ᠦᠷᠭᠡᠨ ᠤᠯᠠᠨ ᠬᠤᠲᠠ ᠶᠢᠨ ᠠᠷᠠᠳ ᠲᠤ᠄ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠠᠮ ᠳᠡᠭᠡᠭᠡᠪᠥᠷᠢ ᠶᠢᠨ ᠪᠠᠭᠠᠵᠢ | ᠬᠡᠷᠡᠭᠰᠡᠯ ᠢᠶᠠᠷ ᠬᠠᠯᠳᠠᠪᠤᠷᠢᠯᠠᠵᠤ ᠲᠠᠷᠬᠠᠬᠤ ᠶᠢ ᠤᠷᠤᠭᠰᠢᠲᠠᠢ ᠰᠡᠷᠭᠡᠶᠢᠯᠡᠵᠦ᠂ ᠨᠡᠶᠢᠲᠡ ᠶᠢᠨ ᠮᠠᠰᠢᠨ ᠲᠡᠷᠭᠡ | ᠲᠡᠭᠡᠭᠡᠪᠥᠷᠢᠯᠡᠬᠦ ᠪᠠᠨ ᠵᠤᠭᠰᠤᠭᠰᠠᠨ ᠢ ᠳᠠᠯᠢᠮᠳᠠᠭᠤᠯᠤᠨ᠂ ᠭᠠᠷ ᠭᠦᠢᠴᠡᠳᠬᠡᠯ ᠦᠭᠡᠢ ᠲᠦᠷᠢᠶᠡᠰᠦᠨ ᠮᠠᠰᠢᠨ ᠤ ᠬᠠᠤᠯᠢ | ᠪᠤᠰᠤ ᠡᠵᠡᠩᠨᠡᠯᠲᠡ ᠶᠢᠨ ᠠᠵᠢᠯᠠᠯᠭ᠎ᠠ ᠶᠠᠪᠤᠭᠲᠠᠭᠤᠯᠬᠤ ᠶᠢ ᠰᠡᠷᠭᠡᠶᠢᠯᠡᠬᠦ ᠶᠢᠨ ᠲᠥᠯᠦᠭᠡ᠂ ᠬᠤᠰᠢᠭᠤᠨ ᠤ ᠲᠡᠭᠡᠭᠡᠪᠥᠷᠢ | ᠶᠢᠨ ᠬᠠᠮᠢᠶᠠᠷᠤᠯᠲᠠ ᠶᠢᠨ ᠭᠠᠵᠠᠷ᠂ ᠬᠤᠰᠢᠭᠤᠨ ᠤ ᠵᠠᠮ ᠬᠠᠷᠢᠯᠴᠠᠭᠠᠨ ᠤ ᠴᠠᠭᠳᠠᠭᠠᠨ ᠤ ᠠᠩᠬᠢ ᠶᠢᠨ ᠬᠢᠨ ᠲᠤᠰ | ᠡᠳᠦᠷ ᠠᠴᠠ ᠡᠬᠢᠯᠡᠨ᠂ ᠬᠢᠵᠢᠭ ᠤᠨ ᠪᠠᠶᠢᠳᠠᠯ ᠢ ᠳᠠᠭᠤᠰᠲᠠᠯ᠎ᠠ᠂ ᠪᠥᠬᠦ ᠬᠤᠰᠢᠭᠤᠨ ᠤ ᠬᠡᠪᠴᠢᠶᠡᠨ ᠳᠤ ᠵᠠᠮ | ᠳᠡᠭᠡᠭᠡᠪᠥᠷᠢ ᠶᠢᠨ ᠠᠵᠢᠯ ᠲᠥᠷᠦᠯ ᠤᠨ《 ᠬᠠᠤᠯᠢ ᠪᠤᠰᠤ ᠡᠵᠡᠩᠨᠡᠯᠲᠡ ᠳᠤ ᠴᠤᠬᠢᠯᠲᠠ ᠦᠭᠴᠦ᠂ ᠲᠤᠭᠲᠠᠭᠠᠯ ᠠᠴᠠ | ᠵᠥᠷᠢᠴᠡᠭᠰᠡᠨ ᠢ ᠴᠡᠭᠴᠡᠯᠡᠬᠦ》 ᠲᠤᠰᠬᠠᠢ ᠠᠵᠢᠯᠯᠠᠭ᠎ᠠ ᠬᠤᠯᠪᠤᠭᠠᠯᠠᠨ ᠦᠷᠨᠢᠭᠦᠯᠦᠨ᠎ᠡ᠃ ᠤᠳᠤ ᠳᠤᠤᠷᠠᠬᠢ ᠮᠡᠲᠦ | ᠵᠠᠷᠯᠠᠶ᠎ᠠ᠄ | 1. ᠵᠠᠮ ᠳᠡᠭᠡᠭᠡᠪᠥᠷᠢ ᠶᠢᠨ ᠡᠵᠡᠩᠨᠡᠯᠲᠡ ᠶᠢᠨ ᠲᠡᠮᠳᠡᠭ᠂ ᠵᠠᠮ ᠳᠡᠭᠡᠭᠡᠪᠥᠷᠢ ᠶᠢᠨ ᠲᠡᠮᠳᠡᠭ ᠬᠠᠷᠠᠬᠠᠨ | ᠠᠪᠤᠭᠠᠳᠤᠢ᠂ ᠲᠤᠷ᠎ᠠ ᠪᠠᠷ ᠢᠶᠠᠨ ᠬᠠᠤᠯᠢ ᠪᠤᠰᠤ ᠪᠠᠷ ᠲᠡᠭᠡᠭᠡᠪᠥᠷᠢᠯᠡᠵᠦ ᠪᠠᠶᠢᠭ᠎ᠠ《 ᠭᠠᠷ ᠭᠦᠢᠴᠡᠳᠬᠡᠯ ᠦᠭᠡᠢ | ᠲᠦᠷᠢᠶᠡᠰᠦᠨ ᠮᠠᠰᠢᠨ》 ᠳᠤ ᠡᠷᠡᠰ ᠴᠤᠬᠢᠯᠲᠠ ᠦᠭᠬᠦᠨ᠎ᠡ᠃ | 2. ᠲᠤᠭᠤᠷᠢᠨ ᠠᠶᠠᠯᠠᠵᠤ ᠪᠠᠶᠢᠭ᠎ᠠ ᠲᠥᠷᠢᠶᠡᠰᠦᠨ ᠮᠠᠰᠢᠨ ᠲᠠᠷᠭᠡ ᠵᠢᠴᠢ ᠰᠦᠯᠵᠢᠶ᠎ᠡ ᠪᠠᠷ ᠪᠤᠯᠵᠤᠭᠰᠠᠨ | ᠲᠡᠷᠭᠡ ᠶᠢᠨ ᠲᠤᠭᠲᠠᠭᠠᠯ ᠠᠴᠠ ᠵᠥᠷᠢᠴᠡᠨ ᠡᠵᠡᠩᠨᠡᠬᠦ ᠳᠤ ᠴᠢᠩᠭ᠎ᠠ ᠰᠢᠳᠬᠡᠯ ᠦᠭᠬᠦᠨ᠎ᠡ᠃ | 3. ᠲᠤᠭᠲᠠᠭᠠᠯ ᠠᠴᠠ ᠵᠥᠷᠢᠴᠡᠨ ᠵᠠᠮ ᠳᠤ ᠭᠠᠷᠴᠦ ᠲᠡᠭᠡᠭᠡᠪᠥᠷᠢᠯᠡᠵᠦ ᠪᠠᠶᠢᠭ᠎ᠠ ᠠᠶᠠᠨᠴᠢᠨ ᠤ ᠮᠠᠰᠢᠨ ᠲᠡᠷᠭᠡ᠂ | ᠨᠠᠶᠢᠲᠡ ᠶᠢᠨ ᠮᠠᠰᠢᠨ ᠲᠡᠷᠭᠡ᠂ ᠵᠢᠭᠤᠯᠴᠢᠯᠠᠯ ᠤᠨ ᠬᠥᠯᠦᠰᠦᠯᠡᠭᠰᠡᠨ ᠲᠡᠷᠭᠡ᠂ ᠨᠠᠶᠢᠲᠠ ᠶᠢᠨ ᠮᠠᠰᠢᠨ ᠲᠡᠷᠭᠡ ᠵᠢᠴᠢ | ᠪᠤᠰᠤᠳ ᠲᠡᠭᠡᠭᠡᠪᠥᠷᠢ ᠶᠢᠨ ᠲᠡᠷᠭᠡ ᠬᠥᠰᠭᠡ ᠶᠢ ᠴᠢᠩᠭ᠎ᠠ ᠪᠠᠶᠢᠴᠠᠭᠠᠨ ᠰᠢᠢᠳᠪᠥᠷᠢᠯᠡᠨ᠎ᠡ᠃ | 4. ᠦᠨᠡᠨ ᠪᠤᠲᠠᠲᠠᠢ ᠲᠤᠳᠤᠷᠬᠠᠢ᠂ ᠭᠡᠷᠡᠴᠢ ᠪᠠᠷᠢᠮᠲᠠ ᠭᠦᠢᠴᠡᠳ《 ᠭᠠᠷ ᠭᠦᠢᠴᠡᠳᠬᠡᠯ ᠦᠭᠡᠢ | ᠲᠦᠷᠢᠶᠡᠰᠦᠨ ᠮᠠᠰᠢᠨ》᠂ ᠤᠨᠴᠠᠭᠠᠶᠢᠯᠠᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠦᠨᠳᠦᠷ | ᠦᠨ᠎ᠡ ᠪᠠᠷ ᠲᠡᠭᠡᠭᠡᠪᠥᠷᠢᠯᠡᠭᠰᠡᠳ ᠢ ᠲᠤᠭᠲᠠᠭᠠᠯ ᠶᠤᠰᠤᠭᠠᠷ᠂ ᠬᠠᠮᠤᠭ ᠳᠡᠭᠡᠲᠦ ᠬᠡᠮᠵᠢᠶ᠎ᠡ ᠪᠠᠷ ᠲᠤᠷᠭᠠᠵᠤ᠂ ᠪᠠᠶᠢᠳᠠᠯ | ᠨᠢ ᠬᠦᠨᠳᠦ ᠨᠤᠴᠢᠲᠠᠢ ᠶᠢ ᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠨ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ ︔ ᠲᠡᠭᠡᠭᠡᠪᠥᠷᠢ ᠶᠢᠨ ᠲᠡᠷᠭᠡ ᠶᠢᠨ ᠳᠡᠭᠡᠭᠡᠪᠥᠷᠢ ᠶᠢᠨ ᠦᠨ᠎ᠡ ᠬᠠᠩᠰᠢ ᠶᠢ ᠬᠥᠭᠡᠷᠳᠡᠨ | ᠦᠰᠭᠡᠭᠰᠡᠨ ᠪᠠᠶᠢᠳᠠᠯ ᠨᠢ ᠬᠥᠨᠳᠦ ᠨᠤᠴᠢᠲᠠᠢ ᠶᠢ ᠲᠡᠷᠭᠡ ᠡᠵᠡᠩᠨᠡᠬᠦ ᠬᠢᠷᠢ ᠬᠡᠮ ᠪᠤᠯᠤᠨ ᠡᠵᠡᠩᠨᠡᠭᠴᠢ ᠶᠢᠨ | ᠲᠤᠬᠠᠶᠢᠯᠠᠭᠰᠠᠨ ᠠᠵᠢᠯ ᠳᠤ ᠭᠠᠷᠬᠤ ᠬᠢᠷᠢ ᠬᠡᠮ ᠢ ᠨᠢ ᠬᠥᠴᠦᠨ ᠦᠭᠡᠢ ᠪᠤᠯᠭᠠᠨ᠎ᠠ᠃ | 5. ᠲᠠ ᠪᠥᠬᠦᠨ ᠡᠷᠡᠭᠦᠯ ᠮᠠᠨᠳᠦ ᠪᠤᠯᠤᠨ ᠠᠮᠤᠷ ᠲᠥᠪᠰᠢᠨ ᠤ ᠪᠠᠨ ᠲᠥᠯᠦᠭᠡ᠂《 ᠭᠠᠷ ᠭᠦᠢᠴᠡᠳᠬᠡᠯ | ᠦᠭᠡᠢ ᠲᠦᠷᠢᠶᠡᠰᠦᠨ ᠮᠠᠰᠢᠨ》 ᠳᠤ ᠰᠠᠭᠤᠬᠤ ᠶᠢ ᠲᠡᠪᠴᠢᠬᠦ ᠶᠢᠨ ᠬᠠᠮᠲᠦ᠂ ᠢᠳᠡᠪᠬᠢᠲᠡᠢ ᠪᠠᠷ ᠢᠯᠡᠴᠢᠯᠡᠵᠦ᠂ | ᠬᠠᠮᠢᠶ᠎ᠠ ᠪᠥᠬᠦᠢ ᠭᠡᠷᠡᠴᠢ ᠪᠠᠷᠢᠮᠲᠠ ᠬᠠᠩᠭᠠᠪᠠᠯ᠂ ᠪᠢᠲᠡ ᠴᠠᠭ ᠲᠤᠬᠠᠢ ᠳᠤᠨᠢ ᠬᠥᠯᠢᠶᠡᠨ ᠠᠪᠬᠤ ᠪᠥᠭᠡᠳ ᠪᠠᠶᠢᠴᠠᠭᠠᠨ | ᠰᠢᠢᠳᠪᠥᠷᠢᠯᠡᠨ᠎ᠡ᠃ | ᠬᠤᠰᠢᠭᠤᠨ ᠤ ᠵᠠᠮ ᠲᠡᠭᠡᠭᠡᠪᠥᠷᠢ ᠶᠢᠨ ᠰᠠᠯᠠᠭ᠎ᠠ ᠮᠥᠴᠢᠷ ᠤᠨ 24 ᠴᠠᠭ ᠤᠨ ᠢᠯᠡᠴᠢᠯᠡᠬᠦ ᠤᠲᠠᠰᠤ᠄ | 13354768392 .12328 | ᠬᠤᠰᠢᠭᠤᠨ ᠤ ᠵᠠᠮ ᠤ ᠴᠠᠭᠳᠠᠭᠠᠨ ᠤ ᠰᠠᠯᠠᠭ᠎ᠠ ᠮᠥᠴᠢᠷ ᠤᠨ ᠢᠯᠡᠴᠢᠯᠡᠬᠦ ᠤᠲᠠᠰᠤ᠄ 0476 | —6230044 | ᠡᠭᠦᠨ ᠤ ᠲᠤᠯᠠ ᠤᠨᠴᠠ ᠵᠠᠷᠯᠠᠪᠠ | | ᠪᠠᠭᠠᠷᠢᠨ ᠪᠠᠷᠠᠭᠤᠨ ᠬᠤᠰᠢᠭᠤᠨ ᠤ ᠵᠠᠮ ᠳᠡᠭᠡᠭᠡᠪᠥᠷᠢ ᠶᠢᠨ ᠬᠠᠮᠢᠶᠠᠷᠤᠯᠲᠠ ᠶᠢᠨ ᠭᠠᠵᠠᠷ | ᠪᠠᠭᠠᠷᠢᠨ ᠪᠠᠷᠠᠭᠤᠨ ᠬᠤᠰᠢᠭᠤᠨ ᠤ ᠲᠤᠲᠤᠭᠠᠳᠦ ᠶᠢ ᠬᠠᠮᠠᠭᠠᠯᠠᠬᠤ ᠲᠤᠪᠴᠢᠶᠠᠨ ᠤ | ᠵᠠᠮ ᠬᠠᠷᠢᠯᠴᠠᠭᠠᠨ ᠤ ᠴᠠᠭᠳᠠᠭᠠᠨ ᠤ ᠶᠡᠭᠡ ᠠᠩᠭᠢ | 2020 ᠤᠨ ᠤ 2 ᠰᠠᠷ᠎ᠠ ᠶᠢᠨ10 ᠤ ᠡᠳᠦᠷ | | | | | | |