠂ ᠣᠯᠠᠨ ᠨᠡᠶᠢᠲᠡ ᠶᠢᠨ ᠬᠦᠷᠢᠶᠡᠨ ᠳᠠᠬᠢ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠨᠡᠶᠢᠭᠡᠮ ᠲᠣᠭᠤᠷᠢᠭ ᠤᠨ ᠠᠮᠢᠳᠤᠷᠠᠯ ᠤᠨ ᠬᠡᠷᠡᠭᠴᠡᠭᠡ ᠦᠭᠡᠶ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠵᠤᠭ᠎ᠠ ᠴᠡᠩᠭᠡᠯ ᠤᠨ ᠲᠠᠰᠤᠭ᠂ ᠨᠡᠶᠢᠭᠡᠮ ᠲᠣᠭᠤᠷᠢᠭ ᠤᠨ ᠳᠣᠲᠣᠷᠠᠬᠢ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠢ ᠴᠥᠮ ᠬᠠᠭᠠᠬᠤ ᠬᠡᠷᠡᠭᠲᠡᠶ᠃ ᠣᠯᠠᠨ ᠨᠡᠶᠢᠲᠡ ᠶᠢᠨ ᠲᠠᠯᠠᠪᠤᠷ ᠤᠨ ᠠᠷᠢᠭᠤᠨ ᠴᠡᠪᠡᠷ ᠢ ᠠᠷᠢᠭᠤᠳᠬᠠᠬᠤ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠢ ᠰᠠᠶᠢᠲᠤᠷ ᠬᠢᠨ᠎ᠡ᠃ ᠰᠠᠭᠤᠭᠠᠯᠢ ᠲᠣᠭᠤᠷᠢᠭ ᠤᠨ ᠳᠣᠲᠣᠷᠠᠬᠢ ᠠᠮᠢᠳᠤᠷᠠᠯ ᠤᠨ ᠴᠢᠬᠤᠯᠠ ᠬᠡᠷᠡᠭᠴᠡᠭᠡ ᠦᠭᠡᠶ ᠵᠠᠰᠠᠵᠤ ᠴᠢᠮᠡᠭᠯᠡᠬᠦ ᠵᠡᠷᠭᠡ ᠪᠠᠷᠢᠯᠭ᠎ᠠ ᠶᠢ ᠴᠥᠮ ᠵᠣᠭᠰᠣᠭᠠᠵᠤ᠂ ᠤᠰᠤ ᠴᠠᠬᠢᠯᠭᠠᠨ ᠬᠡᠢ ᠢᠯᠴᠢ ᠵᠡᠷᠭᠡ ᠪᠠᠷᠢᠯᠭ᠎ᠠ ᠶᠢᠨ ᠨᠢᠭᠡᠴᠡ ᠨᠦᠭᠦᠳ ᠨᠡᠶᠢᠭᠡᠮ ᠲᠣᠭᠤᠷᠢᠭ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠠᠷᠪᠠ᠂ ᠰᠢᠮᠳᠠᠭᠤᠯᠤᠨ ᠪᠠᠶᠢᠴᠠᠭᠠᠬᠤ ᠶᠢ ᠵᠢᠷᠤᠮᠵᠢᠭᠤᠯᠬᠤ ᠬᠡᠷᠡᠭᠲᠡᠶ᠃ ᠡᠯ᠎ᠡ ᠵᠡᠭᠡᠯᠢ ᠭᠤᠳᠤᠮᠵᠢ ᠨᠤᠭᠤᠳ ᠨᠡᠶᠢᠭᠡᠮ ᠲᠣᠭᠤᠷᠢᠭ ᠤᠨ ᠬᠠᠮᠢᠶᠠᠷᠤᠨ ᠡᠵᠡᠮᠳᠡᠬᠦ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠴᠢᠩᠭᠠᠷᠠᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠳᠠᠢ ᠭᠠᠵᠠᠷ ᠲᠤᠨᠢ ᠨᠠᠶᠢᠳᠠᠪᠣᠷᠢᠵᠢᠭᠤᠯᠬᠤ ᠶᠢ ᠦᠨᠡᠩᠬᠦ ᠪᠠᠲᠤᠯᠠᠬᠤ ᠬᠡᠷᠡᠭᠲᠡᠶ᠃ ᠡᠯ᠎ᠡ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠬᠡᠰᠡᠭ ᠲᠣᠭᠤᠷᠢᠭ ᠤᠨ ᠠᠷᠠᠳ ᠤᠨ ᠴᠠᠭᠳᠠᠭ᠎ᠠ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠰᠦᠯᠵᠢᠶᠠᠨ ᠤ ᠠᠵᠢᠯᠲᠠᠨ ᠢᠶᠠᠷ ᠪᠦᠷᠢᠯᠳᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤᠭᠤᠶᠢᠯᠠᠩ ᠢ ᠪᠠᠶᠢᠭᠤᠯᠵᠤ᠂ ᠵᠡᠭᠡᠯᠢ ᠭᠤᠳᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠣᠳᠣᠷᠢᠳᠣᠯᠭ᠎ᠠ ᠳᠣᠤᠷ᠎ᠠ ᠠᠵᠢᠯ ᠢᠶᠠᠨ ᠥᠷᠨᠢᠭᠦᠯᠬᠦ ᠬᠡᠷᠡᠭᠲᠡᠶ᠃ ᠡᠯ᠎ᠡ ᠵᠡᠭᠡᠯᠢ ᠭᠤᠳᠤᠮᠵᠢ ᠨᠤᠭᠤᠳ ᠨᠡᠶᠢᠭᠡᠮ ᠲᠣᠭᠤᠷᠢᠭ ᠤᠨ ᠰᠡᠷᠭᠡᠶᠢᠯᠡᠨ ᠬᠢᠵᠠᠭᠠᠷᠯᠠᠬᠤ ᠠᠵᠢᠯ ᠢ ᠪᠣᠳᠠᠲᠠᠶ ᠵᠢᠯᠣᠭᠤᠳᠴᠦ᠂ ᠪᠠᠶᠢᠴᠠᠭᠠᠨ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠰᠡᠷᠭᠡᠶᠢᠯᠡᠨ ᠬᠢᠵᠠᠭᠠᠷᠯᠠᠬᠤ ᠠᠵᠢᠯ ᠢ ᠨᠠᠶᠢᠳᠠᠪᠣᠷᠢᠵᠢᠭᠤᠯᠬᠤ ᠥᠬᠡᠶ ᠪᠤᠶᠤ ᠰᠡᠷᠭᠡᠶᠢᠯᠡᠨ ᠬᠢᠵᠠᠭᠠᠷᠯᠠᠬᠤ ᠠᠵᠢᠯ ᠢ ᠪᠣᠳᠠᠲᠠᠶᠢᠵᠢᠭᠤᠯᠤᠭᠰᠠᠨ ᠥᠬᠡᠶ ᠠᠴᠠ ᠪᠣᠯᠵᠣ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ ᠨᠡᠶᠢᠭᠡᠮ ᠲᠣᠭᠤᠷᠢᠭ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠲᠤᠰᠢᠶᠠᠵᠤ᠂ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ  ᠨᠡᠭᠡᠮᠵᠢᠯᠡᠵᠦ ᠬᠡᠷᠡᠭᠲᠡᠶ᠃      ᠠᠷᠪᠠᠨ ᠨᠢᠭᠡ᠂ ᠲᠤᠰᠠᠭᠠᠷᠯᠠᠯ ᠠᠴᠠ ᠲᠠᠶᠢᠯᠬᠤ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠶ᠃ ᠭᠡᠷ ᠲᠡᠭᠡᠨ ᠰᠠᠭᠤᠵᠤ ᠲᠤᠰᠠᠭᠠᠷᠯᠠᠨ ᠠᠵᠢᠭᠯᠠᠬᠤ ᠬᠤᠭᠤᠴᠠᠭ᠎ᠠ ᠨᠢ ᠲᠡᠭᠤᠰᠪᠡᠯ᠂ ᠲᠡᠭᠦᠨ ᠤ ᠪᠠᠶᠢᠭ᠎ᠠ ᠨᠡᠶᠢᠭᠡᠮ ᠲᠣᠭᠤᠷᠢᠭ ᠠᠴᠠ ᠬᠠᠷᠢᠭᠤᠴᠠᠵᠤ ᠲᠤᠰᠠᠭᠠᠷᠯᠠᠬᠤ ᠬᠤᠭᠤᠴᠠᠭ᠎ᠠ ᠨᠢ ᠲᠠᠭᠤᠰᠣᠭᠰᠠᠨ ᠲᠤᠰᠠᠭᠠᠷᠯᠠᠯ ᠠᠴᠠ ᠲᠠᠶᠢᠯᠬᠤ ᠭᠡᠷᠡᠴᠢ ᠭᠠᠷᠭᠠᠵᠤ ᠥᠭᠪᠡᠯ ᠰᠠᠶ᠋ᠢ ᠲᠤᠰᠠᠭᠠᠷᠯᠠᠯ ᠠᠴᠠ ᠲᠠᠶᠢᠯᠣᠨ᠎ᠡ︔ ᠭᠡᠷ ᠲᠡᠭᠡᠨ ᠰᠠᠭᠤᠵᠤ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭ᠎ᠠ ᠨᠢ ᠲᠠᠭᠤᠰᠪᠠᠯ᠂ ᠲᠤᠰᠠᠭᠠᠷᠯᠠᠨ ᠠᠵᠢᠭᠯᠠᠬᠤ ᠶᠢ ᠬᠠᠷᠢᠭᠤᠴᠠᠵᠤ ᠪᠠᠶᠢᠭ᠎ᠠ ᠡᠮᠨᠡᠯᠭᠡ ᠶᠢᠨ ᠠᠵᠢᠯᠲᠠᠨ ᠢᠶᠠᠷ ᠨᠤᠲᠠᠯᠠᠭᠤᠯᠤᠭᠰᠠᠨ ᠤ ᠲᠠᠷᠠᠭ᠎ᠠ᠂ ᠬᠠᠷᠢᠶ᠎ᠠ ᠣᠷᠣᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠲᠤᠰᠠᠭᠠᠷᠯᠠᠬᠤ ᠬᠤᠭᠤᠴᠠᠭ᠎ᠠ ᠲᠠᠭᠤᠰᠴᠦ ᠲᠤᠰᠠᠭᠠᠷᠯᠠᠯ ᠢ ᠨᠢ ᠬᠦᠴᠦᠨ ᠥᠬᠡᠶ ᠪᠣᠯᠭᠠᠭᠰᠠᠨ ᠭᠡᠷᠡᠴᠢ ᠭᠠᠷᠭᠠᠪᠠᠯ ᠰᠠᠶ᠋ᠢ ᠲᠤᠰᠠᠭᠠᠷᠯᠠᠯ ᠠᠴᠠ ᠲᠠᠶᠢᠯᠵᠦ ᠪᠣᠯᠤᠨ᠎ᠠ︔ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭ᠎ᠠ ᠨᠢ ᠲᠠᠭᠤᠰᠣᠭᠰᠠᠨ ᠪᠠᠶᠢᠪᠠᠯ᠂ ᠲᠤᠰᠠᠭᠠᠷᠯᠠᠨ ᠠᠵᠢᠭᠯᠠᠭᠰᠠᠨ ᠡᠮᠨᠡᠯᠭᠡ ᠶᠢᠨ ᠠᠵᠢᠯᠲᠠᠨ ᠢᠶᠠᠷ ᠨᠤᠲᠠᠯᠠᠭᠤᠯᠤᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠲᠤᠰᠠᠭᠠᠷᠯᠠᠬᠤ ᠬᠤᠭᠤᠴᠠᠭ᠎ᠠ ᠨᠢ ᠲᠠᠭᠤᠰᠣᠭᠠᠳ ᠲᠤᠰᠠᠭᠠᠷᠯᠠᠯ ᠢ ᠨᠢ ᠬᠦᠴᠦᠨ ᠦᠭᠡᠢ ᠪᠣᠯᠭᠠᠭᠰᠠᠨ ᠭᠡᠷᠡᠴᠢ ᠭᠠᠷᠭᠠᠵᠤ ᠪᠣᠯᠤᠨ᠎ᠠ᠂ ᠢᠩᠭᠢᠪᠡᠯ ᠰᠠᠶ᠋ᠢ  ᠲᠤᠰᠠᠭᠠᠷᠯᠠᠯ ᠢ ᠨᠢ ᠬᠦᠴᠦᠨ ᠦᠭᠡᠢ ᠪᠣᠯᠭᠠᠵᠤ ᠪᠣᠯᠤᠨ᠎ᠠ᠃ ᠨᠢᠭᠲᠠ ᠬᠦᠷᠦᠯᠴᠡᠭᠰᠡᠳ ᠤᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢ ᠲᠠᠶᠢᠯᠤᠭᠰᠠᠨ ᠤ ᠳᠠᠷᠠᠭ᠎ᠠ᠂ ᠭᠡᠷ ᠲᠡᠭᠡᠨ ᠰᠠᠭᠤᠵᠤ ᠠᠮᠢᠳᠤᠷᠠᠬᠤ   ᠳᠤ ᠠᠩᠬᠠᠷᠬᠤ ᠵᠦᠢᠯᠡᠰ ᠢ ᠰᠠᠨᠠᠭᠤᠯᠬᠤ ᠬᠡᠷᠡᠭᠲᠡᠢ᠃      ᠠᠷᠪᠠᠨ ᠬᠤᠶᠠᠷ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ ᠶᠢ ᠵᠢᠷᠤᠮᠵᠢᠭᠤᠯᠬᠤ ᠬᠡᠷᠡᠭᠲᠡᠶ᠃ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠥᠷᠥᠭᠡᠨ ᠠᠴᠠ ᠡᠭᠦᠰᠦᠭᠰᠡᠨ ᠬᠤᠭ ᠨᠣᠪᠰᠢ ᠶᠢ ᠲᠦᠪᠯᠡᠷᠡᠬᠦᠯᠦᠨ ᠲᠤᠰᠠᠭᠠᠷᠯᠠᠭᠳᠠᠭᠰᠠᠨ ᠬᠥᠮᠦᠰ ᠠᠴᠠ ᠡᠮᠴᠢᠯᠡᠭᠡᠨ ᠤ ᠬᠤᠭ ᠨᠣᠪᠰᠢ ᠶᠢᠨ ᠤᠭᠤᠲᠠᠨ ᠳᠤ ᠴᠤᠭᠯᠠᠭᠤᠯᠤᠨ᠂ ᠲᠣᠰ ᠲᠣᠰ ᠤᠨ ᠥᠷᠥᠭᠡᠨ ᠤ ᠪᠠᠨ ᠡᠭᠦᠳᠡᠨ ᠳᠤ ᠲᠠᠯᠪᠢᠵᠤ᠂ ᠡᠮᠨᠡᠯᠭᠡ ᠶᠢᠨ ᠠᠵᠢᠯᠲᠠᠨ ᠢ ᠲᠣᠮᠢᠯᠠᠨ ᠲᠣᠭᠳᠠᠭᠰᠠᠨ ᠭᠠᠵᠠᠷ ᠲᠤ ᠲᠠᠯᠪᠢᠵᠤ᠂ ᠳᠠᠬᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠳᠠᠮᠵᠢᠭᠤᠯᠤᠨ ᠲᠡᠭᠡᠭᠡᠪᠦᠷᠢᠯᠡᠬᠦ ᠭᠠᠵᠠᠷ ᠤᠨ ᠲᠤᠰᠬᠠᠶ ᠠᠵᠢᠯᠲᠠᠨ ᠴᠤᠭᠯᠠᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠠᠷᠢᠮᠵᠢᠶ᠎ᠠ ᠶᠣᠰᠣᠭᠠᠷ ᠠᠷᠢᠭᠤᠳᠬᠠᠬᠤ᠂ ᠲᠦᠷ ᠬᠠᠳᠠᠭᠠᠯᠠᠵᠤ᠂ 48 ᠴᠠᠭ ᠤᠨ ᠳᠣᠲᠣᠷ᠎ᠠ ᠤᠯᠠᠭᠠᠨᠬᠠᠳᠠ ᠬᠤᠲᠠ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ ᠲᠤ ᠰᠢᠯᠵᠢᠭᠦᠯᠦᠨ ᠲᠡᠭᠡᠭᠡᠪᠦᠷᠢᠯᠡᠵᠦ ᠰᠢᠢᠳᠪᠦᠷᠢᠯᠡᠨ᠎ᠡ᠃ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ ᠪᠠᠭᠠᠷᠢᠨ ᠪᠠᠷᠠᠭᠤᠨ ᠬᠤᠰᠢᠭᠤᠨ ᠤ ᠬᠤᠲᠠ ᠲᠣᠭᠤᠷᠢᠭ ᠲᠤ ᠪᠣᠴᠠᠵᠦ ᠢᠷᠡᠭᠰᠡᠨ ᠰᠠᠭᠤᠭᠠᠯᠢ ᠠᠷᠠᠳ ᠭᠡᠷ ᠲᠡᠭᠡᠨ ᠲᠤᠰᠠᠭᠠᠷᠯᠠᠵᠤ ᠪᠠᠶᠢᠭᠰᠠᠨ ᠬᠤᠭᠤᠴᠠᠭᠠᠨ ᠳᠠᠭᠠᠨ ᠭᠠᠷᠤᠭᠰᠠᠨ ᠬᠤᠭ ᠨᠣᠪᠰᠢ ᠪᠠᠨ ᠲᠤᠰ ᠡᠷᠦᠬᠡ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠠᠵᠢᠯᠲᠠᠨ ᠬᠠᠷᠢᠭᠤᠴᠠᠨ ᠠᠷᠢᠭᠤᠳᠬᠠᠨ ᠰᠢᠢᠳᠪᠦᠷᠢᠯᠡᠬᠦ ᠬᠡᠷᠡᠭᠲᠡᠶ᠃                                            ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ                            ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠶᠢᠨ ᠵᠢᠯᠣᠭᠤᠳᠬᠤ ᠭᠠᠵᠠᠷ                                 2020 ᠣᠨ ᠤ 2 ᠰᠠᠷ᠎ᠠ ᠶᠢᠨ 15 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2