ᠭᠠᠳᠠᠨ᠎ᠠ ᠠᠴᠠ ᠢᠷᠡᠭᠰᠡᠨ ᠬᠥᠮᠦᠰ ᠪᠣᠯᠤᠨ ᠨᠤᠲᠤᠭ ᠲᠠᠭᠠᠨ ᠪᠤᠴᠠᠭᠰᠠᠨ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2020-02-18
           ᠪᠠᠷᠠᠭᠤᠨ ᠰᠡᠷᠭᠡᠶᠢᠯᠡᠨ ᠵᠢᠯᠤᠭᠤᠳᠬᠤ ᠦᠰᠦᠭ 〔 2020 〕 21 ᠳ᠋ᠦ᠋ᠭᠡᠷ ᠲᠣᠭᠠᠲᠤ               ᠭᠠᠳᠠᠨ᠎ᠠ ᠠᠴᠠ ᠢᠷᠡᠭᠰᠡᠨ ᠬᠥᠮᠦᠰ ᠪᠣᠯᠤᠨ ᠨᠤᠲᠤᠭ ᠲᠠᠭᠠᠨ ᠪᠤᠴᠠᠭᠰᠠᠨ ᠬᠥᠮᠦᠰ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠵᠠᠷᠯᠠᠯ         ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ 2020 ᠣᠨ 1 ᠳ᠋ᠤᠭᠡᠷ ᠲᠣᠭᠠᠲᠤ ᠵᠠᠷᠯᠠᠯ᠂ ︽ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠵᠢᠯ  ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠥᠪᠥᠷ ᠰᠡᠷᠭᠡᠶᠢᠯᠡᠨ ᠵᠢᠯᠤᠭᠤᠳᠬᠤ ᠴᠠᠬᠢᠯᠭᠠᠨ ﹇2020﹈ 3 ᠳ᠋ᠤᠭᠠᠷ ᠲᠣᠭᠠᠲᠤ︶ ᠪᠣᠯᠤᠨ ᠬᠤᠲᠠ ᠶᠢᠨ ᠵᠢᠯᠣᠭᠤᠳᠬᠤ ᠭᠠᠵᠠᠷ ᠤᠨ 3 ᠳ᠋ᠤᠭᠠᠷ ᠲᠣᠭᠠᠲᠤ ᠵᠠᠷᠯᠠᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠠᠳᠠᠨ᠎ᠠ ᠠᠴᠠ ᠢᠷᠡᠭᠰᠡᠨ ᠬᠥᠮᠦᠰ ᠪᠣᠯᠤᠨ ᠨᠤᠲᠤᠭ ᠲᠠᠭᠠᠨ ᠪᠤᠴᠠᠭᠰᠠᠨ ᠬᠥᠮᠦᠰ ᠢ ᠬᠠᠮᠢᠶᠠᠷᠤᠨ ᠡᠵᠡᠮᠳᠡᠬᠦ ᠠᠵᠢᠯ ᠶᠢ ᠴᠢᠩᠭᠠᠳᠬᠠᠵᠤ᠂ ᠬᠢᠵᠢᠭ ᠤᠨ ᠬᠠᠯᠳᠠᠪᠤᠷᠢᠯᠠᠯ ᠢ ᠪᠦᠲᠦᠮᠵᠢᠲᠡᠶ ᠬᠤᠷᠢᠭᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠬᠤᠪᠸᠢ ᠪᠠ ᠬᠤᠪᠸᠢ ᠪᠠᠷ ᠥᠩᠭᠡᠷᠡᠭᠰᠡᠨ ᠵᠢᠴᠢ ᠭᠤᠸᠠᠩᠳᠦ᠋ᠩ᠂ ᠵᠧᠵᠢᠶᠠᠩ᠂ ᠾᠧᠨᠠᠨ᠂ ᠬᠤᠨᠠᠨ᠂ ᠠᠨᠾᠦ᠋ᠢ᠂ ᠵᠢᠶᠠᠩᠰᠢ᠂ ᠵᠢᠶᠠᠩᠰᠦ᠂ ᠴᠦᠩᠴᠢᠩ᠂ ᠱᠠᠨᠳᠦ᠋ᠩ᠂ ᠰᠧᠴᠤᠸᠠᠨ᠂ ᠪᠡᠭᠡᠵᠢᠩ᠂ ᠬᠠᠷᠠᠮᠥ᠋ᠷᠡᠨ᠂ ᠱᠠᠩᠬᠠᠶ᠂ ᠹᠦᠵᠢᠶᠠᠨ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ ᠢᠷᠡᠭᠰᠡᠨ ᠬᠥᠮᠦᠰ ᠪᠠᠭᠠᠷᠢᠨ ᠪᠠᠷᠠᠭᠤᠨ ᠬᠤᠰᠢᠭᠤᠨ ᠳᠤ ᠢᠷᠡᠬᠦ ᠶᠢ ᠲᠦᠷ ᠬᠤᠶᠢᠰᠢᠯᠠᠭᠤᠯᠬᠤ ᠰᠠᠨᠠᠭᠤᠯᠭ᠎ᠠ ᠭᠠᠷᠭᠠᠪᠠ᠃ ᠭᠠᠯᠲᠤ ᠲᠡᠷᠭᠡᠨ ᠥᠷᠲᠡᠭᠡ ᠪᠣᠯᠤᠨ ᠭᠤᠤᠯ ᠪᠣᠯᠬᠤ ᠵᠠᠮ ᠬᠠᠷᠢᠯᠴᠠᠭᠠᠨ ᠤ ᠴᠡᠭ ᠲᠤ ᠡᠭᠡᠭᠦᠯᠦᠨ ᠪᠤᠴᠠᠭᠠᠬᠤ ᠴᠡᠭ ᠭᠠᠷᠭᠠᠵᠤ᠂ ᠪᠠᠴᠢᠮ ᠪᠠᠶᠢᠳᠠᠯ ᠢ ᠠᠷᠭᠠᠴᠠᠭᠠᠬᠤ᠂ ᠡᠳ᠋ ᠪᠠᠷᠠᠭ᠎ᠠ ᠲᠡᠭᠡᠭᠡᠪᠦᠷᠢᠯᠡᠬᠦ ᠪᠠ ᠨᠡᠪᠲᠡᠷᠡᠬᠦ ᠦᠨᠡᠮᠯᠡᠯ ᠲᠠᠢ ᠬᠥᠮᠦᠰ ᠤᠨ ᠲᠡᠷᠭᠡ ᠬᠥᠰᠬᠡ ᠶᠢ ᠭᠠᠷᠭᠠᠪᠠᠯ᠂ ᠵᠠᠷᠴᠢᠮ ᠳᠡᠭᠡᠷ᠎ᠡ ᠪᠠᠨ ᠢᠳᠬᠠᠨ ᠪᠤᠴᠠᠭᠠᠬᠤ ᠬᠡᠷᠡᠭᠲᠡᠢ᠃      ᠬᠤᠶᠠᠷ᠂ ᠬᠤᠪᠧᠶ ᠪᠣᠯᠤᠨ ᠬᠤᠪᠧᠶ ᠪᠠᠷ ᠥᠩᠭᠡᠷᠡᠨ ᠮᠠᠨ ᠤ ᠬᠤᠰᠢᠭᠤ ᠳᠤ ᠢᠷᠡᠵᠦ᠂ ᠨᠢᠭᠤᠭᠳᠠᠮᠠᠯ ᠬᠤᠭᠤᠴᠠᠭ᠎ᠠ ᠨᠢ 14 ᠡᠳᠦᠷ ᠪᠣᠯᠤᠭᠠᠳᠤᠶ ᠬᠥᠮᠦᠰ ᠢ ᠴᠥᠮ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ  ᠤ ᠠᠵᠢᠭᠯᠠᠯᠲᠠ ᠬᠢᠬᠦ ᠬᠡᠷᠡᠭᠲᠡᠢ᠃      ᠭᠤᠷᠪᠠ᠂ ᠭᠤᠸᠠᠩᠳᠦ᠋ᠩ᠂ ᠵᠧᠵᠢᠶᠠᠩ᠂ ᠾᠧᠨᠠᠨ᠂ ᠬᠤᠨᠠᠨ᠂ ᠠᠨᠾᠦ᠋ᠢ᠂ ᠵᠢᠶᠠᠩᠰᠢ᠂ ᠵᠢᠶᠠᠩᠰᠦ᠂ ᠴᠦᠩᠴᠢᠩ᠂ ᠱᠠᠨᠳᠦ᠋ᠩ᠂ ᠰᠧᠴᠤᠸᠠᠨ᠂ ᠪᠡᠭᠡᠵᠢᠩ᠂ ᠬᠠᠷᠠᠮᠥ᠋ᠷᠡᠨ᠂ ᠱᠠᠩᠬᠠᠶ᠂ ᠹᠦᠵᠢᠶᠠᠨ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ ᠢᠷᠡᠭᠰᠡᠨ ᠪᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠬᠠᠯᠠᠭᠤᠷᠠᠬᠤ᠂ ᠬᠠᠨᠢᠶᠠᠬᠤ ᠵᠡᠷᠭᠡ ᠡᠪ ᠦᠭᠡᠢ ᠡᠪᠡᠳᠴᠢᠨ ᠤ ᠢᠯᠡᠷᠡᠯ ᠲᠠᠢ ᠪᠣᠯ ᠴᠥᠮ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠤᠰᠤᠳ ᠬᠥᠮᠦᠰ ᠴᠥᠮ ᠭᠡᠷ ᠲᠡᠭᠡᠨ ᠰᠠᠭᠤᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠶ᠃      ᠲᠥᠷᠪᠡ᠂ ᠬᠤᠪᠧᠢ ᠵᠢᠴᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ  ᠠᠴᠠ ᠭᠠᠳᠠᠨᠠᠬᠢ ᠮᠠᠨ ᠤ ᠬᠤᠰᠢᠭᠤᠨ ᠳᠤ ᠣᠷᠣᠵᠤ ᠢᠷᠡᠭᠰᠡᠨ ᠪᠠ ᠪᠤᠴᠠᠵᠤ ᠢᠷᠡᠭᠰᠡᠨ ᠬᠥᠮᠦᠰ᠂ ᠬᠠᠯᠠᠭᠤᠷᠠᠬᠤ᠂ ᠬᠠᠨᠢᠶᠠᠬᠤ ᠵᠡᠷᠭᠡ ᠡᠪ ᠦᠭᠡᠢ ᠡᠪᠡᠳᠴᠢᠨ ᠤ ᠢᠯᠡᠷᠡᠯ ᠲᠠᠢ ᠬᠥᠮᠦᠰ ᠢ ᠴᠥᠮ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠡᠷᠡᠭᠲᠡᠢ᠃      ᠲᠠᠪᠤ᠂ ᠬᠤᠰᠢᠭᠤᠨ ᠤ ᠳᠣᠲᠣᠷᠠᠬᠢ ᠡᠯ᠎ᠡ ᠠᠵᠤ ᠠᠬᠤᠶᠢᠯᠠᠯ ᠪᠣᠯᠤᠨ ᠭᠤᠤᠯᠳᠠᠯᠭ᠎ᠠ ᠲᠠᠢ ᠲᠥᠷᠥᠯ ᠵᠦᠶᠯ ᠤᠨ ᠠᠵᠢᠯ ᠳᠤ᠂ ᠬᠤᠪᠸᠢ ᠵᠢᠴᠢ ᠳᠡᠭᠡᠷ᠎ᠡ ᠳᠤᠷᠠᠳᠤᠭᠰᠠᠨ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠤ ᠬᠥᠮᠦᠰ ᠢ ᠲᠦᠷ ᠴᠠᠭ ᠡᠭᠡᠭᠦᠯᠦᠨ ᠠᠪᠴᠢᠷᠠᠵᠤ ᠪᠣᠯᠬᠤ ᠥᠬᠡᠶ᠂ ᠬᠡᠷᠪᠡ ᠡᠷᠬᠡᠪᠰᠢ ᠡᠭᠡᠭᠦᠯᠦᠨ ᠠᠪᠴᠢᠷᠠᠬᠤ ᠴᠢᠬᠤᠯᠠᠲᠠᠢ ᠪᠤᠯ᠂ ᠪᠠᠷᠢᠮᠵᠢᠶ᠎ᠠ ᠶᠣᠰᠣᠭᠠᠷ ᠲᠤᠰᠠᠭᠠᠷᠯᠠᠬᠤ ᠲᠠᠯᠠᠪᠤᠷ ᠢ ᠤᠷᠢᠳᠴᠢᠯᠠᠨ ᠪᠡᠯᠡᠳᠬᠡᠵᠦ᠂ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠪᠠᠶᠢᠴᠠᠭᠠᠵᠤ ᠰᠢᠯᠭᠠᠨ ᠠᠪᠤᠭᠰᠠᠨ ᠤ ᠳᠠᠷᠠᠭ᠎ᠠ ᠰᠠᠶ᠋ᠢ ᠡᠭᠡᠭᠦᠯᠦᠨ ᠠᠪᠴᠢᠷᠠᠬᠤ ᠶᠢᠨ ᠬᠠᠮᠲᠤ ᠬᠠᠮᠢᠶ᠎ᠠ ᠪᠥᠬᠦᠶ ᠵᠢᠷᠤᠮᠵᠢᠯ ᠶᠣᠰᠣᠭᠠᠷ ᠲᠤᠰᠠᠭᠠᠷᠯᠠᠨ᠎ᠠ᠃      ᠵᠢᠷᠭᠤᠭ᠎ᠠ᠂ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ ᠬᠥᠮᠦᠰ ᠭᠡᠷ  ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠰᠠᠭᠠᠷ ᠥᠷᠥᠭᠡ ᠳᠤ ᠰᠠᠭᠤᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ᠂ ᠳᠤᠷ᠎ᠠ ᠪᠠᠷ ᠢᠶᠠᠨ ᠭᠠᠳᠠᠭᠰᠢ ᠭᠠᠷᠴᠤ ᠪᠣᠯᠬᠤ ᠥᠬᠡᠶ ᠪᠠᠶᠢᠵᠤ᠂ ᠰᠤᠮᠤ ᠪᠠᠯᠭᠠᠰᠤ ᠪᠠ ᠡᠮᠨᠡᠯᠭᠡ ᠶᠢᠨ ᠠᠵᠢᠯᠲᠠᠨ ᠤ ᠪᠠᠶᠢᠴᠠᠭᠠᠯᠲᠠ ᠵᠡᠷᠭᠡ ᠲᠤᠰᠠᠭᠠᠷᠯᠠᠬᠤ ᠠᠷᠭ᠎ᠠ ᠬᠡᠮᠵᠢᠶ᠎ᠡ ᠳᠤ ᠬᠠᠮᠵᠢᠯᠴᠠᠨ᠂ ᠬᠡᠷᠪᠡ ᠲᠣᠭᠲᠠᠭᠠᠯ ᠠᠴᠠ ᠵᠥᠷᠢᠴᠡᠭᠰᠡᠨ  ᠠᠵᠢᠯᠯᠠᠭ᠎ᠠ ᠪᠠᠶᠢᠬᠤ  ᠶᠢ ᠣᠯᠵᠤ ᠮᠡᠳᠡᠪᠡᠯ᠂ ᠬᠠᠷᠢᠶ᠎ᠠ ᠰᠤᠮᠤ ᠪᠠᠯᠭᠠᠰᠤ ᠵᠡᠭᠡᠯᠢ ᠭᠤᠳᠤᠮᠵᠢ ᠠᠴᠠ ᠳᠡᠭᠡᠭᠰᠢ ᠮᠡᠳᠡᠭᠦᠯᠵᠦ᠂ ᠠᠯᠪᠠᠳᠠᠯᠭ᠎ᠠ ᠪᠠᠷ ᠲᠥᠪᠯᠡᠷᠡᠭᠦᠯᠦᠨ ᠲᠤᠰᠠᠭᠠᠷᠯᠠᠵᠤ ᠠᠵᠢᠭᠯᠠᠬᠤ ᠬᠢᠬᠦ ᠬᠡᠷᠡᠭᠲᠡᠶ᠃      ᠳᠣᠯᠤᠭ᠎ᠠ᠂ ᠮᠠᠨ ᠤ ᠬᠤᠰᠢᠭᠤᠨ ᠳᠤ ᠢᠷᠡᠭᠰᠡᠨ ᠪᠠᠭᠠᠷᠢᠨ ᠪᠠᠷᠠᠭᠤᠨ ᠬᠤᠰᠢᠭᠤᠨ ᠤ ᠪᠤᠰᠤ ᠬᠥᠮᠦᠰ ᠪᠣᠯᠤᠨ ᠭᠠᠳᠠᠷ ᠣᠷᠣᠨ ᠠᠴᠠ ᠪᠤᠴᠠᠵᠤ ᠢᠷᠡᠭᠰᠡᠨ ᠬᠥᠮᠦᠰ ᠬᠠᠮᠢᠶ᠎ᠠ ᠪᠦᠬᠦᠢ ᠮᠡᠳᠡᠭᠡ ᠵᠠᠩᠭᠢ ᠪᠠᠨ ᠡᠷᠬᠡᠪᠰᠢ ᠢᠳᠡᠪᠬᠢᠲᠡᠶ ᠰᠠᠨᠠᠭᠠᠴᠢᠯᠭ᠎ᠠ ᠲᠠᠢ ᠪᠠᠷ᠂ ᠦᠨᠡᠨ ᠪᠣᠳᠠᠲᠠᠶ ᠣᠨᠣᠪᠴᠢᠲᠠᠶ ᠲᠠᠭᠯᠠᠨ ᠮᠡᠳᠡᠭᠦᠯᠵᠦ᠂ ᠵᠣᠷᠢᠭᠤᠳᠠ ᠨᠢᠭᠤᠵᠤ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠵᠤ ᠥᠭᠭᠦᠭᠰᠡᠨ ᠬᠥᠮᠦᠰ ᠢ ᠬᠠᠤᠯᠢ ᠶᠣᠰᠣᠭᠠᠷ ᠴᠢᠩᠭ᠎ᠠ ᠰᠢᠢᠳᠪᠥᠷᠢᠯᠡᠬᠦ ᠬᠡᠷᠡᠭᠲᠡᠶ᠃      ᠨᠠᠶᠮᠠ᠂ ᠨᠤᠲᠤᠭ ᠲᠠᠭᠠᠨ ᠪᠤᠴᠠᠭᠰᠠᠨ ᠬᠥᠮᠦᠰ ᠲᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ︽ᠲᠠᠪᠤᠨ ᠲᠥᠷᠥᠯ ᠤᠨ ᠬᠥᠮᠦᠰ︾ ᠢ ᠵᠢᠯᠣᠭᠤᠳᠬᠤ ᠭᠠᠵᠠᠷ ᠤᠨ ᠪᠠᠭᠤᠯᠭᠠᠭᠰᠠᠨ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠥᠰᠦᠯ ᠤᠨ ᠶᠣᠰᠣᠭᠠᠷ ᠬᠠᠮᠢᠶᠠᠷᠤᠨ ᠡᠵᠡᠮᠳᠡᠬᠦ ᠶᠢ ᠭᠠᠷᠭᠠᠪᠠᠯ᠂ ᠪᠤᠰᠤᠳ ᠬᠤᠰᠢᠭᠤᠨ ᠳᠠᠭᠠᠨ ᠪᠤᠴᠠᠭᠰᠠᠨ ᠬᠥᠮᠦᠰ ᠢ ᠡᠷᠦᠬᠡ ᠠᠮᠠ ᠶᠢᠨ ᠪᠠᠶᠢᠭ᠎ᠠ ᠭᠠᠵᠠᠷ ᠪᠤᠶᠤ ᠰᠠᠭᠤᠭ᠎ᠠ ᠭᠠᠵᠠᠷ ᠤᠨ ᠶᠣᠰᠣᠭᠠᠷ ᠬᠠᠷᠢᠶ᠎ᠠ ᠭᠠᠵᠠᠷ ᠤᠨ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠲᠠᠨ ᠢ ᠲᠤᠬᠢᠷᠠᠭᠤᠯᠬᠤ᠂ ᠲᠤᠰᠠᠭᠠᠷᠯᠠᠨ ᠠᠵᠢᠭᠯᠠᠬᠤ ᠵᠡᠷᠭᠡ ᠡᠯ᠎ᠡ ᠵᠦᠶᠯ ᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃                                ᠪᠠᠭᠠᠷᠢᠨ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ                              ᠰᠡᠷᠭᠡᠶᠢᠯᠡᠨ ᠬᠢᠵᠠᠭᠠᠷᠯᠠᠬᠤ ᠠᠵᠢᠯ ᠶᠢᠨ ᠵᠢᠯᠣᠭᠤᠳᠬᠤ ᠭᠠᠵᠠᠷ                                                 2020 ᠣᠨ ᠤ 2 ᠰᠠᠷ᠎ᠠ ᠶᠢᠨ 16 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05001926号-2